ᠦᠪᠡᠷᠲᠡᠭᠡᠨ ᠵᠠᠰᠠᠬᠤ ᠣᠷᠣᠨ᠎ᠤ ᠣᠳᠭ᠎ᠠ ᠣᠷᠠᠯᠢᠬ᠎ᠤᠨ ᠡᠲᠡᠭᠡᠳ᠎ᠤᠨ᠎ᠬᠢᠨ᠎ᠤ ᠶᠡᠷᠦᠩᠬᠡᠢ ᠱᠦᠵᠢ ᠰᠢ᠎ᠶ᠋ᠢᠨ ᠫᠢᠩ᠎ᠤᠨ 《7.1》 ᠎ᠤ ᠴᠢᠬᠤᠯᠠ ᠶᠠᠷᠢᠶᠠᠨ᠎ᠤ ᠵᠣᠷᠢᠬ ᠰᠠᠨᠠᠭ᠎ᠠ᠎ᠶ᠋ᠢ ᠰᠣᠷᠣᠯᠴᠠᠨ ᠲᠣᠭᠤᠱᠢᠯᠠᠭᠤᠯᠬᠤ ᠶᠠᠷᠢᠯᠴᠠᠬᠤ ᠬᠤᠷᠠᠯ ᠬᠤᠷᠠᠯᠲᠣᠪᠠ
2021-08-06 10:11:50
ᠵᠣᠬᠢᠶᠠᠭ᠍ᠴᠢ᠄
ᠸᠠᠩ ᠱᠢᠶᠣᠣ ᠮᠢᠩ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠳᠤ᠂ ᠦᠪᠡᠷᠲᠡᠭᠡᠨ ᠵᠠᠰᠠᠬᠤ ᠣᠷᠣᠨ᠎ᠤ ᠣᠳᠭ᠎ᠠ ᠣᠷᠠᠯᠢᠬ᠎ᠤᠨ ᠡᠲᠡᠭᠡᠳ᠎ᠤᠨ᠎ᠬᠢᠨ᠎ᠤ ᠶᠡᠷᠦᠩᠬᠡᠢ ᠱᠦᠵᠢ ᠰᠢ᠎ᠶ᠋ᠢᠨ ᠫᠢᠩ᠎ᠤᠨ ᠲᠣᠮᠲᠠᠲᠣ ᠣᠯᠣᠰ᠎ᠤᠨ ᠡᠪ ᠬᠠᠮᠲᠣ ᠨᠠᠮ ᠪᠠᠢᠭᠤᠯᠣᠬ᠍ᠲᠠᠬ᠍ᠰᠠᠨ 100 ᠵᠢᠯ᠎ᠤᠨ ᠣᠢ᠎ᠶ᠋ᠢ ᠪᠡᠯᠭᠡᠯᠡᠬᠦ᠌ ᠶᠡᠭᠡ ᠬᠤᠷᠠᠯ ᠲᠡᠭᠡᠷᠡᠬᠢ ᠴᠢᠬᠤᠯᠠ ᠶᠠᠷᠢᠶᠠᠨ᠎ᠤ ᠵᠣᠷᠢᠬ ᠰᠠᠨᠠᠭ᠎ᠠ᠎ᠶ᠋ᠢ ᠰᠣᠷᠣᠯᠴᠠᠨ ᠲᠣᠭᠤᠱᠢᠯᠠᠭᠤᠯᠬᠤ ᠶᠠᠷᠢᠯᠴᠠᠬᠤ ᠬᠤᠷᠠᠯ ᠬᠤᠷᠠᠯᠲᠣᠪᠠ᠃

ᠬᠤᠷᠠᠯ᠎ᠠᠴᠠ ᠵᠢᠭᠠᠵᠦ᠍ ᠭᠠᠷᠭᠠᠬ᠍ᠰᠠᠨ᠎ᠨᠢ ᠶᠡᠷᠦᠩᠬᠡᠢ ᠱᠦᠵᠢ ᠰᠢ᠎ᠶ᠋ᠢᠨ ᠫᠢᠩ᠎ᠤᠨ ᠲᠣᠮᠲᠠᠲᠣ ᠣᠯᠣᠰ᠎ᠤᠨ ᠡᠪ ᠬᠠᠮᠲᠣ ᠨᠠᠮ ᠪᠠᠢᠭᠤᠯᠣᠬ᠍ᠲᠠᠬ᠍ᠰᠠᠨ 100 ᠵᠢᠯ᠎ᠤᠨ ᠣᠢ᠎ᠶ᠋ᠢ ᠪᠡᠯᠭᠡᠯᠡᠬᠦ᠌ ᠶᠡᠭᠡ ᠬᠤᠷᠠᠯ ᠲᠡᠭᠡᠷᠡᠬᠢ ᠴᠢᠬᠤᠯᠠ ᠶᠠᠷᠢᠶᠠᠨ᠎ᠤ ᠵᠣᠷᠢᠬ ᠰᠠᠨᠠᠭ᠎ᠠ ᠪᠣᠯ ᠣᠲᠣᠬᠠᠨ᠎ᠤ ᠡᠯ᠎ᠡ ᠱᠠᠲᠣᠨ᠎ᠤ ᠣᠳᠭ᠎ᠠ ᠣᠷᠠᠯᠢᠬ᠎ᠤᠨ᠎ᠬᠢᠨ᠎ᠤ ᠬᠤᠯᠪᠣᠭ᠎ᠠ᠎ᠶ᠋ᠢᠨ ᠵᠣᠬᠢᠶᠠᠨ ᠪᠠᠢᠭᠤᠯᠣᠯᠲᠠ ᠪᠣᠯᠣᠨ ᠦᠷᠭᠡᠨ ᠣᠯᠠᠨ ᠣᠳᠭ᠎ᠠ ᠣᠷᠠᠯᠢᠬ᠎ᠤᠨ ᠠᠵᠢᠯᠲᠠᠨ᠎ᠤ ᠴᠢᠬᠤᠯᠠ ᠣᠯᠣᠰ ᠲᠦᠷᠦ᠎ᠶ᠋ᠢᠨ ᠡᠬᠦᠷᠭᠡ ᠪᠣᠯᠣᠨ᠎ᠠ᠃ ᠦᠪᠦᠷ ᠮᠣᠩᠭᠤᠯ᠎ᠤᠨ ᠣᠳᠭ᠎ᠠ ᠣᠷᠠᠯᠢᠬ᠎ᠤᠨ᠎ᠬᠢᠨ᠎ᠤ ᠬᠤᠯᠪᠣᠭ᠎ᠠ ᠣᠲᠠᠯ ᠦᠭᠡᠢ 《ᠪᠦᠬᠦ᠌ ᠣᠷᠣᠨ᠎ᠤ ᠣᠳᠭ᠎ᠠ ᠣᠷᠠᠯᠢᠬ᠎ᠤᠨ᠎ᠬᠢᠨ᠎ᠤ ᠬᠤᠯᠪᠣᠭ᠎ᠠ᠎ᠶ᠋ᠢᠨ ᠱᠢᠰᠲ᠋ᠧᠮ᠎ᠤᠨ ᠶᠡᠷᠦᠩᠬᠡᠢ ᠱᠦᠵᠢ ᠰᠢ᠎ᠶ᠋ᠢᠨ ᠫᠢᠩ᠎ᠤᠨ ᠲᠣᠮᠲᠠᠲᠣ ᠣᠯᠣᠰ᠎ᠤᠨ ᠡᠪ ᠬᠠᠮᠲᠣ ᠨᠠᠮ ᠪᠠᠢᠭᠤᠯᠣᠬ᠍ᠲᠠᠬ᠍ᠰᠠᠨ 100 ᠵᠢᠯ᠎ᠤᠨ ᠣᠢ᠎ᠶ᠋ᠢ ᠪᠡᠯᠭᠡᠯᠡᠬᠦ᠌ ᠶᠡᠭᠡ ᠬᠤᠷᠠᠯ ᠲᠡᠭᠡᠷᠡᠬᠢ ᠴᠢᠬᠤᠯᠠ ᠶᠠᠷᠢᠶᠠᠨ᠎ᠤ ᠵᠣᠷᠢᠬ ᠰᠠᠨᠠᠭ᠎ᠠ᠎ᠶ᠋ᠢ ᠨᠠᠷᠢᠨ ᠬᠢᠨᠠᠮᠠᠭᠠᠢ ᠰᠣᠷᠣᠯᠴᠠᠨ ᠲᠣᠭᠤᠱᠢᠯᠠᠭᠤᠯᠬᠤ ᠲᠣᠬᠠᠢ ᠮᠡᠲᠡᠭ᠌ᠲᠡᠯ》 ᠎ᠢ ᠲᠠᠷᠣᠮᠠᠯᠯᠠᠨ ᠲᠠᠷᠬᠠᠭᠠᠵᠦ᠍᠂ ᠪᠦᠬᠦ᠌ ᠣᠷᠣᠨ᠎ᠤ ᠡᠯ᠎ᠡ ᠱᠠᠲᠣᠨ᠎ᠤ ᠣᠳᠭ᠎ᠠ ᠣᠷᠠᠯᠢᠬ᠎ᠤᠨ᠎ᠬᠢᠨ᠎ᠤ ᠬᠤᠯᠪᠣᠭ᠎ᠠ᠂ ᠡᠯ᠎ᠡ ᠱᠠᠲᠣᠨ᠎ᠤ ᠣᠷᠠᠯᠢᠬ᠍ᠴᠢᠳ᠎ᠤᠨ ᠨᠡᠢᠭᠡᠮᠯᠢᠭ ᠪᠦᠬᠦ᠌ ᠭᠡᠱᠢᠬᠦᠨ ᠪᠣᠯᠣᠨ ᠦᠷᠭᠡᠨ ᠣᠯᠠᠨ ᠣᠳᠭ᠎ᠠ ᠣᠷᠠᠯᠢᠬ᠎ᠤᠨ ᠠᠵᠢᠯᠲᠠᠨ᠎ᠢᠶᠠᠨ ᠵᠣᠬᠢᠶᠠᠨ ᠪᠠᠢᠭᠤᠯᠵᠦ᠍᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠬ ᠰᠠᠨᠠᠭ᠎ᠠ᠎ᠶ᠋ᠢ ᠬᠦᠨᠵᠡᠭᠡᠢ ᠰᠣᠷᠣᠯᠴᠠᠨ ᠣᠢᠯᠠᠭᠠᠵᠦ᠍ ᠲᠣᠭᠤᠱᠢᠯᠠᠭᠤᠯᠣᠨ ᠨᠠᠢᠲᠠᠪᠣᠷᠢᠵᠢᠭᠤᠯᠵᠦ᠍᠂ ᠴᠢᠬᠤᠯᠠ ᠶᠠᠷᠢᠶᠠᠨ᠎ᠤ ᠵᠣᠷᠢᠬ ᠰᠠᠨᠠᠭ᠎ᠠ᠎ᠪᠠᠷ ᠠᠵᠢᠯ᠎ᠢᠶᠠᠨ ᠵᠢᠯᠣᠭᠤᠳᠴᠦ᠍ ᠦᠢᠯᠡᠲᠦᠯᠭᠡ᠎ᠪᠠᠨ ᠵᠣᠬᠢᠶᠠᠨ ᠪᠦᠲᠦᠭᠡᠬᠦ᠌ ᠪᠣᠯᠣᠨ᠎ᠠ᠃

