ᠦᠶᠡᠷ᠎ᠲᠠᠢ ᠳᠡᠮᠡᠴᠡᠬᠦ᠌ ᠵᠤᠷᠢᠬ ᠰᠠᠨᠠᠭ᠎ᠠ
2021-09-10 10:40:39
ᠵᠣᠬᠢᠶᠠᠭ᠍ᠴᠢ᠄
ᠯᠢᠦ ᠴᠦᠨ ᠽᠢ
ᠣᠩᠱᠢᠭ᠍ᠰᠠᠨ ᠣᠳᠠᠭ᠎ᠠ᠄
★★★☆☆

ᠦᠶᠡᠷ ᠲᠠᠢ ᠲᠡᠮᠡᠴᠡᠭᠦ᠌ ᠵᠤᠷᠢᠭ ᠰᠠᠨᠠᠭ᠎ᠠ ᠵᠢ ᠪᠠᠳᠠᠷᠠᠭᠤᠯᠵᠦ᠍ ᠴᠢᠨᠠᠷ ᠰᠠᠢᠳᠠᠢ ᠬᠦᠭ᠌ᠵᠢᠯᠳᠠ ᠵᠢᠨ ᠬᠦᠴᠤᠷᠭᠡᠭ ᠶᠡᠭᠡ ᠬᠠᠮᠳᠤᠷᠠᠯ ᠬᠦᠴᠤᠨ᠎ᠢ ᠨᠢᠬ᠍ᠳᠠᠷᠠᠭᠤᠯᠤᠶ᠎ᠠ

             ᠯᠢᠤ ᠴᠦᠨ ᠽᠢ

ᠦᠶᠡᠷ᠎ᠲᠠᠢ ᠲᠡᠮᠡᠴᠡᠭᠦ᠌ ᠠᠭᠤᠤ ᠶᠡᠭᠡ ᠵᠣᠷᠢᠭ ᠰᠠᠨᠠᠭ᠎ᠠ 《ᠨᠢᠭᠡ᠎ᠨᠢ ᠬᠦᠴᠢᠷᠳᠡᠪᠡᠯ ᠨᠡᠢᠲᠡ᠎ᠪᠠᠷ᠎ᠢᠶᠠᠨ ᠲᠤᠰᠠᠯᠠᠬᠤ》 ᠶᠡᠭᠡ ᠪᠦᠯᠬᠦᠮᠳᠡᠯ᠂ ᠶᠡᠭᠡ ᠬᠠᠮᠵᠢᠯᠴᠠᠭᠠᠨ᠎ᠤ ᠵᠣᠷᠢᠭ ᠰᠠᠨᠠᠭ᠎ᠠ᠎ᠪᠠᠷ ᠠᠮᠢ ᠨᠠᠰᠤ᠎ᠶ᠋ᠢ ᠳᠡᠭᠡᠳᠦᠯᠡᠬᠦ᠌ ᠣᠢᠯᠠᠭᠠᠭ᠍ᠳᠠᠬᠤᠨ᠎ᠢ ᠲᠠᠢᠯᠪᠤᠷᠢᠯᠠᠵᠤ᠂ ᠬᠦᠴᠦᠷᠬᠡᠭ ᠶᠡᠭᠡ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠵᠣᠷᠢᠭ ᠰᠠᠨᠠᠭᠠᠨ᠎ᠤ ᠴᠢᠬᠤᠯᠠ ᠪᠦᠷᠢᠯᠳᠦᠬᠦᠨ ᠬᠡᠰᠡᠭ ᠪᠣᠯᠵᠠᠢ᠃

ᠦᠶᠡᠷ᠎ᠲᠠᠢ ᠲᠡᠮᠡᠴᠡᠬᠦ᠌ ᠵᠣᠷᠢᠭ ᠰᠠᠨᠠᠭ᠎ᠠ᠎ᠶ᠋ᠢ ᠳᠤᠷᠠᠳᠤᠭ᠍ᠰᠠᠨ᠎ᠨᠢ 1998 ᠣᠨ᠎ᠤ ᠲᠡᠷᠡ ᠬᠦ᠌ ᠣᠨᠴᠠ ᠶᠡᠭᠡ ᠦᠶᠡᠷ᠎ᠤᠨ ᠭᠠᠮᠱᠢᠭ᠎ᠠᠴᠠ ᠪᠣᠯᠤᠭ᠍ᠰᠠᠨ ᠶᠤᠮ᠂ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠠᠷᠠᠳ ᠲᠦᠮᠡᠨ ᠪᠠᠴᠢᠮ ᠬᠥᠳᠡᠯᠦᠯᠴᠡᠵᠦ᠍᠂ ᠪᠦᠯᠬᠦᠮᠳᠡᠨ ᠲᠡᠮᠡᠴᠡᠵᠦ᠍᠂ ᠪᠠᠴᠢᠮ ᠪᠠᠢᠳᠠᠯ᠎ᠢ ᠬᠦᠴᠦᠯᠡᠨ ᠬᠤᠪᠢᠷᠠᠭᠤᠯᠵᠤ᠂ ᠠᠷᠠᠳ ᠲᠦᠮᠡᠨ᠎ᠤ ᠠᠮᠢ ᠨᠠᠰᠤ ᠪᠠ ᠡᠳ᠋ ᠬᠦᠷᠦᠩᠭᠡ᠎ᠶ᠋ᠢᠨ ᠠᠮᠤᠷ ᠲᠦᠪᠱᠢᠨ᠎ᠢ ᠦᠨᠡᠨ ᠬᠦ᠌ ᠪᠠᠲᠤᠯᠠᠵᠤ᠂ ᠡᠨᠡ ᠬᠦ᠌ ᠣᠨᠴᠠ ᠶᠡᠭᠡ ᠪᠠᠢᠭᠠᠯᠢ᠎ᠶ᠋ᠢᠨ ᠭᠠᠮᠱᠢᠭ᠎ᠤᠨ ᠬᠤᠬᠢᠷᠠᠯ᠎ᠢ ᠬᠠᠮᠤᠭ᠎ᠤᠨ ᠪᠠᠭ᠎ᠠ ᠬᠡᠮᠵᠢᠶᠡᠨ᠎ᠳᠤ ᠪᠤᠯᠭᠠᠪᠠ᠃ ᠡᠨᠡ ᠤᠳᠠᠭᠠᠨ᠎ᠤ ᠲᠡᠮᠡᠴᠡᠯ᠎ᠤᠨ ᠳᠤᠮᠳᠠ ᠪᠦᠷᠢᠯᠳᠦᠭ᠌ᠰᠡᠨ ᠦᠶᠡᠷ᠎ᠲᠠᠢ ᠲᠡᠮᠡᠴᠡᠬᠦ᠌ ᠠᠭᠤᠤ ᠶᠡᠭᠡ ᠵᠣᠷᠢᠭ ᠰᠠᠨᠠᠭ᠎ᠠ᠎ᠨᠢ ᠳᠤᠮᠳᠠᠳᠤ᠎ᠶ᠋ᠢᠨ ᠦᠨᠳᠦᠰᠦᠲᠡᠨ᠎ᠤ ᠬᠢᠵᠠᠭᠠᠯᠠᠰᠢ ᠦᠭᠡᠢ ᠡᠷᠬᠢᠮ ᠨᠠᠨᠳᠢᠨ ᠤᠶᠤᠨ ᠰᠠᠨᠠᠭᠠᠨ᠎ᠤ ᠦᠪ ᠬᠦᠷᠦᠩᠬᠡ ᠪᠣᠯᠤᠭ᠍ᠰᠠᠨ ᠪᠠᠢᠨ᠎ᠠ᠃

ᠪᠠᠢᠭᠠᠯᠢ᠎ᠶ᠋ᠢᠨ ᠭᠠᠮᠱᠢᠭ ᠪᠣᠯ ᠨᠢᠭᠡ ᠤᠯᠤᠰ᠎ᠤᠨ ᠤᠯᠤᠰ᠎ᠤᠨ ᠶᠡᠷᠦᠩᠬᠡᠢᠯᠡᠭ᠌ᠰᠡᠨ ᠬᠦᠴᠦᠨ᠎ᠤ ᠱᠢᠯᠭᠠᠯᠲᠠ ᠮᠥᠨ᠂ ᠨᠡᠩ ᠴᠤ᠌ ᠨᠢᠭᠡ ᠦᠨᠳᠦᠰᠦᠲᠡᠨ᠎ᠤ ᠨᠢᠭ᠍ᠲᠠᠷᠠᠯ᠎ᠤᠨ ᠬᠦᠴᠦᠨ᠎ᠤ ᠱᠢᠯᠭᠠᠯᠲᠠ ᠮᠥᠨ᠃ ᠦᠶᠡᠷ᠎ᠲᠠᠢ ᠲᠡᠮᠡᠴᠡᠬᠦ᠌ ᠶᠠᠪᠤᠴᠠ᠎ᠳᠤ ᠤᠯᠤᠰ ᠳᠠᠶᠠᠭᠠᠷ ᠪᠦᠯᠬᠦᠮᠳᠡᠨ ᠨᠢᠭᠡᠳᠴᠦ᠍᠂ ᠡᠮᠦᠨ᠎ᠡ ᠹᠷᠣᠨᠲ ᠪᠠ ᠠᠷᠤ ᠲᠠᠯ᠎ᠠ᠎ᠶ᠋ᠢᠨ᠎ᠬᠢᠨ ᠰᠡᠳᠭᠢᠯ ᠨᠢᠭᠡᠳᠦᠨ ᠬᠦᠴᠦ᠎ᠪᠠᠨ ᠬᠠᠮᠲᠤᠳᠭᠠᠪᠠ᠃ ᠮᠢᠩᠭᠠᠨ ᠭᠠᠵᠠᠷ᠎ᠤᠨ ᠤᠷᠳᠤ ᠬᠠᠱᠢᠯᠭ᠎ᠠ᠎ᠠᠴᠠ ᠨᠡᠢᠰᠯᠡᠯ ᠪᠡᠭᠡᠵᠢᠩ ᠬᠦᠷᠲᠡᠯ᠎ᠡ᠂ ᠬᠥᠬᠡᠮᠥ᠋ᠷᠡᠨ᠎ᠤ ᠡᠮᠦᠨ᠎ᠡ ᠤᠮᠠᠷ᠎ᠠ᠎ᠠᠴᠠ ᠤᠷᠳᠤ ᠴᠠᠭᠠᠨ ᠬᠡᠷᠡᠮ᠎ᠤᠨ ᠳᠣᠲᠣᠨ᠎ᠠ ᠭᠠᠳᠠᠨ᠎ᠠ ᠬᠦᠷᠲᠡᠯ᠎ᠡ᠂ ᠲᠠᠯᠠᠢ ᠳᠠᠭᠠᠤ ᠮᠤᠵᠢ ᠬᠤᠳᠠ᠎ᠠᠴᠠ ᠬᠢᠯᠢ ᠬᠢᠵᠠᠭᠠᠷ ᠣᠷᠣᠨ ᠬᠦᠷᠲᠡᠯ᠎ᠡ᠂ ᠳᠤᠮᠳᠠᠳᠤ᠎ᠶ᠋ᠢᠨ ᠬᠥᠪᠡᠭᠦᠳ ᠥᠬᠢᠳ᠎ᠤᠨ ᠬᠦᠴᠦᠨ ᠦᠳᠲᠡᠷ ᠲᠦᠷᠭᠡᠨ ᠨᠢᠬ᠍ᠳᠠᠷᠠᠪᠠ᠃ ᠨᠢᠭᠡ ᠪᠠᠭᠠᠲᠤᠷ ᠤᠢ᠍ᠢᠴᠢᠪᠠᠯ ᠮᠢᠩᠭ᠎ᠠ ᠲᠦᠮᠡᠨ ᠪᠠᠭᠠᠲᠤᠷ ᠪᠣᠰᠴᠤ᠌ ᠵᠣᠭ᠍ᠰᠣᠨ᠎ᠠ᠃ ᠡᠢᠮᠦᠷᠬᠦᠦ ᠠᠶᠤᠯ ᠵᠣᠪᠠᠯᠠᠩ᠎ᠠᠴᠠ ᠠᠶᠤᠬᠤ ᠦᠭᠡᠢ᠂ ᠦᠬᠦᠬᠦ᠌᠎ᠶ᠋ᠢ ᠤᠨᠲᠠᠬᠤ᠎ᠶ᠋ᠢᠨ ᠲᠡᠳᠦᠢ ᠪᠤᠳᠤᠬᠤ ᠵᠣᠷᠢᠭ ᠰᠥᠰᠥ᠎ᠨᠢ ᠲᠩᠷᠢ ᠭᠠᠵᠠᠷ᠎ᠢ ᠤᠶᠠᠷᠠᠭᠤᠯᠤᠨ᠂ ᠬᠥᠮᠦᠰ᠎ᠤᠨ ᠮᠠᠭ᠍ᠲᠠᠭᠠᠯ ᠰᠠᠢᠱᠢᠶᠠᠯ᠎ᠢ ᠤᠯᠪᠠ᠃ ᠡᠢᠮᠦᠷᠬᠦᠦ ᠪᠠᠭᠠᠲᠤᠷᠯᠢᠭ ᠦᠵᠡᠯ᠎ᠤᠨ ᠵᠣᠷᠢᠭ᠍ᠵᠢᠭᠤᠯᠤᠯ ᠪᠠᠢᠪᠠᠯ ᠳᠤᠮᠳᠠᠳᠤ ᠤᠯᠤᠰ᠎ᠤᠨ ᠠᠷᠠᠳ ᠲᠦᠮᠡᠨ ᠳᠡᠯᠡᠬᠡᠢ᠎ᠶ᠋ᠢᠨ ᠦᠨᠳᠦᠰᠦᠲᠡᠨ᠎ᠤ ᠡᠩᠨᠡᠭᠡᠨ᠎ᠳᠤ ᠢᠮᠠᠭ᠍ᠲᠠ ᠰᠦᠨᠳᠡᠷᠯᠡᠵᠦ᠍ ᠴᠢᠳᠠᠬᠤ ᠶᠤᠮ᠃

