ᠯᠢᠨ ᠱᠤᠤ ᠴᠦᠨ ᠤᠯᠠᠭᠠᠨᠴᠠᠪ ᠬᠤᠳᠠ ᠱᠢᠯᠢ᠎ᠶ᠋ᠢᠨ ᠭᠤᠣᠯ ᠠᠢᠮᠠᠭ᠎ᠲᠤ ᠪᠠᠢᠴᠠᠭᠠᠨ ᠰᠤᠳᠤᠯᠬᠤ᠎ᠳᠠᠭᠠᠨ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ ᠳᠠᠭ᠎ᠠ᠎ᠶ᠋ᠢᠨ ᠨᠠᠭᠤᠷ᠎ᠤᠨ ᠠᠮᠢ ᠠᠬᠤᠢ ᠣᠷᠴᠢᠨ ᠲᠣᠭᠤᠷᠢᠨ᠎ᠢ ᠶᠡᠷᠦᠩᠬᠡᠢᠯᠡᠨ ᠵᠠᠰᠠᠬᠤ ᠪᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ
2021-08-06 09:48:50
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

8 ᠰᠠᠷ᠎ᠠ᠎ᠶ᠋ᠢᠨ 2 ᠎ᠠᠴᠠ 4 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠤᠯᠤᠰ ᠲᠦᠷᠦ᠍ ᠬᠠᠤᠯᠢ ᠴᠠᠭᠠᠵᠠ᠎ᠶ᠋ᠢᠨ ᠬᠤᠷᠢᠶᠠᠨ᠎ᠤ ᠱᠦᠵᠢ ᠯᠢᠨ ᠱᠤᠤ ᠴᠦᠨ ᠤᠯᠠᠭᠠᠨᠴᠠᠪ ᠬᠤᠳᠠ᠂ ᠱᠢᠯᠢ᠎ᠶ᠋ᠢᠨ ᠭᠤᠣᠯ ᠠᠢᠮᠠᠭ᠎ᠲᠤ ᠳᠠᠭ᠎ᠠ᠎ᠶ᠋ᠢᠨ ᠨᠠᠭᠤᠷ᠎ᠤᠨ ᠠᠮᠢ ᠠᠬᠤᠢ ᠣᠷᠴᠢᠨ ᠲᠣᠭᠤᠷᠢᠨ᠎ᠤ ᠶᠡᠷᠦᠩᠬᠡᠢᠯᠡᠭ᠌ᠰᠡᠨ ᠵᠠᠰᠠᠯᠲᠠ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠠᠵᠢᠯ᠎ᠢ ᠪᠠᠢᠴᠠᠭᠠᠨ ᠰᠤᠳᠤᠯᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠲᠡᠦᠬᠡ᠎ᠶ᠋ᠢ ᠰᠤᠷᠤᠯᠴᠠᠵᠤ ᠴᠢᠷᠮᠠᠢᠨ ᠦᠢᠯᠡᠲᠦᠯᠭᠡᠵᠢᠭᠦᠯᠬᠦ᠌ ᠴᠢᠬᠤᠯᠠ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠬᠤ᠂ ᠠᠷᠠᠳ ᠲᠦᠮᠡᠨ᠎ᠳᠤ ᠦᠢᠯᠡᠴᠢᠯᠡᠬᠦ᠂ ᠬᠥᠭ᠌ᠵᠢᠯᠲᠡ᠎ᠶ᠋ᠢ ᠠᠬᠢᠭᠤᠯᠬᠤ ᠲᠠᠯ᠎ᠠ᠎ᠪᠠᠷ ᠨᠡᠩ ᠶᠡᠭᠡ ᠦᠷ᠎ᠡ ᠪᠦᠲᠦᠮᠵᠢ ᠤᠯᠬᠤ᠎ᠪᠠᠷ ᠴᠢᠷᠮᠠᠢᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

ᠯᠢᠨ ᠱᠤᠤ ᠴᠦᠨ ᠲᠠᠭ᠎ᠠ᠎ᠶ᠋ᠢᠨ ᠨᠠᠭᠤᠷ᠎ᠤᠨ ᠰᠠᠪᠠ ᠭᠠᠵᠠᠷ᠎ᠤᠨ ᠬᠤᠳᠠ ᠬᠥᠳᠡᠭᠡ᠎ᠶ᠋ᠢᠨ ᠬᠤᠭ ᠨᠣᠪᠰᠢ ᠪᠣᠬᠢᠷ ᠤᠰᠤ᠎ᠶ᠋ᠢ ᠭᠠᠳᠠᠭ᠍ᠰᠢᠯᠠᠭᠤᠯᠬᠤ ᠪᠠᠢᠳᠠᠯ᠎ᠢ ᠰᠤᠭᠤᠴᠢᠨ ᠪᠠᠢᠴᠠᠭᠠᠪᠠ᠂ ᠲᠡᠷᠡ᠂ ᠡᠷᠬᠡᠪᠰᠢ ᠡᠪᠡᠳᠴᠢᠨ᠎ᠳᠤᠨᠢ ᠲᠤᠬᠢᠷᠠᠭᠤᠯᠤᠨ ᠡᠮ ᠥᠭ᠌ᠴᠦ᠂ ᠱᠢᠰᠲ᠋ᠧᠮ᠎ᠲᠠᠢ ᠵᠠᠰᠠᠬᠤ᠎ᠶ᠋ᠢ ᠪᠠᠷᠢᠮᠲᠠᠯᠠᠵᠤ᠂ ᠲᠠᠭ᠎ᠠ᠎ᠶ᠋ᠢᠨ ᠨᠠᠭᠤᠷ᠎ᠤᠨ ᠰᠠᠪᠠ ᠭᠠᠵᠠᠷ᠎ᠤᠨ ᠨᠠᠭᠤᠷ ᠴᠥᠭᠦᠷᠥᠮ᠎ᠳᠤ ᠴᠢᠳᠭᠤᠬᠤ ᠭᠤᠤ ᠰᠤᠪᠠᠭ᠎ᠢ ᠪᠦᠬᠦ᠌ ᠲᠠᠯ᠎ᠠ᠎ᠪᠠᠷ ᠵᠢᠭ᠍ᠰᠠᠭᠠᠨ ᠪᠠᠢᠴᠠᠭᠠᠵᠤ᠂ ᠵᠠᠰᠠᠯᠲᠠ᠎ᠶ᠋ᠢᠨ ᠠᠷᠭ᠎ᠠ ᠬᠡᠮᠵᠢᠶ᠎ᠡ᠎ᠶ᠋ᠢ ᠱᠢᠶᠠᠩ ᠲᠣᠰᠭᠤᠨ ᠨᠢᠭᠡᠪᠦᠷᠢ᠎ᠳᠤ ᠬᠦᠷᠳᠡᠯ᠎ᠠ ᠨᠠᠷᠢᠯᠢᠬ᠍ᠵᠢᠭᠤᠯᠵᠤ᠂ ᠣᠨᠣᠴᠠᠲᠠᠢ ᠠᠷᠭ᠎ᠠ ᠪᠤᠳᠤᠯᠭ᠎ᠠ ᠬᠡᠷᠡᠭ᠌ᠵᠢᠭᠦᠯᠵᠦ᠍᠂ ᠲᠦᠷᠦᠯ ᠬᠤᠪᠢᠶᠠᠨ ᠵᠠᠰᠠᠬᠤ ᠬᠡᠷᠡᠭ᠌ᠲᠡᠢ᠃ ᠲᠠᠭ᠎ᠠ᠎ᠶ᠋ᠢᠨ ᠨᠠᠭᠤᠷ᠎ᠤᠨ ᠶᠡᠷᠦᠩᠬᠡᠢᠯᠡᠭ᠌ᠰᠡᠨ ᠵᠠᠰᠠᠯᠲᠠ᠎ᠶ᠋ᠢᠨ ᠲᠥᠯᠥᠪᠵᠢᠭᠦᠯᠭᠡ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠪᠠᠴᠢᠮ ᠪᠠᠢᠳᠠᠯ᠎ᠢ ᠠᠷᠭᠠᠴᠠᠭᠠᠬᠤ ᠤᠰᠤ ᠨᠥᠬᠦᠪᠥᠷᠢᠯᠡᠬᠦ᠌ ᠢᠨᠵᠧᠨᠧᠷᠢᠩ᠎ᠢ ᠡᠷᠡᠰ ᠪᠡᠶᠡᠯᠡᠭᠦᠯᠬᠦ᠌ ᠬᠡᠷᠡᠭ᠌ᠲᠡᠢ ᠬᠡᠵᠦ᠍ ᠵᠢᠭᠠᠵᠦ᠍ ᠭᠠᠷᠭᠠᠪ᠊᠃

ᠯᠢᠨ ᠱᠤᠤ ᠴᠦᠨ ᠱᠠᠩᠳᠤ ᠱᠢᠶᠠᠨ᠂ ᠱᠢᠯᠤᠭᠤᠨ ᠬᠥᠪᠡᠭᠡᠲᠦ ᠴᠠᠭᠠᠨ ᠬᠤᠱᠢᠭᠤ᠂ ᠠᠪᠠᠭ᠎ᠠ ᠬᠤᠱᠢᠭᠤ᠎ᠪᠠᠷ ᠭᠦᠨᠵᠡᠭᠡᠢᠷᠡᠵᠦ᠍᠂ ᠮᠠᠯᠵᠢᠬᠤ ᠲᠠᠷᠢᠶᠠᠯᠠᠬᠤ ᠡᠷᠦᠬᠡ᠂ ᠲᠥᠮᠥᠰᠥᠨ᠎ᠤ ᠦᠷ᠎ᠡ᠎ᠶ᠋ᠢ ᠦᠷᠡᠵᠢᠭᠦᠯᠦᠨ ᠪᠤᠢᠵᠢᠭᠤᠯᠬᠤ ᠰᠠᠭᠤᠷᠢᠨ᠂ ᠲᠡᠵᠢᠭᠡᠯ ᠡᠪᠡᠰᠦ ᠲᠠᠷᠢᠬᠤ ᠰᠠᠭᠤᠷᠢᠨ᠂ ᠲᠠᠷᠢᠶᠠᠯᠠᠩ ᠮᠠᠯ ᠠᠵᠤ ᠠᠬᠤᠢ᠎ᠶ᠋ᠢᠨ ᠲᠠᠭᠠᠭᠤᠯᠤᠬ᠍ᠴᠢ ᠠᠵᠤ ᠠᠬᠤᠢᠯᠠᠯ᠂ ᠭᠡᠷ ᠪᠦᠯᠢ᠎ᠶ᠋ᠢᠨ ᠮᠠᠯᠵᠢᠯ᠎ᠤᠨ ᠲᠠᠯᠠᠪᠠᠢ᠂ ᠪᠠᠢᠭᠠᠯᠢᠯᠢᠬ ᠬᠠᠳᠤᠯᠠᠩ ᠵᠡᠷᠭᠡ ᠭᠠᠵᠠᠷ᠎ᠢᠶᠠᠷ ᠲᠣᠭᠤᠷᠢᠨ ᠦᠵᠡᠪᠡ᠃ ᠲᠡᠷᠡ᠂ ᠬᠤᠱᠢᠭᠤ ᠱᠢᠶᠠᠨ᠎ᠤ ᠨᠠᠮ᠎ᠤᠨ ᠬᠤᠷᠢᠶᠠᠨ᠎ᠤ ᠱᠦᠵᠢ ᠡᠷᠬᠡᠪᠰᠢ ᠤᠯᠤᠰ ᠲᠥᠷᠥ᠎ᠶ᠋ᠢᠨ ᠬᠠᠷᠢᠭᠤᠴᠠᠯᠭ᠎ᠠ᠎ᠪᠠᠨ ᠡᠭᠦᠷᠭᠡᠯᠡᠵᠦ᠍᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠬᠦ᠌᠎ᠶ᠋ᠢ ᠪᠡᠶ᠎ᠡ᠎ᠪᠠᠷ᠎ᠢᠶᠠᠨ ᠰᠠᠢᠲᠤᠷ ᠠᠳᠭᠤᠵᠤ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠶ ᠵᠣᠯᠭᠠᠭᠤᠯᠬᠤ ᠬᠡᠷᠡᠭ᠌ᠲᠡᠶ᠃ 《ᠶᠠᠳᠠᠭᠤ᠎ᠠᠴᠠ ᠠᠩᠬᠢᠵᠢᠷᠠᠬ᠍ᠰᠠᠨ ᠴᠤ᠌ ᠬᠠᠷᠢᠭᠤᠴᠠᠯᠭ᠎ᠠ᠎ᠪᠠᠨ ᠬᠠᠶᠠᠬᠤ ᠦᠭᠡᠢ᠂ ᠶᠠᠳᠠᠭᠤ᠎ᠠᠴᠠ ᠠᠩᠬᠢᠵᠢᠷᠠᠬ᠍ᠰᠠᠨ ᠴᠤ᠌ ᠲᠦᠷᠦ᠎ᠶ᠋ᠢᠨ ᠪᠤᠳᠤᠯᠭ᠎ᠠ᠎ᠪᠠᠨ ᠲᠠᠰᠤᠯᠳᠠᠭᠤᠯᠬᠤ ᠦᠭᠡᠢ᠂ ᠶᠠᠳᠠᠭᠤ᠎ᠠᠴᠠ ᠠᠩᠬᠢᠵᠢᠷᠠᠬ᠍ᠰᠠᠨ ᠴᠤ᠌ ᠬᠠᠪᠰᠤᠷᠤᠨ ᠲᠡᠳᠭᠦᠬᠦ᠌᠎ᠪᠠᠨ ᠪᠤᠯᠢᠬᠤ ᠦᠭᠡᠢ᠂ ᠶᠠᠳᠠᠭᠤ᠎ᠠᠴᠠ ᠠᠩᠬᠢᠵᠢᠷᠠᠬ᠍ᠰᠠᠨ ᠴᠤ᠌ ᠬᠢᠨᠠᠯᠳᠠ ᠬᠠᠮᠢᠶᠠᠷᠤᠯᠳᠠ᠎ᠪᠠᠨ ᠰᠤᠯᠠᠷᠠᠭᠤᠯᠬᠤ ᠦᠭᠡᠢ》 ᠱᠠᠭᠠᠷᠳᠠᠯᠭ᠎ᠠ᠎ᠶ᠋ᠢ ᠪᠥᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠳᠠᠬᠢᠨ ᠶᠠᠳᠠᠭᠤᠷᠠᠬᠤ᠎ᠶ᠋ᠢ ᠰᠡᠷᠭᠡᠢᠯᠡᠬᠦ᠌ ᠪᠦᠲᠦᠮᠵᠢᠲᠡᠶ ᠬᠢᠨᠠᠨ ᠬᠡᠮᠵᠢᠬᠦ᠌ ᠲᠣᠭ᠍ᠲᠠᠴᠠ᠎ᠶ᠋ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠬᠡᠪᠴᠢᠶᠡᠵᠢᠯ᠎ᠤᠨ ᠴᠢᠨᠠᠷᠲᠠᠶ ᠳᠠᠬᠢᠨ ᠶᠠᠳᠠᠭᠤᠷᠠᠬᠤ᠎ᠶ᠋ᠢ ᠡᠷᠡᠰ ᠰᠡᠷᠭᠡᠢᠯᠡᠬᠦ᠌ ᠬᠡᠷᠡᠭ᠌ᠲᠡᠶ᠃ ᠮᠠᠯ ᠠᠵᠤ ᠠᠬᠤᠶ ᠲᠠᠷᠢᠶᠠᠯᠠᠩ᠎ᠤᠨ ᠠᠵᠤ  ᠦᠢᠯᠡᠰ᠎ᠢ ᠱᠢᠯᠢᠳᠡᠭ᠌ᠵᠢᠭᠦᠯᠦᠨ ᠬᠦᠴᠦᠷᠬᠡᠭ᠌ᠵᠢᠭᠦᠯᠬᠦ᠂ ᠠᠮᠢ ᠠᠬᠤᠶ ᠣᠷᠣᠨ ᠰᠠᠭᠤᠴᠠ᠎ᠶ᠋ᠢᠨ ᠣᠷᠴᠢᠨ ᠲᠣᠭᠤᠷᠢᠨ᠎ᠢ ᠰᠠᠢᠵᠢᠷᠠᠭᠤᠯᠬᠤ᠂ ᠪᠠᠲᠤ ᠴᠢᠩᠭ᠎ᠠ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢ ᠪᠠᠢᠭᠤᠯᠬᠤ᠎ᠶ᠋ᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠰᠠᠭᠤᠷᠢ ᠪᠣᠯᠭᠠᠵᠤ᠂ ᠠᠵᠤ  ᠦᠢᠯᠡᠰ᠎ᠢ ᠬᠥᠭ᠌ᠵᠢᠭᠦᠯᠦᠨ ᠮᠠᠨᠳᠤᠭᠤᠯᠬᠤ ᠡᠨᠡ ᠬᠦ᠌ ᠵᠠᠩᠭᠢᠯᠠᠭ᠎ᠠ᠎ᠶ᠋ᠢ ᠬᠦᠴᠦᠯᠡᠨ ᠰᠠᠢᠲᠤᠷ ᠠᠳᠭᠤᠵᠤ᠂ ᠳᠠᠭᠠᠭᠤᠯᠤᠭ᠍ᠴᠢ ᠠᠵᠤ ᠠᠬᠤᠢᠯᠠᠯ᠎ᠢ ᠪᠤᠢᠵᠢᠭᠤᠯᠬᠤ ᠪᠠ ᠣᠷᠣᠭᠤᠯᠤᠨ ᠠᠪᠴᠢᠷᠠᠵᠤ᠂ ᠲᠥᠷᠥᠯ ᠲᠡᠮᠳᠡᠭ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ  ᠦᠢᠯᠡᠳᠪᠦᠷᠢᠯᠡᠯ᠎ᠤᠨ ᠰᠠᠭᠤᠷᠢᠨ᠎ᠢ ᠪᠥᠲᠥᠭᠡᠨ ᠪᠠᠢᠭᠤᠯᠬᠤ ᠬᠡᠷᠡᠭ᠌ᠲᠡᠢ; ᠮᠠᠯᠵᠢᠬᠤ ᠲᠠᠷᠢᠶᠠᠯᠠᠬᠤ ᠣᠷᠣᠨ᠎ᠤ ᠡᠷᠦᠬᠡ᠎ᠶ᠋ᠢᠨ ᠵᠣᠷᠯᠣᠩ᠎ᠢ ᠥᠭᠡᠷᠡᠴᠢᠯᠡᠨ ᠱᠢᠨᠡᠳᠭᠡᠬᠦ᠌ ᠠᠰᠠᠭᠤᠳᠠᠯ᠎ᠢ ᠪᠠᠢᠴᠠᠭᠠᠨ ᠣᠢᠯᠠᠭᠠᠵᠤ ᠴᠡᠭ᠌ᠴᠡᠯᠡᠨ ᠰᠠᠢᠵᠢᠷᠠᠭᠤᠯᠬᠤ ᠠᠵᠢᠯ᠎ᠢ ᠦᠨᠡᠨ ᠬᠦ᠌ ᠰᠠᠢᠲᠤᠷ ᠠᠳᠭᠤᠵᠤ᠂ 《ᠡᠷᠦᠬᠡ᠎ᠳᠤ ᠣᠷᠣᠬᠤ》 ᠡᠨᠡ ᠬᠦ᠌ ᠭᠤᠤᠯᠳᠠᠯᠭ᠎ᠠ᠎ᠶ᠋ᠢ ᠳᠣᠪᠤᠢᠯᠭᠠᠨ᠂ ᠵᠠᠰᠠᠭ᠎ᠤᠨ ᠣᠷᠳᠣᠨ᠎ᠤ ᠵᠣᠬᠢᠶᠠᠨ ᠪᠠᠢᠭᠤᠯᠬᠤ ᠪᠠ ᠮᠠᠯᠴᠢᠨ ᠲᠠᠷᠢᠶᠠᠴᠢᠨ᠎ᠤ ᠭᠤᠤᠯ ᠴᠣᠭ᠍ᠴᠠ᠎ᠶ᠋ᠢᠨ ᠦᠢᠯᠡᠳᠦᠯ᠎ᠢ ᠪᠠᠳᠠᠷᠠᠭᠤᠯᠬᠤ᠎ᠶ᠋ᠢᠨ ᠬᠠᠷᠢᠴᠠᠭ᠎ᠠ᠎ᠶ᠋ᠢ ᠰᠠᠢᠲᠤᠷ ᠡᠵᠡᠮᠳᠡᠵᠦ᠍᠂ ᠮᠠᠯᠵᠢᠬᠤ ᠲᠠᠷᠢᠶᠠᠯᠠᠬᠤ ᠣᠷᠣᠨ᠎ᠤ ᠣᠷᠣᠱᠢᠨ ᠰᠠᠭᠤᠬᠤ ᠣᠷᠴᠢᠨ ᠲᠣᠭᠤᠷᠢᠨ᠎ᠢ ᠴᠢᠷᠮᠠᠢᠨ ᠰᠠᠢᠵᠢᠷᠠᠭᠤᠯᠬᠤ ᠬᠡᠷᠡᠭ᠌ᠲᠡᠢ; ᠤᠯᠤᠰ ᠲᠥᠷᠥ᠍ ᠪᠠᠲᠤ ᠴᠢᠩᠭ᠎ᠠ᠂ ᠬᠥᠭ᠌ᠵᠢᠬᠦᠯᠬᠦ᠌᠎ᠳᠡᠭᠡᠨ ᠴᠢᠳᠠᠮᠠᠭᠠᠶ᠂ ᠣᠯᠠᠨ ᠲᠦᠮᠡᠨ᠎ᠢ ᠳᠠᠭᠠᠭᠤᠯᠤᠨ ᠪᠠᠶᠠᠵᠢᠭᠤᠯᠵᠤ ᠴᠢᠳᠠᠬᠤ᠂ ᠬᠥᠳᠡᠭᠡ ᠲᠣᠰᠭᠤᠨ᠎ᠤ ᠵᠠᠰᠠᠯᠲᠠ᠎ᠶ᠋ᠢ ᠠᠳᠭᠤᠵᠤ ᠴᠢᠳᠠᠬᠤ᠎ᠪᠠᠷ ᠪᠠᠷᠢᠮᠵᠢᠶ᠎ᠠ ᠪᠣᠯᠭᠠᠵᠤ᠂ ᠪᠠᠲᠤ ᠴᠢᠩᠭ᠎ᠠ 《ᠬᠤᠶᠠᠷ ᠵᠥᠪᠯᠡᠯ》 ᠎ᠤᠨ ᠤᠳᠤᠷᠢᠳᠭᠤ ᠪᠠᠭ᠎ᠢ ᠪᠠᠢᠭᠤᠯᠬᠤ ᠬᠡᠷᠡᠭ᠌ᠲᠡᠢ ᠬᠡᠵᠦ᠍ ᠴᠢᠬᠤᠯᠠᠴᠢᠯᠠᠪᠠ᠃

