— ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠬᠦᠳᠡᠭᠡ ᠳᠤᠰᠭᠤᠨ ᠮᠠᠯᠵᠢᠬᠤ ᠤᠷᠤᠨ᠎ᠤ ᠠᠵᠢᠯ᠎ᠤᠨ ᠤᠳᠤᠷᠢᠳᠭᠤ ᠳᠤᠭᠤᠢ᠍ᠢᠯᠠᠩ᠎ᠤᠨ ᠠᠯᠪᠠᠨ ᠬᠡᠷ᠎ᠤᠨ ᠡᠷᠬᠢᠯᠡᠭ᠌ᠴᠢ᠂ ᠳᠠᠷᠢᠶᠠᠯᠠᠩ ᠮᠠᠯ ᠠᠵᠥ᠍ ᠠᠬᠤᠢ ᠪᠠ ᠬᠦᠳᠡᠭᠡ ᠳᠤᠰᠭᠤᠨ ᠮᠠᠯᠵᠢᠬᠤ ᠤᠷᠤᠨ᠎ᠤ ᠳᠢᠩᠬᠢᠮ᠎ᠤᠨ ᠨᠠᠮ᠎ᠤᠨ ᠤᠳᠤᠷᠢᠳᠭᠤ ᠳᠤᠭᠤᠢ᠍ᠢᠯᠠᠩ᠎ᠤᠨ ᠱᠦᠵᠢ᠂ ᠳᠢᠩᠬᠢᠮ᠎ᠤᠨ ᠳᠠᠷᠤᠭ᠎ᠠ ᠮᠦ᠍ ᠶᠤᠸᠠᠨ᠎ᠢ ᠰᠤᠷᠪᠤᠯᠵᠢᠯᠠᠬ᠍ᠰᠠᠨ᠎ᠨᠢ
《ᠶᠡᠷᠦᠩᠬᠡᠶ ᠱᠦᠵᠢ ᠰᠢ᠎ᠶ᠋ᠢᠨ ᠫᠢᠩ᠎ᠤᠨ 〈7 · 1〉 ᠤ ᠴᠢᠬᠤᠯᠠ ᠶᠠᠷᠢᠶ᠎ᠠ᠎ᠶ᠋ᠢᠨ ᠵᠤᠷᠢᠬ ᠰᠠᠨᠠᠭ᠎ᠠ ᠪᠣᠯ ᠣᠲᠣ ᠦᠶ᠎ᠡ᠎ᠶ᠋ᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠱᠢᠯᠭᠠᠯᠲᠠ᠎ᠳᠤ ᠣᠷᠣᠯᠴᠠᠬᠤ ᠱᠢᠨ᠎ᠡ ᠵᠠᠮ᠎ᠳᠤ ᠤᠷᠤᠭ᠍ᠰᠠᠨ ᠴᠢᠬᠤᠯᠠ ᠶᠡᠭᠡ ᠤᠯᠤᠰ ᠲᠥᠷᠥ᠎ᠶ᠋ᠢᠨ ᠳᠤᠩᠬᠠᠬ᠍ᠯᠠᠯ ᠮᠥᠨ᠂ ᠪᠢᠳᠡᠨ᠎ᠤ ᠱᠢᠨ᠎ᠡ ᠲᠡᠦᠬᠡᠨ ᠡᠬᠢᠯᠡᠯᠲᠡ᠎ᠶ᠋ᠢᠨ ᠴᠡᠭ᠎ᠠᠴᠠ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠥᠬᠦ᠌ ᠲᠠᠯ᠎ᠠ᠎ᠪᠠᠷ ᠪᠥᠲᠥᠭᠡᠨ ᠪᠠᠢᠭᠤᠯᠬᠤ ᠱᠢᠨ᠎ᠡ ᠠᠶᠠᠨ᠎ᠢ ᠡᠬᠢᠯᠡᠭᠦᠯᠬᠦ᠌᠎ᠶ᠋ᠢ ᠵᠢᠯᠣᠭᠤᠳᠭᠤ ᠬᠥᠲᠥᠯᠪᠦᠷᠢ᠎ᠶ᠋ᠢᠨ ᠴᠢᠨᠠᠷᠲᠠᠶ ᠲᠤᠯᠭᠤᠷ ᠪᠢᠴᠢᠭ ᠮᠥᠨ᠂ ᠡᠨᠡ᠎ᠨᠢ ᠪᠢᠳᠡᠨ᠎ᠤ ᠱᠢᠨ᠎ᠡ ᠴᠠᠭ ᠦᠶ᠎ᠡ᠎ᠶ᠋ᠢᠨ 〈ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ〉 ᠤ ᠠᠵᠢᠯ᠎ᠢ ᠰᠠᠢᠲᠤᠷ ᠬᠢᠬᠦ᠌᠎ᠳᠤ ᠦᠨᠳᠦᠰᠦᠨ ᠵᠢᠷᠤᠮᠯᠠᠯ᠂ ᠱᠢᠨᠵᠢᠯᠡᠬᠦ᠌ ᠤᠬᠠᠭᠠᠨᠴᠢ ᠵᠢᠯᠣᠭᠤᠳᠣᠯᠭ᠎ᠠ ᠪᠠ ᠬᠦᠴᠦᠷᠬᠡᠭ ᠶᠡᠭᠡ ᠬᠥᠳᠡᠯᠭᠡᠬᠦ᠌ ᠬᠦᠴᠦᠨ ᠬᠠᠩᠭᠠᠭ᠍ᠰᠠᠨ ᠪᠠᠢᠨ᠎ᠠ》᠃ ᠣᠢᠷ᠎ᠠ᠎ᠳᠤ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠬᠦᠳᠡᠭᠡ ᠳᠤᠰᠭᠤᠨ ᠮᠠᠯᠵᠢᠬᠤ ᠤᠷᠤᠨ᠎ᠤ ᠠᠵᠢᠯ᠎ᠤᠨ ᠤᠳᠤᠷᠢᠳᠭᠤ ᠳᠤᠭᠤᠢ᠍ᠢᠯᠠᠩ᠎ᠤᠨ ᠠᠯᠪᠠᠨ ᠬᠡᠷ᠎ᠤᠨ ᠡᠷᠬᠢᠯᠡᠭ᠌ᠴᠢ᠂ ᠳᠠᠷᠢᠶᠠᠯᠠᠩ ᠮᠠᠯ ᠠᠵᠥ᠍ ᠠᠬᠤᠢ ᠪᠠ ᠬᠦᠳᠡᠭᠡ ᠳᠤᠰᠭᠤᠨ ᠮᠠᠯᠵᠢᠬᠤ ᠤᠷᠤᠨ᠎ᠤ ᠳᠢᠩᠬᠢᠮ᠎ᠤᠨ ᠨᠠᠮ᠎ᠤᠨ ᠤᠳᠤᠷᠢᠳᠭᠤ ᠳᠤᠭᠤᠢ᠍ᠢᠯᠠᠩ᠎ᠤᠨ ᠱᠦᠵᠢ᠂ ᠳᠢᠩᠬᠢᠮ᠎ᠤᠨ ᠳᠠᠷᠤᠭ᠎ᠠ ᠮᠦ᠍ ᠶᠤᠸᠠᠨ ᠰᠤᠷᠪᠤᠯᠵᠢᠯᠠᠭ᠍ᠴᠢ᠎ᠶ᠋ᠢᠨ ᠰᠤᠷᠪᠤᠯᠵᠢᠯᠠᠭ᠎ᠠ᠎ᠶ᠋ᠢ ᠬᠦᠯᠢᠶᠡᠬᠦ᠌᠎ᠳᠡᠭᠡᠨ ᠬᠡᠯᠡᠪᠡ᠃
ᠮᠦ᠍ ᠶᠤᠸᠠᠨ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ ᠢᠯᠠᠯᠲᠠ ᠣᠯᠤᠭ᠍ᠰᠠᠨ᠎ᠤ ᠲᠠᠷᠠᠭ᠎ᠠ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠬᠡᠷᠡᠭ᠌ᠲᠡᠢ᠃ ᠡᠨᠡ ᠬᠦ᠌ ᠡᠭᠦᠷᠭᠡ᠎ᠶ᠋ᠢᠨ ᠬᠤᠯᠪᠣᠭ᠍ᠳᠠᠬᠤ ᠬᠦᠷᠢᠶ᠎ᠡ ᠬᠡᠪᠴᠢᠶ᠎ᠡ᠎ᠨᠢ ᠨᠡᠩ ᠥᠷᠭᠡᠨ᠂ ᠪᠠᠷᠢᠮᠵᠢᠶ᠎ᠠ᠂ ᠱᠠᠭᠠᠷᠳᠠᠯᠭ᠎ᠠ᠂ ᠶᠠᠰᠤ ᠴᠢᠨᠠᠷ᠎ᠨᠢ ᠴᠥᠮ ᠨᠡᠩ ᠥᠨᠳᠥᠷ ᠪᠠᠢᠵᠤ᠂ ᠲᠡᠭᠦᠨ᠎ᠤ ᠭᠦᠨᠴᠡ᠂ ᠥᠷᠭᠡᠴᠡ᠂ ᠬᠦᠴᠢᠷᠳᠡᠯ᠎ᠨᠢ ᠴᠥᠮ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠳᠤᠯᠬᠤ ᠳᠠᠢᠯᠠᠯᠳᠤᠭᠠᠨᠤᠬᠢᠠᠴᠠ ᠳᠣᠣᠷ᠎ᠠ ᠦᠭᠡᠢ ᠶᠤᠮ᠂ ᠶᠠᠭᠠᠬᠢᠭ᠍ᠰᠠᠨ ᠴᠤ᠌ ᠬᠢᠯᠪᠠᠷᠬᠠᠨ᠎ᠢᠶᠠᠷ ᠪᠡᠶᠡᠯᠡᠭᠦᠯᠵᠦ᠍ ᠴᠢᠳᠠᠬᠤ ᠦᠭᠡᠢ ᠶᠤᠮ᠃ ᠳᠠᠷᠢᠶᠠᠯᠠᠩ ᠮᠠᠯ ᠠᠵᠥ᠍ ᠠᠬᠤᠢ ᠪᠠ ᠬᠦᠳᠡᠭᠡ ᠳᠤᠰᠭᠤᠨ ᠮᠠᠯᠵᠢᠬᠤ ᠤᠷᠤᠨ᠎ᠤ ᠰᠠᠯᠠᠭ᠎ᠠ ᠮᠥᠴᠢᠷ᠎ᠤᠨ᠎ᠬᠢᠨ 《ᠲᠦᠷᠪᠡᠨ ᠤᠬᠠᠮᠰᠠᠷ》 ᠢᠶᠠᠨ ᠦᠨᠡᠨ ᠬᠦ᠌ ᠴᠢᠩᠭᠠᠳᠭᠠᠵᠤ᠂ 《ᠲᠦᠷᠪᠡᠨ ᠢᠲᠡᠭᠡᠯ》 ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠵᠦ᠍᠂ ᠶᠡᠷᠦᠩᠬᠡᠢ ᠱᠦᠵᠢ ᠰᠢ᠎ᠶ᠋ᠢᠨ ᠫᠢᠡᠭ᠎ᠤᠨ 《7 · 1》 ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠣᠳᠣᠬᠠᠨ᠎ᠤ ᠪᠠ ᠬᠤᠢᠱᠢᠳᠠ᠎ᠶ᠋ᠢᠨ ᠨᠢᠭᠡ ᠬᠤᠭᠤᠴᠠᠭᠠᠨ᠎ᠤ ᠬᠠᠮᠤᠭ᠎ᠤᠨ ᠴᠢᠬᠤᠯᠠ ᠤᠯᠤᠰ ᠲᠦᠷᠦ᠎ᠶ᠋ᠢᠨ ᠡᠭᠦᠷᠭᠡ ᠪᠣᠯᠭᠠᠵᠤ᠂ ᠦᠷᠭᠦᠯᠵᠢᠯᠡᠨ ᠲᠡᠮᠡᠴᠡᠬᠦ᠌ ᠳᠤᠮᠳᠠ ᠠᠭᠤᠤ ᠶᠡᠭᠡ ᠨᠠᠮ ᠪᠠᠢᠭᠤᠯᠬᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠨᠡᠩ ᠶᠡᠭᠡ ᠡᠷᠴᠢ ᠵᠣᠷᠢᠭ᠂ ᠨᠡᠩ ᠴᠢᠩᠭ᠎ᠠ ᠡᠷᠴᠢᠮ᠂ ᠨᠡᠩ ᠴᠢᠨᠠᠷ ᠰᠠᠢᠲᠠᠢ᠂ ᠨᠡᠩ ᠪᠣᠳᠠᠲᠠᠢ ᠠᠷᠭ᠎ᠠ ᠬᠡᠮᠵᠢᠶ᠎ᠡ᠎ᠪᠠᠷ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠤᠬ᠍ᠰᠠᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠵᠦ᠍᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠬᠡᠷᠡᠭ᠌ᠲᠡᠢ ᠬᠡᠵᠥ᠍ ᠢᠯᠡᠳᠭᠡᠪᠡ᠃
ᠮᠦ᠍ ᠶᠤᠸᠠᠨ᠂ ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ᠎ᠤ ᠣᠳᠣᠬᠢᠴᠢᠯᠠᠯᠲᠠ᠎ᠶ᠋ᠢ ᠲᠦᠷᠭᠡᠳᠭᠡᠨ ᠠᠬᠢᠭᠤᠯᠬᠤ᠎ᠳᠤ ᠳᠤᠤᠷᠠᠬᠢ ᠳᠥᠷᠪᠡᠨ ᠭᠤᠤᠯᠳᠠᠯᠭ᠎ᠠ᠎ᠶ᠋ᠢ ᠰᠠᠢᠲᠤᠷ ᠡᠵᠡᠮᠳᠡᠬᠦ᠌ ᠬᠡᠷᠡᠭ᠌ᠲᠡᠶ᠃
ᠨᠢᠭᠡ᠎ᠳᠤ᠂ ᠲᠤᠭ ᠲᠡᠮᠳᠡᠭ ᠲᠣᠳᠣᠷᠬᠠᠶ᠎ᠪᠠᠷ ᠤᠯᠤᠰ ᠲᠥᠷᠥ᠎ᠶ᠋ᠢ ᠡᠷᠬᠢᠮᠯᠡᠵᠦ᠍᠂ ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ᠎ᠤ ᠠᠵᠢᠯ᠎ᠳᠠᠬᠢ ᠨᠠᠮ᠎ᠤᠨ ᠤᠳᠤᠷᠢᠳᠤᠯᠭ᠎ᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠨ᠎ᠠ᠃ ᠨᠠᠮ᠎ᠠᠴᠠ ᠬᠥᠳᠡᠭᠡ ᠲᠣᠰᠭᠤᠨ᠎ᠤ ᠠᠵᠢᠯ᠎ᠢ ᠬᠠᠮᠢᠶᠠᠷᠬᠤ ᠪᠣᠯ ᠮᠠᠨ᠎ᠤ ᠨᠠᠮ᠎ᠤᠨ ᠱᠢᠯᠢᠳᠡᠭ ᠤᠯᠠᠮᠵᠢᠯᠠᠯ ᠮᠥᠨ᠃ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠲᠡᠦᠬᠡᠨ ᠶᠠᠪᠤᠴᠠ᠎ᠳᠤ᠂ ᠮᠠᠨ᠎ᠤ ᠨᠠᠮ ᠬᠦᠳᠡᠭᠡ ᠠᠵᠥ᠍ ᠠᠬᠤᠢ ᠬᠥᠳᠡᠭᠡ ᠲᠣᠰᠭᠤᠨ ᠲᠠᠷᠢᠶᠠᠴᠢᠨ᠎ᠤ ᠠᠰᠠᠭᠤᠳᠠᠯ᠎ᠢ ᠱᠢᠢᠳᠪᠦᠷᠢᠯᠡᠬᠦ᠌᠎ᠶ᠋ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠭ᠍ᠰᠠᠭᠠᠷ ᠢᠷᠡᠭ᠌ᠰᠡᠨ ᠶᠤᠮ᠃ 4 ᠱᠢᠨ᠎ᠡ ᠱᠠᠳᠤ ᠱᠢᠨ᠎ᠡ ᠠᠶᠠᠨ᠎ᠳᠤ᠂ 《ᠬᠥᠳᠡᠭᠡ ᠠᠵᠤ ᠠᠬᠤᠢ ᠬᠥᠳᠡᠭᠡ ᠲᠣᠰᠭᠤᠨ ᠲᠠᠷᠢᠶᠠᠴᠢᠨ》 ᠤ ᠠᠵᠢᠯ ᠮᠥᠨ ᠬᠦ᠌ ᠲᠦᠢᠯ᠎ᠤᠨ ᠴᠢᠬᠤᠯᠠ ᠪᠠᠢᠵᠤ᠂ ᠥᠴᠦᠬᠡᠨ ᠴᠦ᠍ ᠰᠤᠯᠠᠷᠠᠭᠤᠯᠵᠤ ᠪᠣᠯᠬᠤ ᠦᠭᠡᠢ᠃ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠳᠤ ᠬᠠᠮᠤᠭ᠎ᠤᠨ ᠲᠤᠪᠤᠢᠮ᠎ᠠ ᠳᠤᠲᠠᠭᠤᠳᠠᠯ᠎ᠨᠢ ᠮᠥᠨ ᠬᠦ᠌ ᠬᠦᠳᠡᠭᠡ ᠠᠵᠤ ᠠᠬᠤᠢ ᠬᠥᠳᠡᠭᠡ ᠲᠣᠰᠭᠤᠨ᠎ᠳᠤ ᠪᠠᠢᠵᠤ᠂ ᠬᠠᠮᠤᠭ᠎ᠤᠨ ᠬᠠᠲᠠᠭᠤ ᠪᠡᠷᠬᠡ ᠬᠠᠮᠤᠭ᠎ᠤᠨ ᠨᠦᠰᠡᠷ ᠬᠦᠨᠳᠦ ᠡᠭᠦᠷᠭᠡ᠎ᠨᠢ ᠴᠦ᠍ ᠬᠦᠳᠡᠭᠡ ᠠᠵᠤ ᠠᠬᠤᠢ ᠬᠥᠳᠡᠭᠡ ᠲᠣᠰᠭᠤᠨ᠎ᠳᠤ ᠪᠠᠢᠨ᠎ᠠ᠃ ᠳᠡᠯᠡᠬᠡᠢ ᠳ᠋ᠠᠬᠢᠨ᠎ᠤ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ᠎ᠶ᠋ᠢ ᠠᠷᠭᠠᠴᠠᠭᠠᠵᠤ᠂ ᠡᠯ᠎ᠡ ᠲᠦᠷᠦᠯ᠎ᠤᠨ ᠠᠶᠤᠯ ᠲᠦᠭ᠌ᠰᠢᠭᠦᠷᠢ ᠥᠷᠢᠰᠥᠯᠳᠦᠭᠡᠨ᠎ᠢ ᠪᠦᠲᠦᠮᠵᠢᠲᠡᠢ ᠱᠢᠢᠳᠪᠦᠷᠢᠯᠡᠵᠥ᠍᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠨ ᠪᠦᠷᠢᠯᠳᠦᠭᠦᠯᠬᠦ᠌᠎ᠳᠤ ᠬᠠᠮᠤᠭ᠎ᠤᠨ ᠥᠷᠭᠡᠨ ᠳᠡᠯᠭᠡᠷ ᠬᠠᠮᠤᠭ᠎ᠤᠨ ᠭᠦᠨ ᠵᠤᠵᠠᠭᠠᠨ ᠰᠠᠭᠤᠷᠢᠨ᠎ᠢ ᠬᠥᠳᠡᠭᠡ ᠠᠵᠤ ᠠᠬᠤᠢ ᠬᠥᠳᠡᠭᠡ ᠲᠣᠰᠭᠤᠨ᠎ᠳᠤ ᠪᠤᠢ᠂ ᠬᠠᠮᠤᠭ᠎ᠤᠨ ᠶᠡᠭᠡ ᠳᠠᠯᠳᠠ ᠬᠦᠴᠦᠨ ᠪᠠ ᠬᠦᠰᠡᠯ ᠡᠷᠡᠮᠡᠯᠵᠡᠯ᠎ᠨᠢ ᠴᠦ᠍ ᠠᠳᠠᠯᠢᠬᠠᠨ᠎ᠢᠶᠠᠷ ᠬᠥᠳᠡᠭᠡ ᠠᠵᠤ ᠠᠬᠤᠢ ᠬᠥᠳᠡᠭᠡ ᠲᠣᠰᠭᠤᠨ᠎ᠳᠤ ᠪᠤᠢ᠃ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠤᠨ ᠮᠠᠯᠵᠢᠬᠤ ᠣᠷᠣᠨ᠎ᠤ ᠰᠠᠯᠠᠭ᠎ᠠ ᠮᠥᠴᠢᠷ᠎ᠤᠨ᠎ᠬᠢᠨ ᠨᠠᠮ᠎ᠠᠴᠠ ᠬᠥᠳᠡᠭᠡ ᠲᠣᠰᠭᠤᠨ᠎ᠤ ᠠᠵᠢᠯ᠎ᠢ ᠬᠠᠮᠢᠶᠠᠷᠬᠤ ᠤᠯᠠᠮᠵᠢᠯᠠᠯ᠎ᠢ ᠵᠠᠯᠭᠠᠮᠵᠢᠯᠠᠨ ᠪᠠᠳᠠᠷᠠᠭᠤᠯᠵᠤ᠂ ᠤᠯᠤᠰ ᠲᠥᠷᠥ᠎ᠶ᠋ᠢᠨ ᠪᠠᠢᠭᠤᠯᠭ᠎ᠠ᠎ᠶ᠋ᠢᠨ ᠤᠬᠠᠮᠰᠠᠷ᠎ᠢᠶᠠᠨ ᠴᠢᠩᠭᠠᠳᠭᠠᠵᠤ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠥᠳᠡᠭᠡ ᠲᠣᠰᠭᠤᠨ᠎ᠤ ᠠᠵᠢᠯ᠎ᠤᠨ ᠲᠦᠷᠢᠮ》᠂ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ ᠬᠠᠤᠯᠢ》 ᠶ᠋ᠢ ᠭᠦᠨᠵᠡᠭᠡᠶ ᠲᠤᠭᠤᠱᠢᠯᠠᠭᠤᠯᠵᠤ᠂ ᠡᠯ᠎ᠡ ᠱᠠᠲᠤᠨ᠎ᠤ ᠨᠠᠮ᠎ᠤᠨ ᠬᠤᠷᠢᠶᠠᠨ᠎ᠤ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠳᠭᠤᠬᠤ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠬᠤ ᠬᠡᠷᠡᠭ᠌ᠲᠡᠶ᠃ ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ᠎ᠤ ᠭᠤᠤᠯᠳᠠᠯᠭ᠎ᠠ᠎ᠶ᠋ᠢᠨ ᠲᠤᠳᠤᠷᠠᠬᠢ ᠭᠤᠤᠯᠳᠠᠯᠭ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠤᠬ᠍ᠳᠠᠭᠠᠯᠳᠠᠶ᠋ᠢ ᠢᠮᠠᠬ᠍ᠳᠠ ᠪᠠᠷᠢᠮᠳᠠᠯᠠᠵᠤ᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ᠎ᠢ ᠡᠩ ᠲᠡᠷᠢᠭᠦᠨ᠎ᠳᠤ ᠬᠥᠭ᠌ᠵᠢᠭᠦᠯᠬᠦ᠌ ᠶᠡᠷᠦᠩᠬᠡᠶ ᠴᠢᠭ᠌ᠯᠡᠯᠲᠡ᠎ᠶ᠋ᠢ ᠪᠣᠳᠠᠲᠤ ᠭᠠᠵᠠᠷ᠎ᠲᠤᠨᠢ ᠨᠠᠢᠳᠠᠪᠤᠷᠢᠵᠢᠭᠤᠯᠬᠤ᠎ᠶ᠋ᠢ ᠠᠬᠢᠭᠤᠯᠬᠤ ᠬᠡᠷᠡᠭ᠌ᠲᠡᠶ᠃ ᠨᠠᠮ᠎ᠤᠨ ᠬᠤᠷᠢᠶᠠᠨ᠎ᠤ ᠲᠠᠷᠢᠶᠠᠯᠠᠩ ᠮᠠᠯ ᠠᠵᠤ ᠠᠬᠤᠶ᠎ᠶ᠋ᠢᠨ ᠠᠯᠪᠠᠨ ᠬᠡᠷ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠭᠤᠨ ᠮᠠᠯᠵᠢᠬᠤ ᠤᠷᠤᠨ᠎ᠤ ᠰᠠᠯᠠᠭ᠎ᠠ ᠮᠥᠴᠢᠷ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ᠎ᠤᠨ ᠠᠵᠢᠯ᠎ᠤᠨ ᠠᠵᠢᠯᠯᠠᠭᠠᠨ᠎ᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠤᠯᠤᠰ ᠲᠥᠷᠥ᠍ ᠪᠠᠲᠤ ᠴᠢᠩᠭ᠎ᠠ᠂ ᠡᠷᠳᠡᠮ ᠴᠢᠳᠠᠪᠤᠷᠢ ᠴᠠᠭᠠᠷᠠᠬ᠍ᠰᠡᠨ᠂ ᠣᠪᠣᠷ ᠰᠤᠷᠲᠠᠯ ᠪᠠᠲᠤ ᠴᠢᠩᠭ᠎ᠠ ᠺᠠᠳ᠋ᠷ᠎ᠤᠨ ᠡᠩᠨᠡᠭᠡ᠎ᠶ᠋ᠢ ᠪᠠᠢᠭᠤᠯᠵᠤ᠂ ᠨᠠᠮ᠎ᠤᠨ ᠮᠠᠯᠵᠢᠬᠤ ᠲᠠᠷᠢᠶᠠᠯᠠᠬᠤ ᠣᠷᠣᠨ᠎ᠤ ᠠᠵᠢᠯ᠎ᠢ ᠤᠳᠤᠷᠢᠳᠭᠤ ᠴᠢᠳᠠᠪᠤᠷᠢ ᠪᠠ ᠲᠦᠪᠱᠢᠨ᠎ᠢ ᠪᠥᠬᠦ᠌ ᠲᠠᠯ᠎ᠠ᠎ᠪᠠᠷ ᠳᠡᠭᠡᠭ᠌ᠰᠢᠯᠡᠭᠦᠯᠬᠦ᠌ ᠬᠡᠷᠡᠭ᠌ᠲᠡᠶ᠃
ᠬᠤᠶᠠᠷ᠎ᠲᠤ᠌᠂ ᠤᠭ ᠰᠠᠨᠠᠭ᠎ᠠ᠎ᠪᠠᠨ ᠢᠮᠠᠭ᠍ᠲᠠ ᠭᠤᠢᠪᠢᠰᠢ ᠦᠭᠡᠢ ᠪᠠᠷᠢᠮᠲᠠᠯᠠᠵᠤ᠂ ᠮᠠᠯᠴᠢᠨ ᠲᠠᠷᠢᠶᠠᠴᠢᠨ᠎ᠳᠤ ᠵᠣᠯ ᠵᠢᠷᠭᠠᠯ ᠣᠯᠭᠤᠵᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠡᠶᠡᠯᠡᠭᠦᠯᠬᠦ᠌ ᠬᠡᠷᠡᠭ᠌ᠲᠡᠢ᠃ ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠤᠷᠤᠨ᠎ᠤ ᠰᠠᠯᠠᠭ᠎ᠠ ᠮᠥᠴᠢᠷ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢᠯᠡᠳᠦᠯᠭᠡᠵᠢᠭᠦᠯᠬᠦ᠌᠎ᠳᠤ᠂ ᠱᠢᠨ᠎ᠡ ᠴᠠᠭ ᠦᠶ᠎ᠡ᠎ᠶ᠋ᠢᠨ 《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》 ᠤ ᠠᠵᠢᠯ᠎ᠢ ᠰᠠᠢᠲᠤᠷ ᠬᠢᠵᠦ᠍᠂ ᠪᠥᠬᠦ᠌ ᠬᠦᠴᠦᠨ᠎ᠢᠶᠠᠷ᠎ᠢᠶᠠᠨ ᠮᠠᠯᠴᠢᠨ ᠲᠠᠷᠢᠶᠠᠴᠢᠨ᠎ᠳᠤ ᠵᠣᠯ ᠵᠢᠷᠭᠠᠯ ᠡᠳ᠋ᠯᠡᠭᠦᠯᠵᠦ᠍᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢᠨ ᠲᠥᠯᠥᠭᠡ ᠴᠢᠷᠮᠠᠢᠵᠤ᠂ ᠲᠠᠷᠢᠶᠠᠯᠠᠩ ᠮᠠᠯ ᠠᠵᠤ ᠠᠬᠤᠶ ᠭᠡᠬᠦ᠌ ᠡᠨᠡ ᠬᠦ᠌ ᠰᠠᠭᠤᠷᠢ ᠴᠢᠯᠠᠭᠤ᠎ᠶ᠋ᠢ ᠡᠷᠡᠰ ᠲᠣᠭ᠍ᠲᠠᠪᠤᠷᠢᠵᠢᠭᠤᠯᠵᠤ᠂ 《ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》 ᠭᠡᠬᠦ᠌ ᠡᠨᠡ ᠬᠦ᠌ ᠪᠠᠢᠯᠳᠤᠬᠤ ᠪᠣᠳᠣᠯᠭ᠎ᠠ᠎ᠶ᠋ᠢᠨ ᠠᠷᠤ ᠬᠦᠷᠢᠶ᠎ᠡ᠎ᠶ᠋ᠢ ᠰᠠᠢᠲᠤᠷ ᠰᠠᠬᠢᠬᠤ ᠬᠡᠷᠡᠭ᠌ᠲᠡᠶ᠃ ᠶᠡᠷᠦᠩᠬᠡᠶ ᠱᠦᠵᠢ᠎ᠶ᠋ᠢᠨ 