● 《ᠲᠦᠮᠡᠨ ᠭᠠᠵᠠᠷ᠎ᠤᠨ ᠴᠠᠶ᠎ᠶ᠋ᠢᠨ ᠵᠠᠮ》 ᠪᠤᠯ ᠲᠣᠷᠭᠠᠨ ᠵᠠᠮ᠎ᠤᠨ ᠳᠠᠷᠠᠭᠠᠬᠢ ᠧᠦ᠋ᠷᠣᠫᠠ ᠠᠽᠢᠶ᠎ᠠ᠎ᠶ᠋ᠢᠨ ᠡᠬᠡ ᠬᠠᠭᠤᠷᠠᠶ᠎ᠳᠤ ᠡᠭᠦᠰᠦᠭ᠌ᠰᠡᠨ ᠪᠠᠰᠠ ᠨᠢᠭᠡᠨ ᠴᠢᠬᠤᠯᠠ ᠣᠯᠠᠨ ᠤᠯᠤᠰ᠎ᠤᠨ ᠬᠤᠳᠠᠯᠳᠤᠭᠠᠨ᠎ᠤ ᠵᠠᠮ ᠪᠣᠯᠤᠨ᠎ᠠ᠃
● 300 ᠭᠠᠷᠤᠶ ᠵᠢᠯ ᠦᠷᠭᠦᠯᠵᠢᠯᠡᠭ᠌ᠰᠡᠨ 《ᠲᠦᠮᠡᠨ ᠭᠠᠵᠠᠷ᠎ᠤᠨ ᠴᠠᠶ᠎ᠶ᠋ᠢᠨ ᠵᠠᠮ》 ᠨᠢ ᠳᠤᠮᠳᠠᠳᠤ ᠮᠣᠩᠭᠤᠯ ᠣᠷᠣᠰ᠎ᠲᠤ ᠶᠡᠭᠡ ᠬᠡᠮᠵᠢᠶᠡᠨ᠎ᠤ ᠰᠣᠶᠣᠯ᠎ᠤᠨ ᠥᠪ ᠦᠯᠡᠳᠡᠭᠡᠵᠡᠶ᠃
● 《ᠲᠦᠮᠡᠨ ᠭᠠᠵᠠᠷ᠎ᠤᠨ ᠴᠠᠶ᠎ᠶ᠋ᠢᠨ ᠵᠠᠮ》 ᠨᠢ ᠳᠤᠮᠳᠠᠳᠤ ᠮᠣᠩᠭᠤᠯ ᠣᠷᠣᠰ᠎ᠤᠨ ᠬᠤᠭᠤᠷᠣᠨᠳᠣᠬᠢ ᠠᠷᠠᠯᠵᠢᠶ᠎ᠠ᠎ᠶ᠋ᠢ ᠬᠥᠭ᠌ᠵᠢᠭᠦᠯᠵᠦ᠍᠂ ᠬᠤᠳᠠᠯᠳᠤᠭᠠᠴᠢᠨ ᠪᠠ ᠤᠯᠤᠰ ᠣᠷᠣᠨ ᠴᠥᠮ ᠠᠱᠢᠭ ᠭᠥᠷᠳᠡᠪᠡ᠃
● 《ᠲᠦᠮᠡᠨ ᠭᠠᠵᠠᠷ᠎ᠤᠨ ᠴᠠᠢ᠎ᠶ᠋ᠢᠨ ᠵᠠᠮ》 ᠪᠣᠯ 《ᠨᠢᠭᠡ ᠪᠦᠰᠡ ᠨᠢᠭᠡ ᠵᠠᠮ》 ᠤᠨ ᠰᠠᠨᠠᠭᠠᠴᠢᠯᠠᠭ᠎ᠠ᠎ᠳᠠᠬᠢ ᠰᠣᠶᠣᠯ ᠢᠷᠭᠡᠨᠱᠢᠯ᠎ᠤᠨ ᠨᠡᠪᠲᠡᠷᠡᠯᠴᠡᠭᠡ᠂ ᠠᠷᠠᠯᠵᠢᠶ᠎ᠠ ᠵᠢᠭᠤᠯᠴᠢᠯᠠᠯ᠎ᠤᠨ ᠬᠠᠮᠲᠤᠷᠠᠯᠴᠠᠭᠠᠨ᠎ᠤ ᠴᠢᠬᠤᠯᠠ ᠵᠠᠮ ᠮᠥᠨ᠃

ᠬᠤᠲᠠ ᠪᠣᠯ ᠲᠦᠮᠡᠨ ᠭᠠᠵᠠᠷ᠎ᠤᠨ ᠴᠠᠶ᠎ᠶ᠋ᠢᠨ ᠵᠠᠮ᠎ᠤᠨ ᠠᠮᠢᠨ ᠰᠦᠨᠡᠰᠦ ᠮᠥᠨ᠂ ᠪᠠᠰᠠ ᠴᠤ᠌ ᠲᠦᠮᠡᠨ ᠭᠠᠵᠠᠷ᠎ᠤᠨ ᠴᠠᠶ᠎ᠶ᠋ᠢᠨ ᠵᠠᠮ᠎ᠤᠨ ᠰᠣᠶᠣᠯ ᠬᠢᠭᠡᠳ ᠵᠣᠷᠢᠭ ᠰᠠᠨᠠᠭᠠᠨ᠎ᠤ ᠠᠴᠢᠶᠠᠯᠠᠭ᠍ᠴᠢ ᠮᠥᠨ᠃ ᠲᠦᠮᠡᠨ ᠭᠠᠵᠠᠷ᠎ᠤᠨ ᠴᠠᠢ᠎ᠶ᠋ᠢᠨ ᠵᠠᠮ᠎ᠤᠨ ᠬᠠᠮᠵᠢᠯᠴᠠᠭᠠᠨ᠎ᠤ ᠴᠣᠭ᠍ᠴᠠ᠎ᠶ᠋ᠢᠨ ᠭᠦᠢᠴᠡᠳᠭᠡᠭ᠌ᠴᠢ ᠲᠡᠷᠢᠭᠦᠯᠡᠭ᠌ᠴᠢ ᠭᠦᠸᠧ ᠵᠢᠶᠧ ᠲᠦᠷᠦᠭᠦᠬᠡᠨ᠎ᠳᠤ ᠬᠤᠷᠠᠯᠳᠤᠭ᠍ᠰᠠᠨ ᠨᠠᠢ᠍ᠮᠠᠳᠤᠭᠠᠷ ᠬᠤᠭᠤᠴᠠᠭᠠᠨ᠎ᠤ ᠳᠤᠮᠳᠠᠳᠤ ᠮᠣᠩᠭᠤᠯ ᠤᠷᠤᠰ᠎ᠤᠨ ᠲᠦᠮᠡᠨ ᠭᠠᠵᠠᠷ᠎ᠤᠨ ᠴᠠᠢ᠎ᠶ᠋ᠢᠨ ᠵᠠᠮ (ᠲᠤᠯᠤᠨ ᠨᠤᠤᠷ) ᠤᠨ ᠬᠤᠲᠠ᠎ᠶ᠋ᠢᠨ ᠬᠠᠮᠲᠤᠷᠠᠯᠴᠠᠭᠠᠨ᠎ᠤ ᠬᠤᠷᠠᠯ ᠳᠡᠭᠡᠷ᠎ᠡ 《ᠬᠡᠰᠡᠭ 〈ᠨᠠᠪᠴᠢ〉 ᠨᠢ ᠬᠤᠲᠠ᠎ᠶ᠋ᠢᠨ ᠬᠤᠯᠪᠤᠭᠠᠯᠠᠯ᠎ᠢ ᠨᠡᠩ ᠨᠢᠭ᠍ᠲᠠᠷᠠᠭᠤᠯᠳᠠᠭ᠂ ᠬᠤᠲᠠ᠎ᠶ᠋ᠢᠨ ᠬᠥᠭ᠌ᠵᠢᠯᠲᠡ᠎ᠳᠤ ᠵᠦᠢᠯ᠎ᠤᠨ ᠴᠡᠴᠡᠭ ᠦᠩᠭᠡ ᠪᠤᠯᠢᠶᠠᠯᠳᠤᠨ ᠳᠡᠯᠭᠡᠷᠡᠪᠡᠯ ᠰᠠᠶᠢ ᠬᠠᠷᠠᠭ᠎ᠠ ᠪᠤᠯᠢᠶᠠᠭ᠍ᠰᠠᠨ ᠦᠩᠭᠡ ᠦᠵᠡᠮᠵᠢ᠎ᠲᠠᠢ ᠪᠤᠯᠵᠤ ᠴᠢᠳᠠᠨ᠎ᠠ》 ᠭᠡᠵᠦ᠍ ᠢᠯᠡᠳᠭᠡᠪᠡ᠃
8 ᠰᠠᠷ᠎ᠠ᠎ᠶ᠋ᠢᠨ 1 — 3 ᠤ ᠡᠳᠦᠷ ᠪᠣᠯᠲᠠᠯ᠎ᠠ᠂ ᠲᠤᠯᠤᠨ ᠨᠤᠤᠷ ᠱᠢᠶᠠᠨ᠎ᠳᠤ ᠬᠤᠷᠠᠯᠳᠤᠭ᠍ᠰᠠᠨ ᠨᠠᠢ᠍ᠮᠠᠳᠤᠭᠠᠷ ᠬᠤᠭᠤᠴᠠᠭᠠᠨ᠎ᠤ ᠳᠤᠮᠳᠠᠳᠤ ᠮᠣᠩᠭᠤᠯ ᠤᠷᠤᠰ᠎ᠤᠨ ᠲᠦᠮᠡᠨ ᠭᠠᠵᠠᠷ᠎ᠤᠨ ᠴᠠᠢ᠎ᠶ᠋ᠢᠨ ᠵᠠᠮ (ᠲᠤᠯᠤᠨ ᠨᠤᠤᠷ) ᠤᠨ ᠬᠤᠲᠠ᠎ᠶ᠋ᠢᠨ ᠬᠠᠮᠲᠤᠷᠠᠯᠴᠠᠭᠠᠨ᠎ᠤ ᠬᠤᠷᠠᠯ᠎ᠳᠤ ᠳᠤᠮᠳᠠᠳᠤ ᠮᠣᠩᠭᠤᠯ ᠣᠷᠣᠰ ᠭᠤᠷᠪᠠᠨ ᠤᠯᠤᠰ᠎ᠤᠨ 60 ᠵᠠᠩᠭᠢᠯᠠᠭ᠎ᠠ᠎ᠶ᠋ᠢᠨ ᠴᠡᠭ᠎ᠤᠨ ᠬᠤᠲᠠ᠎ᠶ᠋ᠢᠨ ᠭᠤᠤᠯ ᠬᠠᠷᠢᠭᠤᠴᠠᠯᠭᠠᠲᠠᠨ᠂ 100 ᠱᠢᠬᠠᠮ ᠲᠤᠰᠭᠠᠶ ᠮᠡᠷᠭᠡᠵᠢᠯᠲᠡᠨ᠂ ᠡᠷᠳᠡᠮᠲᠡᠨ ᠪᠠ ᠠᠵᠤ ᠠᠬᠤᠢᠯᠠᠯ᠎ᠤᠨ ᠬᠠᠷᠢᠭᠤᠴᠠᠯᠭᠠᠲᠠᠨ ᠨᠠᠷ ᠣᠷᠣᠯᠴᠠᠵᠤ᠂ ᠣᠯᠠᠨ ᠤᠯᠤᠰ᠎ᠤᠨ ᠬᠠᠮᠲᠤᠷᠠᠯᠴᠠᠭ᠎ᠠ᠂ ᠠᠵᠤ ᠦᠶ᠋ᠯᠡᠰ᠎ᠤᠨ ᠠᠭᠤᠰᠤᠯᠴᠠᠯ᠂ ᠵᠠᠯᠠᠭᠤᠴᠤᠳ᠎ᠤᠨ ᠱᠢᠨ᠎ᠡ᠎ᠶ᠋ᠢ ᠡᠭᠦᠳᠬᠦ᠂ ᠰᠣᠶᠣᠯ᠎ᠤᠨ ᠥᠪ᠎ᠢ ᠬᠠᠮᠲᠤᠷᠠᠨ ᠡᠷᠡᠮᠡᠯᠵᠡᠯᠡᠬᠦ᠌ ᠳᠥᠷᠪᠡᠨ ᠲᠠᠯ᠎ᠠ᠎ᠠᠴᠠ ᠱᠢᠨ᠎ᠡ ᠴᠠᠭ ᠦᠶ᠎ᠡ᠎ᠶ᠋ᠢᠨ ᠳᠤᠮᠳᠠᠳᠤ ᠮᠣᠩᠭᠤᠯ ᠣᠷᠣᠰ ᠭᠤᠷᠪᠠᠨ ᠤᠯᠤᠰ᠎ᠤᠨ ᠬᠤᠲᠠ᠎ᠶ᠋ᠢᠨ ᠬᠤᠭᠤᠷᠣᠨᠳᠣᠬᠢ ᠰᠣᠶᠣᠯ᠎ᠤᠨ ᠰᠣᠯᠢᠯᠴᠠᠭ᠎ᠠ ᠲᠤᠯᠢᠳᠠᠯ᠂ ᠠᠵᠤ ᠠᠬᠤᠶ᠎ᠶ᠋ᠢᠨ ᠨᠡᠪᠲᠡᠷᠡᠯᠴᠡᠭᠡ ᠬᠤᠯᠪᠣᠭᠠᠯᠠᠯ᠎ᠢ ᠠᠬᠢᠭᠤᠯᠬᠤ ᠵᠡᠷᠬᠡ ᠣᠯᠠᠨ ᠵᠦᠶ᠋ᠯ᠎ᠤᠨ ᠠᠷᠭ᠎ᠠ ᠬᠡᠮᠵᠢᠶ᠎ᠡ᠎ᠶ᠋ᠢ ᠬᠠᠮᠲᠤ᠎ᠪᠠᠷ ᠵᠥᠪᠳᠡᠯᠴᠡᠭ᠌ᠰᠡᠨ ᠪᠢᠯᠡ᠃

ᠱᠠᠨ ᠰᠢ ᠴᠢᠭᠤᠯᠭᠠᠨ᠎ᠤ ᠤᠯᠠᠮᠵᠢᠯᠠᠯᠳᠦ ᠬᠦᠳᠡᠯᠭᠡᠭᠡᠨ᠎ᠤ ᠴᠠᠭ ᠬᠤᠭᠤᠴᠠᠭᠠᠨ᠎ᠤ ᠬᠦᠰᠦᠨᠦᠭ᠌ᠳᠤ ᠪᠠ ᠠᠭᠤᠯᠭ᠎ᠠ
ᠲᠤᠰ ᠰᠤᠨᠢᠨ᠎ᠤ ᠰᠤᠷᠪᠤᠯᠵᠢᠯᠠᠭ᠍ᠴᠢ ᠭᠤᠤ ᠬᠤᠩ ᠯᠢᠶᠠᠨ ᠰᠡᠬᠦᠳᠡᠷᠯᠡᠪᠡ

ᠴᠢᠭᠤᠯᠭᠠᠨ ᠬᠤᠷᠠᠭ᠍ᠰᠠᠨ ᠬᠡᠢᠳ
ᠲᠤᠰ ᠰᠤᠨᠢᠨ᠎ᠤ ᠰᠤᠷᠪᠤᠯᠵᠢᠯᠠᠭ᠍ᠴᠢ ᠭᠤᠤ ᠬᠤᠩ ᠯᠢᠶᠠᠨ ᠰᠡᠬᠦᠳᠡᠷᠯᠡᠪᠡ

ᠮᠤᠨᠢ ᠠᠭᠤᠯᠠ ᠪᠤᠳᠠᠰ᠎ᠤᠨ ᠪᠤᠰᠤ ᠰᠤᠶᠤᠯ᠎ᠤᠨ ᠦᠪ ᠪᠠᠯᠭᠠᠰᠤ᠎ᠳᠠᠬᠢ ᠲᠦᠮᠡᠨ ᠭᠠᠵᠠᠷ᠎ᠤᠨ ᠴᠠᠢ᠎ᠶ᠋ᠢᠨ ᠵᠠᠮ᠎ᠤᠨ ᠦᠷᠳᠡᠭᠡ

ᠱᠠᠨ ᠰᠢ ᠴᠢᠭᠤᠯᠭᠠᠨ
ᠲᠤᠰ ᠰᠤᠨᠢᠨ᠎ᠤ ᠰᠤᠷᠪᠤᠯᠵᠢᠯᠠᠭ᠍ᠴᠢ ᠭᠤᠤ ᠬᠤᠩ ᠯᠢᠶᠠᠨ ᠰᠡᠬᠦᠳᠡᠷᠯᠡᠪᠡ
《ᠲᠦᠮᠡᠨ ᠭᠠᠵᠠᠷ᠎ᠤᠨ ᠴᠠᠶ᠎ᠶ᠋ᠢᠨ ᠵᠠᠮ》 ᠤᠨ ᠡᠬᠦᠰᠦᠯ
ᠲᠡᠥᠬᠡᠨ ᠳᠡᠮᠳᠡᠭ᠌ᠯᠡᠯᠢ ᠦᠨᠳᠦᠰᠦᠯᠡᠪᠡᠯ᠂ 《ᠲᠦᠮᠡᠨ ᠭᠠᠵᠠᠷ᠎ᠤᠨ ᠴᠠᠶ᠎ᠶ᠋ᠢᠨ ᠵᠠᠮ》 ᠨᠢ ᠴᠢᠩ ᠤᠯᠤᠰ᠎ᠤᠨ ᠦᠶ᠎ᠡ᠎ᠳᠠᠬᠢ ᠳᠣᠯᠣᠨ ᠨᠤᠤᠷ᠎ᠤᠨ ᠴᠢᠭᠤᠯᠭᠠᠨ᠎ᠠᠴᠠ ᠢᠷᠡᠯᠲᠡ᠎ᠲᠠᠢ ᠭᠡᠳᠡᠭ᠃ ᠡᠨᠡ ᠬᠦ᠌ ᠴᠠᠢ᠎ᠶ᠋ᠢᠨ ᠵᠠᠮ᠎ᠢ ᠬᠦᠴᠦᠯᠡᠨ ᠰᠤᠳᠤᠯᠵᠦ᠍᠂ ᠲᠡᠦᠬᠡ᠎ᠶ᠋ᠢᠨ ᠤᠬᠠᠭᠠᠨ᠎ᠤ ᠪᠦᠲᠦᠭᠡᠯ 《ᠴᠠᠢ᠎ᠶ᠋ᠢᠨ ᠵᠠᠮ》 ᠢ ᠪᠢᠴᠢᠵᠦ᠍ ᠬᠡᠪᠯᠡᠭᠦᠯᠦᠭ᠌ᠰᠡᠨ ᠥᠪᠥᠷ ᠮᠣᠩᠭᠤᠯ᠎ᠤᠨ ᠵᠣᠬᠢᠶᠠᠯᠴᠢ ᠳ᠋ᠧᠩ ᠵᠢᠦ ᠭᠠᠩ᠎ᠤᠨ ᠲᠠᠨᠢᠯᠴᠠᠭᠤᠯᠤᠭ᠍ᠰᠠᠨ᠎ᠢᠶᠠᠷ᠂ ᠲᠤᠬᠠᠢ᠎ᠶ᠋ᠢᠨ ᠦᠶ᠎ᠡ᠎ᠳᠤ ᠤᠷᠤᠰ᠎ᠤᠨ ᠬᠤᠳᠠᠯᠳᠤᠭᠠᠴᠢᠳ ᠠᠷᠭ᠎ᠠ ᠪᠦᠬᠦᠨ᠎ᠢ ᠰᠦᠪᠡᠭ᠌ᠴᠢᠯᠡᠨ ᠳᠤᠮᠳᠠᠳᠤ ᠤᠯᠤᠰ᠎ᠲᠤ ᠢᠷᠡᠵᠦ᠍ ᠴᠠᠢ ᠬᠤᠳᠠᠯᠳᠤᠨ ᠠᠪᠬᠤ ᠭᠤᠶᠤᠴᠢᠯᠠᠯ ᠭᠠᠷᠭᠠᠵᠤ᠂ 《ᠨᠢᠪᠦ᠋ᠴᠦ᠋ᠶ᠋ᠢᠨ ᠭᠡᠷ᠎ᠡ》 ᠲᠣᠭ᠍ᠲᠠᠭ᠍ᠰᠠᠨ᠎ᠤ ᠳᠠᠷᠠᠭ᠎ᠠ ᠴᠢᠩ ᠤᠯᠤᠰ᠎ᠤᠨ ᠵᠠᠰᠠᠭ᠎ᠤᠨ ᠭᠠᠵᠠᠷ ᠰᠠᠶᠢ ᠬᠢᠯᠢ᠎ᠶ᠋ᠢᠨ ᠪᠣᠭᠤᠮᠲᠠ᠎ᠶ᠋ᠢ ᠨᠡᠭᠡᠭᠡᠵᠦ᠍᠂ ᠤᠷᠤᠰ᠎ᠲᠠᠢ ᠠᠷᠠᠯᠵᠢᠶ᠎ᠠ ᠬᠢᠬᠦ᠌᠎ᠶ᠋ᠢ ᠵᠥᠪᠱᠢᠶᠡᠷᠡᠭ᠌ᠰᠡᠨ ᠪᠠᠢᠪᠠ᠃ ᠳᠡᠭᠡᠬᠦ᠌ᠳᠤ ᠣᠷᠣᠰ ᠮᠣᠩᠭᠤᠯ᠎ᠤᠨ ᠬᠤᠳᠠᠯᠳᠤᠭᠠᠨ᠎ᠤ ᠪᠣᠭᠤᠮᠲᠠ — ᠬᠢᠶᠠᠭ᠍ᠲᠤᠪᠠᠷ ᠳᠠᠮᠵᠢᠨ ᠳᠤᠮᠳᠠᠳᠤ ᠮᠣᠩᠭᠤᠯ ᠣᠷᠣᠰ᠎ᠤᠨ ᠠᠷᠠᠯᠵᠢᠶ᠎ᠠ ᠨᠡᠪᠲᠡᠷᠡᠵᠦ᠍᠂ ᠳᠤᠮᠳᠠᠳᠤ ᠤᠯᠤᠰ᠎ᠤᠨ ᠴᠠᠶ ᠬᠢᠶᠠᠭ᠍ᠳᠤᠪᠠᠷ ᠥᠩᠭᠡᠷᠡᠨ ᠲᠦᠮᠡᠨ ᠭᠠᠵᠠᠷ ᠠᠶᠠᠯᠠᠭ᠍ᠰᠠᠨᠤ ᠲᠠᠷᠠᠭ᠎ᠠ ᠰᠠᠶᠢ ᠣᠷᠣᠰ᠎ᠤᠨ ᠡᠷᠬᠢᠮ ᠬᠠᠲᠤᠭ᠍ᠲᠠᠶᠶ᠋ᠢᠨ ᠮᠥᠩᠭᠦᠨ ᠴᠣᠮᠣᠨ᠎ᠳᠤ ᠤᠷᠤᠵᠠᠢ᠃ ᠰᠤᠷᠪᠤᠯᠵᠢ ᠪᠢᠴᠢᠭ᠎ᠲᠠᠬᠢ ᠲᠡᠮᠳᠡᠭ᠌ᠯᠡᠯ᠎ᠢ ᠦᠨᠳᠦᠰᠦᠯᠡᠪᠡᠯ᠂ ᠬᠢᠶᠠᠬ᠍ᠳᠦ ᠪᠣᠭᠤᠮᠲᠠ᠎ᠶ᠋ᠢᠨ ᠵᠢᠯ᠎ᠤᠨ ᠠᠷᠠᠯᠵᠢᠶᠠᠨ᠎ᠤ ᠳᠣᠲᠣᠷ᠎ᠠ ᠴᠠᠶ᠎ᠶ᠋ᠢᠨ ᠬᠤᠪᠢ᠎ᠶ᠋ᠢᠨ ᠵᠢᠩ ᠶᠡᠷᠦ᠎ᠨᠢ 50% ᠠᠴᠠ ᠳᠡᠭᠡᠭ᠌ᠰᠢᠬᠢ᠎ᠶ᠋ᠢ ᠡᠵᠡᠯᠡᠵᠦ᠍ ᠪᠠᠢᠪᠠ᠃
《ᠲᠦᠮᠡᠨ ᠭᠠᠵᠠᠷ᠎ᠤᠨ ᠴᠠᠶ᠎ᠶ᠋ᠢᠨ ᠵᠠᠮ》 ᠪᠤᠯ ᠲᠣᠷᠭᠠᠨ ᠵᠠᠮ᠎ᠤᠨ ᠳᠠᠷᠠᠭᠠᠬᠢ ᠧᠦ᠋ᠷᠣᠫᠠ ᠠᠽᠢᠶ᠎ᠠ᠎ᠶ᠋ᠢᠨ ᠡᠬᠡ ᠬᠠᠭᠤᠷᠠᠶ᠎ᠳᠤ ᠡᠭᠦᠰᠦᠭ᠌ᠰᠡᠨ ᠪᠠᠰᠠ ᠨᠢᠭᠡᠨ ᠴᠢᠬᠤᠯᠠ ᠣᠯᠠᠨ ᠤᠯᠤᠰ᠎ᠤᠨ ᠬᠤᠳᠠᠯᠳᠤᠭᠠᠨ᠎ᠤ ᠵᠠᠮ ᠪᠣᠯᠤᠨ᠎ᠠ᠃ ᠹᠦᠵᠢᠶᠠᠨ᠎ᠤ ᠡᠦ ᠢ ᠱᠠᠨ ᠠᠭᠤᠯᠠᠨ᠎ᠠᠴᠠ ᠡᠬᠢᠯᠡᠵᠦ᠍᠂ ᠵᠢᠶᠠᠩᠰᠢ᠂ ᠠᠨᠾᠦ᠋ᠢ᠂ ᠬᠤᠨᠠᠨ᠂ ᠬᠤᠪᠸᠢ᠂ ᠾᠧᠨᠠᠨ᠂ ᠱᠠᠨ ᠰᠢ᠂ ᠾᠧᠪᠸᠢ᠂ ᠥᠪᠥᠷ ᠮᠣᠩᠭᠤᠯ ᠵᠡᠷᠭᠡ ᠭᠠᠵᠠᠷ᠎ᠢᠶᠠᠷ ᠥᠩᠭᠡᠷᠡᠵᠤ᠂ ᠮᠣᠩᠭᠤᠯ᠎ᠤᠨ ᠥᠨᠳᠦᠷᠯᠢᠭ᠎ᠢ ᠳᠤᠭᠤᠯᠤᠨ᠂ ᠬᠠᠮᠤᠭ᠎ᠤᠨ ᠰᠡᠬᠦᠯ᠎ᠳᠤ ᠣᠷᠣᠰ᠎ᠤᠨ ᠰᠠᠨᠲ ᠫᠧᠲ᠋ᠧᠷᠪᠦ᠋ᠷᠡᠭ᠎ᠲᠤ ᠬᠦᠷᠴᠦ᠍᠂ ᠪᠦᠬᠦ᠌ ᠵᠠᠮ᠎ᠨᠢ ᠪᠠᠷᠤᠭ 1.3 ᠲᠦᠮᠡᠨ ᠺᠢᠯᠣᠮᠧᠲᠷ ᠤᠷᠳᠤ ᠪᠠᠢᠵᠤ᠂ ᠲᠡᠦᠬᠡᠨ ᠳᠡᠭᠡᠷ᠎ᠡ ᠡᠬᠡ ᠬᠠᠭᠤᠷᠠᠶ᠎ᠶ᠋ᠢ ᠰᠤᠨᠳᠠᠯᠠᠭ᠍ᠰᠠᠨ ᠬᠠᠮᠤᠭ᠎ᠤᠨ ᠣᠷᠳᠣ ᠠᠷᠠᠯᠵᠢᠶ᠎ᠠ ᠬᠤᠳᠠᠯᠳᠤᠭᠠᠨ᠎ᠤ ᠵᠠᠮ ᠪᠤᠯᠬᠤ ᠶᠤᠮ᠃
ᠳᠤᠮᠳᠠᠳᠤ ᠤᠯᠤᠰ ᠪᠣᠯ ᠴᠠᠶ᠎ᠶ᠋ᠢᠨ ᠭᠠᠷᠤᠯᠲᠠ᠎ᠶ᠋ᠢᠨ ᠤᠯᠤᠰ᠂ ᠠᠯᠢ ᠡᠷᠲᠡ ᠨᠡᠢᠲᠡ᠎ᠶ᠋ᠢᠨ ᠤᠨ ᠲᠣᠭᠠᠯᠠᠯ᠎ᠤᠨ 16 ᠳ᠋ᠤᠭᠠᠷ ᠵᠠᠭᠤᠨ᠎ᠤ ᠦᠶ᠎ᠡ᠎ᠳᠤ ᠳᠤᠮᠳᠠᠳᠤ ᠤᠯᠤᠰ ᠨᠢᠭᠡᠨᠲᠡ ᠴᠠᠶ᠎ᠶ᠋ᠢ ᠭᠠᠳᠠᠭᠠᠳᠤ᠎ᠳᠤ ᠭᠠᠷᠭᠠᠭ᠍ᠰᠠᠨ ᠲᠡᠦᠬᠡ᠎ᠲᠠᠢ ᠪᠤᠯᠵᠤ᠂ 17 ᠳ᠋ᠤᠭᠠᠷ ᠵᠠᠭᠤᠨ ᠪᠣᠯᠬᠤ᠎ᠳᠤ ᠳᠤᠮᠳᠠᠳᠤ ᠤᠯᠤᠰ᠎ᠤᠨ ᠬᠡᠪ᠎ᠤᠨ ᠴᠠᠶ᠎ᠨᠢ ᠣᠷᠣᠰ ᠪᠣᠯᠤᠨ ᠧᠦ᠋ᠷᠣᠫᠠ ᠲᠢᠪ᠎ᠲᠤ ᠨᠢᠭᠡᠨᠲᠡ ᠨᠢᠭᠡᠨ ᠲᠣᠭ᠍ᠲᠠᠪᠤᠷᠢᠲᠠᠶ ᠪᠥᠭᠡᠳ ᠮᠤᠨᠳᠠᠭ ᠶᠡᠭᠡ ᠬᠡᠷᠡᠭ᠌ᠯᠡᠭ᠌ᠴᠢ᠎ᠶ᠋ᠢᠨ ᠪᠦᠯᠬᠦᠮ᠎ᠲᠠᠢ ᠪᠤᠯᠵᠠᠢ᠂ ᠢᠯᠠᠩᠭᠤᠶ᠎ᠠ ᠱᠢᠪᠧᠷᠢᠶ᠎ᠠ ᠣᠷᠴᠢᠮ᠎ᠤᠨ ᠤᠯᠠᠭᠠᠨ ᠴᠠᠭᠠᠨ ᠢᠳᠡᠭᠡᠨ᠎ᠢᠶᠠᠷ ᠭᠤᠣᠯ ᠢᠳᠡᠭᠡᠨ ᠪᠣᠯᠭᠠᠭ᠍ᠰᠠᠨ ᠨᠡᠭᠦᠳᠡᠯᠴᠢᠨ ᠦᠨᠳᠦᠰᠦᠲᠡᠨ 《ᠨᠢᠭᠡ ᠡᠳᠦᠷ ᠶᠠᠭᠤᠮ᠎ᠠ ᠢᠳᠡᠬᠦ᠌ ᠦᠭᠡᠶ ᠪᠠᠢᠭ᠍ᠰᠠᠨ ᠴᠤ᠌ ᠨᠢᠭᠡ ᠡᠳᠦᠷ ᠴᠠᠶ ᠤᠤᠭᠤᠬᠤ ᠦᠭᠡᠶ ᠪᠣᠯᠬᠤ ᠦᠭᠡᠶ》 ᠬᠡᠮᠵᠢᠶᠡᠨ᠎ᠳᠤ ᠬᠦᠷᠪᠠ᠃ ᠣᠷᠣᠰ᠎ᠲᠤ ᠤᠤᠭᠤᠳᠠᠭ ᠬᠡᠪ᠎ᠤᠨ ᠴᠠᠶ᠎ᠨᠢ ᠴᠥᠮ ᠳᠤᠮᠳᠠᠳᠤ ᠤᠯᠤᠰ᠎ᠤᠨ ᠡᠮᠦᠨᠡᠲᠦ ᠣᠷᠣᠨ᠎ᠠᠴᠠ ᠢᠷᠡᠭ᠌ᠰᠡᠨ ᠪᠠᠢᠬᠤ᠎ᠳᠤ ᠡᠵᠡᠩᠨᠡᠭ᠌ᠴᠢ᠎ᠨᠢ ᠬᠠᠷᠢᠨ ᠴᠠᠶ ᠳᠠᠷᠢᠳᠠᠭ ᠦᠭᠡᠶ ᠱᠠᠨ ᠰᠢ ᠮᠤᠵᠢ᠎ᠶ᠋ᠢᠨ ᠬᠤᠳᠠᠯᠳᠤᠭᠠᠴᠢᠳ ᠪᠣᠯᠤᠨ᠎ᠠ᠃
ᠱᠠᠨ ᠰᠢ᠎ᠶ᠋ᠢᠨ ᠬᠤᠳᠠᠯᠳᠤᠭᠠᠴᠢᠳ ᠡᠯᠪᠡᠭ ᠪᠠᠶᠠᠯᠢᠭ ᠡᠳ᠋᠎ᠤᠨ ᠬᠦᠴᠦ᠍᠂ ᠠᠮᠢᠳᠤᠯᠢᠭ ᠪᠥᠭᠡᠳ ᠬᠤᠪᠢᠷᠠᠯᠲᠠ ᠶᠡᠬᠡᠲᠡᠶ ᠡᠵᠡᠩᠨᠡᠯᠲᠡ᠎ᠶ᠋ᠢᠨ ᠠᠷᠭ᠎ᠠ ᠵᠠᠮ᠂ ᠱᠢᠷᠭᠠᠭᠤ ᠬᠠᠲᠠᠭᠤᠵᠢᠯᠲᠠᠶ ᠠᠵᠢᠯᠯᠠᠬᠤ ᠱᠢᠨᠳᠠᠰᠤ᠂ ᠵᠣᠷᠢᠭ᠍ᠲᠠᠶ᠎ᠪᠠᠷ ᠠᠳᠠᠯ ᠦᠢᠯᠡᠰ ᠴᠣᠭ᠍ᠴᠠᠯᠠᠬᠤ ᠡᠷᠴᠢ ᠵᠤᠷᠢᠭ᠎ᠢᠶᠠᠷ ᠬᠤᠯᠠ ᠵᠠᠮ᠎ᠤᠨ ᠫᠠᠨᠽᠠᠯᠠᠨ ᠵᠥᠭᠡᠭᠡᠪᠦᠷᠢᠯᠡᠬᠦ᠌ ᠠᠷᠠᠯᠵᠢᠶᠠᠨ᠎ᠤ ᠳᠤᠮᠳᠠ ᠠᠭᠠᠵᠢᠮ᠎ᠢᠶᠠᠷ ᠵᠠᠷᠢᠮ ᠬᠤᠳᠠᠯᠳᠤᠭᠠᠨ᠎ᠤ ᠵᠠᠮ᠂ ᠪᠠᠷᠠᠭᠠᠨ᠎ᠤ ᠵᠠᠮ᠎ᠢ ᠨᠡᠭᠡᠭᠡᠭ᠌ᠰᠡᠨ ᠪᠠ ᠪᠦᠷᠢᠯᠳᠦᠭᠦᠯᠵᠦ᠍᠂ ᠳᠡᠯᠡᠬᠡᠶ ᠳ᠋ᠠᠬᠢᠨ᠎ᠢ ᠨᠡᠪᠲᠡᠷᠡᠭᠦᠯᠦᠭ᠌ᠰᠡᠨ ᠪᠠᠢᠳᠠᠭ᠃
ᠬᠤᠳᠠ᠎ᠶ᠋ᠢᠨ ᠬᠦᠭ᠌ᠵᠢᠯᠳᠡ᠎ᠳᠤ ᠦᠵᠡᠬᠦᠯᠦᠭ᠌ᠰᠡᠨ ᠦᠢᠯᠡᠳᠦᠯ
ᠱᠠᠨ ᠰᠢ᠎ᠶ᠋ᠢᠨ ᠴᠠᠶ᠎ᠶ᠋ᠢᠨ ᠬᠤᠳᠠᠯᠳᠤᠭᠠᠴᠢᠳ ᠵᠢᠯ ᠪᠦᠷᠢ ᠵᠢᠶᠠᠩᠨᠠᠨ ᠣᠷᠣᠨ᠎ᠤ ᠴᠠᠶ ᠭᠠᠷᠳᠠᠭ ᠭᠠᠵᠠᠷ᠎ᠠᠴᠠ ᠴᠠᠶ ᠬᠤᠳᠠᠯᠳᠤᠨ ᠠᠪᠴᠤ᠌᠂ ᠲᠤᠬᠠᠶ᠎ᠶ᠋ᠢᠨ ᠭᠠᠵᠠᠷ᠎ᠲᠤᠨᠢ ᠪᠡᠯᠡ ᠣᠷᠣᠭᠤᠯᠤᠨ ᠦᠢᠯᠡᠳᠪᠦᠷᠢ ᠪᠠᠢᠭᠤᠯᠵᠤ᠂ ᠮᠢᠩᠭ᠎ᠠ ᠲᠦᠮᠡᠨ ᠲᠠᠷᠢᠶᠠᠴᠢᠨ᠎ᠢ ᠬᠥᠯᠥᠰᠥᠯᠡᠨ ᠴᠠᠶ ᠲᠡᠭᠦᠬᠦ᠌ ᠪᠠ ᠬᠡᠪ᠎ᠤᠨ ᠴᠠᠶ ᠪᠣᠯᠪᠠᠰᠤᠷᠠᠭᠤᠯᠬᠤ ᠠᠵᠢᠯ ᠬᠢᠯᠭᠡᠵᠦ᠍᠂ ᠬᠡᠪ᠎ᠤᠨ ᠴᠠᠶ᠎ᠶ᠋ᠢᠨ ᠦᠢᠯᠡᠳᠭᠡᠯ᠎ᠨᠢ ᠡᠮᠦᠨᠡᠲᠦ ᠣᠷᠣᠨ᠎ᠤ ᠴᠢᠬᠤᠯᠠ ᠭᠠᠷ ᠦᠢᠯᠡᠳᠪᠦᠷᠢ ᠪᠣᠯᠤᠭ᠍ᠰᠠᠨ ᠪᠠᠢᠨ᠎ᠠ᠃