ᠶᠡᠷᠦᠩᠬᠡᠢ ᠱᠦᠵᠢ ᠰᠢ᠎ᠶ᠋ᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠶᠠᠷᠢᠶᠠᠨ᠎ᠳᠠᠭᠠᠨ᠂ 《ᠵᠠᠭᠤᠨ ᠵᠢᠯ᠎ᠤᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠷᠢᠳᠤᠰ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠪᠠᠢᠭᠤᠯᠵᠤ᠂ ᠦᠨᠡᠨ ᠶᠣᠰᠣ᠎ᠶ᠋ᠢ ᠪᠠᠷᠢᠮᠲᠠᠯᠠᠬᠤ᠂ ᠬᠦᠰᠡᠯᠡᠩ᠎ᠢᠶᠠᠨ ᠪᠠᠲᠤ ᠰᠠᠬᠢᠬᠤ᠂ ᠤᠭ ᠰᠠᠨᠠᠭ᠎ᠠ᠎ᠪᠠᠨ ᠦᠢᠯᠡᠳᠦᠯᠭᠡᠵᠢᠭᠦᠯᠬᠦ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ᠂ ᠦᠷᠡᠭ᠌ᠳᠡᠯ ᠰᠦᠢᠳᠦᠯ᠎ᠠᠴᠠ ᠠᠶᠤᠬᠤ ᠦᠭᠡᠢ᠂ ᠡᠷᠡᠯᠬᠡᠭ ᠪᠠᠭᠠᠲᠤᠷᠯᠢᠭ᠎ᠢᠶᠠᠷ ᠲᠡᠮᠡᠴᠡᠬᠦ᠂ ᠨᠠᠮ᠎ᠳᠠᠭᠠᠨ ᠦᠨᠡᠨᠴᠢ ᠱᠢᠳᠤᠷᠭᠤ᠂ ᠠᠷᠠᠳ ᠲᠦᠮᠡᠨ᠎ᠳᠡᠭᠡᠨ ᠣᠰᠣᠯᠳᠠᠬᠤ ᠦᠭᠡᠢ ᠨᠠᠮ ᠪᠠᠢᠭᠤᠯᠬᠤ ᠠᠭᠤᠤ ᠶᠡᠭᠡ ᠵᠣᠷᠢᠭ ᠰᠠᠨᠠᠭ᠎ᠠ᠎ᠶ᠋ᠢ ᠪᠦᠷᠢᠯᠳᠦᠭᠦᠯᠪᠡ᠂ ᠡᠨᠡ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠣᠷᠢᠭ ᠰᠠᠨᠠᠭᠠᠨ᠎ᠤ ᠡᠬᠢ ᠰᠤᠷᠪᠤᠯᠵᠢ ᠮᠥᠨ》 ᠭᠡᠵᠦ᠍ ᠵᠢᠭᠠᠵᠤ ᠭᠠᠷᠭᠠᠪᠠ᠃ ᠭᠡᠭᠦ᠎ᠳᠡᠭᠡᠨ ᠦᠶᠡᠷ᠎ᠲᠠᠢ ᠲᠡᠮᠡᠴᠡᠬᠦ᠌ ᠵᠣᠷᠢᠭ ᠰᠠᠨᠠᠭᠠᠨ᠎ᠤ ᠭᠤᠣᠯ ᠴᠢᠮᠥᠭᠡ᠎ᠶ᠋ᠢᠨ ᠨᠢᠭᠡ᠎ᠨᠢ ᠪᠣᠯ ᠳᠠᠷᠤᠢ ᠡᠭᠦᠷᠭᠡ ᠬᠠᠷᠢᠭᠤᠴᠠᠯᠭ᠎ᠠ ᠡᠭᠦᠷᠭᠡᠯᠡᠬᠦ᠌ ᠶᠠᠪᠤᠳᠠᠯ ᠪᠣᠯᠤᠨ᠎ᠠ᠃

ᠭᠠᠮᠱᠢᠭ᠎ᠲᠠᠢ ᠳᠡᠮᠡᠴᠡᠵᠥ᠍᠂ ᠬᠦᠴᠢᠷ ᠪᠡᠷᠬᠡᠱᠢᠶᠡᠯ᠎ᠢ ᠢᠯᠠᠨ ᠳᠠᠪᠠᠭ᠍ᠤ ᠳᠤᠮᠳᠠ ᠪᠦᠬᠦ᠌ ᠤᠯᠤᠰ᠎ᠤᠨ ᠠᠷᠠᠳ ᠲᠦᠮᠡᠨ ᠭᠠᠷ ᠬᠤᠯᠪᠣᠯᠴᠠᠨ ᠤᠷᠤᠭ᠍ᠰᠢᠯᠠᠬᠤ᠎ᠨᠢ ᠳᠠᠷᠤᠢ ᠡᠨᠡ ᠤᠯᠤᠰ ᠡᠨᠡ ᠦᠨᠳᠦᠰᠦᠲᠡᠨ᠎ᠤ ᠬᠠᠮᠤᠭ᠎ᠤᠨ ᠪᠠᠲᠤ ᠪᠠᠬᠢ ᠪᠤᠯᠤᠳ ᠬᠡᠷᠡᠮ ᠳᠡᠮᠤᠷ ᠬᠠᠨ᠎ᠠ ᠪᠣᠯᠬᠤ᠎ᠨᠢ ᠳᠠᠮᠵᠢᠭ ᠦᠭᠡᠢ ᠶᠤᠮ! ᠪᠢᠳᠡ ᠰᠡᠳᠭᠢᠯ ᠨᠢᠭᠡᠳᠦᠨ ᠬᠦᠴᠦ᠎ᠪᠠᠨ ᠬᠠᠮᠲᠤᠳᠭᠠᠵᠥ᠍ ᠤᠯᠠᠨ᠎ᠢᠶᠠᠷ᠎ᠢᠶᠠᠨ ᠳᠡᠮᠤᠷ ᠬᠡᠷᠡᠮ᠎ᠢ ᠴᠤᠬ᠍ᠴᠠᠯᠠᠳᠠᠭ ᠯᠠ ᠶᠤᠮ ᠪᠣᠯ ᠳᠠᠪᠠᠵᠤ ᠴᠢᠳᠠᠰᠢ ᠦᠭᠡᠢ ᠬᠦᠴᠢᠷ ᠪᠡᠷᠬᠡᠱᠢᠶᠡᠯ ᠭᠡᠵᠦ᠍ ᠦᠭᠡᠢ᠂ ᠲᠤᠭᠤᠯᠵᠤ ᠴᠢᠳᠠᠰᠢ ᠦᠭᠡᠢ ᠭᠠᠢ ᠭᠠᠮᠱᠢᠭ ᠭᠡᠵᠦ᠍ ᠦᠭᠡᠢ ᠶᠤᠮ᠃

