ᠨᠠᠮ᠎ᠤᠨ ᠠᠷᠪᠠᠨ ᠭᠤᠷᠪᠠᠳᠤᠭᠠᠷ ᠶᠡᠭᠡ ᠬᠤᠷᠠᠯ᠄ ᠨᠠᠮ᠎ᠤᠨ ᠨᠡᠢᠭᠡᠮ ᠵᠢᠷᠦᠮ᠎ᠤᠨ ᠠᠩᠬᠠᠨ᠎ᠤ ᠱᠠᠲᠤᠨ᠎ᠤ ᠦᠨᠳᠦᠰᠦᠨ ᠵᠠᠮ ᠱᠤᠭᠤᠮ᠎ᠢ ᠵᠢᠩᠬᠢᠨᠢ᠎ᠪᠠᠷ ᠲᠤᠬ᠍ᠲᠠᠭᠠᠪᠠ
2021-09-01 11:30:48
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠲᠤᠮᠲᠠᠲᠤ ᠤᠯᠤᠰ᠎ᠤᠨ ᠡᠪ ᠬᠠᠮᠲᠦ ᠨᠠᠮ᠎ᠤᠨ ᠠᠷᠪᠠᠨ ᠭᠤᠷᠪᠠᠳᠤᠭᠠᠷ ᠤᠳᠠᠭ᠎ᠠ᠎ᠶ᠋ᠢᠨ ᠪᠦᠬᠦ᠌ ᠤᠯᠤᠰ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ 1987 ᠤᠨ᠎ᠤ 10 ᠰᠠᠷ᠎ᠠ᠎ᠶ᠋ᠢᠨ 25 ᠎ᠤ ᠡᠲᠦᠷ᠎ᠠᠴᠠ 11 ᠰᠠᠷ᠎ᠠ᠎ᠶ᠋ᠢᠨ 1 ᠎ᠤ ᠡᠲᠦᠷ ᠪᠤᠯᠲᠠᠯ᠎ᠠ ᠪᠡᠭᠡᠵᠢᠩ᠎ᠳᠤ ᠬᠤᠷᠠᠯᠳᠤᠪᠠ᠃ ᠶᠡᠭᠡ ᠬᠤᠷᠠᠯ᠎ᠤᠨ ᠢᠯᠡᠳᠭᠡᠯ᠎ᠤᠨ ᠭᠠᠷᠴᠠᠬ ᠪᠤᠯ᠄ ᠲᠤᠮᠲᠠᠲᠤ ᠤᠯᠤᠰ᠎ᠤᠨ ᠤᠨᠴᠠᠯᠢᠬ᠎ᠲᠠᠢ ᠨᠡᠢᠭᠡᠮ ᠵᠢᠷᠦᠮ᠎ᠤᠨ ᠵᠠᠮ᠎ᠢᠶᠠᠷ ᠤᠷᠤᠬ᠍ᠰᠢᠯᠠᠶ᠎ᠠ᠃

