ᠶᠠᠫᠣᠨ᠎ᠢ ᠡᠰᠡᠷᠭᠦᠴᠡᠬᠦ᠌ ᠳᠠᠢᠨ
2021-09-01 10:53:44
ᠵᠣᠬᠢᠶᠠᠭ᠍ᠴᠢ᠄
ᠠᠨ ᠶᠢᠨ ᠳ᠋ᠦᠩ ᠴᠧᠨ ᠴᠦᠨ ᠶᠠᠨ
ᠣᠩᠱᠢᠭ᠍ᠰᠠᠨ ᠣᠳᠠᠭ᠎ᠠ᠄
★★★☆☆

ᠶᠠᠫᠣᠨ᠎ᠢ ᠡᠰᠡᠷᠭᠦᠴᠡᠬᠦ᠌ ᠳᠠᠢᠨ᠎ᠤ ᠵᠣᠷᠢᠭ ᠰᠠᠨᠠᠭ᠎ᠠ᠎ᠪᠠᠷ ᠡᠷᠡᠮᠡᠬᠡᠢᠯᠡᠨ ᠤᠷᠤᠭ᠍ᠰᠢᠯᠠᠬᠤ ᠡᠷᠴᠢ ᠬᠦᠴᠦᠨ ᠪᠤᠯᠭᠠᠶ᠎ᠠ

— ᠥᠪᠥᠷ ᠮᠣᠩᠭᠤᠯ᠎ᠤᠨ ᠨᠠᠮ᠎ᠤᠨ ᠰᠤᠷᠭᠠᠭᠤᠯᠢ᠎ᠶ᠋ᠢᠨ ᠨᠠᠮ᠎ᠤᠨ ᠲᠡᠦᠬᠡ ᠨᠠᠮ᠎ᠤᠨ ᠪᠠᠢᠭᠤᠯᠤᠯᠲᠠ᠎ᠶ᠋ᠢᠨ ᠵᠢᠭᠠᠨ ᠰᠤᠳᠤᠯᠬᠤ ᠬᠡᠯᠲᠡᠰ᠎ᠤᠨ ᠫᠷᠤᠹᠧᠰᠰᠤᠷ ᠢᠦᠶ ᠯᠢᠶᠠᠨ ᠷᠦᠢ᠎ᠶ᠋ᠢ ᠰᠤᠷᠪᠤᠯᠵᠢᠯᠠᠭ᠍ᠰᠠᠨ᠎ᠨᠢ


 QQ图片20210901102131.jpg


2014 ᠣᠨ᠎ᠤ 9 ᠰᠠᠷ᠎ᠠ᠎ᠶ᠋ᠢᠨ 3 ᠎ᠤ ᠡᠳᠦᠷ᠂ ᠶᠡᠷᠦᠩᠬᠡᠢ ᠱᠦᠵᠢ ᠰᠢ᠎ᠶ᠋ᠢᠨ ᠫᠢᠩ ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠣᠨ᠎ᠢ ᠡᠰᠡᠷᠭᠦᠴᠡᠬᠦ᠌ ᠳᠠᠢᠨ ᠵᠢᠴᠢ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢᠨ᠎ᠤ ᠢᠯᠠᠯᠲᠠ ᠣᠯᠤᠭ᠍ᠰᠠᠨ 69 ᠵᠢᠯ᠎ᠤᠨ ᠤᠢ᠎ᠶ᠋ᠢ ᠳᠤᠷᠠᠰᠭᠠᠬᠤ ᠶᠠᠷᠢᠯᠴᠠᠬᠤ ᠬᠤᠷᠠᠯ ᠳᠡᠬᠡᠷ᠎ᠡ᠂ ᠶᠠᠫᠤᠨ᠎ᠢ ᠡᠰᠡᠷᠬᠦᠴᠡᠬᠦ᠌ ᠲᠠᠢᠨ᠎ᠤ ᠵᠤᠷᠢᠭ ᠰᠠᠨᠠᠭ᠎ᠠ᠎ᠶ᠋ᠢᠨ ᠬᠦᠨ ᠠᠭᠤᠯᠬᠤᠨ᠎ᠢ ᠵᠢᠭᠠᠵᠤ ᠭᠠᠷᠭᠠᠬᠤ᠎ᠳᠠᠭᠠᠨ᠄ 《ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠣᠨ᠎ᠢ ᠡᠰᠡᠷᠭᠦᠴᠡᠬᠦ᠌ ᠳᠠᠢᠨ᠎ᠤ ᠰᠦᠷ ᠳᠠᠯᠠᠢᠴᠠᠲᠠᠢ ᠠᠬᠢᠴᠠ ᠳᠤᠮᠳᠠ᠂ ᠶᠠᠫᠣᠨ᠎ᠢ ᠡᠰᠡᠷᠭᠦᠴᠡᠬᠦ᠌ ᠳᠠᠢᠨ᠎ᠤ ᠠᠭᠤᠤ ᠶᠡᠭᠡ ᠵᠣᠷᠢᠭ ᠰᠠᠨᠠᠭ᠎ᠠ ᠪᠦ᠍ᠷᠢᠯᠳᠦᠵᠦ᠍᠂ ᠤᠯᠤᠰ ᠭᠦᠷᠦᠨ᠎ᠤ ᠮᠠᠨᠳᠤᠯ ᠮᠦᠬᠦᠯ᠎ᠳᠤ ᠬᠦᠮᠦᠨ ᠪᠦᠬᠦᠨ ᠬᠠᠷᠢᠭᠤᠴᠠᠬᠤ ᠤᠯᠤᠰ᠎ᠢᠶᠠᠨ ᠬᠠᠢᠷᠠᠯᠠᠬᠤ ᠬᠠᠢᠷ᠎ᠠ ᠰᠡᠳᠭᠢᠯᠭᠡ᠂ ᠦᠬᠦᠬᠦ᠌᠎ᠶ᠋ᠢ ᠤᠨᠳᠠᠬᠤ᠎ᠶ᠋ᠢᠨ ᠬᠢᠷᠢ ᠪᠤᠳᠤᠵᠤ᠂ ᠦᠬᠦᠬᠦ᠌᠎ᠠᠴᠠ ᠪᠢᠰᠢ ᠨᠤᠭᠤᠷᠠᠳᠠᠭ ᠦᠭᠡᠢ ᠦᠨᠳᠦᠰᠦᠳᠡᠨ᠎ᠤ ᠤᠮᠤᠭ ᠵᠤᠷᠢᠭ᠂ ᠬᠦᠴᠦᠷᠬᠡᠭ᠌ᠯᠡᠯ ᠲᠠᠷᠤᠯᠠᠯ᠎ᠠᠴᠠ ᠰᠦᠷᠳᠡᠬᠦ᠌ ᠦᠭᠡᠢ᠂ ᠡᠴᠦᠰ᠎ᠲᠤᠨᠢ ᠲᠤᠯᠳᠠᠯ᠎ᠠ ᠲᠡᠮᠡᠴᠡᠬᠦ᠌ ᠪᠠᠭᠠᠳᠤᠷᠯᠢᠭ ᠰᠦᠰᠦ ᠵᠤᠷᠢᠭ᠂ ᠱᠢᠨᠳᠡᠷᠡᠰᠢ ᠦᠭᠡᠢ ᠲᠡᠮᠡᠴᠡᠵᠦ᠍᠂ ᠭᠤᠢᠪᠢᠰᠢ ᠦᠭᠡᠢ ᠪᠠᠢᠬᠤ ᠵᠠᠪᠠᠯ ᠢᠯᠠᠬᠤ ᠢᠳᠡᠭᠡᠯ ᠵᠤᠷᠢᠭ᠎ᠢ ᠳᠤᠮᠳᠠᠳᠤ ᠤᠯᠤᠰ᠎ᠤᠨ ᠠᠷᠠᠳ ᠲᠦᠮᠡᠨ ᠳᠡᠯᠡᠬᠡᠢ ᠳ᠋ᠡᠬᠢᠨ᠎ᠳᠤ ᠭᠠᠢᠬᠠᠭᠤᠯᠤᠭ᠍ᠰᠠᠨ ᠪᠠᠢᠨ᠎ᠠ᠃ ᠶᠠᠫᠣᠨ᠎ᠢ ᠡᠰᠡᠷᠭᠦᠴᠡᠬᠦ᠌ ᠲᠠᠢᠨ᠎ᠤ ᠠᠭᠤᠤ ᠶᠡᠭᠡ ᠵᠣᠷᠢᠭ ᠰᠠᠨᠠᠭ᠎ᠠ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠤ ᠡᠷᠬᠢᠮ ᠨᠠᠨᠳᠢᠨ ᠤᠶᠤᠨ ᠰᠠᠨᠠᠭᠠᠨ᠎ᠤ ᠡᠳ᠋ ᠪᠠᠶᠠᠯᠢᠭ ᠮᠥᠨ᠂ ᠳᠤᠮᠳᠠᠳᠤ ᠤᠯᠤᠰ᠎ᠤᠨ ᠠᠷᠠᠳ ᠲᠦᠮᠡᠨ᠎ᠢ ᠵᠣᠷᠢᠭ᠍ᠵᠢᠭᠤᠯᠤᠨ ᠠᠯᠢᠪᠠ ᠬᠦᠴᠢᠷ ᠪᠡᠷᠬᠡᠱᠢᠶᠡᠯ ᠬᠠᠷᠰᠢ ᠰᠠᠭᠠᠳ᠎ᠢ ᠢᠯᠠᠨ ᠳᠠᠪᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠲᠡᠮᠡᠴᠡᠭᠦᠯᠬᠦ᠌ ᠬᠦᠴᠦᠷᠬᠡᠭ ᠶᠡᠭᠡ ᠤᠶᠤᠨ ᠰᠠᠨᠠᠭᠠᠨ᠎ᠤ ᠬᠥᠳᠡᠯᠭᠡᠭ᠌ᠴᠢ ᠬᠦᠴᠦᠨ ᠮᠥᠨ》 ᠭᠡᠪᠡ᠃ 

ᠲᠡᠦᠬᠡ᠎ᠶ᠋ᠢᠨ ᠱᠢᠨ᠎ᠡ ᠭᠠᠷᠤᠭ᠎ᠠ ᠲᠡᠭᠡᠷ᠎ᠡ᠂ ᠡᠨᠡ ᠤᠳᠠᠭ᠎ᠠ᠎ᠶ᠋ᠢᠨ ᠲᠠᠢᠨ᠎ᠤ ᠠᠭᠤᠤ ᠶᠡᠭᠡ ᠢᠯᠠᠯᠲᠠ᠎ᠶ᠋ᠢ ᠳᠤᠷᠠᠰᠭᠠᠵᠤ᠂ ᠶᠠᠫᠣᠨ᠎ᠢ ᠡᠰᠡᠷᠭᠦᠴᠡᠬᠦ᠌ ᠲᠠᠢᠨ᠎ᠤ ᠵᠣᠷᠢᠭ ᠰᠠᠨᠠᠭᠠᠨ᠎ᠤ ᠠᠭᠤᠯᠬᠤᠨ᠎ᠢ ᠭᠦᠨᠵᠡᠭᠡᠢ ᠣᠢᠯᠠᠭᠠᠬᠤ᠎ᠨᠢ ᠪᠢᠳᠡᠨ᠎ᠤ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌᠎ᠳᠤ ᠶᠠᠮᠠᠷ ᠪᠣᠳᠠᠲᠤ ᠠᠴᠢ ᠬᠤᠯᠪᠣᠭ᠍ᠳᠠᠯ᠎ᠲᠠᠢ ᠪᠤᠢ? ᠡᠨᠡ ᠳᠤᠬᠠᠢ ᠥᠪᠥᠷ ᠮᠣᠩᠭᠤᠯ᠎ᠤᠨ ᠨᠠᠮ᠎ᠤᠨ ᠰᠤᠷᠭᠠᠭᠤᠯᠢ᠎ᠶ᠋ᠢᠨ ᠫᠷᠤᠹᠧᠰᠰᠤᠷ ᠢᠦᠢ ᠯᠢᠶᠠᠨ ᠷᠦᠢ ᠰᠤᠷᠪᠤᠯᠵᠢᠯᠠᠭ᠎ᠠ ᠬᠦᠯᠢᠶᠡᠪᠡ᠃ 

ᠢᠦᠢ ᠯᠢᠶᠠᠨ ᠷᠦᠢ᠎ᠶ᠋ᠢᠨ ᠦᠵᠡᠬᠦ᠌᠎ᠪᠠᠷ᠂ ᠤᠯᠤᠰ᠎ᠢᠶᠠᠨ ᠬᠠᠢᠷᠠᠯᠠᠬᠤ ᠦᠵᠡᠯ ᠪᠣᠯ ᠨᠢᠭᠡ ᠦᠨᠳᠦᠰᠦᠲᠡᠨ᠂ ᠨᠢᠭᠡ ᠤᠯᠤᠰ᠎ᠤᠨ ᠣᠷᠣᠱᠢᠨ ᠲᠣᠭ᠍ᠲᠠᠨᠢᠬᠤ ᠪᠠ ᠬᠥᠭ᠌ᠵᠢᠬᠦ᠌᠎ᠶ᠋ᠢᠨ ᠦᠨᠳᠦᠰᠦᠨ ᠵᠣᠷᠢᠭ ᠰᠠᠨᠠᠭ᠎ᠠ ᠮᠥᠨ᠃ ᠶᠠᠫᠣᠨ᠎ᠢ ᠡᠰᠡᠷᠭᠦᠴᠡᠬᠦ᠌ ᠳᠠᠢᠨ᠎ᠤ ᠦᠶ᠎ᠡ᠎ᠳᠤ᠂ ᠦᠨᠳᠦᠰᠦᠲᠡᠨ ᠮᠥᠬᠦᠵᠦ᠍ ᠰᠥᠨᠥᠬᠦ᠌ ᠠᠶᠤᠯ ᠲᠦᠭ᠌ᠰᠢᠭᠦᠷᠢ᠎ᠳᠤ ᠲᠤᠯᠭᠠᠷᠠᠭ᠍ᠰᠠᠨ ᠦᠶ᠎ᠡ᠎ᠳᠤ᠂ ᠳᠤᠮᠳᠠᠳᠤ᠎ᠶ᠋ᠢᠨ ᠦᠨᠳᠦᠰᠦᠲᠡᠨ᠎ᠤ ᠰᠡᠬᠡᠭᠡᠷᠡᠯᠳᠡ ᠪᠠ ᠦᠨᠳᠦᠰᠦᠲᠡᠨ᠎ᠤ ᠵᠣᠷᠢᠭ ᠰᠠᠨᠠᠭ᠎ᠠ ᠤᠷᠢᠳ ᠡᠮᠦᠨ᠎ᠡ ᠭᠠᠷᠤᠭ᠎ᠠ ᠦᠭᠡᠢ ᠦᠨᠳᠦᠷ ᠬᠡᠮᠵᠢᠶᠡᠨ᠎ᠳᠤ ᠬᠦᠷᠦᠭ᠌ᠰᠡᠨ ᠪᠠᠢᠨ᠎ᠠ᠃ ᠭᠤᠮᠢᠨᠳᠠᠩ ᠪᠤᠯᠤᠨ ᠡᠪ ᠬᠠᠮᠲᠤ ᠨᠠᠮ᠎ᠤᠨ ᠬᠠᠮᠲᠤᠷᠠᠨ ᠠᠵᠢᠯᠯᠠᠬᠤ᠎ᠪᠠᠷ ᠰᠠᠭᠤᠷᠢ ᠪᠣᠯᠭᠠᠭ᠍ᠰᠠᠨ ᠶᠠᠫᠣᠨ᠎ᠢ ᠡᠰᠡᠷᠭᠦᠴᠡᠬᠦ᠌ ᠦᠨᠳᠦᠰᠦᠲᠡᠨ᠎ᠤ ᠨᠢᠭᠡᠳᠦᠮᠡᠯ ᠹᠷᠣᠨᠲ ᠦᠨᠳᠦᠰᠦᠲᠡᠨ᠂ ᠠᠩᠭᠢ ᠲᠠᠪᠬᠤᠷᠭ᠎ᠠ᠂ ᠨᠠᠮ ᠪᠦᠯᠦᠭ᠎ᠠᠴᠠ ᠳᠠᠪᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠤᠷᠢᠳ ᠭᠠᠷᠤᠭ᠎ᠠ ᠦᠭᠡᠢ ᠪᠦᠯᠬᠦᠮᠳᠡᠯ᠎ᠢ ᠪᠡᠶᠡᠯᠡᠭᠦᠯᠵᠡᠢ᠃ ᠦᠶ᠎ᠡ᠎ᠶ᠋ᠢᠨ ᠦᠶ᠎ᠡ ᠤᠷᠤᠱᠢᠨ ᠠᠮᠢᠳᠤᠷᠠᠬᠤ ᠨᠤᠲᠤᠭ ᠳᠡᠪᠢᠰᠭᠡᠷ᠎ᠤᠨ᠎ᠢᠶᠠᠨ ᠲᠥᠯᠥᠭᠡ᠂ ᠤᠳᠤᠮ ᠤᠭ᠍ᠰᠠᠭ᠎ᠠ ᠨᠢᠭᠡᠲᠡᠢ ᠡᠭᠡ ᠣᠷᠣᠨ᠎ᠤ᠎ᠪᠠᠨ ᠲᠥᠯᠥᠭᠡ᠂ ᠥᠷᠭᠡᠨ ᠤᠯᠠᠨ ᠳᠤᠮᠳᠠᠳᠤ᠎ᠶ᠋ᠢᠨ ᠬᠥᠪᠡᠭᠦᠳ ᠥᠬᠢᠳ ᠡᠮᠦᠨᠡᠲᠦ ᠤᠮᠠᠷᠠᠲᠤ ᠭᠡᠵᠦ᠍ ᠢᠯᠭᠠᠯ ᠦᠭᠡᠢ᠂ ᠬᠥᠭ᠌ᠰᠢᠨ ᠵᠠᠯᠠᠭᠤ ᠭᠡᠵᠦ᠍ ᠬᠤᠪᠢᠶᠠᠯ ᠦᠭᠡᠢ᠂ ᠠᠯᠢᠪᠠ ᠬᠦᠴᠢᠷ ᠪᠡᠷᠬᠡᠱᠢᠶᠡᠯ᠎ᠢ ᠦᠯᠦ᠍ ᠬᠠᠢᠬᠤᠷᠤᠨ᠂ ᠶᠠᠫᠣᠨ᠎ᠤ ᠲᠦᠷᠢᠮᠡᠬᠡᠢᠯᠡᠭ᠌ᠴᠢᠳ᠎ᠢ ᠡᠰᠡᠷᠭᠦᠴᠡᠬᠦ᠌ ᠶᠡᠭᠡ ᠤᠷᠤᠰᠭᠠᠯ᠎ᠳᠤ ᠢᠳᠡᠪᠬᠢᠲᠡᠢ ᠣᠷᠣᠯᠴᠠᠪᠠ᠃ ᠲᠦᠷᠢᠮᠡᠬᠡᠢᠯᠡᠯ᠎ᠢ ᠡᠰᠡᠷᠭᠦᠴᠡᠬᠦ᠂ ᠮᠥᠬᠦᠯ᠎ᠠᠴᠠ ᠠᠪᠤᠷᠠᠵᠤ ᠣᠷᠣᠱᠢᠨ ᠲᠣᠭ᠍ᠲᠠᠨᠢᠬᠤ᠎ᠨᠢ ᠪᠦᠬᠦ᠌ ᠦᠨᠳᠦᠰᠦᠲᠡᠨ᠎ᠤ ᠬᠠᠮᠲᠤ᠎ᠶ᠋ᠢᠨ ᠵᠣᠷᠢᠭ ᠰᠠᠨᠠᠭ᠎ᠠ ᠪᠤᠯᠵᠤ᠂ ᠪᠦᠬᠦ᠌ ᠳᠤᠮᠳᠠᠳᠤ ᠤᠯᠤᠰ᠎ᠤᠨ ᠠᠷᠠᠳ ᠲᠦᠮᠡᠨ ᠶᠠᠫᠣᠨ᠎ᠢ ᠡᠰᠡᠷᠭᠦᠴᠡᠬᠦ᠌ ᠠᠰᠠᠭᠤᠳᠠᠯ ᠳᠡᠭᠡᠷ᠎ᠡ ᠳᠡᠭᠡᠳᠦ ᠬᠡᠮᠵᠢᠶ᠎ᠡ᠎ᠪᠠᠷ ᠨᠢᠭ᠍ᠳᠠᠷᠠᠨ ᠬᠠᠮᠳᠤᠷᠠᠯᠴᠠᠵᠠᠢ᠃ ᠡᠨᠡ ᠬᠦ᠌ ᠴᠠᠭ ᠦᠶ᠎ᠡ᠎ᠳᠤ ᠤᠯᠤᠰ᠎ᠢᠶᠠᠨ ᠬᠠᠢᠷᠠᠯᠠᠬᠤ ᠦᠵᠡᠯ᠎ᠨᠢ ᠢᠯᠡ ᠲᠣᠳᠣ ᠴᠠᠭ ᠦᠶ᠎ᠡ᠎ᠶ᠋ᠢᠨ ᠣᠨᠴᠠᠯᠢᠭ᠎ᠲᠠᠢ ᠪᠠᠢᠵᠠᠢ᠃ 

ᠦᠨᠳᠦᠰᠦᠲᠡᠨ᠎ᠤ ᠴᠢᠩ ᠵᠣᠷᠢᠭ ᠪᠣᠯ ᠳᠠᠷᠤᠢ ᠦᠨᠳᠦᠰᠦᠲᠡᠨ᠎ᠤ ᠰᠥᠰᠥ᠍ ᠵᠣᠷᠢᠭ ᠪᠠ ᠦᠵᠡᠯ ᠰᠡᠳᠭᠢᠯᠭᠡ ᠮᠥᠨ᠃ ᠶᠠᠫᠣᠨ᠎ᠢ ᠡᠰᠡᠷᠭᠦᠴᠡᠬᠦ᠌ ᠲᠠᠢᠨ᠎ᠤ ᠦᠶ᠎ᠡ᠎ᠳᠤ᠂ ᠤᠯᠤᠰ ᠦᠨᠳᠦᠰᠦᠲᠡᠨ᠎ᠤ ᠲᠤᠰᠠᠭᠠᠷ ᠲᠣᠭ᠍ᠲᠠᠨᠢᠯ᠎ᠤᠨ ᠲᠥᠯᠥᠭᠡ᠂ ᠬᠠᠷᠢ᠎ᠶ᠋ᠢᠨ ᠪᠤᠭᠤᠯ ᠪᠣᠯᠬᠤ ᠦᠭᠡᠢ᠎ᠶ᠋ᠢᠨ ᠲᠥᠯᠥᠭᠡ᠂ ᠳᠤᠮᠳᠠᠳᠤ᠎ᠶ᠋ᠢᠨ ᠬᠥᠪᠡᠭᠦᠳ ᠥᠬᠢᠳ ᠠᠶᠤᠯ ᠵᠣᠪᠠᠯᠠᠩ᠎ᠠᠴᠠ ᠠᠶᠤᠬᠤ ᠦᠭᠡᠢ᠂ ᠦᠬᠦᠵᠤ ᠰᠡᠬᠡᠬᠦ᠌᠎ᠶ᠋ᠢᠨ ᠲᠡᠮᠡᠴᠡᠯ ᠬᠢᠵᠦ᠍᠂ ᠶᠠᠫᠣᠨ᠎ᠢ ᠡᠰᠡᠷᠭᠦᠴᠡᠬᠦ᠌ ᠲᠠᠢᠨ᠎ᠤ ᠳᠤᠮᠳᠠ ᠨᠤᠭᠤᠷᠠᠰᠢ ᠦᠭᠡᠢ ᠳᠡᠮᠡᠴᠡᠭ᠌ᠰᠡᠨ ᠦᠷᠡᠭ᠌ᠳᠡᠭ᠌ᠰᠡᠨ ᠪᠠᠭᠠᠲᠤᠷᠴᠤᠳ ᠮᠠᠰᠢ ᠤᠯᠠᠨ ᠴᠣᠯᠭᠤᠷᠠᠨ ᠭᠠᠷᠴᠠᠢ᠃ ᠡᠨᠡ ᠬᠦ᠌ ᠠᠤᠭ᠎ᠠ ᠶᠡᠭᠡ ᠵᠣᠷᠢᠭ ᠰᠠᠨᠠᠭ᠎ᠠ᠂ ᠨᠤᠭᠤᠷᠠᠰᠢ ᠦᠭᠡᠢ ᠴᠢᠩ ᠵᠣᠷᠢᠭ᠎ᠨᠢ ᠳᠤᠮᠳᠠᠳᠤ᠎ᠶ᠋ᠢᠨ ᠬᠥᠪᠡᠭᠦᠳ ᠥᠬᠢᠳ᠎ᠤᠨ ᠦᠨᠳᠦᠰᠦᠲᠡᠨ᠎ᠤ ᠦᠬᠦᠵᠦ᠍ ᠰᠡᠬᠡᠬᠦ᠌᠎ᠶ᠋ᠢᠨ ᠳᠠᠪᠠᠭᠠᠨ ᠳᠡᠭᠡᠷ᠎ᠡ ᠴᠤᠴᠠᠯᠲᠠ ᠦᠭᠡᠢ ᠤᠷᠤᠭ᠍ᠰᠢᠯᠠᠵᠤ᠂ ᠶᠠᠫᠣᠨ᠎ᠢ ᠡᠰᠡᠷᠭᠦᠴᠡᠬᠦ᠌ ᠳᠠᠢᠨ᠎ᠤ ᠡᠴᠦᠰ᠎ᠤᠨ ᠢᠯᠠᠯᠲᠠ᠎ᠶ᠋ᠢ ᠤᠯᠳᠠᠯ᠎ᠠ ᠵᠣᠷᠢᠭ᠍ᠵᠢᠭᠤᠯᠵᠠᠢ᠃ 

ᠳᠤᠮᠳᠠᠳᠤ᠎ᠶ᠋ᠢᠨ ᠦᠨᠳᠦᠰᠦᠲᠡᠨ ᠪᠣᠯ ᠪᠠᠭᠠᠲᠤᠷᠴᠤᠳ᠎ᠢ ᠳᠡᠬᠡᠳᠦᠯᠡᠵᠦ᠍᠂ ᠪᠠᠭᠠᠲᠤᠷᠴᠤᠳ ᠤᠯᠠᠨ ᠴᠤᠯᠭᠤᠷᠠᠳᠠᠭ ᠦᠨᠳᠦᠰᠦᠲᠡᠨ ᠮᠥᠨ᠃ ᠶᠠᠫᠣᠨ᠎ᠢ ᠡᠰᠡᠷᠭᠦᠴᠡᠬᠦ᠌ ᠲᠠᠢᠨ᠎ᠤ ᠦᠶ᠎ᠡ᠎ᠳᠤ᠂ ᠳᠤᠮᠳᠠᠳᠤ ᠤᠯᠤᠰ᠎ᠤᠨ ᠴᠡᠷᠢᠭ ᠠᠷᠠᠳ᠎ᠤᠨ ᠬᠦᠴᠦᠷᠬᠡᠭ᠎ᠠᠴᠠ ᠠᠶᠤᠬᠤ ᠦᠭᠡᠢ᠂ ᠲᠤᠢᠯᠪᠤᠷᠢᠳᠠᠢ ᠳᠡᠮᠡᠴᠡᠬᠦ᠌ ᠪᠠᠭᠠᠲᠤᠷᠯᠢᠭ ᠤᠮᠤᠭ ᠵᠤᠷᠢᠭ ᠪᠣᠯ ᠠᠭᠤᠤ ᠶᠡᠭᠡ ᠦᠨᠳᠦᠰᠦᠲᠡᠨ᠎ᠤ ᠵᠣᠷᠢᠭ ᠰᠠᠨᠠᠭᠠᠨ᠎ᠤ ᠤᠯᠠᠮᠵᠢᠯᠠᠯ ᠪᠠ ᠳᠡᠭᠡᠭ᠌ᠰᠢᠯᠡᠯᠲᠡ ᠮᠥᠨ᠃ ᠶᠠᠫᠣᠨ᠎ᠤ ᠡᠵᠡᠷᠬᠡᠭ ᠲᠦᠷᠢᠮᠡᠬᠡᠢᠲᠡᠨ ᠳᠤᠮᠳᠠᠳᠤ ᠤᠯᠤᠰ᠎ᠢ ᠪᠦᠬᠦ᠌ ᠲᠠᠯ᠎ᠠ᠎ᠪᠠᠷ ᠲᠦᠷᠢᠮᠡᠬᠡᠢᠯᠡᠬᠦ᠌ ᠳᠠᠢᠨ ᠳᠡᠭ᠌ᠳᠡᠭᠡᠭ᠌ᠰᠡᠨ᠎ᠤ ᠳᠠᠷᠠᠭ᠎ᠠ᠂ ᠳᠤᠮᠳᠠᠳᠤ ᠤᠯᠤᠰ᠎ᠤᠨ ᠴᠡᠷᠢᠭ ᠠᠩᠬᠢ ᠬᠤᠴᠤᠷᠤᠩᠭᠤᠢ ᠵᠡᠪᠰᠡᠭ ᠲᠣᠨᠣᠭ᠍ᠯᠠᠯ᠎ᠢᠶᠠᠷ ᠶᠠᠫᠣᠨ ᠴᠡᠷᠢᠭ᠎ᠲᠠᠢ ᠡᠷᠡᠯᠭᠡᠭ᠌ᠯᠡᠨ ᠲᠡᠮᠡᠴᠡᠵᠦ᠍᠂ 25 ᠲᠦᠮᠡ ᠭᠠᠷᠤᠢ ᠬᠥᠮᠦᠨ ᠦᠬᠦᠵᠦ᠍ ᠱᠢᠷᠬᠠᠲᠤᠭ᠍ᠰᠠᠨ ᠦᠷᠡᠭ᠌ᠳᠡᠯ᠎ᠢᠶᠠᠷ᠂ ᠶᠠᠫᠣᠨ ᠴᠡᠷᠢᠭ᠎ᠢ 4 ᠲᠦᠮᠡ ᠱᠢᠬᠠᠮ ᠠᠯᠠᠵᠤ ᠱᠢᠷᠬᠠᠲᠤᠭᠤᠯᠵᠤ᠂ ᠶᠠᠫᠣᠨ ᠴᠡᠷᠢᠭ᠎ᠤᠨ ᠳᠤᠮᠳᠠᠳᠤ ᠤᠯᠤᠰ᠎ᠢ ᠮᠥᠬᠦᠭᠡᠬᠦ᠌ ᠭᠡᠰᠡᠨ 3 ᠰᠠᠷ᠎ᠠ᠎ᠶ᠋ᠢᠨ ᠵᠡᠭᠦᠳᠦ᠎ᠶ᠋ᠢ ᠰᠦᠢᠷᠡᠭᠦᠯᠵᠡᠢ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠨᠠᠢ᠍ᠮᠠᠳᠤᠭᠠᠷ ᠵᠠᠮ᠎ᠤᠨ ᠴᠡᠷᠢᠭ᠂ ᠱᠢᠨ᠎ᠡ ᠳᠥᠷᠪᠡᠳᠦᠭᠡᠷ ᠠᠷᠮᠢ᠂ ᠡᠷᠦᠬᠡ᠎ᠶ᠋ᠢᠨ ᠴᠡᠷᠢᠭ᠎ᠤᠨ ᠵᠡᠪᠰᠡᠭ᠌ᠲᠦ ᠬᠦᠴᠦᠨ ᠵᠢᠴᠢ ᠬᠤᠪᠢᠰᠭᠠᠯ᠎ᠤᠨ ᠰᠠᠭᠤᠷᠢᠨ ᠭᠠᠵᠠᠷ᠎ᠤᠨ ᠠᠷᠠᠳ ᠲᠦᠮᠡᠨ ᠲᠦᠢᠯ᠎ᠤᠨ ᠬᠠᠲᠠᠭᠤ ᠪᠡᠷᠬᠡᠱᠢᠶᠡᠯᠲᠡᠶ ᠨᠥᠬᠦᠴᠡᠯ ᠳᠣᠣᠷ᠎ᠠ᠂ ᠶᠠᠫᠣᠨ᠎ᠤ ᠹᠠᠱ᠌ᠢᠰ᠎ᠲᠠᠢ ᠡᠷᠡᠰ ᠬᠠᠲᠠᠭᠤ ᠦᠵᠡᠯᠴᠡᠵᠡᠶ᠃ ᠲᠦᠭ ᠲᠦᠮᠡᠨ ᠦᠷᠡᠭ᠌ᠳᠡᠭ᠌ᠰᠡᠨ ᠪᠠᠭᠠᠲᠤᠷᠴᠤᠳ ᠦᠬᠦᠵᠦ᠍ ᠰᠡᠭᠡᠬᠦ᠌᠎ᠶ᠋ᠢ ᠤᠮᠠᠷᠠᠳᠠᠨ᠂ ᠲᠠᠢᠨ᠎ᠤ ᠲᠠᠯᠠᠪᠤᠷ᠎ᠲᠤ ᠴᠢᠰᠤ ᠤᠷᠤᠰᠭᠠᠨ᠂ ᠳᠤᠮᠳᠠᠳᠤ ᠤᠯᠤᠰ᠎ᠤᠨ ᠴᠡᠷᠢᠭ ᠠᠷᠠᠳ ᠴᠢᠰᠤ ᠮᠢᠬ᠎ᠠ᠎ᠪᠠᠷ᠎ᠢᠶᠠᠨ ᠡᠬᠡ ᠤᠯᠤᠰ᠎ᠢᠶᠠᠨ ᠬᠠᠮᠠᠭᠠᠯᠠᠬᠤ ᠪᠤᠯᠤᠳ ᠬᠡᠷᠡᠮ᠎ᠢ ᠴᠣᠭ᠍ᠴᠠᠯᠠᠪᠠ᠃ 

ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠣᠨ᠎ᠢ ᠡᠰᠡᠷᠭᠦᠴᠡᠬᠦ᠌ ᠳᠠᠢᠨ ᠪᠣᠯ ᠪᠠᠭᠤᠷᠠᠢ᠎ᠪᠠᠷ ᠬᠦᠴᠦᠷᠬᠡᠭ᠎ᠢ ᠡᠰᠡᠷᠭᠦᠴᠡᠭ᠌ᠰᠡᠨ ᠳᠠᠢᠨ ᠮᠥᠨ᠂ ᠳᠤᠮᠳᠠᠳᠤ ᠤᠯᠤᠰ ᠶᠠᠭᠠᠬᠢᠭᠠᠳ ᠢᠯᠠᠯᠲᠠ ᠣᠯᠵᠤ ᠴᠢᠳᠠᠭ᠍ᠰᠠᠨ ᠪᠤᠢ? 

ᠢᠦᠢ ᠯᠢᠶᠠᠨ ᠷᠦᠢ᠎ᠶ᠋ᠢᠨ ᠦᠵᠡᠬᠦ᠌᠎ᠪᠠᠷ᠂ ᠬᠠᠮᠤᠭ᠎ᠤᠨ ᠴᠢᠬᠤᠯᠠ ᠵᠦᠢᠯ ᠪᠤᠯ ᠳᠤᠮᠳᠠᠳᠤ᠎ᠶ᠋ᠢᠨ ᠬᠥᠪᠡᠭᠦᠳ ᠥᠬᠢᠳ᠎ᠤᠨ ᠵᠠᠪᠠᠯ ᠢᠯᠠᠬᠤ ᠬᠠᠳᠠᠨ ᠪᠠᠳᠤ ᠢᠲᠡᠭᠡᠯ ᠵᠣᠷᠢᠭ ᠪᠤᠯᠤᠨ᠎ᠠ᠃ 《ᠳᠤᠮᠳᠠᠳᠤ᠎ᠶ᠋ᠢᠨ ᠦᠨᠳᠦᠰᠦᠲᠡᠨ᠎ᠤ ᠭᠠᠳᠠᠭᠠᠳᠤ᠎ᠶ᠋ᠢᠨ ᠲᠦᠷᠢᠮᠡᠬᠡᠢᠯᠡᠯ᠎ᠢ ᠡᠰᠡᠷᠭᠦᠴᠡᠭ᠌ᠰᠡᠨ ᠲᠡᠮᠡᠴᠡᠯ᠎ᠤᠨ ᠲᠡᠦᠬᠡᠨ ᠳᠡᠭᠡᠷ᠎ᠡ᠂ ᠶᠡᠷᠦ᠎ᠠᠴᠠ ᠶᠠᠫᠣᠨ᠎ᠢ ᠡᠰᠡᠷᠭᠦᠴᠡᠬᠦ᠌ ᠲᠠᠢᠨ ᠱᠢᠬ ᠦᠷᠭᠦᠯᠵᠢᠯᠡᠭ᠌ᠰᠡᠨ ᠴᠠᠭ᠎ᠨᠢ ᠤᠷᠳᠤ᠂ ᠲᠠᠢᠴᠢᠨ ᠵᠣᠷᠢᠭ᠎ᠨᠢ ᠡᠷᠡᠰ ᠪᠠᠳᠤ ᠲᠠᠢᠨ ᠪᠠᠢᠭ᠍ᠰᠠᠨ ᠦᠬᠡᠢ᠂ ᠲᠤᠰ ᠲᠠᠢᠨ ᠳᠤᠮᠳᠠᠳᠤ᠎ᠶ᠋ᠢᠨ ᠦᠨᠳᠦᠰᠦᠲᠡᠨ᠎ᠤ ᠨᠤᠭᠤᠷᠠᠰᠢ ᠦᠭᠡᠢ᠂ ᠱᠢᠨᠲᠠᠷᠠᠰᠢ ᠦᠭᠡᠢ᠂ ᠥᠪᠡᠷ᠎ᠤᠨ ᠬᠦᠴᠦᠨ᠎ᠳᠡᠭᠡᠨ ᠲᠦᠱᠢᠭ᠌ᠯᠡᠨ ᠬᠦᠴᠦᠷᠬᠡᠭ ᠳᠠᠢᠰᠤᠨ᠎ᠢ ᠢᠯᠠᠬᠤ ᠦᠨᠳᠦᠰᠦᠳᠡᠨ᠎ᠤ ᠢᠲᠡᠭᠡᠯ ᠵᠣᠷᠢᠭ᠎ᠢ ᠭᠦᠢᠴᠡᠳ ᠳᠤᠰᠭᠠᠵᠠᠢ᠃ ᠵᠠᠪᠠᠯ ᠢᠯᠠᠯᠲᠠ ᠤᠯᠬᠤ ᠢᠲᠡᠭᠡᠯ ᠵᠣᠷᠢᠭ᠎ᠨᠢ ᠳᠤᠮᠳᠠᠳᠤ᠎ᠶ᠋ᠢᠨ ᠦᠨᠳᠦᠰᠦᠲᠡᠨ᠎ᠤ ᠬᠠᠭᠤᠴᠢᠨ᠎ᠢ ᠥᠭᠡᠷᠡᠴᠢᠯᠡᠵᠦ᠍ ᠱᠢᠨ᠎ᠡ᠎ᠶ᠋ᠢ ᠪᠠᠢᠭᠤᠯᠬᠤ ᠡᠭᠦᠳᠦᠨ ᠪᠦᠲᠦᠭᠡᠬᠦ᠌ ᠬᠦᠴᠦᠨ᠎ᠢ ᠬᠥᠭ᠌ᠵᠢᠭᠡᠵᠦ᠍᠂ ᠬᠠᠲᠠᠭᠤ ᠪᠡᠷᠬᠡᠱᠢᠶᠡᠯᠲᠡᠢ ᠲᠠᠢᠨ᠎ᠤ ᠴᠠᠭ ᠦᠶ᠎ᠡ᠎ᠳᠤ᠂ ᠳᠤᠮᠳᠠᠳᠤ ᠤᠯᠤᠰ᠎ᠤᠨ ᠠᠷᠠᠳ ᠲᠦᠮᠡᠨ ᠥᠪᠡᠷ᠎ᠤᠨ ᠬᠦᠴᠦ᠎ᠪᠠᠷ᠎ᠢᠶᠠᠨ ᠳᠡᠭ᠌ᠵᠢᠷᠡᠬᠦ᠂ ᠵᠠᠮ ᠨᠡᠭᠡᠭᠡᠨ ᠱᠢᠨ᠎ᠡ᠎ᠶ᠋ᠢ ᠡᠭᠦᠳᠬᠦ᠌ ᠦᠨᠳᠦᠰᠦᠲᠡᠨ᠎ᠤ ᠤᠶᠤᠨ ᠤᠬᠠᠭᠠᠨ᠎ᠢ ᠢᠯᠡᠷᠡᠭᠦᠯᠪᠡ》᠃ 

ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠣᠨ᠎ᠢ ᠡᠰᠡᠷᠭᠦᠴᠡᠬᠦ᠌ ᠲᠠᠢᠨ ᠢᠯᠠᠯᠲᠠ ᠤᠯᠤᠭ᠍ᠰᠠᠨ᠎ᠤ ᠵᠠᠩᠭᠢᠯᠠᠭ᠎ᠠ ᠮᠥᠨ᠃ 1935 ᠣᠨ᠎ᠳᠤ᠂ ᠦᠨᠳᠦᠰᠦᠲᠡᠨ᠎ᠤ ᠬᠢᠮᠤᠷᠠᠯ ᠤᠷᠢᠳ ᠡᠮᠦᠨ᠎ᠡ ᠪᠠᠢᠭ᠎ᠠ ᠦᠭᠡᠢ ᠬᠦᠨᠳᠦ ᠨᠣᠴᠢᠲᠠᠶ ᠵᠠᠩᠭᠢᠯᠠᠭ᠎ᠠ᠎ᠶ᠋ᠢᠨ ᠦᠶ᠎ᠡ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠶᠠᠫᠣᠨ᠎ᠢ ᠡᠰᠡᠷᠭᠦᠴᠡᠬᠦ᠌ ᠦᠨᠳᠦᠰᠦᠲᠡᠨ᠎ᠤ ᠨᠢᠭᠡᠳᠦᠮᠡᠯ ᠹᠷᠣᠨᠲ᠎ᠢ ᠪᠠᠢᠭᠤᠯᠬᠤ ᠦᠨᠳᠦᠰᠦᠨ ᠲᠦᠷᠦ᠎ᠶ᠋ᠢᠨ ᠪᠤᠳᠤᠯᠭ᠎ᠠ᠎ᠶ᠋ᠢ ᠲᠣᠭ᠍ᠲᠠᠭᠠᠪᠠ᠃ 1938 ᠣᠨ᠎ᠳᠤ᠂ ᠮᠠᠤ ᠽᠧ ᠳ᠋ᠦᠩ ᠪᠦᠬᠦ᠌ ᠤᠯᠤᠰ᠎ᠤᠨ ᠶᠠᠫᠣᠨ᠎ᠢ ᠡᠰᠡᠷᠭᠦᠴᠡᠬᠦ᠌ ᠳᠠᠢᠨ᠎ᠠᠴᠠ ᠨᠠᠭᠠᠱᠢᠬᠢ ᠲᠤᠷᠱᠢᠯᠭ᠎ᠠ᠎ᠶ᠋ᠢ ᠳ᠋ᠦᠩᠨᠡᠵᠦ᠍᠂ ᠳᠤᠮᠳᠠᠳᠤ ᠤᠯᠤᠰ ᠡᠷᠬᠡᠪᠰᠢ ᠤᠳᠠᠭᠠᠨ ᠳᠠᠭᠠᠭᠠᠮᠠᠭᠠᠶ᠎ᠪᠠᠷ ᠶᠠᠫᠣᠨ᠎ᠢ ᠡᠰᠡᠷᠭᠦᠴᠡᠬᠦ᠌ ᠳᠠᠢᠨ ᠬᠢᠵᠦ᠍ ᠢᠯᠠᠯᠲᠠ ᠤᠯᠬᠤ ᠪᠤᠰᠤᠳᠴᠢ ᠵᠢᠮ᠎ᠡ ᠶᠣᠰᠣ᠎ᠶ᠋ᠢ ᠱᠢᠨᠵᠢᠯᠡᠬᠦ᠌ ᠤᠬᠠᠭᠠᠨᠴᠢ᠎ᠪᠠᠷ ᠨᠤᠲᠠᠯᠠᠵᠠᠢ᠃ ᠫᠢᠩ ᠱᠢᠩ ᠭᠤᠸᠠᠨ ᠪᠣᠭᠤᠮᠲᠠ᠎ᠶ᠋ᠢᠨ ᠶᠡᠭᠡ ᠢᠯᠠᠯᠲᠠ 《ᠶᠠᠫᠣᠨ ᠴᠡᠷᠢᠭ ᠢᠯᠠᠭ᠍ᠳᠠᠰᠢ ᠦᠭᠡᠶ》 ᠭᠡᠰᠡᠨ ᠳᠣᠮᠤᠭ᠎ᠢ ᠡᠪᠳᠡᠭ᠌ᠰᠡᠨ᠎ᠠᠴᠠ ᠠᠷᠠᠳ᠎ᠤᠨ ᠵᠡᠪᠰᠡᠭ᠌ᠲᠦ ᠬᠦᠴᠦᠨ᠎ᠢ ᠤᠳᠤᠷᠢᠳᠤᠨ ᠪᠡᠶ᠎ᠡ᠎ᠪᠠᠨ ᠳᠠᠭᠠᠭᠠᠵᠤ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠳᠠᠢᠨ᠎ᠢ ᠥᠷᠨᠢᠭᠦᠯᠵᠦ᠍᠂ ᠳᠠᠢᠰᠤᠨ᠎ᠤ ᠠᠷᠤ ᠲᠠᠯ᠎ᠠ᠎ᠶ᠋ᠢᠨ ᠥᠷᠭᠡᠨ ᠠᠭᠤᠳᠠᠮ ᠳᠠᠢᠨ᠎ᠤ ᠲᠠᠯᠠᠪᠤᠷ᠎ᠢ ᠨᠡᠭᠡᠭᠡᠭ᠌ᠰᠡᠨ ᠬᠦᠷᠲᠡᠯ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ ᠶᠠᠫᠣᠨ᠎ᠢ ᠡᠰᠡᠷᠭᠦᠴᠡᠬᠦ᠌ ᠳᠠᠢᠨ᠎ᠤ ᠢᠯᠠᠵᠤ ᠢᠯᠠᠭ᠍ᠳᠠᠬᠤ᠎ᠶ᠋ᠢᠨ ᠵᠠᠩᠭᠢᠯᠠᠭ᠎ᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠡᠵᠡᠮᠳᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠤᠳᠠᠭᠠᠨ ᠳᠠᠭᠠᠭᠠᠮᠠᠭᠠᠢ᠎ᠪᠠᠷ ᠶᠠᠫᠣᠨ᠎ᠢ ᠡᠰᠡᠷᠭᠦᠴᠡᠬᠦ᠌ ᠳᠠᠢᠨ ᠬᠢᠬᠦ᠌᠎ᠶ᠋ᠢᠨ ᠭᠤᠣᠯ ᠲᠤᠯᠭᠠᠭᠤᠷᠢ ᠪᠣᠯᠪᠠ᠃ 

ᠠᠭᠤᠤ ᠶᠡᠭᠡ ᠴᠠᠭ ᠦᠶ᠎ᠡ ᠠᠭᠤᠤ ᠶᠡᠭᠡ ᠵᠣᠷᠢᠭ ᠰᠠᠨᠠᠭ᠎ᠠ᠎ᠶ᠋ᠢ ᠤᠷᠢᠶᠠᠯᠠᠵᠤ᠂ ᠡᠷᠬᠢᠮ ᠳᠡᠭᠡᠳᠦ ᠦᠢᠯᠡᠰ ᠵᠣᠷᠢᠭ ᠰᠠᠨᠠᠭᠠᠨ᠎ᠤ ᠵᠢᠯᠤᠭᠤᠳᠤᠯᠭ᠎ᠠ᠎ᠶ᠋ᠢ ᠱᠠᠭᠠᠷᠳᠠᠨ᠎ᠠ᠃ ᠶᠡᠷᠦᠩᠬᠡᠢ ᠱᠦᠵᠢ ᠰᠢ᠎ᠶ᠋ᠢᠨ ᠫᠢᠩ᠂ ᠶᠠᠮᠠᠷᠪᠠ ᠲᠡᠮᠡᠴᠡᠬᠦ᠌ ᠬᠠᠷᠠᠯᠲᠠ ᠴᠥᠮ ᠬᠢᠯᠪᠠᠷᠬᠠᠨ᠎ᠢᠶᠠᠷ ᠪᠡᠶᠡᠯᠡᠭ᠌ᠳᠡᠬᠦ᠌ ᠪᠢᠰᠢ᠂ ᠤᠷᠤᠭ᠍ᠰᠢᠯᠠᠯᠲᠠ᠎ᠶ᠋ᠢᠨ ᠵᠠᠮ ᠶᠡᠷᠦ᠎ᠠᠴᠠ ᠢᠯᠭᠤᠮ ᠤᠷᠤᠭ᠍ᠰᠢᠲᠠᠢ ᠪᠢᠰᠢ ᠶᠤᠮ᠃ ᠮᠠᠨ᠎ᠤ ᠢᠷᠡᠬᠡᠳᠦᠢ᠎ᠶ᠋ᠢᠨ ᠵᠠᠮ ᠤᠷᠳᠤ ᠪᠠᠢᠭ᠍ᠰᠠᠭᠠᠷ᠂ ᠱᠢᠭᠤᠳ ᠱᠢᠯᠤᠭᠤᠨ ᠪᠢᠰᠢ ᠬᠡᠳᠡᠭ᠎ᠨᠢ ᠲᠠᠮᠵᠢᠭ ᠦᠭᠡᠢ᠂ ᠪᠢᠳᠡ ᠡᠷᠬᠡᠪᠰᠢ ᠮᠠᠰᠢ ᠤᠯᠠᠨ ᠲᠡᠦᠬᠡ᠎ᠶ᠋ᠢᠨ ᠱᠢᠨ᠎ᠡ ᠣᠨᠴᠠᠯᠢᠭ᠎ᠲᠠᠢ ᠠᠭᠤᠤ ᠶᠡᠭᠡ ᠲᠡᠮᠡᠴᠡᠯ᠎ᠢ ᠬᠢᠬᠦ᠌᠎ᠪᠠᠷ ᠪᠡᠯᠡᠭᠡᠨ ᠪᠠᠢᠬᠤ ᠬᠡᠷᠡᠭ᠌ᠲᠡᠢ ᠬᠡᠵᠦ᠍ ᠴᠢᠬᠤᠯᠠᠴᠢᠯᠠᠪᠠ᠃ 

ᠢᠦᠢ ᠯᠢᠶᠠᠨ ᠷᠦᠢ᠎ᠶ᠋ᠢᠨ ᠦᠵᠡᠬᠦ᠌᠎ᠪᠠᠷ᠂ ᠬᠡᠳᠦ᠋ᠢᠪᠡᠷ ᠥᠩᠭᠡᠷᠡᠭ᠌ᠰᠡᠨ ᠵᠠᠭᠤᠨ ᠵᠢᠯ᠎ᠳᠤ᠂ ᠪᠢᠳᠡ ᠯᠤᠲᠤ ᠶᠡᠭᠡ ᠠᠮᠵᠢᠯᠲᠠ ᠣᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠪᠠᠲᠤ ᠪᠠᠬᠢ ᠰᠠᠭᠤᠷᠢ᠎ᠶ᠋ᠢ ᠲᠠᠯᠪᠢᠭ᠍ᠰᠠᠨ ᠪᠤᠯᠪᠠᠴᠤ᠌ ᠢᠷᠡᠭᠡᠳᠦᠢ᠎ᠶ᠋ᠢᠨ ᠵᠠᠮ ᠲᠡᠢᠮᠦ᠍ ᠱᠢᠭᠤᠳ ᠱᠢᠯᠤᠭᠤᠨ ᠪᠢᠰᠢ ᠶᠤᠮ᠃ ᠣᠳᠣᠬᠠᠨ᠎ᠤ ᠳᠡᠯᠡᠬᠡᠢ ᠶᠢᠷᠲᠢᠨᠴᠦ᠍ ᠶᠠᠭ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ᠎ᠶ᠋ᠢ ᠥᠩᠭᠡᠷᠡᠭᠡᠵᠦ᠍ ᠪᠠᠢᠨ᠎ᠠ᠂ ᠮᠠᠨ᠎ᠤ ᠤᠯᠤᠰ ᠪᠠᠰᠠ ᠱᠢᠨ᠎ᠡ ᠨᠡᠢᠭᠡᠮ᠎ᠤᠨ ᠭᠤᠣᠯ ᠵᠥᠷᠢᠴᠡᠯ᠎ᠠᠴᠠ ᠪᠣᠯᠤᠭ᠍ᠰᠠᠨ ᠠᠯᠢ ᠤᠯᠠᠨ ᠱᠢᠨ᠎ᠡ ᠠᠰᠠᠭᠤᠳᠠᠯ᠎ᠳᠤ ᠲᠤᠯᠭᠠᠷᠠᠵᠤ ᠪᠠᠢᠨ᠎ᠠ᠃ ᠲᠡᠭᠡᠬᠦᠯᠡᠷ ᠪᠢᠳᠡ ᠶᠠᠫᠤᠨ᠎ᠢ ᠡᠰᠡᠷᠭᠦᠴᠡᠬᠦ᠌ ᠳᠠᠢᠨ᠎ᠤ ᠠᠭᠤᠤ ᠶᠡᠭᠡ ᠵᠤᠷᠢᠭ ᠰᠠᠨᠠᠭ᠎ᠠ᠎ᠶ᠋ᠢ ᠪᠠᠳᠠᠷᠠᠭᠤᠯᠵᠤ᠂ ᠲᠤᠮᠳᠠᠳᠤ᠎ᠶ᠋ᠢᠨ ᠦᠨᠳᠦᠰᠦᠳᠡᠨ᠎ᠤ ᠠᠭᠤᠤ ᠶᠡᠭᠡ ᠰᠡᠷᠬᠦᠨ ᠮᠠᠨᠳᠤᠯᠳᠠ᠎ᠶ᠋ᠢ ᠪᠡᠶᠡᠯᠡᠬᠦᠯᠬᠦ᠌᠎ᠪᠠᠷ ᠴᠤᠴᠠᠯᠳᠠ ᠦᠭᠡᠢ ᠴᠢᠷᠮᠠᠢᠬᠤ ᠬᠡᠷᠡᠭ᠌ᠳᠡᠢ᠃


【 ᠦᠨᠳᠦᠰᠦᠨ ᠱᠠᠳᠤᠨ᠎ᠤ ᠲᠠᠭᠤᠨ 】


ᠳᠠᠢᠨ ᠲᠠᠵᠢᠨ᠎ᠢ ᠮᠠᠷᠲᠠᠬᠤ ᠦᠭᠡᠢ ᠪᠠᠢᠬᠤ᠎ᠨᠢ ᠡᠩᠬᠡ ᠲᠠᠢᠪᠤᠩ᠎ᠢ ᠬᠠᠮᠠᠭᠠᠯᠠᠬᠤ᠎ᠶ᠋ᠢᠨ ᠲᠥᠯᠥᠭᠡ ᠶᠤᠮ 


               ᠴᠧᠨ ᠴᠦᠨ ᠶᠠᠨ


ᠳᠤᠮᠳᠠᠳᠤ᠎ᠶ᠋ᠢᠨ ᠬᠥᠪᠡᠭᠦᠳ ᠥᠬᠢᠳ ᠡᠮᠦᠨᠡᠬᠢ᠎ᠨᠢ ᠤᠨᠠᠪᠠᠯ ᠬᠤᠢᠨᠠᠬᠢ᠎ᠨᠢ ᠪᠤᠰᠴᠦ᠍᠂ ᠠᠷᠢᠭᠤᠨ ᠴᠢᠰᠤ᠎ᠪᠠᠨ ᠤᠷᠤᠰᠭᠠᠨ 14 ᠵᠢᠯ ᠲᠡᠮᠡᠴᠡᠵᠦ᠍᠂ ᠯᠤᠲᠤ ᠶᠡᠭᠡ ᠦᠷᠡᠭ᠌ᠳᠡᠯ ᠰᠦᠢᠳᠦᠯ ᠭᠠᠷᠭᠠᠨ᠂ ᠤᠢᠷ᠎ᠠ ᠦᠶ᠎ᠡ᠎ᠠᠴᠠ ᠨᠠᠭᠠᠱᠢᠬᠢ ᠭᠠᠳᠠᠭᠠᠳᠤ᠎ᠶ᠋ᠢᠨ ᠳᠠᠢᠰᠤᠨ᠎ᠤ ᠲᠦᠷᠢᠮᠡᠬᠡᠢᠯᠡᠯ᠎ᠢ ᠡᠰᠡᠷᠭᠦᠴᠡᠭ᠌ᠰᠡᠨ ᠠᠩᠬᠠᠳᠤᠭᠠᠷ ᠤᠳᠠᠭᠠᠨ᠎ᠤ ᠪᠦᠷᠢᠨ ᠢᠯᠠᠯᠲᠠ᠎ᠶ᠋ᠢ ᠤᠯᠪᠠ᠃ 

ᠣᠢᠷ᠎ᠠ᠎ᠳᠤ᠂ ᠥᠪᠥᠷ ᠮᠣᠩᠭᠤᠯ᠎ᠤᠨ ᠴᠡᠷᠢᠭ᠎ᠤᠨ ᠲᠣᠭᠤᠷᠢᠭ᠎ᠤᠨ ᠳᠥᠷᠪᠡᠳᠦᠭᠡᠷ ᠠᠵᠢᠯ᠎ᠠᠴᠠ᠎ᠪᠠᠨ ᠠᠮᠠᠷᠠᠭ᠍ᠰᠠᠨ ᠺᠠᠳ᠋ᠷᠴᠤᠳ᠎ᠤᠨ ᠠᠮᠠᠷᠠᠯᠲᠠ᠎ᠶ᠋ᠢᠨ ᠭᠠᠵᠠᠷ᠎ᠲᠤ᠌᠂ ᠰᠤᠷᠪᠤᠯᠵᠢᠯᠠᠭ᠍ᠴᠢ 94 ᠨᠠᠰᠤᠲᠠᠶ ᠠᠵᠢᠯ᠎ᠠᠴᠠ᠎ᠪᠠᠨ ᠲᠠᠷᠬᠠᠯᠠᠭ᠍ᠳᠠᠭ᠍ᠰᠠᠨ ᠺᠠᠳ᠋ᠷ᠂ ᠤᠤᠯ᠎ᠤᠨ ᠪᠡᠭᠡᠵᠢᠩ᠎ᠤᠨ ᠴᠡᠷᠢᠭ᠎ᠤᠨ ᠲᠣᠭᠤᠷᠢᠭ᠎ᠤᠨ ᠰᠠᠬᠢᠨ ᠬᠠᠮᠠᠭᠠᠯᠠᠬᠤ ᠬᠤᠶᠠᠳᠤᠭᠠᠷ ᠳ᠋ᠢᠸᠢᠽᠢ᠎ᠶ᠋ᠢᠨ ᠺᠤᠮᠢᠰᠰᠠᠷ ᠯᠢᠶᠠᠩ ᠢᠦᠶ ᠱᠢᠤ᠎ᠲᠠᠢ ᠠᠭᠤᠯᠵᠠᠪᠠ᠃ ᠲᠡᠷᠡ᠎ᠪᠠᠷ 1940 ᠣᠨ᠎ᠳᠤ ᠬᠤᠪᠢᠰᠭᠠᠯ᠎ᠳᠤ ᠣᠷᠣᠯᠴᠠᠵᠤ᠂ 1943 ᠣᠨ᠎ᠳᠤ ᠨᠠᠮ᠎ᠳᠤ ᠣᠷᠣᠵᠤ᠂ 1947 ᠣᠨ᠎ᠳᠤ ᠴᠡᠷᠢᠭ ᠠᠩᠬᠢ᠎ᠳᠤ ᠱᠢᠯᠵᠢᠨ ᠠᠵᠢᠯᠯᠠᠵᠤ᠂ ᠲᠤᠰᠭᠠᠢ ᠭᠠᠪᠢᠶᠠᠨ ᠳᠡᠮᠳᠡᠭ᠂ ᠢᠯᠠᠯᠲᠠ᠎ᠶ᠋ᠢᠨ ᠭᠠᠪᠢᠶᠠᠨ ᠳᠡᠮᠳᠡᠭ ᠵᠡᠷᠭᠡ ᠤᠯᠠᠨ ᠵᠦᠢᠯ᠎ᠤᠨ ᠭᠠᠪᠢᠶᠠᠨ ᠳᠡᠮᠳᠡᠭ᠎ᠢ ᠬᠦᠷᠳᠡᠵᠦ᠍ ᠶᠠᠪᠤᠭ᠍ᠰᠠᠨ ᠪᠢᠯᠡ᠃