《ᠲᠠᠷᠢᠶᠠᠯᠠᠩ᠎ᠢ ᠬᠠᠢᠷᠠᠯᠠᠬᠤ》᠂ 《ᠲᠠᠷᠢᠶᠠᠯᠠᠩ᠎ᠤᠨ ᠲᠥᠯᠥᠭᠡ》᠂ 《ᠲᠠᠷᠢᠶᠠᠯᠠᠩ᠎ᠢ ᠡᠷᠬᠢᠮᠯᠡᠬᠦ᠌》᠂ 《ᠲᠠᠷᠢᠶᠠᠯᠠᠩ᠎ᠢ ᠬᠥᠭ᠌ᠵᠢᠭᠦᠯᠬᠦ᠌》 ᠬᠠᠢᠷ᠎ᠠ ᠰᠡᠳᠭᠢᠯᠭᠡ᠎ᠶ᠋ᠢ ᠭᠦᠨᠵᠡᠭᠡᠶ ᠣᠢᠯᠠᠭᠠᠵᠤ᠂ ᠵᠣᠷᠢᠯᠲᠠ᠎ᠶ᠋ᠢᠨ ᠤᠬᠠᠮᠰᠠᠷ᠎ᠢᠶᠠᠨ ᠦᠨᠡᠨ ᠬᠦ᠌ ᠴᠢᠩᠭᠠᠳᠭᠠᠵᠤ᠂ ᠢᠮᠠᠭ᠍ᠲᠠ ᠠᠷᠠᠳ ᠲᠦᠮᠡᠨ᠎ᠤ ᠵᠣᠭ᠍ᠰᠣᠯᠲᠠ᠎ᠳᠤ ᠪᠠᠲᠤ ᠵᠣᠭ᠍ᠰᠣᠵᠤ᠂ ᠢᠮᠠᠭ᠍ᠲᠠ ᠮᠠᠯᠴᠢᠨ ᠲᠠᠷᠢᠶᠠᠴᠢᠨ᠎ᠲᠠᠢ ᠰᠡᠳᠭᠢᠯ ᠵᠢᠷᠦᠬᠡ᠎ᠪᠠᠨ ᠬᠤᠯᠪᠣᠵᠤ᠂ ᠵᠢᠷᠭᠠᠯ ᠵᠣᠪᠠᠯᠠᠩ᠎ᠢᠶᠠᠨ ᠬᠠᠮᠲᠤᠳᠭᠠᠵᠤ᠂ ᠴᠢᠰᠤ ᠮᠢᠬᠠᠨ᠎ᠤ ᠬᠠᠷᠢᠴᠠᠭ᠎ᠠ᠎ᠪᠠᠨ ᠪᠠᠲᠤᠯᠠᠵᠤ᠂ ᠢᠮᠠᠭ᠍ᠲᠠ ᠮᠠᠯᠴᠢᠨ ᠲᠠᠷᠢᠶᠠᠴᠢᠨ᠎ᠤ ᠪᠠᠶᠠᠷ ᠪᠠᠶᠠᠰᠤᠯ ᠭᠤᠨᠢᠭ ᠵᠣᠪᠠᠭᠤᠷᠢ᠎ᠪᠠᠷ ᠮᠠᠭᠠᠳᠯᠠᠬᠤ ᠪᠠᠷᠢᠮᠵᠢᠶ᠎ᠠ ᠪᠣᠯᠭᠠᠵᠤ᠂ ᠮᠠᠯᠴᠢᠨ ᠲᠠᠷᠢᠶᠠᠴᠢᠨ᠎ᠤ ᠵᠤᠯ ᠵᠢᠷᠭᠠᠯ᠎ᠢ ᠨᠡᠮᠡᠭ᠌ᠳᠡᠭᠦᠯᠬᠦ᠌᠎ᠪᠠᠷ ᠦᠨᠳᠦᠰᠦᠨ ᠲᠦᠱᠢᠭ ᠪᠣᠯᠭᠠᠵᠤ᠂ ᠦᠨᠡᠨ ᠰᠡᠳᠭᠢᠯ᠎ᠠᠴᠠ᠎ᠪᠠᠨ ᠣᠯᠠᠨ ᠲᠦᠮᠡᠨ᠎ᠳᠤ ᠰᠠᠢᠨ ᠶᠠᠪᠤᠳᠠᠯ ᠬᠢᠵᠦ᠍᠂ ᠠᠷᠠᠳ ᠲᠦᠮᠡᠨ᠎ᠢᠶᠠᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠬᠤ ᠬᠡᠷᠡᠭ᠌ᠲᠡᠶ᠃
ᠭᠤᠷᠪᠠ᠎ᠳᠤ᠂ ᠱᠢᠨ᠎ᠡ ᠵᠠᠮ᠎ᠳᠤ ᠰᠠᠭᠤᠷᠢᠯᠠᠨ ᠬᠥᠭ᠌ᠵᠢᠯᠲᠡ᠎ᠶ᠋ᠢ ᠡᠷᠢᠯᠬᠢᠯᠡᠵᠦ᠍᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠬᠤ ᠬᠡᠷᠡᠭ᠌ᠲᠡᠢ᠃ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠬᠦᠯᠬᠦ᠌᠎ᠪᠠᠷ ᠢᠯᠡ ᠲᠣᠳᠣ ᠤᠳᠤᠷᠢᠳᠤᠮᠵᠢ ᠪᠣᠯᠭᠠᠵᠤ᠂ ᠤᠯᠤᠰ᠎ᠤᠨ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠤᠨ ᠰᠠᠭᠤᠷᠢᠨ᠎ᠤ ᠪᠥᠲᠥᠭᠡᠨ ᠪᠠᠢᠭᠤᠯᠤᠯᠲᠠ᠎ᠪᠠᠷ ᠭᠤᠤᠯ ᠱᠢᠪᠲᠤᠯᠤᠯᠲᠠ᠎ᠶ᠋ᠢᠨ ᠴᠢᠭ᠌ᠯᠡᠯ ᠪᠣᠯᠭᠠᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠬᠤᠭᠤᠴᠠᠭᠠᠨ᠎ᠳᠠᠬᠢ ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢᠨ ᠬᠠᠷᠠᠯᠲᠠ ᠡᠭᠦᠷᠭᠡ᠂ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ ᠪᠣᠯᠤᠨ ᠴᠢᠬᠤᠯᠠ ᠶᠡᠭᠡ ᠲᠥᠷᠥᠯ ᠵᠦᠢᠯ᠎ᠢ ᠭᠦᠨᠵᠡᠭᠡᠶ ᠲᠥᠯᠥᠪᠵᠢᠭᠦᠯᠦᠨ ᠪᠣᠳᠠᠲᠠᠶ ᠠᠳᠭᠤᠵᠤ᠂ ᠴᠢᠭ᠌ᠯᠡᠯ ᠬᠡᠯᠪᠠᠢᠬᠦ᠌ ᠥᠬᠡᠶ᠂ ᠲᠥᠪᠯᠡᠷᠡᠯ᠎ᠤᠨ ᠴᠡᠭ ᠰᠠᠷᠨᠢᠬᠤ ᠥᠬᠡᠶ᠂ ᠲᠤᠭᠤᠱᠢᠯᠠᠭᠤᠯᠤᠯᠳᠠᠨᠢ ᠥᠭᠡᠷᠡᠲᠦᠬᠦ᠌ ᠥᠬᠡᠶ᠂ ᠨᠠᠢᠳᠠᠪᠤᠷᠢᠵᠢᠭᠤᠯᠤᠯᠳᠠ᠎ᠨᠢ ᠦᠷ᠎ᠡ ᠪᠦᠳᠦᠮᠵᠢᠳᠠᠢ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃
ᠠᠮᠤ ᠪᠤᠳᠠᠭᠠᠨ᠎ᠤ ᠠᠮᠤᠷ ᠲᠦᠪᠱᠢᠨ᠎ᠤ ᠰᠠᠨᠠᠭᠠᠴᠢᠯᠠᠭᠠᠲᠤ ᠡᠷᠬᠡ᠎ᠶ᠋ᠢ ᠪᠠᠲᠤ ᠡᠵᠡᠮᠳᠡᠵᠦ᠍᠂ ᠡᠨᠡ ᠵᠢᠯ᠎ᠤᠨ 《ᠶᠡᠷᠦᠩᠬᠡᠢ ᠲᠠᠷᠢᠬᠤ ᠠᠮᠤ ᠪᠤᠳᠠᠭ᠎ᠠ ᠲᠠᠷᠢᠬᠤ ᠬᠤᠣᠰ ᠨᠡᠮᠡᠭ᠌ᠳᠡᠯ》 ᠤᠨ ᠰᠠᠭᠤᠷᠢᠨ ᠳᠡᠭᠡᠷ᠎ᠡ᠂ ᠡᠯ᠎ᠡ ᠱᠠᠲᠤᠨ᠎ᠤ ᠨᠠᠮ᠎ᠤᠨ ᠬᠤᠷᠢᠶ᠎ᠠ ᠵᠠᠰᠠᠭ᠎ᠤᠨ ᠣᠷᠳᠣᠨ᠎ᠤ ᠬᠠᠷᠢᠭᠤᠴᠠᠯᠭ᠎ᠠ᠎ᠶ᠋ᠢ ᠦᠷᠭᠦᠯᠵᠢᠯᠡᠨ ᠴᠢᠩᠭ᠎ᠠ ᠪᠣᠳᠠᠲᠠᠢ ᠠᠳᠭᠤᠵᠤ᠂ ᠥᠴᠦᠬᠡᠨ ᠴᠦ᠍ ᠰᠤᠯᠠᠷᠠᠭᠤᠯᠤᠯ ᠦᠭᠡᠢ᠎ᠪᠠᠷ ᠠᠮᠤ ᠪᠤᠳᠠᠭᠠᠨ᠎ᠤ ᠦᠢᠯᠡᠳᠪᠦᠷᠢᠯᠡᠯ᠎ᠢ ᠠᠬᠢᠭᠤᠯᠵᠤ᠂ ᠠᠮᠤ ᠪᠤᠳᠠᠭᠠᠨ᠎ᠤ ᠡᠯᠪᠡᠭ ᠬᠤᠷᠢᠶᠠᠯᠲᠠ᠎ᠶ᠋ᠢ ᠪᠦᠬᠦ᠌ ᠬᠦᠴᠦᠨ᠎ᠢᠶᠠᠷ᠎ᠢᠶᠠᠨ ᠲᠡᠮᠡᠴᠡᠨ ᠤᠯᠬᠤ ᠬᠡᠷᠡᠭ᠌ᠲᠡᠢ᠃ ᠠᠮᠤ ᠪᠤᠳᠠᠭᠠᠨ᠎ᠤ ᠦᠢᠯᠡᠳᠪᠦᠷᠢᠯᠡᠯ᠎ᠢ ᠠᠳᠭᠤᠬᠤ᠎ᠲᠠᠢ ᠠᠳᠠᠯᠢ᠎ᠪᠠᠷ ᠮᠠᠯ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠳᠭᠤᠵᠤ᠂ ᠦᠬᠡᠷ ᠬᠤᠨᠢᠨ᠎ᠤ ᠠᠵᠤ ᠦᠢᠯᠡᠰ᠎ᠤᠨ ᠶᠠᠰᠤ ᠴᠢᠨᠠᠷ᠎ᠢ ᠳᠡᠭᠡᠭ᠌ᠰᠢᠯᠡᠭᠦᠯᠵᠦ᠍ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠲᠦᠷᠭᠡᠳᠭᠡᠵᠦ᠍᠂ ᠰᠦ᠎ᠶ᠋ᠢᠨ ᠦᠢᠯᠡᠰ᠎ᠢ ᠤᠷᠢᠳᠠᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠵᠤ᠂ ᠴᠢᠬᠤᠯᠠ ᠲᠠᠷᠢᠶᠠᠯᠠᠩ ᠮᠠᠯ᠎ᠤᠨ ᠠᠱᠢᠭ ᠱᠢᠮ᠎ᠡ᠎ᠶ᠋ᠢᠨ ᠪᠦᠲᠦᠭᠡᠭ᠌ᠳᠡᠬᠦᠨ᠎ᠤ ᠪᠦᠲᠦᠮᠵᠢᠲᠡᠢ ᠬᠠᠩᠭᠠᠯᠭ᠎ᠠ᠎ᠶ᠋ᠢᠨ ᠴᠢᠳᠠᠪᠤᠷᠢ᠎ᠶ᠋ᠢ ᠨᠡᠮᠡᠭ᠌ᠳᠡᠭᠦᠯᠬᠦ᠌ ᠬᠡᠷᠡᠭ᠌ᠲᠡᠢ᠃ ᠮᠠᠯᠵᠢᠬᠤ ᠲᠡᠷᠢᠶᠠᠯᠠᠬᠤ ᠠᠵᠤ ᠠᠬᠤᠶ᠎ᠶ᠋ᠢᠨ ᠠᠵᠤ ᠦᠢᠯᠡᠰ᠎ᠤᠨ ᠪᠦᠯᠦᠭ᠌ᠯᠡᠯ᠂ ᠠᠵᠤ ᠦᠢᠯᠡᠰ᠎ᠤᠨ ᠬᠦᠷᠢᠶᠡᠯᠡᠩ ᠲᠣᠭᠤᠷᠢᠭ᠂ ᠠᠵᠤ ᠦᠢᠯᠡᠰ᠎ᠤᠨ ᠬᠦᠴᠦᠷᠬᠡᠭ ᠪᠠᠯᠭᠠᠰᠤ᠎ᠶ᠋ᠢ ᠦᠷᠭᠦᠯᠵᠢᠯᠡᠨ ᠪᠣᠶ ᠪᠣᠯᠭᠠᠵᠤ᠂ ᠠᠵᠤ ᠦᠢᠯᠡᠰ᠎ᠤᠨ ᠬᠡᠯᠬᠢᠶ᠎ᠡ᠎ᠶ᠋ᠢ ᠳᠡᠭᠡᠳᠦ ᠲᠡᠰᠵᠢᠭᠦᠯᠬᠦ᠂ ᠤᠶᠤᠨᠴᠢᠯᠠᠬᠤ᠂ ᠪᠣᠬᠢᠷᠲᠤᠯ ᠦᠭᠡᠢᠵᠢᠭᠦᠯᠬᠦ᠌ ᠳᠠᠰᠢ ᠤᠷᠤᠭ᠍ᠰᠢᠯᠠᠭᠤᠯᠬᠤ᠎ᠶ᠋ᠢ ᠠᠬᠢᠭᠤᠯᠬᠤ ᠬᠡᠷᠡᠭ᠌ᠲᠡᠶ᠃ ᠦᠷ᠎ᠡ᠎ᠶ᠋ᠢᠨ 《ᠪᠣᠭᠤᠮᠢ》 ᠶ᠋ᠢᠨ ᠠᠰᠠᠭᠤᠳᠠᠯ᠎ᠢ ᠰᠠᠢᠲᠤᠷ ᠱᠢᠢᠳᠪᠦᠷᠢᠯᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠣᠭᠤᠮᠲᠠ ᠱᠢᠪᠲᠤᠯᠬᠤ ᠠᠵᠢᠯ᠎ᠢ ᠲᠥᠪᠯᠡᠷᠡᠭᠦᠯᠦᠨ ᠥᠷᠨᠢᠭᠦᠯᠵᠦ᠍᠂ ᠡᠷᠳᠡᠨᠢ ᠱᠢᠰᠢ᠂ ᠱᠢᠷ᠎ᠠ ᠪᠤᠷᠴᠠᠭ᠂ ᠲᠥᠮᠥᠰᠥ᠍ ᠵᠡᠷᠭᠡ ᠲᠦᠷᠦᠯ ᠵᠦᠢᠯ᠎ᠤᠨ ᠤᠯᠤᠰ᠎ᠤᠨ ᠳᠣᠲᠣᠭᠠᠳᠤ᠎ᠶ᠋ᠢᠨ ᠲᠡᠷᠢᠭᠦᠨ᠎ᠤ ᠲᠦᠪᠱᠢᠨ᠎ᠤ ᠵᠦᠷᠢᠶ᠎ᠡ᠎ᠶ᠋ᠢ ᠪᠠᠭᠠᠰᠭᠠᠵᠤ᠂ ᠠᠯᠠᠱᠢᠨ ᠦᠬᠡᠷ᠂ ᠰᠠᠭᠠᠯᠢ᠎ᠶ᠋ᠢᠨ ᠦᠨᠢᠶ᠎ᠡ᠂ ᠲᠡᠵᠢᠭᠡᠯ ᠡᠪᠡᠰᠦᠨ᠎ᠤ ᠭᠤᠣᠯ ᠦᠷ᠎ᠡ᠎ᠶ᠋ᠢᠨ ᠢᠷᠡᠯᠳᠡ᠎ᠶ᠋ᠢ ᠭᠠᠳᠠᠭᠠᠳᠤ᠎ᠠᠴᠠ ᠣᠷᠣᠭᠤᠯᠬᠤ᠎ᠳᠤ ᠲᠦᠱᠢᠭ᠌ᠯᠡᠬᠦ᠌᠎ᠠᠴᠠ ᠴᠢᠷᠮᠠᠢᠨ ᠠᠩᠭᠢᠵᠢᠷᠠᠬᠤ ᠬᠡᠷᠡᠭ᠌ᠲᠡᠢ᠃ ᠲᠠᠷᠢᠶᠠᠨ ᠭᠠᠵᠠᠷ᠎ᠢ ᠬᠠᠮᠠᠭᠠᠯᠠᠬᠤ ᠬᠠᠮᠤᠭ᠎ᠤᠨ ᠴᠢᠩᠭ᠎ᠠ ᠲᠦᠷᠢᠮ᠎ᠢ ᠨᠠᠢᠳᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠨ᠂ ᠬᠠᠷ᠎ᠠ ᠬᠥᠷᠥᠰᠥ᠎ᠶ᠋ᠢ ᠬᠠᠮᠠᠭᠠᠯᠠᠬᠤ ᠴᠢᠨᠠᠷᠲᠠᠶ ᠲᠠᠷᠢᠶᠠᠯᠠᠬᠤ᠂ ᠬᠤᠵᠢᠷᠯᠢᠬ ᠭᠠᠵᠠᠷ᠎ᠢ ᠰᠠᠢᠵᠢᠷᠠᠭᠤᠯᠬᠤ᠂ ᠲᠠᠷᠢᠶᠠᠨ ᠭᠠᠵᠠᠷ᠎ᠤᠨ ᠱᠢᠮ᠎ᠡ᠎ᠶ᠋ᠢ ᠳᠡᠭᠡᠭ᠌ᠰᠢᠯᠡᠭᠦᠯᠬᠦ᠌᠎ᠶ᠋ᠢ ᠰᠠᠢᠲᠤᠷ ᠠᠳᠭᠤᠵᠤ᠂ ᠲᠠᠷᠢᠶᠠᠨ ᠭᠠᠵᠠᠷ᠎ᠢ 《ᠲᠠᠷᠢᠶᠠᠯᠠᠩ᠎ᠤᠨ ᠪᠤᠰᠤ ᠪᠣᠯᠭᠠᠬᠤ》 ᠶ᠋ᠢ ᠡᠷᠡᠰ ᠬᠤᠷᠢᠭ᠍ᠯᠠᠵᠤ᠂ 《ᠠᠮᠤ ᠪᠤᠳᠠᠭᠠᠨ᠎ᠤ ᠪᠤᠰᠤ ᠪᠣᠯᠭᠠᠬᠤ》 ᠶ᠋ᠢ ᠰᠡᠷᠭᠡᠢᠯᠡᠬᠦ᠌ ᠬᠡᠷᠡᠭ᠌ᠲᠡᠶ᠃ ᠥᠭᠡᠷᠡᠴᠢᠯᠡᠯᠲᠡ ᠭᠡᠬᠦ᠌ ᠡᠨᠡᠬᠦ᠌ ᠡᠷᠳᠡᠨᠢ᠎ᠶ᠋ᠢ ᠰᠠᠢᠲᠤᠷ ᠠᠱᠢᠭ᠍ᠯᠠᠵᠤ᠂ ᠭᠤᠣᠯᠳᠠᠯᠭ᠎ᠠ᠎ᠲᠠᠢ ᠬᠦᠷᠢᠶ᠎ᠡ ᠪᠣᠯᠤᠨ ᠵᠠᠩᠭᠢᠯᠠᠭ᠎ᠠ᠎ᠶ᠋ᠢᠨ ᠭᠤᠭ᠍ᠴᠤᠭ᠎ᠠ᠎ᠶ᠋ᠢᠨ ᠥᠭᠡᠷᠡᠴᠢᠯᠡᠯᠲᠡ᠎ᠶ᠋ᠢ ᠲᠦᠷᠭᠡᠳᠭᠡᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠡᠬᠢ ᠪᠠᠶᠠᠯᠢᠭ᠎ᠤᠨ ᠡᠯᠧᠮᠧᠨ᠋ᠲ᠎ᠤᠨ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠌ ᠬᠡᠷᠡᠭ᠌ᠲᠡᠢ᠃ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠬᠦ᠌᠎ᠶ᠋ᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭᠠᠭᠤᠯᠬᠤ᠎ᠶ᠋ᠢ ᠪᠡᠶᠡᠯᠡᠭᠦᠯᠵᠦ᠍᠂ ᠲᠠᠬᠢᠨ ᠶᠠᠳᠠᠭᠤᠷᠠᠬᠤ᠎ᠶ᠋ᠢ ᠰᠡᠷᠭᠡᠢᠯᠡᠬᠦ᠌ ᠬᠥᠳᠡᠯᠦᠩᠭᠦᠢ ᠬᠢᠨᠠᠨ ᠬᠡᠮᠵᠢᠬᠦ᠌ ᠪᠠ ᠬᠠᠪᠰᠤᠷᠤᠨ ᠲᠡᠳᠬᠦᠬᠦ᠌ ᠲᠣᠭ᠍ᠲᠡᠴᠡ᠎ᠶ᠋ᠢ ᠪᠦᠷᠢᠨᠱᠢᠬᠦᠯᠵᠦ᠍᠂ ᠬᠡᠪᠴᠢᠶᠡᠵᠢᠭ᠌ᠰᠡᠨ ᠴᠢᠨᠠᠷᠲᠠᠢ ᠲᠠᠬᠢᠨ ᠶᠠᠳᠠᠭᠤᠷᠠᠬᠤ ᠦᠬᠡᠢ ᠪᠠᠢᠬᠤ ᠬᠤᠷᠢᠭ᠎ᠠ ᠱᠤᠭᠤᠮ᠎ᠢ ᠡᠷᠡᠰ ᠰᠠᠬᠢᠬᠤ ᠬᠡᠷᠡᠭ᠌ᠲᠡᠢ᠃
ᠲᠦᠷᠪᠡ᠎ᠳᠤ᠂ ᠴᠢᠩᠭ᠎ᠠ ᠰᠤᠷᠲᠠᠯ᠎ᠢ ᠤᠷᠳᠤ ᠬᠤᠭᠤᠴᠠᠭ᠎ᠠ᠎ᠪᠠᠷ ᠪᠠᠷᠢᠮᠲᠠᠯᠠᠵᠤ᠂ ᠦᠨᠡᠨ᠎ᠢ ᠪᠠᠷᠢᠮᠲᠠᠯᠠᠨ ᠪᠣᠳᠠᠲᠤ ᠠᠵᠢᠯᠯᠠᠭ᠎ᠠ᠎ᠶ᠋ᠢ ᠡᠷᠬᠢᠮᠯᠡᠵᠦ᠍ ᠡᠯ᠎ᠡ ᠵᠦᠢᠯ᠎ᠤᠨ ᠠᠵᠢᠯ᠎ᠢ ᠰᠠᠢᠲᠤᠷ ᠠᠳᠭᠤᠬᠤ ᠬᠡᠷᠡᠭ᠌ᠲᠡᠶ᠃ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠪᠣᠯ ᠪᠦᠬᠦ᠌ ᠲᠠᠯ᠎ᠠ᠎ᠳᠤ ᠬᠤᠯᠪᠣᠭ᠍ᠳᠠᠬᠤ ᠠᠭᠤᠤ ᠶᠡᠭᠡ ᠦᠢᠯᠡᠰ ᠪᠣᠯᠤᠨ᠎ᠠ᠂ ᠲᠡᠷᠡ ᠬᠡᠪ᠎ᠢᠶᠠᠷ᠎ᠨᠢ ᠨᠡᠭᠦᠯᠭᠡᠨ ᠬᠡᠷᠡᠭ᠌ᠯᠡᠵᠦ᠍ ᠪᠣᠯᠬᠤ ᠪᠡᠯᠡᠨ ᠲᠤᠷᠱᠢᠯᠭ᠎ᠠ ᠪᠠᠢᠬᠤ ᠦᠭᠡᠢ᠃ ᠳᠠᠷᠢᠶᠠᠯᠠᠩ ᠮᠠᠯ ᠠᠵᠥ᠍ ᠠᠬᠤᠢ ᠪᠠ ᠬᠦᠳᠡᠭᠡ ᠳᠤᠰᠭᠤᠨ ᠮᠠᠯᠵᠢᠬᠤ ᠤᠷᠤᠨ᠎ᠤ ᠰᠠᠯᠠᠭ᠎ᠠ ᠮᠥᠴᠢᠷ᠎ᠤᠨ᠎ᠬᠢᠨ ᠵᠥᠪ ᠬᠥᠭ᠌ᠵᠢᠯᠲᠡ᠎ᠶ᠋ᠢᠨ ᠦᠵᠡᠯᠲᠡ᠂ ᠠᠵᠢᠯ᠎ᠤᠨ ᠠᠮᠵᠢᠯᠲᠠ᠎ᠶ᠋ᠢᠨ ᠦᠵᠡᠯᠲᠡ᠎ᠶ᠋ᠢ ᠪᠠᠲᠤ ᠪᠠᠬᠢ ᠪᠤᠢ ᠪᠣᠯᠭᠠᠵᠤ᠂ ᠦᠨᠡᠨ᠎ᠢ ᠪᠠᠷᠢᠮᠲᠠᠯᠠᠨ ᠪᠣᠳᠠᠲᠠᠶ᠎ᠶ᠋ᠢ ᠡᠷᠬᠢᠮᠯᠡᠬᠦ᠌ ᠱᠢᠨᠵᠢᠯᠡᠬᠦ᠌ ᠤᠬᠠᠭᠠᠨᠴᠢ ᠵᠣᠷᠢᠭ ᠰᠠᠨᠠᠭ᠎ᠠ ᠪᠣᠯᠤᠨ ᠠᠵᠢᠯ᠎ᠤᠨ ᠰᠤᠷᠲᠠᠯ᠎ᠢ ᠪᠠᠷᠢᠮᠲᠠᠯᠠᠨ᠂ ᠵᠠᠷᠢᠮ ᠠᠵᠢᠯ᠎ᠤᠨ ᠳᠤᠮᠳᠠᠬᠢ ᠰᠤᠷᠭᠠᠮᠵᠢ᠎ᠶ᠋ᠢ ᠭᠦᠨᠵᠡᠭᠡᠶ ᠱᠢᠩᠭᠡᠭᠡᠨ ᠠᠪᠴᠤ᠌᠂ ᠬᠡᠯᠪᠡᠷᠢ᠎ᠶ᠋ᠢᠨ ᠦᠵᠡᠯ᠂ ᠨᠣᠶᠠᠨᠴᠢ ᠰᠤᠷᠲᠠᠯ᠎ᠤᠨ ᠠᠰᠠᠭᠤᠳᠠᠯ᠎ᠢ ᠡᠷᠡᠰ ᠵᠠᠯᠠᠷᠠᠭᠤᠯᠬᠤ ᠬᠡᠷᠡᠭ᠌ᠲᠡᠶ᠃ ᠮᠠᠯᠴᠢᠨ ᠲᠠᠷᠢᠶᠠᠴᠢᠨ᠎ᠤ ᠲᠣᠰ ᠪᠡᠶ᠎ᠡ᠎ᠶ᠋ᠢᠨ ᠠᠱᠢᠭ ᠲᠤᠰᠠ᠎ᠳᠤ ᠬᠤᠯᠪᠣᠭ᠍ᠳᠠᠬᠤ ᠠᠰᠠᠭᠤᠳᠠᠯ ᠳᠡᠭᠡᠷ᠎ᠡ᠂ ᠡᠷᠬᠡᠪᠰᠢ ᠮᠠᠯᠴᠢᠨ ᠲᠠᠷᠢᠶᠠᠴᠢᠨ᠎ᠤ ᠬᠦᠰᠡᠯ ᠰᠠᠨᠠᠭ᠎ᠠ᠎ᠶ᠋ᠢ ᠬᠦᠨᠳᠦᠳᠭᠡᠵᠦ᠍᠂ ᠮᠠᠯᠴᠢᠨ ᠲᠠᠷᠢᠶᠠᠴᠢᠨ᠎ᠤ ᠲᠥᠷᠥᠭ᠌ᠳᠡᠯ᠎ᠢ ᠬᠠᠷᠠᠭᠠᠯᠵᠠᠵᠤ᠂ ᠮᠠᠯᠴᠢᠨ ᠲᠠᠷᠢᠶᠠᠴᠢᠨ᠎ᠤ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠷᠠᠭᠠᠯᠵᠠᠵᠤ᠂ ᠡᠷᠬᠡᠪᠰᠢ ᠵᠢᠮ᠎ᠡ ᠶᠣᠰᠣ᠎ᠶ᠋ᠢ ᠵᠢᠷᠤᠮᠯᠠᠨ᠂ ᠦᠨᠡᠨ᠎ᠠᠴᠠ ᠵᠥᠪ᠎ᠢ ᠡᠷᠢᠵᠦ᠍᠂ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠤᠨᠢ ᠳᠣᠭᠢᠷᠠᠭᠤᠯᠤᠨ᠂ ᠯᠠᠪᠳᠠᠭᠤᠨ ᠪᠠᠢᠯᠭᠠᠬᠤ᠎ᠠᠴᠠ ᠪᠢᠰᠢ ᠣᠨᠣᠪᠴᠢᠲᠠᠶ ᠱᠢᠭ᠋ ᠪᠠᠢᠯᠭᠠᠵᠤ᠂ ᠰᠠᠢᠨ ᠶᠠᠪᠤᠳᠠᠯ᠎ᠢ ᠰᠠᠢᠲᠤᠷ ᠬᠢᠵᠦ᠍᠂ ᠪᠣᠳᠠᠲᠠᠶ ᠶᠠᠪᠤᠳᠠᠯ᠎ᠢ ᠪᠣᠳᠠᠲᠠᠶ᠎ᠪᠠᠷ ᠬᠢᠬᠦ᠂ ᠤᠴᠢᠷ ᠶᠠᠪᠤᠳᠠᠯ᠎ᠢ ᠨᠢᠭᠡ ᠵᠢᠭ᠌ᠳᠡ᠎ᠪᠠᠷ ᠱᠢᠢᠳᠪᠦᠷᠢᠯᠡᠵᠦ᠍ ᠪᠤᠯᠬᠤ ᠦᠭᠡᠢ᠂ ᠬᠢᠯᠪᠠᠷᠴᠢᠯᠠᠵᠤ ᠪᠣᠯᠬᠤ ᠥᠬᠡᠶ᠂ ᠲᠡᠤᠬᠡ ᠪᠠ ᠣᠯᠠᠨ ᠲᠦᠮᠡᠨ᠎ᠤ ᠱᠢᠯᠭᠠᠯᠲᠠ᠎ᠶ᠋ᠢ ᠳᠠᠭᠠᠭᠠᠵᠤ ᠳᠡᠢᠯᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ 《ᠳᠡᠭᠡᠳᠦ ᠳᠤᠤᠷᠠᠳᠤ ᠱᠠᠳᠤ᠎ᠪᠠᠷ᠎ᠢᠶᠠᠨ ᠰᠡᠳᠭᠢᠯ᠎ᠢᠶᠠᠨ ᠨᠢᠭᠡᠳᠭᠡᠵᠦ᠍᠂ ᠬᠦᠴᠦ᠎ᠪᠠᠨ ᠱᠢᠪᠬᠠᠨ ᠪᠠᠢᠯᠳᠤᠬᠤ᠂ ᠤᠨᠢᠨ ᠳᠡᠭᠡᠷ᠎ᠡ᠎ᠨᠢ ᠪᠣᠳᠠᠲᠠᠢ᠎ᠶ᠋ᠢ ᠡᠷᠬᠢᠮᠯᠡᠬᠦ᠂ ᠵᠠᠮ ᠨᠡᠭᠡᠭᠡᠨ ᠱᠢᠨ᠎ᠡ᠎ᠶ᠋ᠢ ᠡᠭᠦᠳᠬᠦ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠭ᠍ᠤ᠂ ᠠᠷᠠᠳ ᠲᠦᠮᠡᠨ᠎ᠢ ᠬᠥᠰᠡᠷᠳᠡᠭᠦᠯᠬᠦ᠌ ᠦᠭᠡᠢ》 ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠵᠣᠷᠢᠭ ᠰᠠᠨᠠᠭ᠎ᠠ᠎ᠶ᠋ᠢ ᠵᠠᠯᠭᠠᠮᠵᠢᠯᠠᠨ ᠪᠠᠳᠠᠷᠠᠭᠤᠯᠵᠤ᠂ ᠲᠡᠮᠦᠷ᠎ᠢ ᠠᠳᠭᠤᠪᠠᠯ ᠤᠷᠤᠮ᠎ᠲᠠᠢ᠂ ᠴᠢᠯᠠᠭᠤᠨ ᠳᠡᠭᠡᠷ᠎ᠡ ᠭᠢᠰᠭᠢᠪᠡᠯ ᠮᠥᠷ᠎ᠲᠠᠢ ᠪᠠᠢᠬᠤ ᠡᠷᠴᠢ ᠵᠣᠷᠢᠭ᠎ᠢ ᠪᠠᠳᠠᠷᠠᠭᠤᠯᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠱᠢᠷᠭᠠᠭᠤ ᠬᠠᠲᠠᠭᠤᠵᠢᠯᠲᠠᠢ ᠴᠢᠷᠮᠠᠢᠵᠤ᠂ ᠡᠯ᠎ᠡ ᠵᠦᠢᠯ᠎ᠤᠨ ᠠᠵᠢᠯ᠎ᠢ ᠡᠴᠦᠰ᠎ᠲᠤᠨᠢ ᠲᠤᠯᠲᠠᠯ᠎ᠠ ᠠᠳᠭᠤᠵᠤ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠤᠯ᠎ᠤᠨ 《ᠮᠠᠯ ᠠᠵᠤ ᠠᠬᠤᠢ ᠲᠠᠷᠢᠶᠠᠯᠠᠩ ᠮᠠᠯᠴᠢᠨ ᠲᠠᠷᠢᠶᠠᠴᠢᠨ ᠮᠠᠯᠵᠢᠬᠤ ᠲᠠᠷᠢᠶᠠᠯᠠᠬᠤ ᠤᠷᠤᠨ》 ᠤ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠬᠡᠷᠡᠭ᠌ᠳᠡᠢ ᠬᠡᠵᠥ᠍ ᠦᠵᠡᠪᠡ᠃