ᠨᠠᠮ᠎ᠤᠨ ᠠᠷᠪᠠᠨ ᠭᠤᠷᠪᠠᠳᠤᠭᠠᠷ ᠶᠡᠭᠡ ᠬᠤᠷᠠᠯ᠎ᠠᠴᠠ ᠡᠮᠦᠨᠡᠭᠡᠨ ᠳ᠋ᠧᠩ ᠱᠢᠶᠤᠤ ᠫᠢᠩ᠄ 《ᠮᠠᠨ᠎ᠤ ᠨᠠᠮ᠎ᠤᠨ ᠠᠷᠪᠠᠨ ᠭᠤᠷᠪᠠᠳᠤᠭᠠᠷ ᠶᠡᠭᠡ ᠬᠤᠷᠠᠯ᠎ᠠᠴᠠ ᠲᠤᠮᠲᠠᠲᠤ ᠤᠯᠤᠰ᠎ᠤᠨ ᠨᠡᠢᠭᠡᠮ ᠵᠢᠷᠦᠮ ᠶᠠᠮᠠᠷ ᠱᠠᠲᠤᠨ᠎ᠳᠤ ᠤᠷᠤᠱᠢᠵᠦ᠍ ᠪᠠᠢᠬᠤ᠂ ᠲᠠᠷᠤᠢ ᠠᠩᠬᠠᠨ᠎ᠤ ᠱᠠᠲᠤᠨ᠎ᠳᠤ ᠤᠷᠤᠱᠢᠵᠦ᠍ ᠪᠠᠢᠬᠤ᠂ ᠠᠩᠬᠠᠨ᠎ᠤ ᠱᠠᠲᠤᠨ᠎ᠤ ᠨᠡᠢᠭᠡᠮ ᠵᠢᠷᠦᠮ ᠮᠦᠨ ᠬᠡᠲᠡᠭ᠎ᠢ ᠲᠤᠲᠤᠷᠬᠠᠢᠯᠠᠨ ᠦᠭᠦᠯᠡᠨ᠎ᠡ᠃ ᠨᠡᠢᠭᠡᠮ ᠵᠢᠷᠦᠮ ᠪᠤᠯ ᠲᠡᠷᠡ ᠴᠡᠭ᠎ᠢᠶᠠᠷ᠎ᠢᠶᠠᠨ ᠡᠪ ᠬᠠᠮᠲᠦ ᠶᠤᠰᠤᠨ᠎ᠤ ᠠᠩᠬᠠᠨ᠎ᠤ ᠱᠠᠲᠤ ᠮᠦᠨ᠂ ᠮᠠᠨ᠎ᠤ ᠲᠤᠮᠲᠠᠲᠤ ᠤᠯᠤᠰ ᠪᠠᠰᠠ ᠴᠤ᠌ ᠨᠡᠢᠭᠡᠮ ᠵᠢᠷᠦᠮ᠎ᠤᠨ ᠠᠩᠬᠠᠨ᠎ᠤ ᠱᠠᠲᠤᠨ᠎ᠳᠤ᠂ ᠦᠭᠡᠷ᠎ᠡ᠎ᠪᠠᠷ ᠬᠡᠯᠡᠪᠡᠯ ᠬᠦᠭ᠌ᠵᠢᠭᠡᠲᠦᠢ ᠱᠠᠲᠤᠨ᠎ᠳᠤ ᠤᠷᠤᠱᠢᠵᠦ᠍ ᠪᠠᠢᠨ᠎ᠠ᠃ ᠠᠯᠢᠪᠠ ᠪᠦᠬᠦᠨ᠎ᠳᠤ ᠴᠦᠮ ᠡᠨᠡ ᠬᠦ᠌ ᠪᠤᠲᠠᠲᠤ ᠪᠠᠢᠲᠠᠯ᠎ᠠᠴᠠ ᠡᠭᠦᠰᠴᠦ᠍᠂ ᠡᠨᠡ ᠬᠦ᠌ ᠪᠤᠲᠠᠲᠤ ᠪᠠᠢᠲᠠᠯ᠎ᠢ ᠦᠨᠳᠦᠰᠦᠯᠡᠨ ᠲᠦᠯᠦᠪᠵᠢᠭᠦᠯᠭᠡ ᠲᠤᠬ᠍ᠲᠠᠭᠠᠬᠤ ᠬᠡᠷᠡᠭ᠌ᠲᠡᠢ》 ᠬᠡᠵᠦ᠍ ᠵᠢᠭᠠᠵᠦ᠍ ᠭᠠᠷᠭᠠᠵᠠᠢ᠃