ᠬᠤᠷᠠᠯ᠎ᠠᠴᠠ ᠴᠢᠬᠤᠯᠠᠴᠢᠯᠠᠬ᠍ᠰᠠᠨ᠎ᠨᠢ᠂ ᠪᠦᠬᠦ᠌ ᠣᠷᠣᠨ᠎ᠤ ᠡᠯ᠎ᠡ ᠱᠠᠲᠣᠨ᠎ᠤ ᠣᠳᠭ᠎ᠠ ᠣᠷᠠᠯᠢᠬ᠎ᠤᠨ ᠬᠤᠯᠪᠣᠭ᠎ᠠ᠎ᠶ᠋ᠢᠨ ᠵᠣᠬᠢᠶᠠᠨ ᠪᠠᠢᠭᠤᠯᠣᠯᠲᠠ ᠶᠡᠷᠦᠩᠭᠡᠢ ᠱᠦᠵᠢ ᠰᠢ᠎ᠶ᠋ᠢᠨ ᠫᠢᠡᠭ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠬ ᠰᠠᠨᠠᠭ᠎ᠠ᠎ᠶ᠋ᠢ ᠰᠣᠷᠣᠯᠴᠠᠵᠦ᠍ ᠲᠣᠭᠤᠱᠢᠯᠠᠭᠤᠯᠬᠤ᠎ᠶ᠋ᠢ ᠲᠣᠮᠲᠠᠲᠣ ᠣᠯᠣᠰ᠎ᠤᠨ ᠡᠪ ᠬᠠᠮᠲᠣ ᠨᠠᠮ ᠪᠠᠢᠭᠤᠯᠣᠬ᠍ᠲᠠᠬ᠍ᠰᠠᠨ 100 ᠵᠢᠯ᠎ᠤᠨ ᠣᠢ᠎ᠶ᠋ᠢ ᠪᠡᠯᠭᠡᠯᠡᠬᠦ᠌ ᠭᠤᠣᠯ ᠰᠡᠳᠦᠪᠲᠦ ᠣᠳᠭ᠎ᠠ ᠣᠷᠠᠯᠢᠬ᠎ᠤᠨ ᠠᠵᠢᠯᠯᠠᠭ᠎ᠠ᠎ᠲᠠᠢ ᠣᠶᠠᠯᠲᠣᠭᠤᠯᠵᠦ᠍᠂ ᠡᠯ᠎ᠠ ᠭᠠᠵᠠᠷ ᠣᠷᠣᠨ᠎ᠤ ᠣᠳᠭ᠎ᠠ ᠣᠷᠠᠯᠢᠬ᠎ᠤᠨ ᠲᠠᠪᠠᠭᠤᠯᠢᠬ᠎ᠢᠶᠠᠨ ᠪᠠᠲᠠᠷᠠᠭᠤᠯᠵᠦ᠍᠂ ᠬᠠᠮᠲᠣ᠎ᠪᠠᠷ ᠰᠠᠢᠨ ᠰᠠᠢᠬᠠᠨ ᠠᠭᠤᠷ ᠠᠮᠢᠰᠭᠤᠯ᠎ᠢ ᠪᠣᠢ ᠪᠣᠯᠭᠠᠬᠤ ᠬᠡᠷᠡᠭ᠌ᠲᠡᠢ᠃ ᠦᠪᠦᠷ ᠮᠣᠩᠭᠤᠯ᠎ᠤᠨ ᠣᠳᠭ᠎ᠠ ᠣᠷᠠᠯᠢᠬ᠎ᠤᠨ᠎ᠬᠢᠨ᠎ᠤ ᠬᠤᠯᠪᠣᠭ᠎ᠠ 《ᠬᠤᠪᠢᠰᠭᠠᠯᠲᠣ ᠵᠠᠭᠤᠨ ᠵᠢᠯ᠎ᠤᠨ ᠦᠪᠦᠷ ᠮᠣᠩᠭᠤᠯ》 ᠲᠣᠮᠣ ᠬᠡᠯᠪᠡᠷᠢ᠎ᠶ᠋ᠢᠨ ᠲᠣᠰᠣᠨ ᠪᠣᠲᠤᠬ᠎ᠤᠨ ᠵᠢᠷᠤᠬ᠂ ᠱᠣᠭᠤᠮᠠᠯ ᠵᠣᠬᠢᠶᠠᠨ ᠪᠦᠲᠦᠭᠡᠬᠦ᠌ ᠢᠨᠵᠧᠨᠧᠷᠢᠩ᠎ᠤᠨ ᠦᠵᠡᠬᠦᠯᠭᠡ᠂ ᠦᠪᠦᠷ ᠮᠣᠩᠭᠤᠯ᠎ᠤᠨ ᠣᠳᠭ᠎ᠠ ᠣᠷᠠᠯᠢᠬ᠎ᠤᠨ᠎ᠬᠢᠨ᠎ᠤ ᠬᠤᠯᠪᠣᠭ᠎ᠠ᠎ᠶ᠋ᠢᠨ ᠱᠢᠨ᠎ᠠ ᠲᠠᠭᠤᠣ᠎ᠶ᠋ᠢᠨ ᠪᠦᠲᠦᠭᠡᠯ᠎ᠤᠨ ᠦᠲᠡᠱᠢᠯᠡᠭᠡ᠂ ᠲᠣᠮᠲᠠᠲᠣ ᠣᠯᠣᠰ᠎ᠤᠨ ᠣᠷᠠᠨ ᠵᠢᠷᠤᠬ᠎ᠤᠨ ᠣᠷᠲᠣᠨ᠎ᠳᠤ ᠬᠠᠲᠠᠭᠠᠯᠠᠭᠠᠰᠣᠲᠠᠢ ᠦᠪᠦᠷ ᠮᠣᠩᠭᠤᠯ ᠨᠣᠲᠣᠬ᠍ᠲᠠᠢ ᠣᠷᠠᠨ ᠵᠢᠷᠣᠬ᠍ᠴᠢᠳ᠎ᠤᠨ ᠪᠦᠲᠦᠭᠡᠯ ᠵᠢᠴᠢ ᠦᠪᠦᠷ ᠮᠣᠩᠭᠤᠯ᠎ᠤᠨ ᠰᠡᠳᠦᠪᠲᠦ ᠣᠷᠠᠨ ᠵᠢᠷᠤᠬ᠎ᠤᠨ ᠦᠵᠡᠬᠦᠯᠭᠡ ᠵᠡᠷᠭᠡ 22 ᠲᠦᠷᠦᠯ᠎ᠤᠨ ᠭᠤᠣᠯ ᠰᠡᠲᠦᠪᠲᠦ ᠠᠵᠢᠯᠯᠠᠭ᠎ᠠ᠎ᠶ᠋ᠢ ᠰᠠᠢᠲᠣᠷ ᠡᠷᠬᠢᠯᠡᠵᠦ᠍᠂ ᠡᠯᠪᠡᠭ ᠪᠠᠶᠠᠯᠢᠬ ᠣᠳᠭ᠎ᠠ ᠣᠷᠠᠯᠢᠬ᠎ᠤᠨ ᠠᠵᠢᠯᠯᠠᠭ᠎ᠠ ᠪᠣᠯᠣᠨ ᠰᠣᠲᠣᠨ ᠱᠢᠯᠢᠲᠡᠭ ᠪᠦᠲᠦᠭᠡᠯ᠎ᠢᠶᠠᠷ᠎ᠢᠶᠠᠨ ᠲᠣᠮᠲᠠᠲᠣ ᠣᠯᠣᠰ᠎ᠤᠨ ᠡᠪ ᠬᠠᠮᠲᠣ ᠨᠠᠮ ᠪᠠᠢᠭᠤᠯᠣᠬ᠍ᠲᠠᠬ᠍ᠰᠠᠨ 100 ᠵᠢᠯ᠎ᠤᠨ ᠣᠢ᠎ᠶ᠋ᠢ ᠪᠡᠯᠭᠡᠯᠡᠬᠦ᠌ ᠬᠡᠷᠡᠭ᠌ᠲᠡᠢ ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号