ᠯᠢᠨ ᠱᠤᠤ ᠴᠦᠨ ᠠᠪᠠᠭ᠎ᠠ ᠬᠤᠱᠢᠭᠤᠨ᠎ᠤ ᠬᠤᠩᠭᠤᠷᠭᠤᠤᠯ ᠪᠠᠯᠭᠠᠰᠤᠨ᠎ᠤ ᠰᠠᠷᠠᠭᠤᠯᠲᠤᠶᠠᠭ᠎ᠠ ᠭᠠᠴᠠᠭ᠎ᠠ᠎ᠳᠤ ᠬᠦᠷᠴᠦ᠍᠂ 《〈7 · 1〉 ᠎ᠤ ᠭᠠᠪᠢᠶᠠᠨ ᠲᠡᠮᠲᠡᠭ》 ᠬᠦᠷᠲᠡᠭ᠌ᠴᠢ ᠲᠢᠩ · ᠪᠠᠭᠠᠲᠤᠷ ᠨᠥᠬᠦᠷ᠎ᠢ ᠪᠣᠯᠭᠤᠭᠠᠨ ᠦᠵᠡᠪᠡ᠃ ᠲᠡᠭᠦᠨ᠎ᠤ ᠣᠯᠠᠨ ᠲᠦᠮᠡᠨ᠎ᠢ ᠳᠠᠭᠠᠭᠤᠯᠤᠨ  ᠦᠢᠯᠡᠳᠪᠦᠷᠢᠯᠡᠯ᠎ᠤᠨ ᠠᠷᠭ᠎ᠠ ᠬᠡᠯᠪᠡᠷᠢ᠎ᠪᠠᠨ ᠬᠤᠪᠢᠷᠠᠭᠤᠯᠵᠦ᠍᠂ ᠨᠤᠲᠤᠭ ᠪᠡᠯᠴᠢᠭᠡᠷ᠎ᠤᠨ ᠠᠮᠢ ᠠᠬᠤᠶ᠎ᠶ᠋ᠢ ᠬᠠᠮᠠᠭᠠᠯᠠᠵᠦ᠍᠂ ᠲᠡᠵᠢᠭᠡᠨ ᠦᠷᠡᠵᠢᠭᠦᠯᠬᠦ᠌ ᠦᠷ᠎ᠡ ᠠᠱᠢᠭ᠎ᠢ ᠳᠡᠭᠡᠭ᠌ᠰᠢᠯᠡᠭᠦᠯᠦᠭ᠌ᠰᠡᠨ  ᠦᠢᠯᠡ ᠠᠵᠢᠯᠯᠠᠭ᠎ᠠ᠎ᠶ᠋ᠢ ᠥᠷᠭᠡᠨ᠎ᠢᠶᠠᠷ ᠰᠤᠷᠤᠯᠴᠠᠨ ᠤᠬᠠᠭᠤᠯᠵᠤ᠂ ᠨᠠᠩ ᠣᠯᠠᠨ ᠮᠠᠯᠴᠢᠨ ᠲᠠᠷᠢᠶᠠᠴᠢᠨ᠎ᠢ ᠬᠥᠲᠥᠯᠥᠨ ᠵᠢᠯᠣᠭᠤᠳᠴᠤ᠌ ᠪᠠᠢᠭᠠᠳ ᠲᠤᠭ᠎ᠠ ᠬᠡᠮᠵᠢᠶ᠎ᠡ᠎ᠶ᠋ᠢ ᠪᠠᠭᠠᠰᠭᠠᠭ᠍ᠰᠠᠨ᠂ ᠥᠨᠳᠥᠷ ᠪᠦᠲᠦᠮᠵᠢᠲᠡᠶ᠂ ᠨᠠᠷᠢᠯᠢᠭ ᠠᠷᠠᠴᠢᠯᠠᠬᠤ ᠵᠠᠮ᠎ᠢᠶᠠᠷ ᠵᠠᠮᠨᠠᠭᠤᠯᠵᠤ᠂ ᠣᠯᠠᠨ ᠲᠦᠮᠡᠨ᠎ᠤ ᠣᠷᠣᠯᠭ᠎ᠠ᠎ᠶ᠋ᠢ ᠲᠣᠭ᠍ᠲᠠᠭᠤᠨ᠎ᠢᠶᠠᠷ ᠨᠡᠮᠡᠭ᠌ᠳᠡᠭᠦᠯᠬᠦ᠂ ᠠᠮᠢ ᠠᠬᠤᠶ᠎ᠶ᠋ᠢ ᠦᠷᠭᠦᠯᠵᠢᠯᠡᠨ ᠰᠠᠢᠵᠢᠷᠠᠭᠤᠯᠬᠤ᠎ᠶ᠋ᠢ ᠪᠡᠶᠡᠯᠡᠭᠦᠯᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号