ᠲᠡᠦᠬᠡ᠎ᠪᠠᠷ ᠲᠤᠯᠢ ᠪᠣᠯᠭᠠᠵᠤ᠂ ᠢᠷᠡᠭᠡᠳᠦᠢ᠎ᠶ᠋ᠢ ᠨᠡᠭᠡᠭᠡᠬᠦ᠌᠎ᠳᠤ᠂ ᠡᠷᠬᠡᠪᠰᠢ ᠮᠠᠰᠢ ᠤᠯᠠᠨ ᠱᠢᠨ᠎ᠡ ᠲᠡᠦᠬᠡᠨ ᠣᠨᠴᠠᠯᠢᠭ᠎ᠲᠠᠢ ᠠᠭᠤᠤ ᠶᠡᠭᠡ ᠲᠡᠮᠡᠴᠡᠯ᠎ᠢ ᠬᠢᠬᠦ᠌ ᠬᠡᠷᠡᠭ᠌ᠲᠡᠢ᠃ ᠵᠣᠷᠢᠭ᠍ᠲᠠᠢ᠎ᠪᠠᠷ ᠲᠡᠮᠡᠴᠡᠯ ᠬᠢᠵᠦ᠍᠂ ᠵᠣᠷᠢᠭ᠍ᠲᠠᠢ᠎ᠪᠠᠷ ᠢᠯᠠᠯᠲᠠ ᠤᠯᠬᠤ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠢᠯᠠᠭ᠍ᠳᠠᠰᠢ ᠦᠭᠡᠢ ᠬᠦᠴᠦᠷᠬᠡᠭ ᠶᠡᠭᠡ ᠤᠶᠤᠨ ᠰᠠᠨᠠᠭᠠᠨ᠎ᠤ ᠬᠦᠴᠦᠨ ᠮᠥᠨ᠃ ᠠᠭᠤᠤ ᠶᠡᠭᠡ ᠬᠦᠰᠡᠯ ᠵᠡᠭᠦᠳᠦ᠎ᠶ᠋ᠢ ᠲᠡᠷᠭᠡᠯᠱᠢᠭᠦᠯᠬᠦ᠌᠎ᠳᠤ ᠠᠮᠢ ᠴᠦᠯᠡᠨ ᠲᠡᠮᠡᠴᠡᠵᠤ᠂ ᠴᠥᠬᠦᠷᠡᠰᠢ ᠦᠭᠡᠢ ᠲᠡᠮᠡᠴᠡᠬᠦ᠌ ᠬᠡᠷᠡᠭ᠌ᠲᠡᠢ᠃ ᠥᠨᠥᠳᠦᠷ᠂ ᠪᠢᠳᠡ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠬᠠᠷᠠᠯᠲᠠ᠎ᠳᠤ ᠲᠡᠦᠬᠡ᠎ᠶ᠋ᠢᠨ ᠠᠯᠢ ᠴᠤ᠌ ᠦᠶ᠎ᠡ᠎ᠠᠴᠠ ᠢᠯᠡᠭᠦᠦ ᠣᠢᠷᠠᠳᠴᠤ᠌᠂ ᠡᠨᠡ ᠬᠦ᠌ ᠬᠠᠷᠠᠯᠳᠠ᠎ᠶ᠋ᠢ ᠪᠡᠶᠡᠯᠡᠭᠦᠯᠬᠦ᠌ ᠢᠲᠡᠭᠡᠯ ᠪᠠ ᠴᠢᠳᠠᠪᠤᠷᠢ ᠲᠡᠤᠬᠡ᠎ᠶ᠋ᠢᠨ ᠠᠯᠢ ᠴᠦ᠍ ᠦᠶ᠎ᠡ᠎ᠠᠴᠠ ᠢᠯᠡᠭᠦᠦ ᠴᠢᠩᠭᠠᠷᠠᠵᠠᠢ᠂ ᠡᠭᠦᠨ᠎ᠤ ᠬᠠᠮᠲᠤ ᠡᠷᠬᠡᠪᠰᠢ ᠨᠡᠩ ᠬᠦᠴᠢᠷ ᠪᠡᠷᠬᠡᠱᠢᠶᠡᠯ᠎ᠲᠠᠢ᠂ ᠨᠡᠩ ᠱᠢᠷᠭᠠᠭᠤ ᠬᠠᠲᠠᠭᠤᠵᠢᠯᠲᠠᠢ ᠴᠢᠷᠮᠠᠢᠯᠭ᠎ᠠ ᠭᠠᠷᠭᠠᠬᠤ᠎ᠪᠠᠷ ᠪᠡᠯᠡᠳᠭᠡᠬᠦ᠌ ᠬᠡᠷᠡᠭ᠌ᠲᠡᠢ᠃
ᠱᠢᠨ᠎ᠡ ᠠᠶᠠᠨ᠎ᠳᠠᠭᠠᠨ᠂ ᠪᠢᠳᠡ ᠡᠷᠬᠡᠪᠰᠢ ᠰᠠᠨᠠᠭᠠᠱᠢᠷᠠᠬᠤ ᠤᠬᠠᠮᠰᠠᠷ᠎ᠢᠶᠠᠨ ᠴᠢᠩᠭᠠᠳᠭᠠᠵᠤ᠂ ᠢᠮᠠᠭ᠍ᠲᠠ ᠠᠮᠤᠷ ᠲᠦᠪᠱᠢᠨ ᠪᠠᠢᠬᠤ ᠦᠶ᠎ᠡ᠎ᠳᠡᠭᠡᠨ ᠠᠶᠤᠯ ᠲᠦᠭ᠌ᠰᠢᠭᠦᠷᠢ᠎ᠶ᠋ᠢ ᠦᠯᠦ᠍ ᠮᠠᠷᠳᠠᠵᠤ᠂ ᠤᠯᠤᠰ᠎ᠤᠨ ᠶᠡᠷᠦᠩᠬᠡᠢ ᠠᠮᠤᠷ ᠲᠦᠪᠱᠢᠨ᠎ᠤ ᠦᠵᠡᠯᠲᠡ᠎ᠶ᠋ᠢ ᠲᠤᠭᠤᠱᠢᠯᠠᠭᠤᠯᠵᠤ᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠢ ᠲᠥᠯᠥᠪᠵᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠪᠦᠬᠦ᠌ ᠲᠠᠯ᠎ᠠ ᠪᠠ ᠳᠡᠯᠡᠬᠡᠢ᠎ᠶ᠋ᠢᠨ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠮᠠᠨ᠎ᠤ ᠤᠯᠤᠰ᠎ᠤᠨ ᠨᠡᠢᠭᠡᠮ᠎ᠤᠨ ᠭᠤᠣᠯ ᠵᠥᠷᠢᠴᠡᠯ᠎ᠤᠨ ᠬᠤᠪᠢᠷᠠᠯᠲᠠ᠎ᠠᠴᠠ ᠪᠣᠯᠤᠭ᠍ᠰᠠᠨ ᠱᠢᠨ᠎ᠡ ᠣᠨᠴᠠᠯᠢᠭ ᠱᠢᠨ᠎ᠡ ᠱᠠᠭᠠᠷᠳᠠᠯᠭ᠎ᠠ᠎ᠶ᠋ᠢ ᠭᠦᠨᠵᠡᠭᠡᠢ ᠲᠠᠨᠢᠵᠤ᠂ ᠨᠠᠷᠢᠨ ᠪᠤᠳᠤᠯᠢᠶᠠᠨᠲᠠᠢ ᠤᠯᠠᠨ ᠤᠯᠤᠰ᠎ᠤᠨ ᠣᠷᠴᠢᠨ ᠲᠤᠭᠤᠷᠢᠨ᠎ᠠᠴᠠ ᠪᠣᠯᠤᠭ᠍ᠰᠠᠨ ᠱᠢᠨ᠎ᠡ ᠵᠥᠷᠢᠴᠡᠯ ᠱᠢᠨ᠎ᠡ ᠥᠷᠢᠰᠥᠯᠳᠦᠭᠡᠨ᠎ᠢ ᠭᠦᠨᠵᠡᠭᠡᠢ ᠲᠠᠨᠢᠵᠤ᠂ ᠵᠣᠷᠢᠭ᠍ᠲᠠᠢ᠎ᠪᠠᠷ ᠲᠡᠮᠡᠴᠡᠵᠦ᠍᠂ ᠴᠢᠳᠠᠮᠠᠭᠠᠢ᠎ᠪᠠᠷ ᠲᠡᠮᠡᠴᠡᠵᠦ᠍᠂ ᠠᠭᠤᠯᠠ ᠬᠠᠷᠭᠤᠪᠠᠯ ᠵᠠᠮ ᠨᠡᠭᠡᠭᠡᠵᠦ᠍᠂ ᠤᠰᠤ ᠲᠠᠭᠠᠷᠠᠪᠠᠯ ᠬᠥᠭᠦᠷᠭᠡ ᠲᠠᠯᠪᠢᠵᠤ᠂ ᠠᠯᠢᠪᠠ ᠠᠶᠤᠯ ᠲᠦᠭ᠌ᠰᠢᠭᠦᠷᠢ ᠥᠷᠢᠰᠥᠯᠳᠦᠭᠡᠨ᠎ᠢ ᠵᠣᠷᠢᠭ᠍ᠲᠠᠢ᠎ᠪᠠᠷ ᠢᠯᠠᠨ ᠳᠠᠪᠠᠭ᠍ᠤ ᠬᠡᠷᠡᠭ᠌ᠲᠡᠢ!
— ᠰᠢ᠎ᠶ᠋ᠢᠨ ᠫᠢᠡᠭ᠎ᠤᠨ ᠲᠤᠮᠳᠠᠳᠤ ᠤᠯᠤᠰ᠎ᠤᠨ ᠡᠪ ᠬᠠᠮᠳᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠲᠡᠭᠡᠷᠡᠬᠢ ᠶᠠᠷᠢᠶ᠎ᠠ᠎ᠠᠴᠠ
【 ᠲᠤᠰᠭᠠᠶ ᠮᠡᠷᠭᠡᠵᠢᠯᠲᠡᠨ᠎ᠤ ᠲᠠᠢᠯᠤᠮᠵᠢ 】
ᠠᠭᠤᠤ ᠶᠡᠭᠡ ᠲᠡᠮᠡᠴᠡᠯ ᠬᠢᠵᠦ᠍ ᠠᠭᠤᠤ ᠶᠡᠭᠡ ᠬᠦᠰᠡᠯ ᠵᠡᠭᠦᠳᠦ᠎ᠶ᠋ᠢ ᠲᠡᠷᠭᠡᠯᠱᠢᠭᠦᠯᠦᠶᠠ
● ᠯᠢᠦ ᠴᠢᠶᠠᠨ
ᠳᠤᠮᠳᠠᠳᠤ᠎ᠶ᠋ᠢᠨ ᠦᠨᠳᠦᠰᠦᠳᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠶᠠᠭᠠᠬᠢᠭ᠍ᠰᠠᠨ ᠴᠤ᠌ ᠲᠡᠢᠮᠦ᠍ ᠬᠢᠯᠪᠠᠷᠬᠠᠨ᠎ᠢᠶᠠᠷ᠂ ᠬᠤᠭᠤᠰᠤᠨ ᠤᠷᠢᠶ᠎ᠠ ᠬᠠᠰᠭᠢᠷᠤᠭᠠᠳ ᠯᠠ ᠪᠡᠶᠡᠯᠡᠭᠦᠯᠴᠢᠬᠡᠬᠦ᠌ ᠶᠤᠮ ᠪᠢᠰᠢ᠂ ᠠᠭᠤᠤ ᠶᠡᠭᠡ ᠬᠦᠰᠡᠯ ᠵᠡᠭᠦᠳᠦ᠎ᠶ᠋ᠢ ᠲᠡᠷᠭᠡᠯᠱᠢᠭᠦᠯᠬᠦ᠌᠎ᠳᠤ ᠡᠷᠬᠡᠪᠰᠢ ᠠᠭᠤᠤ ᠶᠡᠭᠡ ᠲᠡᠮᠡᠴᠡᠯ ᠬᠢᠬᠦ᠌ ᠬᠡᠷᠡᠭ᠌ᠲᠡᠢ᠃ ᠶᠡᠷᠦᠩᠬᠡᠢ ᠱᠦᠵᠢ ᠰᠢ᠎ᠶ᠋ᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ᠎ᠳᠠᠭᠠᠨ᠂ 《ᠥᠨᠥᠳᠦᠷ᠂ ᠪᠢᠳᠡ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠬᠠᠷᠠᠯᠲᠠ᠎ᠳᠤ ᠲᠡᠦᠬᠡ᠎ᠶ᠋ᠢᠨ ᠠᠯᠢ ᠴᠤ᠌ ᠦᠶ᠎ᠡ᠎ᠠᠴᠠ ᠢᠯᠡᠭᠦᠦ ᠣᠢᠷᠠᠳᠴᠤ᠌᠂ ᠡᠨᠡ ᠬᠦ᠌ ᠬᠠᠷᠠᠯᠳᠠ᠎ᠶ᠋ᠢ ᠪᠡᠶᠡᠯᠡᠭᠦᠯᠬᠦ᠌ ᠢᠲᠡᠭᠡᠯ ᠪᠠ ᠴᠢᠳᠠᠪᠤᠷᠢ ᠲᠡᠤᠬᠡ᠎ᠶ᠋ᠢᠨ ᠠᠯᠢ ᠴᠦ᠍ ᠦᠶ᠎ᠡ᠎ᠠᠴᠠ ᠢᠯᠡᠭᠦᠦ ᠴᠢᠩᠭᠠᠷᠠᠵᠠᠢ᠂ ᠡᠭᠦᠨ᠎ᠤ ᠬᠠᠮᠲᠤ ᠡᠷᠬᠡᠪᠰᠢ ᠨᠡᠩ ᠬᠦᠴᠢᠷ ᠪᠡᠷᠬᠡᠱᠢᠶᠡᠯ᠎ᠲᠠᠢ᠂ ᠨᠡᠩ ᠱᠢᠷᠭᠠᠭᠤ ᠬᠠᠲᠠᠭᠤᠵᠢᠯᠲᠠᠢ ᠴᠢᠷᠮᠠᠢᠯᠭ᠎ᠠ ᠭᠠᠷᠭᠠᠬᠤ᠎ᠪᠠᠷ ᠪᠡᠯᠡᠳᠭᠡᠬᠦ᠌ ᠬᠡᠷᠡᠭ᠌ᠲᠡᠢ》 ᠭᠡᠵᠦ᠍ ᠵᠢᠭᠠᠵᠤ ᠭᠠᠷᠭᠠᠪᠠ᠃ ᠲᠡᠷᠡ 《ᠲᠡᠦᠬᠡ᠎ᠪᠠᠷ ᠲᠤᠯᠢ ᠪᠣᠯᠭᠠᠵᠤ᠂ ᠢᠷᠡᠭᠡᠳᠦᠢ᠎ᠶ᠋ᠢ ᠨᠡᠭᠡᠭᠡᠬᠦ᠌᠎ᠳᠤ᠂ ᠡᠷᠬᠡᠪᠰᠢ ᠮᠠᠰᠢ ᠤᠯᠠᠨ ᠱᠢᠨ᠎ᠡ ᠲᠡᠦᠬᠡᠨ ᠣᠨᠴᠠᠯᠢᠭ᠎ᠲᠠᠢ ᠠᠭᠤᠤ ᠶᠡᠭᠡ ᠲᠡᠮᠡᠴᠡᠯ᠎ᠢ ᠬᠢᠬᠦ᠌ ᠬᠡᠷᠡᠭ᠌ᠲᠡᠢ》 ᠭᠡᠵᠦ᠍ ᠴᠢᠬᠤᠯᠠᠴᠢᠯᠠᠪᠠ᠃
ᠨᠠᠮ ᠲᠡᠮᠡᠴᠡᠯ᠎ᠳᠤ ᠲᠦᠱᠢᠭ᠌ᠯᠡᠨ ᠥᠨᠥᠳᠦᠷ᠎ᠲᠤ ᠬᠦᠷᠴᠦ᠍ ᠢᠷᠡᠭ᠌ᠰᠡᠨ ᠪᠥᠭᠡᠳ ᠪᠠᠰᠠ ᠲᠡᠮᠡᠴᠡᠯ᠎ᠳᠤ ᠲᠦᠱᠢᠭ᠌ᠯᠡᠨ ᠢᠷᠡᠭᠡᠳᠦᠢ᠎ᠪᠠᠨ ᠲᠡᠮᠡᠴᠡᠨ ᠤᠯᠬᠤ᠎ᠨᠢ ᠵᠠᠢᠯᠠᠰᠢ ᠦᠭᠡᠢ
ᠲᠡᠮᠡᠴᠡᠯ᠎ᠤᠨ ᠵᠣᠷᠢᠭ ᠰᠠᠨᠠᠭ᠎ᠠ ᠪᠣᠯ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠲᠥᠷᠥᠯᠬᠢ ᠱᠢᠯᠢᠳᠡᠭ ᠭᠧᠨ ᠪᠠ ᠲᠡᠦᠬᠡ᠎ᠶ᠋ᠢᠨ ᠤᠯᠠᠮᠵᠢᠯᠠᠯ ᠮᠥᠨ᠂ ᠵᠣᠷᠢᠭ᠍ᠲᠠᠢ᠎ᠪᠠᠷ ᠲᠡᠮᠡᠴᠡᠵᠦ᠍᠂ ᠵᠣᠷᠢᠭ᠍ᠲᠠᠢ᠎ᠪᠠᠷ ᠢᠯᠠᠯᠲᠠ ᠤᠯᠬᠤ ᠪᠣᠯ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠢᠯᠠᠭ᠍ᠳᠠᠰᠢ ᠦᠭᠡᠢ ᠬᠦᠴᠦᠷᠬᠡᠭ ᠶᠡᠭᠡ ᠵᠤᠷᠢᠭ ᠰᠠᠨᠠᠭᠠᠨ᠎ᠤ ᠬᠦᠴᠦᠨ ᠮᠥᠨ᠃ ᠨᠠᠮ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠴᠢᠰᠤᠲᠤ ᠪᠠᠢᠯᠳᠤᠭᠠᠨ ᠬᠢᠵᠦ᠍᠂ ᠨᠤᠭᠤᠷᠠᠰᠢ ᠦᠭᠡᠢ ᠲᠡᠮᠡᠴᠡᠨ᠂ ᠱᠢᠨ᠎ᠡ ᠠᠷᠠᠳᠴᠢᠯᠠᠭ᠍ᠰᠠᠨ ᠬᠤᠪᠢᠰᠭᠠᠯ᠎ᠤᠨ ᠲᠡᠮᠡᠴᠡᠯ᠎ᠤᠨ ᠠᠭᠤᠤ ᠶᠡᠭᠡ ᠢᠯᠠᠯᠲᠠ᠂ ᠨᠡᠢᠭᠡᠮ ᠵᠢᠷᠤᠮᠲᠤ ᠬᠤᠪᠢᠰᠭᠠᠯ ᠪᠠ ᠪᠦᠳᠦᠭᠡᠨ ᠪᠠᠢᠭᠤᠯᠤᠯᠲᠠ᠎ᠶ᠋ᠢᠨ ᠲᠡᠮᠡᠴᠡᠯ᠎ᠤᠨ ᠠᠭᠤᠤ ᠶᠡᠭᠡ ᠢᠯᠠᠯᠲᠠ᠂ ᠥᠭᠡᠷᠡᠴᠢᠯᠡᠯᠲᠡ ᠨᠡᠭᠡᠭᠡᠯᠲᠡ ᠪᠠ ᠨᠡᠢᠭᠡᠮ ᠵᠢᠷᠤᠮ᠎ᠤᠨ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶ᠋ᠢᠨ ᠲᠡᠮᠡᠴᠡᠯ᠎ᠤᠨ ᠠᠭᠤᠤ ᠶᠡᠭᠡ ᠢᠯᠠᠯᠲᠠ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠡᠯ᠎ᠡ ᠵᠦᠢᠯ᠎ᠤᠨ ᠲᠡᠮᠡᠴᠡᠯ᠎ᠤᠨ ᠠᠭᠤᠤ ᠶᠡᠭᠡ ᠢᠯᠠᠯᠲᠠ᠎ᠶ᠋ᠢ ᠤᠯᠪᠠ᠃
ᠣᠳᠣᠬᠠᠨ᠎ᠤ ᠳᠡᠯᠡᠬᠡᠢ ᠶᠢᠷᠲᠢᠨᠴᠦ᠍ ᠶᠠᠭ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ᠎ᠶ᠋ᠢ ᠥᠩᠭᠡᠷᠡᠭᠡᠵᠦ᠍ ᠪᠠᠢᠨ᠎ᠠ᠂ ᠮᠠᠨ᠎ᠤ ᠤᠯᠤᠰ ᠪᠠᠰᠠ ᠶᠠᠭ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠴᠠᠭ ᠦᠶ᠎ᠡ᠎ᠳᠤ ᠣᠷᠣᠱᠢᠵᠤ ᠪᠠᠢᠨ᠎ᠠ᠂ ᠡᠯ᠎ᠡ ᠵᠦᠢᠯ᠎ᠤᠨ ᠠᠶᠤᠯ ᠲᠦᠭ᠌ᠰᠢᠭᠦᠷᠢ ᠥᠷᠢᠰᠥᠯᠳᠦᠭᠡᠨ ᠳᠠᠪᠬᠤᠴᠠᠭ᠍ᠰᠠᠨ ᠪᠥᠭᠡᠳ ᠲᠥᠪᠯᠡᠷᠡᠩᠭᠦᠶ ᠢᠯᠡᠷᠡᠪᠡ᠂ ᠪᠢᠳᠡᠨ᠎ᠳᠤ ᠲᠤᠯᠭᠠᠷᠠᠵᠤ ᠪᠠᠢᠭ᠎ᠠ ᠠᠵᠤ ᠠᠬᠤᠶ᠂ ᠤᠯᠤᠰ ᠲᠦᠷᠦ᠍᠂ ᠰᠣᠶᠣᠯ᠂ ᠨᠡᠢᠭᠡᠮ᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠪᠦᠲᠦᠭᠡᠨ ᠪᠠᠢᠭᠤᠯᠤᠯᠲᠠ᠂ ᠱᠢᠶᠠᠩᠭᠠᠩ ᠣᠣᠮᠧᠨ ᠲᠠᠢᠸᠠᠨ᠎ᠤ ᠠᠵᠢᠯ᠂ ᠭᠠᠳᠠᠭᠠᠳᠤ ᠬᠠᠷᠢᠯᠴᠠᠭᠠᠨ᠎ᠤ ᠠᠵᠢᠯ᠂ ᠨᠠᠮ᠎ᠤᠨ ᠪᠠᠢᠭᠤᠯᠤᠯᠲᠠ ᠵᠡᠷᠭᠡ ᠲᠠᠯ᠎ᠠ᠎ᠶ᠋ᠢᠨ ᠴᠢᠬᠤᠯᠠ ᠶᠡᠭᠡ ᠲᠡᠮᠡᠴᠡᠯ ᠤᠯᠠᠮ᠎ᠠᠴᠠ ᠤᠯᠠᠮ ᠣᠯᠠᠱᠢᠷᠠᠵᠤ ᠪᠠᠢᠬᠤ ᠪᠦᠭᠡᠳ ᠤᠯᠠᠮ᠎ᠠᠴᠠ ᠤᠯᠠᠮ ᠪᠤᠳᠤᠯᠢᠶᠠᠨᠲᠠᠶ ᠪᠣᠯᠵᠤ ᠪᠠᠢᠨ᠎ᠠ᠂ ᠡᠪ ᠬᠠᠮᠲᠤᠴᠤᠳ ᠵᠥᠷᠢᠴᠡᠯ ᠪᠠ ᠠᠶᠤᠯ ᠲᠦᠭ᠌ᠰᠢᠭᠦᠷᠢ ᠥᠷᠢᠰᠥᠯᠳᠦᠭᠡᠨ᠎ᠢ ᠰᠦᠷᠦᠨ ᠤᠷᠤᠬ᠍ᠰᠢᠯᠠᠬᠤ ᠬᠡᠷᠡᠭ᠌ᠲᠡᠢ᠂ ᠶᠠᠮᠠᠷᠪᠠ ᠵᠢᠷᠭᠠᠯ ᠴᠡᠩᠭᠡᠯ᠎ᠢ ᠬᠥᠭᠡᠭᠡᠴᠡᠯᠳᠦᠬᠦ᠂ ᠨᠠᠵᠠᠭᠠᠢᠷᠠᠨ ᠬᠤᠢᠷᠭᠤᠱᠢᠬᠤ᠂ ᠵᠥᠷᠢᠴᠡᠯ᠎ᠠᠴᠠ ᠵᠠᠢᠯᠠᠬᠤ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠣᠯ ᠴᠥᠮ ᠪᠤᠷᠤᠭᠤ ᠶᠤᠮ᠂ ᠡᠷᠬᠡᠪᠰᠢ ᠮᠠᠰᠢ ᠣᠯᠠᠨ ᠱᠢᠨ᠎ᠡ ᠲᠡᠦᠬᠡᠨ ᠣᠨᠴᠠᠯᠢᠭ᠎ᠲᠠᠢ ᠠᠭᠤᠤ ᠶᠡᠭᠡ ᠲᠡᠮᠡᠴᠡᠯ ᠬᠢᠮᠡᠨᠵᠢᠨ ᠰᠠᠶᠢ ᠢᠷᠡᠭᠡᠳᠦᠶ᠎ᠶ᠋ᠢ ᠡᠭᠦᠳᠴᠦ᠍ ᠴᠢᠳᠠᠨ᠎ᠠ᠃
ᠲᠡᠮᠡᠴᠡᠯ᠎ᠤᠨ ᠴᠢᠭ᠌ᠯᠡᠯ᠎ᠢᠶᠠᠨ ᠲᠣᠳᠣᠷᠬᠠᠢᠯᠠᠵᠤ᠂ ᠲᠡᠮᠡᠴᠡᠭ᠌ᠳᠡᠬᠦ᠌ ᠡᠲᠡᠭᠡᠳ᠎ᠢᠶᠠᠨ ᠲᠣᠳᠣᠷᠠᠭᠤᠯᠬᠤ ᠬᠡᠷᠡᠭ᠌ᠲᠡᠢ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯᠤᠨ ᠮᠠᠨ᠎ᠤ ᠤᠯᠤᠰ᠎ᠤᠨ ᠨᠡᠢᠭᠡᠮ ᠵᠢᠷᠤᠮ᠎ᠤᠨ ᠪᠠᠢᠭᠤᠯᠤᠯ᠎ᠳᠤ ᠬᠤᠣᠷ ᠬᠥᠨᠥᠭᠡᠯ ᠤᠴᠠᠷᠠᠭᠤᠯᠬᠤ ᠡᠯ᠎ᠡ ᠵᠦᠢᠯ᠎ᠤᠨ ᠠᠶᠤᠯ ᠲᠦᠭ᠌ᠰᠢᠭᠦᠷᠢ ᠥᠷᠢᠰᠥᠯᠳᠦᠭᠡᠨ᠂ ᠮᠠᠨ᠎ᠤ ᠤᠯᠤᠰ᠎ᠤᠨ ᠡᠷᠬᠡ ᠮᠡᠳᠡᠯ᠂ ᠠᠮᠤᠷ ᠲᠦᠪᠱᠢᠨ᠂ ᠬᠥᠭ᠌ᠵᠢᠯᠲᠡ᠎ᠶ᠋ᠢᠨ ᠠᠱᠢᠭ ᠲᠤᠰᠠ᠎ᠳᠤ ᠬᠤᠣᠷ ᠬᠥᠨᠥᠭᠡᠯ ᠤᠴᠠᠷᠠᠭᠤᠯᠬᠤ ᠡᠯ᠎ᠡ ᠵᠦᠢᠯ᠎ᠤᠨ ᠠᠶᠤᠯ ᠲᠦᠭ᠌ᠰᠢᠭᠦᠷᠢ ᠥᠷᠢᠰᠥᠯᠳᠦᠭᠡᠨ᠂ ᠮᠠᠨ᠎ᠤ ᠤᠯᠤᠰ᠎ᠤᠨ ᠭᠤᠣᠯᠯᠠᠭ᠍ᠴᠢ ᠠᠱᠢᠭ ᠲᠤᠰᠠ ᠪᠣᠯᠤᠨ ᠴᠢᠬᠤᠯᠠ ᠶᠡᠭᠡ ᠵᠠᠷᠴᠢᠮ᠎ᠳᠤ ᠬᠤᠣᠷ ᠬᠥᠨᠥᠭᠡᠯ ᠤᠴᠠᠷᠠᠭᠤᠯᠬᠤ ᠡᠯ᠎ᠡ ᠵᠦᠢᠯ᠎ᠤᠨ ᠠᠶᠤᠯ ᠲᠦᠭ᠌ᠰᠢᠭᠦᠷᠢ ᠥᠷᠢᠰᠥᠯᠳᠦᠭᠡᠨ᠂ ᠮᠠᠨ᠎ᠤ ᠤᠯᠤᠰ᠎ᠤᠨ ᠠᠷᠠᠳ ᠲᠦᠮᠡᠨ᠎ᠤ ᠦᠨᠳᠦᠰᠦᠨ ᠠᠱᠢᠭ ᠲᠤᠰᠠ᠎ᠳᠤ ᠬᠤᠣᠷ ᠬᠥᠨᠥᠭᠡᠯ ᠤᠴᠠᠷᠠᠭᠤᠯᠬᠤ ᠡᠯ᠎ᠡ ᠵᠦᠢᠯ᠎ᠤᠨ ᠠᠶᠤᠯ ᠲᠦᠭ᠌ᠰᠢᠭᠦᠷᠢ ᠥᠷᠢᠰᠥᠯᠳᠦᠭᠡᠨ᠂ ᠮᠠᠨ᠎ᠤ ᠤᠯᠤᠰ᠎ᠤᠨ 《ᠬᠤᠣᠰ ᠵᠠᠭᠤᠨ ᠵᠢᠯ》 ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠤ ᠬᠤᠤᠷ ᠬᠦᠨᠦᠭᠡᠯ ᠤᠴᠠᠷᠠᠭᠤᠯᠬᠤ ᠡᠯ᠎ᠡ ᠵᠦᠢᠯ᠎ᠤᠨ ᠠᠶᠤᠯ ᠲᠦᠭ᠌ᠰᠢᠭᠦᠷᠢ ᠥᠷᠢᠰᠥᠯᠳᠦᠭᠡᠨ ᠵᠡᠷᠭᠡ᠎ᠶ᠋ᠢᠨ ᠠᠯᠢ ᠨᠢᠭᠡ᠎ᠨᠢ ᠲᠤᠯᠭᠠᠷᠠᠬ᠍ᠰᠠᠨ ᠴᠤ᠌᠂ ᠪᠢᠳᠡ ᠡᠷᠬᠡᠪᠰᠢ ᠡᠷᠡᠰ ᠲᠡᠮᠡᠴᠡᠯ ᠬᠢᠬᠦ᠌ ᠬᠡᠷᠡᠭ᠌ᠲᠡᠢ ᠪᠥᠭᠡᠳ ᠡᠷᠬᠡᠪᠰᠢ ᠲᠡᠮᠡᠴᠡᠯ᠎ᠤᠨ ᠢᠯᠠᠯᠲᠠ᠎ᠶ᠋ᠢ ᠤᠯᠬᠤ ᠬᠡᠷᠡᠭ᠌ᠲᠡᠢ᠃ ᠡᠭᠦᠨ᠎ᠠᠴᠠ ᠭᠠᠳᠠᠨ᠎ᠠ ᠪᠠᠰᠠ ᠥᠪᠡᠷ᠎ᠤᠨ ᠪᠡᠶ᠎ᠡ᠎ᠳᠡᠭᠡᠨ ᠵᠣᠷᠢᠭ᠍ᠲᠠᠢ᠎ᠪᠠᠷ ᠬᠤᠪᠢᠰᠭᠠᠯ ᠬᠢᠵᠦ᠍᠂ ᠬᠢᠳᠤᠭ᠎ᠠ᠎ᠶ᠋ᠢᠨ ᠢᠷ᠎ᠢ ᠳᠣᠲᠣᠭ᠍ᠰᠢ ᠬᠠᠨᠳᠤᠭᠤᠯᠵᠤ ᠵᠣᠷᠢᠭ᠍ᠲᠠᠢ᠎ᠪᠠᠷ ᠲᠡᠮᠡᠴᠡᠬᠦ᠌ ᠬᠡᠷᠡᠭ᠌ᠲᠡᠢ᠃ ᠪᠦᠬᠦ᠌ ᠨᠠᠮ᠎ᠢᠶᠠᠷ᠎ᠢᠶᠠᠨ ᠡᠨᠡ ᠤᠳᠠᠭᠠᠨ᠎ᠤ ᠠᠭᠤᠤ ᠶᠡᠭᠡ ᠲᠡᠮᠡᠴᠡᠯ᠎ᠤᠨ ᠤᠷᠲᠤ ᠬᠤᠭᠤᠴᠠᠭᠠᠲᠤ ᠴᠢᠨᠠᠷ᠂ ᠨᠠᠷᠢᠨ ᠪᠤᠳᠤᠯᠢᠶᠠᠨᠲᠤ ᠴᠢᠨᠠᠷ᠂ ᠪᠡᠷᠬᠡ ᠬᠠᠲᠠᠭᠤᠵᠢᠯᠲᠤ ᠴᠢᠨᠠᠷ᠎ᠢ ᠭᠦᠢᠴᠡᠳ ᠲᠠᠨᠢᠵᠤ᠂ ᠲᠡᠮᠡᠴᠡᠯ᠎ᠤᠨ ᠵᠣᠷᠢᠭ ᠰᠠᠨᠠᠭ᠎ᠠ᠎ᠶ᠋ᠢ ᠪᠠᠳᠠᠷᠠᠭᠤᠯᠤᠨ᠂ ᠲᠡᠮᠡᠴᠡᠯ᠎ᠤᠨ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠠᠭᠤᠤ ᠶᠡᠭᠡ ᠲᠡᠮᠡᠴᠡᠯ᠎ᠤᠨ ᠱᠢᠨ᠎ᠡ ᠢᠯᠠᠯᠲᠠ᠎ᠶ᠋ᠢ ᠲᠠᠰᠤᠷᠠᠯᠲᠠ ᠦᠭᠡᠢ ᠲᠡᠮᠡᠴᠡᠨ ᠣᠯᠬᠤ ᠬᠡᠷᠡᠭ᠌ᠲᠡᠢ᠃
ᠲᠡᠮᠡᠴᠡᠯ᠎ᠤᠨ ᠵᠣᠷᠢᠭ ᠰᠠᠨᠠᠭ᠎ᠠ᠎ᠶ᠋ᠢ ᠡᠭᠦᠷᠢᠳᠡ ᠬᠠᠳᠠᠭᠠᠯᠠᠵᠤ᠂ ᠲᠡᠮᠡᠴᠡᠯ᠎ᠤᠨ ᠴᠢᠳᠠᠪᠤᠷᠢ᠎ᠪᠠᠨ ᠳᠠᠪᠲᠠᠨ ᠪᠣᠯᠪᠠᠰᠤᠷᠠᠭᠤᠯᠬᠤ ᠭᠡᠷᠡᠭ᠌ᠳᠡᠢ
ᠵᠣᠷᠢᠭ᠍ᠲᠠᠶ᠎ᠪᠠᠷ ᠰᠡᠯᠡᠮ᠎ᠡ ᠭᠠᠷᠭᠠᠵᠤ᠂ ᠵᠣᠷᠢᠭ᠍ᠲᠠᠶ᠎ᠪᠠᠷ ᠲᠡᠮᠡᠴᠡᠬᠦ᠌᠎ᠳᠤ ᠡᠩ ᠲᠡᠷᠢᠭᠦᠨ᠎ᠳᠤ ᠲᠡᠮᠡᠴᠡᠯ᠎ᠤᠨ ᠵᠣᠷᠢᠭ ᠰᠠᠨᠠᠭ᠎ᠠ᠎ᠪᠠᠨ ᠡᠭᠦᠷᠢᠳᠡ ᠬᠠᠳᠠᠭᠠᠯᠠᠬᠤ ᠬᠡᠷᠡᠭ᠌ᠲᠡᠶ᠃ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠠᠬᠢᠴᠠ᠎ᠳᠤ᠂ ᠲᠡᠮᠡᠴᠡᠯ᠎ᠨᠢ ᠨᠢᠭᠡ ᠯᠡ ᠳᠤᠤᠷ᠎ᠠ ᠶᠠᠪᠤᠬ᠍ᠳᠠᠬᠤ ᠲᠡᠮᠡᠴᠡᠯ ᠪᠢᠰᠢ᠂ ᠬᠠᠷᠢᠨ ᠬᠠᠲᠠᠭᠤ ᠪᠡᠷᠬᠡ ᠤᠷᠳᠤ ᠤᠳᠠᠭᠠᠨ ᠶᠠᠪᠤᠴᠠ ᠪᠣᠯᠬᠤ ᠶᠤᠮ᠃ ᠪᠦᠬᠦ᠌ ᠨᠠᠮ᠎ᠤᠨ ᠨᠥᠬᠦᠳ ᠡᠷᠬᠡᠪᠰᠢ ᠲᠠᠷᠢᠬᠢ ᠲᠣᠯᠣᠭᠠᠢ᠎ᠪᠠᠨ ᠣᠨᠴᠠᠭᠠᠢ ᠰᠡᠷᠭᠡᠭ ᠪᠠᠢᠯᠭᠠᠵᠤ᠂ ᠲᠡᠮᠡᠴᠡᠯ᠎ᠳᠤ ᠵᠥᠪ᠎ᠢᠶᠠᠷ ᠬᠠᠨᠳᠤᠵᠤ᠂ ᠬᠦᠴᠢᠷ᠎ᠢ ᠰᠦᠷᠦᠨ ᠤᠷᠤᠭ᠍ᠰᠢᠯᠠᠵᠤ᠂ ᠡᠪ ᠬᠠᠮᠲᠤᠴᠤᠳ᠎ᠤᠨ ᠵᠣᠷᠢᠭ᠍ᠲᠠᠢ᠎ᠪᠠᠷ ᠲᠡᠮᠡᠴᠡᠬᠦ᠌ ᠵᠠᠩ ᠴᠢᠨᠠᠷ᠂ ᠴᠢᠩ ᠵᠣᠷᠢᠭ᠂ ᠴᠢᠬᠡᠴᠢ ᠵᠢᠷᠤᠮ᠂ ᠰᠥᠰᠥ᠍ ᠵᠣᠷᠢᠭ᠎ᠢᠶᠠᠨ ᠢᠮᠠᠭ᠍ᠲᠠ ᠪᠠᠷᠢᠮᠲᠠᠯᠠᠬᠤ ᠬᠡᠷᠡᠭ᠌ᠲᠡᠢ᠃
ᠲᠡᠮᠡᠴᠡᠯ᠎ᠤᠨ ᠴᠢᠳᠠᠪᠤᠷᠢ᠎ᠨᠢ ᠲᠥᠷᠥᠯᠬᠢ᠎ᠶ᠋ᠢᠨ ᠪᠢᠰᠢ ᠶᠤᠮ᠂ ᠦᠵᠡᠯ ᠰᠠᠨᠠᠭᠠᠨ᠎ᠤ ᠪᠣᠯᠪᠠᠰᠤᠷᠠᠯ᠂ ᠤᠯᠤᠰ ᠲᠦᠷᠦ᠎ᠶ᠋ᠢᠨ ᠪᠣᠯᠪᠠᠰᠤᠷᠠᠯ᠂ ᠦᠢᠯᠡᠳᠦᠯᠭᠡ᠎ᠶ᠋ᠢᠨ ᠪᠣᠯᠪᠠᠰᠤᠷᠠᠯ ᠳᠤᠮᠳᠠ ᠲᠠᠰᠤᠷᠠᠯᠲᠠ ᠦᠭᠡᠢ ᠳᠠᠪᠲᠠᠨ ᠪᠣᠯᠪᠠᠰᠤᠷᠠᠵᠤ ᠳᠡᠭᠡᠭ᠌ᠰᠢᠯᠡᠬᠦ᠌ ᠬᠡᠷᠡᠭ᠌ᠲᠡᠢ᠃ ᠤᠨᠤᠯ᠎ᠤᠨ ᠲᠠᠯ᠎ᠠ᠎ᠪᠠᠷ ᠰᠡᠷᠭᠡᠭ ᠪᠠᠢᠬᠤ᠎ᠶ᠋ᠢ ᠪᠠᠲᠤᠯᠠᠵᠤ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠠᠢᠲᠤᠷ ᠣᠢᠯᠠᠭᠠᠵᠤ ᠲᠤᠭᠤᠷᠠᠳᠠᠯ᠎ᠠ ᠮᠡᠳᠡᠵᠤ ᠪᠣᠳᠠᠲᠠᠢ ᠬᠢᠵᠦ᠍᠂ ᠮᠠᠷᠺᠰ᠎ᠤᠨ ᠦᠵᠡᠯ᠎ᠤᠨ ᠵᠣᠭ᠍ᠰᠣᠯᠲᠠ ᠦᠵᠡᠯᠲᠡ ᠠᠷᠭ᠎ᠠ᠎ᠶ᠋ᠢ ᠡᠵᠡᠮᠱᠢᠵᠦ᠍᠂ ᠵᠣᠷᠢᠭ᠍ᠲᠠᠢ ᠲᠡᠮᠡᠴᠡᠬᠦ᠂ ᠴᠢᠳᠠᠮᠠᠭᠠᠢ᠎ᠪᠠᠷ ᠲᠡᠮᠡᠴᠡᠬᠦ᠌ ᠦᠵᠡᠯ ᠰᠠᠨᠠᠭᠠᠨ᠎ᠤ ᠰᠠᠭᠤᠷᠢ᠎ᠶ᠋ᠢ ᠪᠠᠬᠢᠵᠢᠭᠦᠯᠬᠦ᠌ ᠬᠡᠷᠡᠭ᠌ᠲᠡᠢ᠃ ᠰᠠᠨᠠᠭᠠᠱᠢᠷᠠᠬᠤ ᠤᠬᠠᠮᠰᠠᠷ᠎ᠢᠶᠠᠨ ᠴᠢᠩᠭᠠᠳᠭᠠᠵᠤ᠂ ᠳᠠᠯᠳᠠ ᠠᠶᠤᠯ ᠲᠦᠭ᠌ᠰᠢᠭᠦᠷᠢ᠎ᠶ᠋ᠢ ᠱᠢᠨᠵᠢᠯᠡᠬᠦ᠌ ᠤᠬᠠᠭᠠᠨᠴᠢ᠎ᠪᠠᠷ ᠤᠷᠢᠳᠴᠢᠯᠠᠨ ᠮᠠᠭᠠᠳᠯᠠᠵᠤ᠂ ᠠᠶᠤᠯ ᠲᠦᠭ᠌ᠰᠢᠭᠦᠷᠢ ᠬᠠᠮᠢᠭ᠎ᠠ ᠪᠠᠢᠬᠤ᠂ ᠢᠯᠡᠷᠡᠬᠦ᠌ ᠬᠡᠯᠪᠡᠷᠢ᠎ᠨᠢ ᠶᠠᠭᠤ ᠪᠣᠯᠬᠤ᠂ ᠬᠥᠭ᠌ᠵᠢᠯᠲᠡ᠎ᠶ᠋ᠢᠨ ᠬᠠᠨᠳᠤᠰᠢ᠎ᠨᠢ ᠶᠠᠮᠠᠷ ᠪᠣᠯᠬᠤ᠎ᠶ᠋ᠢ ᠮᠡᠳᠡᠵᠦ᠍᠂ ᠲᠡᠮᠡᠴᠡᠬᠦ᠌ ᠶᠣᠰᠣᠲᠠᠢ᠎ᠶ᠋ᠢ᠎ᠨᠢ ᠲᠡᠮᠡᠴᠡᠬᠦ᠌ ᠬᠡᠷᠡᠭ᠌ᠲᠡᠢ᠃ ᠠᠷᠭ᠎ᠠ ᠪᠤᠳᠤᠯᠭ᠎ᠠ ᠠᠷᠭ᠎ᠠ᠎ᠶ᠋ᠢ ᠴᠢᠬᠤᠯᠠᠴᠢᠯᠠᠵᠤ᠂ ᠲᠡᠮᠡᠴᠡᠯ᠎ᠤᠨ ᠤᠷᠠᠯᠢᠭ᠎ᠢ ᠡᠷᠬᠢᠮᠯᠡᠬᠦ᠌ ᠬᠡᠷᠡᠭ᠌ᠲᠡᠢ᠃ ᠭᠤᠣᠯ ᠵᠥᠷᠢᠴᠡᠯ᠎ᠢ ᠠᠳᠭᠤᠵᠤ᠂ ᠵᠥᠷᠢᠴᠡᠯ᠎ᠤᠨ ᠭᠤᠣᠯ ᠲᠠᠯ᠎ᠠ᠎ᠶ᠋ᠢ ᠠᠳᠭᠤᠵᠤ᠂ ᠶᠣᠰᠣᠲᠠᠢ ᠠᠱᠢᠭᠲᠠᠢ ᠬᠡᠮᠵᠢᠶ᠎ᠡ᠎ᠲᠠᠢ ᠪᠠᠢᠬᠤ᠎ᠶ᠋ᠢ ᠪᠠᠷᠢᠮᠲᠠᠯᠠᠵᠤ᠂ ᠲᠡᠮᠡᠴᠡᠯ᠎ᠤᠨ ᠠᠷᠭ᠎ᠠ ᠬᠡᠯᠪᠡᠷᠢ᠎ᠶ᠋ᠢ ᠵᠣᠬᠢᠰᠲᠠᠢ ᠰᠣᠩᠭᠤᠵᠤ᠂ ᠲᠡᠮᠡᠴᠡᠯ᠎ᠤᠨ ᠬᠦᠭ ᠠᠶᠠᠰ᠎ᠢ ᠡᠵᠡᠮᠳᠡᠵᠦ᠍᠂ ᠵᠠᠷᠴᠢᠮ᠎ᠤᠨ ᠠᠰᠠᠭᠤᠳᠠᠯ ᠳᠡᠭᠡᠷ᠎ᠡ ᠥᠴᠦᠬᠡᠨ ᠴᠦ᠍ ᠨᠠᠢᠷ ᠲᠠᠯᠪᠢᠬᠤ ᠦᠭᠡᠢ᠂ ᠠᠷᠭ᠎ᠠ ᠪᠤᠳᠤᠯᠭ᠎ᠠ᠎ᠶ᠋ᠢᠨ ᠠᠰᠠᠭᠤᠳᠠᠯ ᠳᠡᠭᠡᠷ᠎ᠡ ᠠᠮᠢᠳᠤᠯᠢᠭ ᠪᠠᠢᠬᠤ ᠬᠡᠷᠡᠭ᠌ᠲᠡᠢ᠃ ᠪᠠᠢᠳᠠᠯ᠎ᠤᠨ ᠱᠠᠭᠠᠷᠳᠠᠯᠭ᠎ᠠ᠎ᠶ᠋ᠢ ᠦᠨᠳᠦᠰᠦᠯᠡᠨ᠂ ᠴᠠᠭ᠂ ᠬᠡᠮᠵᠢᠶ᠎ᠡ᠂ ᠦᠷ᠎ᠡ ᠪᠦᠲᠦᠮᠵᠢ᠎ᠶ᠋ᠢ ᠡᠵᠡᠮᠳᠡᠵᠦ᠍᠂ ᠲᠡᠮᠡᠴᠡᠯ᠎ᠤᠨ ᠠᠷᠭ᠎ᠠ ᠪᠤᠳᠤᠯᠭ᠎ᠠ᠎ᠳᠤ ᠴᠠᠭ ᠲᠤᠬᠠᠢᠳᠤᠨᠢ ᠲᠤᠬᠢᠷᠠᠭᠤᠯᠤᠯᠳᠠ ᠬᠢᠬᠦ᠌ ᠬᠡᠷᠡᠭ᠌ᠲᠡᠢ᠃ ᠪᠦᠯᠬᠦᠮᠳᠡᠵᠦ᠍ ᠪᠣᠯᠬᠤ ᠬᠦᠴᠦᠨ ᠪᠦᠬᠦᠨ᠎ᠲᠠᠢ ᠪᠦᠯᠬᠦᠮᠳᠡᠵᠦ᠍᠂ ᠢᠳᠡᠪᠬᠢ ᠬᠦᠴᠦᠨ ᠵᠦᠢᠯ ᠪᠦᠬᠦᠨ᠎ᠢ ᠲᠠᠢᠴᠢᠯᠠᠵᠤ᠂ ᠲᠡᠮᠡᠴᠡᠯ᠎ᠤᠨ ᠳᠤᠮᠳᠠ ᠪᠦᠯᠬᠦᠮᠳᠡᠯ᠎ᠢ ᠲᠡᠮᠡᠴᠡᠨ ᠣᠯᠵᠤ᠂ ᠲᠡᠮᠡᠴᠡᠯ᠎ᠤᠨ ᠳᠤᠮᠳᠠ ᠬᠠᠮᠲᠤᠷᠠᠯᠴᠠᠭ᠎ᠠ᠎ᠶ᠋ᠢ ᠡᠷᠢᠯᠬᠢᠯᠡᠵᠦ᠍᠂ ᠲᠡᠮᠡᠴᠡᠯ᠎ᠤᠨ ᠳᠤᠮᠳᠠ ᠬᠠᠮᠲᠤ᠎ᠪᠠᠷ ᠠᠱᠢᠭ ᠬᠦᠷᠳᠡᠬᠦ᠌᠎ᠶ᠋ᠢ ᠲᠡᠮᠡᠴᠡᠨ ᠤᠯᠬᠤ ᠬᠡᠷᠡᠭ᠌ᠲᠡᠢ᠃
ᠪᠦᠬᠦ᠌ ᠨᠠᠮ᠎ᠤᠨ ᠭᠡᠱᠢᠭᠦᠨ ᠺᠠᠳ᠋ᠷ ᠡᠷᠭᠡᠪᠰᠢ ᠴᠢᠬᠤᠯᠠ ᠶᠡᠭᠡ ᠲᠡᠮᠡᠴᠡᠯ᠎ᠤᠨ ᠳᠤᠮᠳᠠ ᠰᠠᠯᠬᠢ ᠪᠣᠷᠣᠭᠠᠨ᠎ᠢ ᠲᠤᠭᠤᠯᠵᠤ᠂ ᠡᠷᠴᠢ ᠵᠤᠷᠢᠭ᠎ᠢᠶᠠᠨ ᠬᠦᠪᠴᠢᠯᠠᠨ᠂ ᠵᠤᠷᠢᠬ᠍ᠳᠠᠢ ᠠᠵᠢᠯᠯᠠᠨ ᠴᠢᠳᠠᠮᠠᠭᠠᠢ ᠲᠠᠮᠠᠴᠡᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠱᠢᠨ᠎ᠡ ᠠᠶᠠᠨ᠎ᠳᠤ ᠨᠠᠮ᠎ᠳᠠᠭᠠᠨ ᠣᠰᠣᠯᠳᠠᠬᠤ ᠦᠭᠡᠢ᠂ ᠠᠷᠠᠳ ᠲᠦᠮᠡᠨ᠎ᠳᠡᠭᠡᠨ ᠣᠰᠣᠯᠳᠠᠬᠤ ᠦᠭᠡᠢ᠂ ᠴᠠᠭ ᠦᠶ᠎ᠡ᠎ᠳᠤ ᠣᠰᠣᠯᠳᠠᠬᠤ ᠦᠭᠡᠢ ᠬᠢᠷᠢ ᠲᠡᠩᠴᠡᠭ᠌ᠰᠡᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠲᠤᠱᠢᠶᠠᠬᠤ ᠬᠡᠷᠡᠭ᠌ᠲᠡᠢ᠃
(ᠵᠣᠬᠢᠶᠠᠭ᠍ᠴᠢ᠎ᠶ᠋ᠢᠨ ᠬᠠᠶᠢᠭ᠄ ᠥᠪᠥᠷ ᠮᠣᠩᠭᠤᠯ᠎ᠤᠨ ᠨᠠᠮ᠎ᠤᠨ ᠰᠤᠷᠭᠠᠭᠤᠯᠢ᠎ᠶ᠋ᠢᠨ ᠭᠦᠨ ᠤᠬᠠᠭᠠᠨ᠎ᠤ ᠵᠢᠭᠠᠨ ᠰᠤᠳᠤᠯᠬᠤ ᠬᠡᠯᠲᠡᠰ)

① ᠦᠪᠦᠷ ᠮᠤᠩᠭᠤᠯ᠎ᠤᠨ ᠬᠤᠪᠸᠢ᠎ᠶ᠋ᠢ ᠲᠤᠰᠠᠯᠠᠬᠤ ᠡᠮᠴᠢᠯᠡᠭᠡᠨ᠎ᠤ ᠪᠦᠯᠬᠦᠮ ᠢᠯᠠᠯᠲᠠ᠎ᠲᠠᠢ ᠪᠤᠴᠠᠨ ᠢᠷᠠᠯ᠎ᠠ᠃

② ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ ᠴᠡᠴᠡᠭ᠎ᠤᠨ ᠲᠤᠭᠤᠰᠤᠨ᠎ᠤ ᠦᠳᠭᠡᠴᠡ᠎ᠶ᠋ᠢ ᠬᠢᠨᠡᠨ ᠬᠡᠮᠵᠢᠵᠦ᠍ ᠪᠠᠢᠭ᠎ᠠ᠎ᠨᠢ᠃

③ ᠪᠠᠶᠠᠨᠨᠠᠭᠤᠷ ᠬᠤᠲᠠ᠎ᠶ᠋ᠢᠨ ᠳ᠋ᠸᠡᠭ᠌ᠺᠸᠦ ᠱᠢᠶᠠᠨ᠎ᠤ ᠯᠦᠩ ᠱᠧᠩ ᠾᠧ ᠪᠠᠯᠭᠠᠰᠤᠨ᠎ᠤ ᠮᠢᠨ ᠱᠢᠩ ᠲᠤᠰᠭᠤᠨ᠎ᠤ ᠠᠷᠠᠳ ᠳᠤᠯᠠᠭᠠᠨ ᠭᠦᠯᠡᠮᠵᠢ᠎ᠳᠡᠭᠡᠨ ᠠᠵᠢᠯᠯᠠᠨ᠎ᠠ᠃

④ ᠪᠤᠭᠤᠳᠤ ᠬᠤᠲᠠ᠎ᠶ᠋ᠢᠨ ᠭᠦᠶᠠᠩ ᠱᠢᠶᠠᠨ᠎ᠤ ᠬᠤᠸᠠᠢ ᠱᠦᠸᠧ ᠪᠠᠯᠭᠠᠰᠤᠨ᠎ᠤ ᠬᠤᠤ ᠺᠸᠦ ᠲᠤᠰᠭᠤᠨ᠎ᠳᠤ ᠰᠠᠭᠤᠭ᠎ᠠ ᠱᠦᠵᠢ ᠢᠦᠢ ᠱᠦ᠍ ᠵᠢᠶᠧ ᠲᠤᠰᠭᠤᠨ᠎ᠤ ᠠᠷᠠᠳ᠎ᠢ ᠳᠠᠢᠴᠢᠯᠠᠨ ᠦᠢᠯᠡᠳᠪᠦᠷᠢ ᠪᠠᠢᠭᠤᠯᠤᠨ ᠲᠠᠬᠢᠶ᠎ᠠ ᠲᠡᠵᠢᠭᠡᠨ᠎ᠠ᠃
ᠲᠤᠰ ᠰᠤᠨᠢᠨ᠎ᠤ ᠰᠤᠷᠪᠤᠯᠵᠢᠯᠠᠬ᠍ᠴᠢ ᠮᠦᠡᠭ᠌ᠭᠡᠴᠢᠯᠠᠭᠤ ᠰᠡᠭᠦᠳᠡᠷᠯᠡᠪᠡ
【 ᠠᠷᠠᠳ ᠤᠯᠠᠨ ᠤ ᠰᠡᠳᠭᠢᠯ ᠤᠨ ᠦᠬᠡ 】
ᠠᠶᠤᠯ ᠲᠦᠭ᠌ᠰᠢᠭᠦᠷᠢ᠎ᠠᠴᠠ ᠠᠶᠤᠬᠤ ᠥᠬᠡᠶ ᠬᠦᠴᠢᠷ᠎ᠢ ᠳᠤᠭᠤᠯᠤᠨ ᠪᠡᠷᠬᠡ᠎ᠶ᠋ᠢ ᠳᠠᠪᠠᠨ᠎ᠠ
● ᠲᠤᠭᠠᠴᠢᠬ᠍ᠴᠢ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ᠎ᠶ᠋ᠢᠨ ᠬᠤᠷᠢᠶᠠᠨ᠎ᠤ ᠬᠦᠨᠳᠦ ᠡᠪᠡᠳᠴᠢᠲᠡᠨ᠎ᠢ ᠬᠠᠷᠠᠭᠠᠯᠵᠠᠨ ᠬᠠᠮᠠᠭᠠᠯᠠᠬᠤ ᠲᠠᠰᠤᠭ᠎ᠤᠨ ᠰᠤᠪᠢᠯᠠᠭ᠍ᠴᠢ᠎ᠶ᠋ᠢᠨ ᠳᠠᠷᠤᠭ᠎ᠠ ᠱᠢᠤᠢ ᠱᠢᠤᠸᠠᠢ ᠯᠢᠶᠠᠨ
