ᠱᠢᠨᠵᠢᠯᠡᠬᠦ᠌ ᠤᠬᠠᠭᠠᠨ᠎ᠤ ᠤᠷᠠᠨ ᠰᠡᠳᠭᠢᠮᠵᠢ᠎ᠲᠦ ᠭᠠᠳᠠᠷ ᠬᠡᠯᠪᠡᠷᠢ᠂ 5G ᠮᠡᠷᠭᠡᠵᠢᠯ᠂ ᠵᠢᠯᠣᠭᠤᠴᠢ ᠥᠬᠡᠶ ᠮᠡᠷᠭᠡᠵᠢᠯ᠎ᠤᠨ ᠶᠡᠭᠡ ᠴᠤᠭ᠍ᠯᠠᠷᠠᠯ ᠁ ᠳᠤᠮᠳᠠᠳᠤ ᠤᠯᠤᠰ᠎ᠤᠨ ᠢ ᠲᠦᠸᠧ ᠪᠦᠯᠦᠭ᠌ᠯᠡᠯ᠎ᠳᠤ ᠬᠢᠵᠠᠭᠠᠷᠲᠤ ᠺᠣᠮᠫᠠᠨᠢ᠎ᠶ᠋ᠢᠨ ᠰᠤᠳᠤᠯᠤᠨ ᠨᠡᠭᠡᠭᠡᠬᠦ᠌᠎ᠳᠤ ᠣᠷᠣᠯᠴᠠᠭ᠍ᠰᠠᠨ ᠤᠯᠤᠰ᠎ᠤᠨ ᠳᠣᠲᠣᠭᠠᠳᠤ᠎ᠶ᠋ᠢᠨ ᠠᠩᠬᠠᠳᠠᠭ᠍ᠴᠢ 5G+ ᠤᠰᠤᠲᠥ᠋ᠷᠥᠭ᠌ᠴᠢ ᠲᠦᠯᠡᠰᠢ ᠪᠦ᠍ᠬᠦᠢ ᠵᠢᠯᠣᠭᠤᠴᠢ ᠥᠬᠡᠶ ᠴᠠᠬᠢᠯᠭᠠᠨ ᠬᠥᠳᠡᠯᠭᠡᠭᠦᠷᠲᠦ ᠲᠷᠠᠺᠲ᠋ᠣᠷ ᠣᠢᠷ᠎ᠠ᠎ᠳᠤ ᠶᠡᠭᠡ ᠬᠠᠯᠠᠭᠤᠷᠠᠯ ᠪᠤᠯᠪᠠ᠃
《ᠠᠷᠪᠠᠨ ᠬᠡᠳᠦᠨ ᠵᠢᠯ᠎ᠤᠨ ᠡᠮᠦᠨ᠎ᠡ᠎ᠠᠴᠠ ᠡᠬᠢᠯᠡᠨ ᠪᠢᠳᠡ ᠠᠦ᠋ᠲ᠋ᠣ᠋᠎ᠪᠠᠷ ᠵᠢᠯᠣᠭᠤᠳᠭᠤ ᠲᠷᠠᠺᠲ᠋ᠣᠷ᠎ᠤᠨ ᠰᠤᠳᠤᠯᠭᠠᠨ ᠬᠢᠵᠦ᠍᠂ ᠠᠵᠢᠯ᠎ᠤᠨ ᠨᠠᠷᠢᠯᠢᠭ᠍ᠴᠠ ᠨᠢᠭᠡᠨᠲᠡ ᠰᠠᠨᠲ᠋ᠢᠮᠧᠲᠷ᠎ᠤᠨ ᠲᠠᠰ᠎ᠲᠤ ᠬᠦᠷᠴᠡᠶ》᠃ ᠳᠤᠮᠳᠠᠳᠤ ᠤᠯᠤᠰ᠎ᠤᠨ ᠢ ᠲᠦᠸᠧ ᠮᠡᠷᠭᠡᠵᠢᠯ᠎ᠤᠨ ᠬᠤᠯᠪᠣᠭ᠍ᠳᠠᠯ ᠪᠦᠬᠦᠢ ᠬᠠᠷᠢᠭᠤᠴᠠᠯᠭᠠᠲᠠᠨ ᠸᠠᠩ ᠳ᠋ᠦᠩ ᠴᠢᠩ ᠲᠠᠨᠢᠯᠴᠠᠭᠤᠯᠬᠤ᠎ᠳᠤ᠎ᠪᠠᠨ᠂ ᠮᠠᠨ᠎ᠤ ᠺᠣᠮᠫᠠᠨᠢ᠎ᠶ᠋ᠢᠨ ᠰᠤᠳᠤᠯᠤᠨ ᠦᠢᠯᠡᠳᠦᠭ᠌ᠰᠡᠨ ᠤᠶᠤᠨᠲᠤ ᠲᠣᠨᠣᠭ᠍ᠯᠠᠯ ᠨᠢᠭᠡᠨᠲᠡ ᠮᠠᠰᠢ ᠰᠠᠢᠨ ᠬᠡᠷᠡᠭ᠌ᠯᠡᠭᠡᠨ᠎ᠤ ᠦᠷ᠎ᠡ ᠪᠦᠲᠦᠮᠵᠢ ᠣᠯᠵᠤ᠂ ᠬᠠᠷᠠᠮᠥ᠋ᠷᠡᠨ᠎ᠤ ᠴᠢ ᠱᠢᠩ ᠲᠠᠷᠢᠶᠠᠯᠠᠩ᠎ᠤᠨ ᠲᠠᠯᠠᠪᠠᠢ᠎ᠳᠤ᠂ ᠵᠢᠯᠣᠭᠤᠴᠢ ᠦᠭᠡᠢ ᠲᠷᠠᠺᠲ᠋ᠣᠷ ᠶᠡᠭᠡ ᠬᠡᠪᠴᠢᠶᠡᠨ᠎ᠤ ᠡᠷᠳᠡᠨᠢ ᠱᠢᠰᠢ ᠲᠠᠷᠢᠬᠤ ᠠᠵᠢᠯ ᠪᠣᠯᠤᠨ ᠤᠰᠤᠨ ᠲᠠᠷᠢᠶᠠᠨ᠎ᠤ ᠭᠠᠵᠠᠷ ᠲᠡᠭ᠌ᠰᠢᠯᠡᠬᠦ᠌ ᠠᠵᠢᠯ᠎ᠢ ᠤᠷᠤᠭ᠍ᠰᠢᠲᠠᠢ ᠪᠡᠶᠡᠯᠡᠭᠦᠯᠪᠡ ᠭᠡᠯᠡ᠃
ᠪᠡᠶ᠎ᠡ᠎ᠪᠠᠨ ᠳᠠᠭᠠᠭᠠᠵᠤ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠬᠤ ᠪᠣᠯ ᠠᠵᠤ ᠠᠬᠤᠢᠯᠠᠯ᠎ᠤᠨ ᠠᠮᠵᠢᠯᠲᠠ ᠤᠯᠬᠤ᠎ᠶ᠋ᠢᠨ ᠡᠷᠳᠡᠨᠢ ᠮᠥᠨ᠂ ᠪᠠᠰᠠ ᠴᠤ᠌ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠶ᠋ᠢᠨ ᠳᠣᠲᠣᠭᠠᠳᠤ ᠱᠠᠭᠠᠷᠳᠠᠯᠭ᠎ᠠ ᠮᠥᠨ᠃
ᠲᠦᠷᠦᠭᠦᠬᠡᠨ ᠬᠤᠷᠠᠯᠳᠤᠭ᠍ᠰᠠᠨ ᠨᠠᠮ᠎ᠤᠨ ᠲᠥᠪ ᠬᠤᠷᠢᠶᠠᠨ᠎ᠤ ᠤᠯᠤᠰ ᠲᠥᠷᠥ᠎ᠶ᠋ᠢᠨ ᠲᠣᠪᠴᠢᠶᠠᠨ᠎ᠤ ᠬᠤᠷᠠᠯ᠎ᠠᠴᠠ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠤᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠤᠶᠠᠨ ᠬᠠᠲᠠᠨ ᠴᠢᠨᠠᠷ᠎ᠢ ᠴᠢᠩᠭᠠᠳᠭᠠᠵᠤ᠂ ᠰᠠᠭᠤᠷᠢ ᠰᠤᠳᠤᠯᠭᠠᠨ᠎ᠢ ᠴᠢᠩᠭᠠᠳᠭᠠᠵᠤ᠂ ᠬᠡᠷᠡᠭ᠌ᠯᠡᠭᠡᠨ᠎ᠤ ᠰᠤᠳᠤᠯᠭᠠᠨ᠎ᠢ ᠠᠬᠢᠭᠤᠯᠵᠤ᠂ ᠬᠡᠯᠬᠢᠶ᠎ᠡ᠎ᠶ᠋ᠢ ᠨᠥᠬᠦᠪᠥᠷᠢᠯᠡᠵᠦ᠍ ᠬᠡᠯᠬᠢᠶ᠎ᠡ᠎ᠶ᠋ᠢ ᠴᠢᠩᠭᠠᠳᠭᠠᠬᠤ ᠲᠤᠰᠭᠠᠶ ᠠᠵᠢᠯᠯᠠᠭ᠎ᠠ ᠥᠷᠨᠢᠭᠦᠯᠵᠦ᠍᠂ 《 ᠪᠣᠭᠤᠮᠢ》 ᠶ᠋ᠢᠨ ᠬᠦᠴᠢᠷ ᠠᠰᠠᠭᠤᠳᠠᠯ᠎ᠢ ᠲᠦᠷᠬᠡᠨ ᠱᠢᠢᠳᠪᠦᠷᠢᠯᠡᠵᠦ᠍᠂ ᠲᠤᠰᠭᠠᠶ ᠨᠠᠷᠢᠯᠢᠭ ᠣᠨᠴᠠᠯᠢᠭ᠍ᠳᠤ ᠱᠢᠨ᠎ᠡ ᠳᠤᠮᠳᠠ ᠪᠠᠭ᠎ᠠ ᠠᠵᠤ ᠠᠬᠤᠢᠯᠠᠯ᠎ᠢ ᠬᠥᠭ᠌ᠵᠢᠭᠦᠯᠬᠦ᠌ ᠬᠡᠷᠡᠭ᠌ᠲᠡᠶ ᠭᠡᠵᠦ᠍ ᠱᠠᠭᠠᠷᠳᠠᠪᠠ᠃
ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠪᠠᠷ ᠠᠵᠤ ᠦᠢᠯᠡᠰ᠎ᠤᠨ ᠬᠥᠭ᠌ᠵᠢᠯᠲᠡ᠎ᠶ᠋ᠢ ᠬᠦᠳᠦᠯᠥᠨ ᠳᠠᠭᠠᠭᠤᠯᠬᠤ ᠲᠠᠯ᠎ᠠ᠎ᠪᠠᠷ ᠮᠠᠨ᠎ᠤ ᠤᠯᠤᠰ᠎ᠤᠨ ᠱᠢᠨ᠎ᠡ ᠬᠥᠳᠡᠯᠭᠡᠬᠦ᠌ ᠡᠨᠧᠷᠭᠢ᠎ᠶ᠋ᠢᠨ ᠬᠥᠭ᠌ᠵᠢᠯᠲᠡ᠎ᠶ᠋ᠢᠨ ᠪᠠᠢᠳᠠᠯ ᠶᠠᠭ ᠦᠷᠨᠢᠭᠦᠨ ᠪᠠᠢᠨ᠎ᠠ᠃ ᠡᠨᠡ ᠵᠢᠯ᠎ᠠᠴᠠ ᠨᠠᠭᠠᠰᠢ᠂ ᠮᠠᠨ᠎ᠤ ᠤᠯᠤᠰ᠎ᠤᠨ ᠱᠢᠨ᠎ᠡ ᠠᠵᠤ ᠦᠢᠯᠡᠰ᠂ ᠱᠢᠨ᠎ᠡ ᠡᠵᠡᠩᠨᠡᠯᠲᠡ᠎ᠶ᠋ᠢᠨ ᠬᠡᠯᠪᠡᠷᠢ ᠲᠦᠷᠭᠡᠨ᠎ᠢᠶᠠᠷ ᠬᠥᠭ᠌ᠵᠢᠵᠦ᠍᠂ ᠠᠵᠤ ᠠᠬᠤᠢ᠎ᠶ᠋ᠢᠨ ᠦᠷᠭᠦᠯᠵᠢᠯᠡᠨ ᠰᠡᠷᠭᠦᠬᠦ᠌᠎ᠳᠤ ᠠᠮᠢᠵᠢᠷᠠᠯ᠎ᠤᠨ ᠬᠦᠴᠦᠨ ᠨᠡᠮᠡᠷᠢᠯᠡᠪᠡ᠃
ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ ᠢᠯᠡᠷᠬᠡᠢ ᠪᠤᠯᠵᠤ᠂ ᠱᠢᠨ᠎ᠡ ᠠᠵᠤ ᠦᠢᠯᠡᠰ ᠱᠢᠨ᠎ᠡ ᠦᠢᠯᠡᠳᠬᠦᠨ ᠨᠡᠮᠡᠭ᠌ᠳᠡᠯ᠎ᠢᠶᠠᠨ ᠪᠠᠲᠤᠯᠠᠪᠠ
