ᠳ᠋ᠧᠯᠲ᠋ᠠ ᠣᠨᠳᠣᠣᠱᠢᠭ᠍ᠰᠠᠨ ᠸᠢᠷᠦ᠋ᠰ ᠪᠣᠯ ᠣᠳᠣᠬᠠᠨ᠎ᠳᠤ ᠪᠦᠬᠦ᠌ ᠪᠥᠮᠪᠥᠷᠴᠡᠭ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠳᠡᠯᠭᠡᠷᠡᠭ᠌ᠰᠡᠨ ᠭᠤᠣᠯ ᠬᠤᠣᠷᠲᠤ ᠪᠣᠳᠠᠰ ᠪᠣᠯᠤᠨ᠎ᠠ᠃ ᠳ᠋ᠧᠯᠲ᠋ᠠ᠎ᠶ᠋ᠢᠨ ᠣᠨᠳᠣᠣᠱᠢᠯᠤᠨ ᠣᠨᠴᠠᠯᠢᠭ᠂ ᠤᠳᠤ᠎ᠶ᠋ᠢᠨ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ ᠪᠦᠲᠦᠮᠵᠢᠲᠡᠢ ᠪᠠᠢᠬᠤ ᠡᠰᠡᠬᠦ᠌ ᠵᠡᠷᠭᠡ ᠠᠰᠠᠭᠤᠳᠠᠯ᠎ᠳᠤ ᠴᠢᠭ᠌ᠯᠡᠭᠦᠯᠦᠨ᠂ 8 ᠰᠠᠷ᠎ᠠ᠎ᠶ᠋ᠢᠨ 5 ᠤ ᠡᠳᠦᠷ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠬᠤᠯᠪᠣᠭᠠᠯᠠᠨ ᠰᠡᠷᠭᠡᠢᠯᠡᠵᠦ᠍ ᠬᠤᠯᠪᠣᠭᠠᠯᠠᠨ ᠡᠵᠡᠮᠳᠡᠬᠦ᠌ ᠲᠣᠭ᠍ᠲᠠᠴᠠ᠎ᠶ᠋ᠢᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠠᠴᠠ ᠡᠷᠬᠡ ᠰᠦᠷᠲᠦ ᠬᠠᠷᠢᠭᠤᠯᠲᠠ ᠥᠭ᠌ᠪᠡ᠃ ᠳ᠋ᠧᠯᠲ᠋ᠠ᠎ᠶ᠋ᠢᠨ ᠣᠨᠳᠣᠣᠱᠢᠭ᠍ᠰᠠᠨ ᠸᠢᠷᠦ᠋ᠰ᠎ᠢ 2020 ᠣᠨ᠎ᠤ 9 ᠰᠠᠷ᠎ᠠ᠎ᠳᠤ ᠡᠨᠡᠳᠭᠡᠭ᠎ᠲᠤ ᠮᠡᠳᠡᠭᠦᠯᠦᠭ᠌ᠰᠡᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠡᠪᠡᠳᠴᠢᠨ᠎ᠤ ᠵᠢᠱ᠌ᠢᠶ᠎ᠡ᠎ᠠᠴᠠ ᠬᠠᠮᠤᠭ᠎ᠤᠨ ᠠᠩᠬ᠎ᠠ ᠢᠯᠡᠷᠡᠭᠦᠯᠵᠡᠢ᠃ ᠣᠳᠣᠬᠠᠨ᠎ᠳᠤ ᠨᠢᠭᠡᠨᠲᠡ 130 ᠭᠠᠷᠤᠶ ᠤᠯᠤᠰ ᠪᠠ ᠭᠠᠵᠠᠷ ᠣᠷᠣᠨ᠎ᠳᠤ ᠲᠠᠷᠬᠠᠵᠤ᠂ ᠪᠥᠬᠦ᠌ ᠳᠡᠯᠡᠬᠡᠶ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ ᠶᠡᠭᠡ᠎ᠪᠠᠷ ᠲᠠᠷᠬᠠᠭ᠍ᠰᠠᠨ ᠭᠤᠤᠯ ᠸᠢᠷᠦ᠋ᠰ ᠪᠣᠯᠵᠣ᠂ ᠲᠣᠰ ᠸᠢᠷᠦ᠋ᠰ᠎ᠨᠢ ᠲᠠᠷᠬᠠᠬᠤ ᠬᠤᠷᠳᠤᠴᠠ ᠲᠦᠷᠭᠡᠨ᠂ ᠪᠡᠶ᠎ᠡ ᠳᠣᠲᠣᠷ᠎ᠠ ᠦᠷᠡᠵᠢᠬᠦ᠌ᠨᠢ ᠲᠦᠷᠭᠡᠨ ᠵᠡᠷᠭᠡ ᠣᠨᠴᠠᠯᠢᠭ᠎ᠲᠠᠢ ᠶᠤᠮ᠃
ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠯᠪᠣᠭ᠍ᠳᠠᠯ ᠪᠦᠬᠦᠢ ᠱᠢᠨᠵᠢᠯᠡᠬᠦ᠌ ᠤᠬᠠᠭᠠᠨ᠎ᠤ ᠰᠤᠳᠤᠯᠭᠠᠨ ᠪᠣᠯᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠦᠢᠯᠡᠳᠦᠯᠭᠡ᠎ᠶ᠋ᠢᠨ ᠭᠡᠷᠡᠴᠢᠯᠡᠭ᠌ᠰᠡᠨ᠎ᠢᠶᠠᠷ᠂ ᠳ᠋ᠧᠯᠲ᠋ᠠ᠎ᠶ᠋ᠢᠨ ᠣᠨᠳᠣᠣᠱᠢᠭ᠍ᠰᠠᠨ ᠸᠢᠷᠦ᠋ᠰ᠎ᠨᠢ ᠱᠢᠨ᠎ᠡ ᠲᠢᠲᠢᠮᠯᠢᠭ ᠸᠢᠷᠦ᠋ᠰ᠎ᠤᠨ ᠠᠮᠢᠳᠤ ᠪᠣᠳᠠᠰ᠎ᠤᠨ ᠤᠬᠠᠭᠠᠨ᠎ᠤ ᠣᠨᠴᠠᠭᠠᠢ ᠴᠢᠨᠠᠷ᠎ᠲᠤ ᠨᠤᠷᠠᠭᠠᠯᠲᠠ᠎ᠶ᠋ᠢᠨ ᠴᠢᠨᠠᠷᠲᠠᠢ ᠬᠤᠪᠢᠷᠠᠯᠲᠠ ᠭᠠᠷᠭᠠᠭ᠍ᠰᠠᠨ ᠦᠭᠡᠢ᠂ ᠬᠠᠯᠳᠠᠪᠤᠷᠢᠯᠠᠬᠤ ᠡᠬᠢ ᠰᠤᠷᠪᠤᠯᠵᠢ᠂ ᠬᠠᠯᠳᠠᠪᠤᠷᠢᠯᠠᠬᠤ ᠠᠷᠭ᠎ᠠ ᠵᠠᠮ᠎ᠨᠢ ᠦᠨᠳᠦᠰᠦᠨ᠎ᠳᠡᠭᠡᠨ ᠲᠣᠳᠣᠷᠬᠠᠢ᠂ ᠤᠳᠤ᠎ᠶ᠋ᠢᠨ ᠬᠡᠷᠡᠭ᠌ᠵᠢᠬᠦᠯᠵᠤ ᠪᠠᠢᠭ᠎ᠠ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠨᠢ ᠴᠦ᠍ ᠳ᠋ᠧᠯᠲ᠋ᠠ᠎ᠶ᠋ᠢᠨ ᠣᠨᠳᠣᠣᠱᠢᠭ᠍ᠰᠠᠨ ᠸᠢᠷᠦ᠋ᠰ᠎ᠢ ᠪᠦᠲᠦᠮᠵᠢᠳᠠᠢ ᠰᠡᠷᠭᠡᠢᠯᠡᠵᠤ ᠴᠢᠳᠠᠨ᠎ᠠ᠃ ᠣᠲᠣ᠎ᠶ᠋ᠢᠨ ᠸᠠᠺᠼᠢᠨ᠎ᠨᠢ ᠮᠥᠨ ᠤᠷᠢᠳᠴᠢᠯᠠᠨ ᠰᠡᠷᠭᠡᠢᠯᠡᠬᠦ᠌ ᠪᠠ ᠬᠠᠮᠠᠭᠠᠯᠠᠬᠤ ᠦᠢᠯᠡᠳᠦᠯ᠎ᠲᠠᠢ ᠪᠠᠢᠵᠤ᠂ ᠸᠢᠷᠦ᠋ᠰ᠎ᠤᠨ ᠬᠥᠮᠦᠰ᠎ᠤᠨ ᠳᠤᠮᠳᠠ ᠬᠠᠯᠳᠠᠪᠤᠷᠢᠯᠠᠬᠤ ᠲᠦᠭ᠌ᠰᠢᠭᠦᠷᠢ᠎ᠶ᠋ᠢ ᠪᠠᠭᠤᠷᠠᠭᠤᠯᠵᠤ᠂ ᠬᠠᠯᠳᠠᠪᠤᠷᠢᠯᠠᠭ᠍ᠳᠠᠭ᠍ᠰᠠᠳᠤᠨ ᠬᠠᠯᠳᠠᠪᠤᠷᠢᠯᠠᠬᠤ ᠬᠦᠴᠦᠨ᠎ᠢ ᠪᠠᠭᠠᠰᠭᠠᠵᠤ᠂ ᠬᠠᠯᠳᠠᠪᠤᠷᠢᠯᠠᠭ᠍ᠰᠠᠨ᠎ᠤ ᠳᠠᠷᠠᠭᠠᠬᠢ ᠬᠦᠨᠳᠦ ᠡᠪᠡᠳᠴᠢᠨ᠎ᠤ ᠡᠭᠦᠰᠭᠦ ᠨᠣᠷᠮ᠎ᠠ ᠪᠠ ᠡᠪᠡᠳᠴᠢᠨ᠎ᠢᠶᠠᠷ ᠥᠭᠦᠬᠦ᠌ ᠨᠣᠷᠮ᠎ᠠ᠎ᠶ᠋ᠢ ᠪᠦᠲᠦᠮᠵᠢᠲᠡᠶ ᠪᠠᠭᠤᠷᠠᠭᠤᠯᠵᠤ ᠴᠢᠳᠠᠨ᠎ᠠ᠃ ᠲᠦᠷᠦᠭᠦᠦ ᠨᠢᠭᠡ ᠬᠤᠭᠤᠴᠠᠭᠠᠨ᠎ᠳᠤ ᠮᠠᠨ᠎ᠤ ᠤᠯᠤᠰ᠎ᠤᠨ ᠬᠥᠮᠦᠨ ᠠᠮᠠ ᠤᠯᠠᠨ᠂ ᠨᠡᠭᠦᠳᠡᠯ᠎ᠤᠨ ᠴᠢᠨᠠᠷ᠎ᠢᠶᠠᠷ ᠴᠢᠩᠭ᠎ᠠ ᠭᠤᠸᠠᠩᠳᠦ᠋ᠩ ᠮᠤᠵᠢ᠎ᠶ᠋ᠢᠨ ᠬᠡᠳᠦᠨ ᠲᠤᠰᠭᠠᠶ ᠣᠷᠣᠨ ᠬᠤᠲᠠ᠎ᠳᠠᠬᠢ ᠳ᠋ᠧᠯᠲ᠋ᠠ᠎ᠶ᠋ᠢᠨ ᠤᠨᠳᠤᠤᠱᠢᠭ᠍ᠰᠠᠨ ᠸᠢᠷᠦ᠋ᠰ᠎ᠤᠨ ᠲᠤᠰ ᠭᠠᠵᠠᠷ ᠤᠷᠤᠨ᠎ᠤ ᠴᠢᠨᠠᠷᠲᠠᠢ ᠬᠢᠵᠢᠭ᠎ᠤᠨ ᠲᠠᠷᠬᠠᠯᠲᠠ᠎ᠶ᠋ᠢ ᠠᠩᠬ᠎ᠠ ᠤᠳᠠᠭ᠎ᠠ ᠠᠮᠵᠢᠯᠲᠠ᠎ᠲᠠᠢ ᠬᠤᠷᠢᠭ᠍ᠯᠠᠵᠤ᠂ ᠸᠠᠺᠼᠢᠨ ᠳᠠᠷᠢᠬᠤ᠂ ᠠᠮᠠᠪᠴᠢ ᠵᠡᠭᠦᠬᠦ᠂ ᠭᠠᠷ᠎ᠢᠶᠠᠨ ᠦᠷᠭᠦᠯᠵᠢ ᠤᠬᠢᠶᠠᠬᠤ᠂ ᠨᠡᠢᠭᠡᠮ᠎ᠤᠨ ᠬᠠᠷᠢᠯᠴᠠᠭᠠᠨ᠎ᠤ ᠵᠠᠶ᠎ᠶ᠋ᠢ ᠪᠠᠲᠤᠯᠠᠬᠤ᠂ ᠬᠥᠮᠦᠨ ᠣᠯᠠᠨ ᠴᠤᠭ᠍ᠯᠠᠷᠠᠬᠤ᠎ᠠᠴᠠ ᠵᠠᠢᠯᠠᠰᠭᠢᠬᠦ᠌ ᠵᠡᠷᠭᠡ ᠠᠷᠭ᠎ᠠ ᠬᠡᠮᠵᠢᠶ᠎ᠡ ᠪᠣᠯ ᠮᠥᠨ ᠪᠦᠲᠦᠮᠵᠢᠲᠡᠶ ᠭᠡᠳᠡᠭ᠎ᠢ ᠭᠡᠷᠡᠴᠢᠯᠡᠪᠡ᠃
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635372
ᠢᠮᠧᠯ᠄tn@mgyxw.net 蒙ICP备10000005号