ᠰᠤᠷᠪᠤᠯᠵᠢᠯᠠᠭ᠍ᠴᠢ ᠪᠠᠶᠠᠨᠨᠠᠭᠤᠷ ᠬᠤᠲᠠ᠎ᠶ᠋ᠢᠨ ᠣᠶ ᠱᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠠᠴᠠ ᠣᠢᠯᠠᠭᠠᠭ᠍ᠰᠠᠨ᠎ᠢᠶᠠᠷ᠂ ᠠᠮᠢ ᠠᠬᠤᠶ ᠣᠷᠴᠢᠨ ᠲᠤᠭᠤᠷᠢᠨ᠎ᠤ ᠰᠠᠢᠵᠢᠷᠠᠯᠲᠠ᠂ ᠬᠠᠮᠠᠭᠠᠯᠠᠯᠲᠠ᠎ᠶ᠋ᠢᠨ ᠠᠷᠭ᠎ᠠ ᠬᠡᠮᠵᠢᠶ᠎ᠡ ᠴᠢᠩᠭᠠᠷᠠᠭ᠍ᠰᠠᠨ ᠵᠡᠷᠭᠡ ᠱᠢᠯᠲᠠᠭᠠᠨ᠎ᠠᠴᠠ ᠪᠣᠯᠵᠣ᠂ ᠴᠢᠨ᠋ᠸ᠎ᠠ᠂ ᠱᠢᠯᠦᠭᠦᠰᠦ᠂ ᠤᠯᠠᠭᠠᠨ ᠢᠮᠠᠭ᠎ᠠ ᠵᠡᠷᠭᠡ ᠬᠡᠭᠡᠷ᠎ᠡ᠎ᠶ᠋ᠢᠨ ᠠᠮᠢᠲᠠᠳ ᠤᠷᠠᠳ᠎ᠤᠨ ᠲᠠᠯ᠎ᠠ ᠨᠤᠲᠤᠭ᠎ᠲᠤ ᠨᠤᠲᠤᠭ᠍ᠰᠢᠵᠤ᠂ ᠴᠢᠯᠥᠭᠡᠲᠡᠶ ᠦᠷᠡᠵᠢᠨ ᠲᠦᠯᠵᠢᠵᠦ᠍ ᠪᠠᠢᠨ᠎ᠠ᠃
ᠤᠷᠠᠳ᠎ᠤᠨ ᠲᠠᠯ᠎ᠠ ᠨᠤᠲᠤᠭ ᠪᠠᠶᠠᠨᠨᠠᠭᠤᠷ ᠬᠤᠲᠠ᠎ᠶ᠋ᠢᠨ ᠬᠢᠯᠢ ᠳᠣᠲᠣᠷ᠎ᠠ ᠪᠠᠢᠷᠢᠯᠠᠵᠤ᠂ ᠬᠤᠢᠲᠤ ᠲᠠᠯ᠎ᠠ᠎ᠪᠠᠷ᠎ᠢᠶᠠᠨ ᠮᠣᠩᠭᠤᠯ ᠤᠯᠤᠰ᠎ᠲᠠᠢ ᠬᠢᠯᠢ ᠨᠡᠢᠯᠡᠨ᠂ 7600 ᠭᠠᠷᠤᠶ ᠲᠦᠮᠡᠨ ᠮᠥ᠍ ᠲᠠᠯᠠᠪᠠᠶ᠎ᠲᠠᠢ ᠪᠠᠢᠵᠤ᠂ ᠭᠤᠤᠯᠳᠠᠭᠤ ᠤᠷᠠᠳ᠎ᠤᠨ ᠬᠤᠢᠲᠤ ᠬᠤᠱᠢᠭᠤ᠂ ᠳᠤᠮᠳᠠᠳᠤ ᠬᠤᠱᠢᠭᠤ᠂ ᠡᠮᠦᠨᠡᠲᠦ ᠬᠤᠱᠢᠭᠤ ᠵᠡᠷᠭᠡ᠎ᠪᠠᠷ ᠲᠠᠷᠬᠠᠨ᠂ ᠮᠠᠨ᠎ᠤ ᠤᠷᠤᠨ᠎ᠤ ᠲᠥᠪᠯᠡᠷᠡᠨ ᠲᠠᠷᠬᠠᠭ᠍ᠰᠠᠨ ᠶᠢᠰᠦᠨ ᠶᠡᠭᠡ ᠪᠠᠢᠭᠠᠯᠢ᠎ᠶ᠋ᠢᠨ ᠪᠡᠯᠴᠢᠭᠡᠷ᠎ᠤᠨ ᠨᠢᠭᠡ ᠪᠣᠯᠬᠤ ᠶᠤᠮ᠃
