ᠵᠤᠨ᠎ᠤ ᠬᠠᠯᠠᠭᠤᠨ ᠪᠠᠭᠤᠷᠠᠨ᠂ ᠨᠠᠮᠤᠷ᠎ᠤᠨ ᠦᠩᠬᠡ ᠥᠳᠭᠡᠷᠡᠨᠡ᠃ ᠪᠠᠰᠠ ᠨᠢᠬᠡᠨ ᠰᠤᠷᠭᠠᠭᠤᠯᠢ ᠡᠬᠢᠯᠡᠬᠦ᠌ ᠤᠯᠠᠷᠢᠯ ᠪᠤᠯᠵᠤ᠂ ᠰᠤᠷᠤᠭ᠍ᠴᠢᠳ ᠪᠠᠶᠠᠷ ᠪᠠᠶᠠᠰᠤᠯᠳᠤ ᠱᠢᠨ᠎ᠡ ᠰᠤᠷᠤᠯᠭ᠎ᠠ᠎ᠶ᠋ᠢᠨ ᠬᠤᠭᠤᠴᠠᠭ᠎ᠠ᠎ᠪᠠᠨ ᠢᠳᠡᠬᠡᠯ ᠳᠡᠬᠦᠯᠳᠡᠷ ᠤᠭ᠍ᠳᠤᠨ᠎ᠠ᠃ ᠪᠦᠬᠦ᠌ ᠤᠷᠤᠨ᠎ᠤ ᠡᠯ᠎ᠡ ᠰᠤᠷᠭᠠᠭᠤᠯᠢ ᠬᠤᠢᠨ᠎ᠠ ᠬᠤᠢᠨ᠎ᠠ᠎ᠠᠴᠠ᠎ᠪᠠᠨ ᠬᠥᠳᠡᠯᠦᠯᠴᠡᠨ᠂ ᠰᠤᠷᠭᠠᠭᠤᠯᠢ ᠡᠬᠢᠯᠡᠬᠦ᠌ ᠡᠯ᠎ᠡ ᠵᠦᠢᠯ᠎ᠤᠨ ᠪᠡᠯᠡᠳᠭᠡᠯ ᠠᠵᠢᠯ᠎ᠢᠶᠠᠨ ᠰᠠᠢᠲᠤᠷ ᠬᠢᠪᠡ᠃ ᠶᠡᠭᠡ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ ᠰᠤᠷᠭᠠᠭᠤᠯᠢ᠎ᠶ᠋ᠢᠨ ᠬᠦᠷᠢᠶᠡᠨ᠎ᠳᠡᠭᠡᠨ ᠵᠠᠯᠭᠠᠭ᠎ᠠ᠎ᠪᠠᠷ ᠪᠤᠴᠠᠵᠤ᠂ ᠢᠯᠢᠮ ᠵᠢᠯᠢᠮ ᠰᠤᠷᠭᠠᠭᠤᠯᠢ᠎ᠶ᠋ᠢᠨ ᠬᠦᠷᠢᠶ᠎ᠡ ᠬᠦᠷ ᠨᠠᠷᠬᠢᠶᠠᠨ ᠠᠮᠢ ᠠᠮᠢᠵᠢᠷᠠᠯ᠎ᠢᠶᠠᠷ ᠪᠢᠯᠬᠠᠨ᠎ᠠ᠃
8 ᠰᠠᠷ᠎ᠠ᠎ᠶ᠋ᠢᠨ 30 ᠤ ᠡᠳᠦᠷ᠂ ᠬᠥᠬᠡᠬᠤᠲᠠ᠎ᠶ᠋ᠢᠨ ᠢᠦ᠋ᠢᠴᠢᠤᠸᠠᠨ ᠲᠣᠭᠤᠷᠢᠭ᠎ᠤᠨ ᠦᠨᠳᠦᠰᠦᠲᠡᠨ᠎ᠤ ᠲᠤᠷᠱᠢᠯᠲᠠ᠎ᠶ᠋ᠢᠨ ᠪᠠᠭ᠎ᠠ ᠰᠤᠷᠭᠠᠭᠤᠯᠢ ᠨᠢᠭᠡᠳᠦᠭᠡᠷ ᠣᠨ᠎ᠤ 330 ᠱᠢᠨ᠎ᠡ ᠰᠣᠷᠣᠭ᠍ᠴᠢ᠎ᠪᠠᠨ ᠤᠭ᠍ᠳᠤᠪᠠ᠃ ᠠᠮᠠᠪᠴᠢ ᠵᠡᠭᠦᠬᠦ᠂ ᠪᠡᠶ᠎ᠡ᠎ᠶ᠋ᠢᠨ ᠬᠠᠯᠠᠭᠤᠨ᠎ᠢ ᠬᠡᠮᠵᠢᠬᠦ᠂ ᠡᠷᠡᠭᠦᠯ ᠮᠡᠨᠳᠦ᠎ᠶ᠋ᠢᠨ ᠺᠣᠳ᠋᠂ ᠠᠶᠠᠯᠠᠯ᠎ᠤᠨ ᠺᠣᠳ᠋᠎ᠢᠶᠠᠨ ᠦᠵᠡᠭᠦᠯᠦᠨ᠂ ᠱᠢᠨ᠎ᠡ ᠰᠤᠷᠤᠭ᠍ᠴᠢᠳ ᠬᠡᠷ᠎ᠤᠨ ᠠᠬᠠᠮᠠᠳ᠎ᠤᠨ ᠳᠠᠭᠠᠭᠤᠯᠭ᠎ᠠ᠎ᠪᠠᠷ ᠡᠮᠬᠢ ᠵᠢᠷᠤᠮ᠎ᠲᠠᠢ᠎ᠪᠠᠷ ᠰᠤᠷᠭᠠᠭᠤᠯᠢ᠎ᠶ᠋ᠢᠨ ᠬᠦᠷᠢᠶᠡᠨ᠎ᠳᠤ ᠤᠷᠤᠨ᠎ᠠ᠃ ᠰᠤᠷᠭᠠᠭᠤᠯᠢ ᠡᠬᠢᠯᠡᠬᠦ᠌᠎ᠠᠴᠠ ᠡᠮᠦᠨ᠎ᠡ᠂ ᠰᠤᠷᠭᠠᠭᠤᠯᠢ᠎ᠨᠢ ᠨᠢᠭᠡᠨᠲᠡ ᠬᠢᠵᠢᠭ᠎ᠢ ᠰᠡᠷᠭᠡᠢᠯᠡᠬᠦ᠌ ᠡᠳ᠋ ᠪᠣᠳᠠᠰ᠎ᠢ ᠰᠠᠢᠲᠤᠷ ᠨᠥᠭᠡᠴᠡᠯᠡᠵᠦ᠍᠂ ᠣᠯᠠᠨ ᠨᠡᠢᠲᠡ᠎ᠶ᠋ᠢᠨ ᠭᠠᠵᠠᠷ᠎ᠢ ᠪᠥᠬᠦ᠌ ᠲᠠᠯ᠎ᠠ᠎ᠪᠠᠷ ᠠᠷᠢᠭᠤᠳᠭᠠᠨ᠂ ᠡᠯ᠎ᠡ ᠵᠦᠢᠯ᠎ᠤᠨ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠪᠣᠳᠠᠲᠠᠶ ᠨᠠᠷᠢᠯᠢᠭ ᠨᠠᠢᠳᠠᠪᠤᠷᠢᠵᠢᠭᠤᠯᠵᠤ᠂ ᠠᠮᠤᠷ ᠲᠦᠪᠱᠢᠨ ᠡᠮᠬᠢ ᠵᠢᠷᠤᠮ᠎ᠲᠠᠢ ᠰᠤᠷᠭᠠᠭᠤᠯᠢ ᠡᠬᠢᠯᠡᠬᠦ᠌᠎ᠶ᠋ᠢ ᠦᠨᠡᠨ ᠬᠦ᠌ ᠪᠠᠲᠤᠯᠠᠨ᠎ᠠ᠃ ᠰᠤᠷᠭᠠᠭᠤᠯᠢ ᠡᠬᠢᠯᠡᠭ᠌ᠰᠡᠨ᠎ᠤ ᠳᠠᠷᠠᠭ᠎ᠠ᠂ ᠰᠤᠷᠭᠠᠭᠤᠯᠢ᠎ᠶ᠋ᠢᠨ ᠬᠦᠷᠢᠶ᠎ᠡ᠎ᠶ᠋ᠢ ᠨᠢᠭᠡ ᠡᠳᠦᠷ᠎ᠲᠤ 2 ᠤᠳᠠᠭ᠎ᠠ ᠠᠷᠢᠭᠤᠳᠭᠠᠨ ᠴᠡᠪᠡᠷᠯᠡᠵᠦ᠍ 3 ᠤᠳᠠᠭ᠎ᠠ ᠰᠠᠯᠬᠢ ᠨᠡᠪᠲᠡᠷᠡᠭᠦᠯᠬᠦ᠂ ᠰᠤᠷᠤᠭ᠍ᠴᠢᠳ᠎ᠲᠤ ᠨᠢᠭᠡ ᠡᠳᠦᠷ ᠪᠢᠲᠡᠭᠦᠮᠵᠢᠯᠡᠭ᠌ᠰᠡᠨ ᠬᠠᠮᠢᠶᠠᠷᠤᠯᠲᠠ ᠬᠢᠬᠦ᠌ ᠵᠡᠷᠭᠡ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠵᠦ᠍᠂ ᠪᠠᠭ᠍ᠰᠢ ᠰᠤᠷᠤᠭ᠍ᠴᠢᠳ᠎ᠤᠨ ᠠᠮᠤᠷ ᠲᠦᠪᠱᠢᠨ ᠡᠷᠡᠭᠦᠯ ᠮᠡᠨᠳᠦ᠎ᠶ᠋ᠢ ᠪᠠᠲᠤᠯᠠᠬᠤ᠎ᠪᠠᠷ ᠪᠠᠢᠨ᠎ᠠ᠃
8 ᠰᠠᠷ᠎ᠠ᠎ᠶ᠋ᠢᠨ 31 ᠤ ᠡᠳᠦᠷ᠂ ᠬᠥᠬᠡᠬᠤᠲᠠ᠎ᠶ᠋ᠢᠨ ᠭᠤᠴᠢᠳᠤᠭᠠᠷ ᠳᠤᠮᠳᠠᠳᠤ ᠰᠤᠷᠭᠠᠭᠤᠯᠢ (ᠥᠪᠥᠷ ᠮᠣᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠎ᠶ᠋ᠢᠨ ᠬᠠᠷᠢᠶᠠᠲᠤ ᠬᠤᠶᠠᠳᠤᠭᠠᠷ ᠰᠤᠷᠭᠠᠭᠤᠯᠢ) ᠶ᠋ᠢᠨ ᠬᠡᠦᠬᠡᠳ᠎ᠤᠨ ᠴᠡᠴᠡᠷᠯᠢᠭ᠎ᠲᠤ ᠬᠦᠷᠬᠦ᠌᠎ᠳᠤ᠂ ᠠᠭᠤᠵᠢᠮ ᠰᠠᠷᠠᠭᠤᠯᠬᠠᠨ ᠬᠢᠴᠢᠶᠡᠯ᠎ᠤᠨ ᠭᠡᠷ᠂ ᠴᠡᠪᠡᠷ ᠴᠡᠮᠴᠡᠭᠡᠷ ᠪᠢᠴᠢᠭ᠎ᠤᠨ ᠱᠢᠷᠡᠭᠡ᠂ ᠠᠮᠢᠵᠢᠷᠠᠯ ᠪᠢᠯᠬᠠᠭ᠍ᠰᠠᠨ ᠨᠣᠭᠤᠭᠠᠨ ᠥᠡᠭ᠌ᠭᠡᠳᠤ ᠤᠷᠭᠤᠮᠠᠯ᠎ᠨᠢ 400 ᠭᠠᠷᠤᠢ ᠬᠡᠦᠬᠡᠳ᠎ᠤᠨ ᠬᠦᠷᠴᠦ᠍ ᠢᠷᠡᠬᠦ᠌᠎ᠶ᠋ᠢ ᠤᠬ᠍ᠳᠤᠵᠥ᠍ ᠪᠠᠢᠯ᠎ᠠ᠃ ᠰᠤᠷᠭᠠᠭᠤᠯᠢ ᠡᠬᠢᠯᠡᠬᠦ᠌᠎ᠠᠴᠠ ᠡᠮᠦᠨ᠎ᠡ᠂ ᠪᠥᠬᠦ᠌ ᠪᠠᠭ᠍ᠰᠢ ᠠᠵᠢᠯᠲᠠᠨ ᠬᠡᠦᠬᠡᠳ᠎ᠤᠨ ᠴᠡᠴᠡᠷᠯᠢᠭ᠎ᠤᠨ ᠳᠣᠲᠣᠷ᠎ᠠ ᠭᠠᠳᠠᠨᠠᠬᠢ ᠲᠣᠨᠤᠭ ᠲᠥᠬᠦᠭᠡᠷᠦᠮᠵᠢ᠎ᠶ᠋ᠢ ᠪᠥᠬᠦ᠌ ᠲᠠᠯ᠎ᠠ᠎ᠪᠠᠷ ᠠᠷᠢᠭᠤᠳᠭᠠᠨ ᠴᠡᠪᠡᠷᠯᠡᠵᠦ᠍᠂ ᠬᠡᠦᠬᠡᠳ᠎ᠲᠤ ᠠᠮᠤᠷ ᠲᠦᠪᠱᠢᠨ ᠡᠷᠡᠭᠦᠯ ᠮᠡᠨᠳᠦ ᠦᠰᠦᠨ ᠪᠤᠢᠵᠢᠬᠤ ᠣᠷᠴᠢᠨ ᠲᠣᠭᠤᠷᠢᠨ᠎ᠢ ᠬᠠᠩᠭᠠᠨ᠎ᠠ᠃
ᠬᠥᠬᠡᠬᠤᠲᠠ᠎ᠶ᠋ᠢᠨ ᠮᠣᠩᠭᠤᠯ ᠦᠨᠳᠦᠰᠦᠲᠡᠨ᠎ᠤ ᠰᠤᠷᠭᠠᠭᠤᠯᠢ᠎ᠨᠢ ᠪᠠᠭ᠍ᠰᠢ ᠰᠤᠷᠤᠭ᠍ᠴᠢᠳ᠎ᠤᠨ 14 ᠡᠳᠦᠷ᠎ᠤᠨ ᠳᠣᠲᠣᠷᠠᠬᠢ ᠡᠷᠡᠭᠦᠯ ᠮᠡᠨᠳᠦ᠎ᠶ᠋ᠢᠨ ᠪᠠᠢᠳᠠᠯ᠎ᠢ ᠬᠢᠨᠠᠨ ᠪᠠᠢᠴᠠᠭᠠᠵᠤ᠂ ᠣᠷᠭᠢᠯ᠎ᠤᠨ ᠬᠤᠭᠤᠴᠠᠭ᠎ᠠ᠎ᠶ᠋ᠢ ᠵᠥᠷᠢᠭᠦᠯᠦᠨ ᠴᠠᠭ ᠵᠥᠷᠢᠭᠦᠯᠦᠨ ᠨᠡᠷ᠎ᠡ ᠮᠡᠳᠡᠭᠦᠯᠬᠦ᠌᠎ᠶ᠋ᠢ ᠬᠡᠷᠡᠭ᠌ᠵᠢᠭᠦᠯᠵᠦ᠍᠂ ᠪᠠᠭ᠎ᠠ ᠰᠤᠷᠭᠠᠭᠤᠯᠢ᠂ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠣᠨ᠎ᠤ ᠰᠤᠷᠤᠭ᠍ᠴᠢᠳ ᠴᠠᠭ ᠬᠤᠭᠤᠴᠠᠭ᠎ᠠ ᠬᠤᠪᠢᠶᠠᠨ ᠰᠤᠷᠭᠠᠭᠤᠯᠢ᠎ᠳᠠᠭᠠᠨ ᠬᠦᠷᠴᠦ᠍᠂ ᠪᠡᠶ᠎ᠡ᠎ᠶ᠋ᠢᠨ ᠬᠠᠯᠠᠭᠤᠨ᠎ᠢ ᠬᠡᠮᠵᠢᠬᠦ᠂ ᠺᠣᠳ᠋ ᠱᠢᠷᠪᠢᠬᠦ᠌ ᠵᠡᠷᠭᠡ ᠠᠯᠢ ᠣᠯᠠᠨ ᠶᠠᠪᠤᠴᠠ᠎ᠶ᠋ᠢ ᠥᠩᠭᠡᠷᠡᠭᠡᠬᠡᠳ ᠰᠠᠶᠢ ᠰᠤᠷᠭᠠᠭᠤᠯᠢ᠎ᠶ᠋ᠢᠨ ᠬᠦᠷᠢᠶᠡᠨ᠎ᠳᠡᠭᠡᠨ ᠣᠷᠣᠵᠤ ᠪᠣᠯᠤᠨ᠎ᠠ᠃
ᠬᠥᠬᠡᠬᠤᠲᠠ᠎ᠶ᠋ᠢᠨ ᠰᠠᠢᠬᠠᠨ ᠲᠣᠭᠤᠷᠢᠭ᠎ᠤᠨ ᠴᠡᠯᠡᠭᠡᠷ ᠲᠠᠯ᠎ᠠ ᠪᠠᠭ᠎ᠠ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ ᠴᠤ᠌ ᠠᠯᠢ ᠡᠷᠲᠡ ᠱᠢᠨ᠎ᠡ ᠰᠤᠷᠤᠯᠭ᠎ᠠ᠎ᠶ᠋ᠢᠨ ᠬᠤᠭᠤᠴᠠᠭ᠎ᠠ᠎ᠪᠠᠨ ᠤᠭ᠍ᠲᠤᠬᠤ᠎ᠳᠤ ᠰᠠᠢᠲᠤᠷ ᠪᠡᠯᠡᠳᠭᠡᠯ ᠬᠢᠵᠡᠢ᠃ ᠰᠤᠷᠭᠠᠭᠤᠯᠢ᠎ᠶ᠋ᠢᠨ ᠬᠦᠷᠢᠶᠡᠨ᠎ᠳᠤ ᠣᠷᠣᠬᠤ ᠪᠠᠭ᠍ᠰᠢ ᠰᠤᠷᠤᠭ᠍ᠴᠢᠳ ᠡᠷᠬᠡᠪᠰᠢ ᠺᠣᠳ᠋ ᠱᠢᠷᠪᠢᠬᠦ᠂ ᠪᠡᠶ᠎ᠡ᠎ᠶ᠋ᠢᠨ ᠬᠠᠯᠠᠭᠤᠨ᠎ᠢ ᠬᠡᠮᠵᠢᠬᠦ᠂ ᠠᠮᠠᠪᠴᠢ ᠵᠡᠭᠦᠬᠦ᠂ ᠠᠰᠠᠷ᠎ᠤᠨ ᠬᠤᠩᠭᠢᠯ᠂ ᠬᠢᠴᠢᠶᠡᠯ᠎ᠤᠨ ᠬᠡᠷ ᠵᠡᠷᠭᠡ ᠣᠯᠠᠨ ᠨᠡᠢᠲᠡ᠎ᠶ᠋ᠢᠨ ᠭᠠᠵᠠᠷ᠎ᠲᠤ ᠪᠠᠰᠠ ᠡᠳᠦᠷ ᠪᠦᠷᠢ 2 ᠤᠳᠠᠭ᠎ᠠ ᠠᠷᠢᠭᠤᠳᠭᠠᠵᠤ 3 ᠤᠳᠠᠭ᠎ᠠ ᠰᠠᠯᠬᠢ ᠨᠡᠪᠲᠡᠷᠡᠭᠦᠯᠬᠦ᠌ ᠵᠡᠷᠭᠡ ᠰᠡᠷᠭᠡᠢᠯᠡᠨ ᠡᠵᠡᠮᠳᠡᠬᠦ᠌ ᠬᠡᠪ᠎ᠤᠨ ᠠᠵᠢᠯᠯᠠᠭ᠎ᠠ ᠠᠪᠬᠤ ᠪᠤᠯᠤᠨ᠎ᠠ᠃
9 ᠰᠠᠷ᠎ᠠ᠎ᠶ᠋ᠢᠨ 1 ᠤ ᠡᠳᠦᠷ ᠪᠣᠯ ᠰᠠᠶᠢ ᠵᠢᠩᠬᠢᠨᠢ᠎ᠪᠠᠷ ᠰᠤᠷᠭᠠᠭᠤᠯᠢ ᠡᠬᠢᠯᠡᠬᠦ᠌ ᠡᠳᠦᠷ ᠪᠣᠯᠪᠠᠴᠤ᠌ ᠡᠯ᠎ᠡ ᠰᠤᠷᠭᠠᠭᠤᠯᠢ ᠵᠤᠨ᠎ᠤ ᠠᠮᠠᠷᠠᠯᠲᠠ᠎ᠶ᠋ᠢᠨ ᠬᠤᠭᠤᠴᠠᠭᠠᠨ᠎ᠳᠤ ᠶᠡᠭᠡ ᠬᠦᠴᠦ᠍ ᠣᠷᠣᠭᠤᠯᠵᠤ᠂ ᠪᠠᠭ᠍ᠰᠢ᠎ᠶ᠋ᠢᠨ ᠡᠩᠨᠡᠭᠡ᠎ᠶ᠋ᠢ ᠪᠦᠷᠢᠨ ᠳᠡᠬᠦᠯᠳᠡᠷ ᠲᠣᠬᠢᠷᠠᠭᠤᠯᠵᠤ᠂ ᠬᠠᠮᠲᠤ᠎ᠪᠠᠷ ᠭᠦᠢᠴᠡᠳ ᠬᠢᠴᠢᠶᠡᠯ ᠪᠡᠯᠡᠳᠭᠡᠵᠦ᠍᠂ ᠱᠢᠨ᠎ᠡ ᠰᠤᠷᠤᠯᠭ᠎ᠠ᠎ᠶ᠋ᠢᠨ ᠬᠤᠭᠤᠴᠠᠭᠠᠨ᠎ᠤ ᠵᠢᠭᠠᠨ ᠰᠤᠷᠭᠠᠯᠲᠠ᠎ᠶ᠋ᠢᠨ ᠲᠥᠯᠥᠪᠵᠢᠭᠦᠯᠭᠡ᠎ᠶ᠋ᠢ ᠥᠷᠨᠢᠭᠦᠯᠦᠭ᠌ᠰᠡᠨ ᠪᠠᠢᠨ᠎ᠠ᠃
ᠵᠣᠨ᠎ᠤ ᠠᠮᠠᠷᠠᠯᠲᠠ᠎ᠶ᠋ᠢᠨ ᠬᠤᠭᠤᠴᠠᠭᠠᠨ᠎ᠳᠤ᠂ ᠬᠥᠬᠡᠬᠤᠲᠠ᠎ᠶ᠋ᠢᠨ ᠭᠤᠴᠢᠳᠤᠭᠠᠷ ᠳᠤᠮᠳᠠᠳᠤ ᠰᠤᠷᠭᠠᠭᠤᠯᠢ (ᠥᠪᠥᠷ ᠮᠣᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ᠎ᠶ᠋ᠢᠨ ᠬᠠᠷᠢᠶᠠᠲᠤ ᠬᠤᠶᠠᠳᠤᠭᠠᠷ ᠰᠤᠷᠭᠠᠭᠤᠯᠢ) ᠶ᠋ᠢᠨ ᠬᠡᠦᠬᠡᠳ᠎ᠤᠨ ᠴᠡᠴᠡᠷᠯᠢᠭ᠎ᠤᠨ ᠪᠠᠭ᠍ᠰᠢ ᠨᠠᠷ᠎ᠲᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠤᠨ ᠬᠡᠷᠡᠭ᠌ᠯᠡᠭᠡᠨ᠎ᠤ ᠴᠢᠳᠠᠪᠤᠷᠢ᠂ ᠮᠣᠳᠣᠨ ᠦᠢᠯᠡᠳᠬᠦᠨ᠎ᠤ ᠦᠷᠦᠬᠡ᠎ᠶ᠋ᠢᠨ ᠵᠢᠭᠠᠨ ᠰᠤᠷᠭᠠᠯᠲᠠ᠂ ᠱᠢᠨᠵᠢᠯᠡᠬᠦ᠌ ᠤᠬᠠᠭᠠᠨ᠎ᠤ ᠲᠤᠷᠱᠢᠯᠲᠠ ᠵᠡᠷᠭᠡ ᠬᠠᠮᠢᠶ᠎ᠠ ᠪᠥᠬᠦᠶ ᠪᠣᠯᠪᠠᠰᠤᠷᠠᠯ ᠬᠢᠪᠠ᠃ ᠴᠡᠴᠡᠷᠯᠢᠭ᠎ᠤᠨ ᠵᠠᠬᠢᠷᠤᠯ ᠴᠧᠨ ᠨᠡᠷᠡᠨ᠄ 《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠠᠷ ᠵᠢᠭᠠᠨ ᠰᠤᠷᠭᠠᠬᠤ᠎ᠨᠢ ᠪᠠᠯᠴᠢᠷ ᠬᠡᠦᠬᠡᠳ᠎ᠤᠨ ᠬᠠᠷᠠᠭ᠎ᠠ᠎ᠶ᠋ᠢ ᠥᠷᠭᠡᠳᠭᠡᠵᠦ᠍᠂ ᠬᠡᠦᠬᠡᠳ᠎ᠤᠨ ᠦᠰᠦᠨ ᠪᠤᠢᠵᠢᠬᠤ ᠣᠷᠣᠨ ᠵᠠᠢ᠎ᠶ᠋ᠢ ᠥᠷᠭᠡᠳᠭᠡᠵᠦ᠍᠂ ᠴᠡᠴᠡᠷᠯᠢᠭ᠎ᠠᠴᠠ ᠪᠠᠭ᠎ᠠ ᠰᠤᠷᠭᠠᠭᠤᠯᠢ᠎ᠳᠤ ᠳᠠᠪᠱᠢᠬᠤ᠎ᠶ᠋ᠢ ᠵᠣᠯᠭᠠᠭᠤᠯᠬᠤ᠎ᠳᠤ ᠰᠠᠭᠤᠷᠢ ᠪᠡᠯᠡᠳᠭᠡᠯ ᠬᠢᠵᠦ᠍᠂ ᠮᠣᠳᠣᠨ ᠦᠢᠯᠡᠳᠭᠡᠯ᠎ᠤᠨ ᠦᠷᠦᠬᠡ ᠪᠣᠯᠤᠨ ᠱᠢᠨᠵᠢᠯᠡᠬᠦ᠌ ᠤᠬᠠᠭᠠᠨ᠎ᠤ ᠲᠤᠷᠱᠢᠯᠲᠠ᠎ᠶ᠋ᠢᠨ ᠵᠢᠭᠠᠨ ᠰᠤᠷᠭᠠᠯᠲᠠ᠎ᠨᠢ ᠪᠠᠯᠴᠢᠷ ᠬᠡᠦᠬᠡᠳ᠎ᠤᠨ ᠭᠠᠷ ᠬᠥᠳᠡᠯᠬᠦ᠌ ᠴᠢᠳᠠᠪᠤᠷᠢ ᠪᠣᠯᠤᠨ ᠠᠩᠬᠠᠷᠤᠯ᠎ᠢᠶᠠᠨ ᠲᠥᠪᠯᠡᠷᠡᠭᠦᠯᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠵᠦ᠍ ᠴᠢᠳᠠᠨ᠎ᠠ》 ᠬᠡᠯᠡ᠃
ᠬᠥᠬᠡᠬᠤᠲᠠ᠎ᠶ᠋ᠢᠨ ᠰᠠᠢᠬᠠᠨ ᠲᠣᠭᠤᠷᠢᠭ᠎ᠤᠨ ᠱᠢᠯᠢ᠎ᠶ᠋ᠢᠨ ᠡᠮᠦᠨ᠎ᠡ ᠵᠠᠮ᠎ᠤᠨ ᠪᠠᠭ᠎ᠠ ᠰᠤᠷᠭᠠᠭᠤᠯᠢ᠎ᠶ᠋ᠢᠨ ᠬᠤᠪᠢᠶᠠᠷᠢ ᠰᠤᠷᠭᠠᠭᠤᠯᠢ 8 ᠰᠠᠷ᠎ᠠ᠎ᠶ᠋ᠢᠨ 20 ᠤ ᠡᠳᠦᠷ᠎ᠠᠴᠠ ᠡᠬᠢᠯᠡᠨ᠂ ᠱᠢᠨ᠎ᠡ᠎ᠪᠠᠷ ᠠᠵᠢᠯ᠎ᠤᠨ ᠪᠠᠢᠷᠢ᠎ᠳᠤ ᠭᠠᠷᠬᠤ ᠪᠠᠭ᠍ᠰᠢ ᠨᠠᠷ᠎ᠢᠶᠠᠨ ᠵᠣᠬᠢᠶᠠᠨ ᠪᠠᠢᠭᠤᠯᠵᠤ ᠬᠢᠴᠢᠶᠡᠯ ᠲᠦᠷᠦᠯ ᠬᠤᠪᠢᠶᠠᠨ ᠪᠣᠯᠪᠠᠰᠤᠷᠠᠯ᠎ᠤᠨ ᠠᠩᠭᠢ᠎ᠳᠤ ᠣᠷᠣᠯᠴᠠᠭᠤᠯᠵᠠᠶ᠃ ᠰᠤᠷᠭᠠᠭᠤᠯᠢ᠎ᠶ᠋ᠢᠨ ᠳᠡᠳ᠋ ᠵᠠᠬᠢᠷᠤᠯ ᠵᠧᠩ ᠶᠦᠨ ᠨᠠ᠄ 《ᠪᠢᠳᠡ 〈ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠬᠢᠨ ᠰᠠᠢᠲᠤᠷ ᠬᠡᠷᠡᠭ᠌ᠯᠡᠬᠦ᠌〉 ᠵᠡᠷᠭᠡ ᠬᠢᠴᠢᠶᠡᠯ᠎ᠤᠨ ᠪᠣᠯᠪᠠᠰᠤᠷᠠᠯ᠎ᠢ ᠥᠷᠨᠢᠭᠦᠯᠬᠦ᠌᠎ᠪᠠᠷ ᠳᠡᠮᠵᠢᠨ᠂ ᠦᠵᠡᠯ ᠰᠠᠨᠠᠭᠠᠨ᠎ᠤ ᠵᠣᠭ᠍ᠰᠣᠴᠠ᠎ᠪᠠᠨ ᠳᠡᠭᠡᠭ᠌ᠰᠢᠯᠡᠭᠦᠯᠬᠦ᠂ ᠭᠤᠤᠯᠯᠠᠬᠤ ᠬᠡᠪ ᠪᠣᠯᠪᠠᠰᠤᠷᠠᠯ᠎ᠳᠤ ᠰᠠᠭᠤᠷᠢᠯᠠᠬᠤ ᠵᠡᠷᠭᠡ ᠲᠠᠯ᠎ᠠ᠎ᠪᠠᠷ ᠱᠢᠨ᠎ᠡ᠎ᠪᠠᠷ ᠠᠵᠢᠯ᠎ᠤᠨ ᠪᠠᠢᠷᠢ᠎ᠳᠤ ᠭᠠᠷᠬᠤ ᠪᠠᠭ᠍ᠰᠢ᠎ᠳᠤ ᠦᠨᠡᠨ ᠪᠣᠳᠠᠲᠠᠶ᠂ ᠣᠨᠣᠴᠠᠲᠠᠶ ᠵᠢᠭᠠᠨ ᠰᠤᠷᠭᠠᠯᠲᠠ᠎ᠶ᠋ᠢᠨ ᠰᠠᠨᠠᠭᠤᠯᠭ᠎ᠠ ᠪᠠ ᠪᠣᠳᠠᠲᠠᠶ ᠰᠠᠨᠠᠭᠤᠯᠭ᠎ᠠ ᠳᠤᠷᠠᠳᠴᠠᠶ》 ᠬᠡᠵᠦ᠍ ᠪᠠᠢᠯ᠎ᠠ᠃
ᠰᠤᠷᠭᠠᠭᠤᠯᠢ ᠡᠬᠢᠯᠡᠬᠦ᠌᠎ᠠᠴᠠ ᠡᠮᠦᠨ᠎ᠡ ᠴᠡᠯᠡᠭᠡᠷ ᠲᠠᠯ᠎ᠠ ᠪᠠᠭ᠎ᠠ ᠰᠤᠷᠭᠠᠭᠤᠯᠢ ᠪᠠᠭ᠍ᠰᠢ ᠨᠠᠷ᠎ᠢ ᠵᠣᠬᠢᠶᠠᠨ ᠪᠠᠢᠭᠤᠯᠤᠨ 2 ᠡᠳᠦᠷ᠎ᠤᠨ ᠬᠤᠭᠤᠴᠠᠭ᠎ᠠ᠎ᠲᠠᠢ᠎ᠪᠠᠷ ᠬᠠᠮᠲᠤ᠎ᠪᠠᠷ ᠬᠢᠴᠢᠶᠡᠯ ᠪᠡᠯᠡᠳᠭᠡᠵᠦ᠍᠂ ᠨᠢᠭᠡ᠎ᠠᠴᠠ ᠵᠢᠷᠭᠤᠳᠤᠭᠠᠷ ᠤᠨ ᠬᠦᠷᠲᠡᠯᠡᠬᠢ ᠵᠢᠭᠠᠬᠤ ᠮᠠᠲ᠋ᠧᠷᠢᠶᠠᠯ᠎ᠢ ᠤᠩᠱᠢᠨ ᠡᠮᠬᠢᠯᠡᠵᠦ᠍᠂ ᠬᠡᠰᠡᠭ ᠨᠢᠭᠡᠴᠢ᠎ᠶ᠋ᠢ ᠨᠠᠷᠢᠯᠢᠭ᠍ᠵᠢᠭᠤᠯᠤᠨ᠂ ᠱᠢᠨ᠎ᠡ ᠪᠠᠭ᠍ᠰᠢ ᠪᠠ ᠱᠢᠨ᠎ᠡ᠎ᠪᠠᠷ ᠠᠩᠭᠢ᠎ᠶ᠋ᠢᠨ ᠡᠷᠬᠢᠯᠡᠭ᠌ᠴᠢ ᠪᠤᠯᠬᠤ ᠪᠠᠭ᠍ᠰᠢ ᠨᠠᠷ᠎ᠲᠤ ᠠᠵᠢᠯ᠎ᠤᠨ ᠪᠠᠢᠷᠢ᠎ᠳᠤ ᠭᠠᠷᠬᠤ᠎ᠠᠴᠠ ᠡᠮᠦᠨᠡᠬᠢ ᠪᠣᠯᠪᠠᠰᠤᠷᠠᠯ᠎ᠢ ᠥᠷᠨᠢᠭᠦᠯᠵᠦ᠍᠂ ᠭᠡᠷ ᠪᠦᠯᠢ ᠪᠠ ᠰᠤᠷᠭᠠᠭᠤᠯᠢ᠎ᠶ᠋ᠢᠨ ᠬᠤᠭᠤᠷᠣᠨᠳᠣᠬᠢ ᠤᠢ᠍ᠢᠯᠠᠭᠠᠯᠴᠠᠭᠠ᠂ ᠵᠢᠭᠠᠨ ᠰᠤᠷᠭᠠᠯᠲᠠ᠎ᠶ᠋ᠢᠨ ᠵᠤᠷᠱᠢᠯ ᠵᠡᠷᠭᠡ ᠠᠭᠤᠯᠭ᠎ᠠ᠎ᠶ᠋ᠢᠨ ᠳᠤᠭᠤᠷᠢᠨ᠎ᠳᠤ ᠪᠤᠯᠪᠠᠰᠤᠷᠠᠯ ᠬᠦᠷᠳᠡᠬᠡᠪ᠊; ᠢᠦ᠋ᠢᠴᠢᠤᠸᠠᠨ ᠲᠣᠭᠤᠷᠢᠭ᠎ᠤᠨ ᠦᠨᠳᠦᠰᠦᠲᠡᠨ᠎ᠤ ᠲᠤᠷᠱᠢᠯᠲᠠ᠎ᠶ᠋ᠢᠨ ᠪᠠᠭ᠎ᠠ ᠰᠤᠷᠭᠠᠭᠤᠯᠢ᠎ᠶ᠋ᠢᠨ ᠡᠯ᠎ᠡ ᠠᠩᠭᠢ᠎ᠶ᠋ᠢᠨ ᠡᠷᠬᠢᠯᠡᠭ᠌ᠴᠢ ᠴᠦ᠍ ᠵᠢᠭᠠᠬᠤ ᠮᠠᠲ᠋ᠧᠷᠢᠶᠠᠯ᠎ᠢ ᠡᠷᠲᠡᠬᠡᠨ ᠡᠮᠬᠢᠳᠭᠡᠵᠦ᠍᠂ ᠤᠷᠢᠳᠴᠢᠯᠠᠨ ᠬᠢᠴᠢᠶᠡᠯ ᠪᠡᠯᠡᠳᠭᠡᠵᠦ᠍ ᠵᠢᠭᠠᠬᠤ ᠲᠥᠰᠦᠯ᠎ᠢᠶᠠᠨ ᠰᠠᠢᠲᠤᠷ ᠪᠢᠴᠢᠪᠡ; ᠬᠥᠬᠡᠬᠤᠲᠠ᠎ᠶ᠋ᠢᠨ ᠮᠣᠩᠭᠤᠯ ᠦᠨᠳᠦᠰᠦᠲᠡᠨ᠎ᠤ ᠰᠤᠷᠭᠠᠭᠤᠯᠢ᠎ᠶ᠋ᠢᠨ ᠪᠠᠭ᠍ᠰᠢ ᠨᠠᠷ ᠵᠤᠨ᠎ᠤ ᠠᠮᠠᠷᠠᠯᠲᠠ᠎ᠶ᠋ᠢᠨ ᠬᠤᠭᠤᠴᠠᠭᠠᠨ᠎ᠳᠤ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠬᠤᠯᠪᠣᠭ᠍ᠳᠠᠯ ᠪᠦᠬᠦᠢ ᠪᠣᠯᠪᠠᠰᠤᠷᠠᠯ᠎ᠳᠤ ᠤᠯᠠᠨ ᠤᠳᠠᠭ᠎ᠠ ᠣᠷᠣᠯᠴᠠᠵᠤ᠂ ᠱᠢᠨ᠎ᠡ ᠰᠤᠷᠤᠯᠭ᠎ᠠ᠎ᠶ᠋ᠢᠨ ᠬᠤᠭᠤᠴᠠᠭᠠᠨ᠎ᠳᠤ ᠰᠠᠢᠲᠤᠷ ᠪᠡᠯᠡᠳᠭᠡᠯ ᠬᠢᠵᠡᠢ᠃
ᠱᠢᠨ᠎ᠡ ᠰᠤᠷᠤᠯᠭ᠎ᠠ᠎ᠶ᠋ᠢᠨ ᠬᠤᠭᠤᠴᠠᠭ᠎ᠠ᠂ ᠱᠢᠨ᠎ᠡ ᠠᠭᠤᠷ ᠠᠮᠢᠰᠭᠤᠯ᠂ ᠱᠢᠨ᠎ᠡ ᠠᠮᠢᠳᠤᠷᠠᠯ ᠬᠥᠮᠦᠰ ᠶᠡᠷᠦ᠎ᠨᠢ ᠬᠦᠰᠡᠯ ᠡᠷᠡᠮᠡᠯᠵᠡᠯ᠎ᠢᠶᠠᠷ ᠳᠦᠭᠦᠷᠡᠩ ᠪᠠᠢᠳᠠᠭ᠃ 《ᠥᠨᠥᠳᠦᠷ ᠪᠢ ᠪᠠᠭ᠎ᠠ ᠰᠤᠷᠭᠠᠭᠤᠯᠢ᠎ᠶ᠋ᠢᠨ ᠰᠤᠷᠤᠭ᠍ᠴᠢ ᠪᠣᠯᠤᠯ᠎ᠠ᠂ ᠪᠢ ᠪᠠᠭ᠍ᠰᠢ᠎ᠶ᠋ᠢᠨ᠎ᠢᠶᠠᠨ ᠦᠭᠡ᠎ᠶ᠋ᠢ ᠰᠣᠨᠣᠰᠴᠤ᠌᠂ ᠰᠤᠷᠭᠠᠭᠤᠯᠢ᠎ᠶ᠋ᠢᠨ ᠳᠦᠷᠢᠮ ᠲᠣᠭ᠍ᠲᠠᠭᠠᠯ ᠰᠠᠬᠢᠯᠭ᠎ᠠ ᠪᠠᠲᠤ᠎ᠶ᠋ᠢ ᠵᠢᠷᠤᠮᠯᠠᠨ ᠰᠠᠬᠢᠵᠤ᠂ ᠨᠠᠷᠢᠨ ᠬᠢᠨᠠᠮᠠᠭᠠᠶ ᠰᠤᠷᠤᠯᠴᠠᠵᠤ᠂ ᠡᠷᠲᠡᠬᠡᠨ ᠳᠤᠮᠳᠠᠳᠤ ᠤᠯᠤᠰ᠎ᠤᠨ ᠪᠠᠭᠠᠴᠤᠳ᠎ᠤᠨ ᠬᠤᠱᠢᠭᠤᠴᠢ ᠠᠩᠭᠢ᠎ᠳᠤ ᠣᠷᠣᠵᠤ᠂ ᠪᠣᠯᠪᠠᠰᠤᠨ᠎ᠢ ᠡᠷᠬᠢᠮᠯᠡᠬᠦ᠂ ᠶᠣᠰᠣ ᠮᠣᠷᠠᠯ᠎ᠲᠠᠢ ᠰᠠᠢᠨ ᠬᠡᠦᠬᠡᠳ ᠪᠣᠯᠬᠤ᠎ᠪᠠᠷ ᠴᠢᠷᠮᠠᠢᠨ᠎ᠠ》᠃ ᠨᠡᠷ᠎ᠡ ᠮᠡᠳᠡᠭᠦᠯᠦᠭ᠌ᠰᠡᠨᠤ ᠳᠠᠷᠠᠭ᠎ᠠ᠂ ᠢᠦ᠋ᠢᠴᠢᠤᠸᠠᠨ ᠲᠣᠭᠤᠷᠢᠭ᠎ᠤᠨ ᠦᠨᠳᠦᠰᠦᠲᠡᠨ᠎ᠤ ᠲᠤᠷᠱᠢᠯᠲᠠ᠎ᠶ᠋ᠢᠨ ᠪᠠᠭ᠎ᠠ ᠰᠤᠷᠭᠠᠭᠤᠯᠢ᠎ᠶ᠋ᠢᠨ ᠨᠢᠭᠡᠳᠦᠭᠡᠷ ᠣᠨ᠎ᠤ ᠨᠢᠬᠡᠨ ᠱᠢᠨ᠎ᠡ ᠰᠤᠷᠤᠭ᠍ᠴᠢ ᠰᠡᠳᠭᠢᠯ ᠳᠣᠭ᠍ᠳᠣᠯᠤᠨ ᠬᠡᠯᠡᠪᠡ᠃
8 ᠰᠠᠷ᠎ᠠ᠎ᠶ᠋ᠢᠨ 31 ᠤ ᠡᠳᠦᠷ᠂ ᠬᠥᠬᠡᠬᠤᠲᠠ᠎ᠶ᠋ᠢᠨ ᠮᠣᠩᠭᠤᠯ ᠦᠨᠳᠦᠰᠦᠲᠡᠨ᠎ᠤ ᠰᠤᠷᠭᠠᠭᠤᠯᠢ᠎ᠶ᠋ᠢᠨ ᠠᠩᠬ᠎ᠠ ᠵᠡᠷᠭᠡ᠎ᠶ᠋ᠢᠨ ᠬᠤᠶᠠᠳᠤᠭᠠᠷ ᠣᠨ᠎ᠤ ᠲᠦᠷᠪᠡᠳᠦᠬᠡᠷ ᠠᠩᠬᠢ᠎ᠳᠤ ᠪᠠᠭ᠍ᠰᠢ ᠰᠤᠷᠤᠭ᠍ᠴᠢᠳ ᠬᠠᠮᠳᠤ᠎ᠪᠠᠷ ᠶᠠᠭᠠᠷᠠᠯᠳᠤᠨ᠎ᠠ᠄ ᠴᠣ᠌ ᠱᠢᠨ᠎ᠡ ᠬᠢᠴᠢᠶᠡᠯ᠎ᠤᠨ ᠬᠦᠰᠦᠨᠦᠭ᠎ᠢᠶᠠᠨ ᠨᠠᠭᠠᠵᠤ᠂ ᠰᠠᠶᠢᠬᠠᠨ ᠭᠠᠷᠳᠠᠭ᠍ᠰᠠᠨ ᠱᠢᠨ᠎ᠡ ᠵᠢᠭᠠᠬᠤ ᠮᠠᠲ᠋ᠧᠷᠢᠶᠠᠯ᠎ᠢᠶᠠᠨ ᠤᠷᠪᠠᠭᠤᠯᠤᠨ ᠦᠵᠡᠵᠦ᠍᠂ ᠱᠢᠨ᠎ᠡ ᠰᠤᠷᠤᠯᠭ᠎ᠠ᠎ᠶ᠋ᠢᠨ ᠬᠤᠭᠤᠴᠠᠭᠠᠨ᠎ᠤ ᠵᠢᠵᠢᠭᠦᠷ᠎ᠤᠨ ᠬᠦᠰᠦᠨᠦᠭ ᠲᠣᠭ᠍ᠲᠠᠭᠠᠵᠤ ᠁ ᠬᠢᠴᠢᠶᠡᠯ᠎ᠤᠨ ᠭᠡᠷ ᠬᠦᠷ ᠬᠥᠭ᠌ᠵᠢᠶᠡᠨᠲᠡᠢ ᠪᠥᠭᠡᠳ ᠡᠮᠬᠢ ᠳᠢᠭ᠌ᠯᠢᠮ᠎ᠲᠠᠢ ᠪᠠᠢᠯ᠎ᠠ᠃ ᠢᠦ᠋ᠢᠴᠢᠤᠸᠠᠨ ᠲᠣᠭᠤᠷᠢᠭ᠎ᠤᠨ ᠦᠨᠳᠦᠰᠦᠲᠡᠨ᠎ᠤ ᠲᠤᠷᠱᠢᠯᠲᠠ᠎ᠶ᠋ᠢᠨ ᠪᠠᠭ᠎ᠠ ᠰᠤᠷᠭᠠᠭᠤᠯᠢ᠎ᠳᠤ᠂ ᠱᠢᠨ᠎ᠡ ᠨᠤᠮ᠎ᠢᠶᠠᠨ ᠭᠠᠷᠳᠠᠭ᠍ᠰᠠᠨ ᠲᠠᠪᠤᠳᠤᠭᠠᠷ ᠣᠨ᠎ᠤ ᠭᠤᠷᠪᠠᠳᠤᠭᠠᠷ ᠠᠩᠭᠢ᠎ᠶ᠋ᠢᠨ ᠵᠠᠩ ᠰᠢ ᠲᠡᠰᠭᠡᠯ ᠦᠭᠡᠢ ᠤᠷᠪᠠᠭᠤᠯᠵᠤ ᠦᠵᠡᠬᠦ᠌᠎ᠶ᠋ᠢᠨ ᠳᠠᠭᠠᠤ ᠱᠢᠷᠡᠭᠡᠨ ᠨᠠᠢᠵᠠ᠎ᠲᠠᠢ᠎ᠪᠠᠨ ᠥᠪᠡᠷ᠎ᠤᠨ ᠰᠣᠨᠢᠷᠬᠠᠯᠲᠠᠢ ᠠᠭᠤᠯᠭ᠎ᠠ᠎ᠪᠠᠨ ᠶᠠᠷᠢᠯᠴᠠᠨ᠎ᠠ᠃