ᠨᠠᠮ᠎ᠤᠨ ᠠᠷᠪᠠᠨ ᠭᠤᠷᠪᠠᠳᠤᠭᠠᠷ ᠶᠡᠭᠡ ᠬᠤᠷᠠᠯ᠎ᠠᠴᠠ ᠨᠡᠢᠭᠡᠮ ᠵᠢᠷᠦᠮ᠎ᠤᠨ ᠠᠩᠬᠠᠨ᠎ᠤ ᠱᠠᠲᠤᠨ᠎ᠤ ᠤᠨᠤᠯ᠎ᠢ ᠲᠤᠷᠠᠳᠤᠨ ᠭᠠᠷᠭᠠᠬ᠍ᠰᠠᠨ ᠪᠦᠭᠡᠳ ᠱᠢᠰᠲ᠋ᠧᠮ᠎ᠲᠠᠢ᠎ᠪᠠᠷ ᠲᠤᠲᠤᠷᠬᠠᠢᠯᠠᠨ ᠦᠭᠦᠯᠡᠪᠡ᠂ ᠲᠡᠷᠤᠢ ᠮᠠᠨ᠎ᠤ ᠤᠯᠤᠰ ᠤᠳᠤ ᠶᠠᠬ ᠨᠡᠢᠭᠡᠮ ᠵᠢᠷᠦᠮ᠎ᠤᠨ ᠠᠩᠬᠠᠨ᠎ᠤ ᠱᠠᠲᠤᠨ᠎ᠳᠤ ᠤᠷᠤᠱᠢᠵᠦ᠍ ᠪᠠᠢᠭ᠎ᠠ᠎ᠶ᠋ᠢ ᠵᠦᠪ᠎ᠢᠶᠠᠷ ᠲᠠᠨᠢᠬᠤ ᠶᠠᠪᠤᠲᠠᠯ᠎ᠢ ᠲᠤᠮᠲᠠᠲᠤ ᠤᠯᠤᠰ᠎ᠤᠨ ᠤᠨᠴᠠᠯᠢᠬ᠎ᠲᠠᠢ ᠨᠡᠢᠭᠡᠮ ᠵᠢᠷᠦᠮ᠎ᠢ ᠪᠦᠲᠦᠭᠡᠨ ᠪᠠᠢᠭᠤᠯᠬᠤ᠎ᠶ᠋ᠢᠨ ᠲᠡᠷᠢᠭᠦᠨ ᠴᠢᠬᠤᠯᠠ ᠤᠷᠢᠲᠠᠯ ᠪᠤᠯᠭᠠᠨ᠂ ᠨᠠᠮ᠎ᠤᠨ ᠠᠯᠢᠪᠠ ᠴᠢᠭ᠌ᠯᠡᠯᠲᠡ ᠲᠦᠷᠦ᠎ᠶ᠋ᠢᠨ ᠪᠤᠳᠤᠯᠭ᠎ᠠ᠎ᠶ᠋ᠢ ᠲᠤᠬ᠍ᠲᠠᠭᠠᠬᠤ ᠦᠨᠳᠦᠰᠦᠯᠡᠯ ᠪᠤᠯᠭᠠᠵᠦ᠍᠂ ᠨᠠᠮ᠎ᠤᠨ ᠨᠡᠢᠭᠡᠮ ᠵᠢᠷᠦᠮ᠎ᠤᠨ ᠠᠩᠬᠠᠨ᠎ᠤ ᠱᠠᠲᠤᠨ᠎ᠳᠠᠬᠢ ᠦᠨᠳᠦᠰᠦᠨ ᠵᠠᠮ ᠱᠤᠭᠤᠮ᠎ᠢ ᠵᠢᠩᠬᠢᠨᠢ᠎ᠪᠠᠷ ᠲᠤᠬ᠍ᠲᠠᠭᠠᠪᠠ᠂ ᠲᠤᠬᠠᠢᠯᠠᠪᠠᠯ᠄ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠤᠳᠤᠷᠢᠳᠤᠨ ᠪᠦᠯᠬᠦᠮᠲᠡᠭᠦᠯᠵᠦ᠍᠂ ᠠᠵᠦ᠍ ᠠᠬᠤᠢ᠎ᠶ᠋ᠢᠨ ᠪᠦᠲᠦᠭᠡᠨ ᠪᠠᠢᠭᠤᠯᠤᠯᠲᠠ᠎ᠪᠠᠷ ᠭᠤᠤᠯ ᠪᠤᠯᠭᠠᠬᠤ᠂ ᠲᠦᠷᠪᠡᠨ ᠦᠨᠳᠦᠰᠦᠨ ᠵᠠᠷᠴᠢᠮ᠎ᠢ ᠪᠠᠷᠢᠮᠲᠠᠯᠠᠬᠤ᠂ ᠦᠭᠡᠷᠡᠴᠢᠯᠡᠯᠲᠡ ᠨᠡᠭᠡᠭᠡᠯᠲᠡ ᠬᠢᠬᠦ᠂ ᠦᠪᠡᠷ᠎ᠤᠨ ᠬᠦᠴᠦ᠎ᠪᠠᠷ᠎ᠢᠶᠠᠨ ᠲᠡᠭ᠌ᠵᠢᠷᠡᠬᠦ᠂ ᠬᠠᠲᠠᠭᠤᠵᠢᠯᠲᠠᠢ᠎ᠪᠠᠷ ᠦᠢᠯᠡᠰ ᠪᠦᠲᠦᠭᠡᠬᠦ᠌᠎ᠶ᠋ᠢ ᠪᠠᠷᠢᠮᠲᠠᠯᠠᠨ᠂ ᠮᠠᠨ᠎ᠤ ᠤᠯᠤᠰ᠎ᠢᠶᠠᠨ ᠪᠠᠶᠠᠨ ᠬᠦᠴᠦᠷᠭᠡᠭ᠂ ᠠᠷᠠᠳᠴᠢᠯᠠᠬ᠍ᠰᠠᠨ᠂ ᠪᠤᠯᠪᠠᠰᠤᠨ ᠨᠡᠢᠭᠡᠮ ᠵᠢᠷᠦᠮᠲᠦ ᠤᠳᠤᠬᠢᠴᠢᠯᠠᠬ᠍ᠰᠠᠨ ᠤᠯᠤᠰ ᠪᠤᠯᠭᠠᠨ ᠪᠦᠲᠦᠭᠡᠨ ᠪᠠᠢᠭᠤᠯᠬᠤ᠎ᠶ᠋ᠢᠨ ᠲᠦᠯᠦᠭᠡ ᠲᠡᠮᠡᠴᠡᠬᠦ᠌ ᠶᠠᠪᠤᠲᠠᠯ ᠪᠤᠯᠤᠨ᠎ᠠ᠃ ᠨᠡᠢᠭᠡᠮ ᠵᠢᠷᠦᠮ᠎ᠤᠨ ᠠᠩᠬᠠᠨ᠎ᠤ ᠱᠠᠲᠤᠨ᠎ᠤ ᠦᠨᠳᠦᠰᠦᠨ ᠵᠠᠮ ᠱᠤᠭᠤᠮ᠎ᠢ ᠵᠢᠩᠬᠢᠨᠢ᠎ᠪᠠᠷ ᠲᠤᠬ᠍ᠲᠠᠭᠠᠬ᠍ᠰᠠᠨ ᠶᠠᠪᠤᠲᠠᠯ ᠪᠤᠯ ᠨᠠᠮ᠎ᠤᠨ ᠠᠷᠪᠠᠨ ᠭᠤᠷᠪᠠᠳᠤᠭᠠᠷ ᠶᠡᠭᠡ ᠬᠤᠷᠠᠯ᠎ᠤᠨ ᠲᠡᠦᠬᠡᠨ ᠬᠠᠭᠤᠲᠠᠰᠤᠨ᠎ᠠ ᠲᠡᠮᠲᠡᠭ᠌ᠯᠡᠭ᠌ᠲᠡᠭ᠌ᠰᠡᠨ ᠬᠠᠮᠤᠭ᠎ᠤᠨ ᠴᠢᠬᠤᠯᠠ ᠬᠤᠪᠢ ᠨᠡᠮᠡᠷᠢ ᠪᠤᠯᠤᠨ᠎ᠠ᠃

ᠨᠠᠮ᠎ᠤᠨ ᠠᠷᠪᠠᠨ ᠭᠤᠷᠪᠠᠳᠤᠭᠠᠷ ᠶᠡᠭᠡ ᠬᠤᠷᠠᠯ᠎ᠠᠴᠠ ᠬᠤᠷᠢᠨ ᠨᠢᠭᠡᠲᠦᠭᠡᠷ ᠵᠠᠭᠤᠨ᠎ᠤ ᠲᠤᠮᠲᠠᠴᠢ ᠦᠶ᠎ᠡ ᠪᠤᠯᠬᠤ᠎ᠳᠤ ᠭᠤᠷᠪᠠᠨ ᠠᠯᠬᠤᠮ᠎ᠢᠶᠠᠷ ᠶᠠᠪᠤᠵᠦ᠍ ᠤᠳᠤᠬᠢᠴᠢᠯᠠᠯᠲᠠ᠎ᠶ᠋ᠢ ᠪᠡᠶᠡᠯᠡᠭᠦᠯᠬᠦ᠌ ᠬᠦᠭ᠌ᠵᠢᠯᠲᠡ᠎ᠶ᠋ᠢᠨ ᠪᠠᠢᠯᠲᠤᠬᠤ ᠪᠤᠳᠤᠯᠭ᠎ᠠ᠎ᠶ᠋ᠢ ᠲᠤᠬ᠍ᠲᠠᠭᠠᠪᠠ᠄ ᠨᠢᠭᠡᠲᠦᠭᠡᠷ ᠠᠯᠬᠤᠮ᠎ᠳᠤ᠂ 1981 ᠤᠨ᠎ᠠᠴᠠ 1990 ᠤᠨ ᠪᠤᠯᠲᠠᠯ᠎ᠠ ᠤᠯᠤᠰ ᠠᠷᠠᠳ᠎ᠤᠨ ᠦᠢᠯᠡᠳᠪᠦᠷᠢᠯᠡᠯ᠎ᠤᠨ ᠶᠡᠷᠦᠩᠬᠡᠢ ᠦᠷᠲᠡᠭ᠎ᠢ ᠲᠠᠬᠢᠨ᠎ᠢᠶᠠᠷ ᠨᠡᠮᠡᠭ᠌ᠲᠡᠭᠦᠯᠵᠦ᠍᠂ ᠢᠲᠡᠵᠦ᠍ ᠡᠮᠦᠰᠭᠦ᠎ᠳᠡᠭᠡᠨ ᠵᠦᠪ ᠪᠤᠯᠭᠠᠨ᠎ᠠ; ᠬᠤᠶᠠᠳᠤᠭᠠᠷ ᠠᠯᠬᠤᠮ᠎ᠳᠤ᠂ 1991 ᠤᠨ᠎ᠠᠴᠠ 20 ᠳ᠋ᠤᠭᠠᠷ ᠵᠠᠭᠤᠨ᠎ᠤ ᠡᠴᠦᠰ ᠪᠤᠯᠲᠠᠯ᠎ᠠ ᠲᠠᠬᠢᠭᠠᠳ ᠬᠤᠶᠠᠷ ᠲᠠᠬᠢᠨ ᠨᠡᠮᠡᠭ᠌ᠲᠡᠭᠦᠯᠵᠦ᠍᠂ ᠴᠢᠨᠡᠭᠡᠯᠢᠭ ᠬᠡᠮᠵᠢᠶᠡᠨ᠎ᠳᠤ ᠬᠦᠷᠬᠡᠨ᠎ᠡ; ᠭᠤᠷᠪᠠᠳᠤᠭᠠᠷ ᠠᠯᠬᠤᠮ᠎ᠳᠤ 21 ᠳ᠋ᠦ᠍ᠭᠡᠷ ᠵᠠᠭᠤᠨ᠎ᠤ ᠲᠤᠮᠲᠠᠴᠢ ᠦᠶ᠎ᠡ ᠪᠤᠯᠬᠤ᠎ᠳᠤ ᠲᠠᠬᠢᠭᠠᠳ ᠲᠦᠷᠪᠡᠨ ᠲᠠᠬᠢᠨ ᠨᠡᠮᠡᠭ᠌ᠲᠡᠭᠦᠯᠵᠦ᠍᠂ ᠲᠤᠮᠲᠠ ᠵᠡᠷᠭᠡ᠎ᠶ᠋ᠢᠨ ᠬᠦᠭ᠌ᠵᠢᠭ᠌ᠰᠡᠨ ᠤᠯᠤᠰ᠎ᠤᠨ ᠬᠡᠮᠵᠢᠶᠡᠨ᠎ᠳᠤ ᠬᠦᠷᠬᠡᠨ᠎ᠡ᠃ 《ᠭᠤᠷᠪᠠᠨ ᠠᠯᠬᠤᠮ᠎ᠢᠶᠠᠷ ᠶᠠᠪᠤᠬᠤ》 ᠪᠠᠢᠯᠳᠤᠬᠤ ᠪᠤᠳᠤᠯᠭ᠎ᠠ ᠪᠤᠯ ᠮᠠᠨ᠎ᠤ ᠤᠯᠤᠰ᠎ᠤᠨ ᠨᠡᠢᠭᠡᠮ ᠵᠢᠷᠦᠮ᠎ᠤᠨ ᠤᠳᠤᠬᠢᠴᠢᠯᠠᠯᠲᠠ᠎ᠶ᠋ᠢᠨ ᠠᠬᠢᠴᠠ᠎ᠶ᠋ᠢ ᠦᠨᠡᠨ ᠬᠦ᠌ ᠦᠢᠯᠡᠲᠦᠯᠭᠡᠵᠢᠭᠦᠯᠵᠦ᠍ ᠪᠤᠯᠬᠤ ᠠᠯᠬᠤᠮ ᠲᠠᠷᠠᠭ᠎ᠠ᠎ᠲᠠᠢ ᠪᠤᠯᠭᠠᠨ ᠪᠤᠲᠠᠲᠠᠢᠵᠢᠭᠤᠯᠵᠦ᠍᠂ ᠪᠦᠬᠦ᠌ ᠤᠯᠤᠰ᠎ᠤᠨ ᠠᠷᠠᠳ ᠲᠦᠮᠡᠨ᠎ᠢ ᠵᠤᠷᠢᠬ᠍ᠵᠢᠭᠤᠯᠤᠨ ᠬᠠᠮᠲᠦ᠎ᠶ᠋ᠢᠨ ᠬᠦᠰᠡᠯᠡᠩ᠎ᠤᠨ ᠲᠦᠯᠦᠭᠡ ᠲᠡᠮᠡᠴᠡᠬᠦ᠌ ᠠᠵᠢᠯᠯᠠᠭᠠᠨ᠎ᠤ ᠬᠦᠲᠦᠯᠪᠦᠷᠢ ᠪᠤᠯᠵᠠᠢ᠃

ᠨᠠᠮ᠎ᠤᠨ ᠠᠷᠪᠠᠨ ᠭᠤᠷᠪᠠᠳᠤᠭᠠᠷ ᠶᠡᠭᠡ ᠬᠤᠷᠠᠯ᠎ᠤᠨ ᠪᠠᠰᠠ ᠨᠢᠭᠡᠨ ᠴᠢᠬᠤᠯᠠ ᠠᠭᠤᠯᠭ᠎ᠠ ᠪᠤᠯ ᠤᠯᠤᠰ ᠲᠦᠷᠦ᠎ᠶ᠋ᠢᠨ ᠪᠠᠢᠭᠤᠯᠤᠮᠵᠢ᠎ᠶ᠋ᠢᠨ ᠦᠭᠡᠷᠡᠴᠢᠯᠡᠯᠲᠡ ᠪᠤᠯᠤᠨ᠎ᠠ᠃ ᠳ᠋ᠧᠩ ᠱᠢᠶᠤᠤ ᠫᠢᠩ᠎ᠤᠨ ᠤᠯᠤᠰ ᠲᠦᠷᠦ᠎ᠶ᠋ᠢᠨ ᠪᠠᠢᠭᠤᠯᠤᠮᠵᠢ᠎ᠶ᠋ᠢᠨ ᠦᠭᠡᠷᠡᠴᠢᠯᠡᠯᠲᠡ᠎ᠶ᠋ᠢᠨ ᠲᠤᠬᠠᠢ ᠦᠵᠡᠯ ᠰᠠᠨᠠᠭ᠎ᠠ᠎ᠶ᠋ᠢ ᠦᠨᠳᠦᠰᠦᠯᠡᠨ᠂ ᠨᠠᠮ᠎ᠤᠨ ᠠᠷᠪᠠᠨ ᠭᠤᠷᠪᠠᠳᠤᠭᠠᠷ ᠶᠡᠭᠡ ᠬᠤᠷᠠᠯ᠎ᠠᠴᠠ ᠤᠯᠤᠰ ᠲᠦᠷᠦ᠎ᠶ᠋ᠢᠨ ᠪᠠᠢᠭᠤᠯᠤᠮᠵᠢ᠎ᠶ᠋ᠢᠨ ᠦᠭᠡᠷᠡᠴᠢᠯᠡᠯᠲᠡ᠎ᠶ᠋ᠢᠨ ᠠᠯᠤᠰ᠎ᠤᠨ ᠬᠠᠷᠠᠯᠲᠠ ᠪᠤᠯ ᠲᠡᠭᠡᠲᠦ ᠬᠡᠮᠵᠢᠶᠡᠨ᠎ᠤ ᠠᠷᠠᠳᠴᠢᠯᠠᠯ᠎ᠲᠠᠢ᠂ ᠬᠠᠤᠯᠢ ᠲᠦᠷᠢᠮ ᠲᠡᠭᠦᠯᠲᠡᠷᠵᠢᠭ᠌ᠰᠡᠨ᠂ ᠦᠷ᠎ᠡ ᠪᠦᠲᠦᠮᠵᠢ ᠰᠠᠢᠲᠠᠢ᠂ ᠠᠮᠢᠵᠢᠷᠠᠯ᠎ᠤᠨ ᠬᠦᠴᠦᠨ᠎ᠢᠶᠠᠷ ᠪᠢᠯᠬᠠᠮ᠎ᠠ ᠨᠡᠢᠭᠡᠮ ᠵᠢᠷᠦᠮ᠎ᠤᠨ ᠤᠯᠤᠰ ᠲᠦᠷᠦ᠎ᠶ᠋ᠢᠨ ᠪᠠᠢᠭᠤᠯᠤᠮᠵᠢ᠎ᠶ᠋ᠢ ᠪᠠᠢᠭᠤᠯᠬᠤ ᠶᠠᠪᠤᠲᠠᠯ ᠪᠤᠯᠤᠨ᠎ᠠ ᠬᠡᠵᠦ᠍ ᠲᠤᠲᠤᠷᠬᠠᠢ ᠲᠤᠷᠠᠳᠤᠨ ᠭᠠᠷᠭᠠᠪᠠ᠃

(《ᠰᠤᠷᠤᠯᠴᠠᠯᠭ᠎ᠠ᠎ᠶ᠋ᠢᠨ ᠬᠦᠴᠦᠷᠭᠡᠭ ᠤᠯᠤᠰ》 ᠱᠢᠯᠵᠢᠶ᠎ᠡ᠎ᠠᠴᠠ ᠬᠠᠨ ᠯᠢᠩ ᠯᠢᠩ ᠤᠷᠴᠢᠭᠤᠯᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号