— ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠡᠷᠬᠢᠯᠡᠭ᠌ᠴᠢ ᠬᠦᠩ ᠮᠢᠩ ᠵᠦ᠍ᠶ᠋ᠢ ᠰᠤᠷᠪᠤᠯᠵᠢᠯᠠᠬ᠍ᠰᠠᠨ᠎ᠨᠢ
《ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠪᠣᠯ ᠨᠢᠬᠡᠨ ᠤᠳᠠᠭ᠎ᠠ᠎ᠶ᠋ᠢᠨ ᠬᠥᠮᠦᠰ᠎ᠢ ᠵᠣᠷᠢᠭ᠍ᠵᠢᠭᠤᠯᠵᠤ᠂ ᠢᠲᠡᠭᠡᠯ ᠪᠢᠱᠢᠷᠡᠯ᠎ᠢ ᠪᠠᠲᠤᠳᠭᠠᠭ᠍ᠰᠠᠨ᠂ ᠲᠡᠦᠬᠡ᠎ᠪᠠᠷ ᠲᠤᠯᠢ ᠪᠣᠯᠭᠠᠵᠥ᠍᠂ ᠢᠷᠡᠭᠡᠳᠦᠢ᠎ᠶ᠋ᠢ ᠨᠡᠭᠡᠭᠡᠭ᠌ᠰᠡᠨ ᠶᠡᠭᠡ ᠬᠤᠷᠠᠯ ᠮᠥᠨ᠂ ᠮᠠᠨ᠎ᠤ ᠨᠠᠮ᠎ᠤᠨ ᠲᠡᠦᠬᠡᠨ ᠳᠡᠭᠡᠷ᠎ᠡ᠂ ᠳᠤᠮᠳᠠᠳᠤ᠎ᠶ᠋ᠢᠨ ᠦᠨᠳᠦᠰᠦᠲᠡᠨ᠎ᠤ ᠬᠥᠭ᠌ᠵᠢᠯᠲᠡ᠎ᠶ᠋ᠢᠨ ᠲᠡᠦᠬᠡᠨ ᠳᠡᠭᠡᠷ᠎ᠡ᠂ ᠳᠡᠯᠡᠬᠡᠢ᠎ᠶ᠋ᠢᠨ ᠨᠡᠢᠭᠡᠮ ᠵᠢᠷᠤᠮ᠎ᠤᠨ ᠬᠥᠭ᠌ᠵᠢᠯᠲᠡ᠎ᠶ᠋ᠢᠨ ᠲᠡᠦᠬᠡᠨ ᠳᠡᠭᠡᠷ᠎ᠡ ᠴᠢᠬᠤᠯᠠ ᠶᠡᠭᠡ ᠪᠥᠭᠡᠳ ᠠᠯᠤᠰ ᠬᠡᠳᠤ᠎ᠶ᠋ᠢᠨ ᠠᠴᠢ ᠬᠤᠯᠪᠣᠭ᠍ᠳᠠᠯ᠎ᠲᠠᠢ ᠶᠤᠮ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ ᠥᠨᠳᠥᠷ᠎ᠲᠤ ᠵᠣᠭ᠍ᠰᠣᠨ ᠠᠯᠤᠰ᠎ᠢ ᠪᠠᠷᠠᠯᠠᠵᠥ᠍᠂ ᠦᠵᠡᠯ ᠰᠠᠨᠠᠭ᠎ᠠ ᠭᠦᠨ ᠭᠦᠨᠵᠡᠭᠡᠶ᠂ ᠰᠦᠷ ᠵᠢᠪᠬᠤᠯᠠᠩᠲᠠᠶ᠂ ᠬᠥᠮᠦᠰ᠎ᠢ ᠵᠣᠷᠢᠭ᠍ᠵᠢᠭᠤᠯᠤᠨ ᠤᠷᠤᠭ᠍ᠰᠢᠯᠠᠭᠤᠯᠵᠥ᠍᠂ ᠮᠠᠨ᠎ᠤ ᠨᠠᠮ᠎ᠤᠨ ᠬᠦᠴᠢᠷ ᠪᠡᠷᠬᠡᠱᠢᠶᠡᠯ᠎ᠢ ᠳᠤᠭᠤᠯᠤᠨ᠂ ᠰᠠᠯᠬᠢ ᠪᠤᠷᠤᠭᠠᠨ᠎ᠢ ᠰᠦᠷᠦᠨ ᠬᠠᠯᠠᠱᠢᠷᠠᠯ ᠦᠬᠡᠢ ᠳᠡᠮᠡᠴᠡᠭ᠌ᠰᠡᠨ ᠵᠠᠭᠤᠨ ᠵᠢᠯ᠎ᠤᠨ ᠲᠡᠦᠬᠡ᠎ᠶ᠋ᠢᠨ ᠶᠠᠪᠤᠴᠠ᠎ᠶ᠋ᠢ ᠪᠦᠬᠦ᠌ ᠲᠠᠯ᠎ᠠ᠎ᠪᠠᠷ ᠡᠷᠭᠢᠴᠡᠭᠦᠯᠵᠥ᠍᠂ ᠮᠠᠨ᠎ᠤ ᠨᠠᠮ᠎ᠤᠨ ᠰᠠᠭᠤᠷᠢ᠎ᠶ᠋ᠢ ᠴᠤᠬ᠍ᠴᠠᠯᠠᠵᠤ ᠦᠶ᠋ᠯᠡᠰ ᠪᠣᠰᠭᠠᠭ᠍ᠰᠠᠨ᠂ ᠭᠡᠷᠡᠯ ᠰᠠᠴᠤᠷᠠᠩᠭᠤᠶ᠎ᠶ᠋ᠢ ᠡᠬᠦᠳᠦᠭ᠌ᠰᠡᠨ ᠵᠠᠭᠤᠨ ᠵᠢᠯ᠎ᠤᠨ ᠲᠡᠮᠡᠴᠡᠯ᠎ᠤᠨ ᠠᠮᠵᠢᠯᠲᠠ ᠪᠦᠳᠦᠮᠵᠢ᠎ᠶ᠋ᠢ ᠱᠢᠰᠲ᠋ᠧᠮ᠎ᠲᠠᠢ ᠳ᠋ᠦᠩᠨᠡᠵᠥ᠍᠂ ᠮᠠᠨ᠎ᠤ ᠨᠠᠮ᠎ᠤᠨ ᠪᠡᠶ᠎ᠡ᠎ᠪᠠᠨ ᠳᠠᠭᠠᠭᠠᠨ ᠡᠷᠬᠡ ᠮᠡᠳᠡᠵᠥ᠍᠂ ᠦᠶ᠋ᠯᠡᠳᠦᠯᠭᠡ᠎ᠪᠠᠷ ᠡᠭᠦᠳᠦᠨ ᠪᠦᠳᠦᠬᠡᠭ᠌ᠰᠡᠨ ᠵᠠᠭᠤᠨ ᠵᠢᠯ᠎ᠤᠨ ᠲᠡᠦᠬᠡ᠎ᠶ᠋ᠢᠨ ᠵᠢᠮ᠎ᠡ ᠶᠣᠰᠣ᠎ᠶ᠋ᠢ ᠭᠦᠨᠵᠡᠭᠡᠶ ᠲᠣᠳᠣᠷᠬᠠᠢᠯᠠᠵᠥ᠍᠂ ᠮᠠᠨ᠎ᠤ ᠨᠠᠮ᠎ᠤᠨ ᠵᠠᠮ ᠨᠡᠭᠡᠭᠡᠨ ᠤᠷᠤᠭ᠍ᠰᠢᠯᠠᠵᠥ᠍᠂ ᠢᠷᠡᠭᠡᠳᠦᠢ ᠵᠦᠭ ᠳᠡᠮᠡᠤᠯᠬᠦ᠌ ᠵᠠᠭᠤᠨ ᠵᠢᠯ᠎ᠤᠨ ᠠᠤᠭ᠎ᠠ ᠳᠦᠰᠦᠪ᠎ᠢ ᠱᠢᠨᠵᠢᠯᠡᠬᠦ᠌ ᠤᠬᠠᠭᠠᠨᠴᠢ᠎ᠪᠠᠷ ᠪᠠᠷᠠᠯᠠᠪᠠ᠂ ᠮᠠᠷᠺᠰ᠎ᠤᠨ ᠦᠵᠡᠯ᠎ᠤᠨ ᠦᠨᠡᠨ ᠶᠣᠰᠣᠨ᠎ᠤ ᠭᠡᠷᠡᠯ ᠭᠢᠯᠪᠠᠭ᠎ᠠ ᠰᠠᠴᠤᠷᠠᠭ᠍ᠰᠠᠨ ᠭᠡᠷᠡᠯ ᠰᠠᠴᠤᠷᠠᠩᠭᠤᠶ ᠲᠤᠯᠭᠤᠷ ᠪᠢᠴᠢᠭ ᠮᠥᠨ᠂ ᠨᠠᠮ᠎ᠤᠨ ᠵᠠᠭᠤᠨ ᠵᠢᠯ᠎ᠤᠨ ᠲᠡᠦᠬᠡ᠎ᠶ᠋ᠢᠨ ᠱᠢᠨ᠎ᠡ ᠭᠠᠷᠤᠭ᠎ᠠ᠎ᠳᠤ ᠰᠠᠭᠤᠷᠢᠯᠠᠵᠥ᠍᠂ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ ᠶᠡᠭᠡ ᠬᠦᠰᠡᠯ ᠵᠡᠭᠦᠳᠦ᠎ᠶ᠋ᠢ ᠠᠬᠢᠭᠤᠯᠬᠤ ᠤᠯᠤᠰ ᠲᠥᠷᠥ᠎ᠶ᠋ᠢᠨ ᠲᠤᠩᠬᠠᠭ ᠮᠦᠨ᠂ ᠨᠠᠳᠠ᠎ᠳᠤ ᠭᠦᠨ ᠭᠦᠨᠵᠡᠭᠡᠶ ᠦᠵᠡᠯ ᠰᠠᠨᠠᠭᠠᠨ᠎ᠤ ᠠᠷᠢᠭᠤᠰᠭᠠᠯ ᠪᠠ ᠲᠦᠪ ᠴᠢᠩᠭ᠎ᠠ ᠨᠠᠮᠴᠢ ᠴᠢᠨᠠᠷ᠎ᠤᠨ ᠪᠣᠯᠪᠠᠰᠤᠷᠠᠯ ᠬᠦᠷᠲᠡᠭᠡᠵᠥ᠍᠂ ᠤᠶᠤᠨ ᠰᠦᠨᠠᠰᠦ᠎ᠶ᠋ᠢ ᠬᠦᠨᠳᠡᠵᠤ᠂ ᠡᠷᠴᠢ ᠵᠣᠷᠢᠭ ᠬᠦᠪᠴᠢᠯᠡᠭ᠌ᠳᠡᠪᠡ!》 