《ᠬᠤᠶᠠᠳᠤᠭᠠᠷ ᠠᠬ᠎ᠠ ᠮᠢᠨᠢ ᠲᠠᠢᠨ᠎ᠤ ᠲᠠᠯᠠᠪᠤᠷ᠎ᠲᠤ ᠪᠡᠶ᠎ᠡ ᠦᠷᠡᠭ᠌ᠳᠡᠵᠦ᠍᠂ ᠶᠡᠭᠡ ᠠᠬ᠎ᠠ ᠶᠠᠫᠣᠨ᠎ᠤ ᠱᠤᠷᠤᠩ᠎ᠳᠤ ᠬᠤᠷᠢᠭ᠍ᠳᠠᠵᠦ᠍ ᠥᠩᠭᠡᠷᠡᠪᠡ; ᠪᠦᠯᠦ᠍ ᠠᠬ᠎ᠠ ᠪᠠᠭ᠎ᠠ ᠰᠤᠷᠭᠠᠭᠤᠯᠢ᠎ᠶ᠋ᠢᠨ ᠪᠠᠭ᠍ᠰᠢ ᠪᠠᠢᠭ᠍ᠰᠠᠨ᠂ ᠦᠨᠡᠨ᠎ᠳᠡᠭᠡᠨ ᠨᠢᠭᠤᠴᠠ ᠨᠠᠮ᠎ᠤᠨ ᠭᠡᠱᠢᠭᠦᠨ ᠪᠢᠯᠠ; ᠬᠤᠶᠠᠷ ᠨᠠᠭᠠᠴᠤ᠌ ᠠᠪᠤ᠎ᠶ᠋ᠢᠨ ᠨᠢᠭᠡ ᠭᠡᠷ᠎ᠤᠨ 12 ᠬᠥᠮᠦᠨ ᠬᠠᠷᠭᠢᠰ ᠬᠡᠷᠴᠡᠭᠡᠢ᠎ᠪᠠᠷ ᠬᠤᠤᠷᠯᠠᠭ᠍ᠳᠠᠵᠠᠢ᠂ ᠶᠠᠫᠤᠨᠴᠤᠳ ᠲᠤᠯᠤᠭᠠᠬᠠᠨ ᠰᠠᠷ᠎ᠠ᠎ᠲᠠᠢ ᠨᠢᠷᠠᠢ ᠬᠡᠦᠬᠡᠳ᠎ᠢ ᠴᠦ᠍ ᠵᠦᠭᠡᠷ ᠲᠠᠯᠪᠢᠭ᠍ᠰᠠᠨ ᠦᠭᠡᠢ; ᠪᠦᠯᠦ᠍ ᠪᠡᠷᠭᠡᠨ᠎ᠢ ᠪᠠᠰᠠ ᠶᠠᠫᠣᠨ ᠬᠥᠮᠦᠨ ᠠᠪᠤᠭᠠᠳ ᠶᠠᠪᠤᠭ᠍ᠰᠠᠨ ᠁》 ᠭᠡᠵᠦ᠍ ᠦᠩᠭᠡᠷᠡᠭ᠌ᠰᠡᠨ᠎ᠤ ᠦᠱᠢᠶ᠎ᠡ ᠬᠤᠷᠤᠰᠤᠯ᠎ᠢ ᠨᠢᠭᠡᠳ ᠨᠢᠭᠡ᠎ᠪᠠᠷ ᠲᠤᠭᠠᠴᠢᠬᠤ᠎ᠳᠤ ᠯᠢᠶᠠᠩ ᠢᠦᠢ ᠱᠢᠤ᠎ᠶ᠋ᠢᠨ ᠬᠤᠭᠤᠯᠠᠢ᠎ᠨᠢ ᠡᠷᠢᠶᠡᠨᠳᠦᠨ᠎ᠡ᠃ ᠲᠠᠢᠨ᠎ᠤ ᠭᠠᠯ ᠳᠦᠷᠡᠯᠵᠡᠭ᠌ᠰᠡᠨ ᠡᠳᠦᠷ ᠬᠤᠨᠤᠭ᠎ᠤᠳ᠎ᠢ ᠡᠷᠭᠢᠴᠡᠭᠦᠯᠬᠦ᠌᠎ᠳᠡᠭᠡᠨ᠂ ᠯᠢᠶᠠᠩ ᠢᠦᠢ ᠱᠢᠤ᠄ 《ᠪᠢᠳᠡ ᠶᠠᠭᠤᠨ᠎ᠠᠴᠠ ᠴᠦ᠍ ᠠᠶᠤᠬᠤ ᠦᠭᠡᠢ᠎ᠪᠠᠷ ᠦᠬᠦᠨ ᠲᠡᠮᠡᠴᠡᠬᠦ᠌ ᠯᠡ ᠬᠡᠷᠡᠭ᠌ᠳᠡᠢ᠃ ᠪᠢᠳᠡ ᠯᠠᠪᠳᠠᠢ ᠢᠯᠠᠯᠲᠠ ᠣᠯᠵᠤ᠂ ᠶᠠᠫᠣᠨ ᠲᠦᠷᠢᠮᠡᠬᠡᠢᠯᠡᠭ᠌ᠴᠢᠳ᠎ᠢ ᠦᠯᠳᠡᠨ ᠬᠥᠭᠡᠭᠡᠵᠦ᠍ ᠴᠢᠳᠠᠨ᠎ᠠ ᠬᠡᠳᠡᠭ᠎ᠢ ᠢᠳᠡᠭᠡᠵᠦ᠍ ᠪᠠᠢᠭ᠍ᠰᠠᠨ ᠁᠃ ᠪᠢ ᠠᠮᠢᠳᠤ ᠦᠯᠡᠳᠡᠨ᠎ᠡ ᠭᠡᠵᠦ᠍ ᠰᠠᠨᠠᠭ᠎ᠠ ᠵᠡᠬᠦᠳᠦᠨ᠎ᠳᠤ ᠪᠠᠢᠭ᠍ᠰᠠᠨ ᠦᠭᠡᠢ᠂ ᠨᠡᠢᠭᠡᠮ᠎ᠤᠨ ᠬᠤᠪᠢᠷᠠᠯᠲᠠ ᠡᠢᠢᠮᠦ᠍ ᠬᠤᠷᠳᠤᠨ ᠭᠡᠵᠦ᠍ ᠴᠦ᠍ ᠪᠣᠳᠣᠵᠤ ᠣᠯᠤᠭ᠍ᠰᠠᠨ ᠦᠭᠡᠢ᠂ ᠦᠨᠡᠬᠡᠷ ᠨᠢᠭᠡ ᠵᠢᠯ᠎ᠳᠤ ᠨᠢᠭᠡ ᠶᠠᠩᠵᠤ ᠪᠠᠢᠨ᠎ᠠ!》 ᠭᠡᠯ᠎ᠡ᠃ 

ᠲᠠᠢᠨ ᠲᠠᠵᠢᠨ᠎ᠢ ᠮᠠᠷᠲᠠᠬᠤ ᠦᠭᠡᠢ ᠪᠠᠢᠬᠤ᠎ᠨᠢ ᠡᠩᠬᠡ ᠲᠠᠢᠪᠤᠩ᠎ᠢ ᠬᠠᠮᠠᠭᠠᠯᠠᠬᠤ᠎ᠶ᠋ᠢᠨ ᠲᠥᠯᠥᠭᠡ ᠶᠤᠮ᠃ ᠳᠤᠮᠳᠠᠳᠤ᠎ᠶ᠋ᠢᠨ ᠬᠥᠪᠡᠭᠦᠳ ᠥᠬᠢᠳ ᠲᠡᠦᠬᠡ᠎ᠪᠠᠨ ᠪᠠᠲᠤ ᠴᠡᠭᠡᠵᠢᠯᠡᠵᠦ᠍᠂ ᠡᠷᠡᠮᠡᠬᠡᠢᠯᠡᠨ ᠤᠷᠤᠭ᠍ᠰᠢᠯᠠᠵᠤ᠂ ᠶᠠᠫᠣᠨ᠎ᠢ ᠡᠰᠡᠷᠭᠦᠴᠡᠬᠦ᠌ ᠳᠠᠢᠨ᠎ᠤ ᠠᠭᠤᠤ ᠶᠡᠭᠡ ᠵᠣᠷᠢᠭ ᠰᠠᠨᠠᠭ᠎ᠠ᠎ᠶ᠋ᠢ ᠰᠠᠢᠲᠤᠷ ᠪᠠᠳᠠᠷᠠᠭᠤᠯᠵᠤ᠂ ᠠᠭᠤᠤ ᠶᠡᠭᠡ ᠡᠬᠡ ᠤᠯᠤᠰ᠎ᠢᠶᠠᠨ ᠰᠠᠢᠲᠤᠷ ᠪᠦᠲᠦᠭᠡᠨ ᠪᠠᠢᠭᠤᠯᠤᠨ᠎ᠠ᠃




ᠨᠠᠮ ᠪᠠ ᠠᠷᠠᠳ ᠲᠦᠮᠡᠨ᠎ᠤ ᠱᠢᠳᠤᠷᠭᠤ ᠬᠠᠮᠠᠭᠠᠯᠠᠭ᠍ᠴᠢ ᠪᠤᠯᠤᠨ᠎ᠠ



                   ᠴᠧᠨ ᠴᠦᠨ ᠶᠠᠨ



ᠶᠠᠫᠣᠨ᠎ᠢ ᠡᠰᠡᠷᠭᠦᠴᠡᠬᠦ᠌ ᠲᠠᠢᠨ᠎ᠤ ᠵᠣᠷᠢᠭ ᠰᠠᠨᠠᠭ᠎ᠠ ᠪᠣᠯ ᠠᠭᠤᠤ ᠶᠡᠭᠡ ᠦᠨᠳᠦᠰᠦᠲᠡᠨ᠎ᠤ ᠵᠣᠷᠢᠭ ᠰᠠᠨᠠᠭ᠎ᠠ ᠮᠥᠨ᠂ ᠲᠡᠷᠡ᠎ᠨᠢ ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠣᠨ᠎ᠢ ᠡᠰᠡᠷᠭᠦᠴᠡᠬᠦ᠌ ᠲᠠᠢᠨ᠎ᠤ ᠰᠦᠷ ᠳᠠᠯᠠᠢᠴᠠᠲᠠᠢ ᠠᠬᠢᠴᠠ ᠳᠤᠮᠳᠠ ᠬᠦᠪᠦᠷᠡᠨ ᠪᠤᠢᠵᠢᠭ᠍ᠰᠠᠨ ᠶᠤᠮ᠂ ᠳᠤᠮᠳᠠᠳᠤ᠎ᠶ᠋ᠢᠨ ᠦᠨᠳᠦᠰᠦᠲᠡᠨ᠎ᠤ ᠤᠶᠤᠨ ᠰᠠᠨᠠᠭᠠᠨ᠎ᠤ ᠰᠡᠬᠡᠭᠡᠷᠡᠯ᠎ᠠᠴᠠ ᠢᠷᠡᠯᠳᠡ᠎ᠲᠠᠢ᠂ ᠳᠤᠮᠳᠠᠳᠤ᠎ᠶ᠋ᠢᠨ ᠬᠥᠪᠡᠭᠦᠳ ᠥᠬᠢᠳ᠎ᠤᠨ ᠶᠠᠫᠣᠨ᠎ᠢ ᠡᠰᠡᠷᠭᠦᠴᠡᠬᠦ᠌ ᠲᠡᠮᠡᠴᠡᠯ᠎ᠠᠴᠠ ᠢᠷᠡᠯᠳᠡ᠎ᠲᠠᠢ᠂ ᠳᠤᠮᠳᠠᠳᠤ᠎ᠶ᠋ᠢᠨ ᠪᠣᠯᠪᠠᠰᠤᠨ᠎ᠤ ᠠᠮᠢᠨ ᠰᠤᠳᠠᠰᠤ᠎ᠠᠴᠠ ᠢᠷᠡᠯᠳᠡ᠎ᠲᠠᠢ ᠶᠤᠮ᠃

ᠬᠥᠬᠡᠬᠤᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠰᠠᠢᠬᠠᠨ ᠲᠣᠭᠤᠷᠢᠭ᠎ᠤᠨ ᠬᠤᠪᠢᠶᠠᠷᠢ ᠲᠣᠪᠴᠢᠶ᠎ᠠ᠎ᠶ᠋ᠢᠨ ᠶᠦᠨ ᠵᠢᠶᠠ᠂ ᠨᠠᠮ᠎ᠳᠠᠭᠠᠨ ᠦᠨᠡᠨᠴᠢ ᠱᠢᠳᠤᠷᠭᠤ ᠪᠠᠢᠬᠤ ᠪᠣᠯ ᠠᠷᠠᠳ᠎ᠤᠨ ᠳᠣᠲᠣᠭᠠᠳᠤ᠎ᠶ᠋ᠢ ᠬᠠᠮᠠᠭᠠᠯᠠᠬᠤ ᠰᠠᠯᠠᠭ᠎ᠠ ᠮᠦᠴᠢᠷ᠎ᠤᠨ ᠢᠮᠠᠭ᠍ᠲᠠ ᠬᠤᠪᠢᠷᠠᠰᠢ ᠥᠬᠡᠶ ᠦᠨᠳᠦᠰᠦ ᠰᠠᠭᠤᠷᠢ ᠪᠠ ᠠᠮᠢᠨ ᠰᠦᠨᠡᠰᠦ ᠮᠥᠨ᠃ ᠱᠢᠨ᠎ᠡ ᠲᠡᠦᠬᠡᠨ ᠨᠥᠬᠦᠴᠡᠯ ᠳᠣᠣᠷ᠎ᠠ᠂ ᠠᠷᠠᠳ᠎ᠤᠨ ᠴᠠᠭ᠍ᠳᠠᠭ᠎ᠠ ᠨᠠᠮ᠎ᠳᠠᠭᠠᠨ ᠦᠨᠡᠨᠴᠢ ᠱᠢᠳᠤᠷᠭᠤ ᠪᠠᠢᠵᠤ᠂ ᠠᠷᠠᠳ ᠲᠦᠮᠡᠨ᠎ᠳᠤ ᠦᠢᠯᠡᠴᠢᠯᠡᠨ᠂ ᠲᠥᠪ ᠭᠤᠣᠯᠴᠢ᠎ᠪᠠᠷ ᠬᠠᠤᠯᠢ ᠬᠡᠷᠡᠭ᠌ᠵᠢᠭᠦᠯᠵᠦ᠍᠂ ᠰᠠᠬᠢᠯᠭ᠎ᠠ ᠪᠠᠲᠤ᠎ᠶ᠋ᠢ ᠴᠢᠩᠳᠠᠯᠠᠨ᠂ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠷᠠᠳ ᠤᠯᠠᠨ᠎ᠤ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠤ ᠲᠦᠷᠦᠭ᠌ᠳᠡᠯ᠎ᠢ ᠨᠡᠮᠡᠭ᠌ᠳᠡᠭᠦᠯᠬᠦ᠌᠎ᠶ᠋ᠢᠨ ᠲᠥᠯᠥᠭᠡ ᠴᠢᠷᠮᠠᠢᠨ ᠠᠵᠢᠯᠯᠠᠵᠤ᠂ ᠨᠠᠮ ᠪᠣᠯᠤᠨ ᠠᠷᠠᠳ ᠲᠦᠮᠡᠨ᠎ᠤ ᠳᠠᠭᠠᠯᠭᠠᠬ᠍ᠰᠠᠨ ᠡᠭᠦᠷᠭᠡ ᠬᠠᠷᠢᠭᠤᠴᠠᠯᠭ᠎ᠠ᠎ᠶ᠋ᠢ ᠡᠷᠡᠰ ᠪᠡᠶᠡᠯᠡᠭᠦᠯᠬᠦ᠌ ᠬᠡᠷᠡᠭ᠌ᠲᠡᠢ ᠬᠡᠵᠦ᠍ ᠪᠠᠢᠪᠠ᠃

《ᠠᠷᠠᠳ᠎ᠤᠨ ᠴᠠᠭ᠍ᠳᠠᠭ᠎ᠠ ᠪᠣᠯᠤᠭ᠍ᠰᠠᠨ᠎ᠤ ᠬᠤᠪᠢ᠎ᠳᠤ᠂ ᠣᠮᠤᠭ ᠪᠠᠭ᠍ᠠᠳᠤᠯᠲᠤ ᠰᠡᠳᠭᠢᠯᠭᠡ ᠪᠠ ᠡᠭᠦᠷᠭᠡᠲᠦ ᠪᠤᠳᠤᠯ᠎ᠢᠶᠠᠨ ᠲᠠᠰᠤᠷᠠᠯᠲᠠ ᠦᠭᠡᠢ ᠴᠢᠩᠭᠠᠳᠭᠠᠵᠤ᠂ ᠱᠢᠳᠤᠷᠭᠤ ᠶᠣᠰᠣ᠎ᠶ᠋ᠢ ᠪᠠᠷᠢᠮᠳᠠᠯᠠᠵᠦ᠍᠂ ᠠᠮᠤᠷ ᠲᠦᠪᠱᠢᠨ᠎ᠢ ᠪᠠᠲᠤᠯᠠᠨ᠂ ᠣᠷᠣᠨ᠎ᠤ ᠲᠥᠪ᠎ᠤᠨ ᠠᠵᠤ ᠠᠬᠤᠢ ᠨᠡᠢᠭᠡᠮ᠎ᠤᠨ ᠴᠢᠨᠠᠷ ᠰᠠᠢᠲᠠᠢ ᠬᠥᠭ᠌ᠵᠢᠯᠲᠡ᠎ᠳᠤ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ᠃ ᠱᠢᠨ᠎ᠡ ᠴᠠᠭ ᠦᠶ᠎ᠡ᠎ᠶ᠋ᠢᠨ ᠵᠠᠯᠠᠭᠤ ᠠᠷᠠᠳ᠎ᠤᠨ ᠴᠠᠭ᠍ᠳᠠᠭ᠎ᠠ ᠶᠠᠫᠣᠨ᠎ᠢ ᠡᠰᠡᠷᠭᠦᠴᠡᠬᠦ᠌ ᠳᠠᠢᠨ᠎ᠤ ᠵᠣᠷᠢᠭ ᠰᠠᠨᠠᠭ᠎ᠠ᠎ᠶ᠋ᠢ ᠰᠠᠢᠲᠤᠷ ᠤᠯᠠᠮᠵᠢᠯᠠᠨ ᠪᠠᠳᠠᠷᠠᠭᠤᠯᠵᠤ᠂ ᠡᠭᠦᠨ᠎ᠤ ᠳᠤᠮᠳᠠ᠎ᠠᠴᠠ ᠤᠶᠤᠨ ᠰᠠᠨᠠᠭᠠᠨ᠎ᠤ ᠢᠳᠡ ᠬᠦᠴᠦᠨ ᠣᠯᠵᠤ᠂ ᠤᠯᠤᠰ᠎ᠢᠶᠠᠨ ᠬᠠᠢᠷᠠᠯᠠᠬᠤ ᠬᠠᠯᠠᠭᠤᠨ ᠰᠡᠳᠭᠢᠯᠭᠡ᠎ᠪᠠᠨ ᠬᠥᠭ᠌ᠵᠢᠭᠡᠵᠦ᠍᠂ ᠲᠤᠱᠢᠶᠠᠯ ᠬᠠᠷᠢᠭᠤᠴᠠᠯᠭ᠎ᠠ᠎ᠪᠠᠨ ᠦᠨᠡᠨᠴᠢ᠎ᠪᠠᠷ ᠭᠦᠢᠴᠡᠳᠭᠡᠵᠦ᠍᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠥᠨᠢ ᠡᠭᠦᠷᠢᠳᠡ ᠨᠠᠮ ᠪᠣᠯᠤᠨ ᠠᠷᠠᠳ ᠲᠦᠮᠡᠨ᠎ᠤ ᠱᠢᠳᠤᠷᠭᠤ ᠬᠠᠮᠠᠭᠠᠯᠠᠭ᠍ᠴᠢ ᠪᠤᠯᠤᠨ᠎ᠠ》 ᠭᠡᠵᠦ᠍ ᠶᠦᠨ ᠵᠢᠶᠠ ᠵᠤᠷᠢᠭ᠎ᠢᠶᠠᠨ ᠢᠯᠡᠳᠭᠡᠵᠦ᠍ ᠪᠠᠢᠯ᠎ᠠ᠃ 

ᠶᠠᠫᠣᠨ᠎ᠢ ᠡᠰᠡᠷᠭᠦᠴᠡᠬᠦ᠌ ᠲᠠᠢᠨ᠎ᠤ ᠠᠭᠤᠤ ᠶᠡᠭᠡ ᠵᠣᠷᠢᠭ ᠰᠠᠨᠠᠭ᠎ᠠ ᠪᠣᠯ ᠡᠷᠬᠢᠮ ᠨᠠᠨᠳᠢᠨ ᠤᠶᠤᠨ ᠰᠠᠨᠠᠭᠠᠨ᠎ᠤ ᠥᠪ ᠬᠦᠷᠦᠩᠭᠡ ᠮᠥᠨ᠂ ᠳᠤᠮᠳᠠᠳᠤ ᠤᠯᠤᠰ᠎ᠤᠨ ᠠᠷᠠᠳ ᠲᠦᠮᠡᠨ᠎ᠤ ᠠᠯᠢᠪᠠ ᠬᠦᠴᠢᠷ ᠪᠡᠷᠬᠡᠱᠢᠶᠡᠯ ᠬᠠᠷᠰᠢ ᠰᠠᠭᠠᠳ᠎ᠢ ᠢᠯᠠᠨ ᠳᠠᠪᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠲᠡᠮᠡᠴᠡᠬᠦ᠌᠎ᠶ᠋ᠢ ᠡᠭᠦᠷᠢᠳᠡ ᠵᠣᠷᠢᠭ᠍ᠵᠢᠭᠤᠯᠬᠤ ᠪᠣᠯᠤᠨ᠎ᠠ᠃




ᠤᠯᠤᠰ᠎ᠲᠠᠭᠠᠨ ᠬᠦᠴᠦᠨ ᠴᠢᠳᠠᠯ᠎ᠢᠶᠠᠨ ᠡᠷᠬᠦᠬᠦ᠌᠎ᠪᠠᠷ ᠴᠢᠷᠮᠠᠢᠨ ᠰᠤᠷᠤᠯᠴᠠᠨ᠎ᠠ 



            ᠳᠠᠳᠤᠯᠭ᠎ᠠ᠎ᠶ᠋ᠢᠨ ᠰᠤᠷᠪᠤᠯᠵᠢᠯᠠᠭ᠍ᠴᠢ ᠯᠢ ᠴᠤᠤ ᠷᠠᠨ 



ᠲᠦᠷᠦᠭᠦᠬᠡᠨ᠂ ᠰᠤᠷᠪᠤᠯᠵᠢᠯᠠᠭ᠍ᠴᠢ ᠲᠢᠶᠠᠨᠵᠢᠨ᠎ᠤ ᠠᠵᠤ ᠦᠶ᠋ᠯᠡᠳᠪᠦᠷᠢ᠎ᠶ᠋ᠢᠨ ᠶᠡᠭᠡ ᠰᠤᠷᠭᠠᠭᠤᠯᠢ᠎ᠶ᠋ᠢᠨ ᠺᠣᠮᠫᠢᠦ᠋ᠲ᠋ᠧᠷ᠎ᠤᠨ ᠲᠤᠰᠭᠠᠶ ᠮᠡᠷᠭᠡᠵᠢᠯ᠎ᠤᠨ ᠠᠰᠫᠢᠷᠠᠨᠲ ᠯᠢᠦ ᠱᠢᠶᠤᠤ ᠯᠦ᠍᠎ᠲᠠᠢ ᠠᠭᠤᠯᠵᠠᠬᠤ᠎ᠳᠤ᠂ ᠲᠡᠷᠡ ᠶᠠᠭ ᠶᠠᠫᠣᠨ᠎ᠢ ᠡᠰᠡᠷᠭᠦᠴᠡᠭ᠌ᠰᠡᠨ ᠡᠮᠡᠭ᠌ᠲᠡᠶ ᠪᠠᠭᠠᠲᠤᠷ ᠵᠣᠣ ᠢ ᠮᠠᠨ᠎ᠤ 《ᠪᠢᠨ ᠵᠢᠶᠠᠩ᠎ᠤᠨ ᠳᠤᠷᠠᠰᠤᠮᠵᠢ》 ᠎ᠶ᠋ᠢ ᠬᠠᠭᠤᠯᠤᠨ ᠪᠢᠴᠢᠵᠦ᠍ ᠪᠠᠢᠪᠠ᠃ ᠶᠠᠫᠣᠨ᠎ᠢ ᠡᠰᠡᠷᠭᠦᠴᠡᠬᠦ᠌ ᠲᠠᠢᠨ᠎ᠤ ᠵᠣᠷᠢᠭ ᠰᠠᠨᠠᠭᠠᠨ᠎ᠤ ᠲᠤᠬᠠᠢ ᠳᠠᠬᠢᠨᠲᠠ ᠶᠠᠷᠢᠬᠤ᠎ᠳᠠᠭᠠᠨ ᠯᠢᠦ ᠱᠢᠶᠤᠤ ᠯᠦ᠍᠄ 《ᠵᠤᠨ᠎ᠤ ᠠᠮᠠᠷᠠᠯᠲᠠ᠎ᠪᠠᠷ ᠬᠠᠷᠢᠵᠤ ᠢᠷᠡᠭ᠌ᠰᠡᠨ᠎ᠤ ᠲᠠᠷᠠᠭ᠎ᠠ᠂ ᠪᠢ ᠲᠠᠯᠠᠨ ᠬᠠᠷ᠎ᠠ ᠠᠭᠤᠯᠠ᠎ᠶ᠋ᠢᠨ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠰᠠᠭᠤᠷᠢᠨ ᠭᠠᠵᠠᠷ᠎ᠤᠨ ᠦᠵᠡᠰᠭᠦᠯᠡᠩ᠎ᠤᠨ ᠣᠷᠳᠣᠨ᠎ᠢᠶᠠᠷ ᠲᠣᠭᠤᠷᠢᠨ ᠦᠵᠡᠪᠡ᠂ ᠦᠵᠡᠭᠦᠯᠭᠡ᠎ᠶ᠋ᠢᠨ ᠲᠢᠩᠬᠢᠮ᠎ᠳᠠᠬᠢ ᠲᠤᠬᠠᠢ᠎ᠶ᠋ᠢᠨ ᠦᠶ᠎ᠡ᠎ᠶ᠋ᠢᠨ ᠠᠬᠤᠢ ᠪᠠᠢᠳᠠᠯ᠎ᠢ ᠰᠡᠷᠭᠦᠭᠡᠭ᠌ᠰᠡᠨ ᠦᠵᠡᠮᠵᠢ᠎ᠨᠢ ᠨᠠᠮᠠᠢᠢ ᠠᠭᠤᠯᠠ ᠤᠰᠤ ᠲᠠᠯᠬᠢᠭ᠍ᠳᠠᠭ᠍ᠰᠠᠨ ᠲᠠᠢᠨ᠎ᠤ ᠤᠨ ᠰᠠᠷ᠎ᠠ᠎ᠳᠤ ᠠᠪᠠᠴᠢᠭ᠍ᠰᠠᠨ ᠮᠡᠳᠦ ᠰᠠᠨᠠᠭ᠍ᠳᠠᠭᠤᠯᠪᠠ᠃ ᠣᠷᠳᠣᠨ᠎ᠳᠤ ᠤᠯᠠᠭᠠᠨ ᠴᠡᠷᠢᠭ᠎ᠤᠨ ᠬᠡᠷᠡᠭ᠌ᠯᠡᠵᠦ᠍ ᠥᠩᠭᠡᠷᠡᠭ᠌ᠰᠡᠨ ᠷᠠᠳᠢᠣ᠋᠂ ᠪᠠᠢᠯᠳᠤᠭᠠᠨ᠎ᠤ ᠰᠡᠯᠡᠮ᠎ᠡ᠂ ᠭᠠᠷᠨᠠᠲᠠ᠂ ᠠᠮᠤ ᠪᠤᠳᠠᠭ᠎ᠠ ᠵᠡᠷᠭᠡ ᠪᠣᠳᠠᠲᠤ ᠪᠣᠳᠠᠰ᠎ᠢ ᠳᠡᠯᠭᠡᠨ ᠦᠵᠡᠭᠦᠯᠵᠦ᠍᠂ ᠶᠠᠫᠣᠨ᠎ᠢ ᠡᠰᠡᠷᠭᠦᠴᠡᠬᠦ᠌ ᠰᠠᠭᠤᠷᠢᠨ ᠭᠠᠵᠠᠷ᠎ᠤᠨ ᠪᠡᠷᠬᠡ ᠬᠠᠲᠠᠭᠤᠵᠢᠯᠲᠠᠢ ᠪᠠᠢᠯᠳᠤᠭᠠᠨ ᠬᠢᠬᠦ᠌ ᠣᠷᠴᠢᠨ ᠲᠣᠭᠤᠷᠢᠨ᠎ᠢ ᠲᠤᠰᠭᠠᠭ᠍ᠰᠠᠠ ᠪᠥᠭᠡᠳ ᠪᠠᠰᠠ ᠬᠤᠪᠢᠰᠭᠠᠯᠴᠢᠳ᠎ᠤᠨ ᠬᠦᠴᠢᠷ ᠪᠡᠷᠬᠡᠱᠢᠶᠡᠯ ᠬᠠᠷᠰᠢ ᠰᠠᠭᠠᠳ᠎ᠠᠴᠠ ᠠᠶᠤᠬᠤ ᠦᠭᠡᠢ᠂ ᠵᠣᠷᠢᠭ᠍ᠲᠠᠢ ᠲᠡᠮᠡᠴᠡᠬᠦ᠌ ᠡᠷᠬᠢᠮ ᠳᠡᠭᠡᠳᠦ ᠵᠣᠷᠢᠭ ᠰᠠᠨᠠᠭ᠎ᠠ᠎ᠶ᠋ᠢ ᠢᠯᠡᠷᠡᠭᠦᠯᠵᠦ᠍᠂ ᠮᠢᠨᠦ᠍ ᠰᠡᠳᠭᠢᠯ᠎ᠢ ᠲᠤᠩ ᠳᠣᠭ᠍ᠳᠣᠯᠤᠭᠤᠯᠪᠠ》 ᠭᠡᠪᠡ᠃ 