ᠴᠢᠩ ᠤᠯᠤᠰ᠎ᠤᠨ ᠦᠶ᠎ᠡ᠎ᠳᠤ᠂ ᠳᠤᠮᠳᠠᠳᠤ ᠣᠷᠣᠰ ᠬᠤᠶᠠᠷ ᠲᠣᠮᠣ ᠤᠯᠤᠰ᠎ᠤᠨ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠠᠷᠠᠯᠵᠢᠶ᠎ᠠ᠎ᠨᠢ ᠴᠠᠶ᠎ᠶ᠋ᠢᠨ ᠠᠷᠠᠯᠵᠢᠶ᠎ᠠ ᠪᠠᠢᠭ᠍ᠰᠠᠨ᠂ ᠳᠤᠮᠳᠠᠳᠤ ᠣᠷᠣᠰ᠎ᠤᠨ ᠴᠠᠶ᠎ᠶ᠋ᠢᠨ ᠵᠠᠮ᠎ᠤᠨ ᠴᠡᠴᠡᠭ᠌ᠯᠡᠯ᠎ᠨᠢ ᠮᠠᠨ᠎ᠤ ᠤᠯᠤᠰ᠎ᠤᠨ ᠳᠣᠲᠣᠷ᠎ᠠ ᠭᠠᠵᠠᠷ᠎ᠤᠨ ᠴᠠᠶ ᠳᠠᠷᠢᠬᠤ ᠦᠶ᠋ᠯᠡᠰ ᠪᠠ ᠲᠡᠭᠡᠭᠡᠪᠦᠷᠢ᠎ᠶ᠋ᠢᠨ ᠦᠶ᠋ᠯᠡᠰ᠎ᠤᠨ ᠬᠥᠭ᠌ᠵᠢᠯᠲᠡ᠎ᠶ᠋ᠢ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠲᠠᠯ᠎ᠠ ᠨᠤᠲᠤᠭ ᠪᠤᠯᠤᠨ ᠣᠷᠣᠰ᠎ᠤᠨ ᠱᠢᠪᠧᠷᠢᠶ᠎ᠠ᠎ᠶ᠋ᠢᠨ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠬᠦᠴᠦᠲᠡᠶ ᠠᠬᠢᠭᠤᠯᠵᠤ᠂ ᠴᠠᠶ ᠵᠦᠭᠡᠬᠡᠪᠦᠷᠢᠯᠡᠬᠦ᠌ ᠲᠡᠮᠡᠭᠡᠨ ᠵᠢᠩ᠎ᠤᠨ ᠵᠠᠮ ᠳᠠᠭᠠᠤ ᠠᠲᠠᠷ ᠬᠡᠭᠡᠷ᠎ᠡ ᠪᠠᠢᠭ᠍ᠰᠠᠨ ᠭᠠᠵᠠᠷ᠎ᠤᠳ᠎ᠲᠤ ᠬᠤᠲᠠ ᠪᠠᠯᠭᠠᠰᠤ ᠰᠡᠬᠦ᠋ᠢᠨ ᠪᠣᠰᠴᠤ᠌᠂ ᠧᠦ᠋ᠷᠣᠫᠠ᠎ᠶ᠋ᠢᠨ ᠪᠣᠯᠪᠠᠰᠤᠨ ᠬᠢᠭᠡᠳ ᠳᠤᠮᠳᠠᠳᠤ ᠤᠯᠤᠰ᠎ᠤᠨ ᠳᠤᠮᠳᠠᠳᠤ ᠣᠷᠣᠨ᠎ᠤ ᠪᠣᠯᠪᠠᠰᠤᠨ ᠠᠳᠡ ᠠᠭᠤᠰᠤᠯᠴᠠᠨ᠂ ᠳᠤᠮᠳᠠᠳᠤ ᠤᠯᠤᠰ ᠪᠣᠯᠤᠨ ᠧᠦ᠋ᠷᠣᠫᠠ ᠲᠢᠪ ᠡᠨᠡ ᠬᠦ᠌ ᠬᠤᠳᠠᠯᠳᠤᠭᠠᠨ᠎ᠤ ᠵᠠᠮ᠎ᠢᠶᠠᠷ ᠪᠣᠳᠠᠰ᠎ᠤᠨ ᠪᠠ ᠪᠣᠯᠪᠠᠰᠤᠨ᠎ᠤ ᠰᠣᠯᠢᠯᠴᠠᠭ᠎ᠠ ᠬᠢᠵᠦ᠍ ᠪᠠᠢᠵᠠᠢ᠃
ᠲᠦᠮᠡᠨ ᠭᠠᠵᠠᠷ᠎ᠤᠨ ᠴᠠᠶ᠎ᠶ᠋ᠢᠨ ᠵᠠᠮ ᠬᠦᠭ᠌ᠵᠢᠨ ᠴᠡᠴᠡᠭ᠌ᠯᠡᠬᠦ᠌᠎ᠠᠴᠠ ᠡᠮᠦᠨ᠎ᠡ ᠮᠣᠩᠭᠤᠯ᠎ᠤᠨ ᠥᠨᠳᠦᠷᠯᠢᠭ ᠪᠠ ᠱᠢᠪᠧᠷᠢᠶ᠎ᠠ᠎ᠶ᠋ᠢᠨ ᠭᠠᠵᠠᠷ ᠣᠷᠣᠨ ᠮᠥᠨ ᠯᠡ ᠡᠵᠡᠬᠦᠢ ᠠᠭᠤᠳᠠᠮ᠂ ᠬᠥᠮᠦᠨ ᠠᠮᠠ ᠴᠥᠭᠡᠨ ᠪᠠᠢᠳᠠᠯ᠎ᠲᠠᠢ ᠪᠠᠢᠭ᠍ᠰᠠᠨ ᠶᠤᠮ᠃ ᠠᠷᠠᠯᠵᠢᠶ᠎ᠠ ᠬᠤᠳᠠᠯᠳᠤᠭ᠎ᠠ ᠬᠦᠭ᠌ᠵᠢᠨ ᠴᠡᠴᠡᠭ᠌ᠯᠡᠬᠦ᠌᠎ᠶ᠋ᠢ ᠳᠠᠭᠠᠯᠳᠤᠨ ᠦᠯᠡᠮᠵᠢ ᠣᠯᠠᠨ ᠬᠥᠮᠦᠨ ᠤᠰᠤᠨ ᠵᠠᠮ᠂ ᠬᠠᠭᠤᠷᠠᠶ ᠵᠠᠮ᠎ᠤᠨ ᠲᠡᠭᠡᠭᠡᠪᠦᠷᠢ ᠡᠷᠭᠢᠯᠡᠵᠦ᠍᠂ ᠠᠷᠠᠯᠵᠢᠶ᠎ᠠ ᠬᠤᠳᠠᠯᠳᠤᠭ᠎ᠠ᠎ᠶ᠋ᠢᠨ ᠦᠶ᠋ᠯᠡᠴᠢᠯᠡᠭᠡᠨ᠎ᠤ ᠦᠶ᠋ᠯᠡᠰ᠎ᠢ ᠲᠦᠷᠭᠡᠨ ᠬᠥᠭ᠌ᠵᠢᠭᠦᠯᠵᠦ᠍᠂ ᠲᠤᠬᠠᠶ᠎ᠶ᠋ᠢᠨ ᠦᠶ᠎ᠡ᠎ᠶ᠋ᠢᠨ ᠬᠤᠲᠠ ᠪᠠᠯᠭᠠᠰᠤᠵᠢᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠤᠨ᠂ ᠦᠯᠡᠮᠵᠢ ᠣᠯᠠᠨ ᠬᠤᠲᠠ ᠪᠠᠯᠭᠠᠰᠤ 《ᠲᠦᠮᠡᠨ ᠭᠠᠵᠠᠷ᠎ᠤᠨ ᠴᠠᠶ᠎ᠶ᠋ᠢᠨ ᠵᠠᠮ》 ᠤᠨ ᠨᠥᠯᠥᠭᠡᠯᠡᠯ ᠳᠤᠤᠷ᠎ᠠ ᠰᠣᠶᠣᠭᠠᠯᠠᠨ ᠪᠤᠢᠵᠢᠭ᠍ᠰᠠᠨ ᠠᠵᠢ᠃
ᠬᠤᠲᠠ᠎ᠶ᠋ᠢᠨ ᠬᠥᠭ᠌ᠵᠢᠯᠲᠡ᠎ᠨᠢ ᠪᠠᠰᠠ ᠠᠷᠠᠯᠵᠢᠶ᠎ᠠ ᠬᠤᠳᠠᠯᠳᠤᠭᠠᠨ᠎ᠤ ᠴᠡᠴᠡᠭ᠌ᠯᠡᠨ ᠬᠥᠭ᠌ᠵᠢᠬᠦ᠌᠎ᠶ᠋ᠢ ᠠᠬᠢᠭᠤᠯᠤᠨ᠂ ᠳᠡᠯᠭᠡᠭᠦᠷ ᠬᠤᠳᠠᠯᠳᠤᠭ᠎ᠠ ᠰᠡᠬᠦ᠋ᠢᠨ ᠰᠦᠨᠳᠡᠷᠯᠡᠵᠦ᠍᠂ ᠬᠡᠪᠴᠢᠶ᠎ᠡ᠎ᠨᠢ ᠶᠠᠪᠤᠬᠤ ᠲᠤᠲᠤᠮ ᠶᠡᠭᠡ ᠪᠣᠯᠵᠠᠢ᠃ ᠲᠤᠬᠠᠶ᠎ᠶ᠋ᠢᠨ ᠦᠶ᠎ᠡ᠎ᠶ᠋ᠢᠨ ᠬᠠᠮᠤᠭ᠎ᠤᠨ ᠨᠡᠷ᠎ᠡ᠎ᠲᠠᠢ ᠶᠡᠭᠡ ᠬᠤᠳᠠᠯᠳᠤᠭ᠎ᠠ ᠪᠣᠯ ᠳ᠋ᠠ ᠱᠧᠩ ᠺᠦᠶ ᠪᠣᠯᠤᠨ᠎ᠠ᠃ 200 ᠭᠠᠷᠤᠶ ᠵᠢᠯ᠎ᠤᠨ ᠬᠤᠭᠤᠴᠠᠭᠠᠨ᠎ᠳᠤ᠂ ᠶᠡᠷᠦᠩᠬᠡᠶ ᠵᠠᠬᠢᠷᠭ᠎ᠠ᠎ᠪᠠᠨ ᠬᠦᠶ ᠬᠤᠸᠠ (ᠤᠳᠤ᠎ᠶ᠋ᠢᠨ ᠬᠦᠬᠡᠬᠤᠳᠠ) ᠳᠤ ᠪᠠᠢᠭᠤᠯᠤᠭ᠍ᠰᠠᠨ ᠳ᠋ᠠ ᠱᠧᠩ ᠺᠦᠶ᠎ᠶ᠋ᠢᠨ ᠥᠪᠥᠷ ᠮᠣᠩᠭᠤᠯ ᠪᠣᠯᠤᠨ ᠳᠤᠮᠳᠠᠳᠤ ᠤᠯᠤᠰ᠎ᠤᠨ ᠡᠮᠦᠨᠡᠲᠦ ᠤᠮᠠᠷᠠᠲᠤ᠎ᠶ᠋ᠢᠨ ᠪᠤᠰᠤᠳ ᠭᠠᠵᠠᠷ ᠣᠷᠣᠨ᠎ᠳᠤ ᠪᠠᠢᠭᠤᠯᠤᠭ᠍ᠰᠠᠨ ᠬᠤᠪᠢᠶᠠᠷᠢ ᠲᠣᠰᠭᠤᠨ᠂ ᠬᠤᠪᠢᠶᠠᠷᠢ ᠫᠦᠰᠡ᠂ ᠵᠤᠭᠤᠰ᠎ᠤᠨ ᠫᠦᠰᠡ᠂ ᠮᠠᠯᠵᠢᠯ᠎ᠤᠨ ᠲᠠᠯᠠᠪᠠᠶ᠂ ᠮᠤᠷᠢᠨ ᠳᠠᠯᠠᠪᠠᠢ᠂ ᠴᠠᠶ ᠪᠣᠯᠪᠠᠰᠤᠷᠠᠭᠤᠯᠬᠤ ᠦᠢᠯᠡᠳᠪᠦᠷᠢ ᠬᠡᠳᠦᠨ ᠠᠷᠪᠠ᠎ᠳᠤ ᠬᠦᠷᠴᠦ᠍᠂ ᠡᠵᠡᠩᠨᠡᠯᠲᠡ᠎ᠶ᠋ᠢᠨ ᠡᠳ᠋ ᠪᠣᠳᠠᠰ᠎ᠨᠢ 《ᠲᠣᠷᠭ᠎ᠠ ᠳᠤᠷᠳᠤᠩ᠎ᠠᠴᠠ ᠰᠣᠩᠭᠢᠨ᠎ᠠ ᠰᠠᠷᠢᠮᠰᠠᠭ》 ᠬᠦᠷᠲᠡᠯ᠎ᠡ ᠪᠦᠷᠢᠨ ᠪᠠᠢᠵᠠᠶ᠃ ᠥᠨᠥᠳᠦᠷ ᠳ᠋ᠠ ᠱᠧᠩ ᠺᠦᠢ ᠰᠣᠶᠣᠯ᠎ᠤᠨ ᠪᠦᠲᠦᠭᠡᠯᠴᠢ ᠠᠵᠤ ᠦᠢᠯᠡᠰ᠎ᠤᠨ ᠬᠦᠷᠢᠶᠡᠯᠡᠩ᠎ᠨᠢ ᠬᠥᠬᠡᠬᠤᠲᠠ᠎ᠶ᠋ᠢᠨ ᠢᠦ᠋ᠢᠴᠢᠤᠸᠠᠨ ᠲᠣᠭᠤᠷᠢᠭ᠎ᠲᠤ ᠪᠠᠢᠷᠢᠯᠠᠵᠤ᠂ ᠨᠢᠬᠡᠨᠳᠡ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ ᠪᠣᠯᠤᠭ᠍ᠰᠠᠨ ᠪᠢᠯᠡ᠃
ᠰᠤᠶᠤᠯ᠎ᠤᠨ ᠤᠯᠠᠮᠵᠢᠯᠠᠯ
300 ᠭᠠᠷᠤᠶ ᠵᠢᠯ ᠦᠷᠭᠦᠯᠵᠢᠯᠡᠭ᠌ᠰᠡᠨ 《ᠲᠦᠮᠡᠨ ᠭᠠᠵᠠᠷ᠎ᠤᠨ ᠴᠠᠶ᠎ᠶ᠋ᠢᠨ ᠵᠠᠮ》 ᠨᠢ ᠳᠤᠮᠳᠠᠳᠤ ᠮᠣᠩᠭᠤᠯ ᠣᠷᠣᠰ᠎ᠲᠤ ᠶᠡᠭᠡ ᠬᠡᠮᠵᠢᠶᠡᠨ᠎ᠤ ᠰᠣᠶᠣᠯ᠎ᠤᠨ ᠥᠪ ᠦᠯᠡᠳᠡᠭᠡᠵᠡᠶ᠃ ᠵᠢᠱ᠌ᠢᠶᠡᠯᠡᠪᠡᠯ᠂ ᠣᠷᠣᠰ᠎ᠤᠨ ᠬᠢᠶᠠᠭ᠍ᠲᠤ᠂ ᠮᠣᠩᠭᠤᠯ ᠤᠯᠤᠰ᠎ᠤᠨ ᠤᠯᠢᠶᠠᠰᠤᠲᠠᠢ᠎ᠶ᠋ᠢᠨ ᠬᠠᠭᠤᠴᠢᠨ ᠬᠤᠲᠠ᠎ᠶ᠋ᠢᠨ ᠪᠠᠭᠤᠷᠢ᠂ ᠳᠤᠮᠳᠠᠳᠤ ᠤᠯᠤᠰ᠎ᠤᠨ ᠶᠠᠩ ᠯᠧᠦ ᠳ᠋ᠦᠩ ᠡᠷᠲᠡᠨ᠎ᠤ ᠪᠠᠯᠭᠠᠰᠤ ᠵᠡᠷᠭᠡ ᠬᠤᠲᠠ ᠪᠠᠯᠭᠠᠰᠤ᠂ ᠪᠠᠰᠠ ᠴᠢᠭᠤᠯᠭᠠᠨ ᠬᠤᠷᠠᠭ᠍ᠰᠠᠨ ᠬᠡᠢᠳ (ᠬᠦᠬᠡ ᠰᠦᠮ᠎ᠡ)᠂ ᠬᠢᠯᠢ᠎ᠶ᠋ᠢᠨ ᠡᠭᠦᠳᠡ ᠵᠡᠷᠭᠡ ᠪᠠᠷᠢᠯᠭᠠᠨᠤᠭᠤᠳ ᠵᠢᠴᠢ ᠲᠣᠭᠠᠯᠠᠰᠢ ᠥᠬᠡᠶ ᠣᠯᠠᠨ ᠴᠠᠶ᠎ᠶ᠋ᠢᠨ ᠰᠠᠪᠠ᠂ ᠳᠡᠪᠦᠷ᠎ᠡ ᠵᠡᠷᠭᠡ ᠲᠡᠦᠬᠡ᠎ᠶ᠋ᠢᠨ ᠳᠤᠷᠠᠰᠭᠠᠯᠲᠤ ᠵᠦᠶ᠋ᠯᠡᠰ ᠪᠤᠯ ᠴᠦᠮ ᠲᠤᠬᠠᠶ᠎ᠶ᠋ᠢᠨ ᠵᠢᠯ᠎ᠤᠨ ᠲᠡᠥᠬᠡ᠎ᠶ᠋ᠢ ᠬᠡᠷᠡᠴᠢᠯᠡᠬᠦ᠌ ᠴᠢᠬᠤᠯᠠ ᠪᠣᠳᠠᠰ᠎ᠤᠨ ᠭᠡᠷᠡᠴᠢ ᠪᠣᠯᠬᠤ ᠶᠤᠮ᠃
ᠥᠪᠥᠷ ᠮᠣᠩᠭᠤᠯ᠎ᠤᠨ ᠲᠤᠯᠤᠨ ᠨᠤᠤᠷ ᠱᠢᠶᠠᠨ ᠪᠣᠯ 《ᠲᠦᠮᠡᠨ ᠭᠠᠵᠠᠷ᠎ᠤᠨ ᠴᠠᠢ᠎ᠶ᠋ᠢᠨ ᠵᠠᠮ》 ᠳᠡᠭᠡᠷᠡᠬᠢ ᠴᠢᠬᠤᠯᠠ ᠵᠠᠩᠭᠢᠯᠠᠭ᠎ᠠ᠎ᠶ᠋ᠢᠨ ᠭᠠᠵᠠᠷ ᠪᠤᠯᠬᠤ ᠰᠠᠨ᠃ ᠲᠤᠬᠠᠢ᠎ᠶ᠋ᠢᠨ ᠦᠶ᠎ᠡ᠎ᠶ᠋ᠢᠨ ᠳᠤᠯᠤᠨ ᠨᠤᠤᠷ᠎ᠲᠤ ᠠᠵᠤ ᠠᠬᠤᠢ ᠬᠦᠭ᠌ᠵᠢᠨ ᠴᠡᠴᠡᠭ᠌ᠯᠡᠵᠤ᠂ ᠬᠤᠳᠠᠯᠳᠤᠭᠠᠨ᠎ᠤ ᠳᠡᠯᠭᠡᠭᠦᠷ ᠫᠦᠰᠡ᠂ ᠭᠠᠷ ᠦᠢᠯᠡᠳᠪᠦᠷᠢ᠎ᠶ᠋ᠢᠨ ᠦᠢᠯᠡᠳᠭᠡᠯ᠎ᠤᠨ ᠭᠠᠵᠠᠷ᠂ ᠬᠤᠳᠠᠯᠳᠤᠭᠠᠴᠢᠳ᠎ᠤᠨ ᠦᠷᠭᠦᠭᠡ᠂ ᠰᠦᠮ᠎ᠡ ᠬᠡᠢᠳ᠂ ᠠᠷᠠᠳ᠎ᠤᠨ ᠰᠠᠭᠤᠴᠠ ᠵᠢᠭ᠌ᠳᠡᠷᠡᠨ᠂ 《ᠡᠮᠦᠨᠡᠰᠢ᠎ᠪᠠᠨ ᠲᠤᠮᠳᠠᠳᠤ᠎ᠶ᠋ᠢᠨ ᠪᠤᠶᠠᠨ᠎ᠲᠠᠢ᠂ ᠤᠮᠠᠷᠠᠰᠢ᠎ᠪᠠᠨ ᠮᠣᠩᠭᠤᠯ᠎ᠤᠨ ᠡᠳ᠋ ᠪᠠᠶᠠᠯᠢᠭ᠎ᠲᠠᠢ ᠬᠤᠯᠪᠤᠭ᠍ᠰᠠᠨ》 《ᠭᠤᠪᠢ᠎ᠶ᠋ᠢᠨ ᠡᠮᠦᠨᠡᠬᠢ ᠬᠤᠳᠠᠯᠳᠤᠭᠠᠨ᠎ᠤ ᠬᠤᠳᠠ》 ᠪᠤᠯᠵᠦ᠍ ᠬᠦᠭ᠌ᠵᠢᠪᠡ᠃
ᠲᠤᠯᠤᠨ ᠨᠤᠤᠷ ᠱᠢᠶᠠᠨ᠎ᠤ ᠬᠤᠳᠠ᠎ᠶ᠋ᠢᠨ ᠬᠤᠢᠲᠤ ᠲᠠᠯ᠎ᠠ᠎ᠳᠤ ᠴᠢᠭᠤᠯᠭᠠᠨ ᠬᠤᠷᠠᠭ᠍ᠰᠠᠨ ᠬᠡᠢᠳ ᠭᠡᠵᠦ᠍ ᠶᠡᠭᠡ ᠬᠡᠪᠴᠢᠶ᠎ᠠ᠎ᠲᠠᠢ ᠰᠦᠮ᠎ᠡ ᠬᠡᠢᠳ ᠪᠠᠢᠳᠠᠭ᠃ ᠰᠦᠮ᠎ᠡ᠎ᠶ᠋ᠢᠨ ᠰᠤᠭ᠍ᠴᠢᠨ ᠲᠤᠭᠠᠩ᠎ᠤᠨ ᠠᠷᠤ᠎ᠳᠤ ᠨᠢᠭᠡᠨ 《ᠡᠩᠬᠡ ᠠᠮᠤᠭᠤᠯᠠᠩ᠎ᠤᠨ ᠴᠢᠭᠤᠯᠭᠠᠨ ᠴᠢᠭᠤᠯᠬᠤ ᠬᠥᠱᠢᠶ᠎ᠡ》 ᠪᠠᠢᠵᠦ᠍᠂ ᠬᠥᠱᠢᠶᠡᠨ ᠳᠡᠭᠡᠷ᠎ᠡ ᠮᠠᠨᠵᠤ᠂ ᠬᠢᠲᠠᠳ᠂ ᠲᠥᠪᠡᠳ᠂ ᠮᠣᠩᠭᠤᠯ ᠳᠥᠷᠪᠡᠨ ᠵᠦᠢᠯ᠎ᠤᠨ ᠦᠰᠦᠭ᠎ᠤᠨ ᠰᠡᠢᠯᠪᠦᠷᠢ᠎ᠲᠠᠢ᠃ ᠴᠢᠭᠤᠯᠭᠠᠨ ᠬᠤᠷᠠᠭ᠍ᠰᠠᠨ ᠬᠡᠢᠳ ᠪᠠᠢᠭᠤᠯᠤᠭ᠍ᠳᠠᠬᠤ᠎ᠶ᠋ᠢ ᠳᠠᠭᠠᠯᠳᠤᠨ ᠵᠡᠰ ᠮᠥᠩᠭᠦᠨ ᠪᠤᠷᠬᠠᠨ᠎ᠤ ᠬᠥᠷᠥᠭ᠎ᠤᠨ ᠬᠡᠷᠡᠭ᠌ᠴᠡᠭᠡ ᠶᠡᠭᠡ᠎ᠪᠠᠷ ᠨᠡᠮᠡᠭ᠌ᠳᠡᠵᠦ᠍᠂ ᠨᠡᠩ ᠴᠤ᠌ ᠲᠤᠰ ᠰᠦᠮ᠎ᠡ᠎ᠨᠢ ᠬᠠᠭᠠᠨ᠎ᠤ ᠤᠭ᠍ᠰᠠᠭᠠᠨ᠎ᠤ ᠰᠦᠮ᠎ᠡ ᠬᠡᠢᠳ ᠪᠣᠯᠬᠤᠷ ᠭᠠᠷ ᠤᠷᠠᠯᠠᠯ᠎ᠤᠨ ᠪᠦᠲᠦᠭᠡᠭ᠌ᠳᠡᠬᠦᠨ᠎ᠤ ᠴᠢᠨᠠᠷ ᠪᠣᠯᠤᠨ ᠬᠢᠴᠡ ᠤᠷᠠᠯᠠᠯ᠎ᠳᠤ ᠮᠠᠰᠢ ᠴᠢᠩᠭ᠎ᠠ ᠱᠠᠭᠠᠷᠳᠠᠯᠭ᠎ᠠ᠎ᠲᠠᠢ ᠪᠠᠢᠳᠠᠭ᠃ ᠡᠢᠮᠦ᠎ᠠᠴᠠ ᠳᠣᠯᠣᠨ ᠨᠤᠤᠷ᠎ᠤᠨ ᠵᠡᠰ ᠳᠠᠷᠬᠠᠨ᠎ᠤ ᠫᠦᠰᠡ ᠠᠰᠤᠷᠤ ᠲᠣᠮᠣ ᠬᠦᠷᠢᠶ᠎ᠡ ᠴᠠᠷᠠᠭ᠎ᠠ᠎ᠲᠠᠢ ᠮᠦᠷᠳᠡᠭᠡᠨ ᠬᠢᠴᠡ᠎ᠨᠢ ᠤᠷᠠᠨ ᠨᠠᠷᠢᠯᠢᠭ ᠪᠠᠢᠵᠦ᠍᠂ ᠲᠤᠯᠤᠨ ᠨᠤᠤᠷ 《ᠬᠤᠶᠠᠳᠤᠭᠠᠷ ᠪᠡᠭᠡᠵᠢᠩ》 ᠬᠡᠮᠡᠭ᠌ᠳᠡᠨ᠂ ᠬᠤᠯᠠ᠎ᠠᠴᠠ ᠲᠥᠪᠡᠳ ᠪᠣᠯᠤᠨ ᠤᠯᠠᠭᠠᠨᠪᠠᠭᠠᠲᠤᠷ᠎ᠤᠨ ᠬᠦᠷᠡᠯ ᠪᠤᠷᠬᠠᠨ ᠬᠦᠷᠲᠡᠯ᠎ᠡ᠂ ᠣᠯᠠᠩᠬᠢᠶ᠋ᠢᠨᠢ ᠪᠦᠷ ᠲᠤᠯᠤᠨ ᠨᠤᠤᠷ᠎ᠤᠨ ᠬᠦᠷᠡᠯ ᠳᠠᠷᠬᠠᠨᠴᠤᠳ ᠪᠦᠲᠦᠭᠡᠭ᠌ᠰᠡᠨ ᠬᠡᠳᠡᠭ᠃
