ᠤᠢ᠍ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ ᠵᠢᠴᠢ ᠨᠠᠮ᠎ᠤᠨ ᠤᠳᠤᠷᠢᠳᠭᠤ ᠳᠤᠭᠤᠢᠯᠠᠩ᠎ᠤᠨ ᠤᠨᠤᠯ ᠰᠤᠷᠤᠯᠴᠠᠬᠤ ᠭᠤᠣᠯ ᠳᠤᠭᠤᠢᠯᠠᠩ᠎ᠤᠨ ᠬᠠᠮᠲᠤ᠎ᠶ᠋ᠢᠨ ᠰᠤᠷᠤᠯᠴᠠᠯᠭ᠎ᠠ᠎ᠶ᠋ᠢᠨ ᠬᠤᠷᠠᠯ ᠬᠤᠷᠠᠯᠳᠤᠭᠤᠯᠵᠦ᠍᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠲᠥᠪᠡᠳ᠎ᠲᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢᠴᠢ ᠶᠡᠷᠦᠩᠬᠡᠶ ᠱᠦᠵᠢ ᠰᠢ᠎ᠶ᠋ᠢᠨ ᠫᠢᠩ᠎ᠤᠨ 《7 · 1》 ᠤ ᠴᠢᠬᠤᠯᠠ ᠶᠠᠷᠢᠶᠠᠨ᠎ᠳᠠᠬᠢ 《ᠠᠭᠤᠤ ᠶᠡᠭᠡ ᠠᠮᠵᠢᠯᠲᠠ ᠪᠦᠲᠦᠮᠵᠢ》 ᠶ᠋ᠢᠨ ᠲᠤᠬᠠᠶ ᠬᠠᠮᠢᠶ᠎ᠠ ᠪᠥᠬᠦᠶ ᠠᠭᠤᠯᠭ᠎ᠠ᠎ᠶ᠋ᠢ ᠲᠦᠪᠯᠡᠷᠡᠭᠦᠯᠦᠨ ᠰᠤᠷᠤᠯᠴᠠᠵᠦ᠍᠂ ᠪᠠᠰᠠ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠢ ᠰᠤᠷᠤᠯᠴᠠᠪᠠ᠃
ᠬᠤᠷᠠᠯ᠎ᠠᠴᠠ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠲᠥᠪᠡᠳ᠎ᠲᠤ ᠱᠢᠨᠵᠢᠯᠡᠨ ᠪᠠᠢᠴᠠᠭᠠᠬᠤ ᠦᠶ᠎ᠡ᠎ᠶ᠋ᠢᠨ ᠴᠢᠬᠤᠯᠠ ᠶᠠᠷᠢᠶ᠎ᠠ᠎ᠨᠢ ᠮᠠᠰᠢ ᠴᠢᠩᠭ᠎ᠠ ᠤᠯᠤᠰ ᠲᠦᠷᠦ᠎ᠶ᠋ᠢᠨ ᠴᠢᠨᠠᠷ᠂ ᠵᠢᠯᠣᠭᠤᠳᠭᠤ ᠴᠢᠨᠠᠷᠲᠠᠢ᠂ ᠪᠦᠬᠦ᠌ ᠲᠠᠯ᠎ᠠ᠎ᠶ᠋ᠢᠨ ᠠᠵᠢᠯ᠎ᠢ ᠰᠠᠢᠲᠤᠷ ᠬᠢᠬᠦ᠌᠎ᠳᠤ ᠴᠢᠬᠤᠯᠠ ᠵᠢᠯᠣᠭᠤᠳᠭᠤ ᠠᠴᠢ ᠬᠤᠯᠪᠣᠭ᠍ᠳᠠᠯ᠎ᠲᠠᠢ ᠶᠤᠮ᠃ ᠪᠢᠳᠡ ᠨᠠᠷᠢᠨ ᠬᠢᠨᠠᠮᠠᠭᠠᠶ ᠰᠤᠷᠤᠯᠴᠠᠨ ᠣᠢᠯᠠᠭᠠᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ 《7 · 1》 ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠬᠤ᠎ᠲᠠᠢ ᠨᠢᠭ᠍ᠲᠠ ᠤᠶᠠᠯᠳᠤᠭᠤᠯᠵᠤ᠂ 《ᠳᠥᠷᠪᠡᠨ ᠤᠬᠠᠮᠰᠠᠷ》 ᠢᠶᠠᠨ ᠴᠢᠩᠭᠠᠳᠭᠠᠨ᠂ 《ᠲᠥᠷᠪᠡᠨ ᠢᠲᠡᠭᠡᠯ》 ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠰᠠᠢᠲᠤᠷ ᠠᠳᠭᠤᠬᠤ ᠬᠡᠷᠡᠭ᠌ᠲᠡᠢ ᠬᠡᠵᠦ᠍ ᠵᠢᠭᠠᠵᠦ᠍ ᠭᠠᠷᠭᠠᠪᠠ᠃
ᠬᠤᠷᠠᠯ᠎ᠠᠴᠠ᠂ 《ᠨᠢᠭᠡ ᠠᠵᠢᠯ᠎ᠤᠨ ᠪᠠᠢᠷᠢ ᠬᠤᠤᠰ ᠬᠠᠷᠢᠭᠤᠴᠠᠯᠭ᠎ᠠ》 ᠶ᠋ᠢᠨ ᠱᠠᠭᠠᠷᠳᠠᠯᠭ᠎ᠠ ᠶᠣᠰᠣᠭᠠᠷ᠂ ᠬᠤᠪᠢᠳᠠᠨ ᠬᠠᠮᠢᠶᠠᠷᠴᠤ᠌ ᠪᠠᠢᠭ᠎ᠠ ᠰᠠᠯᠠᠭ᠎ᠠ ᠮᠥᠴᠢᠷ᠂ ᠨᠢᠭᠡᠴᠢ᠎ᠶ᠋ᠢᠨ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠢ ᠰᠠᠢᠲᠤᠷ ᠠᠳᠭᠤᠵᠤ᠂ ᠱᠢᠨ᠎ᠡ ᠴᠠᠭ ᠦᠶ᠎ᠡ᠎ᠶ᠋ᠢᠨ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠢ ᠰᠠᠢᠲᠤᠷ ᠬᠢᠬᠦ᠌᠎ᠶ᠋ᠢᠨ ᠲᠦᠢᠯ᠎ᠤᠨ ᠴᠢᠬᠤᠯᠠ ᠴᠢᠨᠠᠷ᠎ᠢ ᠭᠦᠢᠴᠡᠳ ᠲᠠᠨᠢᠵᠤ᠂ ᠬᠤᠯᠪᠣᠭ᠍ᠳᠠᠯ ᠪᠥᠬᠦᠶ ᠠᠶᠤᠯ ᠲᠦᠭ᠌ᠰᠢᠭᠦᠷᠢ᠎ᠶ᠋ᠢᠨ ᠬᠠᠨᠳᠤᠰᠢ᠎ᠶ᠋ᠢ ᠳᠡᠭᠡᠳᠦ ᠬᠡᠮᠵᠢᠶ᠎ᠡ᠎ᠪᠠᠷ ᠰᠡᠷᠡᠮᠵᠢᠯᠡᠨ᠂ ᠨᠢᠭ᠍ᠲᠠ ᠠᠩᠬᠠᠷᠴᠤ᠌᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠤᠨ ᠬᠠᠷᠢᠭᠤᠴᠠᠯᠭ᠎ᠠ᠎ᠶ᠋ᠢᠨ ᠲᠦᠷᠢᠮ ᠪᠠ ᠰᠦᠯᠵᠢᠶᠡᠨ᠎ᠤ ᠦᠵᠡᠯ ᠤᠬᠠᠮᠰᠠᠷ᠎ᠤᠨ ᠬᠡᠯᠪᠡᠷᠢ᠎ᠶ᠋ᠢᠨ ᠬᠠᠷᠢᠭᠤᠴᠠᠯᠭ᠎ᠠ᠎ᠶ᠋ᠢᠨ ᠲᠦᠷᠢᠮ᠎ᠢ ᠨᠠᠢᠳᠠᠪᠤᠷᠢᠵᠢᠭᠤᠯᠵᠤ᠂ ᠠᠵᠢᠯᠴᠢᠨ᠎ᠤ ᠡᠪᠯᠡᠯ᠎ᠤᠨ ᠱᠢᠰᠲ᠋ᠧᠮ᠎ᠤᠨ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠮᠤᠷ ᠲᠦᠪᠱᠢᠨ᠎ᠢ ᠦᠨᠡᠨ ᠬᠦ᠌ ᠪᠠᠲᠤᠯᠠᠬᠤ ᠬᠡᠷᠡᠭ᠌ᠲᠡᠶ ᠬᠡᠵᠦ᠍ ᠱᠠᠭᠠᠷᠲᠠᠪᠠ᠃