7 ᠰᠠᠷ᠎ᠠ᠎ᠶ᠋ᠢᠨ 21 ᠤ ᠡᠳᠦᠷ᠂ ᠳᠣᠯᠣᠳᠤᠭᠠᠷ ᠬᠤᠭᠤᠴᠠᠭᠠᠨ᠎ᠤ 《ᠢᠷᠡᠭᠡᠳᠦᠶ ᠬᠤᠨᠳᠠᠭᠠᠲᠤ》 ᠪᠥᠬᠦ᠌ ᠤᠯᠤᠰ᠎ᠤᠨ ᠵᠠᠯᠠᠭᠤᠴᠤᠳ ᠪᠠᠭᠠᠴᠤᠳ᠎ᠤᠨ ᠬᠥᠯ ᠪᠥᠮᠪᠦᠭᠡ᠎ᠶ᠋ᠢᠨ ᠤᠷᠢᠯᠭ᠎ᠠ᠎ᠶ᠋ᠢᠨ ᠤᠷᠤᠯᠳᠤᠭᠠᠨ ᠬᠥᠬᠡᠬᠤᠲᠠ᠎ᠶ᠋ᠢᠨ ᠬᠤᠷᠢᠨᠭᠡᠷ ᠬᠥᠯ ᠪᠥᠮᠪᠦᠭᠡ᠎ᠶ᠋ᠢᠨ ᠵᠢᠵᠢᠭ ᠪᠠᠯᠭᠠᠰᠤᠨ᠎ᠳᠤ ᠡᠬᠢᠯᠡᠪᠡ᠃ ᠲᠤᠰ ᠤᠷᠤᠯᠳᠤᠭᠠᠨ᠎ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ᠎ᠶ᠋ᠢᠨ ᠬᠦᠯ ᠪᠥᠮᠪᠦᠭᠡ᠎ᠶ᠋ᠢᠨ ᠬᠥᠳᠡᠯᠭᠡᠭᠡᠨ᠎ᠤ ᠲᠥᠪ᠎ᠠᠴᠠ ᠭᠤᠤᠯᠯᠠᠨ ᠡᠷᠬᠢᠯᠡᠵᠦ᠍᠂ ᠬᠤᠷᠢᠨᠭᠡᠷ ᠱᠢᠶᠠᠨ᠎ᠤ ᠬᠦᠯ ᠪᠥᠮᠪᠦᠭᠡ᠎ᠶ᠋ᠢᠨ ᠨᠡᠢᠭᠡᠮᠯᠢᠭ ᠪᠣᠯᠤᠨ ᠥᠪᠥᠷ ᠮᠣᠩᠭᠤᠯ᠎ᠤᠨ ᠱᠧᠩ ᠯᠧ ᠰᠣᠶᠣᠯ᠎ᠤᠨ ᠠᠵᠤ ᠦᠢᠯᠡᠰ᠎ᠤᠨ ᠬᠥᠭ᠌ᠵᠢᠯᠲᠡ᠎ᠶ᠋ᠢᠨ ᠪᠡᠯᠡ ᠣᠷᠣᠭᠤᠯᠤᠯᠲᠠ᠎ᠶ᠋ᠢᠨ ᠬᠢᠵᠠᠭᠠᠷᠲᠤ ᠺᠣᠮᠫᠠᠨᠢ ᠬᠠᠮᠲᠤᠷᠠᠨ ᠡᠷᠬᠢᠯᠡᠪᠡ᠃
ᠤᠢ᠍ᠢᠯᠠᠭᠠᠭ᠍ᠰᠠᠨ᠎ᠢᠶᠠᠷ᠂ ᠲᠤᠰ ᠤᠳᠠᠭᠠᠨ᠎ᠤ ᠤᠷᠤᠯᠳᠤᠭᠠᠨ᠎ᠢ ᠭᠤᠷᠪᠠᠨ ᠱᠠᠲᠤ ᠬᠤᠪᠢᠶᠠᠵᠤ ᠶᠠᠪᠤᠭ᠍ᠳᠠᠭᠤᠯᠤᠨ᠎ᠠ᠃ ᠨᠢᠭᠡᠳᠦᠭᠡᠷ ᠱᠠᠲᠤ᠎ᠨᠢ 7 ᠰᠠᠷ᠎ᠠ᠎ᠶ᠋ᠢᠨ 20 — 27 ᠤ ᠡᠳᠦᠷ ᠪᠣᠯᠲᠠᠯ᠎ᠠ ᠪᠠᠭᠠᠴᠤᠳ᠎ᠤᠨ ᠳᠤᠭᠤᠢᠯᠠᠩ (U6U7᠂ U8U9᠂ U10᠂ U11᠂ U12) ᠤᠨ ᠤᠷᠤᠯᠳᠤᠭᠠᠨ ᠶᠠᠪᠤᠭᠤᠯᠤᠨ᠎ᠠ᠂ ᠬᠤᠶᠠᠳᠤᠭᠠᠷ ᠱᠠᠲᠤ᠎ᠨᠢ 8 ᠰᠠᠷ᠎ᠠ᠎ᠶ᠋ᠢᠨ 1 — 7 ᠤ ᠡᠳᠦᠷ ᠪᠣᠯᠲᠠᠯ᠎ᠠ ᠰᠤᠷᠭᠠᠭᠤᠯᠢ᠎ᠶ᠋ᠢᠨ ᠬᠦᠷᠢᠶᠡᠨ᠎ᠤ ᠳᠤᠭᠤᠢᠯᠠᠩ (ᠠᠩᠬ᠎ᠠ ᠳᠤᠮᠳᠠᠳᠤ᠎ᠶ᠋ᠢᠨ ᠳᠤᠭᠤᠢᠯᠠᠩ᠂ ᠥᠨᠳᠥᠷ ᠳᠤᠮᠳᠠᠳᠤ᠎ᠶ᠋ᠢᠨ ᠳᠤᠭᠤᠢᠯᠠᠩ) ᠤᠨ ᠤᠷᠤᠯᠳᠤᠭᠠᠨ ᠶᠠᠪᠤᠭᠤᠯᠤᠨ᠎ᠠ᠂ ᠭᠤᠷᠪᠠᠳᠤᠭᠠᠷ ᠱᠠᠲᠤ᠎ᠨᠢ 8 ᠰᠠᠷ᠎ᠠ᠎ᠶ᠋ᠢᠨ 8 — 15 ᠤ ᠡᠳᠦᠷ ᠪᠣᠯᠲᠠᠯ᠎ᠠ ᠲᠤᠰᠭᠠᠶ ᠮᠡᠷᠭᠡᠵᠢᠯ᠎ᠤᠨ ᠳᠤᠭᠤᠢᠯᠠᠩ (U13᠂ U14᠂ U15᠂ U17) ᠤᠨ ᠤᠷᠤᠯᠳᠤᠭᠠᠨ ᠶᠠᠪᠤᠭᠤᠯᠤᠨ᠎ᠠ᠃ ᠬᠢᠵᠢᠭ᠎ᠤᠨ ᠨᠥᠯᠥᠭᠡ᠎ᠠᠴᠠ ᠪᠣᠯᠵᠣ᠂ ᠡᠨᠡ ᠵᠢᠯ᠎ᠤᠨ ᠤᠷᠤᠯᠳᠤᠭᠠᠨ᠎ᠳᠤ ᠵᠥᠪᠬᠡᠨ ᠤᠯᠤᠰ᠎ᠤᠨ ᠳᠣᠲᠣᠭᠠᠳᠤ᠎ᠶ᠋ᠢᠨ ᠬᠥᠯ ᠪᠥᠮᠪᠦᠭᠡ᠎ᠶ᠋ᠢᠨ ᠵᠠᠯᠠᠭᠤᠴᠤᠳ᠎ᠤᠨ ᠪᠣᠯᠪᠠᠰᠤᠷᠠᠯ᠎ᠤᠨ ᠺᠯᠦ᠋ᠪ᠎ᠢ ᠤᠷᠢᠵᠤ ᠣᠷᠣᠯᠴᠠᠭᠤᠯᠪᠠ᠃ 《ᠢᠷᠡᠭᠡᠳᠦᠶ ᠬᠤᠨᠳᠠᠭᠠᠲᠤ》 ᠵᠠᠯᠠᠭᠤᠴᠤᠳ ᠪᠠᠭᠠᠴᠤᠳ᠎ᠤᠨ ᠬᠥᠯ ᠪᠥᠮᠪᠦᠭᠡ᠎ᠶ᠋ᠢᠨ ᠤᠷᠢᠯᠭ᠎ᠠ᠎ᠶ᠋ᠢᠨ ᠤᠷᠤᠯᠳᠤᠭᠠᠨ᠎ᠨᠢ ᠦᠡᠭ᠌ᠭᠡᠷᠡᠭ᠌ᠰᠡᠨ ᠵᠢᠷᠭᠤᠭᠠᠨ ᠬᠤᠭᠤᠴᠠᠭ᠎ᠠ ᠪᠦᠷ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠥᠮᠪᠥᠭᠡᠨ ᠠᠩᠭᠢ᠎ᠶ᠋ᠢ ᠤᠷᠢᠵᠤ ᠤᠷᠤᠯᠳᠤᠭᠠᠨ᠎ᠳᠤ ᠤᠷᠤᠯᠴᠠᠭᠤᠯᠤᠭ᠍ᠰᠠᠨ ᠪᠠᠢᠨ᠎ᠠ᠃
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号