ᠬᠡᠵᠥ᠍ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠡᠷᠬᠢᠯᠡᠭ᠌ᠴᠢ ᠭᠦᠩ ᠮᠢᠩ ᠵᠦ᠍ ᠤᠢᠷ᠎ᠠ᠎ᠳᠤ ᠰᠤᠷᠪᠤᠯᠵᠢᠯᠠᠭ᠎ᠠ ᠬᠦᠯᠢᠶᠡᠬᠦ᠌᠎ᠳᠡᠭᠡᠨ ᠣᠷᠭᠢᠯᠤᠮ᠎ᠠ ᠬᠠᠯᠠᠭᠤᠨ ᠰᠡᠳᠭᠢᠯᠭᠡ᠎ᠲᠠᠢ ᠶᠠᠷᠢᠵᠤ ᠪᠢᠯᠡ᠃
ᠬᠥᠩ ᠮᠢᠩ ᠵᠦ᠍᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠬᠦᠨᠵᠡᠬᠡᠢ ᠰᠤᠷᠤᠯᠴᠠᠵᠥ᠍ ᠦᠢᠯᠠᠭᠠᠬᠤ ᠪᠣᠯ ᠬᠥᠭ᠌ᠵᠢᠭᠦᠯᠦᠯᠲᠡ ᠥᠭᠡᠷᠡᠴᠢᠯᠡᠯᠲᠡ᠎ᠶ᠋ᠢᠨ ᠱᠢᠰᠲ᠋ᠧᠮ᠎ᠤᠨ ᠣᠳᠣᠬᠠᠨ᠎ᠤ ᠪᠠ ᠬᠤᠢᠱᠢᠳᠠ᠎ᠶ᠋ᠢᠨ ᠨᠢᠭᠡ ᠬᠤᠭᠤᠴᠠᠭᠠᠨ᠎ᠤ ᠴᠢᠬᠤᠯᠠ ᠶᠡᠭᠡ ᠤᠯᠤᠰ ᠲᠥᠷᠥ᠎ᠶ᠋ᠢᠨ ᠡᠭᠦᠷᠭᠡ ᠮᠥᠨ᠂ ᠪᠢᠳᠠ 《ᠳᠥᠷᠪᠡᠨ ᠤᠬᠠᠮᠰᠠᠷ》 ᠢᠶᠠᠨ ᠤᠯᠠᠮ ᠴᠢᠨᠠᠬ᠍ᠰᠢᠳᠠ ᠴᠢᠩᠭᠠᠳᠭᠠᠨ 《ᠳᠥᠷᠪᠡᠨ ᠢᠲᠡᠭᠡᠯ》 ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠥ᠍᠂ ᠤᠯᠤᠰ ᠲᠥᠷᠥ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶ᠋ᠢᠨ ᠦᠢᠯᠠᠭᠠᠬᠤ ᠴᠢᠳᠠᠪᠤᠷᠢ᠂ ᠤᠯᠤᠰ ᠲᠦᠷᠦ᠎ᠶ᠋ᠢᠨ ᠭᠦᠢᠴᠡᠳᠭᠡᠬᠦ᠌ ᠴᠢᠳᠠᠪᠤᠷᠢ᠎ᠪᠠᠨ ᠳᠠᠰᠤᠷᠠᠯᠳᠠ ᠦᠬᠡᠢ ᠳᠡᠬᠡᠭ᠌ᠰᠢᠯᠡᠬᠦᠯᠵᠥ᠍᠂ ᠭᠡᠬᠦᠳᠡᠭ ᠴᠡᠭᠡᠵᠢᠨ᠎ᠳᠡᠭᠡᠨ 《ᠬᠤᠶᠠᠷ ᠶᠡᠭᠡ ᠲᠠᠯ᠎ᠠ》 ᠶ᠋ᠢ ᠪᠠᠭ᠍ᠲᠠᠭᠠᠵᠤ᠂ ᠰᠡᠳᠭᠢᠯ᠎ᠳᠡᠭᠡᠨ 《ᠤᠯᠤᠰ᠎ᠤᠨ ᠶᠡᠭᠡ ᠶᠠᠪᠤᠳᠠᠯ》 ᠢ ᠪᠤᠳᠤᠵᠥ᠍᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠥ᠍᠂ ᠬᠦᠰᠡᠯᠡᠩ ᠢᠲᠡᠭᠡᠯ ᠪᠢᠱᠢᠷᠡᠯ᠎ᠢᠶᠠᠨ ᠪᠠᠲᠤᠳᠭᠠᠵᠥ᠍᠂ ᠨᠠᠮ᠎ᠤᠨ ᠵᠣᠷᠢᠯᠲᠠ᠎ᠶ᠋ᠢ ᠦᠶ᠋ᠯᠡᠳᠦᠯᠭᠡᠵᠢᠭᠦᠯᠤᠨ᠂ ᠨᠠᠮ ᠪᠠᠢᠭᠤᠯᠬᠤ ᠠᠭᠤᠤ ᠶᠡᠭᠡ ᠵᠣᠷᠢᠭ ᠰᠠᠨᠠᠭ᠎ᠠ᠎ᠶ᠋ᠢ ᠤᠯᠠᠮᠵᠢᠯᠠᠨ ᠪᠠᠳᠠᠷᠠᠭᠤᠯᠵᠥ᠍᠂ ᠤᠯᠠᠮ ᠨᠢᠭᠡ ᠠᠯᠬᠤᠮ ᠨᠠᠮ᠎ᠤᠨ ᠲᠡᠦᠬᠡ᠎ᠶ᠋ᠢ ᠰᠤᠷᠤᠯᠴᠠᠵᠤ᠂ ᠦᠵᠡᠯ ᠰᠠᠨᠠᠭ᠎ᠠ᠎ᠪᠠᠨ ᠰᠡᠬᠡᠬᠡᠷᠡᠬᠦᠯᠵᠥ᠍᠂ ᠪᠣᠳᠠᠲᠤ ᠶᠠᠪᠤᠳᠠᠯ ᠬᠢᠵᠥ᠍᠂ ᠱᠢᠨ᠎ᠡ ᠪᠠᠢᠳᠠᠯ᠎ᠢ ᠡᠬᠦᠳᠴᠤ᠌᠂ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠨ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠤᠨ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠵᠥ᠍᠂ 《ᠦᠯᠢᠭᠡᠷ ᠳᠠᠭᠤᠷᠢᠶᠠᠯ ᠪᠣᠯᠬᠤ᠎ᠪᠠᠷ ᠴᠢᠷᠮᠠᠢᠵᠦ᠍᠂ ᠡᠮᠤᠨ᠎ᠡ᠎ᠨᠢ ᠬᠤᠱᠢᠭᠤᠷᠠᠬᠤ》 ᠴᠢᠬᠤᠯᠠ ᠶᠡᠭᠡ ᠡᠬᠦᠷᠬᠡ᠎ᠶ᠋ᠢ ᠦᠨᠡᠨ ᠬᠦ᠌ ᠰᠠᠢᠲᠤᠷ ᠭᠦᠶ᠋ᠴᠡᠳᠭᠡᠵᠥ᠍᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢ ᠤᠯᠤᠰ ᠲᠥᠷᠥ᠎ᠶ᠋ᠢᠨ ᠴᠢᠳᠠᠪᠤᠷᠢ ᠪᠣᠯᠭᠠᠨ ᠬᠤᠪᠢᠷᠠᠭᠤᠯᠵᠥ᠍᠂ ᠠᠵᠢᠯ᠎ᠢ ᠠᠬᠢᠭᠤᠯᠬᠤ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠤᠨ᠎ᠠ᠃
ᠨᠢᠭᠡ᠎ᠳᠤ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ᠎ᠡ᠃ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠥ᠍᠂ ᠮᠠᠷᠺᠰ᠎ᠤᠨ ᠦᠵᠡᠯ᠎ᠤᠨ ᠦᠨᠳᠦᠰᠦᠨ ᠤᠬ ᠶᠤᠰᠤ᠎ᠶ᠋ᠢ ᠪᠠᠷᠢᠮᠳᠠᠯᠠᠵᠥ᠍᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠢ ᠪᠠᠷᠢᠮᠲᠠᠯᠠᠨ ᠬᠦᠭ᠌ᠵᠢᠬᠦᠯᠵᠥ᠍᠂ ᠨᠠᠮ᠎ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ᠎ᠶ᠋ᠢ ᠪᠠᠷᠢᠮᠳᠠᠯᠠᠵᠥ᠍᠂ 《ᠲᠠᠪᠤ᠎ᠶ᠋ᠢ ᠨᠢᠭᠡ ᠴᠤᠭ᠍ᠴᠠᠵᠢᠭᠤᠯᠬᠤ》 ᠶᠡᠷᠦᠩᠬᠡᠶ ᠪᠠᠢᠷᠢᠱᠢᠭᠤᠯᠤᠯᠲᠠ᠎ᠶ᠋ᠢ ᠨᠢᠭᠡᠳᠦᠯᠲᠡᠶ ᠲᠥᠯᠥᠪᠵᠢᠬᠦᠯᠦᠨ ᠠᠬᠢᠭᠤᠯᠵᠥ᠍᠂ 《ᠳᠥᠷᠪᠡᠨ ᠪᠦᠬᠦ᠌ ᠲᠠᠯ᠎ᠠ》 ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢᠱᠢᠭᠤᠯᠤᠯᠲᠠ᠎ᠶ᠋ᠢ ᠵᠣᠬᠢᠴᠠᠭᠤᠯᠤᠨ ᠠᠬᠢᠭᠤᠯᠵᠥ᠍᠂ ᠲᠤᠭ ᠲᠡᠮᠳᠡᠭ ᠲᠣᠳᠣᠷᠬᠠᠶ᠎ᠪᠠᠷ ᠤᠯᠤᠰ ᠲᠥᠷᠥ᠎ᠶ᠋ᠢ ᠡᠷᠬᠢᠮᠯᠡᠬᠦ᠌᠎ᠶ᠋ᠢ ᠬᠥᠭ᠌ᠵᠢᠭᠦᠯᠦᠯᠲᠡ ᠥᠭᠡᠷᠡᠴᠢᠯᠡᠯᠲᠡ᠎ᠶ᠋ᠢᠨ ᠠᠵᠢᠯ᠎ᠤᠨ ᠪᠥᠬᠦ᠌ ᠶᠠᠪᠤᠴᠠ᠎ᠳᠤ ᠳᠤᠭᠤᠱᠢᠯᠠᠭᠤᠯᠵᠥ᠍᠂ ᠶᠡᠭᠡ ᠶᠠᠪᠤᠳᠠᠯ᠎ᠢ ᠪᠣᠳᠣᠯᠬᠢᠯᠠᠵᠤ᠂ ᠶᠡᠭᠡ ᠶᠠᠪᠤᠳᠠᠯ᠎ᠢ ᠵᠥᠪᠯᠡᠵᠥ᠍᠂ ᠶᠡᠭᠡ ᠶᠠᠪᠤᠳᠠᠯ᠎ᠢ ᠠᠳᠭᠤᠵᠥ᠍᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠲᠡᠦᠬᠡ᠎ᠶ᠋ᠢᠨ ᠱᠢᠨ᠎ᠡ ᠠᠶᠠᠨ᠎ᠳᠤ ᠤᠷᠤᠨ ᠪᠠᠢᠷᠢ᠎ᠪᠠᠨ ᠤᠨᠤᠪᠴᠢᠳᠠᠢ ᠰᠤᠩᠭᠤᠨ ᠳᠤᠬ᠍ᠳᠠᠭᠠᠵᠥ᠍᠂ ᠬᠥᠭ᠌ᠵᠢᠭᠦᠯᠦᠯᠲᠡ ᠥᠭᠡᠷᠡᠴᠢᠯᠡᠯᠲᠡ᠎ᠶ᠋ᠢᠨ ᠡᠯ᠎ᠡ ᠵᠦᠢᠯ᠎ᠤᠨ ᠠᠵᠢᠯ᠎ᠢ ᠪᠦᠬᠦ᠌ ᠲᠠᠯ᠎ᠠ᠎ᠪᠠᠷ ᠰᠠᠢᠲᠤᠷ ᠬᠢᠨ᠎ᠡ᠃
ᠬᠤᠶᠠᠷ᠎ᠲᠤ᠌᠂ ᠴᠢᠨᠠᠷ ᠰᠠᠢᠲᠠᠶ ᠬᠥᠭ᠌ᠵᠢᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠤᠨ᠎ᠠ᠃ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠵᠤ᠂ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ᠎ᠪᠠᠷ ᠭᠤᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠶᠠᠰᠤ ᠴᠢᠨᠠᠷ᠎ᠤᠨ ᠬᠤᠪᠢᠰᠤᠯᠲᠠ᠂ ᠦᠷ᠎ᠡ ᠠᠱᠢᠭ᠎ᠤᠨ ᠬᠤᠪᠢᠰᠤᠯᠲᠠ᠂ ᠬᠥᠳᠡᠯᠭᠡᠬᠦ᠌ ᠬᠦᠴᠦᠨ᠎ᠤ ᠬᠤᠪᠢᠰᠤᠯᠲᠠ᠎ᠶ᠋ᠢ ᠠᠬᠢᠭᠤᠯᠵᠤ᠂ ᠠᠵᠤ ᠠᠬᠤᠢ᠎ᠶ᠋ᠢᠨ ᠦᠨᠳᠦᠰᠦᠨ ᠪᠠᠢᠳᠠᠯ᠎ᠢ ᠬᠦᠴᠦᠯᠡᠨ ᠲᠣᠭ᠍ᠲᠠᠪᠤᠷᠢᠵᠢᠭᠤᠯᠵᠤ᠂ ᠱᠢᠨ᠎ᠡ ᠨᠡᠮᠡᠭ᠌ᠳᠡᠯ᠎ᠤᠨ ᠴᠡᠭ᠎ᠢ ᠪᠤᠢᠵᠢᠭᠤᠯᠤᠨ᠎ᠠ; ᠱᠢᠨ᠎ᠡ᠎ᠶ᠋ᠢ ᠡᠭᠦᠳᠬᠦ᠌᠎ᠪᠠᠷ ᠬᠥᠳᠡᠯᠭᠡᠭᠦᠷ ᠪᠣᠯᠭᠠᠬᠤ ᠪᠠᠢᠯᠳᠤᠬᠤ ᠪᠣᠳᠣᠯᠭ᠎ᠠ᠎ᠶ᠋ᠢ ᠨᠠᠢᠳᠠᠪᠤᠷᠢᠵᠢᠭᠤᠯᠵᠤ᠂ ᠤᠯᠠᠨ᠎ᠢᠶᠠᠷ᠎ᠢᠶᠠᠨ ᠦᠢᠯᠡᠰ ᠪᠤᠰᠭᠠᠵᠥ᠍ ᠨᠡᠢᠳᠡ᠎ᠪᠠᠷ᠎ᠢᠶᠠᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠤᠨ᠂ ᠱᠢᠨ᠎ᠡ ᠮᠠᠲ᠋ᠧᠷᠢᠶᠠᠯ᠂ ᠠᠮᠢᠳᠤ ᠪᠣᠳᠠᠰ᠎ᠤᠨ ᠡᠮ ᠡᠮᠨᠡᠯᠭᠡ᠂ 《ᠢᠨᠲ᠋ᠧᠷ ᠰᠦᠯᠵᠢᠶ᠎ᠡ +》 ᠵᠡᠷᠭᠡ ᠱᠢᠨ᠎ᠡ᠎ᠪᠠᠷ ᠮᠠᠨᠳᠤᠬ᠍ᠰᠠᠨ ᠠᠵᠤ ᠦᠶ᠋ᠯᠡᠰ᠎ᠢ ᠳᠡᠮᠵᠢᠵᠦ᠍᠂ ᠣᠲᠣ ᠦᠶ᠎ᠡ᠎ᠶ᠋ᠢᠨ ᠦᠶ᠋ᠯᠡᠴᠢᠯᠡᠭᠡᠨ᠎ᠤ ᠦᠶ᠋ᠯᠡᠰ ᠪᠠ ᠲᠡᠷᠢᠭᠦᠨ᠎ᠤ ᠦᠶ᠋ᠯᠡᠳᠬᠦ᠌ ᠦᠶ᠋ᠯᠡᠰ᠎ᠤᠨ ᠭᠦᠨᠵᠡᠭᠡᠶ ᠠᠭᠤᠰᠤᠯᠴᠠᠨ ᠱᠢᠨ᠎ᠡ᠎ᠶ᠋ᠢ ᠡᠭᠦᠳᠦᠨ ᠬᠥᠭ᠌ᠵᠢᠬᠦ᠌᠎ᠶ᠋ᠢ ᠬᠦᠴᠦᠯᠡᠨ ᠠᠬᠢᠭᠤᠯᠤᠨ᠎ᠠ; ᠥᠭᠡᠷᠡᠴᠢᠯᠡᠯᠲᠡ ᠨᠡᠭᠡᠭᠡᠯᠲᠡ᠎ᠶ᠋ᠢ ᠪᠥᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ 《ᠨᠢᠭᠡ ᠪᠦᠰᠡ ᠨᠢᠭᠡ ᠵᠠᠮ》 ᠤᠨ ᠪᠥᠲᠥᠭᠡᠨ ᠪᠠᠢᠭᠤᠯᠤᠯᠲᠠ᠎ᠳᠤ ᠭᠦᠨᠵᠡᠭᠡᠶ ᠠᠭᠤᠰᠤᠯᠴᠠᠵᠤ᠂ ᠤᠯᠤᠰ᠎ᠤᠨ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭ᠌ᠵᠢᠭᠦᠯᠬᠦ᠌ ᠪᠠ ᠵᠡᠭᠦᠨ ᠬᠤᠢᠲᠤ ᠣᠷᠣᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ᠎ᠤᠨ ᠬᠠᠮᠵᠢᠯᠴᠠᠨ ᠬᠥᠭ᠌ᠵᠢᠬᠦ᠌᠎ᠶ᠋ᠢ ᠲᠦᠷᠭᠡᠳᠭᠡᠵᠦ᠍᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ ᠪᠠ ᠱᠢᠨ᠎ᠡ ᠬᠡᠯᠪᠡᠷᠢ᠎ᠶ᠋ᠢᠨ ᠬᠤᠲᠠ ᠪᠠᠯᠭᠠᠰᠤᠵᠢᠯᠲᠠ᠎ᠶ᠋ᠢ ᠶᠡᠭᠡ᠎ᠪᠠᠷ ᠬᠡᠷᠡᠭ᠌ᠵᠢᠭᠦᠯᠵᠦ᠍᠂ ᠥᠭᠡᠷᠡᠴᠢᠯᠡᠯᠲᠡ ᠨᠡᠭᠡᠭᠡᠯᠲᠡ᠎ᠶ᠋ᠢᠨ ᠱᠢᠨ᠎ᠡ ᠥᠨᠳᠦᠷᠯᠢᠭ᠎ᠢ ᠲᠦᠷᠭᠡᠳᠭᠡᠨ ᠪᠥᠲᠥᠭᠡᠨ ᠪᠠᠢᠭᠤᠯᠤᠨ᠎ᠠ; ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠢᠳᠡᠪᠬᠢᠲᠡᠶ ᠱᠢᠯᠢᠳᠡᠭ᠌ᠵᠢᠭᠦᠯᠵᠦ᠍᠂ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠶ᠋ᠢᠨ ᠠᠵᠢᠯ ᠶᠠᠪᠤᠳᠠᠯ ᠭᠦᠶ᠋ᠴᠡᠳᠭᠡᠵᠦ᠍ ᠦᠢᠯᠡᠰ ᠪᠤᠰᠭᠠᠬᠤ 《ᠲᠦᠭ᠌ᠵᠢᠷᠡᠯ》 《ᠬᠦᠴᠢᠷᠳᠡᠯ》 ᠢ ᠴᠢᠨᠠᠬ᠍ᠰᠢᠳᠠ ᠰᠤᠳᠤᠯᠵᠤ᠂ ᠳᠤᠮᠳᠠᠳᠤ ᠤᠯᠤᠰ᠎ᠤᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠤᠨ ᠦᠨᠡᠯᠡᠯᠲᠡ᠎ᠶ᠋ᠢᠨ ᠱᠠᠭᠠᠷᠳᠠᠯᠭ᠎ᠠ ᠪᠠ ᠲᠡᠷᠢᠭᠦᠨ᠎ᠤ ᠭᠠᠵᠠᠷ ᠣᠷᠣᠨ᠎ᠤ ᠬᠠᠮᠤᠭ᠎ᠤᠨ ᠱᠢᠨ᠎ᠡ ᠥᠭᠡᠷᠡᠴᠢᠯᠡᠯᠲᠡ᠎ᠶ᠋ᠢᠨ ᠰᠦᠪᠡᠭ᠌ᠴᠢᠯᠡᠯᠲᠡ᠎ᠪᠠᠷ ᠬᠠᠷᠠᠯᠲᠠ ᠪᠣᠯᠭᠠᠵᠤ᠂ ᠮᠠᠨ᠎ᠤ ᠣᠷᠣᠨ᠎ᠤ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌ ᠡᠭᠦᠷᠭᠡ ᠠᠷᠭ᠎ᠠ ᠬᠡᠮᠵᠢᠶ᠎ᠡ᠎ᠶ᠋ᠢ ᠥᠨᠳᠥᠷ ᠪᠠᠷᠢᠮᠵᠢᠶ᠎ᠠ᠎ᠪᠠᠷ ᠳᠤᠷᠠᠳᠤᠨ ᠭᠠᠷᠭᠠᠨ᠎ᠠ᠃ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢ ᠴᠢᠩᠭᠠᠳᠭᠠᠵᠤ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠣᠯᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ 《ᠬᠤᠶᠠᠷ ᠬᠠᠯᠬᠠᠪᠴᠢ》᠂ 《ᠬᠤᠶᠠᠷ ᠰᠠᠭᠤᠷᠢᠨ》 ᠪᠣᠯᠤᠨ 《ᠨᠢᠭᠡ ᠪᠠᠬᠢᠯᠡᠯᠲᠡ》 ᠶ᠋ᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠬᠦᠯᠬᠦ᠌᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠰᠠᠢᠲᠤᠷ ᠵᠠᠮᠨᠠᠨ᠎ᠠ᠃
ᠭᠤᠷᠪᠠ᠎ᠳᠤ᠂ ᠠᠷᠠᠳ ᠲᠦᠮᠡᠨ᠎ᠢᠶᠠᠷ ᠭᠤᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠲᠤ ᠪᠤᠢ ᠪᠣᠯᠭᠠᠨ᠎ᠠ᠃ ᠣᠯᠠᠨ ᠲᠦᠮᠡᠨ᠎ᠤ ᠵᠣᠭ᠍ᠰᠣᠯᠲᠠ᠂ ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠳᠠᠯᠠᠵᠥ᠍᠂ ᠱᠢᠨ᠎ᠡ ᠴᠠᠭ ᠦᠶ᠎ᠡ᠎ᠶ᠋ᠢᠨ ᠨᠠᠮ᠎ᠤᠨ ᠣᠯᠠᠨ ᠲᠦᠮᠡᠨᠴᠢ ᠱᠤᠭᠤᠮ᠎ᠢᠶᠠᠷ ᠰᠠᠢᠲᠤᠷ ᠵᠠᠮᠨᠠᠵᠥ᠍᠂ ᠠᠷᠠᠳ᠎ᠤᠨ ᠠᠮᠢᠳᠤᠷᠠᠯ᠎ᠤᠨ ᠠᠩᠬᠠᠷᠴᠤ᠌ ᠪᠠᠢᠢᠭ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠥ᠍᠂ ᠳᠤᠲᠠᠭᠤᠳᠠᠯ ᠪᠠ ᠪᠠᠭᠤᠷᠠᠶ ᠲᠠᠯ᠎ᠠ᠎ᠪᠠᠨ ᠨᠥᠬᠦᠪᠥᠷᠢᠯᠡᠵᠥ᠍᠂ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠤ ᠦᠨᠳᠦᠰᠦᠨ ᠠᠱᠢᠭ ᠲᠤᠰᠠ᠎ᠶ᠋ᠢ ᠰᠠᠢᠲᠤᠷ ᠪᠡᠶᠡᠯᠡᠭᠦᠯᠬᠦ᠂ ᠰᠠᠢᠲᠤᠷ ᠬᠠᠮᠠᠭᠠᠯᠠᠬᠤ᠂ ᠰᠠᠢᠲᠤᠷ ᠬᠥᠭ᠌ᠵᠢᠭᠦᠯᠬᠦ᠌᠎ᠶ᠋ᠢ ᠦᠨᠡᠨ ᠬᠦ᠌ ᠲᠡᠷᠢᠭᠦᠨ ᠪᠠᠢᠷᠢᠨ᠎ᠳᠤ ᠲᠠᠯᠪᠢᠵᠥ᠍᠂ ᠦᠨᠳᠦᠰᠦᠨ ᠱᠠᠲᠤᠨ᠎ᠤ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ ᠵᠢᠷᠭᠠᠯᠲᠤ ᠲᠥᠷᠥᠭ᠌ᠳᠡᠯ ᠠᠮᠤᠷ ᠲᠦᠪᠱᠢᠨ᠎ᠤ ᠲᠥᠷᠥᠭ᠌ᠳᠡᠯ᠎ᠢ ᠲᠠᠰᠤᠷᠠᠯᠲᠠ ᠦᠭᠡᠢ ᠨᠡᠮᠡᠭ᠌ᠳᠡᠭᠦᠯᠵᠥ᠍᠂ ᠬᠥᠭ᠌ᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠢᠬᠤ ᠠᠰᠠᠭᠤᠳᠠᠯ ᠪᠠ ᠠᠷᠠᠳ ᠤᠯᠠᠨ᠎ᠤ 《ᠪᠠᠴᠢᠮᠳᠡᠵᠥ᠍ ᠳᠦᠪᠡᠭ᠌ᠳᠡᠵᠥ᠍ ᠵᠤᠪᠠᠨᠢᠵᠥ᠍ ᠬᠦᠰᠡᠵᠥ᠍》 ᠪᠠᠢᠢᠭ᠎ᠠ ᠠᠰᠠᠭᠤᠳᠠᠯ᠎ᠢ ᠰᠡᠳᠭᠢᠯ ᠲᠠᠯᠪᠢᠨ ᠬᠦᠴᠦ᠍ ᠲᠠᠯᠪᠢᠨ ᠱᠢᠢᠳᠪᠦᠷᠢᠯᠡᠵᠥ᠍᠂ ᠰᠤᠷᠭᠠᠨ ᠬᠥᠮᠦᠵᠢᠯ᠎ᠢᠶᠠᠷ ᠤᠯᠤᠰ᠎ᠢᠶᠠᠨ ᠬᠦᠴᠦᠷᠬᠡᠭ᠌ᠵᠢᠭᠦᠯᠬᠦ᠌᠎ᠶ᠋ᠢ ᠠᠬᠢᠭᠤᠯᠬᠤ ᠢᠨᠵᠧᠨᠧᠷᠢᠩ᠎ᠢ ᠶᠡᠬᠡᠪᠡᠷ ᠬᠡᠷᠡᠭ᠌ᠵᠢᠭᠦᠯᠵᠥ᠍᠂ ᠰᠠᠭᠤᠷᠢ ᠰᠤᠷᠭᠠᠨ ᠬᠥᠮᠦᠵᠢᠯ᠎ᠢᠶᠠᠷ ᠶᠠᠳᠠᠭᠤ᠎ᠠᠴᠠ ᠠᠩᠭᠢᠵᠢᠷᠠᠭᠤᠯᠤᠭ᠍ᠰᠠᠨ ᠦᠷ᠎ᠡ ᠪᠦᠲᠦᠭᠡᠯ᠂ ᠠᠵᠢᠯ ᠮᠡᠷᠭᠡᠵᠢᠯ᠎ᠤᠨ ᠰᠤᠷᠭᠠᠨ ᠬᠥᠮᠦᠵᠢᠯ᠎ᠤᠨ ᠦᠶ᠋ᠯᠡᠳᠪᠦᠷᠢᠯᠡᠯ ᠵᠢᠭᠠᠨ ᠰᠤᠷᠭᠠᠯᠲᠠ᠎ᠶ᠋ᠢᠨ ᠠᠭᠤᠰᠤᠯᠴᠠᠯ᠂ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠤᠨ ᠠᠭᠤᠯᠤᠭ᠍ᠳᠠᠬᠤᠨ᠎ᠤ ᠬᠥᠭ᠌ᠵᠢᠯᠲᠡ ᠵᠡᠷᠭᠡ ᠰᠤᠷᠭᠠᠨ ᠬᠥᠮᠦᠵᠢᠯ᠎ᠤᠨ ᠰᠠᠭᠤᠷᠢ ᠳᠦᠬᠦᠬᠡᠷᠤᠮᠵᠢ᠎ᠶ᠋ᠢᠨ ᠲᠥᠷᠥᠯ ᠵᠦᠶ᠋ᠯ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠤᠨ ᠪᠠᠬᠢᠵᠢᠬᠦᠯᠦᠨ᠎ᠡ; ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠣᠳᠣᠬᠢᠴᠢᠯᠠᠭ᠍ᠰᠠᠨ ᠱᠢᠰᠲ᠋ᠧᠮ᠂ ᠤᠯᠤᠰ᠎ᠤᠨ ᠬᠦᠨᠳᠦ ᠶᠡᠭᠡ ᠬᠠᠯᠳᠠᠪᠤᠷᠢᠲᠤ ᠡᠪᠡᠳᠴᠢᠨ᠎ᠢ ᠰᠡᠷᠭᠡᠢᠯᠡᠨ ᠵᠠᠰᠠᠬᠤ ᠰᠠᠭᠤᠷᠢᠨ᠎ᠤ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ᠎ᠡ; ᠣᠷᠣᠨ ᠪᠦᠰᠡ᠎ᠶ᠋ᠢᠨ ᠡᠮ ᠡᠮᠨᠡᠯᠬᠡ᠎ᠶ᠋ᠢᠨ ᠲᠥᠪ᠂ ᠮᠤᠵᠢ᠎ᠶ᠋ᠢᠨ ᠬᠡᠪᠴᠢᠶᠡᠨ᠎ᠤ ᠱᠢᠯᠢᠳᠡᠭ ᠡᠮ ᠡᠮᠨᠡᠯᠬᠡ᠎ᠶ᠋ᠢᠨ ᠡᠬᠢ ᠪᠠᠶᠠᠯᠢᠭ᠎ᠤᠨ ᠪᠠᠭ᠍ᠲᠠᠭᠠᠮᠵᠢ᠎ᠶ᠋ᠢ ᠥᠷᠭᠡᠳᠭᠡᠵᠥ᠍ ᠦᠨᠳᠦᠰᠦᠨ ᠱᠠᠳᠤᠨ᠎ᠳᠤ ᠪᠠᠭᠤᠯᠭᠠᠬᠤ ᠵᠡᠷᠭᠡ ᠠᠯᠪᠠᠨ᠎ᠠᠴᠠ ᠪᠠᠢᠭᠤᠯᠤᠭ᠍ᠰᠠᠨ ᠡᠮᠨᠡᠯᠭᠡ᠎ᠶ᠋ᠢᠨ ᠬᠤᠷᠢᠶᠠᠨ᠎ᠤ ᠴᠢᠨᠠᠷ ᠰᠠᠢᠲᠠᠶ ᠬᠥᠭ᠌ᠵᠢᠯᠲᠡ᠎ᠶ᠋ᠢᠨ ᠢᠨᠵᠧᠨᠧᠷᠢᠩ᠎ᠢ ᠠᠬᠢᠭᠤᠯᠤᠨ᠎ᠠ; ᠣᠶᠣᠨ ᠮᠡᠳᠡᠷᠡᠯ᠎ᠤᠨ ᠡᠷᠡᠭᠦᠯ ᠬᠠᠮᠠᠭᠠᠯᠠᠯ᠂ ᠡᠷᠡᠭᠦᠯᠵᠢᠯ᠎ᠤᠨ ᠡᠮ ᠡᠮᠨᠡᠯᠬᠡ᠂ ᠬᠢᠲᠠᠳ ᠡᠮ ᠡᠮᠨᠡᠯᠭᠡ᠎ᠶ᠋ᠢ ᠤᠯᠠᠮᠵᠢᠯᠠᠨ ᠵᠠᠯᠭᠠᠮᠵᠢᠯᠠᠵᠤ ᠱᠢᠨ᠎ᠡ᠎ᠶ᠋ᠢ ᠡᠭᠦᠳᠬᠦ᠌ ᠵᠡᠷᠭᠡ ᠡᠷᠡᠭᠦᠯ ᠮᠡᠨᠳᠦ᠎ᠶ᠋ᠢᠨ ᠦᠢᠯᠡᠴᠢᠯᠡᠭᠡ᠎ᠶ᠋ᠢᠨ ᠳᠤᠲᠠᠭᠤᠳᠠᠯ᠎ᠢ ᠨᠥᠬᠦᠪᠥᠷᠢᠯᠡᠬᠦ᠌ ᠢᠨᠵᠧᠨᠧᠷᠢᠩ᠎ᠢ ᠢᠳᠡᠪᠬᠢᠲᠡᠢ ᠠᠬᠢᠭᠤᠯᠤᠨ᠎ᠠ; ᠨᠡᠢᠭᠡᠮ᠎ᠤᠨ ᠠᠰᠠᠷᠠᠮᠵᠢ᠂ ᠴᠡᠷᠢᠭ᠎ᠤᠨ ᠠᠯᠪᠠᠨ᠎ᠠᠴᠠ ᠬᠠᠯᠠᠬ᠍ᠳᠠᠬ᠍ᠰᠠᠳ᠂ ᠵᠡᠮᠳᠡᠭ᠌ᠴᠦᠳ᠎ᠤᠨ ᠦᠢᠯᠡᠴᠢᠯᠡᠭᠡᠨ᠎ᠤ ᠲᠥᠬᠦᠭᠡᠷᠦᠮᠵᠢ ᠵᠡᠷᠭᠡ ᠨᠡᠢᠭᠡᠮ᠎ᠤᠨ ᠦᠢᠯᠡᠴᠢᠯᠡᠭᠡᠨ᠎ᠤ ᠦᠨᠳᠦᠰᠦᠨ ᠵᠦᠢᠯ᠎ᠢ ᠪᠠᠲᠤᠯᠠᠬᠤ ᠢᠨᠵᠧᠨᠧᠷᠢᠩ ᠵᠡᠷᠭᠡ ᠨᠢᠭᠡ ᠪᠦᠯᠦᠭ ᠨᠡᠢᠭᠡᠮ ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠤᠨ ᠪᠠᠢᠭᠤᠯᠤᠯᠲᠠ᠎ᠶ᠋ᠢ ᠲᠦᠷᠭᠡᠳᠭᠡᠨ᠎ᠡ᠃ ᠨᠤᠲᠤᠭ᠎ᠲᠠᠭᠠᠨ ᠪᠤᠴᠠᠵᠤ ᠦᠢᠯᠡᠰ ᠪᠤᠰᠭᠠᠬᠤ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠠᠵᠢᠯ ᠣᠯᠭᠤᠯᠲᠠ᠎ᠶ᠋ᠢ ᠦᠨᠡᠨ ᠬᠦ᠌ ᠲᠣᠭ᠍ᠲᠠᠪᠤᠷᠢᠵᠢᠭᠤᠯᠤᠨ᠎ᠠ᠃ ᠵᠠᠬ᠎ᠠ ᠳᠡᠯᠭᠡᠭᠦᠷ᠎ᠤᠨ ᠬᠠᠩᠭᠠᠯᠭ᠎ᠠ᠎ᠶ᠋ᠢ ᠪᠠᠲᠤᠯᠠᠵᠤ ᠦᠨ᠎ᠡ ᠬᠠᠩᠰᠢ᠎ᠶ᠋ᠢ ᠲᠣᠭ᠍ᠲᠠᠪᠤᠷᠢᠵᠢᠭᠤᠯᠬᠤ ᠠᠵᠢᠯ᠎ᠢ ᠰᠠᠢᠲᠤᠷ ᠬᠢᠵᠦ᠍᠂ ᠬᠦᠴᠢᠷᠳᠡᠯᠲᠡᠶ ᠬᠥᠮᠦᠰ᠎ᠤᠨ ᠲᠣᠰ ᠪᠡᠶ᠎ᠡ᠎ᠶ᠋ᠢᠨ ᠠᠱᠢᠭ ᠲᠤᠰᠠ᠎ᠶ᠋ᠢ ᠬᠠᠮᠠᠭᠠᠯᠠᠵᠤ᠂ ᠪᠥᠬᠦ᠌ ᠠᠷᠠᠳ ᠲᠦᠮᠡᠨ᠎ᠤ ᠬᠠᠮᠲᠤ᠎ᠪᠠᠷ ᠴᠢᠨᠡᠭᠡᠯᠢᠭ᠌ᠵᠢᠬᠦ᠌᠎ᠶ᠋ᠢᠨ ᠨᠠᠩ ᠢᠯᠡᠷᠬᠡᠶ ᠴᠢᠨᠡᠷ᠎ᠤᠨ ᠬᠤᠪᠢᠷᠠᠯᠳᠠ᠎ᠲᠠᠢ ᠪᠤᠯᠬᠤ᠎ᠶ᠋ᠢ ᠠᠬᠢᠭᠤᠯᠤᠨ᠎ᠠ᠃
ᠲᠦᠷᠪᠡ᠎ᠳᠤ᠂ ᠨᠠᠮ᠎ᠤᠨ ᠪᠠᠢᠭᠤᠯᠤᠯᠲᠠ᠎ᠶ᠋ᠢ ᠦᠷᠭᠦᠯᠵᠢᠯᠡᠨ ᠲᠠᠰᠤᠷᠠᠯᠳᠠ ᠦᠭᠡᠢ ᠴᠢᠩᠭᠠᠳᠭᠠᠨ᠎ᠠ᠃ ᠱᠢᠨ᠎ᠡ ᠴᠠᠭ ᠦᠶ᠎ᠡ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠶᠡᠷᠦᠩᠬᠡᠢ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠨᠠᠮ᠎ᠤᠨ ᠤᠯᠤᠰ ᠲᠦᠷᠦ᠎ᠶ᠋ᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠤᠭᠤᠳᠤᠭᠤᠯᠵᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠡᠷᠡᠯ᠎ᠢ ᠡᠰᠡᠷᠭᠦᠴᠡᠬᠦ᠌ ᠠᠵᠢᠯ᠎ᠢ ᠡᠷᠡᠰ ᠭᠤᠢᠪᠢᠰᠢ ᠦᠭᠡᠢ ᠠᠬᠢᠭᠤᠯᠤᠨ᠎ᠠ᠃ ᠰᠠᠬᠢᠯᠭ᠎ᠠ ᠪᠠᠲᠤ᠎ᠶ᠋ᠢ ᠵᠢᠷᠤᠮᠯᠠᠨ ᠬᠠᠤᠯᠢ ᠴᠠᠭᠠᠵᠠ᠎ᠶ᠋ᠢ ᠰᠠᠬᠢᠵᠤ᠂ ᠠᠷᠢᠭᠤᠨ ᠴᠢᠬᠡᠴᠢ᠎ᠪᠠᠷ ᠠᠯᠪᠠᠨ᠎ᠳᠤ ᠦᠢᠯᠡᠴᠢᠯᠡᠵᠦ᠍᠂ ᠰᠤᠷᠲᠠᠯ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠬᠤ᠎ᠶ᠋ᠢ ᠴᠥᠬᠦᠷᠡᠰᠢ ᠦᠭᠡᠢ ᠪᠠᠷᠢᠮᠲᠠᠯᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠡᠷᠡᠰ ᠡᠰᠡᠷᠭᠦᠴᠡᠵᠦ᠍᠂ ᠰᠤᠷᠲᠠᠯ ᠴᠢᠬᠡᠴᠢ ᠣᠪᠣᠷ ᠲᠥᠪ ᠰᠠᠢᠨ ᠰᠠᠢᠬᠠᠨ ᠤᠯᠤᠰ ᠲᠦᠷᠦ᠎ᠶ᠋ᠢᠨ ᠠᠮᠢ ᠠᠬᠤᠢ᠎ᠶ᠋ᠢ ᠪᠠᠬᠢᠵᠢᠭᠦᠯᠦᠨ ᠬᠥᠭ᠌ᠵᠢᠭᠦᠯᠤᠨ᠎ᠠ᠃ ᠲᠡᠦᠬᠡᠨ ᠡᠭᠦᠷᠭᠡᠲᠦ ᠪᠤᠳᠤᠯ ᠲᠤᠯᠭᠠᠮ ᠰᠡᠳᠭᠢᠯᠭᠡ ᠬᠠᠷᠢᠭᠤᠴᠠᠯᠭᠠᠲᠤ ᠰᠡᠳᠭᠢᠯᠭᠡ᠎ᠪᠠᠨ ᠴᠢᠩᠭᠠᠳᠭᠠᠵᠤ᠂ ᠠᠵᠢᠯ ᠬᠢᠵᠦ᠍ ᠦᠢᠯᠡᠰ ᠪᠤᠰᠭᠠᠬᠤ ᠤᠷᠮ᠎ᠠ ᠵᠤᠷᠢᠬ᠎ᠢᠶᠠᠨ ᠳᠡᠭᠡᠭ᠌ᠰᠢᠯᠡᠭᠦᠯᠵᠦ᠍᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠡᠯ᠎ᠡ ᠵᠦᠢᠯ᠎ᠤᠨ ᠠᠶᠤᠯ ᠲᠦᠭ᠌ᠰᠢᠭᠦᠷᠢ ᠪᠠ ᠥᠷᠢᠰᠥᠯᠳᠦᠭᠡᠨ᠎ᠢ ᠢᠳᠡᠪᠬᠢᠲᠡᠢ ᠠᠷᠭᠠᠴᠠᠭᠠᠵᠤ᠂ ᠱᠢᠷᠭᠠᠭᠤ ᠠᠵᠢᠯᠯᠠᠵᠤ ᠪᠣᠳᠠᠲᠠᠢ ᠠᠵᠢᠯᠯᠠᠵᠤ᠂ ᠵᠠᠮ ᠨᠡᠭᠡᠭᠡᠨ ᠱᠢᠨ᠎ᠡ᠎ᠶ᠋ᠢ ᠡᠭᠦᠳᠴᠦ᠍᠂ ᠨᠠᠮ᠎ᠳᠠᠭᠠᠨ ᠣᠰᠣᠯᠳᠠᠬᠤ ᠦᠭᠡᠢ᠂ ᠠᠷᠠᠳ ᠲᠦᠮᠡᠨ᠎ᠳᠡᠭᠡᠨ ᠣᠰᠣᠯᠳᠠᠬᠤ ᠦᠭᠡᠢ᠂ ᠴᠠᠭ ᠦᠶ᠎ᠡ᠎ᠳᠤ ᠣᠰᠣᠯᠳᠠᠬᠤ ᠦᠭᠡᠢ ᠠᠮᠵᠢᠯᠲᠠ ᠪᠦᠲᠦᠮᠵᠢ᠎ᠶ᠋ᠢ ᠴᠢᠷᠮᠠᠢᠨ ᠡᠭᠦᠳᠤᠨ᠎ᠠ᠃