ᠦᠶᠡᠷ᠎ᠢ ᠰᠡᠷᠭᠡᠢᠯᠡᠵᠦ᠍ ᠦᠶᠡᠷ᠎ᠲᠠᠢ ᠲᠡᠮᠡᠴᠡᠬᠦ᠌᠎ᠨᠢ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠲᠤ ᠠᠪᠴᠤ᠌ ᠬᠡᠯᠡᠪᠡᠯ᠂ ᠪᠠᠰᠠ ᠴᠤ᠌ ᠨᠢᠬᠡᠨ ᠤᠳᠠᠭᠠᠨ᠎ᠤ ᠬᠠᠳᠠᠭᠤ ᠱᠢᠯᠭᠠᠯᠲᠠ ᠪᠣᠯᠤᠨ᠎ᠠ᠃ ᠠᠷᠠᠳ ᠲᠦᠮᠡᠨ᠎ᠤ ᠲᠥᠯᠥᠭᠡ ᠱᠢᠯᠭᠠᠯᠳᠠ᠎ᠳᠤ ᠤᠷᠤᠯᠴᠠᠵᠤ᠂ ᠠᠷᠠᠳ ᠲᠦᠮᠡᠨ᠎ᠳᠤ ᠲᠤᠱᠢᠶᠠᠭ᠍ᠰᠠᠨ ᠱᠢᠯᠭᠠᠯᠲᠠ᠎ᠶ᠋ᠢᠨ ᠬᠠᠭᠤᠳᠠᠰᠤ᠎ᠨᠢ ᠬᠢᠷᠢ ᠲᠡᠩᠴᠡᠬᠦ᠌ ᠡᠰᠡᠬᠦ᠌ ᠴᠢᠨᠠᠭ᠍ᠰᠢᠯᠠᠪᠠᠯ ᠱᠢᠯᠢᠳᠡᠭ ᠪᠠᠢᠬᠤ᠎ᠨᠢ ᠲᠦᠢᠯ᠎ᠤᠨ ᠴᠢᠬᠤᠯᠠ ᠶᠤᠮ᠃ ᠱᠢᠨᠵᠢᠯᠡᠬᠦ᠌ ᠤᠬᠠᠭᠠᠨᠴᠢ ᠵᠣᠷᠢᠭ ᠰᠠᠨᠠᠭ᠎ᠠ᠂ ᠦᠨᠡᠨ᠎ᠢ ᠪᠠᠷᠢᠮᠲᠠᠯᠠᠬᠤ ᠰᠤᠷᠲᠠᠯ᠂ ᠲᠥᠪ ᠴᠢᠩᠭ᠎ᠠ ᠣᠪᠣᠷ᠂ ᠬᠥᠮᠦᠨ᠎ᠢᠶᠠᠷ ᠦᠨᠳᠦᠰᠦ ᠪᠣᠯᠭᠠᠬᠤ ᠢᠲᠡᠭᠡᠯ ᠵᠣᠷᠢᠭ᠎ᠲᠠᠢ ᠪᠤᠯᠬᠤᠷ ᠡᠪ ᠬᠠᠮᠲᠤ ᠨᠠᠮ᠎ᠤᠨ ᠭᠡᠱᠢᠭᠦᠳ ᠤᠳᠠᠭ᠎ᠠ ᠳᠠᠷᠠᠭᠠᠯᠠᠭ᠍ᠰᠠᠨ ᠦᠶᠡᠷ᠎ᠤᠨ ᠭᠠᠮᠱᠢᠭ᠎ᠤᠨ ᠬᠠᠳᠠᠭᠤ ᠱᠢᠯᠭᠠᠯᠲᠠ ᠲᠤᠯᠭᠠᠷᠠᠬᠤ ᠦᠶ᠎ᠠ᠎ᠳᠤ ᠠᠮᠵᠢᠯᠲᠠ᠎ᠲᠠᠢ ᠬᠠᠷᠢᠭᠤᠯᠲᠠ᠎ᠶ᠋ᠢᠨ ᠬᠠᠭᠤᠳᠠᠰᠦ᠎ᠶ᠋ᠢ ᠲᠤᠱᠢᠶᠠᠬ᠍ᠰᠠᠨ ᠪᠠᠢᠨ᠎ᠠ᠃ ᠡᠨᠡ ᠬᠦ᠌ ᠬᠠᠯᠠᠭᠤᠨ ᠴᠢᠰᠤ ᠣᠷᠭᠢᠯᠤᠭ᠍ᠰᠠᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠰᠡᠬᠦᠪᠠᠯ᠄ ᠨᠠᠮ᠎ᠤᠨ ᠤᠳᠤᠷᠢᠳᠤᠯᠭ᠎ᠠ ᠪᠣᠯ ᠳᠤᠮᠳᠠᠳᠤ ᠤᠯᠤᠰ ᠨᠡᠷᠡᠮᠵᠢᠲᠦ ᠲᠤᠮᠤ ᠬᠥᠯᠭᠡ ᠣᠩᠭᠤᠴᠠ᠎ᠶ᠋ᠢ ᠵᠢᠯᠣᠭᠤᠳᠤᠨ ᠳᠠᠪᠠᠯᠭᠠᠨ᠎ᠢ ᠵᠦᠰᠦᠬᠦ᠌ 《ᠵᠠᠯᠠᠭᠤᠷ》 ᠮᠥᠨ᠂ ᠲᠦᠭ ᠲᠦᠮᠡᠨ ᠨᠠᠮ᠎ᠤᠨ ᠭᠡᠱᠢᠭᠦᠨ ᠪᠣᠯ ᠬᠦᠴᠢᠷ ᠪᠡᠷᠬᠡ ᠲᠤᠯᠭᠠᠷᠠᠵᠤ ᠢᠷᠡᠬᠦ᠌ ᠦᠶ᠎ᠡ᠎ᠳᠤ ᠠᠷᠠᠳ ᠲᠦᠮᠡᠨ᠎ᠤ ᠬᠦᠴᠢᠷ ᠪᠡᠷᠬᠡᠱᠢᠶᠡᠯ ᠬᠠᠷᠰᠢ ᠰᠠᠭᠠᠳ᠎ᠠᠴᠠ ᠠᠶᠤᠬᠤ ᠦᠭᠡᠢ᠂ ᠭᠡᠷ ᠣᠷᠣᠨ᠎ᠢᠶᠠᠨ ᠬᠠᠮᠠᠭᠠᠯᠠᠬᠤ ᠭᠤᠤᠯ ᠲᠦᠱᠢᠭ ᠲᠤᠯᠭᠠᠭᠤᠷᠢ ᠮᠥᠨ᠃ ᠦᠶᠡᠷ᠎ᠲᠠᠢ ᠲᠡᠮᠡᠴᠡᠭ᠌ᠰᠡᠨ ᠭᠠᠵᠠᠷ ᠪᠤᠯᠭᠠᠨ᠎ᠳᠤ ᠪᠢᠳᠡ ᠡᠪ ᠬᠠᠮᠲᠤ ᠨᠠᠮ᠎ᠤᠨ ᠭᠡᠱᠢᠭᠦᠨ᠎ᠤ ᠨᠤᠭᠤᠷᠠᠰᠢ ᠦᠭᠡᠢ ᠲᠡᠮᠡᠴᠡᠬᠦ᠂ ᠱᠢᠨᠲᠠᠷᠠᠰᠢ ᠦᠭᠡᠢ ᠬᠠᠳᠠᠨ ᠵᠣᠷᠢᠭ ᠪᠠ ᠠᠮᠢ ᠨᠠᠰᠤ᠎ᠪᠠᠷ᠎ᠢᠶᠠᠨ ᠠᠵᠢᠯ᠎ᠤᠨ ᠪᠠᠢᠷᠢ᠎ᠪᠠᠨ ᠪᠠᠲᠤ ᠰᠠᠬᠢᠬᠤ ᠬᠠᠷᠢᠭᠤᠴᠠᠯᠭᠠᠲᠤ ᠵᠣᠷᠢᠭ ᠰᠠᠨᠠᠭ᠎ᠠ᠎ᠶ᠋ᠢ ᠣᠯᠵᠤ ᠬᠠᠷᠠᠯ᠎ᠠ᠃ ᠲᠠᠢᠱᠠᠨ ᠠᠭᠤᠯᠠ ᠮᠡᠲᠦ ᠰᠦᠨᠳᠡᠷᠯᠡᠬᠦ᠌ ᠦᠶᠡᠷ᠎ᠲᠠᠢ ᠲᠡᠮᠡᠴᠡᠬᠦ᠌ ᠵᠣᠷᠢᠭ ᠰᠠᠨᠠᠭ᠎ᠠ ᠪᠦᠬᠦ᠌ ᠤᠯᠤᠰ᠎ᠤᠨ ᠠᠷᠠᠳ ᠲᠦᠮᠡᠨ᠎ᠤ ᠬᠠᠲᠠᠭᠤ ᠪᠡᠷᠬᠡᠱᠢᠶᠡᠯ᠎ᠢ ᠬᠠᠮᠲᠤ᠎ᠪᠠᠷ ᠲᠤᠭᠤᠯᠬᠤ᠂ ᠳᠠᠪᠠᠯᠭᠠᠨ᠎ᠢ ᠵᠦᠰᠦᠨ ᠤᠷᠤᠭ᠍ᠰᠢᠯᠠᠬᠤ᠎ᠶ᠋ᠢ ᠵᠣᠷᠢᠭ᠍ᠵᠢᠭᠤᠯᠬᠤ ᠬᠡᠷᠡᠯᠳᠤ ᠴᠠᠮᠬᠠᠭ ᠪᠣᠯᠤᠭ᠍ᠰᠠᠨ ᠪᠠᠢᠨ᠎ᠠ᠃ ᠦᠶᠡᠷ᠎ᠲᠠᠢ ᠲᠡᠮᠡᠴᠡᠬᠦ᠌ ᠵᠣᠷᠢᠭ ᠰᠠᠨᠠᠭᠠᠨ᠎ᠤ ᠣᠷᠭᠢᠯᠤᠮ᠎ᠠ ᠬᠠᠯᠠᠭᠤᠨ ᠰᠡᠳᠭᠢᠯᠭᠡ᠎ᠨᠢ ᠬᠤᠷᠣᠮᠬᠠᠨ ᠵᠠᠭᠤᠷ᠎ᠠ᠎ᠶ᠋ᠢᠨ ᠬᠢᠯᠠᠰ ᠦᠵᠡᠭ᠌ᠳᠡᠯ ᠤᠬ᠍ᠳᠤ ᠪᠢᠰᠢ᠂ ᠬᠠᠷᠢᠨ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠠᠶᠠᠨ᠎ᠳᠤ ᠴᠢᠷᠮᠠᠢᠨ ᠲᠡᠮᠡᠴᠡᠭ᠌ᠰᠡᠨ ᠵᠤᠷᠢᠭ ᠰᠠᠨᠠᠭ᠎ᠠ᠎ᠶ᠋ᠢᠨ ᠲᠤᠭᠠᠨ᠎ᠤ ᠬᠤᠪᠢᠷᠠᠯᠳᠠ᠎ᠠᠴᠠ ᠴᠢᠨᠠᠷ᠎ᠤᠨ ᠬᠤᠪᠢᠷᠠᠯᠳᠠ ᠡᠭᠦᠰᠦᠭ᠌ᠰᠡᠨ ᠤᠷᠳᠤ ᠤᠳᠠᠭᠠᠨ ᠬᠤᠭᠤᠴᠠᠭᠠᠨ᠎ᠤ ᠬᠤᠷᠠᠮᠳᠤᠭᠤᠯᠭ᠎ᠠ ᠮᠥᠨ᠃