ᠳᠡᠭᠡᠷ᠎ᠡ ᠬᠠᠭᠠᠰ ᠵᠢᠯ᠎ᠳᠤ᠂ ᠬᠡᠪᠴᠢᠶᠡᠵᠢᠯ᠎ᠠᠴᠠ ᠳᠡᠭᠡᠭ᠌ᠰᠢᠬᠢ ᠳᠡᠭᠡᠳᠦ ᠮᠡᠷᠭᠡᠵᠢᠯ᠎ᠤᠨ ᠦᠢᠯᠡᠳᠬᠦ᠌ ᠦᠢᠯᠡᠰ᠎ᠤᠨ ᠨᠡᠮᠡᠭ᠌ᠳᠡᠯ ᠦᠷᠳᠡᠭ ᠬᠤᠶᠠᠷ ᠵᠢᠯ᠎ᠳᠤ ᠳᠤᠮᠳᠠᠴᠢ᠎ᠪᠠᠷ 13.2% ᠢᠶᠠᠷ ᠨᠡᠮᠡᠭ᠌ᠳᠡᠵᠦ᠍᠂ ᠨᠢᠭᠡᠳᠦᠭᠡᠷ ᠤᠯᠠᠷᠢᠯ᠎ᠤᠨ᠎ᠬᠢ᠎ᠠᠴᠠ ᠵᠠᠭᠤᠨ᠎ᠤ ᠬᠠᠷᠢᠴᠠᠯ᠎ᠢᠶᠠᠷ 0.9 ᠬᠤᠪᠢ ᠲᠦᠷᠭᠡᠳᠪᠡ᠃ 1 — 5 ᠳ᠋ᠤᠭᠠᠷ ᠰᠠᠷ᠎ᠠ ᠪᠣᠯᠲᠠᠯ᠎ᠠ᠂ ᠬᠡᠪᠴᠢᠶᠡᠵᠢᠯ᠎ᠠᠴᠠ ᠳᠡᠭᠡᠭ᠌ᠰᠢᠬᠢ ᠳᠡᠭᠡᠳᠦ ᠮᠡᠷᠭᠡᠵᠢᠯ᠎ᠤᠨ ᠦᠢᠯᠡᠴᠢᠯᠡᠭᠡᠨ᠎ᠤ ᠦᠢᠯᠡᠰ᠎ᠤᠨ ᠠᠵᠤ ᠠᠬᠤᠢᠯᠠᠯ᠎ᠤᠨ ᠠᠱᠢᠭ ᠤᠯᠵᠠᠪᠤᠷᠢ᠎ᠶ᠋ᠢᠨ ᠶᠡᠷᠦᠩᠬᠡᠶ ᠲᠤᠭ᠎ᠠ᠎ᠨᠢ ᠲᠡᠭᠡᠷ᠎ᠡ ᠵᠢᠯ᠎ᠤᠨ ᠠᠳᠠᠯᠢ ᠬᠤᠭᠤᠴᠠᠭᠠᠨ᠎ᠤ᠎ᠬᠢ᠎ᠠᠴᠠ 27.4% ᠪᠠᠷ ᠨᠡᠮᠡᠭ᠌ᠳᠡᠵᠦ᠍᠂ ᠬᠤᠶᠠᠷ ᠵᠢᠯ᠎ᠳᠤ ᠳᠤᠮᠳᠠᠴᠢ᠎ᠪᠠᠷ 12.5% ᠪᠠᠷ ᠨᠡᠮᠡᠭ᠌ᠳᠡᠵᠦ᠍᠂ ᠬᠡᠪᠴᠢᠶᠡᠵᠢᠯ᠎ᠠᠴᠠ ᠳᠡᠭᠡᠭ᠌ᠰᠢᠬᠢ ᠪᠥᠬᠦ᠌ ᠦᠢᠯᠡᠴᠢᠯᠡᠭᠡᠨ᠎ᠤ ᠦᠢᠯᠡᠰ᠎ᠠᠴᠠ ᠵᠠᠭᠤᠨ᠎ᠤ ᠬᠠᠷᠢᠴᠠᠯ᠎ᠢᠶᠠᠷ 4.2 ᠬᠤᠪᠢ ᠲᠦᠷᠭᠡᠨ ᠪᠣᠯᠪᠠ᠃
ᠠᠩᠬᠠᠷᠤᠭᠤᠱᠢᠲᠠᠶ᠎ᠨᠢ᠂ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠤ ᠦᠢᠯᠡᠳᠪᠦᠷᠢᠯᠡᠯ ᠪᠣᠷᠣᠯᠠᠭᠤᠯᠭ᠎ᠠ᠎ᠶ᠋ᠢᠨ ᠬᠡᠮᠵᠢᠶ᠎ᠡ ᠬᠦᠮᠦᠰ᠎ᠤᠨ ᠠᠩᠬᠠᠷᠤᠯ᠎ᠢ ᠲᠠᠲᠠᠵᠤ ᠪᠤᠢ᠃ ᠲᠡᠭᠡᠷ᠎ᠡ ᠬᠠᠭᠠᠰ ᠵᠢᠯ᠎ᠳᠤ᠂ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠤ ᠦᠢᠯᠡᠳᠪᠦᠷᠢᠯᠡᠯ ᠪᠣᠷᠣᠯᠠᠭᠤᠯᠭ᠎ᠠ ᠴᠥᠮ 120 ᠲᠦᠮᠡ᠎ᠶ᠋ᠢ ᠳᠠᠪᠠᠵᠤ᠂ ᠲᠣᠰ ᠲᠣᠰ 121.5 ᠲᠦᠮᠡ ᠪᠠ 120.6 ᠲᠦᠮᠡ᠎ᠳᠤ ᠬᠦᠷᠴᠦ᠍᠂ ᠲᠡᠭᠡᠷ᠎ᠡ ᠵᠢᠯ᠎ᠤᠨ ᠠᠳᠠᠯᠢ ᠬᠤᠭᠤᠴᠠᠭᠠᠨ᠎ᠤ᠎ᠬᠢ᠎ᠠᠴᠠ ᠴᠥᠮ 2 ᠳᠠᠬᠢᠨ ᠨᠡᠮᠡᠭ᠌ᠳᠡᠵᠡᠶ᠃ 2019 ᠣᠨ᠎ᠤ ᠠᠳᠠᠯᠢ ᠬᠤᠭᠤᠴᠠᠭᠠᠨ᠎ᠤ᠎ᠬᠢ᠎ᠲᠠᠢ ᠬᠠᠷᠢᠴᠠᠭᠤᠯᠪᠠᠯ᠂ ᠦᠢᠯᠡᠳᠪᠦᠷᠢᠯᠡᠯ ᠪᠣᠷᠣᠯᠠᠭᠤᠯᠭ᠎ᠠ᠎ᠨᠢ 94.4% ᠪᠠ 92.3% ᠪᠠᠷ ᠨᠡᠮᠡᠭ᠌ᠳᠡᠪᠡ᠃
ᠲᠤᠮᠳᠠᠳᠤ ᠤᠯᠤᠰ᠎ᠤᠨ ᠨᠢᠭᠡᠳᠦᠭᠡᠷ ᠮᠠᠱᠢᠨ ᠲᠡᠷᠭᠡᠨ᠎ᠤ ᠪᠦᠯᠦᠭ᠌ᠯᠡᠯ᠎ᠤᠨ ᠶᠡᠷᠦᠩᠬᠡᠶ ᠬᠡᠯᠲᠡᠰ᠎ᠤᠨ ᠰᠠᠭᠤᠭ᠎ᠠ ᠭᠠᠵᠠᠷ ᠪᠤᠯᠬᠤ ᠴᠠᠩᠴᠦ᠋ᠨ᠎ᠤ ᠮᠠᠱᠢᠨ ᠲᠡᠷᠭᠡᠨ᠎ᠤ ᠠᠵᠤ ᠠᠬᠤᠶ ᠮᠡᠷᠭᠡᠵᠢᠯ᠎ᠤᠨ ᠨᠡᠭᠡᠭᠡᠯᠲᠡ᠎ᠶ᠋ᠢᠨ ᠲᠤᠭᠤᠷᠢᠭᠲᠤ᠌᠂ ᠶᠡᠷᠦᠩᠬᠡᠶ ᠪᠡᠯᠡ ᠣᠷᠣᠭᠤᠯᠤᠯᠲᠠ᠎ᠨᠢ 80 ᠳ᠋ᠦᠩᠱᠢᠭᠤᠷ ᠲᠥᠭᠦᠷᠢᠭ᠎ᠤᠨ ᠬᠤᠩ ᠴᠢ ᠹᠠᠨ ᠷᠦᠩ ᠦᠢᠯᠡᠳᠪᠦᠷᠢ 10 ᠰᠠᠷ᠎ᠠ᠎ᠶ᠋ᠢᠨ ᠰᠡᠭᠦᠯᠴᠢ᠎ᠪᠠᠷ ᠠᠱᠢᠬ᠍ᠯᠠᠯᠲᠠ᠎ᠳᠤ ᠣᠷᠣᠨ᠎ᠠ᠃ ᠰᠤᠷᠪᠤᠯᠵᠢᠯᠠᠭ᠍ᠴᠢ ᠦᠢᠯᠡᠳᠪᠦᠷᠢ᠎ᠳᠤ ᠣᠯᠵᠤ ᠦᠵᠡᠭ᠌ᠰᠡᠨ᠎ᠢᠶᠠᠷ᠂ ᠦᠢᠯᠡᠳᠪᠦᠷᠢᠯᠡᠯ᠎ᠤᠨ ᠱᠤᠭᠤᠮ ᠲᠡᠭᠡᠷ᠎ᠡ ᠮᠠᠱᠢᠨ ᠬᠥᠮᠦᠨ ᠲᠡᠷᠢ ᠲᠡᠭ᠌ᠰᠢ ᠵᠢᠭ᠍ᠰᠠᠵᠤ᠂ AGV ᠠᠦ᠋ᠲ᠋ᠣ᠋ ᠠᠶᠠᠯᠠᠯ ᠵᠠᠯᠠᠬᠤ ᠲᠡᠭᠡᠭᠡᠪᠦᠷᠢ᠎ᠶ᠋ᠢᠨ ᠲᠡᠷᠭᠡ ᠮᠣᠷᠳᠠᠬᠤ᠎ᠪᠠᠷ ᠪᠡᠯᠡᠬᠡᠨ ᠪᠣᠯᠵᠣ᠂ ᠪᠥᠲᠥᠭᠡᠨ ᠪᠠᠢᠭᠤᠯᠤᠭ᠍ᠴᠢᠳ ᠶᠠᠭ ᠠᠵᠢᠯ᠎ᠤᠨ ᠳᠠᠷᠠᠭᠠᠯᠠᠯ ᠨᠢᠭᠡᠪᠦᠷᠢ᠎ᠳᠤ ᠬᠠᠮᠤᠭ ᠡᠴᠦᠰ᠎ᠤᠨ ᠲᠣᠬᠢᠷᠠᠭᠤᠯᠤᠯᠲᠠ ᠬᠢᠵᠦ᠍ ᠶᠠᠭᠠᠷᠠᠯᠳᠤᠨ᠎ᠠ᠃
《ᠱᠢᠨ᠎ᠡ ᠦᠢᠯᠡᠳᠪᠦᠷᠢ᠎ᠨᠢ ᠬᠤᠩ ᠴᠢ ᠲᠦᠷᠦᠯ ᠲᠡᠮᠳᠡᠭ᠎ᠤᠨ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠤ ᠦᠢᠯᠡᠳᠪᠦᠷᠢᠯᠡᠯ᠎ᠤᠨ ᠴᠢᠳᠠᠪᠤᠷᠢ᠎ᠶ᠋ᠢ ᠶᠡᠭᠡ᠎ᠪᠠᠷ ᠳᠡᠭᠡᠭ᠌ᠰᠢᠯᠡᠭᠦᠯᠵᠦ᠍᠂ ᠬᠤᠩ ᠴᠢ ᠲᠦᠷᠦᠯ ᠲᠡᠮᠳᠡᠭ᠎ᠤᠨ ᠴᠠᠬᠢᠯᠭᠠᠨᠵᠢᠭᠤᠯᠤᠨ ᠬᠡᠯᠪᠡᠷᠢ᠎ᠪᠠᠨ ᠬᠤᠪᠢᠷᠠᠭᠤᠯᠬᠤ᠎ᠶ᠋ᠢ ᠠᠬᠢᠭᠤᠯᠬᠤ ᠪᠤᠯᠤᠨ᠎ᠠ》 ᠭᠡᠵᠦ᠍ ᠨᠢᠭᠡᠳᠦᠭᠡᠷ ᠮᠠᠱᠢᠨ ᠲᠡᠷᠭᠡᠨ᠎ᠤ ᠪᠦᠯᠦᠭ᠌ᠯᠡᠯ᠎ᠤᠨ ᠢᠨᠵᠧᠨᠧᠷᠢᠩ ᠪᠣᠯᠤᠨ ᠦᠢᠯᠡᠳᠪᠦᠷᠢᠯᠡᠯ ᠪᠠᠷᠠᠭᠠᠨ᠎ᠤ ᠭᠦᠢᠯᠭᠡᠭᠡ᠎ᠶ᠋ᠢᠨ ᠬᠡᠯᠲᠡᠰ᠎ᠤᠨ ᠡᠮᠦᠨ᠎ᠡ ᠹᠷᠣᠨᠲ᠎ᠤᠨ ᠠᠵᠢᠯᠳᠠᠨ ᠵᠤᠤ ᠮᠢᠩ ᠱᠢᠤᠢ ᠬᠡᠯᠡᠨ᠎ᠡ᠃
ᠱᠢᠨ᠎ᠡ᠎ᠶ᠋ᠢ ᠡᠭᠦᠳᠬᠦ᠌ ᠬᠥᠳᠡᠯᠭᠡᠬᠦ᠌ ᠬᠦᠴᠦᠨ ᠭᠦᠢᠴᠡᠳ ᠪᠠᠢᠵᠤ᠂ ᠱᠢᠨ᠎ᠡ ᠡᠵᠡᠩᠨᠡᠯᠲᠡ᠎ᠶ᠋ᠢᠨ ᠬᠡᠯᠪᠡᠷᠢ ᠵᠠᠭ᠍ᠪᠤᠷ ᠬᠦᠭ᠌ᠵᠢᠨ ᠪᠤᠵᠠᠭᠠᠢᠷᠠᠪᠠ
ᠳᠡᠭᠡᠷ᠎ᠠ ᠬᠠᠭᠠᠰ ᠵᠢᠯ᠎ᠳᠤ᠂ ᠪᠣᠳᠠᠲᠤ ᠲᠠᠸᠠᠷ᠎ᠢ ᠰᠦᠯᠵᠢᠶᠡᠨ ᠳᠡᠭᠡᠷ᠎ᠡ ᠵᠢᠵᠢᠭ᠌ᠯᠡᠨ ᠬᠤᠳᠠᠯᠳᠤᠭ᠍ᠰᠠᠨ ᠲᠤᠭ᠎ᠠ ᠬᠤᠶᠠᠷ ᠵᠢᠯ᠎ᠳᠤ ᠳᠤᠮᠳᠠᠴᠢ᠎ᠪᠠᠷ 16 . 5 % ᠪᠠᠷ ᠨᠡᠮᠡᠭ᠌ᠳᠡᠵᠦ᠍᠂ ᠨᠡᠢᠭᠡᠮ᠎ᠤᠨ ᠬᠡᠷᠡᠭ᠌ᠯᠡᠭᠡᠨ᠎ᠤ ᠪᠠᠷᠠᠭ᠎ᠠ᠎ᠶ᠋ᠢ ᠵᠢᠵᠢᠭ᠌ᠯᠡᠨ ᠬᠤᠳᠠᠯᠳᠤᠭ᠍ᠰᠠᠨ ᠪᠦᠬᠦ᠌ ᠲᠤᠭ᠎ᠠ᠎ᠳᠠᠬᠢ ᠡᠵᠡᠯᠡᠬᠦ᠌ ᠬᠤᠪᠢ᠎ᠶ᠋ᠢᠨ ᠵᠢᠩ 23 . 