《ᠨᠡᠷ᠎ᠡ ᠮᠡᠳᠡᠭᠦᠯᠬᠦ᠌᠎ᠠᠴᠠ ᠡᠮᠦᠨ᠎ᠡ᠂ ᠱᠢᠨ᠎ᠡ ᠰᠤᠷᠤᠭ᠍ᠴᠢᠳ᠎ᠤᠨ ᠴᠤᠭ᠍ᠯᠠᠷᠠᠯ᠎ᠠᠴᠠ ᠨᠡᠷ᠎ᠡ ᠮᠡᠳᠡᠬᠦᠯᠬᠦ᠌ ᠠᠷᠭ᠎ᠠ ᠵᠠᠮ᠎ᠢ ᠦᠵᠡᠭ᠌ᠰᠡᠨ᠂ ᠨᠣᠮ᠎ᠤᠨ ᠠᠬ᠎ᠠ ᠡᠭᠡᠴᠢ ᠨᠠᠷ᠎ᠠᠴᠠ ᠠᠰᠠᠭᠤᠯᠲᠠ᠎ᠶ᠋ᠢ ᠮᠠᠨᠢ ᠬᠠᠷᠢᠭᠤᠯᠤᠨ ᠦᠭ᠌ᠴᠦ᠂ ᠨᠡᠷ᠎ᠡ ᠮᠡᠳᠡᠭᠦᠯᠦᠭ᠌ᠰᠡᠨᠤ ᠳᠠᠷᠠᠭ᠎ᠠ ᠰᠠᠢᠨ ᠲᠤᠷᠠᠴᠤᠳ᠎ᠤᠨ ᠬᠠᠪᠰᠤᠷᠤᠯᠭ᠎ᠠ᠎ᠪᠠᠷ ᠰᠤᠷᠭᠠᠭᠤᠯᠢ᠎ᠳᠤ ᠤᠷᠤᠬᠤ ᠭᠠᠷ ᠬᠦᠢᠴᠡᠳᠭᠡᠯ᠎ᠢᠶᠠᠨ ᠱᠢᠯᠤᠭᠤᠬᠠᠨ ᠬᠢᠵᠦ᠍ ᠳᠠᠭᠤᠰᠭᠠᠯᠠ》᠃ 8 ᠰᠠᠷ᠎ᠠ᠎ᠶ᠋ᠢᠨ 28 ᠤ ᠡᠳᠦᠷ᠂ ᠨᠡᠷ᠎ᠡ ᠮᠡᠳᠡᠭᠦᠯᠬᠦ᠌᠎ᠪᠠᠷ ᠢᠷᠡᠭ᠌ᠰᠡᠨ ᠤᠯᠠᠭᠠᠨᠬᠠᠳᠠ ᠳᠡᠭᠡᠳᠦ ᠰᠤᠷᠭᠠᠭᠤᠯᠢ᠎ᠶ᠋ᠢᠨ 2021 ᠣᠨ᠎ᠤ ᠡᠬᠢ ᠪᠠᠶᠠᠯᠢᠭ ᠣᠷᠴᠢᠨ ᠲᠣᠭᠤᠷᠢᠨ ᠬᠢᠭᠡᠳ ᠪᠠᠷᠢᠯᠭ᠎ᠠ᠎ᠶ᠋ᠢᠨ ᠢᠨᠵᠧᠨᠧᠷᠢᠩ᠎ᠤᠨ ᠳᠡᠭᠡᠳᠦ ᠰᠤᠷᠭᠠᠭᠤᠯᠢ᠎ᠶ᠋ᠢᠨ ᠱᠢᠨ᠎ᠡ ᠰᠣᠷᠣᠭ᠍ᠴᠢ ᠵᠠᠩ ᠯᠢᠩ᠂ ᠶᠡᠭᠡ ᠰᠤᠷᠭᠠᠭᠤᠯᠢ᠎ᠶ᠋ᠢᠨ ᠠᠮᠢᠳᠤᠷᠠᠯ ᠰᠠᠶᠢᠬᠠᠨ ᠡᠬᠢᠯᠡᠵᠦ᠍ ᠪᠠᠢᠨ᠎ᠠ᠂ ᠲᠠᠷᠠᠭᠠᠴᠢ᠎ᠶ᠋ᠢᠨ 4 ᠵᠢᠯ᠎ᠳᠤ ᠰᠠᠢᠲᠤᠷ ᠰᠤᠷᠤᠯᠴᠠᠵᠤ᠂ ᠬᠠᠮᠲᠤ ᠰᠤᠷᠤᠭ᠍ᠴᠢᠳ᠎ᠲᠠᠢ᠎ᠪᠠᠨ ᠡᠶ᠎ᠡ ᠡᠪ᠎ᠲᠡᠶ ᠬᠠᠷᠢᠯᠴᠠᠬᠤ᠎ᠶ᠋ᠢ ᠬᠦᠰᠡᠵᠦ᠍ ᠪᠠᠢᠨ᠎ᠠ ᠭᠡᠵᠦ᠍ ᠰᠡᠳᠭᠢᠯ ᠳᠣᠭ᠍ᠳᠣᠯᠤᠨ ᠬᠡᠯᠡᠨ᠎ᠡ᠃
ᠪᠣᠷᠣᠲᠣᠬᠤᠶ ᠳᠡᠭᠡᠳᠦ ᠰᠤᠷᠭᠠᠭᠤᠯᠢ᠎ᠶ᠋ᠢᠨ ᠠᠨᠠᠭᠠᠬᠤ ᠤᠬᠠᠭᠠᠨ᠎ᠤ ᠰᠠᠯᠪᠤᠷᠢ᠎ᠶ᠋ᠢᠨ 2018 ᠣᠨ᠎ᠤ ᠰᠤᠪᠢᠯᠠᠯᠲᠠ᠎ᠶ᠋ᠢᠨ ᠤᠬᠠᠭᠠᠨ᠎ᠤ 4 ᠳ᠋ᠦ᠍ᠭᠡᠷ ᠠᠩᠭᠢ᠎ᠶ᠋ᠢᠨ ᠰᠤ᠌ ᠴᠧᠨ᠂ ᠵᠣᠨ᠎ᠤ ᠠᠮᠠᠷᠠᠯᠲᠠ᠎ᠳᠤ ᠶᠡᠷᠦᠩᠬᠡᠶ ᠱᠦᠵᠢ ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠣᠶ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ᠎ᠶ᠋ᠢ ᠭᠥᠯᠢᠶᠡᠨ ᠠᠪᠴᠤ᠌ ᠦᠵᠡᠪᠡ᠃ ᠲᠡᠷᠡ᠂ ᠱᠢᠨ᠎ᠡ ᠴᠠᠭ ᠦᠶ᠎ᠡ᠎ᠶ᠋ᠢᠨ ᠱᠢᠨ᠎ᠡ ᠵᠠᠯᠠᠭᠤᠴᠤᠳ ᠪᠣᠯᠤᠭ᠍ᠰᠠᠨ᠎ᠤ ᠬᠤᠪᠢ᠎ᠳᠤ᠂ ᠬᠤᠪᠢ ᠬᠥᠮᠦᠨ᠎ᠤ ᠬᠦᠰᠡᠯᠡᠩ᠎ᠢᠶᠠᠨ ᠤᠯᠤᠰ᠎ᠤᠨ ᠪᠥᠲᠥᠭᠡᠨ ᠪᠠᠢᠭᠤᠯᠤᠯᠲᠠ ᠬᠥᠭ᠌ᠵᠢᠯᠲᠡ᠎ᠲᠠᠢ ᠤᠶᠠᠯᠳᠤᠭᠤᠯᠵᠤ᠂ ᠬᠤᠪᠢ ᠬᠥᠮᠦᠨ᠎ᠤ ᠦᠰᠦᠨ ᠪᠤᠢᠵᠢᠯᠲᠠ᠎ᠪᠠᠨ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠎ᠶ᠋ᠢ ᠲᠡᠷᠭᠡᠯᠱᠢᠭᠦᠯᠬᠦ᠌ ᠠᠬᠢᠴᠠ᠎ᠳᠤ ᠠᠭᠤᠰᠭᠠᠨ᠂ ᠤᠯᠤᠰ ᠪᠠ ᠦᠨᠳᠦᠰᠦᠲᠡᠨ᠎ᠤ ᠦᠢᠯᠡᠰ᠎ᠲᠤ ᠦᠢᠯᠡᠴᠢᠯᠡᠬᠦ᠌ ᠳᠤᠮᠳᠠ ᠥᠪᠡᠷ᠎ᠤᠨ ᠠᠮᠢᠳᠤᠷᠠᠬᠤᠶ᠎ᠶ᠋ᠢᠨ ᠥᠷᠲᠡᠭ᠎ᠢᠶᠠᠨ ᠪᠡᠶᠡᠯᠡᠭᠦᠯᠦᠨ᠎ᠡ᠂ 《ᠨᠠᠮ ᠮᠠᠨᠢ ᠰᠠᠨᠠᠭ᠎ᠠ ᠠᠮᠤᠷ ᠪᠠᠢᠭᠠᠷᠠᠢ᠂ ᠤᠯᠤᠰ᠎ᠢᠶᠠᠨ ᠬᠦᠴᠦᠷᠬᠡᠭ᠌ᠵᠢᠭᠦᠯᠬᠦ᠌᠎ᠳᠤ ᠪᠢᠳᠡ ᠪᠠᠢᠨ᠎ᠠ》 ᠬᠡᠬᠦ᠌ ᠵᠠᠯᠠᠭᠤ ᠨᠠᠰᠤᠨ᠎ᠤ ᠲᠠᠩᠭᠠᠷᠢᠭ᠎ᠢ ᠴᠢᠷᠮᠠᠢᠨ ᠦᠢᠯᠡᠳᠦᠯᠭᠡᠵᠢᠭᠦᠯᠦᠨ᠎ᠡ ᠬᠡᠵᠦ᠍ ᠢᠯᠡᠳᠭᠡᠨ᠎ᠡ᠃
《ᠱᠢᠨ᠎ᠡ ᠰᠤᠷᠤᠯᠭ᠎ᠠ᠎ᠶ᠋ᠢᠨ ᠬᠤᠭᠤᠴᠠᠭ᠎ᠠ᠂ ᠱᠢᠨ᠎ᠡ ᠡᠬᠢᠯᠡᠯᠲᠡ᠂ ᠱᠢᠨ᠎ᠡ ᠬᠦᠰᠡᠯ ᠡᠷᠡᠮᠡᠯᠵᠡᠯ᠃ ᠰᠤᠷᠤᠭ᠍ᠴᠢᠳ ᠮᠠᠨᠢ ᠨᠡᠩ ᠰᠠᠢᠳᠤᠷ ᠦᠰᠦᠨ ᠪᠤᠢᠵᠢᠬᠤ᠎ᠶ᠋ᠢ ᠬᠦᠰᠡᠵᠦ᠍ ᠪᠠᠢᠨ᠎ᠠ!》 ᠭᠡᠵᠦ᠍ ᠴᠡᠯᠡᠭᠡᠷ ᠲᠠᠯ᠎ᠠ ᠪᠠᠭ᠎ᠠ ᠰᠤᠷᠭᠠᠭᠤᠯᠢ᠎ᠶ᠋ᠢᠨ ᠼᠠᠢ ᠬᠤᠩ ᠱᠢᠤᠸᠠᠢ ᠪᠠᠭ᠍ᠰᠢ ᠱᠢᠨ᠎ᠡ ᠰᠤᠷᠤᠯᠭ᠎ᠠ᠎ᠶ᠋ᠢᠨ ᠬᠤᠭᠤᠴᠠᠭ᠎ᠠ ᠬᠦᠷᠴᠦ᠍ ᠢᠷᠡᠬᠦ᠌᠎ᠶ᠋ᠢ ᠬᠦᠰᠡᠨ ᠬᠦᠯᠢᠶᠡᠵᠦ᠍ ᠪᠠᠢᠯ᠎ᠠ᠃
《ᠨᠢᠬᠡᠨ ᠪᠠᠭ᠍ᠰᠢ ᠬᠦᠮᠦᠨ ᠪᠣᠯᠤᠭ᠍ᠰᠠᠨ᠎ᠤ ᠬᠤᠪᠢ᠎ᠳᠤ᠂ ᠪᠢ ᠨᠠᠮ᠎ᠤᠨ ᠲᠥᠯᠥᠭᠡ ᠬᠥᠮᠦᠨ ᠬᠥᠮᠦᠵᠢᠭᠦᠯᠬᠦ᠂ ᠤᠯᠤᠰ᠎ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ᠌ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠰᠠᠢᠲᠤᠷ ᠬᠡᠷᠡᠭ᠌ᠯᠡᠵᠦ᠍᠂ ᠬᠢᠴᠢᠶᠡᠯ ᠪᠦᠷᠢ᠎ᠪᠠᠨ ᠰᠠᠢᠲᠤᠷ ᠵᠢᠭᠠᠨ᠎ᠠ᠃ ᠬᠡᠦᠬᠡᠳ᠎ᠤᠳ ᠡᠷᠡᠭᠦᠯ ᠴᠢᠭᠢᠷᠠᠭ ᠪᠠᠶᠠᠷ ᠬᠥᠷ᠎ᠲᠠᠢ ᠴᠢᠷᠮᠠᠢᠨ ᠰᠤᠷᠤᠯᠴᠠᠵᠤ᠂ ᠱᠢᠨ᠎ᠡ ᠰᠤᠷᠤᠯᠭ᠎ᠠ᠎ᠶ᠋ᠢᠨ ᠬᠤᠭᠤᠴᠠᠭ᠎ᠠ᠎ᠪᠠᠨ ᠢᠳᠡᠬᠡᠯ ᠳᠡᠬᠦᠯᠳᠡᠷ ᠤᠭ᠍ᠲᠤᠬᠤ᠎ᠶ᠋ᠢ ᠬᠦᠰᠡᠵᠦ᠍ ᠪᠠᠢᠨ᠎ᠠ!》 ᠭᠡᠵᠦ᠍ ᠬᠥᠬᠡᠬᠤᠲᠠ᠎ᠶ᠋ᠢᠨ ᠮᠣᠩᠭᠤᠯ ᠦᠨᠳᠦᠰᠦᠲᠡᠨ᠎ᠤ ᠰᠤᠷᠭᠠᠭᠤᠯᠢ᠎ᠶ᠋ᠢᠨ ᠲᠡᠦᠬᠡ᠎ᠶ᠋ᠢᠨ ᠪᠠᠭ᠍ᠰᠢ ᠸᠠᠩ ᠱᠢᠤᠸᠠᠢ ᠸᠧᠶ ᠬᠡᠯᠡᠪᠡ᠃