ᠪᠡᠷᠬᠡ ᠬᠠᠲᠠᠭᠤᠵᠢᠯᠲᠠᠢ ᠲᠠᠢᠨ ᠳᠠᠵᠢᠨ ᠳᠤᠮᠳᠠᠳᠤ ᠤᠯᠤᠰ᠎ᠤᠨ ᠠᠷᠠᠳ ᠲᠦᠮᠡᠨ᠎ᠳᠤ ᠬᠦᠨᠳᠦ ᠬᠡᠴᠡᠭᠦᠦ ᠭᠠᠰᠠᠯᠠᠩ ᠵᠣᠪᠠᠯᠠᠩ ᠠᠪᠴᠢᠷᠠᠭ᠍ᠰᠠᠨ᠎ᠤ ᠬᠠᠮᠲᠤ ᠪᠠᠰᠠ ᠳᠤᠮᠳᠠᠳᠤ᠎ᠶ᠋ᠢᠨ ᠦᠨᠳᠦᠰᠦᠲᠡᠨ᠎ᠤ ᠶᠠᠫᠣᠨ᠎ᠢ ᠡᠰᠡᠷᠭᠦᠴᠡᠬᠦ᠌ ᠠᠭᠤᠤ ᠶᠡᠭᠡ ᠵᠣᠷᠢᠭ ᠰᠠᠨᠠᠭ᠎ᠠ᠎ᠶ᠋ᠢ ᠪᠤᠢ ᠪᠣᠯᠭᠠᠵᠠᠢ᠃ 1931 ᠣᠨ᠎ᠳᠤ᠂ 《9.18》 ᠎ᠤ ᠬᠡᠷᠡᠭ ᠬᠤᠪᠢᠰᠤᠯ ᠡᠬᠦᠰᠦᠭ᠌ᠰᠡᠨ᠎ᠤ ᠬᠤᠶᠠᠳᠤᠭᠠᠷ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠮᠠᠨᠵᠤ ᠮᠤᠵᠢ᠎ᠶ᠋ᠢᠨ ᠬᠤᠷᠢᠶ᠎ᠠ ᠪᠠᠴᠢᠮ ᠬᠤᠷᠠᠯ ᠬᠤᠷᠠᠯᠳᠤᠭᠤᠯᠵᠤ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠮᠠᠨᠵᠤ ᠮᠤᠵᠢ᠎ᠶ᠋ᠢᠨ ᠬᠤᠷᠢᠶ᠎ᠠ᠎ᠶ᠋ᠢᠨ ᠶᠠᠫᠣᠨ ᠡᠵᠡᠷᠬᠡᠭ  ᠳᠦᠷᠢᠮᠡᠬᠡᠢᠲᠡᠨ ᠵᠡᠪᠰᠡᠭ᠌ᠲᠦ ᠬᠦᠴᠦᠨ᠎ᠢᠶᠠᠷ ᠮᠠᠨᠵᠤ᠎ᠶ᠋ᠢ ᠡᠵᠡᠯᠡᠭ᠌ᠰᠡᠨ ᠲᠤᠬᠠᠢ ᠲᠤᠩᠬᠠᠭ》 ᠎ᠢ ᠨᠡᠢᠲᠡᠯᠡᠪᠡ᠂ ᠡᠨᠡ ᠪᠣᠯ ᠳᠤᠮᠳᠠᠳᠤ ᠤᠯᠤᠰ᠎ᠤᠨ ᠶᠠᠫᠣᠨ᠎ᠢ ᠡᠰᠡᠷᠭᠦᠴᠡᠬᠦ᠌ ᠠᠩᠬᠠᠳᠠᠭ᠍ᠴᠢ ᠲᠤᠩᠬᠠᠭ ᠮᠥᠨ᠂ ᠪᠠᠰᠠ ᠴᠤ᠌ ᠳᠡᠯᠡᠬᠡᠢ᠎ᠶ᠋ᠢᠨ ᠲᠡᠦᠬᠡᠨ ᠳᠡᠭᠡᠷᠡᠬᠢ ᠠᠩᠬᠠᠳᠠᠭ᠍ᠴᠢ ᠹᠠᠱ᠌ᠢᠰ᠎ᠢ ᠡᠰᠡᠷᠭᠦᠴᠡᠬᠦ᠌ ᠳᠠᠢᠨ᠎ᠤ ᠲᠤᠩᠬᠠᠭ ᠮᠥᠨ᠃ 

《ᠲᠡᠦᠬᠡ ᠪᠣᠯ ᠬᠠᠮᠤᠭ᠎ᠤᠨ ᠰᠠᠢᠨ ᠬᠢᠴᠢᠶᠡᠯ᠎ᠤᠨ ᠪᠢᠴᠢᠭ ᠮᠥᠨ᠂ ᠪᠠᠰᠠ ᠴᠤ᠌ ᠬᠠᠮᠤᠭ᠎ᠤᠨ ᠰᠠᠢᠨ ᠰᠡᠭᠡᠭᠡᠷᠡᠭᠦᠯᠬᠦ᠌ ᠡᠮ ᠮᠥᠨ᠃ ᠲᠤᠬᠠᠢ᠎ᠶ᠋ᠢᠨ ᠵᠢᠯ᠎ᠳᠤ᠂ ᠳᠤᠮᠳᠠᠳᠤ᠎ᠶ᠋ᠢᠨ ᠬᠥᠪᠡᠭᠦᠳ ᠥᠬᠢᠳ ᠰᠡᠳᠭᠢᠯ ᠨᠢᠭᠡᠳᠦᠨ ᠬᠦᠴᠦ᠎ᠪᠠᠨ ᠬᠠᠮᠲᠤᠳᠭᠠᠵᠤ᠂ ᠠᠷᠢᠭᠤᠨ ᠴᠢᠰᠤ ᠪᠠ ᠠᠮᠢ ᠨᠠᠰᠤ᠎ᠪᠠᠷ᠎ᠢᠶᠠᠨ 〈ᠲᠠᠢᠨ᠎ᠤ ᠲᠡᠦᠬᠡᠨ ᠳᠡᠭᠡᠷᠡᠬᠢ ᠭᠠᠢᠬᠠᠮᠱᠢᠭ᠍ᠲᠤ ᠦᠵᠡᠭ᠌ᠳᠡᠯ᠂ ᠳᠤᠮᠳᠠᠳᠤ᠎ᠶ᠋ᠢᠨ ᠦᠨᠳᠦᠰᠦᠲᠡᠨ᠎ᠤ ᠠᠤᠭ᠎ᠠ ᠠᠵᠢᠯᠯᠠᠭ᠎ᠠ᠂ ᠲᠩᠷᠢ ᠭᠠᠵᠠᠷ᠎ᠢ ᠳᠣᠩᠰᠣᠯᠭᠠᠮ᠎ᠠ ᠠᠭᠤᠤ ᠦᠢᠯᠡᠰ〉 ᠎ᠢ ᠡᠭᠦᠳᠴᠦ᠍᠂ ᠶᠠᠫᠣᠨ᠎ᠢ ᠡᠰᠡᠷᠭᠦᠴᠡᠬᠦ᠌ ᠲᠠᠢᠨ᠎ᠤ ᠠᠭᠤᠤ ᠶᠡᠭᠡ ᠵᠣᠷᠢᠭ ᠰᠠᠨᠠᠭ᠎ᠠ᠎ᠶ᠋ᠢ ᠴᠣᠭ᠍ᠴᠠᠯᠠᠵᠠᠢ᠃ ᠯᠢᠦ ᠱᠢᠶᠤᠤ ᠯᠦ᠍᠄ 《ᠪᠢ ᠤᠯᠤᠰ᠎ᠢᠶᠠᠨ ᠬᠠᠢᠷᠠᠯᠠᠬᠤ ᠰᠡᠳᠭᠢᠯᠭᠡ᠂ ᠡᠬᠡ ᠤᠯᠤᠰ᠎ᠤᠨ᠎ᠢᠶᠠᠨ ᠲᠥᠯᠥᠭᠡ ᠵᠢᠳᠬᠦᠬᠦ᠌ ᠰᠦᠰᠦ ᠵᠣᠷᠢᠭ᠎ᠢᠶᠠᠨ ᠬᠤᠢᠱᠢᠳᠠ᠎ᠶ᠋ᠢᠨ ᠰᠤᠷᠤᠯᠴᠠᠯᠭ᠎ᠠ᠎ᠳᠠᠭᠠᠨ ᠠᠭᠤᠰᠭᠠᠵᠤ᠂ ᠡᠯᠧᠺᠲᠷᠣᠨ ᠮᠡᠳᠡᠭᠡ ᠵᠠᠩᠭᠢ᠎ᠶ᠋ᠢᠨ ᠮᠡᠷᠭᠡᠵᠢᠯ᠎ᠤᠨ ᠬᠥᠭ᠌ᠵᠢᠯᠲᠡ᠎ᠳᠤ ᠦᠪᠡᠷ᠎ᠤᠨ ᠬᠤᠪᠢ ᠨᠡᠮᠡᠷᠢ᠎ᠪᠠᠨ ᠦᠵᠡᠭᠦᠯᠵᠦ᠍᠂ ᠠᠭᠤᠤ ᠶᠡᠭᠡ ᠡᠬᠡ ᠤᠯᠤᠰ᠎ᠢᠶᠠᠨ ᠪᠦᠲᠦᠭᠡᠨ ᠪᠠᠢᠭᠤᠯᠬᠤ ᠪᠣᠳᠠᠲᠤ ᠠᠵᠢᠯᠯᠠᠭ᠎ᠠ᠎ᠪᠠᠷ᠎ᠢᠶᠠᠨ ᠦᠷᠡᠭ᠌ᠳᠡᠭ᠌ᠰᠡᠨ ᠪᠠᠭᠠᠲᠤᠷᠴᠤᠳ᠎ᠲᠠᠭᠠᠨ ᠲᠠᠢᠳᠭᠠᠷᠠᠭᠤᠯᠤᠯ ᠪᠤᠯᠭᠠᠨ᠎ᠠ》 ᠭᠡᠵᠦ᠍ ᠶᠠᠷᠢᠵᠦ᠍ ᠪᠠᠢᠯ᠎ᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠢᠶ᠎ᠡ ᠪᠦᠬᠦᠢ ᠰᠣᠨᠢᠨ
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号