ᠭᠦ᠋ ᠲᠢᠶᠠᠨ᠎ᠤ ᠬᠤᠷᠠᠯ᠎ᠳᠤ ᠰᠠᠭᠤᠷᠢᠯᠠᠭ᠍ᠰᠠᠨ ᠮᠠᠨ᠎ᠤ ᠴᠡᠷᠢᠭ᠎ᠤᠨ ᠤᠯᠤᠰ ᠲᠦᠷᠦ᠎ᠶ᠋ᠢᠨ ᠠᠵᠢᠯ᠎ᠨᠢ ᠮᠠᠨ᠎ᠤ ᠴᠡᠷᠢᠭ᠎ᠤᠨ ᠣᠷᠣᠱᠢᠨ ᠲᠣᠭ᠍ᠲᠠᠨᠢᠵᠤ ᠬᠥᠭ᠌ᠵᠢᠬᠦ᠌᠎ᠳᠤ ᠱᠢᠢᠳᠪᠦᠷᠢᠯᠡᠬᠦ᠌ ᠴᠢᠨᠠᠷᠲᠠᠢ ᠦᠢᠯᠡᠳᠦᠯ ᠦᠵᠡᠭᠦᠯᠪᠡ
2021-08-09 11:08:49
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

(2014 ᠣᠨ᠎ᠤ 10 ᠰᠠᠷ᠎ᠠ᠎ᠶ᠋ᠢᠨ 31 ᠎ᠤ ᠡᠳᠦᠷ)


ᠬᠥ᠋ ᠲᠢᠶᠠᠨ ᠪᠣᠯ ᠮᠠᠨ᠎ᠤ ᠨᠠᠮ᠎ᠤᠨ ᠦᠵᠡᠯ ᠰᠠᠨᠠᠭ᠎ᠠ᠎ᠪᠠᠷ ᠨᠠᠮ ᠪᠠᠢᠭᠤᠯᠬᠤ᠂ ᠤᠯᠤᠰ ᠲᠥᠷᠥ᠎ᠪᠠᠷ ᠴᠡᠷᠢᠭ ᠪᠠᠢᠭᠤᠯᠬᠤ ᠵᠠᠷᠴᠢᠮ᠎ᠢ ᠲᠣᠭ᠍ᠲᠠᠭᠠᠭ᠍ᠰᠠᠨ ᠭᠠᠵᠠᠷ᠂ ᠮᠠᠨ᠎ᠤ ᠴᠡᠷᠢᠭ᠎ᠤᠨ ᠤᠯᠤᠰ ᠲᠥᠷᠥ᠎ᠶ᠋ᠢᠨ ᠠᠵᠢᠯ᠎ᠤᠨ ᠰᠠᠭᠤᠷᠢ᠎ᠶ᠋ᠢ ᠲᠠᠯᠪᠢᠭ᠍ᠰᠠᠨ ᠭᠠᠵᠠᠷ᠂ ᠮᠦᠨ ᠴᠦ᠍ ᠱᠢᠨ᠎ᠡ ᠮᠠᠶᠢᠭ᠎ᠤᠨ ᠠᠷᠠᠳ᠎ᠤᠨ ᠴᠡᠷᠢᠭ ᠠᠩᠭᠢ᠎ᠶ᠋ᠢᠨ ᠲᠦᠯᠦᠪᠱᠢᠷᠡᠭ᠌ᠰᠡᠨ ᠭᠠᠵᠠᠷ ᠪᠤᠯᠤᠨ᠎ᠠ᠃ ᠠᠳᠡ ᠢᠷᠡᠵᠦ᠍ ᠬᠤᠷᠠᠯ ᠬᠢᠬᠦ᠌᠎ᠨᠢ ᠪᠡᠯᠭᠡ ᠲᠡᠮᠳᠡᠭ᠎ᠤᠨ ᠴᠢᠨᠠᠷᠲᠠᠶ ᠤᠳᠭ᠎ᠠ ᠠᠭᠤᠯᠭ᠎ᠠ᠎ᠲᠠᠢ ᠶᠤᠮ᠃ ᠬᠥ᠋ ᠲᠢᠶᠠᠨ ᠭᠡᠳᠡᠭ ᠭᠠᠵᠠᠷ᠎ᠢ ᠪᠢ ᠰᠠᠢᠨ ᠮᠡᠳᠡᠨ᠎ᠡ᠂ ᠠᠳᠡ ᠣᠯᠠᠨ ᠤᠳᠠᠭ᠎ᠠ ᠢᠷᠡᠵᠦ᠍ ᠥᠩᠭᠡᠷᠡᠵᠡᠶ᠃ ᠮᠠᠨ᠎ᠤ ᠴᠡᠷᠢᠭ᠎ᠤᠨ ᠤᠯᠤᠰ ᠲᠦᠷᠦ᠎ᠶ᠋ᠢᠨ ᠠᠵᠢᠯ ᠶᠡᠭᠡ ᠬᠤᠪᠢᠰᠭᠠᠯ᠎ᠤᠨ ᠦᠶ᠎ᠡ᠎ᠳᠤ ᠰᠣᠶᠣᠭᠠᠯᠠᠵᠤ᠂ ᠴᠡᠷᠢᠭ ᠪᠠᠢᠭᠤᠯᠤᠭ᠍ᠳᠠᠭ᠍ᠰᠠᠨ ᠡᠬᠢᠨ᠎ᠤ ᠦᠶ᠎ᠡ᠎ᠳᠤ ᠴᠤᠭ᠍ᠴᠠᠯᠠᠭ᠍ᠳᠠᠵᠤ᠂ ᠬᠥ᠋ ᠲᠢᠶᠠᠨ᠎ᠤ ᠬᠤᠷᠠᠯ᠎ᠳᠤ ᠰᠠᠭᠤᠷᠢᠯᠠᠨ ᠤᠷᠳᠤ ᠬᠤᠭᠤᠴᠠᠭᠠᠨ᠎ᠤ ᠬᠤᠪᠢᠰᠭᠠᠯ᠂ ᠪᠦᠳᠦᠭᠡᠨ ᠪᠠᠢᠭᠤᠯᠤᠯᠲᠠ᠂ ᠥᠭᠡᠷᠡᠴᠢᠯᠡᠯᠲᠡ᠎ᠶ᠋ᠢᠨ ᠦᠢᠯᠡᠳᠦᠯᠭᠡ᠎ᠶ᠋ᠢᠨ ᠳᠤᠮᠳᠠ ᠲᠠᠰᠤᠷᠠᠯᠳᠠ ᠦᠭᠡᠢ ᠪᠠᠶᠠᠯᠢᠭ᠍ᠵᠢᠨ ᠬᠥᠭ᠌ᠵᠢᠪᠡ᠃ ᠦᠳᠡ᠎ᠶ᠋ᠢᠨ ᠡᠮᠦᠨ᠎ᠡ᠂ ᠬᠥ᠋ ᠲᠢᠶᠠᠨ᠎ᠤ ᠬᠤᠷᠠᠯ᠎ᠤᠨ ᠬᠠᠭᠤᠴᠢᠨ ᠪᠠᠭᠤᠷᠢ ᠪᠣᠯᠤᠨ ᠳᠤᠷᠠᠰᠭᠠᠯ᠎ᠤᠨ ᠣᠷᠳᠣᠨ᠎ᠤ ᠲᠤᠬᠠᠢ᠎ᠶ᠋ᠢᠨ ᠲᠠᠯᠠᠪᠠᠢ᠎ᠳᠤ ᠪᠠᠢᠬᠤ᠎ᠳᠤ᠂ ᠠᠬᠠᠮᠠᠳ ᠨᠢᠭᠡ ᠦᠶ᠎ᠡ᠎ᠶ᠋ᠢᠨ᠎ᠬᠢᠨ᠎ᠤ ᠬᠤᠪᠢᠰᠭᠠᠯ᠎ᠤᠨ ᠵᠠᠮ᠎ᠢ ᠬᠠᠢᠨ ᠰᠦᠪᠡᠭ᠌ᠴᠢᠯᠡᠬᠦ᠌᠎ᠳᠡᠭᠡᠨ ᠬᠦᠴᠢᠷ ᠪᠡᠷᠬᠡᠱᠢᠶᠡᠯ᠎ᠢ ᠢᠯᠠᠨ ᠳᠠᠪᠠᠵᠤ᠂ ᠱᠢᠷᠭᠠᠭᠤ ᠬᠠᠲᠠᠭᠤᠵᠢᠯᠲᠠᠢ ᠲᠡᠮᠡᠴᠡᠭ᠌ᠰᠡᠨ ᠪᠠᠢᠳᠠᠯ ᠮᠢᠨᠦ᠍ ᠲᠠᠷᠢᠬᠢᠨ᠎ᠳᠤ ᠨᠢᠭᠡᠳ ᠨᠢᠭᠡ᠎ᠪᠠᠷ ᠲᠤᠳᠤᠷᠠᠯ᠎ᠠ᠃ ᠬᠥ᠋ ᠲᠢᠶᠠᠨ᠎ᠤ ᠬᠤᠷᠠᠯ ᠪᠣᠯ ᠤᠯᠠᠭᠠᠨ ᠴᠡᠷᠢᠭ᠎ᠤᠨ ᠥᠭᠦᠵᠦ᠍ ᠰᠡᠭᠡᠬᠦ᠌᠎ᠶ᠋ᠢᠨ ᠵᠠᠩᠭᠢᠯᠠᠭ᠎ᠠ᠎ᠶ᠋ᠢᠨ ᠦᠶ᠎ᠡ᠎ᠳᠤ ᠬᠤᠷᠠᠯᠳᠤᠭ᠍ᠰᠠᠨ ᠶᠤᠮ᠃ ᠲᠤᠬᠠᠢ᠎ᠶ᠋ᠢᠨ ᠦᠶ᠎ᠡ᠎ᠳᠤ ᠮᠠᠤ ᠽᠧ ᠳ᠋ᠦᠩ᠂ ᠵᠦ᠍ ᠳ᠋ᠧ᠂ ᠴᠧᠨ ᠢ ᠨᠥᠬᠦᠷ ᠤᠯᠠᠭᠠᠨ ᠳᠥᠷᠪᠡᠳᠦᠭᠡᠷ ᠠᠷᠮᠢ᠎ᠶ᠋ᠢᠨ ᠭᠤᠣᠯ ᠬᠦᠴᠦᠨ᠎ᠢ ᠳᠠᠭᠠᠭᠤᠯᠤᠨ ᠵᠢᠩ ᠭᠠᠩ ᠱᠠᠨ᠎ᠠᠴᠠ ᠪᠠᠭᠤᠵᠤ ᠢᠷᠡᠭᠡᠳ ᠵᠢᠶᠠᠩᠰᠢ᠎ᠶ᠋ᠢᠨ ᠡᠮᠦᠨᠡᠲᠦ ᠬᠡᠰᠡᠭ᠂ ᠹᠦᠵᠢᠶᠠᠨ᠎ᠤ ᠪᠠᠷᠠᠭᠤᠨ ᠬᠡᠰᠡᠭ᠎ᠲᠤ ᠬᠡᠭᠡᠷᠡᠯᠡᠨ ᠪᠠᠢᠯᠳᠤᠬᠤ ᠶᠠᠪᠤᠴᠠ᠎ᠳᠤ ᠴᠡᠷᠢᠭ ᠪᠠᠢᠭᠤᠯᠬᠤ ᠵᠠᠷᠴᠢᠮ᠎ᠤᠨ ᠲᠤᠬᠠᠢ ᠮᠠᠷᠭᠤᠭᠠᠨ ᠡᠭᠦᠰᠪᠡ᠃ ᠤᠯᠠᠭᠠᠨ ᠴᠡᠷᠢᠭ᠎ᠤᠨ ᠳᠥᠷᠪᠡᠳᠦᠭᠡᠷ ᠠᠷᠮᠢ᠎ᠶ᠋ᠢᠨ ᠨᠠᠢ᠍ᠮᠠᠳᠤᠭᠠᠷ ᠤᠳᠠᠭᠠᠨ᠎ᠤ ᠨᠠᠮ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠠᠷᠠᠭ᠎ᠠ᠂ ᠤᠯᠠᠭᠠᠨ ᠴᠡᠷᠢᠭ᠎ᠤᠨ ᠳᠥᠷᠪᠡᠳᠦᠭᠡᠷ ᠠᠷᠮᠢ ᠳ᠋ᠦᠩᠵᠢᠶᠠᠩ ᠤᠷᠤᠭᠤ ᠲᠠᠭᠠᠷᠢᠯᠳᠠ ᠬᠢᠭᠡᠳ ᠢᠯᠠᠭ᠍ᠳᠠᠭ᠍ᠰᠠᠨ᠎ᠳᠤ ᠴᠡᠷᠢᠭ ᠠᠩᠭᠢ᠎ᠶ᠋ᠢᠨ ᠦᠵᠡᠯ ᠰᠠᠨᠠᠭ᠎ᠠ ᠰᠠᠮᠠᠭᠤᠷᠠᠵᠤ᠂ ᠣᠮᠤᠭ ᠰᠦᠷ᠎ᠨᠢ ᠪᠠᠭᠤᠷᠠᠵᠤ᠂ ᠬᠠᠲᠠᠭᠤ ᠱᠢᠯᠭᠠᠯᠲᠠ᠎ᠳᠤ ᠲᠤᠯᠭᠠᠷᠠᠪᠠ᠃ 《ᠲᠥᠪ ᠬᠤᠷᠢᠶᠠᠨ᠎ᠤ ᠶᠢᠰᠦᠳᠦᠭᠡᠷ ᠰᠠᠷ᠎ᠠ᠎ᠶ᠋ᠢᠨ ᠵᠠᠬᠢᠳᠠᠯ》 ᠎ᠢ ᠦᠨᠳᠦᠰᠦᠯᠡᠨ᠂ ᠤᠯᠠᠭᠠᠨ ᠴᠡᠷᠢᠭ᠎ᠤᠨ ᠳᠥᠷᠪᠡᠳᠦᠭᠡᠷ ᠠᠷᠮᠢ ᠶᠢᠰᠦᠳᠦᠭᠡᠷ ᠤᠳᠠᠭᠠᠨ᠎ᠤ ᠨᠠᠮ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠢ ᠬᠤᠷᠠᠯᠳᠤᠭᠤᠯᠵᠤ᠂ ᠡᠯ᠎ᠡ ᠵᠦᠢᠯ᠎ᠤᠨ ᠦᠭᠡᠢᠭᠦᠦ ᠠᠩᠬᠢ᠎ᠶ᠋ᠢᠨ ᠪᠤᠰᠤ ᠦᠵᠡᠯ ᠰᠠᠨᠠᠭ᠎ᠠ᠎ᠶ᠋ᠢ ᠵᠠᠯᠠᠷᠠᠭᠤᠯᠤᠨ ᠠᠷᠢᠯᠭᠠᠵᠤ᠂ ᠮᠠᠨ᠎ᠤ ᠨᠠᠮ ᠮᠠᠨ᠎ᠤ ᠴᠡᠷᠢᠭ᠎ᠤᠨ ᠲᠡᠦᠬᠡᠨ ᠳᠡᠭᠡᠷᠡᠬᠢ ᠠᠯᠳᠠᠷᠲᠤ ᠬᠦ᠋ ᠲᠢᠶᠠᠨ᠎ᠤ ᠬᠤᠷᠠᠯ᠎ᠤᠨ ᠱᠢᠢᠳᠪᠦᠷᠢ᠎ᠶ᠋ᠢ ᠪᠦᠷᠢᠯᠳᠦᠭᠦᠯᠪᠡ᠃ ᠡᠨᠡ ᠤᠳᠠᠭᠠᠨ᠎ᠤ ᠬᠤᠷᠠᠯ᠎ᠳᠤ ᠮᠠᠷᠺᠰ᠎ᠤᠨ ᠦᠵᠡᠯ᠎ᠤᠨ ᠨᠠᠮ ᠪᠠᠢᠭᠤᠯᠬᠤ ᠴᠡᠷᠢᠭ ᠪᠠᠢᠭᠤᠯᠬᠤ ᠵᠠᠷᠴᠢᠮ᠎ᠢ ᠲᠣᠭ᠍ᠲᠠᠭᠠᠵᠤ᠂ ᠮᠠᠨ᠎ᠤ ᠴᠡᠷᠢᠭ᠎ᠤᠨ ᠤᠯᠤᠰ ᠲᠦᠷᠦ᠎ᠶ᠋ᠢᠨ ᠠᠵᠢᠯ᠎ᠤᠨ ᠴᠢᠭ᠌ᠯᠡᠯᠲᠡ᠂ ᠵᠠᠷᠴᠢᠮ᠂ ᠲᠦᠷᠢᠮ᠎ᠢ ᠲᠣᠭ᠍ᠲᠠᠭᠠᠵᠤ᠂ ᠲᠠᠷᠢᠶᠠᠴᠢᠨ᠎ᠢᠶᠠᠷ ᠭᠤᠣᠯ ᠪᠦᠷᠢᠯᠳᠦᠬᠦᠨ ᠪᠣᠯᠭᠠᠭ᠍ᠰᠠᠨ ᠴᠡᠷᠢᠭ ᠠᠩᠭᠢ᠎ᠶ᠋ᠢ ᠦᠭᠡᠢᠭᠦᠦ ᠠᠩᠭᠢ᠎ᠶ᠋ᠢᠨ ᠱᠢᠨᠵᠢ ᠴᠢᠨᠠᠷ᠎ᠲᠠᠢ ᠱᠢᠨ᠎ᠡ ᠮᠠᠶᠢᠭ᠎ᠤᠨ ᠠᠷᠠᠳ᠎ᠤᠨ ᠴᠡᠷᠢᠭ ᠠᠩᠭᠢ ᠪᠣᠯᠭᠠᠨ ᠪᠠᠢᠭᠤᠯᠬᠤ ᠡᠨᠡ ᠬᠦ᠌ ᠦᠨᠳᠦᠰᠦᠨ ᠴᠢᠨᠠᠷᠲᠠᠢ ᠠᠰᠠᠭᠤᠳᠠᠯ᠎ᠢ ᠱᠢᠢᠳᠪᠦᠷᠢᠯᠡᠬᠦ᠌ ᠵᠠᠷᠴᠢᠮ᠎ᠤᠨ ᠴᠢᠭ᠌ᠯᠡᠯ᠎ᠢ ᠳᠤᠷᠠᠳᠤᠨ ᠭᠠᠷᠭᠠᠵᠠᠢ᠃

ᠲᠡᠦᠬᠡ᠎ᠶ᠋ᠢ ᠶᠡᠷᠦ᠎ᠨᠢ ᠴᠠᠭ ᠬᠤᠭᠤᠴᠠᠭᠠᠨ᠎ᠤ ᠡᠯᠡᠭᠡᠯᠲᠡ᠎ᠶ᠋ᠢᠨ ᠳᠠᠷᠠᠭ᠎ᠠ ᠰᠠᠶᠢ ᠨᠡᠩ ᠲᠣᠳᠣᠷᠬᠠᠶ ᠲᠠᠨᠢᠵᠤ ᠤᠯᠳᠠᠭ᠃ ᠡᠷᠭᠢᠴᠡᠭᠦᠯᠵᠦ᠍ ᠦᠵᠡᠪᠡᠯ᠂ ᠬᠥ᠋ ᠲᠢᠶᠠᠨ᠎ᠤ ᠬᠤᠷᠠᠯ᠎ᠨᠢ ᠮᠠᠨ᠎ᠤ ᠴᠡᠷᠢᠭ ᠠᠩᠭᠢ᠎ᠶ᠋ᠢ ᠳᠠᠬᠢᠨ ᠠᠮᠢᠯᠠᠭᠤᠯᠤᠭ᠍ᠰᠠᠨ ᠶᠤᠮ᠃ ᠲᠡᠭᠦᠨ᠎ᠠᠴᠠ ᠬᠤᠢᠰᠢ᠂ ᠨᠠᠮ᠎ᠤᠨ ᠤᠳᠤᠷᠢᠳᠤᠯᠭ᠎ᠠ ᠳᠣᠣᠷ᠎ᠠ ᠮᠠᠨ᠎ᠤ ᠴᠡᠷᠢᠭ ᠪᠠᠭ᠎ᠠ ᠪᠠᠢᠭ᠍ᠰᠠᠨ᠎ᠠᠴᠠ᠎ᠪᠠᠨ ᠶᠡᠭᠡ ᠪᠤᠯᠵᠤ᠂ ᠪᠠᠭᠤᠷᠠᠢ ᠪᠠᠢᠭ᠍ᠰᠠᠨ᠎ᠠᠴᠠ᠎ᠪᠠᠨ ᠬᠦᠴᠦᠷᠬᠡᠭ ᠪᠤᠯᠵᠤ᠂ ᠢᠯᠠᠯᠲᠠ᠎ᠠᠴᠠ ᠢᠯᠠᠯᠲᠠ᠎ᠳᠤ ᠲᠠᠰᠤᠷᠠᠯᠳᠠ ᠦᠭᠡᠢ ᠲᠠᠪᠱᠢᠪᠠ᠃ ᠭᠦ᠋ ᠲᠢᠶᠠᠨ᠎ᠤ ᠬᠤᠷᠠᠯ᠎ᠳᠤ ᠰᠠᠭᠤᠷᠢᠯᠠᠭ᠍ᠰᠠᠨ ᠮᠠᠨ᠎ᠤ ᠴᠡᠷᠢᠭ᠎ᠤᠨ ᠤᠯᠤᠰ ᠲᠦᠷᠦ᠎ᠶ᠋ᠢᠨ ᠠᠵᠢᠯ᠎ᠨᠢ ᠮᠠᠨ᠎ᠤ ᠴᠡᠷᠢᠭ᠎ᠤᠨ ᠣᠷᠣᠱᠢᠨ ᠲᠣᠭ᠍ᠲᠠᠨᠢᠵᠤ ᠬᠥᠭ᠌ᠵᠢᠬᠦ᠌᠎ᠳᠤ ᠱᠢᠢᠳᠪᠦᠷᠢᠯᠡᠬᠦ᠌ ᠴᠢᠨᠠᠷᠲᠠᠢ ᠦᠢᠯᠡᠳᠦᠯ ᠦᠵᠡᠭᠦᠯᠪᠡ᠃

ᠨᠢᠳᠤᠨᠤᠨ᠎ᠤ 12 ᠰᠠᠷ᠎ᠠ᠎ᠶ᠋ᠢᠨ 26 ᠎ᠤ ᠡᠳᠦᠷ᠂ ᠪᠢ ᠮᠠᠤ ᠽᠧ ᠳ᠋ᠦᠩ ᠨᠥᠬᠦᠷ᠎ᠤᠨ ᠮᠡᠨᠳᠦᠯᠡᠭ᠌ᠰᠡᠨ ᠵᠠᠭᠤ ᠬᠤᠷᠢᠨ ᠵᠢᠯ᠎ᠤᠨ ᠤᠢ᠎ᠶ᠋ᠢ ᠳᠤᠷᠠᠰᠭᠠᠬᠤ ᠶᠠᠷᠢᠯᠴᠠᠬᠤ ᠬᠤᠷᠠᠯ ᠳᠡᠭᠡᠷ᠎ᠡ᠂ ᠠᠯᠢᠪᠠ ᠪᠠᠢᠳᠠᠯ᠎ᠳᠤ ᠤᠷᠤᠭ᠍ᠰᠢ ᠵᠠᠮᠨᠠᠬᠤ᠎ᠳᠠᠭᠠᠨ ᠶᠠᠪᠤᠵᠤ ᠥᠩᠭᠡᠷᠡᠭ᠌ᠰᠡᠨ ᠵᠠᠮ᠎ᠢᠶᠠᠨ ᠮᠠᠷᠲᠠᠵᠤ ᠪᠣᠯᠬᠤ ᠦᠭᠡᠢ ᠭᠡᠵᠦ᠍ ᠶᠠᠷᠢᠭ᠍ᠰᠠᠨ ᠪᠢᠯᠡ; ᠬᠡᠳᠦᠶ ᠬᠤᠯᠠ ᠶᠠᠪᠤᠵᠤ᠂ ᠬᠡᠳᠦᠶ ᠭᠡᠷᠡᠯ ᠰᠠᠴᠤᠷᠠᠩᠭᠤᠶ ᠢᠷᠡᠭᠡᠳᠦᠶ᠎ᠳᠤ ᠬᠦᠷᠦᠭ᠌ᠰᠡᠨ ᠴᠦ᠍ ᠥᠩᠭᠡᠷᠡᠭ᠌ᠰᠡᠨ᠎ᠢᠶᠠᠨ ᠮᠠᠷᠲᠠᠵᠤ ᠪᠤᠯᠬᠤ ᠦᠭᠡᠢ᠃ ᠬᠦ᠋ ᠲᠢᠶᠠᠨ᠎ᠤ ᠬᠤᠷᠠᠯ ᠬᠤᠷᠠᠯᠳᠤᠭ᠍ᠰᠠᠨ ᠨᠠᠶᠠᠨ ᠲᠠᠪᠤᠨ ᠵᠢᠯ᠎ᠤᠨ ᠤᠢ᠎ᠶ᠋ᠢᠨ ᠲᠠᠱᠢᠷᠠᠮ᠎ᠢᠶᠠᠷ᠂ ᠪᠢᠳᠡᠡ᠎ᠤ ᠠᠳᠡ ᠢᠷᠡᠭ᠌ᠰᠡᠨ ᠵᠣᠷᠢᠯᠭ᠎ᠠ ᠪᠣᠯ ᠤᠭ ᠦᠨᠳᠦᠰᠦ᠎ᠪᠠᠨ ᠡᠷᠢᠵᠦ᠍᠂ ᠪᠢᠳᠡ ᠲᠤᠬᠠᠶ᠎ᠶ᠋ᠢᠨ ᠦᠶ᠎ᠡ᠎ᠳᠤ ᠬᠠᠮᠢᠭ᠎ᠠ᠎ᠠᠴᠠ ᠮᠣᠷᠳᠠᠭ᠍ᠰᠠᠨ᠂ ᠶᠠᠭᠤᠨ᠎ᠳᠤ ᠮᠣᠷᠳᠠᠭ᠍ᠰᠠᠨ᠎ᠢᠶᠠᠨ ᠭᠦᠨᠵᠡᠭᠡᠶ ᠪᠣᠳᠣᠯᠬᠢᠯᠠᠨ᠂ ᠮᠠᠨ᠎ᠤ ᠨᠠᠮ ᠮᠠᠨ᠎ᠤ ᠴᠡᠷᠢᠭ᠎ᠤᠨ ᠢᠷᠠᠭᠤ ᠠᠯᠳᠠᠷᠲᠤ ᠲᠡᠦᠬᠡ᠎ᠶ᠋ᠢ ᠡᠷᠭᠢᠴᠡᠭᠦᠯᠵᠦ᠍᠂ ᠠᠬᠠᠮᠠᠳ ᠨᠢᠭᠡ ᠦᠶ᠎ᠡ᠎ᠶ᠋ᠢᠨ ᠬᠤᠪᠢᠰᠭᠠᠯᠴᠢᠳ᠎ᠤᠨ ᠠᠭᠤᠤ ᠭᠠᠪᠢᠶ᠎ᠠ ᠠᠤᠭ᠎ᠠ ᠵᠢᠳᠬᠦᠯ᠎ᠢ ᠳᠤᠷᠠᠰᠤᠨ ᠰᠠᠨᠠᠭᠠᠯᠵᠠᠵᠤ᠂ ᠦᠵᠡᠯ ᠰᠠᠨᠠᠭᠠᠨ᠎ᠤ ᠳᠠᠪᠲᠠᠯᠲᠠ᠎ᠶ᠋ᠢ ᠬᠦᠯᠢᠶᠡᠵᠦ᠍᠂ ᠨᠡᠩ ᠰᠠᠢᠨ ᠤᠷᠤᠭ᠍ᠰᠢᠯᠠᠬᠤ᠎ᠳᠤ ᠠᠱᠢᠭ᠍ᠲᠠᠶ ᠪᠣᠯᠭᠠᠬᠤ᠎ᠶ᠋ᠢᠨ ᠲᠥᠯᠥᠭᠡ ᠶᠤᠮ᠃

(ᠶᠡᠷᠦᠩᠭᠡᠢ ᠱᠦᠵᠢ ᠰᠢ᠎ᠶ᠋ᠢᠨ ᠫᠢᠡᠭ᠎ᠤᠨ ᠪᠦᠬᠦ᠌ ᠴᠡᠷᠢᠭ᠎ᠤᠨ ᠤᠯᠤᠰ ᠲᠦᠷᠦ᠎ᠶ᠋ᠢᠨ ᠠᠵᠢᠯ᠎ᠤᠨ ᠬᠤᠷᠠᠯ ᠳᠡᠭᠡᠷᠡᠬᠢ ᠶᠠᠷᠢᠶ᠎ᠠ᠎ᠠᠴᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号