1998 ᠣᠨ᠎ᠤ ᠦᠶᠡᠷ᠎ᠲᠠᠢ ᠲᠡᠮᠡᠴᠡᠨ ᠠᠶᠤᠯ᠎ᠠᠴᠠ ᠠᠪᠤᠷᠠᠬᠤ ᠠᠵᠢᠯ ᠳᠠᠭᠤᠰᠤᠭ᠍ᠰᠠᠨ ᠴᠤ᠌ ᠦᠶᠡᠷ᠎ᠲᠠᠢ ᠲᠡᠮᠡᠴᠡᠬᠦ᠌ ᠵᠣᠷᠢᠭ ᠰᠠᠨᠠᠭ᠎ᠠ ᠮᠦᠨ ᠤᠷᠤᠱᠢᠭ᠍ᠰᠠᠭᠠᠷ ᠢᠷᠡᠵᠡᠢ᠃ ᠲᠡᠷᠡ᠎ᠨᠢ ᠨᠢᠭᠡᠨᠲᠡ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠵᠣᠷᠢᠭ ᠰᠠᠨᠠᠭᠠᠨ᠎ᠤ ᠨᠢᠭᠡᠨ ᠪᠦᠷᠢᠯᠳᠦᠬᠦᠨ ᠬᠡᠰᠡᠭ ᠪᠣᠯᠤᠭ᠍ᠰᠠᠨ ᠪᠠᠢᠨ᠎ᠠ᠃ ᠠᠭᠤᠤ ᠶᠡᠭᠡ ᠦᠢᠯᠡᠰ᠎ᠨᠢ ᠠᠭᠤᠤ ᠶᠡᠭᠡ ᠵᠣᠷᠢᠭ ᠰᠠᠨᠠᠭᠠᠨ᠎ᠤ ᠲᠤᠯᠭᠠᠭᠤᠷᠢᠯᠠᠯ ᠪᠠᠢᠬᠤ ᠬᠡᠷᠡᠭ᠌ᠳᠡᠢ᠃ ᠦᠶᠡᠷ᠎ᠲᠠᠢ ᠲᠡᠮᠡᠴᠡᠬᠦ᠌ ᠵᠣᠷᠢᠭ ᠰᠠᠨᠠᠭᠠᠨ᠎ᠤ ᠵᠣᠷᠢᠭ᠍ᠵᠢᠭᠤᠯᠤᠯ ᠳᠣᠣᠷ᠎ᠠ᠂ ᠳᠤᠮᠳᠠᠳᠤ ᠤᠯᠤᠰ᠎ᠤᠨ ᠠᠷᠠᠳ ᠲᠦᠮᠡᠨ ᠭᠠᠯ ᠬᠠᠯᠠᠭᠤᠨ ᠰᠡᠳᠭᠢᠯᠭᠡ᠎ᠪᠠᠷ ᠭᠠᠮᠱᠢᠭ᠎ᠤᠨ ᠳᠠᠷᠠᠭᠠᠬᠢ ᠲᠠᠬᠢᠨ ᠪᠦᠳᠦᠭᠡᠨ ᠪᠠᠢᠭᠤᠯᠬᠤ ᠠᠵᠢᠯ᠎ᠳᠤ ᠣᠷᠣᠯᠴᠠᠪᠠ᠃ ᠲᠡᠷᠡᠴᠢᠯᠡᠨ ᠬᠤᠢᠱᠢᠳᠠ᠎ᠶ᠋ᠢᠨ ᠤᠯᠠᠨ ᠵᠢᠯ᠎ᠤᠨ ᠪᠠᠢᠳᠠᠯ᠎ᠠᠴᠠ ᠦᠵᠡᠪᠡᠯ᠂ ᠳᠤᠮᠳᠠᠳᠤ᠎ᠶ᠋ᠢᠨ ᠦᠨᠳᠦᠰᠦᠲᠡᠨ ᠬᠦᠨᠳᠦ ᠶᠡᠭᠡ ᠬᠦᠴᠢᠷ ᠪᠡᠷᠬᠡᠱᠢᠶᠡᠯ ᠪᠠ ᠬᠠᠷᠰᠢ ᠰᠠᠭᠠᠳ᠎ᠲᠤ ᠤᠴᠠᠷᠠᠬᠤ ᠪᠦᠷᠢ᠂ ᠦᠶᠡᠷ᠎ᠲᠠᠢ ᠲᠡᠮᠡᠴᠡᠬᠦ᠌ ᠵᠣᠷᠢᠭ ᠰᠠᠨᠠᠭ᠎ᠠ᠎ᠨᠢ ᠨᠢᠭᠡᠨᠲᠡ ᠪᠢᠳᠡᠨ᠎ᠤ ᠡᠯ᠎ᠡ ᠵᠦᠢᠯ᠎ᠤᠨ ᠬᠦᠴᠢᠷ ᠪᠡᠷᠬᠡᠱᠢᠶᠡᠯ᠎ᠢ ᠢᠯᠠᠨ ᠳᠠᠪᠠᠭ᠍ᠤ᠂ ᠡᠯ᠎ᠡ ᠵᠦᠢᠯ᠎ᠤᠨ ᠬᠠᠷᠰᠢ ᠰᠠᠭᠠᠳ᠎ᠢ ᠠᠷᠢᠯᠭᠠᠬᠤ ᠴᠢᠬᠤᠯᠠ ᠤᠶᠤᠨ ᠰᠠᠨᠠᠭᠠᠨ᠎ᠤ ᠡᠬᠢ ᠪᠠᠶᠠᠯᠢᠭ ᠪᠤᠯᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠢ ᠵᠣᠷᠢᠭ᠍ᠵᠢᠭᠤᠯᠤᠨ ᠡᠯ᠎ᠡ ᠵᠦᠢᠯ᠎ᠤᠨ ᠬᠦᠴᠢᠷ ᠪᠡᠷᠬᠡᠱᠢᠶᠡᠯ ᠬᠠᠷᠰᠢ ᠰᠠᠭᠠᠳ᠎ᠢ ᠢᠯᠠᠨ ᠳᠠᠪᠠᠵᠤ᠂ ᠲᠠᠰᠤᠷᠠᠯᠳᠠ ᠦᠭᠡᠢ ᠤᠷᠤᠭ᠍ᠰᠢᠯᠠᠵᠤ ᠪᠠᠢᠨ᠎ᠠ᠃ ᠦᠶᠡᠷ᠎ᠲᠠᠢ ᠲᠡᠮᠡᠴᠡᠬᠦ᠌ ᠠᠭᠤᠤ ᠶᠡᠭᠡ ᠵᠣᠷᠢᠭ ᠰᠠᠨᠠᠭ᠎ᠠ ᠪᠣᠯ ᠳᠤᠮᠳᠠᠳᠤ᠎ᠶ᠋ᠢᠨ ᠦᠨᠳᠦᠰᠦᠲᠡᠨ᠎ᠤ ᠦᠶᠡᠷ᠎ᠲᠠᠢ ᠲᠡᠮᠡᠴᠡᠵᠦ᠍ ᠠᠶᠤᠯ᠎ᠠᠴᠠ ᠠᠪᠤᠷᠠᠵᠤ ᠭᠠᠮᠱᠢᠭ᠎ᠠᠴᠠ ᠠᠪᠤᠷᠠᠬᠤ ᠢᠯᠠᠯᠲᠠ᠎ᠶ᠋ᠢ ᠲᠡᠮᠡᠴᠡᠨ ᠤᠯᠬᠤ᠎ᠶ᠋ᠢᠨ ᠴᠢᠬᠤᠯᠠ ᠡᠷᠳᠡᠨᠢ ᠮᠥᠨ᠂ ᠪᠠᠰᠠ ᠴᠤ᠌ ᠳᠤᠮᠳᠠᠳᠤ ᠤᠯᠤᠰ᠎ᠤᠨ ᠠᠷᠠᠳ ᠲᠦᠮᠡᠨ᠎ᠤ ᠪᠠᠲᠤ ᠴᠢᠩᠭ᠎ᠠ ᠵᠣᠷᠢᠭ ᠰᠠᠨᠠᠭ᠎ᠠ ᠪᠠ ᠵᠠᠪᠠᠯ ᠢᠯᠠᠬᠤ ᠢᠲᠡᠭᠡᠯ ᠵᠣᠷᠢᠭ᠎ᠤᠨ ᠲᠥᠪᠯᠡᠷᠡᠩᠭᠦᠢ ᠢᠯᠡᠷᠡᠯ ᠮᠥᠨ᠂ ᠨᠡᠩ ᠴᠤ᠌ ᠳᠤᠮᠳᠠᠳᠤ ᠤᠯᠤᠰ᠎ᠤᠨ ᠨᠡᠩ ᠰᠠᠢᠨ ᠨᠡᠩ ᠲᠦᠷᠭᠡᠨ ᠬᠥᠭ᠌ᠵᠢᠯᠲᠡ᠎ᠶ᠋ᠢ ᠠᠬᠢᠭᠤᠯᠬᠤ ᠬᠦᠴᠦᠨ ᠴᠢᠳᠠᠯ᠎ᠤᠨ ᠡᠬᠢ ᠪᠤᠯᠠᠭ ᠮᠦᠨ᠃

2021 ᠣᠨ᠎ᠤ 7 ᠰᠠᠷ᠎ᠠ᠎ᠶ᠋ᠢᠨ 1 ᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ᠎ᠶ᠋ᠢᠨ ᠫᠢᠩ 《ᠵᠠᠭᠤᠨ ᠵᠢᠯ᠎ᠤᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ ᠨᠠᠮ ᠪᠠᠢᠭᠤᠯᠬᠤ ᠠᠭᠤᠤ ᠶᠡᠭᠡ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠤᠷᠳᠤ ᠬᠤᠭᠤᠴᠠᠭᠠᠨ᠎ᠤ ᠲᠡᠮᠡᠴᠡᠯ᠎ᠤᠨ ᠳᠤᠮᠳᠠ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠶᠤᠨ ᠰᠠᠨᠠᠭᠠᠨ᠎ᠤ ᠴᠠᠳᠢᠭ᠎ᠢ ᠪᠦᠷᠢᠯᠳᠦᠭᠦᠯᠵᠤ᠂ ᠢᠯᠡ ᠲᠣᠳᠣ ᠤᠯᠤᠰ ᠲᠦᠷᠦ᠎ᠶ᠋ᠢᠨ ᠬᠡᠪ ᠴᠢᠨᠠᠷ᠎ᠢ ᠳᠠᠪᠲᠠᠨ ᠪᠣᠯᠪᠠᠰᠤᠷᠠᠭᠤᠯᠪᠠ᠃ ᠲᠡᠦᠬᠡ᠎ᠶ᠋ᠢᠨ ᠤᠷᠤᠰᠭᠠᠯ ᠲᠠᠰᠤᠷᠠᠰᠢ ᠦᠭᠡᠢ᠂ ᠵᠣᠷᠢᠭ ᠰᠠᠨᠠᠭ᠎ᠠ ᠦᠶ᠎ᠡ᠎ᠶ᠋ᠢᠨ ᠦᠶ᠎ᠡ᠎ᠳᠤ ᠤᠯᠠᠮᠵᠢᠯᠠᠭ᠍ᠳᠠᠨ᠎ᠠ᠃ ᠪᠢᠳᠡ ᠢᠷᠠᠭᠤ ᠠᠯᠳᠠᠷᠲᠤ ᠤᠯᠠᠮᠵᠢᠯᠠᠯ᠎ᠢᠶᠠᠨ ᠦᠷᠭᠦᠯᠵᠢᠯᠡᠨ ᠪᠠᠳᠠᠷᠠᠭᠤᠯᠵᠤ᠂ ᠬᠤᠪᠢᠰᠭᠠᠯ᠎ᠤᠨ ᠤᠯᠠᠮᠵᠢᠯᠠᠯ᠎ᠢ ᠦᠷᠭᠦᠯᠵᠢᠯᠡᠨ ᠵᠠᠯᠭᠠᠮᠵᠢᠯᠠᠵᠤ᠂ ᠨᠠᠮ ᠪᠠᠢᠭᠤᠯᠬᠤ ᠠᠭᠤᠤ ᠶᠡᠭᠡ ᠵᠣᠷᠢᠭ ᠰᠠᠨᠠᠭ᠎ᠠ᠎ᠶ᠋ᠢ ᠡᠭᠦᠷᠢᠳᠡ ᠵᠠᠯᠭᠠᠮᠵᠢᠯᠠᠵᠤ ᠪᠠᠳᠠᠷᠠᠭᠤᠯᠤᠨ ᠳᠡᠯᠭᠡᠷᠡᠭᠦᠯᠬᠦ᠌ ᠬᠡᠷᠡᠭ᠌ᠲᠡᠢ!》 ᠬᠡᠵᠤ ᠵᠢᠭᠠᠵᠤ ᠭᠠᠷᠭᠠᠵᠠᠢ᠃

ᠦᠶᠡᠷ᠎ᠲᠠᠢ ᠲᠡᠮᠡᠴᠡᠬᠦ᠌ ᠠᠭᠤᠤ ᠶᠡᠭᠡ ᠵᠣᠷᠢᠭ ᠰᠠᠨᠠᠭ᠎ᠠ᠎ᠶ᠋ᠢ ᠤᠯᠠᠮᠵᠢᠯᠠᠨ ᠪᠠᠳᠠᠷᠠᠭᠤᠯᠬᠤ᠎ᠳᠤ ᠪᠢᠳᠡᠨ᠎ᠤ ᠬᠠᠷᠢᠭᠤᠴᠠᠯᠭᠠᠲᠤ ᠤᠬᠠᠮᠰᠠᠷ᠂ ᠬᠠᠷᠠᠮ ᠦᠭᠡᠢ ᠵᠣᠷᠢᠭᠤᠯᠬᠤ ᠤᠬᠠᠮᠰᠠᠷ᠎ᠢᠶᠠᠨ ᠨᠡᠩ ᠴᠢᠩᠭᠠᠳᠭᠠᠵᠤ᠂ ᠬᠦᠴᠢᠷ ᠪᠡᠷᠬᠡᠱᠢᠶᠡᠯ᠎ᠢ ᠢᠯᠠᠨ ᠳᠠᠪᠠᠭ᠍ᠤ᠎ᠶ᠋ᠢ ᠱᠠᠭᠠᠷᠳᠠᠵᠤ ᠪᠠᠢᠨ᠎ᠠ᠃ ᠴᠢᠨᠠᠷ ᠰᠠᠢᠲᠠᠢ ᠬᠥᠭ᠌ᠵᠢᠯᠲᠡ᠎ᠶ᠋ᠢᠨ ᠠᠶᠠᠨ᠎ᠳᠤ᠂ ᠪᠢᠳᠠ ᠦᠶᠡᠷ᠎ᠲᠠᠢ ᠲᠡᠮᠡᠴᠡᠬᠦ᠌ ᠠᠭᠤᠤ ᠶᠡᠭᠡ ᠵᠣᠷᠢᠭ ᠰᠠᠨᠠᠭ᠎ᠠ᠎ᠶ᠋ᠢ ᠶᠡᠭᠡ᠎ᠪᠠᠷ ᠪᠠᠳᠠᠷᠠᠭᠤᠯᠬᠤ᠎ᠶ᠋ᠢᠨ ᠬᠠᠮᠲᠤ ᠡᠨᠡ ᠬᠦ᠌ ᠵᠣᠷᠢᠭ ᠰᠠᠨᠠᠭ᠎ᠠ᠎ᠶ᠋ᠢ ᠠᠵᠢᠯᠯᠠᠭ᠎ᠠ ᠳᠡᠭᠡᠷ᠎ᠡ᠎ᠪᠠᠨ ᠢᠯᠡᠷᠡᠭᠦᠯᠵᠦ᠍᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠵᠦ᠍᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠬᠡᠷᠡᠭ᠌ᠵᠢᠭᠦᠯᠬᠦ᠌ ᠬᠦᠴᠦᠨ᠂ ᠨᠠᠢᠳᠠᠪᠤᠷᠢᠵᠢᠭᠤᠯᠬᠤ ᠬᠦᠴᠦᠨ᠎ᠢᠶᠠᠨ ᠲᠠᠰᠤᠷᠠᠯᠳᠠ ᠦᠭᠡᠢ ᠴᠢᠩᠭᠠᠳᠭᠠᠵᠤ᠂ ᠡᠯ᠎ᠡ ᠵᠦᠢᠯ᠎ᠤᠨ ᠠᠵᠢᠯ᠎ᠢᠶᠠᠨ ᠨᠠᠷᠢᠨ ᠬᠢᠨᠠᠮᠠᠭᠠᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠨᠡᠩ ᠥᠨᠳᠥᠷ ᠭᠠᠷᠤᠭ᠎ᠠ᠎ᠠᠴᠠ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭ᠌ᠵᠢᠯᠲᠡ᠎ᠶ᠋ᠢᠨ ᠱᠢᠨ᠎ᠡ ᠳᠠᠪᠠᠯᠲᠠ᠎ᠶ᠋ᠢ ᠪᠡᠶᠡᠯᠡᠭᠦᠯᠦᠶ᠎ᠠ᠃

(ᠥᠪᠥᠷ ᠮᠣᠩᠭᠤᠯ᠎ᠤᠨ ᠨᠡᠢᠭᠡᠮ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠲᠡᠦᠬᠡ ᠰᠤᠳᠤᠯᠬᠤ ᠭᠠᠵᠠᠷ᠎ᠤᠨ ᠳᠡᠳ᠋ ᠰᠤᠳᠤᠯᠤᠭ᠍ᠴᠢ)


QQ截图20210910102241.jpg



ᠪᠦᠯᠬᠦᠮᠳᠡᠯ᠎ᠤᠨ ᠬᠦᠴᠦᠨ ᠠᠯᠢᠪᠠ ᠬᠦᠴᠢᠷ ᠪᠡᠷᠬᠡ᠎ᠶ᠋ᠢ ᠢᠯᠠᠵᠤ ᠴᠢᠳᠠᠨ᠎ᠠ

     ᠲᠤᠰ ᠰᠣᠨᠢᠨ᠎ᠤ ᠰᠤᠷᠪᠤᠯᠵᠢᠯᠠᠭ᠍ᠴᠢ ᠭᠦᠸᠧ ᠯᠢ ᠨᠠ  ᠪᠦᠦ ᠱᠢᠶᠤᠤ ᠲᠢᠩ

《ᠦᠶᠡᠷ᠎ᠲᠠᠢ ᠲᠡᠮᠡᠴᠡᠬᠦ᠌ ᠵᠣᠷᠢᠭ ᠰᠠᠨᠠᠭ᠎ᠠ ᠪᠢᠳᠡᠨ᠎ᠤ ᠬᠥᠮᠦᠨ ᠨᠢᠭᠡ ᠪᠦᠷᠢ᠎ᠶ᠋ᠢ ᠭᠦᠨᠵᠡᠬᠡᠢ ᠨᠥᠯᠥᠭᠡᠯᠡᠵᠦ᠍᠂ ᠪᠢᠳᠡᠨ᠎ᠳᠤ ᠨᠤᠭᠤᠷᠠᠰᠢ ᠥᠬᠡᠶ ᠲᠡᠮᠡᠴᠡᠵᠤ᠂ ᠵᠣᠷᠢᠭ᠍ᠲᠠᠶ᠎ᠪᠠᠷ ᠢᠯᠠᠯᠲᠠ ᠤᠯᠬᠤ ᠵᠣᠷᠢᠭ ᠰᠠᠨᠠᠭᠠᠨ᠎ᠤ ᠬᠦᠴᠦᠨ ᠴᠢᠳᠠᠯ᠎ᠢ ᠣᠯᠭᠤᠵᠤ᠂ ᠰᠡᠳᠭᠢᠯ ᠨᠢᠭᠡᠳᠦᠨ ᠬᠦᠴᠦ᠎ᠪᠠᠨ ᠬᠠᠮᠲᠤᠳᠭᠠᠵᠤ᠂ ᠬᠦᠴᠢᠷ᠎ᠠᠴᠠ ᠠᠶᠤᠬᠤ ᠥᠬᠡᠶ᠂ ᠶᠠᠳᠠᠷᠠᠯ ᠵᠦᠳᠡᠷᠡᠯ᠎ᠠᠴᠠ ᠠᠶᠤᠬᠤ ᠥᠬᠡᠶ᠂ ᠤᠴᠢᠷ ᠶᠠᠪᠤᠳᠠᠯ ᠲᠤᠯᠭᠠᠷᠠᠪᠠᠯ ᠡᠭᠦᠷᠭᠡᠯᠡᠯ᠎ᠲᠠᠢ᠂ ᠬᠦᠴᠢᠷ ᠪᠡᠷᠬᠡᠱᠢᠶᠡᠯ ᠲᠤᠯᠭᠠᠷᠠᠪᠠᠯ ᠵᠣᠷᠢᠭ᠍ᠲᠠᠶ ᠲᠡᠮᠡᠴᠡᠬᠦ᠌ ᠬᠡᠷᠡᠭ᠌ᠲᠡᠶ ᠭᠡᠵᠤ ᠴᠠᠭ ᠢᠮᠠᠬ᠍ᠳᠠ ᠵᠤᠷᠢᠬ᠍ᠵᠢᠭᠤᠯᠵᠤ ᠪᠠᠢᠨ᠎ᠡ》 ᠬᠡᠵᠤ ᠲᠦᠩᠯᠢᠶᠣᠤ ᠬᠤᠳᠠ᠎ᠶ᠋ᠢᠨ ᠨᠠᠢ᠍ᠮᠠᠨ ᠬᠤᠱᠢᠭᠤᠨ᠎ᠤ ᠴᠢᠩ ᠯᠦᠩ ᠱᠠᠨ ᠴᠠᠬᠢᠯᠭᠠᠨ ᠬᠠᠩᠭᠠᠬᠤ ᠭᠠᠵᠠᠷ᠎ᠤᠨ ᠳᠠᠷᠤᠭ᠎ᠠ ᠪᠠᠢ ᠶᠦᠩ ᠹᠦ᠋ ᠰᠡᠳᠭᠢᠯ ᠳᠣᠭ᠍ᠳᠣᠯᠤᠨ ᠬᠡᠯᠠᠨ᠎ᠡ᠃ ᠴᠡᠷᠢᠭ᠎ᠤᠨ ᠠᠯᠪᠠ᠎ᠠᠴᠠ ᠬᠠᠯᠠᠭ᠍ᠳᠠᠭ᠍ᠰᠠᠨ ᠪᠠᠶ ᠶᠦᠩ ᠹᠦ᠋ ᠴᠠᠬᠢᠯᠭᠠᠨ ᠬᠦᠴᠦᠨ᠎ᠤ ᠠᠵᠢᠯ᠎ᠤᠨ ᠪᠠᠢᠷᠢ ᠲᠡᠭᠡᠷ᠎ᠡ 30 ᠵᠢᠯ ᠠᠵᠢᠯᠯᠠᠪᠠ᠃ ᠣᠯᠠᠨ ᠵᠢᠯ᠎ᠤᠨ ᠲᠤᠷᠰᠢ ᠲᠡᠷᠡ ᠶᠡᠭᠡ ᠪᠠᠭ᠎ᠠ ᠭᠠᠮᠱᠢᠭ᠎ᠢ ᠡᠰᠡᠷᠭᠦᠴᠡᠵᠦ᠍ ᠴᠠᠬᠢᠯᠭᠠᠨ ᠬᠠᠩᠭᠠᠯᠭ᠎ᠠ᠎ᠶ᠋ᠢ ᠪᠠᠲᠤᠯᠠᠬᠤ ᠠᠵᠢᠯ᠎ᠳᠤ ᠵᠠᠭᠤ ᠭᠠᠷᠤᠢ ᠤᠳᠠᠭ᠎ᠠ ᠣᠷᠣᠯᠴᠠᠵᠡᠶ᠃ ᠲᠡᠭᠦᠨ᠎ᠤ ᠰᠡᠳᠭᠢᠯ᠎ᠳᠤ᠂ ᠦᠶᠡᠷ᠎ᠲᠠᠢ ᠲᠡᠮᠡᠴᠡᠬᠦ᠌ ᠵᠣᠷᠢᠭ ᠰᠠᠨᠠᠭ᠎ᠠ ᠪᠣᠯ ᠠᠯᠢᠪᠠ ᠬᠦᠴᠢᠷ ᠪᠡᠷᠬᠡᠱᠢᠶᠡᠯ᠎ᠢ ᠢᠯᠠᠨ ᠳᠠᠪᠠᠭ᠍ᠤ ᠬᠦᠴᠦᠨ ᠴᠢᠳᠠᠯ᠎ᠤᠨ ᠡᠬᠢ ᠪᠤᠯᠠᠭ ᠮᠥᠨ᠃

