ᠦᠭᠡ ᠬᠡᠯᠡ᠎ᠪᠠᠷ ᠰᠡᠳᠭᠢᠯ ᠵᠢᠷᠦᠬᠡ᠎ᠪᠠᠨ ᠬᠤᠯᠪᠣᠬᠤ ᠬᠥᠭᠦᠷᠭᠡ᠎ᠶ᠋ᠢ ᠰᠠᠢᠲᠤᠷ ᠲᠠᠯᠪᠢᠬᠤ ᠬᠡᠷᠡᠭ᠌ᠲᠡᠢ
2021-09-01 10:37:11
ᠵᠣᠬᠢᠶᠠᠭ᠍ᠴᠢ᠄
ᠠᠨ ᠬᠤᠸᠠ ᠢ
ᠣᠩᠱᠢᠭ᠍ᠰᠠᠨ ᠣᠳᠠᠭ᠎ᠠ᠄
★★★☆☆

ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠪᠠᠭ᠎ᠠ ᠰᠤᠷᠭᠠᠭᠤᠯᠢ᠎ᠶ᠋ᠢᠨ ᠬᠡᠯᠡ ᠪᠢᠴᠢᠭ᠎ᠤᠨ ᠨᠢᠭᠡᠳᠦᠭᠡᠷ ᠣᠨ᠎ᠤ ᠳᠡᠭᠡᠳᠦ ᠳᠡᠪᠲᠡᠷ᠎ᠢ ᠤᠷᠪᠠᠭᠤᠯᠵᠤ ᠦᠵᠡᠪᠡᠯ᠂ ᠪᠠᠶᠠᠷ ᠪᠠᠶᠠᠰᠤᠯ᠎ᠲᠠᠢ ᠳᠤᠮᠳᠠᠳᠤ᠎ᠶ᠋ᠢᠨ ᠦᠨᠳᠦᠰᠦᠲᠡᠨ᠎ᠤ ᠲᠣᠮᠣ ᠬᠡᠷ ᠪᠦᠯᠢ᠎ᠶ᠋ᠢᠨ ᠵᠢᠷᠤᠭ ᠬᠠᠮᠤᠭ ᠲᠡᠷᠢᠭᠦᠨ᠎ᠳᠤ ᠨᠢᠳᠦᠨ᠎ᠳᠤ ᠲᠤᠳᠤᠷᠠᠨ᠎ᠠ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠭᠦᠨᠵᠡᠭᠡᠢ ᠥᠷᠨᠢᠭᠦᠯᠵᠦ᠍᠂ ᠲᠠᠪᠢᠨ ᠵᠢᠷᠭᠤᠭᠠᠨ ᠦᠨᠳᠦᠰᠦᠲᠡᠨ᠎ᠢ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠭᠦᠯᠬᠦ᠌ ᠪᠣᠯ ᠱᠢᠨ᠎ᠡ ᠰᠤᠷᠤᠭ᠍ᠴᠢᠳ᠎ᠤᠨ ᠰᠤᠷᠭᠠᠭᠤᠯᠢ᠎ᠳᠤ ᠣᠷᠣᠬᠤ ᠠᠩᠬᠠᠨ᠎ᠤ ᠬᠢᠴᠢᠶᠡᠯ ᠮᠥᠨ᠂ ᠨᠡᠩ ᠴᠤ᠌ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠬᠦ᠌᠎ᠶ᠋ᠢᠨ ᠴᠢᠬᠤᠯᠠ ᠠᠴᠢ ᠬᠤᠯᠪᠣᠭ᠍ᠳᠠᠯ ᠮᠥᠨ᠃

ᠬᠠᠮᠲᠤ ᠴᠣᠭ᠍ᠴᠠ ᠬᠡᠳᠦᠶ ᠴᠢᠬᠤᠯᠠ ᠪᠤᠢ? ᠱᠢᠨ᠎ᠡ ᠳᠤᠮᠳᠠᠳᠤ ᠤᠯᠤᠰ᠎ᠤᠨ ᠵᠠᠭᠤᠨ ᠵᠢᠯ᠎ᠤᠨ ᠲᠡᠦᠬᠡ᠎ᠶ᠋ᠢᠨ ᠤᠷᠳᠤ ᠬᠠᠭᠤᠳᠠᠰᠤ᠎ᠶ᠋ᠢ ᠰᠡᠬᠦᠪᠡᠯ᠂ ᠪᠢᠳᠡ ᠴᠢᠰᠤ ᠤᠷᠤᠰᠭᠠᠭ᠍ᠰᠠᠨ ᠬᠤᠪᠢᠰᠭᠠᠯ᠎ᠤᠨ ᠴᠠᠭ ᠦᠶ᠎ᠡ᠎ᠠᠴᠠ ᠲᠠᠷᠢ᠎ᠶ᠋ᠢᠨ ᠤᠳᠤᠭ᠎ᠠ ᠲᠤᠨᠤᠷᠠᠭ᠍ᠰᠠᠨ ᠲᠠᠢᠨ᠎ᠤ ᠴᠠᠭ ᠦᠶ᠎ᠡ ᠬᠦᠷᠲᠡᠯ᠎ᠡ᠂ ᠣᠷᠭᠢᠯᠤᠮ᠎ᠠ ᠰᠡᠳᠭᠢᠯᠭᠡ ᠪᠢᠯᠬᠠᠭ᠍ᠰᠠᠨ ᠪᠦᠳᠦᠭᠡᠨ ᠪᠠᠢᠭᠤᠯᠤᠯᠲᠠ᠎ᠶ᠋ᠢᠨ ᠴᠠᠭ ᠦᠶ᠎ᠡ᠎ᠠᠴᠠ ᠰᠦᠷ ᠳᠠᠯᠠᠢᠴᠠᠲᠠᠢ ᠥᠭᠡᠷᠡᠴᠢᠯᠡᠯᠲᠡ ᠨᠡᠭᠡᠭᠡᠯᠳᠠ ᠬᠢᠬᠦ᠌ ᠬᠦᠷᠲᠡᠯ᠎ᠡ᠂ ᠬᠢᠮᠤᠷᠠᠯ᠎ᠢ ᠱᠢᠢᠳᠪᠦᠷᠢᠯᠡᠬᠦ᠂ ᠬᠥᠭ᠌ᠵᠢᠯᠲᠡ᠎ᠶ᠋ᠢ ᠡᠷᠢᠯᠬᠢᠯᠡᠬᠦ᠂ ᠬᠢᠵᠢᠭ᠎ᠲᠠᠢ ᠲᠡᠮᠡᠴᠡᠬᠦ᠌ ᠁ ᠬᠠᠷᠰᠢ ᠰᠠᠭᠠᠳ᠎ᠢ ᠢᠯᠠᠨ ᠳᠠᠪᠠᠭ᠍ᠰᠠᠭᠠᠷ ᠢᠷᠡᠪᠡ᠂ ᠠᠯᠢ ᠨᠢᠭᠡ ᠠᠯᠬᠤᠮ᠎ᠨᠢ ᠦᠨᠳᠦᠰᠦᠲᠡᠨ᠎ᠨᠦᠭᠦᠳ᠎ᠤᠨ ᠬᠠᠮᠲᠤ᠎ᠪᠠᠷ ᠪᠦᠯᠬᠦᠮᠳᠡᠨ ᠲᠡᠮᠡᠴᠡᠬᠦ᠌ ᠵᠣᠷᠢᠭ ᠰᠠᠨᠠᠭ᠎ᠠ᠎ᠶ᠋ᠢ ᠠᠭᠤᠯᠤᠭ᠍ᠰᠠᠨ ᠦᠭᠡᠢ ᠪᠤᠢ? ᠳᠦᠷᠪᠠᠨ ᠵᠦᠭ᠎ᠲᠤ ᠰᠤᠨᠤᠯᠵᠠᠭ᠍ᠰᠠᠨ ᠵᠠᠰᠠᠮᠠᠯ ᠵᠠᠮ᠂ ᠳᠤᠪᠳᠤᠯᠤᠨ ᠨᠢᠰᠭᠦ ᠲᠦᠷᠭᠡᠨ᠎ᠤ ᠭᠠᠯᠳᠤ ᠲᠡᠷᠭᠡ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠁ ᠵᠠᠮ ᠳᠤᠷᠰᠢ ᠠᠭᠤᠯᠠ ᠤᠰᠤ᠎ᠶ᠋ᠢ ᠳᠠᠪᠠᠨ ᠲᠤᠭᠤᠯᠤᠭ᠍ᠰᠠᠭᠠᠷ ᠢᠷᠡᠪᠡ᠂ ᠠᠯᠢ ᠨᠢᠭᠡ ᠠᠯᠬᠤᠮ᠎ᠨᠢ ᠦᠨᠳᠦᠰᠦᠲᠡᠨ᠎ᠨᠦᠭᠦᠳ᠎ᠤᠨ ᠲᠦᠮᠡᠨ ᠤᠯᠠᠨ ᠬᠦᠴᠦ᠍ ᠨᠢᠭ᠍ᠲᠠᠷᠠᠭ᠍ᠰᠠᠨ ᠵᠣᠷᠢᠭ ᠰᠠᠨᠠᠭ᠎ᠠ᠎ᠶ᠋ᠢ ᠠᠭᠤᠯᠤᠭ᠍ᠰᠠᠨ ᠦᠭᠡᠢ ᠪᠤᠢ? ᠳᠤᠮᠳᠠᠳᠤ᠎ᠶ᠋ᠢᠨ ᠦᠨᠳᠦᠰᠦᠲᠡᠨ᠎ᠤ ᠶᠡᠭᠡ ᠬᠡᠷ ᠪᠦᠯᠢ᠎ᠳᠤ᠂ ᠦᠨᠳᠦᠰᠦᠲᠡᠨ᠎ᠨᠦᠭᠦᠳ ᠭᠠᠭ᠍ᠴᠠ ᠬᠦ᠌ ᠠᠬ᠎ᠠ ᠳᠡᠭᠦᠦ ᠮᠡᠲᠦ ᠳᠣᠲᠣᠨᠣ ᠪᠠᠢᠵᠤ᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠨᠢᠭᠡ ᠰᠡᠳᠭᠢᠯ ᠨᠢᠭᠡ ᠵᠣᠷᠢᠭ᠎ᠢᠶᠠᠷ᠂ ᠨᠢᠭᠡ ᠰᠡᠳᠭᠢᠯ ᠨᠢᠭᠡ ᠴᠢᠭ᠌ᠯᠡᠯ᠎ᠢᠶᠠᠷ ᠤᠷᠤᠭ᠍ᠰᠢᠯᠠᠪᠠᠯ ᠰᠠᠶᠢ ᠬᠦᠴᠢᠷ ᠪᠡᠷᠬᠡᠱᠢᠶᠡᠯ ᠬᠠᠷᠰᠢ ᠰᠠᠭᠠᠳ᠎ᠢ ᠢᠯᠡᠨ ᠳᠠᠪᠠᠵᠤ᠂ ᠠᠶᠤᠯ ᠲᠦᠭ᠌ᠰᠢᠭᠦᠷᠢ ᠥᠷᠢᠰᠥᠯᠳᠦᠭᠡᠨ᠎ᠢ ᠢᠯᠡᠨ ᠳᠠᠪᠠᠵᠤ᠂ ᠰᠠᠢᠨ ᠰᠠᠢᠬᠠᠨ ᠬᠦᠰᠡᠯ ᠵᠡᠭᠦᠳᠦ᠎ᠪᠠᠨ ᠲᠡᠷᠭᠡᠯᠱᠢᠭᠦᠯᠵᠦ᠍ ᠴᠢᠳᠠᠨ᠎ᠠ ᠭᠡᠳᠡᠭ᠎ᠢ ᠲᠡᠤᠬᠡ ᠪᠤᠯᠤᠨ ᠪᠤᠳᠠᠳᠤ ᠠᠬᠤᠢ ᠠᠯᠢ ᠡᠷᠳᠡ ᠭᠡᠷᠡᠴᠢᠯᠡᠪᠡ᠃

ᠦᠭᠡ ᠬᠡᠯᠡ ᠪᠣᠯ ᠬᠠᠷᠢᠯᠴᠠᠭᠠᠨ᠎ᠤ ᠬᠥᠭᠦᠷᠭᠡ ᠮᠦᠨ᠃ ᠠᠳᠠᠯᠢ ᠦᠰᠦᠭ᠎ᠲᠠᠢ ᠨᠤᠮ ᠪᠢᠴᠢᠭ᠂ ᠠᠳᠠᠯᠢ ᠠᠶᠠᠯᠭᠤ᠎ᠲᠠᠢ ᠦᠭᠡ ᠬᠡᠯᠡ ᠪᠤᠯ ᠰᠠᠶᠢ ᠰᠡᠳᠭᠢᠯ ᠵᠢᠷᠦᠬᠡ᠎ᠶ᠋ᠢ ᠨᠡᠪᠲᠡᠷᠡᠯᠴᠡᠭᠦᠯᠵᠦ᠍᠂ ᠬᠠᠢᠷ᠎ᠠ ᠰᠡᠳᠭᠢᠯᠭᠡ᠎ᠶ᠋ᠢ ᠠᠭᠤᠰᠤᠯᠴᠠᠭᠤᠯᠵᠤ ᠴᠢᠳᠠᠨ᠎ᠠ᠃ ᠮᠠᠨ᠎ᠤ ᠣᠷᠣᠨ᠎ᠳᠤ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠪᠥᠬᠦ᠌ ᠲᠠᠯ᠎ᠠ᠎ᠪᠠᠷ ᠳᠡᠯᠭᠡᠷᠡᠭᠦᠯᠦᠨ ᠬᠡᠷᠡᠭ᠌ᠯᠡᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌᠎ᠶ᠋ᠢᠨ ᠵᠣᠷᠢᠯᠭ᠎ᠠ᠎ᠨᠢ ᠦᠨᠳᠦᠰᠦᠲᠡᠨ᠎ᠨᠦᠭᠦᠳ᠎ᠤᠨ ᠠᠷᠠᠳ ᠲᠦᠮᠡᠨ ᠢᠯᠠᠩᠭᠤᠶ᠎ᠠ ᠵᠠᠯᠠᠭᠤᠴᠤᠳ ᠪᠠᠭᠠᠴᠤᠳ᠎ᠲᠤ ᠴᠣᠩᠬᠤ ᠨᠡᠭᠡᠭᠡᠨ ᠦᠭ᠌ᠴᠦ᠂ ᠲᠡᠳᠡᠨ᠎ᠳᠤ ᠭᠠᠳᠠᠨᠠᠬᠢ ᠶᠢᠷᠲᠢᠨᠴᠦ᠎ᠶ᠋ᠢ ᠨᠠᠩ ᠰᠠᠢᠲᠤᠷ ᠣᠢᠯᠠᠭᠠᠭᠤᠯᠵᠤ᠂ ᠥᠷᠭᠡᠨ ᠠᠭᠤᠳᠠᠮ ᠣᠷᠣᠨ ᠵᠠᠶ᠎ᠶ᠋ᠢ ᠢᠯᠡᠷᠡᠭᠦᠯᠵᠦ᠍᠂ ᠬᠥᠮᠦᠨ᠎ᠤ ᠠᠮᠢᠳᠤᠷᠠᠯ᠎ᠤᠨ ᠦᠨ᠎ᠡ ᠥᠷᠲᠡᠭ᠎ᠢ ᠪᠡᠶᠡᠯᠡᠭᠦᠯᠬᠦ᠌᠎ᠶ᠋ᠢᠨ ᠲᠥᠯᠥᠭᠡ ᠶᠤᠮ; ᠨᠢᠭᠡ ᠬᠥᠭᠦᠷᠭᠡ᠎ᠶ᠋ᠢ ᠪᠤᠰᠭᠠᠵᠤ᠂ ᠲᠡᠳᠡᠨ᠎ᠤ ᠶᠡᠷᠦᠩᠬᠡᠢᠯᠡᠭ᠌ᠰᠡᠨ ᠬᠡᠪ ᠪᠣᠯᠪᠠᠰᠤᠷᠠᠯ᠎ᠢ ᠴᠢᠨᠠᠭ᠍ᠰᠢᠳᠠ ᠳᠡᠭᠡᠭ᠌ᠰᠢᠯᠡᠭᠦᠯᠵᠦ᠍᠂ ᠬᠤᠪᠢ ᠬᠥᠮᠦᠨ᠎ᠤ ᠦᠰᠦᠨ ᠪᠤᠢᠵᠢᠯᠲᠠ᠎ᠳᠤ ᠬᠦᠴᠦᠨ ᠨᠡᠮᠡᠷᠢᠯᠡᠵᠦ᠍᠂ ᠬᠦᠰᠡᠯ ᠵᠡᠭᠦᠳᠦ᠎ᠪᠠᠨ ᠲᠡᠷᠭᠡᠯᠱᠢᠭᠦᠯᠬᠦ᠌᠎ᠳᠤ ᠨᠡᠩ ᠤᠯᠠᠨ ᠠᠵᠠ ᠲᠣᠬᠢᠶᠠᠯ᠎ᠢ ᠣᠯᠭᠤᠬᠤ᠎ᠶ᠋ᠢᠨ ᠲᠦᠯᠦᠭᠡ ᠶᠤᠮ᠃ ᠦᠭᠡ ᠬᠡᠯᠡ ᠭᠡᠬᠦ᠌ ᠡᠨᠡ ᠬᠦ᠌ ᠰᠡᠳᠭᠢᠯ ᠵᠢᠷᠦᠬᠡ᠎ᠪᠠᠨ ᠬᠤᠯᠪᠤᠭ᠍ᠰᠠᠨ ᠬᠥᠭᠦᠷᠭᠡ᠎ᠶ᠋ᠢ ᠰᠠᠢᠲᠤᠷ ᠲᠠᠯᠪᠢᠪᠠᠯ ᠰᠠᠶᠢ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠳᠤᠮᠳᠠ ᠥᠪᠡᠷ᠎ᠢ᠎ᠪᠠᠨ ᠨᠡᠩ ᠰᠠᠢᠲᠤᠷ ᠬᠥᠭ᠌ᠵᠢᠭᠦᠯᠵᠦ᠍᠂ ᠨᠡᠢᠭᠡᠮ᠎ᠳᠤ ᠨᠡᠩ ᠰᠠᠢᠲᠤᠷ ᠠᠭᠤᠰᠤᠯᠴᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠶᠡᠭᠡ ᠭᠡᠷ ᠪᠦᠯᠢ᠎ᠳᠤ ᠨᠡᠩ ᠰᠠᠢᠲᠤᠷ ᠠᠭᠤᠰᠤᠯᠴᠠᠵᠤ ᠴᠢᠳᠠᠨ᠎ᠠ᠃

ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠬᠥᠮᠦᠰ᠎ᠢ ᠵᠣᠷᠢᠭ᠍ᠵᠢᠭᠤᠯᠤᠮ᠎ᠠ ᠴᠢᠬᠤᠯᠠ ᠶᠠᠷᠢᠶ᠎ᠠ᠂ ᠬᠤᠷᠠᠯ᠎ᠤᠨ ᠲᠠᠯᠠᠪᠠᠢ᠎ᠳᠤ ᠰᠠᠯᠬᠢᠨ᠎ᠤ ᠠᠶ᠎ᠠ᠎ᠪᠠᠷ ᠨᠠᠮᠢᠷᠠᠬᠤ ᠲᠤᠭ ᠳᠠᠯᠪᠠᠭ᠎ᠠ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠰᠡᠳᠭᠢᠯ ᠵᠢᠷᠦᠬᠡᠨ᠎ᠠᠴᠠ᠎ᠨᠢ ᠤᠨᠳᠤᠷᠤᠭ᠍ᠰᠠᠨ ᠤᠤᠬᠠᠢᠯᠠᠯ᠎ᠨᠢ ᠬᠥᠮᠦᠨ ᠨᠢᠭᠡᠪᠦᠷᠢ᠎ᠳᠤ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠭᠦᠨ ᠴᠢᠬᠤᠯᠠ ᠬᠦᠴᠦᠨ ᠴᠢᠳᠠᠯ᠎ᠢ ᠭᠦᠨᠵᠡᠭᠡᠢ ᠮᠡᠳᠡᠷᠡᠭᠦᠯᠪᠡ᠃ 《ᠣᠯᠠᠨ᠎ᠤ ᠬᠦᠴᠦᠨ᠎ᠳᠤ ᠤᠪᠤᠭ᠎ᠠ ᠪᠤᠰᠤᠨ᠎ᠠ》 ᠭᠡᠳᠡᠭ᠃ ᠯᠠᠪᠳᠠᠭᠤᠨ ᠲᠤᠭ᠍ᠲᠠᠭᠤᠨ᠎ᠢᠶᠠᠷ ᠬᠤᠯᠠ᠎ᠶ᠋ᠢ ᠵᠤᠷᠢᠨ ᠠᠶᠠᠯᠠᠵᠤ᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠵᠦ᠍᠂ ᠰᠡᠳᠭᠢᠯ ᠨᠢᠭᠡᠳᠦᠨ ᠬᠦᠴᠦ᠎ᠪᠠᠨ ᠬᠠᠮᠲᠤᠳᠭᠠᠵᠤ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠪᠠᠯ᠂ ᠬᠤᠪᠢ ᠬᠥᠮᠦᠨ᠎ᠤ ᠦᠰᠦᠨ ᠪᠤᠢᠵᠢᠵᠤ ᠤᠷᠤᠭ᠍ᠰᠢᠯᠠᠨ ᠲᠠᠪᠱᠢᠬᠤ ᠵᠠᠮ ᠰᠠᠶᠢ ᠶᠠᠪᠤᠬᠤ ᠲᠤᠳᠤᠮ ᠥᠷᠭᠡᠵᠢᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠶᠡᠭᠡ ᠭᠡᠷ ᠪᠦᠯᠢ ᠵᠢᠴᠢ ᠶᠡᠭᠡ ᠭᠡᠷ ᠪᠦᠯᠢ᠎ᠶ᠋ᠢᠨ ᠪᠦᠷᠢᠯᠳᠦᠬᠦᠨ ᠨᠢᠭᠡᠪᠦᠷᠢ᠎ᠶ᠋ᠢᠨ ᠬᠥᠭ᠌ᠵᠢᠯᠲᠡ᠎ᠶ᠋ᠢᠨ ᠪᠠᠢᠳᠠᠯ ᠰᠠᠶᠢ ᠶᠠᠪᠤᠬᠤ ᠲᠤᠳᠤᠮ ᠪᠠᠳᠠᠷᠠᠨ ᠬᠥᠭ᠌ᠵᠢᠵᠦ᠍ ᠴᠢᠳᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号