2020 ᠣᠨ᠎ᠳᠤ᠂ ᠬᠤᠪᠸᠢ᠎ᠶ᠋ᠢᠨ ᠵᠢᠩ ᠮᠧᠨ᠎ᠳᠤ᠂ ᠪᠢ ᠮᠠᠷᠲᠠᠬ᠍ᠳᠠᠰᠢ ᠦᠭᠡᠢ ᠨᠢᠭᠡᠨ ᠤᠳᠠᠭᠠᠨ᠎ᠤ ᠬᠢᠵᠢᠭ᠎ᠲᠠᠢ ᠲᠡᠮᠡᠴᠡᠬᠦ᠌ ᠲᠡᠮᠡᠴᠡᠯ᠎ᠢ ᠥᠩᠭᠡᠷᠡᠭᠦᠯᠪᠡ᠃ ᠲᠤᠬᠠᠢ᠎ᠶ᠋ᠢᠨ ᠦᠶ᠎ᠡ᠎ᠳᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ᠎ᠶ᠋ᠢᠨ ᠬᠤᠷᠢᠶᠠᠨ᠎ᠤ ᠡᠮᠴᠢᠯᠡᠭᠡᠨ᠎ᠤ ᠪᠦᠯᠬᠦᠮ ᠵᠢᠩᠱᠠᠨ᠂ ᠵᠦᠩᠱᠢᠶᠠᠩ ᠬᠤᠶᠠᠷ ᠭᠠᠵᠠᠷ᠎ᠲᠤ ᠬᠦᠷᠴᠦ᠍᠂ ᠭᠤᠣᠯᠳᠠᠭᠤ ᠬᠦᠨᠳᠦ ᠡᠪᠡᠳᠴᠢᠲᠡᠨ᠎ᠢ ᠠᠪᠤᠷᠠᠬᠤ ᠠᠵᠢᠯ᠎ᠢ ᠬᠠᠷᠢᠭᠤᠴᠠᠪᠠ᠃ ᠣᠯᠠᠨ᠎ᠢᠶᠠᠷ᠎ᠢᠶᠠᠨ ᠲᠤᠰᠠᠭᠠᠷᠯᠠᠬᠤ ᠬᠤᠪᠴᠠᠰᠤ ᠡᠮᠦᠰᠴᠦ᠍ ᠳᠠᠢᠯᠠᠬᠤ᠎ᠶ᠋ᠢ ᠳᠠᠬᠢᠨ ᠳᠠᠪᠲᠠᠨ ᠪᠣᠯᠪᠠᠰᠤᠷᠠᠵᠤ ᠪᠠᠢᠬ᠍ᠰᠠᠨ᠎ᠢ ᠪᠢ ᠤᠳᠤ ᠪᠤᠯᠲᠠᠯ᠎ᠠ ᠲᠤᠳᠤ ᠴᠠᠭᠡᠵᠢᠯᠡᠭ᠌ᠰᠡᠭᠡᠷ ᠪᠠᠢᠨ᠎ᠠ᠃ 53 ᠡᠳᠦᠷ ᠦᠷᠭᠦᠯᠵᠢᠯᠡᠨ ᠲᠡᠮᠡᠴᠡᠭᠡᠳ᠂ ᠡᠴᠦᠰ᠎ᠲᠡᠭᠡᠨ ᠢᠯᠠᠯᠲᠠ᠎ᠶ᠋ᠢᠨ ᠥᠷ᠎ᠤᠨ ᠲᠤᠶᠠᠭ᠎ᠠ᠎ᠶ᠋ᠢ ᠤᠭ᠍ᠲᠤᠨ ᠠᠪᠴᠢᠷᠠᠯ᠎ᠠ᠂ ᠪᠢᠳᠠ ᠠᠵᠢᠯ ᠡᠬᠦᠷᠭᠡ᠎ᠪᠠᠨ ᠲᠠᠭᠤᠰᠭᠠᠭᠠᠳ ᠰᠠᠯᠬᠤ ᠦᠶ᠎ᠡ᠎ᠳᠤ᠂ ᠦᠷᠭᠡᠨ ᠵᠠᠭᠡᠯᠢ᠎ᠶ᠋ᠢᠨ ᠬᠤᠶᠠᠷ ᠬᠠᠪᠢ᠎ᠪᠠᠷ ᠮᠦᠷᠯᠡᠨ ᠵᠤᠭ᠍ᠰᠤᠭᠠᠵᠤ ᠦᠳᠡᠨ ᠮᠤᠷᠳᠠᠭᠤᠯᠬᠤ ᠤᠯᠠᠨ ᠲᠦᠮᠡᠨ᠎ᠢ ᠬᠠᠷᠠᠭᠠᠳ ᠰᠡᠳᠭᠢᠯ᠎ᠨᠢ ᠮᠠᠰᠢ ᠳᠣᠭ᠍ᠳᠣᠯᠵᠤ᠂ ᠦᠪᠡᠷ᠎ᠤᠨ ᠡᠷᠭᠡ ᠦᠭᠡᠢ ᠨᠢᠯᠪᠤᠰᠤ ᠪᠦᠮᠪᠦᠷᠢᠬᠦᠯᠵᠤ ᠪᠠᠢᠬ᠍ᠰᠠᠨ ᠶᠤᠮ᠃
ᠶᠡᠷᠦᠩᠬᠡᠢ ᠱᠦᠵᠢ ᠰᠢ᠎ᠶ᠋ᠢᠨ ᠫᠢᠩ᠂ ᠳᠤᠮᠳᠠᠳᠤ ᠤᠯᠤᠰ᠎ᠤᠨ ᠬᠢᠵᠢᠭ᠎ᠲᠠᠢ ᠲᠡᠮᠡᠴᠡᠬᠦ᠌ ᠲᠡᠮᠡᠴᠡᠯ᠎ᠨᠢ ᠳᠤᠮᠳᠠᠳᠤ ᠤᠯᠤᠰ᠎ᠤᠨ ᠵᠣᠷᠢᠭ ᠰᠠᠨᠠᠭ᠎ᠠ᠂ ᠳᠤᠮᠳᠠᠳᠤ ᠤᠯᠤᠰ᠎ᠤᠨ ᠬᠦᠴᠦᠨ ᠴᠢᠳᠠᠯ᠂ ᠳᠤᠮᠳᠠᠳᠤ ᠤᠯᠤᠰ᠎ᠤᠨ ᠬᠠᠷᠢᠭᠤᠴᠠᠯᠭ᠎ᠠ ᠡᠭᠦᠷᠭᠡᠯᠡᠯ᠎ᠢ ᠭᠦᠢᠴᠡᠳ ᠢᠯᠡᠷᠡᠭᠦᠯᠪᠡ ᠭᠡᠵᠦ᠍ ᠶᠠᠷᠢᠵᠤ ᠦᠡᠭ᠌ᠭᠡᠷᠡᠵᠡᠢ᠃ ᠮᠢᠨᠦ᠍ ᠦᠵᠡᠬᠦ᠌᠎ᠪᠠᠷ᠂ ᠬᠢᠵᠢᠭ᠎ᠲᠠᠢ ᠲᠡᠮᠡᠴᠡᠬᠦ᠌ ᠲᠡᠮᠡᠴᠡᠯ ᠳᠤᠮᠳᠠ᠂ ᠮᠠᠨ᠎ᠤ ᠪᠦᠬᠦ᠌ ᠡᠮᠴᠢᠯᠡᠭᠡᠨ᠎ᠤ ᠠᠵᠢᠯᠲᠠᠳ 《ᠵᠣᠷᠢᠭ᠍ᠲᠠᠢ ᠲᠡᠮᠡᠴᠡᠵᠦ᠍᠂ ᠵᠣᠷᠢᠭ᠍ᠲᠠᠢ ᠢᠯᠠᠬᠤ》 ᠵᠣᠷᠢᠭ ᠰᠠᠨᠠᠭ᠎ᠠ᠎ᠶ᠋ᠢ ᠪᠠᠳᠠᠷᠠᠭᠤᠯᠪᠠ᠃ ᠤᠳᠤ ᠪᠢᠳᠡ ᠨᠢᠭᠡᠨᠲᠡ ᠥᠪᠡᠷ᠎ᠤᠨ ᠠᠵᠢᠯ᠎ᠤᠨ ᠪᠠᠢᠷᠢ᠎ᠳᠠᠭᠠᠨ ᠪᠤᠴᠠᠵᠠᠢ᠂ ᠱᠢᠨ᠎ᠡ ᠨᠢᠭᠡ ᠦᠶ᠎ᠡ᠎ᠶ᠋ᠢᠨ ᠳᠤᠮᠳᠠᠳᠤ ᠤᠯᠤᠰ᠎ᠤᠨ ᠵᠠᠯᠠᠭᠤᠴᠤᠳ ᠪᠣᠯᠤᠭ᠍ᠰᠠᠨ᠎ᠤ ᠬᠤᠪᠢ᠎ᠳᠤ᠂ ᠪᠢᠳᠡ ᠤᠷᠢᠳᠤᠬᠢ᠎ᠶ᠋ᠢ ᠵᠠᠯᠭᠠᠮᠵᠢᠯᠠᠨ ᠬᠤᠢᠱᠢᠬᠢ᠎ᠳᠤ ᠵᠠᠮ ᠨᠡᠭᠡᠭᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠤ ᠬᠦᠴᠦᠨ ᠴᠢᠳᠠᠯ᠎ᠢᠶᠠᠨ ᠡᠷᠭᠦᠨ᠎ᠡ᠃ ᠡᠨᠡ ᠤᠳᠠᠭ᠎ᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠥᠩᠭᠡᠷᠡᠭᠡᠭᠡᠳ᠂ ᠪᠢᠳᠡ ᠨᠡᠩ ᠨᠢᠭ᠍ᠲᠠᠷᠠᠨ ᠪᠦᠯᠬᠦᠮᠳᠡᠵᠦ᠍᠂ ᠠᠶᠤᠯ ᠲᠦᠭ᠌ᠰᠢᠭᠦᠷᠢ᠎ᠠᠴᠠ ᠠᠶᠤᠬᠤ ᠦᠭᠡᠢ᠂ ᠴᠢᠷᠮᠠᠢᠨ ᠲᠡᠮᠡᠴᠡᠵᠦ᠍᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠬᠥᠮᠦᠨ ᠲᠥᠷᠥᠯᠬᠢᠲᠡᠨ᠎ᠤ ᠡᠷᠡᠭᠦᠯ ᠮᠡᠨᠳᠦ᠎ᠶ᠋ᠢᠨ ᠦᠢᠯᠡᠰ᠎ᠤᠨ ᠲᠥᠯᠥᠭᠡ ᠴᠥᠬᠦᠷᠡᠰᠢ ᠦᠭᠡᠢ ᠲᠡᠮᠡᠴᠡᠨ᠎ᠡ᠃
(ᠲᠤᠰ ᠰᠣᠨᠢᠨ᠎ᠤ ᠰᠤᠷᠪᠤᠯᠵᠢᠯᠠᠭ᠍ᠴᠢ ᠯᠢ ᠴᠢᠶᠠᠨ)
ᠣᠯᠠᠨ ᠲᠦᠮᠡᠨ᠎ᠢ ᠳᠠᠭᠠᠭᠤᠯᠤᠨ ᠡᠷᠡᠮᠡᠬᠡᠢᠯᠡᠨ ᠤᠷᠤᠭ᠍ᠰᠢᠯᠠᠨ᠎ᠠ
● ᠲᠤᠭᠠᠴᠢᠬ᠍ᠴᠢ᠄ ᠬᠢᠩᠭᠠᠨ ᠠᠢᠮᠠᠭ᠎ᠤᠨ ᠲᠦᠴᠢᠦᠸᠠᠨ ᠱᠢᠶᠠᠨ᠎ᠤ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠲᠣᠪᠴᠢᠶᠠᠨ᠎ᠤ ᠳᠡᠳ᠋ ᠳᠠᠷᠤᠭ᠎ᠠ ᠠᠨ ᠶᠦᠩ ᠫᠧᠩ