2017 ᠣᠨ᠎ᠤ 8 ᠰᠠᠷ᠎ᠠ᠎ᠳᠤ᠂ ᠲᠦᠩᠯᠢᠶᠣᠤ ᠬᠤᠲᠠ᠎ᠶ᠋ᠢᠨ ᠨᠠᠢ᠍ᠮᠠᠨ ᠬᠤᠱᠢᠭᠤᠨ᠎ᠤ ᠴᠢᠩ ᠯᠦᠩ ᠱᠠᠨ ᠪᠠᠯᠭᠠᠰᠤᠨ᠎ᠳᠤ ᠣᠨᠴᠠ ᠶᠡᠭᠡ ᠦᠶᠡᠷ ᠪᠠᠭᠤᠪᠠ᠂ 9000 ᠭᠠᠷᠤᠶ ᠰᠠᠭᠤᠭᠠᠯᠢ ᠠᠷᠠᠳ᠎ᠤᠨ ᠴᠠᠬᠢᠯᠭᠠᠨ ᠬᠡᠷᠡᠭ᠌ᠯᠡᠬᠦ᠌᠎ᠶ᠋ᠢ ᠪᠠᠲᠤᠯᠠᠬᠤ᠎ᠶ᠋ᠢᠨ ᠲᠥᠯᠥᠭᠡ᠂ ᠪᠠᠶ ᠶᠦᠩ ᠹᠦ᠋ ᠬᠠᠮᠲᠤ ᠠᠵᠢᠯᠯᠠᠭ᠍ᠰᠠᠳ᠎ᠲᠠᠢ᠎ᠪᠠᠨ ᠨᠢᠭᠡ ᠭᠠᠷᠠᠭ᠎ᠤᠨ ᠲᠤᠷᠰᠢ ᠡᠳᠦᠷ ᠪᠦᠷᠢ ᠠᠷᠪᠠᠨ ᠬᠡᠳᠦᠨ ᠴᠠᠭ ᠠᠵᠢᠯᠯᠠᠪᠠ᠃ 2020 ᠣᠨ᠎ᠤ 11 ᠰᠠᠷ᠎ᠠ᠎ᠳᠤ᠂ ᠨᠠᠢ᠍ᠮᠠᠨ ᠬᠤᠱᠢᠭᠤᠨ᠎ᠳᠤ ᠶᠡᠭᠡ ᠴᠠᠰᠤ ᠣᠷᠣᠵᠤ᠂ ᠴᠢᠩ ᠯᠦᠩ ᠱᠠᠨ ᠪᠠᠯᠭᠠᠰᠤ ᠭᠤᠤᠯ ᠭᠠᠮᠱᠢᠭ᠍ᠳᠠᠭ᠍ᠰᠠᠨ ᠣᠷᠣᠨ ᠪᠤᠯᠵᠤ᠂ ᠵᠠᠮ ᠲᠡᠭᠡᠷ᠎ᠡ ᠲᠡᠷᠭᠡ ᠤᠨᠤᠭ᠎ᠠ ᠨᠡᠪᠳᠡᠷᠡᠵᠤ ᠳᠡᠢᠯᠬᠦ᠌ ᠦᠭᠡᠢ ᠪᠣᠯᠤᠭ᠍ᠰᠠᠨ᠎ᠳᠤ ᠲᠡᠳᠡ ᠶᠠᠪᠠᠭᠠᠨ᠎ᠢᠶᠠᠷ ᠲᠣᠭᠤᠷᠢᠨ ᠪᠠᠢᠴᠠᠭᠠᠵᠤ ᠤᠯᠠᠨ ᠲᠦᠮᠡᠨ᠎ᠤ ᠴᠠᠬᠢᠯᠭᠠᠨ ᠬᠡᠷᠡᠭ᠌ᠯᠡᠬᠦ᠌ ᠰᠠᠭᠠᠳ᠎ᠢ ᠠᠷᠢᠯᠭᠠᠪᠠ ᠁

ᠪᠠᠢ ᠶᠦᠩ ᠹᠦ᠍᠄ 《ᠶᠠᠮᠠᠷ ᠶᠡᠭᠡ ᠣᠨᠴᠠᠭᠠᠢ ᠴᠠᠭ ᠠᠭᠤᠷ ᠲᠤᠬᠢᠶᠠᠯᠳᠤᠵᠤ᠂ ᠬᠡᠳᠦᠢ ᠶᠡᠭᠡ ᠬᠦᠴᠢᠷ ᠪᠡᠷᠬᠡᠱᠢᠶᠡᠯ ᠠᠶᠤᠯ ᠲᠦᠭ᠌ᠰᠢᠭᠦᠷᠢ᠎ᠳᠤ ᠲᠤᠯᠭᠠᠷᠠᠭ᠍ᠰᠠᠨ ᠴᠤ᠌᠂ ᠴᠠᠬᠢᠯᠭᠠᠨ ᠬᠦᠴᠦᠨ᠎ᠤ ᠬᠥᠮᠦᠨ ᠪᠣᠯᠤᠭ᠍ᠰᠠᠨ᠎ᠤ ᠬᠤᠪᠢ᠎ᠳᠤ᠂ ᠪᠢᠳᠡ ᠡᠷᠬᠡᠪᠰᠢ ᠬᠦᠴᠢᠷ᠎ᠢ ᠰᠦᠷᠦᠨ ᠤᠷᠤᠭ᠍ᠰᠢᠯᠠᠬᠤ ᠬᠡᠷᠡᠭ᠌ᠲᠡᠢ᠃ ᠤᠴᠢᠷ᠎ᠨᠢ ᠪᠢᠳᠡᠨ ᠲᠦᠭ ᠲᠦᠮᠡᠨ ᠠᠢᠯ ᠡᠷᠦᠬᠡ᠎ᠶ᠋ᠢᠨ ᠭᠡᠷᠡᠯᠳᠦᠬᠦᠯᠭᠡ᠎ᠶ᠋ᠢ ᠬᠠᠮᠠᠭᠠᠯᠠᠬᠤ ᠬᠡᠷᠡᠭ᠌ᠲᠡᠶ᠃ ᠦᠶᠡᠷ᠎ᠲᠠᠢ ᠲᠡᠮᠡᠴᠡᠬᠦ᠌ ᠵᠣᠷᠢᠭ ᠰᠠᠨᠠᠭ᠎ᠠ ᠪᠣᠯ ᠪᠢᠳᠡᠨ᠎ᠤ ᠠᠯᠢᠪᠠ ᠬᠦᠴᠢᠷ ᠪᠡᠷᠬᠡᠱᠢᠶᠡᠯ ᠬᠠᠷᠰᠢ ᠰᠠᠭᠠᠳ᠎ᠢ ᠢᠯᠠᠨ ᠳᠠᠪᠠᠭ᠍ᠤ ᠵᠣᠷᠢᠭ ᠰᠠᠨᠠᠭᠠᠨ᠎ᠤ ᠬᠥᠳᠡᠯᠭᠡᠬᠦ᠌ ᠬᠦᠴᠦᠨ ᠮᠥᠨ᠃ ᠪᠢᠳᠡ ᠪᠣᠳᠠᠲᠤ ᠠᠵᠢᠯᠯᠠᠭ᠎ᠠ᠎ᠪᠠᠷ᠎ᠢᠶᠠᠨ ᠠᠷᠠᠳ ᠲᠦᠮᠡᠨ᠎ᠤ ᠴᠠᠬᠢᠯᠭᠠᠨ ᠬᠦᠴᠦᠨ᠎ᠤ ᠦᠢᠯᠡᠰ᠎ᠤᠨ ᠠᠷᠠᠳ ᠲᠦᠮᠡᠨ᠎ᠳᠤ ᠦᠢᠯᠡᠴᠢᠯᠡᠬᠦ᠌ ᠵᠣᠷᠢᠯᠲᠠ᠎ᠶ᠋ᠢ ᠦᠢᠯᠡᠳᠦᠯᠭᠡᠵᠢᠭᠦᠯᠵᠦ᠍᠂ ᠠᠷᠠᠳ ᠲᠦᠮᠡᠨ᠎ᠳᠤ ᠰᠠᠢᠲᠤᠷ ᠦᠢᠯᠡᠴᠢᠯᠡᠨ᠎ᠠ》 ᠭᠡᠪᠡ᠃


ᠦᠨᠳᠦᠰᠦᠨ ᠱᠠᠳᠤᠨ᠎ᠤ ᠲᠠᠭᠤᠨ

ᠬᠡᠳᠦᠶ ᠬᠦᠴᠢᠷ ᠪᠡᠷᠬᠡᠱᠢᠶᠡᠯ᠎ᠲᠠᠢ ᠪᠣᠯ ᠲᠡᠳᠦᠶ ᠡᠷᠡᠮᠡᠭᠡᠢᠯᠡᠨ ᠤᠷᠤᠭ᠍ᠰᠢᠯᠠᠨ᠎ᠠ

     ᠲᠤᠰ ᠰᠣᠨᠢᠨ᠎ᠤ ᠰᠤᠷᠪᠤᠯᠵᠢᠯᠠᠭ᠍ᠴᠢ ᠭᠦᠸᠧ ᠯᠢ ᠨᠠ  ᠪᠦᠦ ᠱᠢᠶᠤᠤ ᠲᠢᠩ


ᠸᠠᠩ ᠪᠦᠦ ᠯᠢᠶᠠᠩ ᠪᠤᠯ ᠥᠪᠥᠷ ᠮᠣᠩᠭᠤᠯ᠎ᠤᠨ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠱᠢᠭᠤᠳ ᠬᠠᠷᠢᠶ᠎ᠠ ᠤᠮᠠᠷᠠᠲᠤ ᠬᠢᠯᠢ᠎ᠶ᠋ᠢᠨ ᠪᠠᠴᠢᠮ ᠪᠠᠢᠳᠠᠯ᠎ᠢ ᠠᠷᠭᠠᠴᠠᠭᠠᠬᠤ ᠪᠠᠲᠤᠯᠠᠭ᠎ᠠ᠎ᠶ᠋ᠢᠨ ᠰᠠᠢᠨ ᠳᠤᠷᠠᠴᠤᠳ᠎ᠤᠨ ᠦᠢᠯᠡᠴᠢᠯᠡᠭᠡᠨ᠎ᠤ ᠠᠩᠭᠢ᠎ᠶ᠋ᠢᠨ ᠳᠠᠷᠤᠭ᠎ᠠ ᠪᠤᠯᠤᠨ᠎ᠠ᠂ ᠲᠡᠷᠡ ᠭᠠᠷ ᠤᠲᠠᠰᠤ᠎ᠪᠠᠨ 24 ᠴᠠᠭ ᠬᠠᠭᠠᠳᠠᠭ ᠥᠬᠡᠶ᠂ ᠲᠤᠰᠠᠯᠠᠮᠵᠢ ᠭᠤᠶᠤᠴᠢᠯᠠᠬᠤ ᠤᠲᠠᠰᠤ ᠢᠷᠡᠬᠦ᠌ ᠪᠦᠷᠢ ᠳᠠᠷᠤᠶ ᠲᠦᠷᠭᠡᠨ ᠭᠡᠱᠢᠭᠦᠳ᠎ᠢᠶᠠᠨ ᠴᠤᠭ᠍ᠯᠠᠭᠤᠯᠵᠤ ᠠᠪᠤᠷᠠᠨ ᠲᠤᠰᠠᠯᠠᠬᠤ᠎ᠪᠠᠷ ᠮᠤᠷᠳᠠᠳᠠᠭ᠃ 

