ᠬᠢᠵᠢᠭ᠎ᠲᠠᠢ ᠲᠡᠮᠡᠴᠡᠬᠦ᠌᠎ᠳᠤ ᠬᠠᠷᠠᠵᠦ᠍ ᠰᠠᠭᠤᠭᠠᠤᠨ ᠪᠤᠯᠬᠤ ᠦᠭᠡᠢ
2021-08-09 11:03:03
ᠵᠣᠬᠢᠶᠠᠭ᠍ᠴᠢ᠄
ᠶᠤᠸᠠᠨ ᠪᠦᠦ ᠨᠢᠶᠠᠨ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠶ᠋ᠢᠨ ᠬᠤᠭᠤᠴᠠᠭᠠᠨ᠎ᠳᠤ᠂ ᠬᠢᠯᠢ᠎ᠶ᠋ᠢᠨ ᠭᠠᠳᠠᠨ᠎ᠠ᠎ᠠᠴᠠ ᠣᠷᠣᠵᠤ ᠢᠷᠡᠭ᠌ᠰᠡᠨ᠎ᠠᠴᠠ ᠪᠣᠯᠤᠭ᠍ᠰᠠᠨ ᠬᠢᠵᠢᠭ᠎ᠤᠨ ᠪᠠᠢᠳᠠᠯ ᠮᠠᠨ᠎ᠤ ᠤᠯᠤᠰ᠎ᠤᠨ ᠤᠯᠠᠨ ᠮᠤᠵᠢ᠎ᠶ᠋ᠢ ᠨᠥᠯᠥᠭᠡᠯᠡᠵᠦ᠍᠂ ᠮᠠᠨ᠎ᠤ ᠣᠷᠣᠨ᠎ᠤ ᠣᠨᠴᠠ ᠵᠠᠷᠢᠮ ᠭᠠᠵᠠᠷ ᠣᠷᠣᠨ ᠴᠤ᠌ ᠠᠳᠠᠯᠢ ᠪᠤᠰᠤ ᠬᠡᠮᠵᠢᠶ᠎ᠡ᠎ᠪᠠᠷ ᠨᠥᠯᠥᠭᠡᠯᠡᠭ᠌ᠳᠡᠵᠦ᠍᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠭᠠᠳᠠᠨ᠎ᠠ᠎ᠠᠴᠠ ᠬᠠᠯᠳᠠᠪᠤᠷᠢᠯᠠᠨ ᠣᠷᠣᠵᠤ ᠢᠷᠡᠬᠦ᠌᠎ᠶ᠋ᠢ ᠰᠡᠷᠭᠡᠢᠯᠡᠬᠦ᠂ ᠳᠣᠲᠣᠭᠠᠳᠤ᠎ᠳᠠᠭᠠᠨ ᠲᠠᠬᠢᠨ ᠳᠡᠯᠭᠡᠷᠡᠬᠦ᠌᠎ᠶ᠋ᠢ ᠰᠡᠷᠭᠡᠢᠯᠡᠬᠦ᠌ ᠳᠠᠷᠤᠯᠲᠠ ᠦᠷᠭᠦᠯᠵᠢᠯᠡᠨ ᠨᠡᠮᠡᠭ᠌ᠳᠡᠵᠦ᠍ ᠪᠠᠢᠨ᠎ᠠ᠃ ᠡᠯ᠎ᠡ ᠭᠠᠵᠠᠷ᠎ᠤᠨ ᠣᠯᠠᠨ ᠲᠦᠮᠡᠨ ᠬᠤᠪᠢ ᠬᠥᠮᠦᠨ᠎ᠤ ᠰᠡᠷᠭᠡᠢᠯᠡᠨ ᠬᠠᠮᠠᠭᠠᠯᠠᠯᠲᠠ᠎ᠪᠠᠨ ᠬᠢᠨᠠᠮᠠᠭᠠᠶ ᠰᠠᠢᠲᠤᠷ ᠬᠢᠵᠦ᠍᠂ ᠸᠠᠺᠼᠢᠨ᠎ᠢ ᠢᠳᠡᠪᠬᠢᠲᠡᠶ ᠪᠥᠭᠡᠳ ᠰᠠᠨᠠᠭᠠᠴᠢᠯᠠᠭ᠎ᠠ᠎ᠠᠴᠠ᠎ᠪᠠᠨ ᠳᠠᠷᠢᠬᠤ ᠬᠡᠷᠡᠭ᠌ᠲᠡᠢ; ᠰᠠᠨᠠᠭᠠᠴᠢᠯᠠᠭ᠎ᠠ᠎ᠠᠴᠠ᠎ᠪᠠᠨ ᠮᠡᠳᠡᠭᠦᠯᠬᠦ᠌ ᠤᠬᠠᠮᠰᠠᠷ᠎ᠢᠶᠠᠨ ᠴᠢᠩᠭᠠᠳᠭᠠᠵᠤ᠂ ᠲᠤᠰᠠᠭᠠᠷᠯᠠᠬᠤ᠎ᠶ᠋ᠢ ᠳᠡᠮᠵᠢᠨ ᠬᠠᠮᠵᠢᠯᠴᠠᠬᠤ ᠬᠡᠷᠡᠭ᠌ᠲᠡᠢ; ᠭᠠᠳᠠᠨ᠎ᠠ ᠣᠷᠣᠨ᠎ᠳᠤ ᠪᠠᠢᠭ᠎ᠠ ᠮᠠᠨ᠎ᠤ ᠣᠷᠣᠨ᠎ᠤ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠤᠷᠢᠶᠠᠯᠠᠭ᠎ᠠ᠎ᠶ᠋ᠢ ᠴᠤᠤᠷᠢᠶᠠᠳᠤᠨ ᠳᠠᠭᠠᠵᠤ᠂ ᠤᠷᠢᠳᠴᠢᠯᠠᠨ ᠨᠤᠲᠤᠭ᠎ᠲᠠᠭᠠᠨ ᠪᠤᠴᠠᠵᠤ ᠬᠡᠷ᠎ᠲᠡᠭᠡᠨ ᠰᠠᠭᠤᠵᠤ ᠠᠵᠢᠠᠠᠯᠠᠯᠳᠠ ᠬᠢᠬᠦ᠌ ᠬᠡᠷᠡᠭ᠌ᠲᠡᠶ; ᠵᠠᠷᠢᠮ ᠬᠥᠮᠦᠰ ᠰᠠᠨᠠᠭᠠᠴᠢᠯᠠᠭ᠎ᠠ᠎ᠠᠴᠠ᠎ᠪᠠᠨ ᠵᠢᠭᠤᠯᠴᠢᠯᠠᠯ᠎ᠤᠨ ᠲᠥᠯᠥᠪᠯᠡᠭᠡ᠎ᠪᠠᠨ ᠬᠦᠴᠦᠨ ᠦᠭᠡᠢ ᠪᠣᠯᠭᠠᠵᠤ᠂ ᠠᠷᠭ᠎ᠠ᠎ᠲᠠᠢ ᠯᠡ ᠪᠤᠯ ᠭᠠᠳᠠᠭ᠍ᠰᠢ ᠭᠠᠷᠬᠤ ᠦᠭᠡᠢ ᠪᠠᠢᠬᠤ᠎ᠶ᠋ᠢ ᠪᠠᠷᠢᠮᠲᠠᠯᠠᠵᠤ᠂ ᠬᠥᠮᠦᠨ ᠤᠯᠠᠨ ᠴᠤᠭ᠍ᠯᠠᠷᠠᠬᠤ᠎ᠠᠴᠠ ᠵᠠᠢᠯᠠᠰᠭᠢᠬᠦ᠌ ᠬᠡᠷᠡᠭ᠌ᠲᠡᠢ ᠁ ᠤᠢ᠍ᠢᠷ᠎ᠠ᠎ᠶ᠋ᠢᠨ ᠡᠳᠦᠷ᠎ᠤᠳ᠎ᠲᠤ᠌᠂ ᠪᠦᠬᠦ᠌ ᠣᠷᠣᠨ᠎ᠤ ᠡᠯ᠎ᠡ ᠭᠠᠵᠠᠷ᠎ᠤᠨ ᠤᠯᠠᠨ ᠲᠦᠮᠡᠨ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠲᠤᠬᠠᠢ᠎ᠶ᠋ᠢᠨ ᠭᠠᠵᠠᠷ᠎ᠤᠨ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠳᠠᠷᠦ᠋ᠢᠬᠠᠨ ᠬᠥᠳᠡᠯᠦᠯᠴᠡᠵᠦ᠍᠂ ᠬᠦᠷᠦᠯᠴᠡᠬᠦ᠌ ᠦᠭᠡᠢ ᠲᠠᠯ᠎ᠠ᠎ᠪᠠᠨ ᠨᠥᠬᠦᠪᠥᠷᠢᠯᠡᠵᠦ᠍᠂ ᠳᠤᠲᠠᠭᠤᠳᠠᠯ᠎ᠢᠶᠠᠨ ᠨᠥᠬᠦᠪᠥᠷᠢᠯᠡᠵᠦ᠍᠂ ᠰᠡᠳᠭᠢᠯ ᠨᠢᠭᠡᠳᠦᠨ ᠬᠦᠴᠦ᠎ᠪᠠᠨ ᠬᠠᠮᠲᠤᠳᠭᠠᠵᠤ᠂ ᠴᠢᠩᠭ᠎ᠠ ᠰᠡᠷᠭᠡᠢᠯᠡᠨ ᠰᠠᠬᠢᠵᠤ᠂ ᠬᠢᠵᠢᠭ᠎ᠲᠠᠢ ᠲᠡᠮᠡᠴᠡᠬᠦ᠌ ᠨᠢᠭ᠍ᠲᠠ ᠴᠢᠩᠭ᠎ᠠ 《ᠬᠠᠮᠠᠭᠠᠯᠠᠯᠲᠠ᠎ᠶ᠋ᠢᠨ ᠲᠣᠣᠷ》 ᠎ᠢ ᠨᠢᠭ᠍ᠲᠠ ᠰᠦᠯᠵᠢᠭ᠌ᠰᠡᠨ ᠪᠠᠢᠨ᠎ᠠ᠃

ᠬᠢᠵᠢᠭ᠎ᠤᠨ ᠪᠠᠢᠳᠠᠯ ᠪᠣᠯ ᠰᠡᠷᠡᠮᠵᠢ᠎ᠶ᠋ᠢᠨ ᠬᠤᠩᠬᠤ᠂ ᠬᠢᠵᠢᠭ᠎ᠤᠨ ᠪᠠᠢᠳᠠᠯ ᠪᠣᠯ ᠵᠠᠷᠯᠢᠭ ᠮᠥᠨ᠃ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠤᠨ ᠱᠢᠨ᠎ᠡ ᠪᠠᠢᠳᠠᠯ᠂ ᠱᠢᠨ᠎ᠡ ᠠᠰᠠᠭᠤᠳᠠᠯ᠎ᠨᠢ ᠪᠢᠳᠡᠨ᠎ᠳᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠨᠢᠭᠡ ᠮᠥᠴᠡ ᠴᠦ᠍ ᠰᠤᠯᠠᠷᠠᠭᠤᠯᠵᠤ ᠪᠣᠯᠬᠤ ᠥᠬᠡᠶ ᠭᠡᠳᠡᠭ᠎ᠢ ᠰᠡᠷᠡᠮᠵᠢᠯᠡᠭᠦᠯᠵᠦ᠍ ᠪᠠᠢᠨ᠎ᠠ᠃ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠣᠯ ᠨᠢᠭᠡ ᠤᠳᠠᠭ᠎ᠠ᠎ᠶ᠋ᠢᠨ ᠪᠦᠬᠦ᠌ ᠠᠷᠠᠳ᠎ᠤᠨ ᠳᠠᠢᠯᠠᠯᠳᠤᠭᠠᠨ ᠮᠥᠨ᠂ 《ᠬᠢᠵᠢᠭ》 ᠎ᠲᠠᠢ ᠲᠡᠮᠡᠴᠡᠬᠦ᠌᠎ᠳᠤ ᠬᠠᠵᠠᠭᠤ᠎ᠠᠴᠠ᠎ᠨᠢ ᠬᠠᠷᠠᠵᠦ᠍ ᠰᠠᠭᠤᠵᠦ᠍ ᠪᠤᠯᠬᠤ ᠦᠭᠡᠢ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠡᠯᠬᠢᠶ᠎ᠡ ᠳᠡᠭᠡᠷ᠎ᠡ ᠬᠥᠮᠦᠨ ᠪᠦᠬᠦᠨ ᠴᠥᠮ ᠵᠠᠩᠭᠢᠯᠠᠭ᠎ᠠ᠎ᠶ᠋ᠢᠨ ᠭᠤᠭ᠍ᠴᠤᠭ᠎ᠠ ᠪᠣᠯᠤᠨ᠎ᠠ᠃ ᠬᠢᠵᠢᠭ᠎ᠤᠨ ᠡᠮᠦᠨ᠎ᠡ᠂ ᠪᠢᠳᠡ ᠬᠥᠮᠦᠨ ᠪᠣᠯᠭᠠᠨ ᠭᠠᠳᠠᠨᠠᠬᠢ ᠬᠥᠮᠦᠨ ᠪᠣᠯᠵᠤ ᠪᠣᠯᠬᠤ ᠦᠭᠡᠢ᠂ ᠭᠠᠭ᠍ᠴᠠ ᠬᠦ᠌ ᠲᠦᠮᠡᠨ ᠣᠯᠠᠨ᠎ᠢᠶᠠᠷ᠎ᠢᠶᠠᠨ ᠰᠡᠳᠭᠢᠯ ᠨᠢᠭᠡᠳᠪᠡᠯ ᠰᠠᠶᠢ ᠪᠡᠷᠬᠡ ᠴᠠᠭ᠎ᠢ ᠬᠠᠮᠲᠤ᠎ᠪᠠᠷ ᠲᠤᠭᠤᠯᠵᠤ ᠴᠢᠳᠠᠨ᠎ᠠ᠃ ᠬᠢᠵᠢᠭ᠎ᠤᠨ ᠪᠠᠢᠳᠠᠯ ᠪᠢᠳᠡᠨ᠎ᠳᠤ ᠥᠴᠦᠬᠡᠨ ᠲᠡᠳᠦᠢ ᠴᠦ᠍ ᠬᠠᠰᠢ ᠶᠠᠰᠢ᠎ᠪᠠᠷ ᠬᠠᠨᠲᠤᠬᠤ ᠱᠢᠯᠲᠠᠭ ᠥᠭ᠌ᠬᠦ ᠦᠭᠡᠢ ᠶᠤᠮ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠰᠠᠯᠠᠭ᠎ᠠ ᠮᠥᠴᠢᠷ᠎ᠢᠶᠠᠷ ᠪᠠᠷᠠᠬᠤ ᠦᠭᠡᠢ ᠪᠠᠰᠠ ᠮᠠᠨ᠎ᠤ ᠬᠥᠮᠦᠨ ᠨᠢᠭᠡᠪᠦᠷᠢ ᠴᠥᠮ ᠠᠷᠪᠠᠨ ᠬᠤᠶᠠᠷ ᠬᠤᠪᠢ᠎ᠶ᠋ᠢᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠠᠵᠢᠯ᠎ᠤᠨ ᠬᠠᠷᠢᠭᠤᠴᠠᠯᠭ᠎ᠠ᠎ᠪᠠᠨ ᠪᠠᠷᠢᠮᠲᠠᠯᠠᠨ ᠠᠵᠢᠯ᠎ᠤᠨ ᠬᠠᠷᠢᠭᠤᠴᠠᠯᠭ᠎ᠠ᠎ᠪᠠᠨ ᠭᠦᠢᠴᠡᠳᠭᠡᠬᠦ᠌ ᠬᠡᠷᠡᠭ᠌ᠲᠡᠢ᠃ ᠸᠠᠺᠼᠢᠨ᠎ᠢ ᠶᠡᠭᠡ ᠬᠡᠪᠴᠢᠶ᠎ᠡ᠎ᠪᠠᠷ ᠳᠠᠷᠢᠬᠤ ᠪᠣᠯ ᠣᠳᠣᠬᠠᠨ᠎ᠤ ᠬᠠᠮᠤᠭ᠎ᠤᠨ ᠬᠢᠮᠳᠠ᠂ ᠬᠠᠮᠤᠭ᠎ᠤᠨ ᠪᠦᠲᠦᠮᠵᠢᠲᠡᠶ᠂ ᠬᠠᠮᠤᠭ᠎ᠤᠨ ᠳᠥᠭᠦᠮ ᠳᠥᠲᠡ ᠰᠡᠷᠭᠡᠢᠯᠡᠨ ᠬᠤᠷᠢᠠᠠᠯᠠᠬᠤ ᠠᠷᠭ᠎ᠠ ᠪᠠᠷᠢᠯ ᠮᠥᠨ᠂ ᠭᠠᠭ᠍ᠴᠠ ᠬᠦ᠌ ᠤᠯᠠᠠ ᠬᠥᠮᠦᠰ᠎ᠤᠨ ᠡᠭᠡᠯᠢᠯᠡᠭᠡ᠎ᠶ᠋ᠢᠨ ᠬᠠᠯᠬᠠᠪᠴᠢ᠎ᠶ᠋ᠢ ᠲᠦᠷᠭᠡᠨ ᠪᠠᠢᠭᠤᠯᠪᠠᠯ ᠰᠠᠶᠢ ᠪᠢᠳᠡᠨ᠎ᠤ ᠬᠢᠵᠢᠭ᠎ᠢ ᠰᠡᠷᠭᠡᠢᠯᠡᠨ ᠬᠤᠷᠢᠠᠠᠯᠠᠬᠤ ᠠᠵᠢᠯ᠎ᠢ ᠨᠠᠩ ᠯᠠᠪᠳᠠᠭᠤᠨ ᠲᠣᠭ᠍ᠲᠠᠭᠤᠨ᠎ᠢᠶᠠᠷ ᠪᠠᠢᠩᠭᠤᠵᠢᠭᠤᠯᠵᠤ ᠴᠢᠳᠠᠨ᠎ᠠ ᠭᠡᠳᠡᠭ᠎ᠢ ᠪᠣᠳᠠᠲᠤ ᠶᠠᠪᠤᠳᠠᠯ ᠭᠡᠷᠡᠴᠢᠯᠡᠪᠡ᠃ ᠡᠢᠮᠦ᠎ᠠᠴᠠ ᠸᠠᠺᠼᠢᠨ᠎ᠤ ᠲᠠᠷᠢᠯᠭ᠎ᠠ ᠬᠢᠭᠡᠳᠦᠶ ᠬᠥᠮᠦᠰ ᠸᠠᠺᠼᠢᠨ᠎ᠤ ᠲᠠᠷᠢᠯᠭ᠎ᠠ᠎ᠪᠠᠨ ᠳᠠᠷᠤᠶ ᠲᠦᠷᠭᠡᠨ ᠬᠢᠵᠦ᠍᠂ ᠸᠠᠺᠼᠢᠨ᠎ᠤ ᠲᠠᠷᠢᠯᠭ᠎ᠠ ᠬᠢᠪᠡᠯ ᠵᠤᠬᠢᠭ᠍ᠴᠢᠳ ᠠᠯᠢ ᠴᠢᠲᠠᠬᠤ᠎ᠪᠠᠷ ᠲᠠᠷᠢᠯᠭ᠎ᠠ ᠬᠢᠵᠦ᠍᠂ ᠥᠪᠡᠷ᠎ᠢ᠎ᠪᠠᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠡᠯᠬᠢᠶ᠎ᠠ ᠳᠡᠭᠡᠷᠡᠬᠢ ᠬᠠᠮᠤᠭ᠎ᠤᠨ ᠪᠠᠭᠤᠷᠠᠶ ᠭᠤᠭ᠍ᠴᠤᠭ᠎ᠠ ᠪᠣᠯᠬᠤ᠎ᠠᠴᠠ ᠵᠠᠢᠯᠠᠰᠭᠢᠬᠦ᠌ ᠬᠡᠷᠡᠭ᠌ᠲᠡᠶ᠃ ᠡᠭᠦᠨ᠎ᠤ ᠵᠡᠷᠭᠡ᠎ᠪᠠᠷ᠂ ᠶᠡᠭᠡ ᠲᠠᠯ᠎ᠠ᠎ᠶ᠋ᠢᠨ ᠤᠬᠠᠮᠰᠠᠷ᠂ ᠬᠠᠷᠢᠭᠤᠴᠠᠯᠭ᠎ᠠ᠎ᠶ᠋ᠢᠨ ᠤᠬᠠᠮᠰᠠᠷ᠎ᠢᠶᠠᠨ ᠲᠠᠰᠤᠷᠠᠯᠲᠠ ᠦᠭᠡᠢ ᠴᠢᠩᠭᠠᠳᠭᠠᠵᠤ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠱᠠᠭᠠᠷᠳᠠᠯᠭ᠎ᠠ᠎ᠶ᠋ᠢ ᠴᠢᠩᠭ᠎ᠠ ᠵᠢᠷᠤᠮᠯᠠᠵᠤ᠂ ᠲᠤᠰ ᠪᠡᠶ᠎ᠡ᠎ᠶ᠋ᠢᠨ ᠬᠠᠮᠠᠭᠠᠯᠠᠯᠲᠠ᠎ᠪᠠᠨ ᠰᠠᠢᠲᠤᠷ ᠬᠢᠵᠦ᠍᠂ ᠠᠮᠤᠷ ᠲᠦᠪᠱᠢᠨ᠎ᠢᠶᠠᠷ ᠶᠠᠪᠤᠵᠤ ᠰᠠᠭᠤᠬᠤ᠎ᠪᠠᠨ ᠵᠢᠷᠤᠮᠵᠢᠭᠤᠯᠵᠤ᠂ ᠴᠤᠤᠷᠬᠠᠯ᠎ᠢ ᠢᠲᠡᠭᠡᠬᠦ᠌ ᠦᠭᠡᠢ᠂ ᠴᠤᠤᠷᠬᠠᠯ ᠲᠠᠷᠬᠠᠭᠠᠬᠤ ᠦᠭᠡᠢ᠂ ᠨᠢᠭᠤᠭᠠᠳ ᠮᠡᠲᠡᠭᠦᠯᠬᠦ᠌ ᠦᠭᠡᠢ ᠪᠠᠢᠵᠦ᠍ ᠪᠤᠯᠬᠤ ᠦᠭᠡᠢ᠂ ᠬᠤᠳᠠᠯ᠎ᠢᠶᠠᠷ ᠮᠡᠳᠡᠭᠦᠯᠵᠦ᠍ ᠪᠤᠯᠬᠤ ᠦᠭᠡᠢ᠃

ᠰᠡᠳᠭᠢᠯ ᠨᠢᠭᠡᠳᠪᠡᠯ ᠲᠠᠢᠱᠠᠨ ᠠᠭᠤᠯᠠ᠎ᠶ᠋ᠢ ᠨᠡᠭᠦᠯᠭᠡᠵᠦ᠍ ᠴᠢᠲᠠᠨ᠎ᠠ᠃ ᠬᠢᠵᠢᠭ᠎ᠤᠨ ᠪᠠᠢᠳᠠᠯ᠎ᠤᠨ ᠱᠢᠨ᠎ᠡ ᠪᠠᠢᠳᠠᠯ᠎ᠤᠨ ᠡᠮᠦᠨ᠎ᠡ᠂ ᠬᠥᠮᠦᠨ ᠨᠢᠭᠡᠪᠦᠷᠢ ᠬᠠᠷᠢᠭᠤᠴᠠᠯᠭ᠎ᠠ᠎ᠶ᠋ᠢᠨ ᠬᠡᠯᠬᠢᠶ᠎ᠡ ᠳᠡᠭᠡᠷᠡᠬᠢ ᠥᠪᠡᠷ᠎ᠤᠨ ᠲᠡᠷᠡ ᠬᠦ᠌ ᠭᠤᠭ᠍ᠴᠤᠭ᠎ᠠ᠎ᠪᠠᠨ ᠴᠢᠩᠭᠠᠯᠠᠵᠦ᠍᠂ ᠬᠤᠪᠢ ᠬᠥᠮᠦᠨ᠎ᠤ ᠡᠷᠡᠭᠦᠯ ᠮᠡᠨᠳᠦ᠎ᠶ᠋ᠢᠨ ᠨᠢᠭᠡᠳᠦᠭᠡᠷ ᠬᠠᠷᠢᠭᠤᠴᠠᠯᠭᠠᠲᠠᠨ ᠪᠤᠯᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ 《ᠡᠮᠦᠨ᠎ᠡ ᠹᠷᠣᠨᠲ》 ᠎ᠢ ᠰᠠᠬᠢᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ 《ᠢᠵᠢᠯᠢ ᠲᠥᠪᠲᠦ ᠲᠣᠭᠤᠷᠢᠭ》 ᠎ᠢ ᠰᠠᠢᠲᠤᠷ ᠵᠢᠷᠤᠭ᠍ᠯᠠᠵᠤ᠂ ᠬᠢᠯᠪᠠᠷ ᠪᠤᠰᠤ᠎ᠪᠠᠷ ᠣᠯᠤᠭ᠍ᠰᠠᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠭ᠌ᠰᠡᠨ ᠦᠷ᠎ᠡ ᠪᠦᠲᠦᠭᠡᠯ᠎ᠢᠶᠠᠨ ᠡᠷᠡᠰ᠎ᠢᠶᠠᠷ ᠰᠠᠢᠲᠤᠷ ᠬᠠᠮᠠᠭᠠᠯᠠᠬᠤ ᠬᠡᠷᠡᠭ᠌ᠲᠡᠢ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号