7 % ᠳᠤ ᠬᠦᠷᠴᠡᠶ᠃ ᠲᠦᠷᠭᠡᠨ ᠬᠦᠷᠭᠡᠯᠲᠡ᠎ᠶ᠋ᠢᠨ ᠦᠢᠯᠡᠰ ᠡᠷᠴᠢᠮᠲᠡᠶ ᠨᠡᠮᠡᠭ᠌ᠳᠡᠬᠦ᠌ ᠪᠠᠢᠳᠠᠯ᠎ᠢᠶᠠᠨ ᠪᠠᠲᠤᠯᠠᠵᠤ᠂ 7 ᠰᠠᠷ᠎ᠠ᠎ᠶ᠋ᠢᠨ ᠡᠬᠢ᠎ᠪᠠᠷ᠂ ᠪᠥᠬᠦ᠌ ᠤᠯᠤᠰ᠎ᠤᠨ ᠲᠦᠷᠭᠡᠨ ᠬᠦᠷᠭᠡᠯᠲᠡ᠎ᠶ᠋ᠢᠨ ᠠᠵᠢᠯ᠎ᠤᠨ ᠬᠡᠮᠵᠢᠶ᠎ᠡ ᠨᠢᠭᠡᠨᠲᠡ 500 ᠳ᠋ᠦᠩᠱᠢᠭᠤᠷ ᠬᠤᠪᠢ᠎ᠶ᠋ᠢ ᠳᠠᠪᠠᠵᠤ᠂ 2018 ᠣᠨ᠎ᠤ ᠪᠥᠬᠦ᠌ ᠵᠢᠯ᠎ᠤᠨ ᠲᠦᠪᠱᠢᠨ᠎ᠳᠤ ᠣᠢᠷᠠᠲᠤᠪᠠ᠃
《〈ᠰᠦᠯᠵᠢᠶᠡᠨ᠎ᠤ ᠬᠤᠳᠠᠯᠳᠤᠭᠠᠨ᠎ᠤ ᠨᠠᠢᠷ〉᠂ 〈ᠬᠡᠷᠡᠭ᠌ᠯᠡᠭᠡ᠎ᠶ᠋ᠢ ᠠᠬᠢᠭᠤᠯᠬᠤ ᠰᠠᠷ᠎ᠠ〉 ᠵᠡᠷᠭᠡ ᠪᠣᠷᠣᠯᠠᠭᠤᠯᠭ᠎ᠠ᠎ᠶ᠋ᠢ ᠠᠬᠢᠭᠤᠯᠬᠤ ᠠᠵᠢᠯᠯᠠᠭ᠎ᠠ᠎ᠶ᠋ᠢᠨ ᠳᠠᠢᠴᠢᠯᠠᠯᠲᠠ ᠳᠤᠤᠷ᠎ᠠ᠂ ᠡᠯ᠎ᠡ ᠭᠠᠵᠠᠷ᠎ᠤᠨ᠎ᠬᠢᠨ ᠰᠦᠯᠵᠢᠶᠡᠨ ᠳᠡᠭᠡᠷᠡᠬᠢ ᠪᠠ ᠪᠤᠳᠠᠳᠤ ᠴᠤᠭ᠍ᠴᠠ᠎ᠶ᠋ᠢ ᠭᠦᠨᠵᠡᠭᠡᠶ ᠠᠭᠤᠰᠤᠯᠴᠠᠭᠤᠯᠵᠤ᠂ ᠱᠢᠨ᠎ᠡ ᠮᠡᠷᠭᠡᠵᠢᠯ ᠱᠢᠨ᠎ᠡ ᠤᠢ᠍ᠢᠯᠠᠭᠠᠭ᠍ᠳᠠᠬᠤᠨ᠎ᠢ ᠠᠱᠢᠬ᠍ᠯᠠᠨ᠂ ᠬᠡᠷᠡᠭ᠌ᠯᠡᠭᠡ᠎ᠶ᠋ᠢᠨ ᠱᠢᠨ᠎ᠡ ᠡᠵᠡᠩᠨᠡᠯᠲᠡ᠎ᠶ᠋ᠢᠨ ᠬᠡᠯᠪᠡᠷᠢ ᠱᠢᠨ᠎ᠡ ᠵᠠᠭ᠍ᠪᠤᠷ᠎ᠢ ᠪᠣᠶ ᠪᠣᠯᠭᠠᠵᠤ᠂ ᠬᠡᠷᠡᠭ᠌ᠯᠡᠭᠡ᠎ᠶ᠋ᠢᠨ ᠤᠶᠤᠨᠴᠢᠯᠠᠯᠲᠠ᠎ᠶ᠋ᠢ ᠳᠡᠭᠡᠭ᠌ᠰᠢᠯᠡᠭᠦᠯᠦᠨ᠂ ᠬᠡᠷᠡᠭ᠌ᠯᠡᠭᠡ᠎ᠶ᠋ᠢᠨ ᠱᠢᠨ᠎ᠡ ᠬᠥᠳᠡᠯᠭᠡᠬᠦ᠌ ᠡᠨᠧᠷᠭᠢ᠎ᠶ᠋ᠢ ᠬᠥᠭ᠌ᠵᠢᠭᠡᠪᠡ》 ᠭᠡᠵᠦ᠍ ᠤᠯᠤᠰ᠎ᠤᠨ ᠲᠤᠭ᠎ᠠ ᠪᠦᠷᠢᠳᠭᠡᠯ᠎ᠤᠨ ᠲᠣᠪᠴᠢᠶᠠᠨ᠎ᠤ ᠦᠢᠯᠡᠴᠢᠯᠡᠭᠡᠨ᠎ᠤ ᠦᠢᠯᠡᠰ᠎ᠤᠨ ᠲᠤᠭ᠎ᠠ ᠪᠦᠷᠢᠳᠭᠡᠯ᠎ᠤᠨ ᠵᠤᠷᠭᠠᠨ᠎ᠤ ᠳᠠᠷᠤᠭ᠎ᠠ ᠳ᠋ᠦ᠋ ᠰᠢ ᠱᠤᠸᠠᠩ ᠬᠡᠯᠡᠪᠡ᠃
ᠡᠭᠦᠨ᠎ᠠᠴᠠ ᠭᠠᠳᠠᠨ᠎ᠠ᠂ ᠰᠣᠶᠣᠯ᠎ᠤᠨ ᠱᠢᠨ᠎ᠡ ᠡᠵᠡᠩᠨᠡᠯᠲᠡ᠎ᠶ᠋ᠢᠨ ᠬᠡᠯᠪᠡᠷᠢ ᠨᠡᠯᠢᠶᠡᠳ ᠲᠦᠷᠭᠡᠨ ᠨᠡᠮᠡᠭ᠌ᠳᠡᠯ᠎ᠢᠶᠠᠨ ᠪᠠᠲᠤᠯᠠᠪᠠ᠃ ᠳᠡᠭᠡᠷ᠎ᠠ ᠬᠠᠭᠠᠰ ᠵᠢᠯ᠎ᠳᠤ᠂ ᠰᠣᠶᠣᠯ᠎ᠤᠨ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢᠨ ᠣᠨᠴᠠᠯᠢᠭ ᠨᠡᠯᠢᠶᠡᠳ ᠢᠯᠡᠷᠬᠡᠶ 16 ᠠᠵᠢᠯ ᠲᠥᠷᠥᠯ᠎ᠤᠨ ᠵᠢᠵᠢᠭ ᠲᠥᠷᠥᠯ᠎ᠤᠨ ᠡᠵᠡᠩᠨᠡᠯᠲᠡ᠎ᠶ᠋ᠢᠨ ᠣᠷᠣᠯᠭ᠎ᠠ 18204 ᠳ᠋ᠦᠩᠱᠢᠭᠤᠷ ᠲᠥᠭᠦᠷᠢᠭ᠎ᠢ ᠪᠡᠶᠡᠯᠡᠭᠦᠯᠵᠦ᠍᠂ ᠳᠡᠭᠡᠷ᠎ᠠ ᠵᠢᠯ᠎ᠤᠨ ᠠᠳᠠᠯᠢ ᠬᠤᠭᠤᠴᠠᠭᠠᠨ᠎ᠤ᠎ᠬᠢ᠎ᠠᠴᠠ 32 . 