ᠸᠠᠩ ᠪᠦᠦ ᠯᠢᠶᠠᠩ 13 ᠵᠢᠯ᠎ᠤᠨ ᠲᠤᠷᠰᠢ ᠰᠠᠢᠨ ᠳᠤᠷᠠᠴᠤᠳ᠎ᠤᠨ ᠦᠢᠯᠡᠴᠢᠯᠡᠭᠡ᠎ᠪᠠᠨ ᠪᠠᠷᠢᠮᠲᠠᠯᠠᠵᠤ᠂ ᠲᠡᠭᠦᠨ᠎ᠤ ᠰᠡᠳᠭᠢᠯ᠎ᠳᠤ ᠠᠪᠤᠷᠠᠨ ᠲᠤᠰᠠᠯᠠᠬᠤ ᠪᠣᠯ ᠳᠠᠷᠤᠢ ᠰᠡᠳᠭᠢᠯ ᠨᠢᠭᠡᠳᠦᠨ ᠬᠦᠴᠦ᠎ᠪᠠᠨ ᠬᠠᠮᠲᠤᠳᠭᠠᠵᠤ᠂ ᠴᠠᠭ ᠮᠥᠴᠡ᠎ᠶ᠋ᠢ ᠠᠯᠳᠠᠯ ᠦᠭᠡᠢ ᠲᠡᠮᠡᠴᠡᠵᠦ᠍᠂ ᠬᠤᠬᠢᠷᠠᠯ᠎ᠢ ᠬᠠᠮᠤᠭ᠎ᠤᠨ ᠪᠠᠭ᠎ᠠ ᠬᠡᠮᠵᠢᠶᠡᠨ᠎ᠳᠤ ᠬᠦᠷᠲᠡᠯ᠎ᠡ ᠪᠠᠭᠠᠰᠭᠠᠬᠤ ᠶᠠᠪᠤᠳᠠᠯ ᠪᠣᠯᠤᠨ᠎ᠠ᠃ ᠦᠶᠡᠷ᠎ᠲᠠᠢ ᠲᠡᠮᠡᠴᠡᠬᠦ᠌ ᠵᠣᠷᠢᠭ ᠰᠠᠨᠠᠭ᠎ᠠ ᠤᠯᠠᠨ᠎ᠢ ᠴᠢᠩᠭ᠎ᠠ ᠨᠢᠭ᠍ᠲᠠᠷᠠᠭᠤᠯᠵᠤ᠂ ᠬᠦᠴᠦᠷᠬᠡᠭ ᠶᠡᠭᠡ ᠲᠠᠢᠴᠢᠨ ᠬᠦᠴᠦᠨ᠎ᠢ ᠪᠦᠷᠢᠯᠳᠦᠭᠦᠯᠵᠦ᠍ ᠴᠢᠳᠠᠨ᠎ᠠ᠃

2020 ᠣᠨ᠎ᠤ ᠨᠢᠬᠡ ᠤᠳᠠᠭ᠎ᠠ᠎ᠶ᠋ᠢᠨ ᠱᠢᠷᠦᠭᠦᠨ ᠪᠣᠷᠣᠭᠠᠨ᠎ᠳᠤ ᠬᠥᠬᠡᠬᠤᠲᠠ᠎ᠶ᠋ᠢᠨ ᠨᠢᠭᠡᠨ ᠦᠢᠯᠡᠳᠪᠦᠷᠢ᠎ᠳᠤ ᠤᠰᠤᠨ ᠭᠠᠮᠱᠢᠭ ᠪᠤᠯᠵᠤ ᠦᠢᠯᠡᠳᠪᠦᠷᠢ᠎ᠶ᠋ᠢᠨ ᠲᠣᠭᠤᠷᠢᠭ᠎ᠤᠨ ᠪᠣᠬᠢᠷ ᠤᠰᠤᠨ᠎ᠤ ᠬᠤᠭᠤᠯᠠᠢ᠎ᠨᠢ ᠳᠡᠯᠪᠡᠷᠡᠵᠦ᠍᠂ ᠬᠠᠮᠠᠷ ᠭᠠᠳᠠᠮ᠎ᠠ ᠮᠠᠭᠤᠬᠠᠢ ᠦᠨᠦᠷ ᠭᠠᠷᠴᠤ᠌ ᠪᠠᠢᠯ᠎ᠡ᠂ ᠡᠨᠡ ᠬᠦ᠌ ᠪᠠᠢᠳᠠᠯ ᠲᠤᠤᠷ᠎ᠠ ᠸᠠᠩ ᠪᠦᠦ ᠯᠢᠶᠠᠩ ᠠᠩᠬᠢ᠎ᠶ᠋ᠢᠨ ᠭᠡᠱᠢᠭᠦᠳ᠎ᠢᠶᠠᠨ ᠳᠠᠭᠠᠭᠤᠯᠤᠨ ᠰᠦᠨᠢ ᠲᠤᠮᠳᠠ᠎ᠶ᠋ᠢᠨ ᠬᠤᠶᠠᠷ ᠴᠠᠭ᠎ᠲᠤ ᠠᠪᠤᠷᠠᠨ ᠲᠤᠰᠠᠯᠠᠬᠤ᠎ᠪᠠᠷ ᠬᠦᠷᠴᠦ᠍᠂ ᠲᠦᠷᠪᠡᠨ ᠴᠠᠭ ᠪᠠᠢᠯᠳᠤᠵᠤ ᠪᠠᠢᠭᠠᠳ ᠰᠠᠶᠢ ᠡᠨᠡ ᠦᠢᠯᠡᠳᠪᠦᠷᠢ᠎ᠶ᠋ᠢ ᠤᠰᠤᠨ᠎ᠤ ᠭᠠᠮᠱᠢᠭ᠎ᠠᠴᠠ ᠠᠪᠤᠷᠠᠬ᠍ᠰᠠᠨ ᠪᠠᠢᠨ᠎ᠡ᠃ ᠢᠩᠬᠢᠵᠤ ᠭᠠᠮᠱᠢᠬ᠍ᠳᠠᠬ᠍ᠰᠠᠤᠨ᠎ᠢ ᠠᠪᠤᠷᠠᠨ ᠲᠤᠰᠠᠯᠠᠬᠤ ᠶᠠᠪᠤᠳᠠᠯ᠎ᠨᠢ ᠸᠠᠩ ᠪᠦᠦ ᠯᠢᠶᠠᠩ ᠪᠣᠯᠤᠨ ᠲᠡᠭᠦᠨ᠎ᠤ ᠠᠩᠭᠢ᠎ᠶ᠋ᠢᠨ ᠭᠡᠱᠢᠭᠦᠳ᠎ᠲᠤ ᠠᠪᠴᠤ᠌ ᠬᠡᠯᠡᠪᠡᠯ ᠲᠦᠢᠯ᠎ᠤᠨ ᠡᠩ᠎ᠤᠨ ᠶᠠᠪᠤᠳᠠᠯ ᠪᠠᠢᠵᠠᠢ᠃

ᠤᠳᠠᠭ᠎ᠠ ᠪᠦᠷᠢ᠎ᠶ᠋ᠢᠨ ᠠᠪᠤᠷᠠᠨ ᠲᠤᠰᠠᠯᠠᠭ᠍ᠰᠠᠨ ᠥᠩᠭᠡᠷᠡᠯᠲᠡ᠎ᠪᠠᠨ ᠡᠷᠭᠢᠴᠡᠭᠦᠯᠬᠦ᠌᠎ᠳᠤ ᠸᠠᠩ ᠪᠦᠦ ᠯᠢᠶᠠᠩ ᠮᠠᠰᠢ ᠰᠡᠳᠭᠢᠯ ᠳᠣᠭ᠍ᠳᠣᠯᠵᠤ ᠪᠠᠢᠯ᠎ᠠ᠃ ᠲᠡᠷᠡ᠄ 《ᠤᠯᠠᠨ ᠲᠦᠮᠡᠨ᠎ᠤ ᠲᠤᠰᠠᠯᠠᠮᠵᠢ ᠭᠤᠶᠤᠬ᠍ᠰᠠᠨ ᠪᠠᠢᠳᠠᠯ ᠲᠤᠤᠷ᠎ᠠ ᠮᠠᠨ᠎ᠤ ᠠᠩᠭᠢ᠎ᠶ᠋ᠢᠨ ᠭᠡᠱᠢᠭᠦᠳ ᠶᠡᠷᠦ᠎ᠠᠴᠠ ᠲᠠᠳᠠᠭᠠᠯᠵᠠᠳᠠᠭ ᠦᠬᠡᠢ᠂ ᠪᠠᠢᠳᠠᠭ ᠴᠢᠳᠠᠯ᠎ᠢᠶᠠᠷ᠎ᠢᠶᠠᠨ ᠭᠠᠴᠢᠬ᠍ᠳᠠᠬ᠍ᠰᠠᠨ ᠤᠯᠠᠨ ᠲᠦᠮᠡᠨ᠎ᠢ ᠬᠠᠪᠰᠤᠷᠴᠤ᠌᠂ ᠰᠡᠳᠭᠢᠯ ᠨᠢᠭᠡᠳᠦᠨ ᠬᠦᠴᠦ᠎ᠪᠠᠨ ᠬᠠᠮᠲᠤᠳᠭᠠᠵᠤ᠂ ᠲᠤᠤᠭᠠᠷᠪᠡᠯ ᠲᠠᠭᠤ ᠨᠢᠭᠡᠳᠠᠢ ᠲᠤᠬ᠍ᠳᠤᠷᠪᠡᠯ ᠬᠦᠴᠤ᠌ ᠨᠢᠭᠡᠳᠠᠢ ᠪᠠᠢᠳᠠᠭ᠂ ᠡᠨᠡ ᠬᠦ᠌ ᠬᠦᠴᠦᠨ ᠴᠢᠳᠠᠯ᠂ ᠡᠨᠡ ᠬᠦ᠌ ᠵᠣᠷᠢᠭ ᠰᠠᠨᠠᠭ᠎ᠠ᠎ᠨᠢ ᠪᠢᠳᠡᠨ᠎ᠢ ᠨᠢᠭ᠍ᠲᠠ ᠪᠦᠯᠬᠦᠮᠳᠡᠭᠦᠯᠵᠦ᠍᠂ ᠨᠡᠩ ᠤᠯᠠᠨ ᠬᠥᠮᠦᠰ᠎ᠢ ᠨᠥᠯᠥᠭᠡᠯᠡᠵᠦ᠍ ᠪᠠᠢᠨ᠎ᠠ》 ᠭᠡᠵᠤ ᠰᠤᠷᠪᠤᠯᠵᠢᠯᠠᠬ᠍ᠴᠢ᠎ᠳᠤ ᠶᠠᠷᠢᠵᠤ ᠪᠢᠯᠡ᠃



