ᠪᠦᠬᠦ᠌ ᠣᠷᠣᠨ᠎ᠤ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠱᠢᠰᠲ᠋ᠧᠮ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠪᠣᠯᠪᠠᠰᠤᠷᠠᠯ᠎ᠤᠨ ᠠᠩᠬᠢ ᠡᠷᠬᠢᠯᠡᠪᠡ
2021-08-07 12:07:41
ᠵᠣᠬᠢᠶᠠᠭ᠍ᠴᠢ᠄
​ ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠤᠢᠷ᠎ᠠ᠎ᠳᠤ᠂ ᠪᠥᠬᠦ᠌ ᠣᠷᠣᠨ᠎ᠤ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠱᠢᠰᠲ᠋ᠧᠮ᠎ᠤᠨ ᠶᠡᠷᠦᠩᠬᠡᠶ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠪᠣᠯᠪᠠᠰᠤᠷᠠᠯ᠎ᠤᠨ ᠠᠩᠭᠢ ᠥᠪᠡᠷᠲᠡᠭᠡᠨ ᠵᠠᠰᠠᠬᠤ ᠣᠷᠣᠨ᠎ᠤ ᠬᠠᠤᠯᠢᠵᠢᠯ᠎ᠤᠨ ᠪᠣᠯᠪᠠᠰᠤᠷᠠᠯ᠎ᠤᠨ ᠲᠥᠪ᠎ᠲᠤ ᠡᠬᠢᠯᠡᠪᠡ᠃

ᠪᠤᠯᠪᠠᠰᠤᠷᠡᠯ᠎ᠠᠴᠠ᠂ ᠪᠦᠬᠦ᠌ ᠣᠷᠣᠨ᠎ᠤ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠱᠢᠰᠲ᠋ᠧᠮ᠎ᠤᠨ᠎ᠬᠢᠨ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠦ᠍᠂ ᠠᠭᠤᠤ ᠶᠡᠭᠡ ᠨᠠᠮ ᠪᠠᠢᠭᠤᠯᠬᠤ ᠵᠣᠷᠢᠭ ᠰᠠᠨᠠᠭ᠎ᠠ᠎ᠶ᠋ᠢ ᠶᠡᠭᠡ᠎ᠪᠠᠷ ᠪᠠᠳᠠᠷᠠᠭᠤᠯᠵᠦ᠍᠂ ᠬᠤᠪᠢᠰᠭᠠᠯ᠎ᠤᠨ ᠤᠳᠤᠮᠱᠢᠯ᠎ᠢ ᠶᠡᠭᠡ᠎ᠪᠠᠷ ᠤᠯᠠᠮᠵᠢᠯᠠᠵᠦ᠍᠂ ᠰᠠᠨᠠᠭᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ᠂ ᠢᠳᠡᠪᠬᠢᠲᠠᠢ᠎ᠪᠠᠷ ᠦᠢᠯᠡᠲᠦᠯᠭᠡᠵᠢᠭᠦᠯᠵᠦ᠍᠂ ᠶᠡᠷᠦᠩᠬᠡᠢ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠤᠷᠢᠶᠠᠨ᠎ᠤ ᠠᠭᠤᠤ ᠶᠡᠭᠡ ᠤᠷᠢᠶᠠᠯᠠᠭ᠎ᠠ᠎ᠶ᠋ᠢᠨ ᠲᠦᠷᠭᠡᠨ ᠠᠵᠢᠯᠯᠠᠭ᠍ᠴᠢ᠂ ᠦᠨᠡᠨᠴᠢ ᠬᠡᠷᠡᠭ᠌ᠵᠢᠭᠦᠯᠦᠭ᠌ᠴᠢ᠂ ᠵᠢᠱ᠌ᠢᠶᠡᠴᠢ ᠦᠢᠯᠡᠳᠦᠯᠭᠡᠵᠢᠭᠦᠯᠦᠭ᠌ᠴᠢ ᠪᠤᠯᠵᠦ᠍᠂ ᠪᠦᠬᠦ᠌ ᠲᠠᠯ᠎ᠠ᠎ᠪᠠᠷ ᠬᠠᠤᠯᠢ᠎ᠪᠠᠷ ᠣᠷᠣᠨ᠎ᠢᠶᠠᠨ ᠵᠠᠰᠠᠬᠤ ᠪᠠ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠬᠦᠴᠦᠯᠡᠨ ᠠᠬᠢᠭᠤᠯᠵᠦ᠍᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠠᠬᠢᠭᠤᠯᠤᠨ᠂ ᠨᠡᠢᠭᠡᠮ᠎ᠤᠨ ᠡᠶ᠎ᠡ ᠵᠣᠬᠢᠴᠠᠯ ᠲᠣᠭ᠍ᠲᠠᠭᠤᠨ ᠪᠠᠢᠳᠠᠯ᠎ᠢ ᠬᠠᠮᠠᠭᠠᠯᠠᠬᠤ᠎ᠳᠤ ᠨᠡᠩ ᠶᠡᠭᠡ ᠱᠢᠨ᠎ᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠶ ᠬᠡᠵᠦ᠍ ᠱᠠᠭᠠᠷᠲᠠᠪᠠ᠃

ᠲᠤᠰ ᠤᠳᠠᠭ᠎ᠠ᠎ᠶ᠋ᠢᠨ ᠲᠤᠰᠭᠠᠢ ᠰᠡᠳᠦᠪᠲᠦ ᠪᠣᠯᠪᠠᠰᠤᠷᠠᠯ᠎ᠤᠨ ᠠᠩᠬᠢ᠎ᠨᠢ ᠬᠤᠶᠠᠷ ᠬᠤᠭᠤᠴᠠᠭ᠎ᠠ ᠪᠠᠢᠢᠵᠦ᠍᠂ ᠬᠤᠭᠤᠴᠠᠭ᠎ᠠ ᠪᠦᠷᠢ 3 ᠡᠳᠦᠷ ᠶᠠᠪᠤᠭ᠍ᠳᠠᠨ᠂ ᠶᠡᠷᠦᠩᠬᠡᠢ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠦᠨᠳᠦᠰᠦᠲᠡᠨ᠎ᠤ ᠠᠵᠢᠯ᠎ᠤᠨ ᠲᠤᠬᠠᠢ ᠴᠢᠬᠤᠯᠠ ᠥᠭᠦᠯᠡᠯᠲᠡ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠡᠷ᠎ᠢ ᠪᠠᠲᠤ ᠴᠣᠭ᠍ᠴᠠᠯᠠᠬᠤ᠂ ᠢᠯᠵᠠᠷᠡᠯ᠎ᠢ ᠡᠰᠡᠷᠭᠦᠴᠡᠵᠦ᠍ ᠬᠤᠪᠢᠷᠠᠯ᠎ᠢ ᠰᠡᠷᠭᠡᠢᠯᠡᠬᠦ᠌ ᠬᠤᠷᠢᠭ᠎ᠠ ᠱᠤᠭᠤᠮ᠎ᠢ ᠪᠠᠲᠤ ᠴᠣᠭ᠍ᠴᠠᠯᠠᠬᠤ ᠵᠡᠷᠭᠡ ᠭᠤᠣᠯ ᠰᠡᠳᠦᠪ᠎ᠤᠨ ᠲᠣᠭᠤᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠰᠤᠷᠭᠠᠭᠤᠯᠢ᠂ ᠥᠪᠥᠷ ᠮᠣᠩᠭᠤᠯ᠎ᠤᠨ ᠶᠡᠭᠡ ᠰᠤᠷᠭᠠᠭᠤᠯᠢ᠎ᠶ᠋ᠢᠨ ᠲᠤᠰᠭᠠᠢ ᠮᠡᠷᠭᠡᠵᠢᠯᠲᠡᠨ᠂ ᠫᠷᠤᠹᠧᠰᠰᠤᠷ ᠵᠢᠴᠢ ᠬᠠᠤᠯᠢ ᠴᠠᠭᠠᠵᠠ᠎ᠶ᠋ᠢᠨ ᠲᠢᠩᠬᠢᠮ᠎ᠤᠨ ᠨᠠᠮ᠎ᠤᠨ ᠬᠤᠷᠢᠶᠠᠨ᠎ᠤ ᠤᠳᠤᠷᠢᠳᠭᠤ ᠪᠠᠭ᠎ᠤᠨ ᠪᠦᠷᠢᠯᠳᠦᠬᠦᠨ᠎ᠢ ᠤᠷᠢᠵᠤ ᠲᠤᠰᠭᠠᠢ ᠰᠡᠳᠦᠪᠲᠦ ᠲᠠᠢᠯᠤᠮᠵᠢ ᠬᠢᠯᠭᠡᠬᠦ᠌ ᠪᠤᠯᠤᠨ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号