ᠤᠢ᠍ᠢᠷ᠎ᠡ᠎ᠶ᠋ᠢᠨ ᠬᠤᠭᠤᠴᠠᠭᠠᠨ᠎ᠳᠤ᠂ ᠤᠷᠠᠳ᠎ᠤᠨ ᠬᠤᠢᠲᠤ ᠬᠤᠱᠢᠭᠤᠨ᠎ᠤ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠳᠤ ᠠᠵᠢᠯᠲᠠᠳ ᠬᠡᠭᠡᠷ᠎ᠡ ᠤᠭ᠍ᠰᠠᠷᠠᠭ᠍ᠰᠠᠨ ᠤᠯᠠᠭᠠᠨ᠎ᠤ ᠭᠠᠳᠠᠨᠠᠬᠢ ᠭᠡᠷᠡᠯ ᠵᠢᠷᠤᠭ᠎ᠤᠨ ᠮᠠᠱᠢᠨ᠎ᠢᠶᠠᠷ ᠨᠢᠭᠡ ᠴᠢᠨ᠋ᠸ᠎ᠠ 4 ᠪᠡᠯᠳᠡᠷᠭᠡ᠎ᠪᠠᠨ ᠲᠠᠭᠠᠭᠤᠯᠤᠨ ᠶᠠᠪᠤᠵᠦ᠍ ᠪᠠᠢᠭ᠍ᠰᠠᠨ᠎ᠢ ᠰᠡᠭᠦᠳᠡᠷᠯᠡᠭ᠌ᠰᠡᠨ᠎ᠢᠶᠠᠷ ᠪᠠᠷᠠᠬᠤ ᠦᠭᠡᠢ ᠪᠠᠰᠠ 1 ᠱᠢᠯᠦᠭᠦᠰᠦ ᠵᠢᠴᠢ ᠤᠯᠠᠭᠠᠨ ᠢᠮᠠᠭ᠎ᠠ᠎ᠶ᠋ᠢᠨ ᠰᠦᠷᠦᠭ᠎ᠤᠨ ᠠᠵᠢᠯᠯᠠᠭ᠎ᠠ᠎ᠶ᠋ᠢ ᠰᠡᠭᠦᠳᠡᠷᠯᠡᠭ᠌ᠰᠡᠨ ᠪᠠᠢᠨ᠎ᠠ᠃ ᠡᠨᠡ ᠪᠣᠯ ᠲᠤᠬᠠᠶ᠎ᠶ᠋ᠢᠨ ᠭᠠᠵᠠᠷ᠎ᠤᠨ᠎ᠬᠢᠨ ᠠᠩᠬ᠎ᠠ ᠤᠳᠠᠭ᠎ᠠ ᠬᠡᠭᠡᠷ᠎ᠡ ᠤᠭ᠍ᠰᠠᠷᠠᠭ᠍ᠰᠠᠨ ᠤᠯᠠᠭᠠᠨ᠎ᠤ ᠭᠠᠳᠠᠨᠠᠬᠢ ᠭᠡᠷᠡᠯ ᠵᠢᠷᠤᠭ᠎ᠤᠨ ᠮᠠᠱᠢᠨ᠎ᠢ ᠠᠱᠢᠬ᠍ᠯᠠᠨ ᠤᠯᠤᠰ᠎ᠤᠨ ᠬᠤᠶᠠᠳᠤᠭᠠᠷ ᠳᠡᠰ᠎ᠤᠨ ᠬᠠᠮᠠᠭᠠᠯᠠᠯᠲᠠ᠎ᠶ᠋ᠢᠨ ᠠᠮᠢᠲᠠᠨ᠎ᠢ ᠰᠡᠭᠦᠳᠡᠷᠯᠡᠵᠦ᠍ ᠪᠠᠢᠭ᠎ᠠ ᠶᠠᠪᠤᠳᠠᠯ ᠪᠣᠯᠤᠨ᠎ᠠ᠃
ᠤᠢ᠍ᠢᠯᠠᠭᠠᠭ᠍ᠰᠠᠨ᠎ᠢᠶᠠᠷ᠂ ᠤᠯᠠᠭᠠᠨ ᠢᠮᠠᠭ᠎ᠠ᠎ᠶ᠋ᠢᠨ ᠲᠥᠷᠥᠯᠬᠢ ᠳᠠᠢᠰᠤᠨ᠎ᠨᠢ ᠭᠤᠤᠯᠳᠠᠭᠤ ᠱᠢᠯᠦᠭᠦᠰᠦ᠂ ᠴᠢᠨ᠋ᠸ᠎ᠠ ᠪᠠ ᠴᠠᠭᠠᠨ ᠢᠷᠪᠢᠰ ᠵᠡᠷᠭᠡ ᠪᠣᠯᠤᠨ᠎ᠠ᠃ ᠲᠤᠰ ᠤᠳᠠᠭ᠎ᠠ ᠴᠢᠨ᠋ᠸ᠎ᠠ᠂ ᠱᠢᠯᠦᠭᠦᠰᠦ ᠵᠢᠴᠢ ᠤᠯᠠᠭᠠᠨ ᠢᠮᠠᠭ᠎ᠠ᠎ᠶ᠋ᠢᠨ ᠰᠦᠷᠦᠭ ᠠᠳᠠᠯᠢ ᠨᠢᠭᠡᠨ ᠭᠠᠵᠠᠷ ᠣᠷᠣᠨ᠎ᠳᠤ ᠠᠵᠢᠯᠯᠠᠭ᠎ᠠ ᠬᠢᠵᠦ᠍ ᠪᠠᠢᠬᠤ᠎ᠶ᠋ᠢ ᠰᠡᠭᠦᠳᠡᠷᠯᠡᠭ᠌ᠰᠡᠨ᠎ᠨᠢ ᠤᠷᠠᠳ᠎ᠤᠨ ᠬᠤᠢᠲᠤ ᠬᠤᠱᠢᠭᠤᠨ᠎ᠤ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠤ ᠢᠳᠡᠱᠢᠨ ᠭᠢᠨᠵᠢ ᠶᠠᠭ ᠠᠯᠬᠤᠮ ᠠᠯᠬᠤᠮ᠎ᠢᠶᠠᠷ ᠪᠦᠷᠢᠯᠳᠦᠵᠦ᠍ ᠪᠠᠢᠬᠤ᠎ᠶ᠋ᠢ ᠬᠠᠷᠠᠭᠤᠯᠵᠤ ᠪᠤᠢ᠂ ᠡᠨᠡ᠎ᠨᠢ ᠲᠤᠬᠠᠶ᠎ᠶ᠋ᠢᠨ ᠭᠠᠵᠠᠷ᠎ᠤᠨ ᠲᠠᠯ᠎ᠠ ᠨᠤᠲᠤᠭ᠎ᠤᠨ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠰᠡᠷᠭᠦᠭᠡᠯᠲᠡ᠎ᠳᠤ ᠠᠱᠢᠭ᠍ᠲᠠᠶ ᠪᠤᠯᠤᠨ᠎ᠠ᠃
ᠤᠷᠠᠳ᠎ᠤᠨ ᠬᠤᠢᠲᠤ ᠬᠤᠱᠢᠭᠤᠨ᠎ᠤ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠤ ᠬᠠᠮᠢᠶᠠᠷᠤᠯᠲᠠ᠎ᠶ᠋ᠢᠨ ᠥᠷᠲᠡᠭᠡ᠎ᠶ᠋ᠢᠨ ᠳᠠᠷᠤᠭ᠎ᠠ᠄ 《ᠤᠯᠠᠭᠠᠨ ᠢᠮᠠᠭ᠎ᠠ ᠤᠤᠯ᠎ᠨᠢ ᠤᠯᠤᠰ᠎ᠤᠨ ᠨᠢᠭᠡᠳᠦᠭᠡᠷ ᠳᠡᠰ᠎ᠤᠨ ᠬᠠᠮᠠᠭᠠᠯᠠᠯᠲᠠ᠎ᠶ᠋ᠢᠨ ᠬᠡᠭᠡᠷ᠎ᠡ᠎ᠶ᠋ᠢᠨ ᠠᠮᠢᠲᠠᠨ ᠪᠠᠢᠵᠠᠶ᠂ 2021 ᠣᠨ᠎ᠤ 2 ᠰᠠᠷ᠎ᠠ᠎ᠳᠤ ᠤᠯᠤᠰ᠎ᠤᠨ ᠬᠤᠶᠠᠳᠤᠭᠠᠷ ᠳᠡᠰ᠎ᠤᠨ ᠬᠠᠮᠠᠭᠠᠯᠠᠯᠲᠠ᠎ᠶ᠋ᠢᠨ ᠬᠡᠭᠡᠷ᠎ᠡ᠎ᠶ᠋ᠢᠨ ᠠᠮᠢᠲᠠᠨ ᠪᠣᠯᠭᠠᠪᠠ᠃ ᠲᠡᠳᠡᠨ᠎ᠤ ᠠᠩᠬ᠎ᠠ ᠠᠯᠬᠤᠮ᠎ᠤᠨ ᠪᠦᠷᠢᠳᠭᠡᠭ᠌ᠰᠡᠨ᠎ᠢᠶᠠᠷ᠂ ᠤᠷᠠᠳ᠎ᠤᠨ ᠬᠤᠢᠲᠤ ᠬᠤᠱᠢᠭᠤᠨ᠎ᠤ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠳᠤ 6 ᠰᠦᠷᠦᠭ᠂ ᠪᠠᠷᠤᠭ 100 ᠠᠴᠠ 200 ᠤᠯᠠᠭᠠᠨ ᠢᠮᠠᠭ᠎ᠠ ᠪᠠᠢᠵᠤ᠂ ᠡᠭᠦᠨ᠎ᠳᠤ ᠬᠠᠮᠤᠭ᠎ᠤᠨ ᠶᠡᠭᠡ ᠰᠦᠷᠦᠭ᠎ᠲᠤ ᠪᠠᠷᠤᠭ 29 ᠤᠯᠠᠭᠠᠨ ᠢᠮᠠᠭ᠎ᠠ ᠪᠤᠢ᠃ ᠡᠭᠦᠨ᠎ᠠᠴᠠ ᠡᠮᠦᠨ᠎ᠡ᠂ ᠲᠠᠳᠠ ᠪᠠᠰᠠ ᠮᠠᠰᠢ ᠣᠯᠠᠨ ᠬᠤᠯᠠᠨ ᠵᠡᠷᠭᠡ ᠬᠡᠭᠡᠷ᠎ᠡ᠎ᠶ᠋ᠢᠨ ᠠᠮᠢᠲᠠᠳ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠳᠤ ᠢᠳᠡᠰᠢ ᠡᠷᠢᠵᠦ᠍ ᠪᠠᠢᠭ᠍ᠰᠠᠨ᠎ᠢ ᠢᠯᠡᠷᠡᠭᠦᠯᠪᠡ》 ᠭᠡᠵᠤ ᠲᠠᠨᠢᠯᠴᠠᠭᠤᠯᠪᠠ᠃
ᠪᠠᠶᠠᠨᠨᠠᠭᠤᠷ ᠬᠤᠳᠠ᠎ᠶ᠋ᠢᠨ ᠤᠢ ᠱᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠶ᠋ᠢᠨ ᠳᠠᠷᠤᠭ᠎ᠠ ᠶᠠᠨ ᠵᠢᠶᠦ᠋ᠨ᠄ 《ᠤᠯᠤᠰ᠎ᠤᠨ ᠤᠢ ᠱᠢᠭᠤᠢ ᠨᠤᠲᠤᠭ ᠪᠡᠯᠴᠢᠭᠡᠷ᠎ᠢ ᠬᠠᠮᠠᠭᠠᠯᠠᠬᠤ ᠲᠦᠷᠦ᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠬᠦ᠌᠎ᠶ᠋ᠢ ᠲᠠᠭᠠᠯᠳᠤᠨ᠂ ᠤᠷᠠᠳ᠎ᠤᠨ ᠨᠤᠲᠤᠭ ᠪᠡᠯᠴᠢᠭᠡᠷ᠎ᠲᠤ ᠲᠣᠭᠤᠷᠢᠭ ᠬᠤᠪᠢᠶᠠᠨ ᠰᠡᠯᠭᠦᠨ ᠮᠠᠯᠵᠢᠬᠤ᠂ ᠪᠢᠲᠡᠭᠦᠮᠵᠢᠯᠡᠨ ᠪᠡᠯᠴᠢᠭᠡᠷᠯᠡᠭᠦᠯᠬᠦ᠌᠎ᠶ᠋ᠢ ᠴᠠᠭᠠᠵᠠᠯᠠᠬᠤ᠂ ᠮᠠᠯ ᠪᠡᠯᠴᠢᠭᠡᠷ᠎ᠤᠨ ᠲᠡᠩᠴᠡᠭᠦᠷᠢ᠎ᠶ᠋ᠢ ᠪᠠᠲᠤᠯᠠᠬᠤ ᠵᠡᠷᠭᠡ ᠠᠮᠢ ᠠᠬᠤᠢ᠎ᠶ᠋ᠢ ᠵᠠᠰᠠᠨ ᠰᠡᠷᠭᠦᠭᠡᠬᠦ᠌ ᠢᠨᠵᠧᠨᠧᠷᠢᠩ᠎ᠢ ᠬᠡᠷᠡᠭ᠌ᠵᠢᠭᠦᠯᠦᠭ᠌ᠰᠡᠨ᠎ᠠᠴᠠ ᠠᠮᠢ ᠠᠬᠤᠢ ᠣᠷᠴᠢᠨ ᠲᠣᠭᠤᠷᠢᠨ ᠠᠯᠬᠤᠮ ᠠᠯᠬᠤᠮ᠎ᠢᠶᠠᠷ ᠰᠠᠢᠵᠢᠷᠠᠵᠤ᠂ ᠬᠡᠭᠡᠷ᠎ᠡ᠎ᠶ᠋ᠢᠨ ᠠᠮᠢᠳᠠᠨ᠎ᠤ ᠰᠦᠷᠦᠭ᠂ ᠲᠤᠭ᠎ᠠ ᠬᠡᠮᠵᠢᠶ᠎ᠡ ᠴᠦ᠍ ᠠᠭᠠᠵᠢᠮ᠎ᠢᠶᠠᠷ ᠨᠡᠮᠡᠭ᠌ᠳᠡᠪᠡ》 ᠭᠡᠯ᠎ᠠ᠃
ᠣᠳᠣᠬᠠᠨ᠎ᠳᠤ᠂ ᠲᠤᠬᠠᠶ᠎ᠶ᠋ᠢᠨ ᠭᠠᠵᠠᠷ᠎ᠤᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠤ ᠠᠵᠢᠯᠲᠠᠳ ᠡᠯ᠎ᠡ ᠲᠥᠷᠥᠯ᠎ᠤᠨ ᠬᠡᠭᠡᠷ᠎ᠡ᠎ᠶ᠋ᠢᠨ ᠠᠮᠢᠲᠠᠨ᠎ᠢ ᠠᠵᠢᠬ᠍ᠯᠠᠨ ᠬᠡᠮᠵᠢᠬᠦ᠂ ᠲᠡᠮᠳᠡᠭ᠌ᠯᠡᠬᠦ᠌᠎ᠪᠠᠨ ᠴᠢᠩᠭᠠᠳᠭᠠᠵᠤ᠂ ᠲᠣᠭᠤᠷᠢᠨ ᠪᠠᠢᠴᠠᠭᠠᠵᠤ ᠲᠣᠭᠤᠷᠢᠨ ᠬᠠᠮᠠᠭᠠᠯᠠᠬᠤ ᠡᠷᠴᠢᠮ᠎ᠢᠶᠠᠨ ᠴᠢᠩᠭᠠᠷᠠᠭᠤᠯᠤᠨ᠂ ᠬᠡᠭᠡᠷ᠎ᠡ᠎ᠶ᠋ᠢᠨ ᠠᠮᠢᠳᠠᠳ᠎ᠤᠨ ᠴᠢᠯᠦᠭᠡᠳᠡᠢ ᠠᠵᠢᠯᠯᠠᠭ᠎ᠠ ᠬᠢᠬᠦ᠌᠎ᠶ᠋ᠢ ᠵᠣᠷᠢᠭᠤᠳᠠ ᠬᠠᠷᠱᠢᠯᠠᠬᠤ᠎ᠶ᠋ᠢ ᠡᠷᠡᠰ ᠬᠤᠷᠢᠬ᠍ᠯᠠᠨ ᠵᠣᠭ᠍ᠰᠣᠭᠠᠵᠤ᠂ ᠬᠠᠤᠯᠢ ᠪᠤᠰᠤ ᠡᠲᠡᠭᠡᠳ᠎ᠤᠨ ᠬᠠᠤᠯᠢ ᠪᠤᠰᠤ᠎ᠪᠠᠷ ᠠᠩᠨᠠᠬᠤ ᠦᠶᠯᠡ ᠠᠵᠢᠯᠯᠠᠭ᠎ᠠ᠎ᠶ᠋ᠢ ᠴᠢᠩᠭ᠎ᠠ ᠰᠡᠷᠭᠡᠢᠯᠡᠵᠦ᠍ ᠪᠠᠢᠨ᠎ᠠ᠃