ᠲᠤᠯᠤᠨ ᠨᠤᠤᠷ ᠱᠢᠶᠠᠨ᠎ᠤ ᠪᠠᠷᠠᠭᠤᠨ ᠡᠮᠦᠨ᠎ᠡ᠂ ᠪᠠᠰᠠ ᠨᠢᠭᠡᠨ 《ᠱᠠᠨ ᠰᠢ ᠴᠢᠭᠤᠯᠭᠠᠨ》 ᠬᠡᠮᠡᠬᠦ᠌ ᠱᠠᠨ ᠰᠢ᠎ᠶ᠋ᠢᠨ ᠬᠤᠳᠠᠯᠳᠤᠭᠠᠴᠢᠳ᠎ᠤᠨ ᠦᠷᠭᠦᠭᠡ ᠪᠠᠢᠳᠠᠭ᠃ ᠴᠢᠩ ᠤᠯᠤᠰ᠎ᠤᠨ ᠦᠶ᠎ᠡ᠎ᠳᠤ ᠳᠣᠯᠣᠨ ᠨᠤᠤᠷ᠎ᠤᠨ ᠠᠵᠤ ᠠᠬᠤᠶ ᠬᠦᠭ᠌ᠵᠢᠨ ᠴᠡᠴᠡᠭ᠌ᠯᠡᠵᠤ᠂ ᠬᠤᠳᠠᠯᠳᠤᠭᠠᠴᠢᠳ ᠠᠳᠡ ᠬᠤᠷᠠᠨ ᠴᠤᠭ᠍ᠯᠠᠷᠠᠯᠠ᠃ ᠡᠬᠦᠨ᠎ᠳᠤ ᠱᠠᠨ ᠰᠢ᠎ᠶ᠋ᠢᠨ ᠬᠤᠳᠠᠯᠳᠤᠭᠠᠴᠢᠨ᠎ᠤ ᠲᠤᠭ᠎ᠠ ᠬᠠᠮᠤᠭ᠎ᠤᠨ ᠣᠯᠠᠨ ᠪᠣᠯᠵᠤ᠂ ᠱᠠᠨ ᠰᠢ᠎ᠶ᠋ᠢᠨ ᠬᠤᠳᠠᠯᠳᠤᠭᠠᠴᠢᠳ ᠪᠡᠯᠡ ᠴᠤᠭ᠍ᠯᠠᠭᠤᠯᠤᠨ 《ᠱᠠᠨ ᠰᠢ ᠴᠢᠭᠤᠯᠭᠠᠨ》 ᠢ ᠪᠠᠢᠭᠤᠯᠵᠤ᠂ ᠲᠩᠷᠢ ᠲᠡᠳᠬᠦᠭ᠌ᠴᠢ᠎ᠶ᠋ᠢᠨ ᠠᠷᠪᠠᠨ ᠳᠥᠷᠪᠡᠳᠦᠭᠡᠷ ᠤᠨ (1749 ᠤᠨ) ᠳᠤ ᠪᠠᠷᠢᠯᠭ᠎ᠠ᠎ᠪᠠᠨ ᠲᠠᠭᠤᠰᠭᠠᠪᠠ᠃ ᠰᠡᠭᠦᠯᠡᠷ᠎ᠨᠢ ᠪᠠᠰᠠ ᠣᠯᠠᠨ ᠤᠳᠠᠭ᠎ᠠ ᠰᠡᠯᠪᠢᠨ ᠵᠠᠰᠠᠵᠤ ᠥᠷᠭᠡᠳᠭᠡᠨ ᠪᠠᠢᠭᠤᠯᠤᠭᠠᠳ ᠨᠡᠯᠢᠶᠡᠳ ᠶᠡᠭᠡ ᠬᠡᠪᠴᠢᠶ᠎ᠡ᠎ᠲᠠᠢ ᠪᠣᠯᠵᠠᠢ᠃ 《ᠱᠠᠨ ᠰᠢ ᠴᠢᠭᠤᠯᠭᠠᠨ》 ᠪᠠᠢᠭᠤᠯᠤᠭ᠍ᠳᠠᠭ᠍ᠰᠠᠨ᠎ᠨᠢ ᠱᠠᠨ ᠰᠢ᠎ᠶ᠋ᠢᠨ ᠬᠤᠳᠠᠯᠳᠤᠭᠠᠴᠢᠳ᠎ᠲᠤ ᠶᠡᠭᠡ ᠵᠤᠷᠢᠭ᠍ᠵᠢᠭᠤᠯ ᠪᠤᠯᠵᠤ᠂ ᠴᠢᠭᠤᠯᠭᠠᠨ᠎ᠳᠤ ᠤᠷᠤᠵᠦ᠍ ᠰᠠᠭᠤᠭ᠍ᠰᠠᠨ ᠬᠤᠳᠠᠯᠳᠤᠭᠠᠴᠢᠨ 1000 ᠬᠦᠮᠦᠨ᠎ᠢ ᠲᠠᠪᠠᠵᠠᠢ᠃ ᠴᠢᠭᠤᠯᠭᠠᠨ ᠪᠠᠢᠭᠤᠯᠤᠭ᠍ᠳᠠᠭ᠍ᠰᠠᠨ᠎ᠤ ᠳᠠᠷᠠᠭ᠎ᠠ᠂ ᠡᠯ᠎ᠡ ᠫᠦᠰᠡ᠎ᠶ᠋ᠢᠨ ᠳᠠᠭᠠᠭᠠᠮᠠᠯ ᠡᠭᠡᠯᠵᠢᠯᠡᠨ ᠬᠡᠷᠡᠭ ᠡᠷᠬᠢᠯᠡᠭ᠌ᠴᠢ ᠪᠣᠯᠵᠤ᠂ ᠬᠤᠷᠠᠯ ᠴᠤᠭ᠍ᠯᠠᠭ᠎ᠠ ᠬᠢᠵᠦ᠍ ᠬᠤᠳᠠᠯᠳᠤᠭᠠᠨ᠎ᠤ ᠶᠠᠪᠤᠳᠠᠯ᠂ ᠳᠦᠷᠢᠮ ᠲᠣᠭ᠍ᠲᠠᠭᠠᠯ᠎ᠢ ᠶᠠᠷᠢᠯᠴᠠᠳᠠᠭ ᠪᠠᠢᠪᠠ᠃ ᠲᠤᠰ ᠦᠷᠭᠦᠭᠡ᠎ᠨᠢ ᠬᠤᠳᠠᠯᠳᠤᠭᠠᠴᠢᠳ᠎ᠤᠨ ᠪᠦᠯᠬᠦᠮ ᠪᠠᠢᠭᠤᠯᠬᠤ᠂ ᠬᠤᠷᠠᠯ ᠴᠤᠭ᠍ᠯᠠᠭ᠎ᠠ ᠬᠢᠬᠦ᠂ ᠤᠴᠢᠷ ᠶᠠᠪᠤᠳᠠᠯ ᠵᠥᠪᠯᠡᠬᠦ᠌ ᠭᠠᠵᠠᠷ ᠪᠣᠯᠬᠤ᠎ᠪᠠᠷ ᠪᠠᠷᠠᠬᠤ ᠦᠭᠡᠢ ᠪᠠᠰᠠ ᠲᠡᠳᠡᠨ᠎ᠤ ᠵᠤᠭ᠎ᠠ ᠴᠡᠩᠭᠡᠯ᠎ᠤᠨ ᠭᠠᠵᠠᠷ ᠪᠤᠯᠬᠤ ᠶᠤᠮ᠃
ᠥᠪᠥᠷ ᠮᠣᠩᠭᠤᠯ᠎ᠤᠨ ᠡᠷᠢᠶᠡᠨ ᠬᠤᠲᠠ ᠪᠣᠯ ᠪᠠᠰᠠ ᠴᠤ᠌ 《ᠲᠦᠮᠡᠨ ᠭᠠᠵᠠᠷ᠎ᠤᠨ ᠴᠠᠶ᠎ᠶ᠋ᠢᠨ ᠵᠠᠮ》 ᠳᠡᠭᠡᠷᠡᠬᠢ ᠵᠠᠩᠭᠢᠯᠠᠭ᠎ᠠ᠎ᠶ᠋ᠢᠨ ᠬᠤᠲᠠ ᠮᠦᠨ᠃ ᠬᠤᠲᠠ᠎ᠶ᠋ᠢᠨ ᠵᠡᠭᠦᠨ ᠬᠤᠢᠲᠤ ᠬᠡᠰᠡᠭ᠎ᠲᠤ ᠣᠷᠣᠱᠢᠬᠤ 《ᠡᠷᠢᠶᠡᠨ ᠤᠯᠠᠭ᠎ᠠ ᠥᠷᠲᠡᠭᠡ》 ᠶ᠋ᠢᠨ ᠪᠠᠭᠤᠷᠢ ᠪᠣᠯ 《ᠲᠦᠮᠡᠨ ᠭᠠᠵᠠᠷ᠎ᠤᠨ ᠴᠠᠶ᠎ᠶ᠋ᠢᠨ ᠵᠠᠮ》 ᠤᠨ ᠴᠢᠬᠤᠯᠠ ᠥᠪ ᠬᠥᠷᠥᠩᠭᠡ ᠪᠣᠯᠤᠨ᠎ᠠ᠂ ᠲᠤᠰ ᠥᠷᠲᠡᠭᠡ᠎ᠶ᠋ᠢ ᠠᠩᠬ᠎ᠠ ᠴᠢᠩ ᠤᠯᠤᠰ᠎ᠤᠨ ᠰᠠᠢᠱᠢᠶᠠᠯ ᠢᠷᠥᠭᠡᠯᠲᠦ᠎ᠶ᠋ᠢᠨ ᠦᠶ᠎ᠡ᠎ᠳᠤ ᠪᠠᠢᠭᠤᠯᠵᠤ᠂ 《ᠲᠦᠮᠡᠨ ᠭᠠᠵᠠᠷ᠎ᠤᠨ ᠴᠠᠶ᠎ᠶ᠋ᠢᠨ ᠵᠠᠮ》 ᠤᠨ ᠴᠢᠭᠤᠯᠤᠯᠲᠤ ᠬᠠᠭᠠᠯᠭ᠎ᠠ᠎ᠠᠴᠠ ᠬᠦᠷᠢᠶ᠎ᠡ (ᠣᠲᠣ᠎ᠶ᠋ᠢᠨ ᠤᠯᠠᠭᠠᠨᠪᠠᠭᠠᠲᠤᠷ) ᠬᠥᠷᠬᠦ᠌ ᠵᠠᠮ ᠱᠤᠭᠤᠮ᠎ᠤᠨ ᠴᠢᠬᠤᠯᠠ ᠤᠯᠠᠭ᠎ᠠ ᠥᠷᠲᠡᠭᠡ ᠪᠠᠢᠵᠠᠶ᠃ ᠣᠳᠣ ᠠᠳᠡᠬᠢ ᠪᠠᠭᠤᠷᠢ᠎ᠨᠤᠭᠤᠳ᠎ᠨᠢ ᠲᠡᠮᠦᠷ ᠲᠣᠣᠷ᠎ᠲᠤ ᠬᠦᠷᠢᠶᠡᠯᠡᠭ᠌ᠳᠡᠵᠦ᠍᠂ ᠸᠠᠭᠠᠷ ᠰᠠᠪᠠ᠎ᠶ᠋ᠢᠨ ᠬᠠᠭᠠᠷᠠᠬᠠᠢ ᠬᠡᠯᠳᠡᠷᠬᠡᠢ᠎ᠨᠢ ᠡᠪᠡᠰᠦ ᠱᠢᠷᠣᠶ᠎ᠳᠤ ᠲᠠᠷᠤᠭ᠍ᠳᠠᠭ᠍ᠰᠠᠨ ᠴᠦ᠍ ᠦᠯᠡᠳᠡᠵᠦ᠍ ᠪᠠᠢᠭ᠎ᠠ ᠭᠡᠷ᠎ᠤᠨ ᠪᠠᠭᠤᠷᠢ ᠪᠠ ᠬᠦᠷᠢᠶ᠎ᠡ ᠬᠡᠷᠡᠮ᠎ᠢ ᠮᠦᠨ ᠬᠦ᠌ ᠣᠯᠵᠤ ᠬᠠᠷᠠᠬᠤ ᠶᠤᠮ᠃ ᠤᠯᠠᠭ᠎ᠠ ᠥᠷᠲᠡᠭᠡ᠎ᠠᠴᠠ ᠡᠮᠦᠨᠡᠰᠢ 200 ᠮᠧᠲᠷ ᠵᠠᠢᠲᠠᠶ ᠭᠠᠵᠠᠷ᠎ᠲᠤ ᠲᠤᠬᠠᠶ᠎ᠶ᠋ᠢᠨ ᠦᠶ᠎ᠡ᠎ᠳᠤ ᠬᠡᠷᠡᠭ᠌ᠯᠡᠵᠦ᠍ ᠪᠠᠢᠭ᠍ᠰᠠᠨ ᠬᠤᠶᠠᠷ ᠬᠤᠳᠳᠤᠭ ᠪᠦᠷᠢᠨ ᠪᠦᠲᠦᠨ ᠬᠠᠳᠠᠭᠠᠯᠠᠭ᠍ᠳᠠᠵᠤ᠂ ᠣᠲᠣ ᠪᠣᠯᠲᠠᠯ᠎ᠠ ᠣᠢᠷ᠎ᠠ ᠬᠠᠪᠢ᠎ᠶ᠋ᠢᠨ ᠮᠠᠯᠴᠢᠳ ᠮᠥᠨ ᠬᠡᠷᠡᠭ᠌ᠯᠡᠵᠦ᠍ ᠪᠠᠢᠭ᠍ᠰᠠᠭᠠᠷ᠃
