ᠲᠥᠩᠯᠢᠶᠤᠤ ᠬᠤᠲᠠ᠎ᠶ᠋ᠢᠨ ᠠᠵᠤ ᠠᠬᠤᠢ ᠮᠡᠷᠭᠡᠵᠢᠯ᠎ᠤᠨ ᠨᠡᠭᠡᠭᠡᠯᠲᠡ᠎ᠶ᠋ᠢᠨ ᠲᠣᠭᠤᠷᠢᠭ᠄ ᠲᠣᠰᠭᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠬᠦᠴᠦᠷᠬᠡᠭ᠌ᠵᠢᠭᠦᠯᠵᠦ᠍ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠵᠤ ᠪᠠᠢᠨ᠎ᠠ
2021-08-09 10:17:43
ᠵᠣᠬᠢᠶᠠᠭ᠍ᠴᠢ᠄
ᠪᠤᠤ ᠴᠢᠩ ᠱᠧᠩ
ᠣᠩᠱᠢᠭ᠍ᠰᠠᠨ ᠣᠳᠠᠭ᠎ᠠ᠄
★★★☆☆

ᠲᠥᠩᠯᠢᠶᠤᠤ ᠬᠤᠲᠠ᠎ᠶ᠋ᠢᠨ ᠠᠵᠤ ᠠᠬᠤᠢ ᠮᠡᠷᠭᠡᠵᠢᠯ᠎ᠤᠨ ᠨᠡᠭᠡᠭᠡᠯᠲᠡ᠎ᠶ᠋ᠢᠨ ᠲᠣᠭᠤᠷᠢᠭ ᠲᠣᠰᠭᠤᠨ᠎ᠤ ᠱᠠᠲᠤᠨ᠎ᠤ ᠤᠳᠤᠷᠢᠳᠭᠤ ᠪᠠᠭ᠎ᠤᠨ ᠡᠩᠨᠡᠭᠡ᠎ᠶ᠋ᠢᠨ ᠪᠠᠢᠭᠤᠯᠤᠯᠲᠠ᠎ᠶ᠋ᠢ ᠬᠦᠴᠦᠯᠡᠨ ᠠᠳᠭᠤᠵᠤ᠂ ᠲᠣᠰᠭᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ᠎ᠶ᠋ᠢᠨ ᠬᠠᠮᠢᠶᠠᠷᠤᠯᠲᠠ᠎ᠶ᠋ᠢ ᠪᠣᠳᠠᠲᠠᠶ ᠠᠳᠭᠤᠬᠤ᠂ 《ᠨᠤᠲᠤᠭ᠎ᠤᠨ ᠴᠢᠳᠠᠪᠤᠷᠢᠲᠠᠨ》 ᠎ᠤ ᠦᠢᠯᠡᠳᠦᠯ᠎ᠢᠶᠠᠨ ᠪᠠᠳᠠᠷᠠᠭᠤᠯᠬᠤ᠎ᠶ᠋ᠢ ᠬᠥᠲᠥᠯᠥᠨ ᠵᠢᠯᠣᠭᠤᠳᠭᠤ᠂ ᠬᠥᠳᠡᠭᠡ ᠲᠣᠰᠭᠤᠨ᠎ᠤ ᠨᠠᠮ᠎ᠤᠨ ᠭᠡᠱᠢᠭᠦᠨ᠎ᠤ 《ᠬᠤᠶᠠᠷ᠎ᠢ ᠳᠠᠢᠴᠢᠯᠠᠬᠤ》 ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠵᠡᠷᠭᠡ ᠭᠤᠷᠪᠠ᠎ᠶ᠋ᠢ ᠨᠢᠭᠡ ᠴᠤᠭ᠍ᠴᠠᠵᠢᠭᠤᠯᠤᠬ᠍ᠰᠠᠨ 《ᠭᠤᠷᠮᠤᠰᠤᠨ ᠡᠷᠴᠢᠮ》 ᠎ᠤᠨ ᠠᠵᠢᠯ᠎ᠤᠨ ᠱᠢᠰᠲ᠋ᠧᠮ᠎ᠢ ᠪᠠᠢᠭᠤᠯᠥᠨ᠂ ᠨᠠᠩ ᠣᠯᠠᠨ ᠱᠢᠨ᠎ᠠ ᠬᠦᠴᠦᠨ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠣᠷᠣᠯᠴᠠᠬᠤ᠎ᠶ᠋ᠢ ᠠᠬᠢᠭᠤᠯᠵᠤ ᠪᠠᠢᠨ᠎ᠠ᠃