ᠲᠠᠪᠤ᠎ᠳᠤ᠂ ᠠᠭᠤᠤ ᠶᠡᠭᠡ ᠨᠠᠮ ᠪᠠᠢᠭᠤᠯᠬᠤ ᠵᠣᠷᠢᠭ ᠰᠠᠨᠠᠭ᠎ᠠ᠎ᠶ᠋ᠢ ᠶᠡᠭᠡ᠎ᠪᠠᠷ ᠪᠠᠳᠠᠷᠠᠭᠤᠯᠤᠨ᠎ᠠ᠃ 100 ᠵᠢᠯ᠎ᠤᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠭ᠎ᠠ᠎ᠠᠴᠠ᠎ᠪᠠᠨ ᠶᠡᠭᠡ ᠪᠤᠯᠵᠤ᠂ ᠪᠠᠭᠤᠷᠠᠢ᠎ᠠᠴᠠ᠎ᠪᠠᠨ ᠬᠦᠴᠦᠷᠬᠡᠭ ᠪᠤᠯᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠲᠡᠦᠬᠡ᠎ᠶ᠋ᠢᠨ ᠠᠭᠤᠤ ᠦᠢᠯᠡᠰ᠎ᠢ ᠲᠠᠰᠤᠷᠠᠯᠳᠠ ᠦᠭᠡᠢ ᠡᠭᠦᠳᠦᠨ ᠪᠦᠲᠦᠭᠡᠵᠦ᠍ ᠴᠢᠳᠠᠭ᠍ᠰᠠᠨ᠎ᠨᠢ ᠠᠭᠤᠤ ᠶᠡᠭᠡ ᠬᠤᠪᠢᠰᠭᠠᠯ᠎ᠤᠨ ᠶᠠᠪᠤᠴᠠ᠎ᠳᠤ ᠦᠨᠡᠨ ᠶᠣᠰᠣ᠎ᠶ᠋ᠢ ᠪᠠᠷᠢᠮᠲᠠᠯᠠᠵᠥ᠍᠂ ᠬᠦᠰᠡᠯᠡᠩ᠎ᠢᠶᠠᠨ ᠪᠠᠲᠤ ᠰᠠᠬᠢᠵᠤ᠂ ᠤᠭ ᠰᠠᠨᠠᠭ᠎ᠠ᠎ᠪᠠᠨ ᠦᠢᠯᠡᠳᠦᠯᠭᠡᠵᠢᠭᠦᠯᠵᠥ᠍᠂ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠥ᠍᠂ ᠦᠷᠡᠭ᠌ᠳᠡᠯ ᠰᠦᠢᠳᠦᠯ᠎ᠠᠴᠠ ᠠᠶᠤᠬᠤ ᠦᠭᠡᠢ᠂ ᠡᠷᠡᠯᠬᠡᠭ ᠪᠠᠭᠠᠲᠤᠷᠯᠢᠭ᠎ᠢᠶᠠᠷ ᠲᠡᠮᠡᠴᠡᠬᠦ᠂ ᠨᠠᠮ᠎ᠳᠠᠭᠠᠨ ᠦᠨᠡᠨᠴᠢ ᠱᠢᠳᠤᠷᠭᠤ᠂ ᠠᠷᠠᠳ ᠲᠦᠮᠡᠨ᠎ᠳᠡᠭᠡᠨ ᠣᠰᠣᠯᠳᠠᠬᠤ ᠦᠭᠡᠢ ᠠᠭᠤᠤ ᠶᠡᠭᠡ ᠨᠠᠮ ᠪᠠᠢᠭᠤᠯᠬᠤ ᠵᠣᠷᠢᠭ ᠰᠠᠨᠠᠭ᠎ᠠ᠎ᠶ᠋ᠢ ᠪᠦᠷᠢᠯᠳᠦᠭᠦᠯᠦᠭ᠌ᠰᠡᠨ ᠪᠥᠭᠡᠳ ᠲᠠᠰᠤᠷᠠᠯᠳᠠ ᠦᠭᠡᠢ ᠪᠠᠳᠠᠷᠠᠭᠤᠯᠵᠤ᠂ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠶᠤᠨ ᠰᠠᠨᠠᠭᠠᠨ᠎ᠤ ᠴᠠᠳᠢᠭ᠎ᠢ ᠪᠠᠢᠭᠤᠯᠵᠤ᠂ ᠢᠯᠡ ᠲᠣᠳᠣ ᠤᠯᠤᠰ ᠲᠦᠷᠦ᠎ᠶ᠋ᠢᠨ ᠬᠡᠪ ᠴᠢᠨᠠᠷ᠎ᠢ ᠳᠠᠪᠲᠠᠨ ᠪᠣᠯᠪᠠᠰᠤᠷᠠᠭᠤᠯᠤᠭ᠍ᠰᠠᠨ᠎ᠠᠴᠠ ᠪᠣᠯᠤᠭ᠍ᠰᠠᠨ ᠶᠤᠮ᠃ ᠢᠷᠡᠭᠡᠳᠦᠢ᠎ᠪᠠᠨ ᠪᠠᠷᠠᠯᠠᠬᠤᠶ᠎ᠠ᠂ ᠪᠢᠳᠡ ᠢᠷᠠᠭᠤ ᠠᠯᠳᠠᠷᠲᠤ ᠤᠯᠠᠮᠵᠢᠯᠠᠯ᠎ᠢᠶᠠᠨ ᠦᠷᠭᠦᠯᠵᠢᠯᠡᠨ ᠪᠠᠳᠠᠷᠠᠭᠤᠯᠵᠤ᠂ ᠬᠤᠪᠢᠰᠭᠠᠯ᠎ᠤᠨ ᠠᠮᠢᠨ ᠰᠤᠳᠠᠰᠤ᠎ᠶ᠋ᠢ ᠦᠷᠭᠦᠯᠵᠢᠯᠡᠨ ᠵᠠᠯᠭᠠᠮᠵᠢᠯᠠᠵᠤ᠂ ᠡᠷᠡᠰ ᠭᠤᠢᠪᠢᠰᠢ ᠦᠭᠡᠢ᠎ᠪᠠᠷ ᠠᠭᠤᠤ ᠶᠡᠭᠡ ᠨᠠᠮ ᠪᠠᠢᠭᠤᠯᠬᠤ ᠵᠣᠷᠢᠭ ᠰᠠᠨᠠᠭ᠎ᠠ᠎ᠶ᠋ᠢ ᠤᠯᠠᠮᠵᠢᠯᠠᠨ ᠵᠠᠯᠭᠠᠮᠵᠢᠯᠠᠵᠥ᠍᠂ ᠪᠠᠳᠠᠷᠠᠭᠤᠯᠤᠨ ᠳᠡᠯᠭᠡᠷᠡᠭᠦᠯᠵᠦ᠍᠂ ᠱᠢᠨ᠎ᠡ ᠪᠠᠢᠳᠠᠯ᠎ᠳᠤ ᠵᠣᠬᠢᠴᠠᠨ᠂ ᠱᠢᠨ᠎ᠡ ᠥᠷᠢᠰᠥᠯᠳᠦᠭᠡᠨ᠎ᠢ ᠤᠭ᠍ᠲᠤᠵᠤ᠂ ᠱᠢᠨ᠎ᠡ ᠠᠰᠠᠭᠤᠳᠠᠯ᠎ᠢ ᠱᠢᠢᠳᠪᠦᠷᠢᠯᠡᠵᠦ᠍᠂ ᠡᠭᠦᠷᠢᠳᠡ ᠦᠯᠦ᠍ ᠴᠠᠯᠠᠭᠠᠢᠷᠠᠬᠤ ᠤᠶᠤᠨ ᠰᠠᠨᠠᠭᠠᠨ᠎ᠤ ᠳᠦᠷᠰᠦ ᠪᠠᠢᠳᠠᠯ ᠪᠣᠯᠤᠨ ᠴᠤᠴᠠᠯᠲᠠ ᠦᠭᠡᠢ ᠤᠷᠤᠭ᠍ᠰᠢᠯᠠᠬᠤ ᠲᠡᠮᠡᠴᠡᠯ᠎ᠤᠨ ᠳᠦᠷᠰᠦ ᠪᠠᠢᠳᠠᠯ᠎ᠢᠶᠠᠷ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ ᠲᠡᠢᠰᠢ ᠡᠷᠡᠮᠡᠬᠡᠢᠯᠡᠨ ᠤᠷᠤᠭ᠍ᠰᠢᠯᠠᠨ᠎ᠠ ᠬᠡᠵᠥ᠍ ᠢᠯᠡᠳᠭᠡᠪᠡ᠃