ᠲᠡᠥᠬᠡᠳᠦ ᠠᠴᠢ ᠬᠤᠯᠪᠤᠭ᠍ᠳᠠᠯ ᠪᠠ ᠱᠢᠨ᠎ᠡ ᠴᠠᠭ᠎ᠤᠨ ᠬᠦᠭ᠌ᠵᠢᠯᠳᠡ
ᠧᠦ᠋ᠷᠣᠫᠠ ᠠᠽᠢᠶ᠎ᠠ᠎ᠶ᠋ᠢᠨ ᠡᠬᠡ ᠬᠠᠭᠤᠷᠠᠶ᠎ᠶ᠋ᠢ ᠰᠤᠨᠳᠠᠯᠠᠭ᠍ᠰᠠᠨ᠂ ᠳᠤᠮᠳᠠᠳᠤ ᠮᠣᠩᠭᠤᠯ ᠣᠷᠣᠰ ᠭᠤᠷᠪᠠᠨ ᠤᠯᠤᠰ᠎ᠢ ᠬᠤᠯᠪᠣᠭ᠍ᠰᠠᠨ᠂ ᠴᠠᠶ᠎ᠶ᠋ᠢᠨ ᠠᠷᠠᠯᠵᠢᠶ᠎ᠠ᠎ᠪᠠᠷ ᠭᠤᠤᠯ ᠴᠣᠭ᠍ᠴᠠ ᠪᠣᠯᠭᠠᠭ᠍ᠰᠠᠨ᠂ ᠲᠦᠮᠡᠨ ᠭᠠᠵᠠᠷ ᠦᠷᠭᠦᠯᠵᠢᠯᠡᠭ᠌ᠰᠡᠨ ᠡᠨᠡ ᠬᠦ᠌ ᠡᠷᠲᠡᠨ᠎ᠤ ᠬᠤᠳᠠᠯᠳᠤᠭᠠᠨ᠎ᠤ ᠵᠠᠮ᠎ᠨᠢ ᠣᠲᠣ ᠳᠤᠮᠳᠠᠳᠤ ᠮᠣᠩᠭᠤᠯ ᠣᠷᠣᠰ᠎ᠤᠨ ᠵᠠᠰᠠᠭ᠎ᠤᠨ ᠣᠷᠳᠣᠨ᠎ᠤ ᠠᠩᠬᠠᠷᠤᠯ᠎ᠢ ᠲᠦᠢᠯ᠎ᠢᠶᠠᠷ ᠲᠠᠲᠠᠵᠤ᠂ ᠭᠤᠷᠪᠠᠨ ᠤᠯᠤᠰ᠎ᠤᠨ ᠱᠢᠨ᠎ᠡ ᠡᠷᠢᠨ ᠵᠠᠭᠤᠨ᠎ᠤ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠪᠠᠨ ᠵᠣᠯᠭᠠᠭᠤᠯᠬᠤ᠂ ᠰᠣᠯᠢᠯᠴᠠᠭ᠎ᠠ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠬᠦ᠌ ᠴᠢᠬᠤᠯᠠ ᠬᠠᠮᠲᠤ᠎ᠶ᠋ᠢᠨ ᠲᠠᠨᠢᠯᠲᠠ ᠪᠣᠯᠤᠭ᠍ᠰᠠᠨ᠎ᠤ ᠬᠤᠪᠢ᠎ᠳᠤ᠂ ᠳᠤᠮᠳᠠᠳᠤ ᠮᠣᠩᠭᠤᠯ ᠣᠷᠣᠰ ᠨᠢᠭᠡᠨᠲᠡ 《ᠲᠦᠮᠡᠨ ᠭᠠᠵᠠᠷ᠎ᠤᠨ ᠴᠠᠶ᠎ᠶ᠋ᠢᠨ ᠵᠠᠮ》 ᠤᠨ ᠳᠡᠯᠡᠬᠡᠶ᠎ᠶ᠋ᠢᠨ ᠰᠣᠶᠣᠯ᠎ᠤᠨ ᠥᠪ᠎ᠢ ᠬᠠᠮᠲᠤᠷᠠᠨ ᠭᠤᠶᠤᠴᠢᠯᠠᠨ ᠮᠡᠳᠡᠭᠦᠯᠬᠦ᠌ ᠠᠵᠢᠯᠯᠠᠭ᠎ᠠ᠎ᠶ᠋ᠢ ᠥᠷᠨᠢᠭᠦᠯᠵᠤ ᠡᠬᠢᠯᠡᠪᠡ᠃
ᠳᠤᠮᠳᠠᠳᠤ ᠮᠣᠩᠭᠤᠯ ᠣᠷᠣᠰ ᠭᠤᠷᠪᠠᠨ ᠤᠯᠤᠰ᠎ᠤᠨ ᠬᠤᠯᠪᠣᠭ᠍ᠳᠠᠯ ᠪᠥᠬᠦᠶ ᠲᠤᠰᠭᠠᠶ ᠮᠡᠷᠭᠡᠵᠢᠯᠲᠡᠨ ᠡᠷᠳᠡᠮᠲᠡᠳ᠎ᠤᠨ ᠦᠵᠡᠬᠦ᠌᠎ᠪᠠᠷ᠂ 《ᠲᠦᠮᠡᠨ ᠭᠠᠵᠠᠷ᠎ᠤᠨ ᠴᠠᠶ᠎ᠶ᠋ᠢᠨ ᠵᠠᠮ》 ᠨᠢ ᠳᠤᠮᠳᠠᠳᠤ ᠮᠣᠩᠭᠤᠯ ᠣᠷᠣᠰ᠎ᠤᠨ ᠬᠤᠭᠤᠷᠣᠨᠳᠣᠬᠢ ᠠᠷᠠᠯᠵᠢᠶ᠎ᠠ᠎ᠶ᠋ᠢ ᠬᠥᠭ᠌ᠵᠢᠭᠦᠯᠵᠦ᠍᠂ ᠬᠤᠳᠠᠯᠳᠤᠭᠠᠴᠢᠨ ᠪᠠ ᠤᠯᠤᠰ ᠣᠷᠣᠨ ᠴᠥᠮ ᠠᠱᠢᠭ ᠭᠥᠷᠳᠡᠪᠡ᠃ ᠲᠡᠷᠡ᠎ᠨᠢ ᠮᠣᠩᠭᠤᠯ ᠤᠯᠤᠰ ᠪᠣᠯᠤᠨ ᠣᠷᠣᠰ᠎ᠤᠨ ᠨᠡᠭᠦᠳᠡᠯᠴᠢᠨ ᠮᠠᠯᠴᠢᠳ᠎ᠤᠨ ᠴᠠᠢ᠂ ᠲᠣᠷᠭᠠᠨ ᠨᠡᠬᠡᠮᠡᠯ᠂ ᠡᠳᠦᠷ ᠳᠣᠲᠣᠮ᠎ᠤᠨ ᠬᠡᠷᠡᠭ᠌ᠯᠡᠭᠡᠨ᠎ᠤ ᠵᠦᠢᠯ ᠪᠠ ᠢᠳᠡᠭᠡᠨ᠎ᠤ ᠵᠦᠢᠯ᠎ᠤᠨ ᠬᠡᠷᠡᠭ᠌ᠴᠡᠭᠡ᠎ᠶ᠋ᠢ ᠱᠢᠢᠳᠪᠦᠷᠢᠯᠡᠭ᠌ᠰᠡᠨᠤ ᠬᠠᠮᠲᠤ᠌᠂ ᠳᠤᠮᠳᠠᠳᠤ ᠤᠯᠤᠰ᠎ᠤᠨ ᠴᠠᠢ ᠭᠠᠷᠳᠠᠭ ᠥᠷᠭᠡᠨ ᠠᠭᠤᠳᠠᠮ ᠭᠠᠵᠠᠷ ᠣᠷᠣᠨ᠎ᠤ ᠲᠠᠷᠢᠮᠠᠯ᠎ᠤᠨ ᠦᠢᠯᠡᠰ ᠪᠣᠯᠤᠨ ᠪᠣᠯᠪᠠᠰᠤᠷᠠᠭᠤᠯᠬᠤ ᠦᠢᠯᠡᠰ ᠵᠢᠴᠢ ᠴᠠᠢ ᠲᠡᠭᠡᠭᠡᠪᠦᠷᠢᠯᠡᠨ ᠪᠣᠷᠣᠯᠠᠭᠤᠯᠬᠤ ᠭᠠᠵᠠᠷ ᠣᠷᠣᠨ᠎ᠤ ᠲᠡᠭᠡᠭᠡᠪᠦᠷᠢ᠎ᠶ᠋ᠢᠨ ᠦᠢᠯᠡᠰ ᠪᠣᠯᠤᠨ ᠮᠥᠩᠭᠦᠨ ᠭᠦᠢᠯᠭᠡᠭᠡᠨ᠎ᠤ ᠦᠢᠯᠡᠰ᠎ᠢ ᠳᠠᠢᠴᠢᠯᠠᠭ᠍ᠰᠠᠨ ᠪᠠᠢᠨ᠎ᠠ᠃
ᠡᠳᠦᠭᠡ ᠲᠡᠮᠦᠷ ᠵᠠᠮ᠂ ᠵᠠᠰᠠᠮᠠᠯ ᠵᠠᠮ ᠪᠣᠯᠤᠨ ᠠᠭᠠᠷ᠎ᠤᠨ ᠠᠶᠠᠯᠠᠯ ᠠᠯᠢ ᠡᠷᠲᠡ ᠡᠷᠲᠡᠨ᠎ᠤ ᠵᠠᠮ᠎ᠢ ᠣᠷᠣᠯᠠᠪᠠ᠂ ᠭᠡᠪᠡᠴᠦ᠍ ᠳᠤᠮᠳᠠᠳᠤ ᠮᠣᠩᠭᠤᠯ ᠤᠷᠤᠰ᠎ᠤᠨ ᠬᠤᠭᠤᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ ᠪᠠᠰᠠ 《ᠲᠦᠮᠡᠨ ᠭᠠᠵᠠᠷ᠎ᠤᠨ ᠴᠠᠢ᠎ᠶ᠋ᠢᠨ ᠵᠠᠮ》 ᠳᠡᠭᠡᠷ᠎ᠡ ᠲᠠᠰᠤᠷᠠᠯᠲᠠ ᠦᠭᠡᠢ ᠳᠡᠰ ᠳᠡᠪᠱᠢᠨ ᠭᠦᠨᠵᠡᠭᠡᠢᠷᠡᠵᠦ᠍᠂ ᠨᠢᠰᠭᠦ ᠮᠡᠲᠦ ᠳᠠᠪᠬᠢᠵᠤ ᠪᠠᠢᠭ᠎ᠠ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠂ ᠲᠡᠭ᠌ᠰᠢ ᠳᠠᠷᠳᠠᠩ ᠲᠦᠷᠭᠡᠨ᠎ᠤ ᠵᠠᠰᠠᠮᠠᠯ ᠵᠠᠮ ᠪᠣᠯᠤᠨ ᠬᠦᠷᠬᠢᠷᠡᠨ ᠱᠤᠤᠬᠢᠵᠤ ᠪᠠᠢᠭ᠎ᠠ ᠨᠢᠰᠭᠡᠯ᠎ᠨᠢ ᠡᠷᠢᠨ ᠵᠠᠭᠤᠨ᠎ᠤ ᠯᠤᠭ᠍ᠰᠢᠭᠤᠨ ᠰᠤᠳᠠᠯ᠎ᠤᠨ ᠬᠤᠯᠪᠣᠯᠳᠤᠨ ᠨᠡᠪᠲᠡᠷᠡᠯᠴᠡᠬᠦ᠌ ᠬᠤᠯᠪᠣᠭᠠᠰᠤ ᠪᠤᠯᠵᠤ᠂ ᠳᠤᠮᠳᠠᠳᠤ ᠮᠣᠩᠭᠤᠯ ᠣᠷᠣᠰ ᠭᠤᠷᠪᠠᠨ ᠤᠯᠤᠰ᠎ᠢ ᠨᠢᠭ᠍ᠲᠠ ᠬᠤᠯᠪᠣᠭ᠍ᠰᠠᠨ ᠪᠠᠢᠨ᠎ᠠ᠃