ᠬᠥᠳᠡᠭᠡ ᠲᠣᠰᠭᠤᠨ᠎ᠤ 《ᠳᠠᠭᠠᠭᠤᠯᠤᠭ᠍ᠴᠢ》 ᠎ᠶ᠋ᠢᠨ ᠡᠩᠨᠡᠭᠡ᠎ᠶ᠋ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠪᠡ

ᠬᠥᠳᠡᠭᠡ ᠲᠣᠰᠭᠤᠨ᠎ᠤ ᠳᠠᠭᠠᠭᠤᠯᠤᠭ᠍ᠴᠢ᠎ᠶ᠋ᠢᠨ ᠡᠩᠨᠡᠭᠡ᠎ᠶ᠋ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠬᠦ᠌ ᠲᠥᠪᠯᠡᠷᠡᠩᠭᠦᠶ ᠠᠵᠢᠯᠯᠠᠭ᠎ᠠ᠎ᠶ᠋ᠢ ᠠᠬᠢᠭᠤᠯᠵᠤ᠂ ᠬᠥᠳᠡᠭᠡ ᠲᠣᠰᠭᠤᠨ᠎ᠤ ᠳᠠᠭᠠᠭᠤᠯᠤᠭ᠍ᠴᠢ᠎ᠶ᠋ᠢᠨ ᠡᠩᠨᠡᠭᠡ᠎ᠶ᠋ᠢ ᠱᠢᠯᠢᠳᠡᠭ᠌ᠵᠢᠭᠦᠯᠵᠠᠢ᠃ 《ᠲᠣᠰᠭᠤᠨ᠎ᠤ ᠱᠦᠵᠢ᠎ᠶ᠋ᠢᠨ ᠶᠠᠷᠢᠶᠠᠨ᠎ᠤ ᠲᠠᠪᠴᠠᠩ》 ᠎ᠤᠨ ᠠᠵᠢᠯᠯᠠᠭ᠎ᠠ᠎ᠶ᠋ᠢ ᠥᠷᠨᠢᠭᠦᠯᠵᠦ᠍᠂ ᠲᠤᠰ ᠲᠠᠪᠴᠠᠩ᠎ᠢ ᠲᠣᠰᠭᠤᠨ᠎ᠢ ᠬᠦᠴᠦᠷᠬᠡᠭ᠌ᠵᠢᠭᠦᠯᠵᠦ᠍ ᠠᠷᠠᠳ᠎ᠢ ᠪᠠᠶᠠᠵᠢᠭᠤᠯᠬᠤ ᠡᠮᠦᠨ᠎ᠡ ᠹᠷᠣᠨᠲ᠎ᠲᠤ ᠱᠢᠯᠵᠢᠭᠦᠯᠦᠨ᠂ ᠬᠡᠷᠡᠭ᠎ᠤᠨ ᠵᠢᠱ᠌ᠢᠶ᠎ᠡ᠎ᠶ᠋ᠢ ᠵᠠᠳᠠᠯᠬᠤ᠂ ᠠᠵᠢᠯ᠎ᠤᠨ ᠬᠠᠷᠢᠭᠤ ᠮᠡᠳᠡᠭᠦᠯᠦᠯᠲᠡ ᠬᠢᠬᠦ᠂ ᠲᠤᠷᠱᠢᠯᠭ᠎ᠠ᠎ᠪᠠᠨ ᠬᠤᠪᠢᠶᠠᠯᠴᠠᠬᠤ ᠵᠡᠷᠭᠡ ᠬᠡᠯᠪᠡᠷᠢ᠎ᠪᠠᠷ ᠰᠠᠨᠠᠯ᠎ᠢᠶᠠᠨ ᠰᠣᠯᠢᠯᠴᠠᠵᠤ᠂ ᠣᠳᠣ ᠪᠤᠯᠳᠠᠯ᠎ᠠ 《ᠱᠦᠵᠢ᠎ᠶ᠋ᠢᠨ ᠶᠠᠷᠢᠶᠠᠨ᠎ᠤ ᠲᠠᠪᠴᠠᠩ》 ᠎ᠢ 12 ᠬᠤᠭᠤᠴᠠᠭ᠎ᠠ ᠥᠷᠨᠢᠭᠦᠯᠪᠡ᠃ ᠲᠦᠩᠯᠢᠶᠣᠤ᠎ᠶ᠋ᠢᠨ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ᠎ᠲᠠᠢ ᠬᠠᠮᠲᠤᠷᠠᠨ ᠨᠠᠮ᠎ᠤᠨ ᠰᠤᠷᠭᠠᠭᠤᠯᠢ᠎ᠶ᠋ᠢᠨ ᠲᠠᠪᠴᠠᠩ᠎ᠢ ᠪᠠᠢᠭᠤᠯᠵᠤ᠂ ᠲᠣᠰᠭᠤᠨ᠎ᠤ ᠤᠳᠤᠷᠢᠳᠭᠤ ᠪᠠᠭ᠎ᠤᠨ ᠺᠠᠳ᠋ᠷ᠎ᠢ ᠡᠭᠡᠯᠵᠢᠯᠡᠨ ᠪᠣᠯᠪᠠᠰᠤᠷᠠᠭᠤᠯᠬᠤ᠎ᠶ᠋ᠢ ᠥᠷᠨᠢᠭᠦᠯᠥᠨ᠂ ᠱᠢᠨ᠎ᠡ ᠨᠢᠭᠡ ᠬᠤᠭᠤᠴᠠᠭᠠᠨ᠎ᠤ ᠲᠣᠰᠭᠤᠨ᠎ᠤ ᠤᠳᠤᠷᠢᠳᠭᠤ ᠺᠠᠳ᠋ᠷ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠭᠦ᠌ ᠴᠢᠳᠠᠪᠤᠷᠢ᠎ᠶ᠋ᠢ ᠶᠡᠭᠡ᠎ᠪᠠᠷ ᠳᠡᠭᠡᠭ᠌ᠰᠢᠯᠡᠭᠦᠯᠵᠠᠢ᠃ 《ᠨᠢᠭᠡ ᠲᠣᠰᠭᠤᠨ᠎ᠳᠤ ᠨᠢᠭᠡ ᠣᠶᠤᠲᠠᠨ ᠬᠥᠮᠦᠵᠢᠭᠦᠯᠬᠦ᠌ ᠲᠥᠯᠥᠪᠯᠡᠭᠡ》 ᠎ᠶ᠋ᠢ ᠬᠡᠷᠡᠭ᠌ᠵᠢᠬᠦᠯᠵᠥ᠍᠂ ᠲᠣᠰᠭᠤᠨ᠎ᠤ ᠤᠳᠤᠷᠢᠳᠭᠤ ᠪᠠᠭ᠎ᠤᠨ ᠪᠦᠷᠢᠯᠳᠦᠬᠦᠨ᠎ᠤ ᠰᠤᠷᠤᠯᠭ᠎ᠠ᠎ᠶ᠋ᠢᠨ ᠨᠠᠮᠲᠠᠷ᠎ᠤᠨ ᠰᠤᠷᠭᠠᠨ ᠬᠥᠮᠦᠵᠢᠯ᠎ᠢ ᠴᠢᠩᠭᠠᠳᠭᠠᠵᠤ᠂ ᠲᠣᠰᠭᠤᠨ᠎ᠤ ᠤᠳᠤᠷᠢᠳᠭᠤ ᠪᠠᠭ᠎ᠤᠨ 34 ᠪᠦᠷᠢᠯᠳᠦᠬᠦᠨ ᠰᠤᠷᠤᠯᠭ᠎ᠠ᠎ᠶ᠋ᠢᠨ ᠨᠠᠮᠲᠠᠷ᠎ᠤᠨ ᠳᠡᠭᠡᠭ᠌ᠰᠢᠯᠡᠬᠦᠯᠤᠯᠲᠡ᠎ᠳᠤ ᠣᠷᠣᠯᠴᠠᠪᠠ᠃ ᠵᠢᠶᠠᠩᠰᠦ ᠮᠤᠵᠢ᠎ᠶ᠋ᠢᠨ ᠴᠠᠩᠵᠸᠦ ᠬᠤᠲᠠ᠂ ᠥᠰᠢ ᠬᠤᠲᠠ᠎ᠶ᠋ᠢᠨ ᠢᠱᠢᠩ ᠬᠤᠲᠠ᠎ᠶ᠋ᠢᠨ ᠲᠡᠷᠢᠭᠦᠨ᠎ᠤ ᠨᠡᠢᠲᠡᠯᠢᠭ ᠲᠣᠰᠭᠤᠨ᠎ᠳᠤ ᠬᠦᠷᠴᠦ᠍ ᠲᠣᠰᠭᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠲᠠᠷᠢᠶᠠᠴᠢᠨ᠎ᠤ ᠲᠤᠰᠭᠠᠶ ᠬᠤᠷᠱᠢᠶ᠎ᠠ᠎ᠶ᠋ᠢ ᠳᠠᠭᠠᠭᠤᠯᠤᠨ ᠡᠷᠭᠢᠯᠡᠬᠦ᠌ ᠠᠵᠢᠯᠯᠠᠭᠠᠨ᠎ᠤ ᠵᠠᠭ᠍ᠪᠤᠷ ᠵᠢᠴᠢ ᠬᠥᠭ᠌ᠵᠢᠯᠲᠡ᠎ᠶ᠋ᠢᠨ ᠠᠷᠭ᠎ᠠ ᠵᠠᠮ᠎ᠢ ᠱᠢᠨᠵᠢᠯᠡᠨ ᠪᠠᠢᠴᠠᠭᠠᠵᠤ ᠰᠤᠷᠤᠯᠴᠠᠬᠤ᠎ᠶ᠋ᠢ ᠵᠣᠬᠢᠶᠠᠨ ᠪᠠᠢᠭᠤᠯᠵᠤ᠂ ᠦᠨᠳᠦᠰᠦᠨ ᠱᠠᠲᠤᠨ᠎ᠤ ᠳᠠᠭᠠᠭᠤᠯᠤᠭ᠍ᠴᠢ᠎ᠶ᠋ᠢᠨ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠶᠠᠪᠤᠴᠠ᠎ᠳᠤ ᠰᠤᠳᠤᠯᠬᠤ᠂ ᠵᠠᠳᠠᠯᠬᠤ᠂ ᠠᠰᠠᠭᠤᠳᠠᠯ᠎ᠢ ᠱᠢᠢᠳᠪᠦᠷᠢᠯᠡᠬᠦ᠌ ᠴᠢᠳᠠᠪᠤᠷᠢ᠎ᠶ᠋ᠢ ᠬᠦᠴᠦᠯᠡᠨ ᠳᠡᠭᠡᠭ᠌ᠰᠢᠯᠡᠭᠦᠯᠵᠠᠢ᠃ ᠪᠡᠯᠡᠳᠭᠡᠯ ᠬᠦᠴᠦᠨ᠎ᠤ ᠪᠠᠢᠭᠤᠯᠤᠯᠲᠠ᠎ᠶ᠋ᠢ ᠴᠢᠩᠭᠠᠳᠭᠠᠨ᠂ 《ᠵᠡᠭᠡᠯᠢ ᠭᠤᠳᠤᠮᠵᠢ᠂ ᠲᠣᠰᠭᠤᠨ ᠪᠥᠷᠢ᠎ᠳᠤ ᠳᠡᠮᠳᠡᠭ᠌ᠯᠡᠯ᠎ᠲᠠᠢ᠂ ᠬᠥᠮᠦᠨ ᠪᠥᠷᠢ᠎ᠳᠤ ᠨᠢᠭᠡ ᠳᠠᠩᠰᠠ᠎ᠲᠠᠢ》 ᠪᠠᠢᠬᠤ ᠵᠠᠷᠴᠢᠮ ᠶᠣᠰᠣᠭᠠᠷ᠂ ᠲᠣᠰᠭᠤᠨ᠎ᠤ ᠤᠳᠤᠷᠢᠳᠭᠤ ᠪᠠᠭ᠎ᠤᠨ ᠪᠡᠯᠡᠳᠭᠡᠯ ᠺᠠᠳ᠋ᠷ᠎ᠤᠨ ᠴᠢᠳᠠᠪᠤᠷᠢᠲᠠᠨ᠎ᠤ ᠬᠥᠮᠥᠷᠭᠡ ᠪᠠᠢᠭᠤᠯᠵᠤ᠂ ᠲᠣᠰᠭᠤᠨ ᠨᠢᠭᠡᠪᠦᠷᠢ᠎ᠳᠤ ᠳᠡᠭᠡᠳᠦ ᠵᠡᠷᠭᠡ᠎ᠶ᠋ᠢᠨ ᠲᠤᠰᠭᠠᠶ ᠮᠡᠷᠭᠡᠵᠢᠯ᠎ᠤᠨ ᠰᠤᠷᠭᠠᠭᠤᠯᠢ᠎ᠠᠴᠠ ᠳᠡᠭᠡᠭ᠌ᠰᠢᠬᠢ ᠰᠣᠶᠣᠯ᠎ᠤᠨ ᠬᠢᠷᠢ ᠬᠡᠮᠵᠢᠶ᠎ᠡ᠎ᠲᠠᠢ 1 ᠪᠡᠯᠡᠳᠭᠡᠯ ᠺᠠᠳ᠋ᠷ᠎ᠢ ᠨᠥᠭᠡᠴᠡᠯᠡᠨ᠂ ᠪᠥᠬᠦ᠌ ᠨᠡᠭᠡᠭᠡᠯᠲᠡ᠎ᠶ᠋ᠢᠨ ᠲᠤᠭᠤᠷᠢᠬ᠎ᠲᠤ ᠲᠣᠰᠭᠤᠨ᠎ᠤ ᠱᠠᠲᠤᠨ᠎ᠤ 157 ᠪᠡᠯᠡᠳᠭᠡᠯ ᠺᠠᠳ᠋ᠷ ᠨᠥᠭᠡᠴᠡᠯᠡᠬᠦ᠌᠎ᠶ᠋ᠢ ᠦᠨᠡᠨᠬᠦ᠌ ᠪᠠᠲᠤᠯᠠᠬ᠍ᠰᠠᠨ ᠪᠠᠢᠨ᠎ᠠ᠃

《ᠨᠤᠲᠤᠭ᠎ᠤᠨ ᠴᠢᠳᠠᠪᠤᠷᠢᠲᠠᠨ》 ᠎ᠤ ᠦᠢᠯᠡᠳᠦᠯ᠎ᠢᠶᠠᠨ ᠪᠠᠳᠠᠷᠠᠭᠤᠯᠬᠤ᠎ᠶ᠋ᠢ ᠪᠦᠲᠦᠮᠵᠢᠲᠡᠶ ᠬᠥᠲᠥᠯᠥᠨ ᠵᠢᠯᠣᠭᠤᠳᠪᠠ

ᠨᠠᠮ᠎ᠠᠴᠠ ᠴᠢᠳᠠᠪᠤᠷᠢᠲᠠᠨ᠎ᠢ ᠬᠠᠮᠢᠶᠠᠷᠬᠤ ᠠᠵᠢᠯ᠎ᠤᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠵᠤ᠂ ᠬᠥᠳᠡᠭᠡ ᠲᠣᠰᠭᠤᠨ᠎ᠤ ᠱᠢᠨ᠎ᠡ ᠮᠠᠶᠢᠭ᠎ᠤᠨ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠳᠠᠭᠠᠭᠤᠯᠤᠭ᠍ᠴᠢ ᠴᠢᠳᠠᠪᠤᠷᠢᠲᠠᠨ᠂ ᠠᠵᠢᠯ ᠮᠡᠷᠭᠡᠵᠢᠯ᠎ᠲᠠᠢ ᠲᠠᠷᠢᠶᠠᠴᠢᠨ᠎ᠤ ᠭᠤᠣᠯ ᠬᠥᠮᠥᠰ ᠪᠠ ᠨᠤᠲᠤᠭ᠎ᠲᠠᠭᠠᠨ ᠪᠤᠴᠠᠵᠤ ᠦᠢᠯᠡᠰ ᠪᠤᠰᠭᠠᠵᠤ ᠪᠥᠬᠦᠢ ᠬᠥᠮᠥᠰ᠎ᠢ ᠭᠤᠣᠯᠳᠠᠯᠭ᠎ᠠ᠎ᠲᠠᠢ ᠬᠥᠮᠥᠵᠢᠭᠦᠯᠵᠤ᠂ 《ᠴᠢᠳᠠᠪᠤᠷᠢᠲᠠᠨ᠎ᠤ ᠨᠤᠲᠤᠭ᠎ᠲᠠᠭᠠᠨ ᠪᠤᠴᠠᠬᠤ᠂ ᠵᠠᠯᠠᠭᠤᠴᠤᠳ᠎ᠤᠨ ᠲᠣᠰᠭᠤᠨ᠎ᠳᠠᠭᠠᠨ ᠪᠤᠴᠠᠬᠤ᠂ ᠭᠠᠳᠠᠨ᠎ᠠ ᠠᠮᠵᠢᠯᠲᠠ ᠤᠯᠤᠬ᠍ᠰᠠᠳ᠎ᠤᠨ ᠨᠤᠲᠤᠭ᠎ᠲᠠᠭᠠᠨ ᠥᠢᠯᠡᠴᠢᠯᠡᠬᠦ᠌》 ᠎ᠶ᠋ᠢ ᠶᠡᠭᠡ᠎ᠪᠠᠷ ᠠᠬᠢᠭᠤᠯᠥᠨ᠂ ᠴᠢᠳᠠᠪᠤᠷᠢᠲᠠᠨ᠎ᠤ ᠳᠠᠢᠴᠢᠯᠠᠬᠤ ᠦᠢᠯᠡᠳᠦᠯ᠎ᠢ ᠪᠠᠳᠠᠷᠠᠭᠤᠯᠵᠠᠢ᠃ ᠡᠢᠨ ᠬᠦ᠌ ᠲᠠᠷᠢᠶᠠᠯᠠᠩ᠎ᠤᠨ ᠮᠡᠷᠭᠡᠵᠢᠯᠳᠠᠨ᠂ ᠤᠷᠠᠨ ᠳᠠᠷᠬᠠᠨ᠂ ᠰᠣᠶᠣᠯ᠎ᠤᠨ ᠤᠯᠠᠮᠵᠢᠯᠠᠬ᠍ᠴᠢ ᠵᠡᠷᠭᠡ ᠠᠳᠠᠯᠢ ᠪᠤᠰᠤ ᠲᠥᠷᠥᠯ ᠢᠯᠭᠠᠯ᠎ᠢ ᠦᠨᠳᠦᠰᠦᠯᠡᠨ᠂ ᠡᠷᠳᠡᠮ ᠴᠢᠳᠠᠪᠤᠷᠢ᠎ᠲᠠᠢ᠂ ᠨᠢᠭᠡ ᠲᠠᠯ᠎ᠠ᠎ᠪᠠᠷ ᠴᠠᠭᠠᠷᠠᠬ᠍ᠰᠠᠨ 39 《ᠨᠤᠲᠤᠭ᠎ᠤᠨ ᠮᠡᠷᠭᠡᠵᠢᠯᠲᠡᠨ》 ᠎ᠢ ᠬᠥᠮᠦᠵᠢᠭᠦᠯᠦᠨ ᠰᠣᠩᠭᠤᠪᠠ᠃ ᠲᠥᠷᠥ᠎ᠶ᠋ᠢᠨ ᠪᠣᠳᠣᠯᠭ᠎ᠠ᠎ᠪᠠᠷ ᠲᠡᠳᠬᠦᠬᠦ᠌ ᠡᠷᠴᠢᠮ᠎ᠢᠶᠠᠨ ᠴᠢᠩᠭᠠᠷᠠᠭᠤᠯᠵᠤ᠂ ᠬᠥᠳᠡᠭᠡ ᠲᠣᠰᠭᠤᠨ᠎ᠤ ᠴᠢᠳᠠᠪᠤᠷᠢᠲᠠᠨ᠎ᠤ ᠡᠬᠢ ᠪᠠᠶᠠᠯᠢᠭ᠎ᠢ ᠠᠮᠢᠳᠤᠯᠢᠭ ᠨᠡᠭᠡᠭᠡᠵᠤ ᠠᠱᠢᠬ᠍ᠯᠠᠠ᠂ ᠰᠣᠶᠣᠯ᠎ᠲᠠᠢ᠂ ᠮᠡᠷᠭᠡᠵᠢᠯ᠎ᠲᠠᠢ᠂ ᠡᠵᠡᠩᠨᠡᠵᠦ᠍ ᠴᠢᠳᠠᠬᠤ ᠱᠢᠨ᠎ᠡ ᠮᠠᠶᠢᠭ᠎ᠤᠨ ᠲᠠᠷᠢᠶᠠᠴᠢᠨ᠎ᠤ ᠡᠩᠨᠡᠭᠡ ᠪᠠᠢᠭᠤᠯᠵᠤ᠂ ᠱᠢᠨ᠎ᠡ ᠮᠠᠶᠢᠭ᠎ᠤᠨ ᠠᠵᠢᠯ ᠮᠡᠷᠭᠡᠵᠢᠯ᠎ᠲᠠᠢ ᠲᠠᠷᠢᠶᠠᠴᠢᠨ᠎ᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠭᠤᠣᠯ ᠬᠦᠴᠦᠨ ᠪᠣᠯᠭᠠᠵᠤ᠂ ᠬᠥᠳᠡᠭᠡ ᠲᠣᠰᠭᠤᠨ᠎ᠤ ᠠᠵᠤ ᠦᠢᠯᠡᠰ᠎ᠢ ᠬᠥᠭ᠌ᠵᠢᠭᠦᠯᠦᠨ ᠮᠠᠨᠳᠤᠭᠤᠯᠬᠤ᠎ᠪᠠᠷ ᠬᠥᠳᠡᠭᠡ ᠲᠣᠰᠭᠤᠨ᠎ᠤ ᠬᠥᠳᠡᠯᠮᠦᠷᠢ ᠬᠦᠴᠦᠨ᠎ᠢ ᠱᠢᠯᠵᠢᠭᠦᠯᠦᠨ ᠠᠵᠢᠯ ᠣᠯᠭᠤᠬᠤ᠎ᠶ᠋ᠢ ᠠᠬᠢᠭᠤᠯᠵᠠᠢ᠃ ᠴᠢᠳᠠᠪᠤᠷᠢᠲᠠᠨ᠎ᠤ ᠲᠥᠷᠥ᠎ᠶ᠋ᠢᠨ ᠪᠣᠳᠣᠯᠭ᠎ᠠ᠎ᠶ᠋ᠢᠨ ᠤᠷᠮᠠᠱᠢᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠣᠷᠣᠯᠴᠠᠬᠤ ᠰᠠᠨᠠᠭ᠎ᠠ᠎ᠲᠠᠢ ᠠᠵᠤ ᠠᠬᠤᠢᠯᠠᠯ ᠡᠷᠬᠢᠯᠡᠭ᠌ᠴᠢ᠂ ᠶᠡᠭᠡ ᠳᠡᠭᠡᠳᠦ ᠰᠤᠷᠭᠠᠭᠤᠯᠢ ᠲᠡᠭᠦᠰᠦᠭ᠌ᠰᠡᠳ᠂ ᠨᠤᠲᠤᠭ᠎ᠲᠠᠭᠠᠨ ᠪᠤᠴᠠᠭ᠍ᠰᠠᠨ ᠵᠠᠯᠠᠭᠤᠴᠤᠳ ᠵᠡᠷᠭᠡ ᠡᠯ᠎ᠡ ᠲᠥᠷᠥᠯ᠎ᠤᠨ ᠴᠢᠳᠠᠪᠤᠷᠢᠲᠠᠨ᠎ᠤ ᠨᠤᠲᠤᠭ᠎ᠲᠠᠭᠠᠨ ᠪᠤᠴᠠᠵᠤ ᠦᠢᠯᠡᠰ ᠪᠤᠰᠭᠠᠵᠤ ᠱᠢᠨ᠎ᠡ᠎ᠶ᠋ᠢ ᠡᠭᠦᠳᠬᠦ᠌᠎ᠶ᠋ᠢ ᠵᠣᠷᠢᠭ᠍ᠵᠢᠭᠤᠯᠪᠠ᠃ ᠣᠢᠷ᠎ᠠ᠎ᠶ᠋ᠢᠨ ᠵᠢᠯ᠂ ᠲᠤᠰ ᠨᠡᠭᠡᠭᠡᠯᠲᠡ᠎ᠶ᠋ᠢᠨ ᠲᠣᠭᠤᠷᠢᠭ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠭᠤ ᠭᠤᠤᠯᠯᠠᠭ᠍ᠴᠢ ᠦᠢᠯᠡᠳᠦᠯ᠎ᠢ ᠭᠦᠶᠴᠡᠳ ᠪᠠᠳᠠᠷᠠᠭᠤᠯᠵᠤ᠂ ᠤᠷᠢᠳ ᠬᠤᠵᠢᠳ 15 ᠱᠢᠯᠢᠳᠡᠭ ᠴᠢᠳᠠᠪᠤᠷᠢᠲᠠᠨ᠎ᠢ ᠨᠤᠲᠤᠭ᠎ᠲᠠᠭᠠᠨ ᠪᠤᠴᠠᠵᠤ ᠦᠢᠯᠡᠰ ᠪᠤᠰᠭᠠᠯᠭᠠᠬᠤ ᠪᠤᠶᠤ ᠲᠤᠱᠢᠶᠠᠯ ᠡᠭᠦᠷᠭᠡᠯᠡᠭᠦᠯᠥᠨ᠂ ᠨᠤᠲᠤᠭ᠎ᠲᠠᠭᠠᠨ ᠪᠤᠴᠠᠭ᠍ᠰᠠᠳ᠎ᠲᠤ ᠬᠥᠭᠦᠷᠭᠡ ᠬᠤᠯᠪᠣᠭᠠᠰᠤ ᠪᠣᠯᠵᠣ᠂ ᠠᠷᠭ᠎ᠠ ᠪᠣᠳᠣᠯᠭ᠎ᠠ ᠭᠠᠷᠭᠠᠨ᠂ ᠬᠦᠴᠢᠷ᠎ᠢ᠎ᠨᠢ ᠱᠢᠢᠳᠪᠤᠷᠢᠯᠡᠨ ᠥᠭ᠌ᠴᠦ᠂ ᠨᠤᠲᠤᠭ᠎ᠲᠠᠭᠠᠨ ᠪᠤᠴᠠᠵᠤ ᠠᠵᠢᠯ ᠦᠢᠯᠡᠰ ᠪᠤᠰᠭᠠᠬ᠍ᠰᠠᠳ᠎ᠤᠨ ᠪᠠᠲᠤ ᠴᠢᠩᠭ᠎ᠠ ᠠᠷᠤ ᠲᠦᠱᠢᠭ ᠪᠣᠯᠵᠤ ᠪᠠᠢᠨ᠎ᠠ᠃

ᠬᠥᠳᠡᠭᠡ ᠲᠣᠰᠭᠤᠨ᠎ᠤ ᠨᠠᠮ᠎ᠤᠨ ᠭᠡᠱᠢᠭᠦᠨ᠎ᠤ ᠬᠤᠱᠢᠭᠤᠴᠢ ᠵᠢᠱ᠌ᠢᠶᠡᠴᠢ ᠦᠢᠯᠡᠳᠦᠯ᠎ᠢ ᠭᠦᠢᠴᠡᠳ ᠪᠠᠳᠠᠷᠠᠭᠤᠯᠪᠠ

ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠂ ᠨᠡᠢᠭᠡᠮ᠎ᠤᠨ ᠠᠮᠤᠷ ᠲᠦᠪᠱᠢᠨ᠂ ᠵᠠᠬᠢᠳᠠᠯ ᠰᠤᠷᠪᠤᠯᠵᠢᠯᠠᠯ᠂ ᠠᠷᠠᠳ᠎ᠤᠨ ᠠᠮᠢᠳᠤᠷᠠᠯ᠎ᠤᠨ ᠦᠢᠯᠡᠴᠢᠯᠡᠭᠡ ᠵᠡᠷᠭᠡ᠎ᠶ᠋ᠢ ᠨᠢᠭᠡ ᠴᠣᠠᠠᠴᠠᠵᠢᠭᠤᠯᠥᠠᠠᠰᠠᠨ ᠣᠯᠠᠨ ᠰᠦᠯᠵᠢᠶ᠎ᠡ᠎ᠶ᠋ᠢ ᠨᠡᠢᠯᠡᠭᠦᠯᠦᠨ ᠨᠢᠭᠡ ᠴᠣᠠᠠᠴᠠᠵᠢᠭᠤᠯᠥᠠᠠᠰᠠᠨ ᠬᠥᠳᠡᠭᠡ ᠲᠣᠰᠭᠤᠨ᠎ᠤ ᠲᠤᠤᠷ ᠰᠦᠯᠵᠢᠶ᠎ᠡ᠎ᠶ᠋ᠢᠨ ᠵᠠᠰᠠᠯᠲᠠ᠎ᠶ᠋ᠢᠨ ᠵᠠᠭ᠍ᠪᠤᠷ᠎ᠢ ᠪᠤᠢ ᠪᠤᠯᠭᠠᠵᠤ᠂ ᠬᠥᠳᠡᠭᠡ ᠲᠣᠰᠭᠤᠨ᠎ᠤ ᠨᠠᠮ᠎ᠤᠨ ᠭᠡᠱᠢᠭᠦᠨ᠎ᠤ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠠᠵᠢᠯ᠎ᠳᠠᠬᠢ ᠳᠦᠷᠢ ᠲᠥᠷᠬᠦ᠌᠎ᠶ᠋ᠢᠨ ᠪᠠᠢᠷᠢ ᠲᠣᠭ᠍ᠲᠠᠭᠠᠯᠲᠠ᠎ᠶ᠋ᠢ ᠦᠨᠡᠨ ᠬᠦ᠌ ᠲᠣᠳᠣᠷᠬᠠᠢᠯᠠᠵᠠᠢ᠃ ᠬᠥᠳᠡᠭᠡ ᠲᠣᠰᠭᠤᠨ᠎ᠤ ᠨᠠᠮ᠎ᠤᠨ ᠭᠡᠱᠢᠭᠦᠨ᠎ᠤ 《 ᠲᠥᠷᠥᠭᠦᠯᠡᠨ ᠪᠠᠶᠠᠵᠢᠬᠤ᠂ ᠳᠠᠭᠠᠭᠤᠯᠤᠨ ᠪᠠᠶᠠᠵᠢᠭᠤᠯᠬᠤ》 ᠬᠤᠣᠰ ᠳᠠᠭᠠᠭᠤᠯᠬᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠬᠥᠳᠡᠭᠡ ᠲᠣᠰᠭᠤᠨ᠎ᠤ ᠵᠠᠯᠠᠭᠤ ᠨᠠᠮ᠎ᠤᠨ ᠭᠡᠱᠢᠭᠦᠨ᠎ᠢ ᠬᠥᠭ᠌ᠵᠢᠭᠦᠯᠬᠦ᠌ ᠪᠠ ᠬᠥᠮᠦᠵᠢᠭᠦᠯᠬᠦ᠌ ᠡᠷᠴᠢᠮ᠎ᠢᠶᠠᠨ ᠴᠢᠩᠭᠠᠷᠠᠭᠤᠯᠥᠨ᠂ ᠨᠠᠮ᠎ᠤᠨ ᠭᠡᠱᠢᠭᠦᠨ᠎ᠢ ᠪᠠᠶᠠᠵᠢᠯ᠎ᠤᠨ ᠴᠢᠳᠠᠪᠤᠷᠢᠲᠠᠨ ᠪᠣᠯᠭᠠᠨ ᠬᠥᠮᠦᠵᠢᠭᠦᠯᠬᠦ᠌᠎ᠶ᠋ᠢ ᠪᠠᠷᠢᠮᠲᠠᠯᠠᠵᠤ᠂ ᠪᠠᠶᠠᠵᠢᠯ᠎ᠤᠨ ᠴᠢᠳᠠᠪᠤᠷᠢᠲᠠᠨ᠎ᠢ ᠨᠠᠮ᠎ᠤᠨ ᠭᠡᠱᠢᠭᠦᠨ ᠪᠣᠯᠭᠠᠨ ᠬᠥᠮᠦᠵᠢᠭᠦᠯᠪᠠ᠂ ᠢᠡᠭ᠌ᠬᠢᠭ᠌ᠰᠡᠡ᠎ᠢᠶᠠᠷ ᠤᠢ᠍ᠢᠷ᠎ᠠ᠎ᠶ᠋ᠢᠨ ᠬᠤᠶᠠᠷ ᠵᠢᠯ 37 ᠲᠠᠷᠢᠶᠠᠴᠢᠨ ᠨᠠᠮ᠎ᠤᠨ ᠭᠡᠱᠢᠭᠦᠨ ᠡᠯᠰᠡᠵᠦ᠍᠂ ᠨᠠᠮ᠎ᠤᠨ ᠭᠡᠱᠢᠭᠦᠨ᠎ᠤ ᠡᠩᠨᠡᠭᠡ᠎ᠶ᠋ᠢᠨ ᠠᠮᠢᠵᠢᠷᠠᠯ᠎ᠤᠨ ᠬᠦᠴᠦᠨ᠎ᠢ ᠳᠠᠰᠤᠷᠠᠯᠳᠠ ᠦᠬᠡᠢ ᠴᠢᠩᠭᠠᠳᠭᠠᠵᠠᠢ᠃ ᠬᠥᠳᠡᠭᠡ ᠲᠣᠰᠭᠤᠨ᠎ᠤ ᠨᠠᠮ᠎ᠤᠨ ᠭᠡᠱᠢᠭᠦᠨ᠎ᠤ ᠦᠢᠯᠡᠰ ᠪᠤᠰᠭᠠᠬᠤ 《ᠠᠶᠠᠨ᠎ᠢᠶᠠᠨ ᠡᠯᠭᠦᠬᠦ᠌》 ᠠᠵᠢᠯᠯᠠᠭ᠎ᠠ ᠥᠷᠨᠢᠭᠦᠯᠵᠦ᠍᠂ ᠲᠦᠷᠦ᠎ᠶ᠋ᠢᠨ ᠪᠤᠳᠤᠯᠭ᠎ᠠ᠎ᠶ᠋ᠢᠨ ᠳᠡᠮᠵᠢᠯᠭᠡ᠎ᠶ᠋ᠢ ᠵᠣᠬᠢᠴᠠᠭᠤᠯᠥᠨ᠂ ᠬᠠᠪᠰᠤᠷᠤᠨ ᠲᠦᠷᠦᠯ ᠵᠦᠢᠯ᠎ᠢ ᠣᠷᠣᠭᠤᠯᠤᠨ ᠠᠪᠴᠢᠷᠠᠵᠤ᠂ ᠦᠢᠯᠡᠰ ᠪᠤᠰᠭᠠᠬᠤ ᠤᠷ᠎ᠠ ᠴᠢᠳᠠᠪᠤᠷᠢ᠎ᠶ᠋ᠢ ᠪᠣᠯᠪᠠᠰᠤᠷᠠᠭᠤᠯᠤᠨ᠂ ᠬᠥᠳᠡᠭᠡ ᠲᠣᠰᠭᠤᠨ᠎ᠤ ᠨᠠᠮ᠎ᠤᠨ ᠭᠡᠱᠢᠭᠦᠨ᠎ᠤ ᠲᠦᠷᠦᠭᠦᠯᠡᠨ ᠦᠢᠯᠡᠰ ᠪᠤᠰᠭᠠᠬᠤ᠂ ᠠᠷᠠᠳ᠎ᠢ ᠳᠠᠭᠠᠭᠤᠯᠤᠨ ᠬᠠᠮᠲᠤ᠎ᠪᠠᠷ ᠪᠠᠶᠠᠵᠢᠬᠤ᠎ᠳᠤ ᠨᠥᠬᠦᠴᠡᠯ ᠪᠦᠷᠢᠯᠳᠦᠭᠦᠯᠵᠥ᠍ ᠲᠠᠪᠴᠠᠩ ᠪᠠᠢᠭᠤᠯᠵᠤ ᠥᠭ᠌ᠪᠠ᠃ ᠣᠳᠣ ᠬᠥᠳᠡᠭᠡ ᠲᠣᠰᠭᠤᠨ᠎ᠤ 26 ᠨᠠᠮ᠎ᠤᠨ ᠭᠡᠱᠢᠭᠦᠨ ᠪᠡᠶ᠎ᠡ᠎ᠪᠠᠨ ᠳᠠᠭᠠᠭᠠᠵᠤ ᠦᠢᠯᠡᠰ ᠪᠤᠰᠭᠠᠵᠤ᠂ 100 ᠭᠠᠷᠤᠢ ᠲᠣᠰᠭᠤᠨ᠎ᠤ ᠠᠷᠠᠳ᠎ᠢ ᠲᠠᠢᠴᠢᠯᠠᠵᠠᠢ᠃ 《ᠨᠠᠮ᠎ᠤᠨ ᠭᠡᠱᠢᠭᠦᠨ ᠣᠯᠠᠨ ᠲᠦᠮᠡᠨ᠎ᠢ ᠬᠠᠪᠰᠤᠷᠬᠤ》 ᠎ᠪᠠᠷ ᠳᠠᠮᠵᠢᠭᠤᠯᠤᠨ᠂ ᠣᠯᠠᠨ ᠲᠦᠮᠡᠨ᠎ᠳᠤ ᠡᠯ᠎ᠡ ᠭᠠᠵᠠᠷ᠎ᠤᠨ ᠠᠵᠢᠯᠴᠢᠨ ᠡᠯᠰᠡᠬᠦ᠌ ᠮᠡᠳᠡᠭᠡ ᠵᠠᠩᠭᠢ᠎ᠶ᠋ᠢ ᠴᠠᠭ ᠲᠤᠬᠠᠶ᠎ᠳᠤᠨᠢ ᠨᠡᠢᠲᠡᠯᠡᠵᠦ᠍᠂ ᠲᠣᠰᠭᠤᠨ᠎ᠤ ᠠᠷᠠᠳ᠎ᠲᠤ ᠨᠡᠩ ᠣᠯᠠᠨ ᠠᠵᠢᠯ ᠤᠯᠬᠤ ᠲᠣᠬᠢᠶᠠᠯ ᠬᠠᠩᠭᠠᠨ᠂ ᠲᠠᠷᠢᠶᠠᠯᠠᠩ᠎ᠤᠨ ᠰᠡᠯᠡᠭᠦᠦ ᠴᠠᠭ᠎ᠢ ᠠᠱᠢᠬ᠍ᠯᠠᠠ ᠣᠷᠣᠯᠭ᠎ᠠ᠎ᠶ᠋ᠢ᠎ᠨᠢ ᠨᠡᠮᠡᠭ᠌ᠳᠡᠭᠦᠯᠵᠤ ᠪᠤᠢ᠃ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠲᠠᠢ ᠤᠶᠠᠯᠳᠤᠭᠤᠯᠤᠨ᠂ ᠨᠠᠮ᠎ᠤᠨ ᠭᠡᠱᠢᠭᠦᠨ᠎ᠤ 《ᠭᠤᠷᠪᠠ᠎ᠶ᠋ᠢ ᠲᠣᠭ᠍ᠲᠠᠭᠠᠵᠤ ᠭᠤᠷᠪᠠ᠎ᠶ᠋ᠢ ᠠᠮᠠᠯᠠᠯᠳᠤᠬᠤ》 ᠠᠵᠢᠯᠯᠠᠭ᠎ᠠ ᠥᠷᠨᠢᠭᠦᠯᠵᠤ᠂ ᠬᠥᠳᠡᠭᠡ ᠲᠣᠰᠭᠤᠨ᠎ᠤ ᠨᠠᠮ᠎ᠤᠨ ᠭᠡᠱᠢᠭᠦᠨ ᠺᠠᠳ᠋ᠷᠴᠤᠳ᠎ᠢ ᠤᠷᠢᠶᠠᠯᠠᠨ ᠠᠷᠠᠳ᠎ᠤᠨ ᠲᠥᠯᠥᠭᠡ ᠪᠣᠳᠠᠲᠠᠢ ᠠᠵᠢᠯ᠂ ᠰᠠᠢᠨ ᠶᠠᠪᠤᠳᠠᠯ ᠬᠢᠵᠦ᠍᠂ ᠬᠤᠱᠢᠭᠤᠴᠢ ᠵᠢᠱ᠌ᠢᠶᠡᠴᠢ ᠦᠢᠯᠡᠳᠦᠯ᠎ᠢᠶᠠᠨ ᠭᠦᠢᠴᠡᠳ ᠪᠠᠳᠠᠷᠠᠭᠤᠯᠬᠤ᠎ᠶ᠋ᠢ ᠱᠠᠭᠠᠷᠳᠠᠵᠤ ᠪᠤᠢ᠃ ᠣᠳᠣ ᠪᠣᠯᠲᠠᠯ᠎ᠠ᠂ ᠬᠥᠳᠡᠭᠡ ᠲᠣᠰᠭᠤᠨ᠎ᠤ ᠨᠠᠮ᠎ᠤᠨ ᠭᠡᠱᠢᠭᠦᠨ ᠤᠯᠠᠨ ᠲᠦᠮᠡᠨ᠎ᠳᠤ ᠨᠡᠢᠳᠡ 600 ᠭᠠᠷᠤᠢ ᠪᠣᠳᠠᠲᠠᠢ ᠶᠠᠪᠤᠳᠠᠯ ᠬᠢᠵᠦ᠍ ᠥᠭ᠌ᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号