9 % ᠪᠠᠷ ᠨᠡᠮᠡᠭ᠌ᠳᠡᠪᠡ; ᠬᠤᠶᠠᠷ ᠵᠢᠯ᠎ᠳᠤ ᠳᠤᠮᠳᠠᠴᠢ᠎ᠪᠠᠷ 25 . 3% ᠪᠠᠷ ᠨᠡᠮᠡᠭ᠌ᠳᠡᠵᠦ᠍᠂ ᠪᠦᠬᠦ᠌ ᠤᠯᠤᠰ᠎ᠤᠨ ᠰᠣᠶᠣᠯ᠎ᠤᠨ ᠠᠵᠤ ᠠᠬᠤᠢᠯᠠᠯ᠎ᠤᠨ ᠳᠤᠮᠳᠠᠴᠢ ᠲᠦᠪᠱᠢᠨ᠎ᠠᠴᠠ ᠵᠠᠭᠤᠨ᠎ᠤ ᠬᠠᠷᠢᠴᠠᠯ᠎ᠢᠶᠠᠷ 14 . 7 ᠬᠤᠪᠢ ᠥᠨᠳᠥᠷ ᠪᠤᠯᠵᠠᠢ᠃ ᠡᠭᠦᠨ᠎ᠳᠤ᠂ ᠢᠨᠲ᠋ᠧᠷ ᠰᠦᠯᠵᠢᠶᠡᠨ᠎ᠤ ᠵᠠᠷ ᠮᠡᠳᠡᠭᠡᠨ᠎ᠤ ᠦᠶᠯᠡᠴᠢᠯᠡᠭᠡ᠂ ᠵᠤᠭ᠎ᠠ ᠴᠡᠩᠭᠡᠯᠳᠤ ᠬᠡᠷᠡᠭ᠌ᠯᠡᠬᠦ᠌ ᠣᠶᠤᠨᠴᠢ ᠵᠢᠯᠣᠭᠤᠴᠢ ᠥᠬᠡᠶ ᠨᠢᠰᠦᠭᠦᠷ ᠦᠢᠯᠡᠳᠬᠦ᠂ ᠡᠮᠦᠰᠴᠦ᠍ ᠵᠡᠭᠦᠵᠦ᠍ ᠪᠣᠯᠬᠤ ᠣᠶᠤᠨᠴᠢ ᠰᠣᠶᠣᠯ᠎ᠤᠨ ᠲᠥᠬᠦᠭᠡᠷᠦᠮᠵᠢ ᠦᠢᠯᠡᠳᠬᠦ᠌ 3 ᠵᠦᠢᠯ᠎ᠤᠨ ᠨᠠᠷᠢᠨ ᠬᠤᠪᠢᠶᠠᠭ᠍ᠰᠠᠨ ᠠᠵᠢᠯ ᠲᠥᠷᠥᠯ᠎ᠤᠨ ᠡᠵᠡᠩᠨᠡᠯᠲᠡ᠎ᠶ᠋ᠢᠨ ᠣᠷᠣᠯᠭ᠎ᠠ᠎ᠶ᠋ᠢᠨ ᠬᠤᠶᠠᠷ ᠵᠢᠯ᠎ᠤᠨ ᠳᠤᠮᠳᠠᠴᠢ ᠨᠡᠮᠡᠭ᠌ᠳᠡᠯ᠎ᠤᠨ ᠬᠤᠷᠳᠤᠴᠠ᠎ᠨᠢ ᠴᠥᠮ 30 % ᠶ᠋ᠢ ᠳᠠᠪᠠᠪᠠ᠃
ᠱᠢᠨ᠎ᠡ ᠬᠥᠳᠡᠯᠭᠡᠬᠦ᠌ ᠡᠨᠧᠷᠭᠢ᠎ᠶ᠋ᠢᠨ ᠰᠠᠢᠨ ᠰᠠᠢᠬᠠᠨ ᠬᠥᠭ᠌ᠵᠢᠯᠲᠡ᠎ᠶ᠋ᠢᠨ ᠪᠠᠢᠳᠠᠯ᠎ᠨᠢ ᠲᠦᠷᠦ᠎ᠶ᠋ᠢᠨ ᠪᠤᠳᠤᠯᠭ᠎ᠠ᠎ᠶ᠋ᠢᠨ ᠳᠡᠮᠵᠢᠯᠭᠡ᠎ᠠᠴᠠ ᠰᠠᠯᠵᠤ ᠴᠢᠳᠠᠬᠤ ᠦᠭᠡᠢ ᠶᠤᠮ᠃ ᠬᠢᠵᠢᠭ ᠡᠭᠦᠰᠦᠭ᠌ᠰᠡᠨ᠎ᠠᠴᠠ ᠨᠠᠭᠠᠰᠢ᠂ ᠮᠠᠨ᠎ᠤ ᠤᠯᠤᠰ ᠥᠷᠢᠰᠥᠯᠳᠦᠭᠡᠨ᠎ᠢ ᠢᠳᠡᠪᠬᠢᠲᠡᠶ ᠠᠷᠭᠠᠴᠠᠭᠠᠵᠤ᠂ ᠴᠢᠷᠮᠠᠢᠵᠤ ᠪᠠᠢᠭᠠᠳ ᠠᠶᠤᠯ ᠲᠦᠭ᠌ᠰᠢᠭᠦᠷᠢ᠎ᠶ᠋ᠢ ᠠᠵᠠ ᠲᠣᠬᠢᠶᠠᠯ ᠪᠣᠯᠭᠠᠨ ᠬᠤᠪᠢᠷᠠᠭᠤᠯᠵᠤ᠂ ᠭᠤᠤᠯᠳᠠᠯᠭ᠎ᠠ᠎ᠲᠠᠢ ᠬᠦᠷᠢᠶᠡᠨ᠎ᠳᠤ ᠴᠢᠭ᠌ᠯᠡᠭᠦᠯᠦᠨ ᠠᠯᠢ ᠣᠯᠠᠨ ᠬᠠᠨᠳᠤᠯᠭᠠᠳᠤ ᠴᠢᠨᠠᠷᠲᠠᠶ ᠳᠡᠮᠵᠢᠯᠭᠡ᠎ᠶ᠋ᠢᠨ ᠠᠷᠭ᠎ᠠ ᠬᠡᠮᠵᠢᠶ᠎ᠡ ᠲᠣᠭ᠍ᠲᠠᠭᠠᠪᠠ᠃ ᠵᠢᠱ᠌ᠢᠶᠡᠯᠡᠪᠡᠯ᠂ ᠠᠵᠤ ᠠᠬᠤᠢᠯᠠᠯ᠎ᠢᠶᠠᠷ ᠭᠤᠤᠯ ᠴᠣᠭ᠍ᠴᠠ ᠪᠣᠯᠭᠠᠭ᠍ᠰᠠᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠱᠢᠰᠲ᠋ᠧᠮ᠎ᠢ ᠲᠦᠷᠭᠡᠳᠭᠡᠨ ᠲᠡᠭᠦᠯᠳᠡᠷᠵᠢᠭᠦᠯᠵᠦ᠍᠂ ᠰᠤᠳᠤᠯᠤᠨ ᠨᠡᠭᠡᠭᠡᠬᠦ᠌ ᠵᠠᠷᠤᠳᠠᠯ᠎ᠢ ᠨᠠᠮᠠᠨ ᠪᠤᠳᠤᠵᠤ ᠰᠠᠭᠤᠯᠭᠠᠨ ᠬᠠᠰᠤᠵᠤ ᠭᠠᠢᠯᠢ᠎ᠶ᠋ᠢ ᠪᠠᠭᠠᠰᠭᠠᠨ ᠭᠡᠯᠳᠦᠷᠢᠭᠦᠯᠬᠦ᠌ ᠵᠡᠷᠭᠡ ᠱᠢᠨ᠎ᠡ᠎ᠶ᠋ᠢ ᠡᠭᠦᠳᠬᠦ᠌᠎ᠶ᠋ᠢ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠵᠤ᠂ 《ᠤᠯᠠᠨ᠎ᠢᠶᠠᠷ᠎ᠢᠶᠠᠨ ᠦᠢᠯᠡᠰ ᠪᠤᠰᠭᠠᠵᠤ᠂ ᠨᠡᠢᠲᠡ᠎ᠪᠠᠷ᠎ᠢᠶᠠᠨ ᠱᠢᠨ᠎ᠡ᠎ᠶ᠋ᠢ ᠡᠭᠦᠳᠬᠦ᠌》 ᠡᠷᠴᠢᠮ᠎ᠢ ᠴᠢᠩᠭᠠᠷᠠᠭᠤᠯᠤᠨ᠂ ᠱᠢᠨ᠎ᠡ᠎ᠶ᠋ᠢ ᠡᠭᠦᠳᠬᠦ᠌᠎ᠪᠠᠷ ᠬᠥᠲᠥᠯᠦᠨ ᠳᠠᠭᠠᠭᠤᠯᠬᠤ ᠦᠶᠯᠡᠳᠦᠯ᠎ᠢ ᠢᠯᠡᠳᠲᠡ ᠴᠢᠩᠭᠠᠷᠠᠭᠤᠯᠵᠤ᠂ ᠱᠢᠨ᠎ᠡ ᠠᠵᠤ ᠦᠢᠯᠡᠰ᠂ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢᠨ ᠦᠰᠦᠨ ᠪᠤᠵᠠᠭᠠᠢᠷᠠᠬᠤ᠎ᠶ᠋ᠢ ᠬᠦᠴᠦᠲᠡᠶ ᠠᠬᠢᠭᠤᠯᠪᠠ᠃
《ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠤᠷᠤᠭ᠍ᠰᠠᠨ᠎ᠤ ᠳᠠᠷᠠᠭ᠎ᠠ᠂ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ ᠪᠣᠯᠬᠤ ᠦᠶᠯᠡᠳᠦᠯ᠎ᠢ ᠨᠠᠩ ᠣᠯᠠᠨ ᠪᠠᠳᠠᠷᠠᠭᠤᠯᠵᠤ᠂ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ ᠪᠠ ᠳᠠᠯᠳᠠ ᠬᠦᠴᠦᠨ᠎ᠢ ᠤᠯᠠᠮ ᠴᠢᠨᠠᠭ᠍ᠰᠢᠳᠠ ᠳᠡᠭᠡᠭ᠌ᠰᠢᠯᠡᠭᠦᠯᠬᠦ᠌ ᠬᠡᠷᠡᠭ᠌ᠲᠡᠶ》 ᠭᠡᠵᠤ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠬᠥᠭ᠌ᠵᠢᠯᠲᠡ᠎ᠶ᠋ᠢᠨ ᠰᠤᠳᠤᠯᠭᠠᠨ᠎ᠤ ᠲᠥᠪ᠎ᠤᠨ ᠵᠠᠬ᠎ᠠ ᠳᠡᠯᠭᠡᠭᠦᠷ᠎ᠤᠨ ᠠᠵᠤ ᠠᠬᠤᠢ᠎ᠶ᠋ᠢᠨ ᠰᠤᠳᠤᠯᠭᠠᠨ᠎ᠤ ᠭᠠᠵᠠᠷ᠎ᠤᠨ ᠳᠡᠳ᠋ ᠰᠤᠳᠤᠯᠤᠭ᠍ᠴᠢ ᠸᠠᠩ ᠯᠢ ᠺᠦᠨ ᠬᠡᠯᠡᠪᠡ᠃
《ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ᠎ᠤᠨ ᠱᠢᠰᠲ᠋ᠧᠮ᠎ᠢ ᠪᠠᠢᠭᠤᠯᠬᠤ ᠠᠵᠢᠯᠯᠠᠭᠠᠨ᠎ᠤ ᠲᠥᠰᠦᠯ》 ᠢ ᠨᠡᠢᠲᠡᠯᠡᠵᠦ᠍᠂ ᠵᠠᠬ᠎ᠠ ᠳᠡᠯᠭᠡᠭᠦᠷ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠪᠠ; ᠳᠤᠮᠳᠠ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠳᠡᠮᠵᠢᠨ ᠠᠬᠢᠭᠤᠯᠵᠤ᠂ ᠲᠡᠷᠢᠭᠦᠨ᠎ᠤ ᠦᠢᠯᠡᠳᠬᠦ᠌ ᠦᠢᠯᠡᠰ᠎ᠢᠶᠠᠷ ᠲᠤᠯᠭᠠᠭᠤᠷᠢᠯᠠᠯ ᠪᠣᠯᠭᠠᠭ᠍ᠰᠠᠨ ᠣᠲᠣ ᠦᠶ᠎ᠡ᠎ᠶ᠋ᠢᠨ ᠠᠵᠤ ᠦᠢᠯᠡᠰ᠎ᠤᠨ ᠱᠢᠰᠲ᠋ᠧᠮ᠎ᠢ ᠪᠠᠢᠭᠤᠯᠵᠠᠢ; 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠦᠨᠡᠯᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠬᠦ᠌ ᠲᠤᠬᠠᠢ ᠵᠢᠯᠣᠭᠤᠳᠭᠤ ᠰᠠᠨᠠᠯ》 ᠢ ᠳᠠᠷᠤᠮᠠᠯᠯᠠᠨ ᠲᠠᠷᠬᠠᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠪᠡ ᠁ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠲᠡᠢᠰᠢ ᠦᠷᠭᠦᠯᠵᠢᠯᠡᠨ ᠬᠦᠴᠦᠯᠡᠵᠦ᠍᠂ ᠵᠠᠬ᠎ᠠ ᠳᠡᠯᠭᠡᠭᠦᠷ᠎ᠤᠨ ᠭᠤᠣᠯ ᠴᠣᠭ᠍ᠴᠠ᠎ᠶ᠋ᠢᠨ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠤᠯᠠᠮ ᠴᠢᠨᠠᠭ᠍ᠰᠢᠳᠠ ᠬᠥᠭ᠌ᠵᠢᠭᠡᠪᠡ᠃
《ᠮᠠᠨ᠎ᠤ ᠺᠣᠮᠫᠠᠨᠢ ᠶᠠᠭ 6 % ᠠᠴᠠ ᠳᠣᠷᠣᠭ᠍ᠰᠢᠬᠢ ᠳᠤᠤᠷ᠎ᠠ ᠥᠳᠭᠡᠴᠡ᠎ᠲᠠᠢ ᠨᠡᠭᠦᠷᠡᠰᠦᠨ ᠠᠭᠤᠷᠬᠠᠶ᠎ᠶ᠋ᠢᠨ ᠭᠠᠰ᠎ᠢ ᠠᠮᠤᠷ ᠲᠦᠪᠱᠢᠨ᠎ᠢᠶᠠᠷ ᠱᠢᠲᠠᠭᠠᠨ ᠢᠯᠴᠢ ᠭᠠᠷᠭᠠᠬᠤ᠎ᠶ᠋ᠢ ᠨᠢᠭᠡ ᠴᠣᠭ᠍ᠴᠠᠵᠢᠭᠤᠯᠬᠤ ᠮᠡᠷᠭᠡᠵᠢᠯ᠎ᠢ ᠴᠢᠷᠮᠠᠢᠨ ᠰᠤᠳᠤᠯᠤᠨ ᠨᠡᠭᠡᠭᠡᠵᠦ᠍᠂ ᠪᠣᠬᠢᠷᠲᠤᠯ ᠥᠬᠡᠶ ᠨᠡᠭᠦᠷᠡᠰᠦᠲᠥ᠋ᠷᠥᠭ᠌ᠴᠢ ᠪᠠᠭ᠎ᠠ ᠦᠶᠯᠡᠳᠬᠦᠨ᠎ᠤ ᠬᠠᠩᠭᠠᠯᠭ᠎ᠠ᠎ᠶ᠋ᠢ ᠨᠡᠮᠡᠭ᠌ᠳᠡᠭᠦᠯᠵᠦ᠍᠂ ᠨᠡᠭᠦᠷᠡᠰᠦᠨ᠎ᠤ ᠠᠵᠢᠯ ᠲᠥᠷᠥᠯ᠎ᠤᠨ ᠪᠣᠬᠢᠷᠲᠤᠯ ᠥᠬᠡᠶ ᠦᠷᠭᠦᠯᠵᠢᠯᠡᠬᠦ᠌ ᠬᠥᠭ᠌ᠵᠢᠯᠲᠡ᠎ᠳᠤ ᠬᠦᠴᠦᠨ ᠨᠡᠮᠡᠷᠢᠯᠡᠵᠦ᠍ ᠪᠠᠢᠨ᠎ᠠ᠂ ᠪᠢᠳᠡ ᠢᠷᠡᠭᠡᠳᠦᠢ᠎ᠶ᠋ᠢᠨ ᠬᠥᠭ᠌ᠵᠢᠯᠲᠡ᠎ᠳᠤ ᠮᠠᠰᠢ ᠢᠲᠡᠭᠡᠯ᠎ᠲᠠᠢ ᠪᠠᠢᠨ᠎ᠠ》 ᠭᠡᠵᠤ ᠱᠠᠨ ᠰᠢ᠎ᠶ᠋ᠢᠨ ᠮᠢᠩ ᠱ᠌ᠢ ᠨᠡᠭᠦᠷᠡᠰᠦᠨ ᠳᠠᠪᠬᠤᠷᠭ᠎ᠠ᠎ᠶ᠋ᠢᠨ ᠬᠡᠢ᠎ᠶ᠋ᠢ ᠨᠡᠭᠡᠭᠡᠨ ᠠᠱᠢᠬ᠍ᠯᠠᠬᠤ ᠬᠤᠪᠢᠴᠠᠭᠠᠳᠤ ᠬᠢᠵᠠᠭᠠᠷᠲᠤ ᠺᠣᠮᠫᠠᠨᠢ᠎ᠶ᠋ᠢᠨ ᠳᠡᠳ᠋ ᠶᠡᠷᠦᠩᠬᠡᠢ ᠳᠠᠭᠠᠭᠠᠮᠠᠯ ᠵᠧᠦ ᠵᠢᠶᠠᠨ ᠵᠢᠶᠦ᠋ᠨ ᠬᠡᠯᠡᠨ᠎ᠠ᠃
(ᠱᠢᠨᠬᠤᠸᠠ ᠬᠤᠷᠢᠶᠠᠨ᠎ᠤ ᠪᠡᠭᠡᠵᠢᠩ᠎ᠤᠨ 8 ᠰᠠᠷ᠎ᠠ᠎ᠶ᠋ᠢᠨ 5 ᠤ ᠴᠠᠬᠢᠯᠭᠠᠨ ᠮᠡᠳᠡᠭᠡ)