ᠳᠤᠮᠳᠠᠳᠤ᠎ᠶ᠋ᠢᠨ ᠰᠣᠶᠣᠯ᠎ᠢ ᠠᠬᠢᠭᠤᠯᠬᠤ ᠨᠡᠢᠭᠡᠮᠯᠢᠭ᠎ᠤᠨ ᠳᠡᠳ᠋ ᠲᠡᠷᠢᠭᠦᠯᠡᠭ᠌ᠴᠢ ᠭᠦᠸᠧ ᠵᠢᠶᠧ᠎ᠶ᠋ᠢᠨ ᠦᠵᠡᠬᠦ᠌᠎ᠪᠠᠷ᠂ 《ᠲᠦᠮᠡᠨ ᠭᠠᠵᠠᠷ᠎ᠤᠨ ᠴᠠᠢ᠎ᠶ᠋ᠢᠨ ᠵᠠᠮ》 ᠪᠣᠯ 《ᠨᠢᠭᠡ ᠪᠦᠰᠡ ᠨᠢᠭᠡ ᠵᠠᠮ》 ᠤᠨ ᠰᠠᠨᠠᠭᠠᠴᠢᠯᠠᠭ᠎ᠠ᠎ᠳᠠᠬᠢ ᠰᠣᠶᠣᠯ ᠢᠷᠭᠡᠨᠱᠢᠯ᠎ᠤᠨ ᠨᠡᠪᠲᠡᠷᠡᠯᠴᠡᠭᠡ᠂ ᠠᠷᠠᠯᠵᠢᠶ᠎ᠠ ᠵᠢᠭᠤᠯᠴᠢᠯᠠᠯ᠎ᠤᠨ ᠬᠠᠮᠲᠤᠷᠠᠯᠴᠠᠭᠠᠨ᠎ᠤ ᠴᠢᠬᠤᠯᠠ ᠵᠠᠮ ᠮᠥᠨ᠃ ᠴᠠᠶ᠎ᠪᠠᠷ ᠠᠴᠢᠶᠠᠯᠠᠪᠤᠷᠢ ᠪᠣᠯᠭᠠᠵᠤ᠂ ᠰᠣᠶᠣᠯ ᠵᠢᠭᠤᠯᠴᠢᠯᠠᠯ᠎ᠢᠶᠠᠷ ᠳᠠᠢᠴᠢᠯᠠᠯᠲᠠ ᠪᠣᠯᠭᠠᠨ᠂ ᠱᠢᠨ᠎ᠡ᠎ᠶ᠋ᠢ ᠡᠭᠦᠳᠬᠦ᠌᠎ᠪᠠᠷ ᠠᠷᠭ᠎ᠠ ᠪᠠᠷᠢᠯ ᠪᠣᠯᠭᠠᠵᠤ᠂ ᠵᠠᠮ ᠳᠠᠭᠠᠤ᠎ᠶ᠋ᠢᠨ ᠣᠯᠠᠨ ᠶᠠᠩᠵᠤᠴᠢᠯᠠᠭ᠍ᠰᠠᠨ ᠰᠣᠶᠣᠯ᠎ᠤᠨ ᠥᠪ᠎ᠲᠤ ᠲᠦᠱᠢᠭ᠌ᠯᠡᠨ᠂ ᠵᠠᠮ ᠳᠠᠭᠠᠤ᠎ᠶ᠋ᠢᠨ ᠬᠤᠲᠠ᠎ᠶ᠋ᠢᠨ ᠬᠤᠭᠤᠷᠣᠨᠳᠣᠬᠢ ᠰᠣᠶᠣᠯ ᠢᠷᠭᠡᠨᠱᠢᠯ᠂ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ ᠵᠡᠷᠭᠡ ᠬᠦᠷᠢᠶᠡᠨ᠎ᠳᠠᠬᠢ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠲᠠᠰᠤᠷᠠᠯᠲᠠ ᠥᠬᠡᠶ ᠠᠬᠢᠭᠤᠯᠬᠤ ᠪᠣᠯ 《ᠲᠦᠮᠡᠨ ᠭᠠᠵᠠᠷ᠎ᠤᠨ ᠴᠠᠶ᠎ᠶ᠋ᠢᠨ ᠵᠠᠮ》 ᠤᠨ ᠱᠢᠨ᠎ᠡ ᠴᠠᠭ ᠦᠶ᠎ᠡ᠎ᠳᠠᠬᠢ ᠦᠨ᠎ᠠ ᠥᠷᠲᠡᠭ ᠮᠥᠨ᠃
ᠳᠤᠮᠳᠠᠳᠤ ᠤᠯᠤᠰ᠎ᠲᠤ ᠰᠠᠭᠤᠭ᠎ᠠ ᠣᠷᠣᠰ᠎ᠤᠨ ᠡᠯᠴᠢᠨ ᠰᠠᠢᠳ ᠳ᠋ᠢᠶᠧᠨᠢᠰᠤᠹ ᠨᠠᠢ᠍ᠮᠠᠳᠤᠭᠠᠷ ᠬᠤᠭᠤᠴᠠᠭᠠᠨ᠎ᠤ ᠳᠤᠮᠳᠠᠳᠤ ᠮᠣᠩᠭᠤᠯ ᠤᠷᠤᠰ᠎ᠤᠨ ᠲᠦᠮᠡᠨ ᠭᠠᠵᠠᠷ᠎ᠤᠨ ᠴᠠᠢ᠎ᠶ᠋ᠢᠨ ᠵᠠᠮ (ᠲᠤᠯᠤᠨ ᠨᠤᠤᠷ) ᠤᠨ ᠬᠤᠲᠠ᠎ᠶ᠋ᠢᠨ ᠬᠠᠮᠲᠤᠷᠠᠯᠴᠠᠭᠠᠨ᠎ᠤ ᠬᠤᠷᠠᠯ ᠳᠡᠭᠡᠷ᠎ᠡ ᠬᠡᠯᠡᠬᠦ᠌᠎ᠳᠡᠭᠡᠨ᠂ ᠡᠷᠲᠡᠨ᠎ᠤ ᠲᠦᠮᠡᠨ ᠭᠠᠵᠠᠷ᠎ᠤᠨ ᠴᠠᠶ᠎ᠶ᠋ᠢᠨ ᠵᠠᠮ ᠥᠨᠥᠳᠦᠷ ᠱᠢᠨ᠎ᠡ ᠠᠮᠢᠯᠠᠯ᠎ᠢᠶᠠᠨ ᠣᠯᠵᠠᠶ᠂ ᠡᠨᠡ ᠬᠦ᠌ ᠵᠠᠮ ᠱᠤᠭᠤᠮ᠎ᠨᠢ ᠳᠤᠮᠳᠠᠳᠤ ᠮᠣᠩᠭᠤᠯ ᠣᠷᠣᠰ᠎ᠤᠨ ᠵᠢᠭᠤᠯᠴᠢᠯᠠᠯ᠎ᠤᠨ ᠰᠣᠯᠢᠯᠴᠠᠭ᠎ᠠ᠎ᠶ᠋ᠢ ᠥᠷᠭᠡᠳᠭᠡᠬᠦ᠂ ᠣᠯᠠᠨ ᠤᠯᠤᠰ᠎ᠤᠨ ᠵᠠᠬ᠎ᠠ ᠳᠡᠯᠭᠡᠭᠦᠷ᠎ᠲᠤ ᠭᠤᠷᠪᠠᠨ ᠤᠯᠤᠰ᠎ᠤᠨ ᠵᠢᠭᠤᠯᠴᠢᠯᠠᠯ᠎ᠤᠨ ᠦᠶ᠋ᠯᠡᠳᠬᠦᠨ᠎ᠢ ᠳᠡᠯᠭᠡᠷᠡᠭᠦᠯᠬᠦ᠌ ᠲᠠᠯ᠎ᠠ᠎ᠪᠠᠷ ᠯᠤᠲᠤ ᠶᠡᠭᠡ ᠳᠠᠯᠳᠠ ᠬᠦᠴᠦᠨ᠎ᠲᠠᠢ ᠶᠤᠮ ᠭᠡᠯᠡ᠃
ᠡᠳᠦᠭᠡ 《ᠨᠢᠭᠡ ᠪᠦᠰᠡ ᠨᠢᠭᠡ ᠵᠠᠮ》 ᠤᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ ᠳᠤᠮᠳᠠ ᠳᠤᠮᠳᠠᠳᠤ ᠮᠣᠩᠭᠤᠯ ᠤᠷᠤᠰ ᠭᠤᠷᠪᠠᠨ ᠤᠯᠤᠰ ᠶᠠᠭ ᠡᠨᠡ ᠬᠦ᠌ ᠡᠷᠲᠡᠨ᠎ᠤ 《ᠲᠦᠮᠡᠨ ᠭᠠᠵᠠᠷ᠎ᠤᠨ ᠴᠠᠢ᠎ᠶ᠋ᠢᠨ ᠵᠠᠮ》 ᠢ ᠰᠡᠷᠭᠦᠭᠡᠨ ᠮᠠᠨᠳᠤᠭᠤᠯᠬᠤ᠎ᠪᠠᠷ ᠬᠦᠴᠦᠯᠡᠵᠤ᠂ ᠤᠯᠤᠰ ᠠᠯᠤᠰᠯᠠᠭ᠍ᠰᠠᠨ ᠬᠤᠳᠠ᠎ᠨᠤᠭᠤᠳ᠎ᠤᠨ ᠠᠭᠤᠰᠤᠯᠴᠠᠨ ᠬᠥᠭ᠌ᠵᠢᠬᠦ᠌᠎ᠶ᠋ᠢ ᠭᠦᠨᠵᠡᠭᠡᠢ ᠠᠬᠢᠭᠤᠯᠬᠤ᠎ᠪᠠᠷ ᠴᠢᠷᠮᠠᠢᠵᠤ ᠪᠠᠢᠨ᠎ᠠ᠃
(ᠲᠤᠰ ᠨᠢᠭᠤᠷ᠎ᠤᠨ ᠨᠠᠷᠠ ᠬᠠᠲᠠᠬ᠍ᠰᠠᠨ ᠥᠬᠡᠢ ᠬᠡᠷᠡᠯ ᠵᠢᠷᠤᠬ᠎ᠢ ᠰᠥᠯᠵᠢᠶᠡᠨ᠎ᠠᠴᠠ ᠠᠪᠤᠪᠠ)