ᠦᠨᠳᠦᠰᠦᠨ ᠱᠠᠳᠤᠨ᠎ᠤ ᠲᠠᠭᠤᠨ

ᠦᠶᠡᠷ᠎ᠲᠠᠢ ᠲᠡᠮᠡᠴᠡᠬᠦ᠌ ᠵᠣᠷᠢᠭ ᠰᠠᠨᠠᠭ᠎ᠠ ᠪᠢᠳᠡᠨ᠎ᠢ ᠵᠣᠷᠢᠭ᠍ᠵᠢᠭᠤᠯᠤᠨ᠎ᠠ

    ᠲᠤᠰ ᠰᠣᠨᠢᠨ᠎ᠤ ᠰᠤᠷᠪᠤᠯᠵᠢᠯᠠᠭ᠍ᠴᠢ ᠭᠦᠸᠧ ᠯᠢ ᠨᠠ  ᠪᠦᠦ ᠱᠢᠶᠤᠤ ᠲᠢᠩ

《ᠦᠬᠦᠵᠦ᠍ ᠰᠡᠬᠡᠬᠦ᠌᠎ᠶ᠋ᠢᠨ ᠱᠢᠯᠭᠠᠯᠲᠠ᠎ᠶ᠋ᠢ ᠪᠡᠶ᠎ᠡ᠎ᠪᠠᠷ᠎ᠢᠶᠠᠨ ᠥᠩᠭᠡᠷᠡᠭᠦᠯᠦᠭ᠌ᠰᠡᠨ᠎ᠠᠴᠠ ᠰᠠᠶᠢ ᠦᠶᠡᠷ᠎ᠲᠠᠢ ᠲᠡᠮᠡᠴᠡᠬᠦ᠌ ᠵᠣᠷᠢᠭ ᠰᠠᠨᠠᠭᠠᠨ᠎ᠤ ᠠᠭᠤᠤ ᠶᠡᠭᠡ᠎ᠶ᠋ᠢ ᠣᠢᠯᠠᠭᠠᠪᠠ᠃ ᠠᠶᠤᠯ ᠲᠦᠭ᠌ᠰᠢᠭᠦᠷᠢ ᠲᠤᠯᠭᠠᠷᠠᠬ᠍ᠰᠠᠨ ᠵᠠᠩᠭᠢᠯᠠᠭ᠎ᠠ᠎ᠶ᠋ᠢᠨ ᠦᠶ᠎ᠡ᠎ᠳᠤ᠂ ᠦᠶᠡᠷ᠎ᠲᠠᠢ ᠲᠡᠮᠡᠴᠡᠬᠦ᠌ ᠵᠣᠷᠢᠭ ᠰᠠᠨᠠᠭ᠎ᠠ ᠪᠢᠳᠡᠨ᠎ᠢ ᠵᠤᠷᠢᠭ᠍ᠵᠢᠭᠤᠯᠤᠨ ᠡᠷᠡᠮᠡᠬᠡᠢᠯᠡᠨ ᠤᠷᠤᠭ᠍ᠰᠢᠯᠠᠭᠤᠯᠤᠨ᠎ᠠ》 ᠭᠡᠵᠦ᠍ ᠲᠦᠩᠯᠢᠶᠣᠤ ᠬᠤᠳᠠ᠎ᠶ᠋ᠢᠨ ᠺᠠᠢᠯᠦ᠍ ᠱᠢᠶᠠᠨ᠎ᠤ ᠯᠢᠶᠣᠤᠾᠧ ᠵᠡᠭᠡᠯᠢ᠎ᠶ᠋ᠢᠨ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠦᠷᠳᠡᠭᠡᠨ ᠳᠠᠷᠤᠭ᠎ᠠ᠎ᠶ᠋ᠢᠨ ᠲᠤᠰᠠᠯᠠᠭ᠍ᠴᠢ ᠮᠧᠩ ᠴᠢᠩ ᠫᠧᠩ ᠨᠢᠳᠤᠨᠤᠨ᠎ᠤ ᠦᠶᠡᠷ᠎ᠲᠠᠢ ᠲᠡᠮᠡᠴᠡᠨ ᠠᠶᠤᠯ᠎ᠠᠴᠠ ᠠᠪᠤᠷᠠᠬᠤ ᠦᠶ᠎ᠡ᠎ᠶ᠋ᠢᠨ ᠪᠠᠢᠳᠠᠯ᠎ᠢᠶᠠᠨ ᠡᠷᠬᠢᠴᠡᠬᠦᠯᠦᠨ ᠶᠠᠷᠢᠵᠤ ᠪᠠᠢᠯ᠎ᠠ᠃

2020 ᠣᠨ᠎ᠤ 7 ᠰᠠᠷ᠎ᠠ᠎ᠳᠤ᠂ ᠠᠨᠾᠦ᠋ᠢ ᠮᠤᠵᠢ᠎ᠶ᠋ᠢᠨ ᠯᠢᠦ ᠠᠨ ᠬᠤᠲᠠ ᠵᠡᠷᠭᠡ ᠭᠠᠵᠠᠷ᠎ᠤᠨ ᠦᠶᠡᠷ᠎ᠤᠨ ᠭᠠᠮᠱᠢᠭ ᠬᠡᠴᠡᠭᠦᠳᠡᠪᠡ᠃ ᠲᠤᠬᠠᠶ᠎ᠶ᠋ᠢᠨ ᠦᠶ᠎ᠡ᠎ᠳᠤ ᠶᠠᠭ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠶᠠᠮᠤᠨ᠎ᠤ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ᠎ᠶ᠋ᠢᠨ ᠨᠠᠨᠵᠢᠩ᠎ᠤᠨ ᠪᠣᠯᠪᠠᠰᠤᠷᠠᠯ᠎ᠤᠨ ᠶᠡᠷᠦᠩᠬᠡᠶ ᠠᠩᠭᠢ᠎ᠶ᠋ᠢᠨ ᠪᠣᠯᠪᠠᠰᠤᠷᠠᠯ᠎ᠳᠤ ᠣᠷᠣᠯᠴᠠᠵᠤ ᠪᠠᠢᠭ᠍ᠰᠠᠨ ᠮᠧᠩ ᠴᠢᠩ ᠫᠧᠩ ᠦᠶᠡᠷ᠎ᠤᠨ ᠪᠠᠢᠳᠠᠯ᠎ᠢ ᠮᠡᠳᠡᠭ᠌ᠰᠡᠨ᠎ᠤ ᠳᠠᠷᠠᠭ᠎ᠠ᠂ ᠲᠡᠷᠡ ᠳᠠᠷᠤᠶ᠎ᠳᠤᠨᠢ ᠦᠶᠡᠷ᠎ᠲᠠᠢ ᠲᠡᠮᠡᠴᠡᠨ ᠠᠪᠤᠷᠠᠨ ᠲᠤᠰᠠᠯᠠᠬᠤ ᠠᠵᠢᠯ᠎ᠳᠤ ᠤᠷᠤᠯᠴᠠᠬᠤ᠎ᠪᠠᠷ ᠭᠤᠶᠤᠴᠢᠯᠠᠪᠠ᠃ ᠠᠨᠾᠦ᠋ᠢ ᠮᠤᠵᠢ᠎ᠳᠤ ᠮᠧᠩ ᠴᠢᠩ ᠫᠧᠩ ᠪᠦᠬᠦ᠌ ᠤᠯᠤᠰ᠎ᠤᠨ ᠡᠯ᠎ᠡ ᠭᠠᠵᠠᠷ᠎ᠤᠨ ᠭᠠᠯ ᠤᠨᠲᠠᠷᠠᠭᠠᠭ᠍ᠴᠢᠳ᠎ᠲᠠᠢ ᠬᠠᠮᠲᠤ ᠦᠶᠡᠷ᠎ᠲᠠᠢ ᠲᠡᠮᠡᠴᠡᠵᠦ᠍ ᠠᠶᠤᠯ᠎ᠠᠴᠠ ᠠᠪᠤᠷᠠᠬᠤ ᠡᠮᠦᠨ᠎ᠡ ᠹᠷᠣᠨᠲ᠎ᠲᠤ ᠡᠷᠡᠯᠬᠡᠭ᠌ᠯᠡᠨ ᠪᠠᠢᠯᠳᠤᠵᠤ᠂ ᠬᠦᠴᠢᠷ ᠪᠡᠷᠬᠡᠱᠢᠶᠡᠯ᠎ᠠᠴᠠ ᠠᠶᠤᠬᠤ ᠦᠭᠡᠢ ᠬᠦᠴᠦᠯᠡᠨ ᠲᠡᠮᠡᠴᠡᠪᠠ᠃ ᠮᠦᠨ ᠡᠨᠡ ᠤᠳᠠᠭ᠎ᠠ᠎ᠶ᠋ᠢᠨ ᠦᠶᠡᠷ᠎ᠲᠠᠢ ᠲᠡᠮᠡᠴᠡᠭ᠌ᠰᠡᠨ ᠦᠩᠬᠡᠷᠡᠯᠳᠡ᠎ᠪᠠᠷ ᠮᠧᠩ ᠴᠢᠩ ᠫᠧᠩ ᠪᠦᠬᠦ᠌ ᠤᠯᠤᠰ᠎ᠤᠨ ᠡᠯ᠎ᠡ ᠭᠠᠵᠠᠷ᠎ᠤᠨ ᠴᠡᠷᠢᠭ ᠠᠷᠠᠳ ᠪᠦᠯᠬᠦᠮᠳᠡᠨ ᠨᠢᠭᠡᠳᠴᠦ᠍᠂ ᠦᠶᠡᠷ᠎ᠲᠠᠢ ᠡᠴᠦᠰ᠎ᠲᠤᠨᠢ ᠲᠤᠯᠲᠠᠯ᠎ᠠ ᠲᠡᠮᠡᠴᠡᠬᠦ᠌ ᠢᠲᠡᠭᠡᠯ ᠵᠣᠷᠢᠭ᠎ᠢ ᠭᠡᠷᠡᠴᠢᠯᠡᠪᠡ᠃

ᠮᠧᠩ ᠴᠢᠩ ᠫᠧᠩ᠄ 《ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠵᠢᠯᠳᠠᠨ ᠪᠣᠯᠤᠭ᠍ᠰᠠᠨ᠎ᠤ ᠬᠤᠪᠢ᠎ᠳᠤ᠂ ᠡᠭᠦᠷᠭᠡ ᠬᠠᠷᠢᠭᠤᠴᠠᠯᠭ᠎ᠠ ᠬᠦᠨᠳᠦ ᠪᠦᠬᠡᠳ ᠦᠩᠬᠡ ᠬᠡᠷᠡᠯᠳᠡᠢ ᠬᠡᠳᠡᠭ᠎ᠢ ᠪᠢ ᠬᠦᠨ ᠤᠢ᠍ᠢᠯᠠᠭᠠᠨ᠎ᠠ᠂ ᠦᠶᠡᠷ᠎ᠲᠠᠢ ᠲᠡᠮᠡᠴᠡᠬᠦ᠌ ᠵᠣᠷᠢᠭ ᠰᠠᠨᠠᠭ᠎ᠠ ᠨᠠᠮᠠᠶ᠋ᠢ ᠤᠭ ᠰᠠᠨᠠᠭ᠎ᠠ᠎ᠪᠠᠨ ᠦᠯᠥ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠠᠷᠠᠳ ᠲᠦᠮᠡᠨ᠎ᠤ ᠠᠮᠢ ᠨᠠᠰᠤ ᠪᠣᠯᠤᠨ ᠡᠳ᠋ ᠬᠦᠷᠦᠩᠬᠡ᠎ᠶ᠋ᠢᠨ ᠠᠮᠤᠷ ᠲᠦᠪᠱᠢᠨ᠎ᠢ ᠰᠠᠢᠲᠤᠷ ᠬᠠᠮᠠᠭᠠᠯᠠᠬᠤ᠎ᠶ᠋ᠢ ᠲᠡᠷᠢᠭᠦᠨ ᠪᠠᠢᠷᠢᠨ᠎ᠳᠤ ᠲᠠᠯᠪᠢᠬᠤ᠎ᠶ᠋ᠢ ᠵᠤᠷᠢᠬ᠍ᠵᠢᠭᠤᠯᠤᠭ᠍ᠰᠠᠭᠠᠷ ᠢᠷᠡᠵᠠᠢ᠃ ᠤᠯᠤᠰ ᠪᠠ ᠠᠷᠠᠳ ᠲᠦᠮᠡᠨ ᠬᠡᠷᠡᠭ᠌ᠴᠡᠭᠡ᠎ᠲᠠᠢ ᠯᠡ ᠶᠤᠮ ᠪᠣᠯ ᠪᠢ ᠡᠮᠦᠨ᠎ᠡ ᠹᠷᠣᠨᠲ᠎ᠲᠤ ᠡᠷᠡᠯᠬᠡᠭ᠌ᠯᠡᠨ ᠲᠡᠮᠡᠴᠡᠬᠦ᠌᠎ᠪᠠᠷ ᠴᠠᠭ ᠢᠮᠠᠭ᠍ᠲᠠ ᠪᠡᠯᠡᠬᠡᠨ ᠪᠠᠢᠨ᠎ᠠ》 ᠭᠡᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号