2016 ᠣᠨ᠎ᠤ 12 ᠰᠠᠷ᠎ᠠ᠎ᠶ᠋ᠢᠨ 7 ᠤ ᠡᠳᠦᠷ ᠪᠣᠯ ᠮᠢᠨᠦ᠍ ᠱᠧᠩ ᠴᠢᠤᠸᠠᠨ ᠲᠣᠰᠭᠤᠨ᠎ᠳᠤ ᠨᠢᠭᠡᠳᠦᠭᠡᠷ ᠱᠦᠵᠢ᠎ᠪᠠᠷ ᠲᠤᠱᠢᠶᠠᠯ ᠡᠬᠦᠷᠭᠡᠯᠡᠵᠤ ᠢᠷᠡᠭ᠌ᠰᠡᠨ ᠠᠩᠬᠠᠨ᠎ᠤ ᠡᠳᠦᠷ ᠪᠣᠯᠬᠤ ᠶᠤᠮ᠃ ᠲᠡᠷᠡ ᠦᠶ᠎ᠡ᠎ᠳᠤ ᠪᠢ ᠡᠷᠴᠢ ᠵᠣᠷᠢᠭ ᠲᠡᠭᠦᠯᠳᠡᠷ ᠪᠠᠢᠵᠤ᠂ ᠶᠠᠳᠠᠭᠤ ᠬᠦᠴᠢᠷᠳᠡᠯᠲᠡᠢ ᠡᠷᠦᠬᠡ᠎ᠶ᠋ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠬᠤ᠎ᠪᠠᠷ ᠵᠣᠷᠢᠭ ᠱᠢᠭᠤᠳᠴᠠᠢ᠃ ᠨᠢᠭᠡᠳᠦᠭᠡᠷ ᠱᠦᠵᠢ᠎ᠶ᠋ᠢᠨ ᠲᠤᠱᠢᠶᠠᠯ᠎ᠳᠤ ᠪᠠᠢᠬᠤ ᠬᠤᠭᠤᠴᠠᠭᠠᠨ᠎ᠳᠤ ᠪᠢ ᠵᠣᠬᠢᠶᠠᠨ ᠪᠠᠢᠭᠤᠯᠤᠯᠲᠠ᠎ᠶ᠋ᠢᠨ ᠲᠣᠬᠢᠷᠠᠭᠤᠯᠤᠯᠲᠠ᠎ᠶ᠋ᠢ ᠡᠷᠡᠰ ᠳᠠᠭᠠᠵᠤ᠂ ᠨᠥᠬᠦᠴᠡᠯ ᠮᠠᠭᠤ ᠲᠣᠰᠭᠤᠨ᠎ᠳᠤ ᠣᠴᠢᠵᠤ ᠲᠤᠱᠢᠶᠠᠯ ᠬᠠᠷᠢᠭᠤᠴᠠᠨ᠂ ᠦᠨᠳᠦᠰᠦᠨ ᠱᠠᠲᠤᠨ᠎ᠳᠤ ᠦᠨᠡᠨ ᠬᠦ᠌ ᠭᠦᠨᠵᠡᠭᠡᠢᠷᠡᠪᠡ; ᠠᠷᠠᠳ ᠤᠯᠠᠨ᠎ᠲᠠᠢ ᠰᠡᠳᠭᠢᠯ᠎ᠤᠨ ᠦᠭᠡ᠎ᠪᠠᠨ ᠶᠠᠷᠢᠯᠴᠡᠨ᠂ ᠪᠣᠳᠠᠲᠤ ᠪᠠᠢᠳᠠᠯ᠎ᠢ ᠣᠢᠯᠠᠭᠠᠵᠤ᠂ ᠡᠷᠦᠬᠡ᠎ᠳᠤ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠤᠨᠢᠨ ᠳᠡᠭᠡᠷ᠎ᠠ᠎ᠨᠢ ᠬᠠᠪᠰᠤᠷᠤᠨ ᠲᠡᠳᠬᠦᠪᠠ; ᠡᠯ᠎ᠡ ᠱᠠᠲᠤᠨ᠎ᠤ ᠬᠠᠮᠢᠶ᠎ᠠ ᠪᠦᠬᠦᠢ ᠨᠢᠭᠡᠴᠢ᠎ᠪᠠᠷ ᠬᠦᠷᠴᠦ᠍᠂ ᠶᠠᠳᠠᠭᠤ ᠬᠦᠴᠢᠷᠳᠡᠯᠲᠡᠶ ᠲᠣᠰᠭᠤᠨ᠎ᠢ ᠬᠦᠭ᠌ᠵᠢᠬᠦᠯᠬᠦ᠌ ᠲᠥᠷᠥᠯ ᠵᠦᠢᠯ ᠲᠠᠮᠠᠴᠡᠨ ᠤᠯᠬᠤ᠎ᠪᠠᠷ ᠴᠢᠷᠮᠠᠢᠪᠠ᠃
2020 ᠣᠨ᠎ᠤ 3 ᠰᠠᠷ᠎ᠠ᠎ᠶ᠋ᠢᠨ 5 ᠤ ᠡᠳᠦᠷ᠂ ᠲᠦᠴᠢᠦᠸᠠᠨ ᠱᠢᠶᠠᠨ ᠶᠠᠳᠠᠭᠤ ᠬᠦᠴᠢᠷᠳᠡᠯᠲᠡᠶ ᠬᠤᠱᠢᠭᠤ ᠱᠢᠶᠠᠨ᠎ᠤ ᠡᠩᠨᠡᠭᠡ᠎ᠠᠴᠠ ᠭᠠᠷᠪᠠ᠃ ᠲᠤᠬᠠᠢ᠎ᠶ᠋ᠢᠨ ᠦᠶ᠎ᠠ᠎ᠳᠤ ᠮᠢᠨᠤ ᠰᠡᠳᠭᠢᠯ ᠮᠠᠰᠢ ᠳᠣᠭ᠍ᠳᠣᠯᠵᠤ ᠪᠠᠢᠬ᠍ᠰᠠᠨ᠂ ᠴᠢᠷᠮᠠᠢᠯᠭ᠎ᠠ ᠲᠠᠯᠠᠭᠠᠷᠳᠠᠭ᠍ᠰᠠᠨ ᠦᠭᠡᠢ᠎ᠳᠡᠭᠡᠨ ᠮᠠᠰᠢ ᠤᠮᠤᠭ᠍ᠰᠢᠵᠤ ᠪᠠᠶᠠᠷᠯᠠᠭ᠍ᠰᠠᠨ ᠱᠢᠤ᠃ ᠭᠡᠪᠡᠴᠦ᠍ ᠶᠠᠳᠠᠭᠤ ᠬᠦᠴᠢᠷᠳᠡᠯᠳᠠᠢ ᠬᠥᠮᠦᠨ ᠠᠮᠠ ᠰᠠᠶᠢᠬᠠᠨ ᠶᠠᠳᠠᠭᠤ᠎ᠠᠴᠠ ᠠᠩᠭᠢᠵᠢᠷᠠᠭ᠍ᠰᠠᠨ ᠪᠣᠯᠬᠤᠷ᠂ ᠲᠠᠷᠠᠭᠠᠴᠢ᠎ᠶ᠋ᠢᠨ ᠠᠯᠬᠤᠮ᠎ᠳᠤ ᠪᠢ ᠲᠡᠳᠡᠨ᠎ᠢ ᠦᠷᠭᠦᠯᠵᠢᠯᠡᠨ ᠠᠩᠬᠠᠷᠴᠤ᠌᠂ ᠲᠡᠳᠡᠨ᠎ᠢ ᠲᠠᠨᠢᠬᠦᠨ ᠲᠠᠪᠠᠳᠠᠢ ᠠᠮᠢᠳᠤᠷᠠᠯ ᠡᠳ᠋ᠯᠡᠬᠦᠯᠬᠦ᠌᠎ᠶ᠋ᠢ ᠦᠷᠬᠦᠯᠵᠢᠯᠡᠨ ᠪᠠᠲᠤᠯᠠᠬᠤ ᠶᠤᠮ᠃
ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠣᠯᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠱᠢᠢᠳᠪᠦᠷᠢᠲᠦ ᠢᠯᠠᠯᠲᠠ᠎ᠶ᠋ᠢ ᠤᠯᠬᠤ ᠪᠣᠯ ᠨᠠᠮ᠎ᠤᠨ ᠲᠥᠪ ᠬᠤᠷᠢᠶ᠎ᠠ᠂ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠴᠢᠬᠤᠯᠠ ᠶᠡᠭᠡ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ ᠪᠣᠯᠤᠨ᠎ᠠ᠃ ᠠᠵᠠ᠎ᠪᠠᠷ ᠪᠢ ᠡᠨᠡ ᠬᠦ᠌ ᠲᠠᠢᠯᠠᠯᠳᠤᠭᠠᠨ᠎ᠤ ᠣᠷᠣᠯᠴᠠᠵᠤ᠂ ᠤᠯᠠᠨ ᠲᠦᠮᠡᠨ᠎ᠢ ᠳᠠᠭᠠᠭᠤᠯᠤᠨ ᠶᠠᠳᠠᠭᠤ᠎ᠠᠴᠠ ᠠᠩᠭᠢᠵᠢᠷᠠᠭᠤᠯᠤᠨ ᠴᠢᠨᠡᠭᠡᠯᠢᠭ᠌ᠵᠢᠭᠦᠯᠬᠦ᠌ ᠪᠣᠯ ᠨᠢᠭᠡᠨ ᠣᠮᠣᠭ᠍ᠰᠢᠯ᠎ᠲᠠᠢ ᠶᠠᠪᠤᠳᠠᠯ ᠠᠵᠢ᠃ ᠪᠢ ᠢᠮᠠᠬ᠍ᠳᠠ ᠯᠠᠪᠳᠠᠭᠤᠨ ᠪᠠᠲᠤᠲᠠᠶ ᠠᠵᠢᠯᠯᠠᠬᠤ ᠤᠪᠤᠷ ᠡᠪᠤᠷᠳᠤᠯᠠᠨ ᠴᠤᠴᠠᠯᠲᠠ ᠥᠬᠡᠶ ᠤᠷᠤᠭ᠍ᠰᠢᠯᠠᠬᠤ ᠲᠡᠮᠡᠴᠡᠯ᠎ᠤᠨ ᠵᠤᠷᠢᠭ ᠰᠠᠨᠠᠭ᠎ᠠ᠎ᠪᠠᠨ ᠨᠠᠩ ᠬᠦᠪᠴᠢᠯᠡᠵᠤ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ ᠵᠠᠮ᠎ᠢᠶᠠᠷ ᠡᠷᠡᠮᠡᠬᠡᠢᠯᠡᠨ ᠤᠷᠤᠭ᠍ᠰᠢᠯᠠᠨ᠎ᠠ᠃
(ᠲᠤᠰ ᠰᠣᠨᠢᠨ᠎ᠤ ᠰᠤᠷᠪᠤᠯᠵᠢᠯᠠᠭ᠍ᠴᠢ ᠯᠢ ᠴᠢᠶᠠᠨ)
ᠦᠷᠭᠦᠯᠵᠢᠯᠡᠨ ᠬᠦᠴᠦᠯᠡᠵᠦ᠍ ᠴᠤᠴᠠᠯᠲᠠ ᠦᠭᠡᠢ ᠲᠡᠮᠡᠴᠡᠨ᠎ᠠ
● ᠲᠤᠭᠠᠴᠢᠬ᠍ᠴᠢ᠄ ᠦᠬᠠᠶ ᠬᠤᠳᠠ᠎ᠶ᠋ᠢᠨ ᠠᠮᠢ ᠠᠬᠤᠶ ᠣᠷᠴᠢᠨ ᠲᠣᠭᠤᠷᠢᠨ᠎ᠤ ᠲᠣᠪᠴᠢᠶ᠎ᠠ᠎ᠶ᠋ᠢᠨ ᠬᠦᠨᠳᠦ ᠪᠣᠬᠢᠷᠲᠤᠯ᠎ᠲᠠᠢ ᠴᠠᠭ ᠠᠭᠤᠷ᠎ᠢ ᠤᠷᠢᠳᠴᠢᠯᠠᠨ ᠰᠡᠷᠡᠮᠵᠢᠯᠡᠭᠦᠯᠬᠦ᠌ ᠲᠥᠪ᠎ᠤᠨ ᠬᠠᠷᠢᠭᠤᠴᠠᠯᠭᠠᠲᠠᠨ ᠵᠣᠣ ᠱᠢᠶᠤᠤ ᠺᠦᠨ
ᠪᠣᠬᠢᠷᠲᠤᠯ᠎ᠢ ᠰᠡᠷᠭᠡᠢᠯᠡᠨ ᠵᠠᠰᠠᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠢ ᠭᠦᠨᠵᠡᠭᠡᠢ ᠰᠠᠢᠲᠤᠷ ᠬᠢᠵᠦ᠍᠂ ᠣᠷᠴᠢᠨ ᠲᠣᠭᠤᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠬᠤ ᠪᠣᠯ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠢ ᠪᠦᠳᠦᠭᠡᠨ ᠪᠠᠢᠭᠤᠯᠬᠤ᠎ᠶ᠋ᠢᠨ ᠴᠢᠬᠤᠯᠠ ᠡᠭᠦᠷᠭᠡ ᠪᠣᠯᠬᠤ ᠪᠥᠭᠡᠳ ᠠᠷᠠᠳ ᠲᠦᠮᠡᠨ᠎ᠤ ᠰᠠᠢᠨ ᠰᠠᠢᠬᠠᠨ ᠠᠮᠢᠳᠤᠷᠠᠯ᠎ᠤᠨ ᠲᠤᠬᠠᠢ ᠱᠢᠨ᠎ᠡ ᠬᠦᠰᠡᠯ ᠡᠷᠡᠮᠡᠯᠵᠡᠯ᠎ᠢ ᠲᠠᠰᠤᠷᠠᠯᠳᠠ ᠦᠭᠡᠢ ᠬᠠᠩᠭᠠᠬᠤ᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠪᠣᠯᠤᠨ᠎ᠠ᠃
ᠪᠢ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠢ ᠰᠠᠢᠲᠤᠷ ᠬᠢᠬᠦ᠌ ᠡᠮᠦᠨ᠎ᠡ ᠹᠷᠣᠨᠲ᠎ᠲᠤ ᠲᠡᠮᠡᠴᠡᠭ᠌ᠰᠡᠭᠡᠷ ᠢᠷᠡᠵᠡᠢ᠃ ᠪᠣᠬᠢᠷᠲᠤᠯ᠎ᠳᠤ ᠴᠠᠭ ᠠᠭᠤᠷ᠎ᠤᠨ ᠪᠠᠴᠢᠮ ᠪᠠᠢᠳᠠᠯ᠎ᠢ ᠠᠷᠭᠠᠴᠠᠭᠠᠬᠤ ᠠᠵᠢᠯᠯᠠᠭ᠎ᠠ᠎ᠶ᠋ᠢᠨ ᠡᠮᠦᠨ᠎ᠡ᠂ ᠪᠢ ᠬᠠᠮᠲᠤ ᠠᠵᠢᠯᠯᠠᠭ᠍ᠰᠠᠳ᠎ᠲᠠᠢ᠎ᠪᠠᠨ ᠶᠡᠷᠦ᠎ᠨᠢ ᠡᠮᠤᠨ᠎ᠠ ᠹᠷᠣᠨᠲ᠎ᠲᠤ ᠭᠠᠪᠱᠢᠭᠠᠢᠯᠠᠵᠤ ᠢᠷᠠᠵᠠᠢ᠃ ᠠᠮᠢ ᠠᠬᠤᠢ ᠣᠷᠴᠢᠨ ᠲᠣᠭᠤᠷᠢᠨ᠎ᠤ ᠠᠵᠢᠯ᠎ᠢ ᠬᠤᠪᠢᠳᠠᠨ ᠬᠢᠵᠤ ᠪᠠᠢᠭ᠎ᠠ ᠺᠠᠳ᠋ᠷᠴᠤᠳ ᠡᠷᠭᠡᠪᠰᠢ ᠡᠮᠦᠨ᠎ᠡ᠎ᠨᠢ ᠬᠤᠱᠢᠭᠤᠷᠠᠵᠤ᠂ ᠦᠯᠢᠭᠡᠷ ᠳᠠᠭᠤᠷᠢᠶᠠᠯ ᠪᠤᠯᠵᠤ᠂ ᠬᠦᠴᠢᠷ ᠵᠣᠪᠠᠭᠤᠷᠢ᠎ᠶ᠋ᠢ ᠲᠡᠰᠪᠦᠷᠢᠯᠡᠵᠦ᠍ ᠴᠢᠳᠠᠬᠤ᠂ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ᠎ᠶ᠋ᠢ ᠭᠦᠢᠴᠡᠳ ᠪᠠᠳᠠᠷᠠᠭᠤᠯᠵᠤ᠂ ᠬᠦᠨᠳᠦ ᠡᠭᠦᠷᠭᠡ᠎ᠶ᠋ᠢ ᠵᠣᠷᠢᠭ᠍ᠲᠠᠢ ᠡᠭᠦᠷᠭᠡᠯᠡᠵᠦ᠍᠂ ᠵᠣᠷᠢᠭ᠍ᠲᠠᠢ᠎ᠪᠠᠷ ᠬᠠᠲᠠᠭᠤ ᠳᠠᠢᠯᠠᠯᠳᠤᠭᠠᠨ ᠬᠢᠵᠦ᠍᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠡᠷᠡᠰ ᠲᠡᠮᠡᠴᠡᠨ ᠤᠯᠬᠤ ᠬᠡᠷᠡᠭ᠌ᠲᠡᠢ᠃
《ᠠᠷᠪᠠᠨ ᠭᠤᠷᠪᠠᠳᠤᠭᠠᠷ ᠲᠠᠪᠤᠨ ᠵᠢᠯ》 ᠤᠨ ᠲᠦᠯᠦᠪᠵᠢᠭᠦᠯᠭᠡ᠎ᠶ᠋ᠢᠨ ᠬᠤᠭᠤᠴᠠᠭᠠᠨ᠎ᠳᠤ᠂ ᠮᠠᠨ᠎ᠤ ᠤᠯᠤᠰ᠎ᠤᠨ ᠠᠮᠢ ᠠᠬᠤᠢ ᠣᠷᠴᠢᠨ ᠲᠣᠭᠤᠷᠢᠨ᠎ᠤ ᠶᠠᠰᠤ ᠴᠢᠨᠠᠷ ᠶᠡᠷᠦᠩᠬᠡᠢ᠎ᠳᠡᠭᠡᠨ ᠰᠠᠢᠵᠢᠷᠠᠵᠤ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠱᠠᠳᠤᠴᠢ ᠴᠢᠨᠠᠷᠲᠠᠢ ᠬᠠᠷᠠᠯᠲᠠ ᠡᠭᠦᠷᠭᠡ ᠲᠡᠭᠦᠰ ᠠᠮᠵᠢᠯᠲᠠ᠎ᠲᠠᠢ ᠪᠡᠶᠡᠯᠡᠭ᠌ᠳᠡᠪᠡ᠃ ᠶᠡᠷᠦᠩᠬᠡᠢ ᠱᠦᠵᠢ ᠰᠢ᠎ᠶ᠋ᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠳᠠᠭᠠᠨ᠂ 《ᠡᠷᠬᠡᠪᠰᠢ ᠮᠠᠰᠢ ᠤᠯᠠᠨ ᠱᠢᠨ᠎ᠡ ᠲᠡᠦᠬᠡ᠎ᠶ᠋ᠢᠨ ᠣᠨᠴᠠᠯᠢᠭ᠎ᠲᠠᠢ ᠠᠭᠤᠤ ᠶᠡᠭᠡ ᠲᠡᠮᠡᠴᠡᠯ᠎ᠢ ᠬᠢᠬᠦ᠌ ᠬᠡᠷᠡᠭ᠌ᠲᠡᠢ》 ᠭᠡᠵᠦ᠍ ᠳᠤᠷᠠᠳᠴᠠᠢ᠃ ᠮᠢᠨᠦ᠍ ᠦᠵᠡᠬᠦ᠌᠎ᠪᠠᠷ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠢ ᠭᠦᠨᠵᠡᠭᠡᠢ ᠰᠠᠢᠲᠤᠷ ᠬᠢᠬᠦ᠌᠎ᠨᠢ ᠮᠥᠨ ᠴᠦ᠍ ᠨᠢᠭᠡ ᠤᠳᠠᠭ᠎ᠠ᠎ᠶ᠋ᠢᠨ ᠠᠭᠤᠤ ᠶᠡᠭᠡ ᠲᠡᠮᠡᠴᠡᠯ ᠪᠣᠯᠬᠤ ᠪᠥᠭᠡᠳ ᠨᠢᠭᠡ ᠤᠳᠠᠭ᠎ᠠ᠎ᠶ᠋ᠢᠨ ᠶᠡᠭᠡ ᠳᠠᠢᠯᠠᠯᠳᠤᠭᠠᠨ᠂ ᠬᠠᠲᠠᠭᠤ ᠳᠠᠢᠯᠠᠯᠳᠤᠭᠠᠨ ᠪᠣᠯᠤᠨ᠎ᠠ᠂ ᠡᠷᠬᠡᠪᠰᠢ ᠦᠷᠭᠦᠯᠵᠢᠯᠡᠨ ᠬᠦᠴᠦᠯᠡᠵᠦ᠍᠂ ᠴᠤᠴᠠᠯᠲᠠ ᠦᠭᠡᠢ ᠲᠡᠮᠡᠴᠡᠬᠦ᠌ ᠴᠢᠬᠤᠯᠠᠳᠠᠢ᠃ ᠪᠢ ᠪᠤᠬᠢᠷᠳᠦᠯ᠎ᠢ ᠰᠡᠷᠭᠡᠢᠯᠡᠨ ᠵᠠᠰᠠᠬᠤ ᠪᠤᠭᠤᠮᠳᠠ ᠱᠢᠪᠳᠤᠯᠬᠤ ᠳᠠᠢᠯᠠᠯᠳᠤᠭᠠᠨ᠎ᠤ ᠡᠮᠦᠨ᠎ᠠ ᠹᠷᠤᠨᠲ᠎ᠲᠤ ᠦᠷᠭᠦᠯᠵᠢᠯᠡᠨ ᠲᠡᠮᠡᠴᠡᠵᠦ᠍ ᠦᠵᠡᠰᠭᠦᠯᠡᠩᠳᠦ ᠰᠠᠢᠬᠠᠨ ᠭᠡᠷ ᠤᠷᠤᠨ᠎ᠢ ᠴᠢᠷᠮᠠᠢᠠ ᠴᠤᠭ᠍ᠴᠠᠯᠠᠨ᠎ᠠ᠃
(ᠲᠤᠰ ᠰᠣᠨᠢᠨ᠎ᠤ ᠰᠤᠷᠪᠤᠯᠵᠢᠯᠠᠭ᠍ᠴᠢ ᠯᠢ ᠴᠢᠶᠠᠨ)