ᠣᠢᠷ᠎ᠠ᠎ᠶ᠋ᠢᠨ ᠵᠢᠯ᠎ᠳᠤ᠂ ᠵᠡᠭᠦᠨᠭᠠᠷ ᠬᠤᠱᠢᠭᠤᠨ᠎ᠤ᠎ᠬᠢᠨ 《ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠴᠢᠳᠠᠪᠤᠷᠢᠲᠠᠨ᠎ᠢ ᠤᠷᠢᠳ᠎ᠢᠶᠠᠷ ᠬᠥᠭ᠌ᠵᠢᠭᠦᠯᠬᠦ᠌》 ᠶ᠋ᠢ ᠪᠠᠷᠢᠮᠲᠠᠯᠠᠵᠤ᠂ ᠴᠢᠳᠠᠪᠤᠷᠢᠲᠠᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠴᠢᠬᠤᠯᠠ ᠪᠠᠢᠷᠢᠨ᠎ᠳᠤ ᠲᠠᠯᠪᠢᠨ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠂ ᠴᠢᠳᠠᠪᠤᠷᠢᠲᠠᠨ᠎ᠢ ᠬᠥᠮᠦᠵᠢᠭᠦᠯᠬᠦ᠂ ᠴᠢᠳᠠᠪᠤᠷᠢᠲᠠᠨ᠎ᠢ ᠬᠡᠷᠡᠭ᠌ᠯᠡᠬᠦ᠂ ᠴᠢᠳᠠᠪᠤᠷᠢᠲᠠᠨ᠎ᠢ ᠬᠠᠢᠷᠠᠯᠠᠬᠤ ᠤᠷᠳᠤ ᠬᠤᠭᠤᠴᠠᠭᠠᠨ᠎ᠤ ᠪᠦᠲᠦᠮᠵᠢᠲᠡᠢ ᠲᠣᠭ᠍ᠲᠠᠴᠠ᠎ᠶ᠋ᠢ ᠪᠦᠷᠢᠯᠳᠦᠭᠦᠯᠵᠤ᠂ ᠬᠥᠳᠡᠭᠡ ᠲᠣᠰᠭᠤᠨ᠎ᠤ ᠴᠢᠳᠠᠪᠤᠷᠢᠲᠠᠨ᠎ᠢ ᠬᠥᠭ᠌ᠵᠢᠭᠦᠯᠦᠨ ᠮᠠᠨᠳᠤᠭᠤᠯᠬᠤ ᠲᠥᠯᠥᠪᠯᠡᠭᠡ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠤᠨ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠴᠢᠳᠠᠪᠤᠷᠢᠲᠠᠨ᠎ᠤ ᠴᠢᠬᠤᠯᠠ ᠦᠢᠯᠡᠳᠦᠯ᠎ᠢ ᠬᠦᠢᠴᠡᠳ ᠪᠠᠳᠠᠷᠠᠭᠤᠯᠵᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠴᠢᠩᠭ᠎ᠠ ᠬᠦᠴᠦᠳᠠᠢ ᠳᠣᠲᠣᠭᠠᠳᠤ ᠲᠤᠯᠭᠠᠭᠤᠷᠢᠯᠠᠯ ᠬᠦᠴᠦᠨ ᠬᠠᠩᠭᠠᠪᠠ᠃
ᠤᠯᠠᠨ ᠲᠠᠯ᠎ᠠ᠎ᠶ᠋ᠢᠨ ᠴᠢᠳᠠᠪᠤᠷᠢᠲᠠᠨ ᠨᠤᠳᠤᠭ᠎ᠲᠠᠭᠠᠨ ᠪᠤᠴᠠᠨ ᠦᠢᠯᠡᠰ ᠪᠤᠰᠭᠠᠵᠤ ᠪᠠᠢᠨ᠎ᠠ
ᠵᠡᠭᠦᠨᠭᠠᠷ ᠬᠤᠱᠢᠭᠤ ᠭᠠᠳᠠᠭ᠍ᠰᠢ ᠭᠠᠷᠤᠭ᠍ᠰᠠᠨ ᠴᠢᠳᠠᠪᠤᠷᠢᠲᠠᠨ᠎ᠢ ᠨᠤᠲᠤᠭ ᠤᠰᠤᠨ᠎ᠳᠠᠭᠠᠨ ᠢᠳᠡᠪᠬᠢᠲᠡᠶ᠎ᠪᠠᠷ ᠳᠠᠳᠠᠨ ᠠᠪᠴᠢᠷᠠᠵᠤ᠂ ᠳᠡᠳᠡ ᠨᠠᠷ᠎ᠤᠨ ᠬᠤᠳᠠ ᠭᠠᠵᠠᠷ᠎ᠲᠤ ᠬᠤᠷᠠᠮᠳᠤᠭᠤᠯᠤᠭ᠍ᠰᠠᠨ ᠲᠤᠷᠱᠢᠯᠭ᠎ᠠ ᠮᠡᠷᠭᠡᠵᠢᠯ ᠵᠢᠴᠢ ᠪᠡᠯᠡ ᠮᠥᠩᠭᠦ᠎ᠪᠠᠨ ᠠᠱᠢᠬ᠍ᠯᠠᠨ ᠨᠤᠲᠤᠭ ᠤᠰᠤᠨ᠎ᠳᠠᠭᠠᠨ ᠦᠢᠯᠡᠰ ᠪᠤᠰᠭᠠᠬᠤ᠎ᠶ᠋ᠢ ᠵᠤᠷᠢᠭ᠍ᠵᠢᠭᠤᠯᠵᠤ ᠪᠠᠢᠨ᠎ᠠ᠃
ᠸᠠᠩ ᠰᠢ ᠷᠦᠩ ᠪᠤᠯ ᠳᠤᠰ ᠬᠤᠱᠢᠭᠤᠨ᠎ᠤ ᠨᠤᠲᠤᠭ᠎ᠲᠠᠭᠠᠨ ᠪᠤᠴᠠᠵᠤ ᠦᠢᠯᠡᠰ ᠪᠤᠰᠭᠠᠭ᠍ᠰᠠᠨ ᠵᠠᠯᠠᠭᠤᠴᠤᠳ᠎ᠤᠨ ᠨᠢᠭᠡ᠎ᠨᠢ ᠪᠤᠯᠬᠤ ᠶᠤᠮ᠃ 2016 ᠣᠨ᠎ᠳᠤ ᠲᠡᠷᠡ ᠨᠤᠳᠤᠭ᠎ᠲᠠᠭᠠᠨ ᠪᠤᠴᠠᠨ ᠤᠷᠳᠤᠰ ᠬᠤᠳᠠ᠎ᠶ᠋ᠢᠨ᠎ᠶ᠋ᠢᠨ ᠷᠦᠢ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ᠎ᠶ᠋ᠢ ᠳᠠᠩᠰᠠᠯᠠᠭᠤᠯᠤᠨ ᠪᠠᠢᠭᠤᠯᠵᠤ᠂ ᠦᠢᠯᠡᠰ᠎ᠤᠨ ᠵᠠᠮ᠎ᠢᠶᠠᠨ ᠡᠯᠬᠦᠯ᠎ᠠ᠃ ᠳᠡᠷᠡ ᠱᠠᠨ ᠰᠢ ᠮᠤᠵᠢ᠎ᠠᠴᠠ 60 ᠭᠠᠷᠤᠢ ᠵᠦᠢᠯ᠎ᠤᠨ ᠡᠪᠡᠰᠦᠨ ᠡᠮ᠎ᠤᠨ ᠮᠠᠲ᠋ᠧᠷᠢᠶᠠᠯ ᠣᠷᠣᠭᠤᠯᠤᠨ ᠠᠪᠴᠢᠷᠠᠵᠤ ᠨᠠᠷᠢᠨᠲᠤᠬᠠᠢ ᠪᠠᠯᠭᠠᠰᠤ᠎ᠶ᠋ᠢᠨ᠎ᠢᠶᠠᠨ ᠡᠷᠬᠢᠨ ᠲᠣᠭᠤᠷᠢᠨ᠎ᠳᠤ ᠲᠤᠷᠱᠢᠨ ᠲᠠᠷᠢᠭ᠍ᠰᠠᠨ᠎ᠳᠤ 5 ᠵᠦᠢᠯ᠎ᠨᠢ ᠡᠨᠡ ᠨᠤᠳᠤᠭ᠎ᠲᠤ ᠳᠤᠬᠢᠷᠠᠬ᠍ᠰᠠᠨ ᠪᠠᠢᠵᠠᠢ᠃ ᠦᠢᠯᠡᠰ ᠪᠤᠰᠭᠠᠭ᠍ᠰᠠᠨ ᠠᠩᠬᠠᠨ᠎ᠤ ᠱᠠᠳᠤᠨ᠎ᠳᠤ ᠳᠠᠷᠢᠮᠠᠯ᠎ᠤᠨ ᠬᠡᠮᠵᠢᠶ᠎ᠠ᠎ᠨᠢ ᠪᠠᠭ᠎ᠠ᠂ ᠪᠤᠷᠤᠯᠠᠭᠤᠯᠭ᠎ᠠ ᠮᠠᠭᠤᠳᠠᠢ ᠵᠡᠷᠭᠡ ᠡᠯ᠎ᠠ ᠵᠦᠢᠯ᠎ᠤᠨ ᠬᠦᠴᠢᠷᠳᠠᠯ᠎ᠳᠤ ᠳᠤᠯᠭᠠᠷᠠᠵᠤ ᠪᠠᠢᠭ᠍ᠰᠠᠨ ᠦᠶ᠎ᠡ᠎ᠳᠤ᠂ ᠳᠡᠷᠡ ᠬᠤᠱᠢᠭᠤᠨ᠎ᠤ᠎ᠪᠠᠨ ᠴᠢᠳᠠᠪᠤᠷᠢᠳᠠᠨ ᠬᠦᠮᠦᠵᠢᠭᠦᠯᠬᠦ᠌ ᠲᠦᠷᠦ᠎ᠶ᠋ᠢᠨ ᠪᠤᠳᠤᠯᠭ᠎ᠠ᠎ᠶ᠋ᠢᠨ ᠳᠠᠢᠴᠢᠯᠠᠯ ᠳᠤᠤᠷ᠎ᠠ ᠤᠨᠤᠯ ᠦᠢᠯᠡᠳᠦᠯᠭᠡ᠎ᠶ᠋ᠢᠨ ᠰᠤᠷᠤᠯᠴᠠᠯᠭ᠎ᠠ᠎ᠶ᠋ᠢ ᠥᠪᠡᠷ᠎ᠤᠨ ᠪᠤᠳᠠᠳᠠᠢ ᠪᠠᠢᠳᠠᠯ᠎ᠲᠠᠢ᠎ᠪᠠᠨ ᠤᠶᠠᠯᠳᠤᠭᠤᠯᠤᠨ ᠬᠥᠭ᠌ᠵᠢᠯᠲᠡ᠎ᠶ᠋ᠢᠨ ᠰᠡᠳᠭᠢᠴᠡ᠎ᠪᠠᠨ ᠬᠤᠪᠢᠷᠠᠭᠤᠯᠵᠤ᠂ ᠡᠴᠦᠰ᠎ᠲᠡᠭᠡᠨ ᠡᠪᠡᠰᠤᠨ ᠡᠮ᠎ᠤᠨ ᠮᠠᠲ᠋ᠧᠷᠢᠶᠠᠯ ᠬᠤᠨᠴᠢᠨᠢ ᠠᠮᠲᠠᠲᠤ ᠴᠠᠢ ᠪᠣᠯᠭᠠᠨ ᠡᠳ᠋ᠱᠢᠭᠦᠯᠦᠨ ᠪᠤᠯᠪᠠᠰᠤᠷᠠᠭᠤᠯᠵᠤ ᠪᠣᠷᠣᠯᠠᠭᠤᠯᠭ᠎ᠠ ᠰᠠᠢᠲᠠᠶ ᠪᠣᠯᠭᠠᠪᠠ᠃ ᠲᠡᠷᠡ ᠪᠠᠰᠠ ᠲᠤᠬᠠᠢ᠎ᠶ᠋ᠢᠨ ᠭᠠᠵᠠᠷ᠎ᠤᠨ ᠤᠷᠭᠤᠯᠳᠠ ᠰᠠᠢᠳᠠᠢ ᠴᠢᠴᠠᠷᠭᠠᠨ᠎ᠠ᠎ᠶ᠋ᠢ ᠠᠱᠢᠬ᠍ᠯᠠᠨ ᠬᠠᠯᠠᠭᠤᠨ᠎ᠢ ᠲᠠᠭᠤᠬᠤ᠂ ᠦᠷᠪᠢᠰᠦᠯ᠎ᠢ ᠳᠠᠷᠤᠵᠤ ᠡᠪᠡᠳᠬᠦ᠌᠎ᠶ᠋ᠢ ᠵᠣᠭ᠍ᠰᠣᠭᠠᠬᠤ ᠵᠡᠷᠭᠡ ᠦᠢᠯᠡᠳᠦᠯ᠎ᠲᠠᠢ 《ᠱᠠ ᠡᠮᠡᠭᠡ》 ᠲᠠᠸᠠᠷ᠎ᠤᠨ ᠳᠡᠮᠳᠡᠭ᠌᠎ᠳᠦ ᠴᠠᠢ᠎ᠶ᠋ᠢ ᠰᠤᠳᠤᠯᠤᠨ ᠦᠢᠯᠡᠳᠦᠭ᠌ᠰᠡᠨ ᠪᠠᠢᠨ᠎ᠠ᠃ ᠡᠨᠡ ᠬᠤᠶᠠᠷ ᠵᠢᠯ᠎ᠳᠤ ᠸᠠᠩ ᠰᠢ ᠷᠦᠩ ᠡᠪᠡᠰᠤᠨ ᠡᠮ᠎ᠤᠨ ᠮᠠᠲ᠋ᠧᠷᠢᠶᠠᠯ᠎ᠤᠨ ᠳᠠᠷᠢᠮᠠᠯ᠎ᠤᠨ ᠳᠠᠯᠠᠪᠠᠢ᠎ᠪᠠᠨ ᠶᠡᠭᠡ ᠬᠡᠪᠴᠢᠶ᠎ᠡ᠎ᠪᠠᠷ ᠦᠷᠭᠡᠳᠭᠡᠵᠤ᠂ ᠤᠢ᠍ᠢᠷ᠎ᠠ ᠬᠠᠪᠢ᠎ᠶ᠋ᠢᠨ ᠳᠠᠷᠢᠶᠠᠯᠠᠬᠤ ᠡᠷᠦᠭᠡ᠎ᠶ᠋ᠢ ᠳᠠᠢᠴᠢᠯᠠᠵᠤ ᠡᠬᠢᠯᠡᠵᠠᠢ᠃
ᠵᠡᠭᠦᠨᠭᠠᠷ ᠬᠤᠱᠢᠭᠤᠨ᠎ᠤ᠎ᠬᠢᠨ ᠬᠥᠳᠡᠭᠡ ᠲᠣᠰᠭᠤᠨ᠎ᠤ ᠱᠢᠨ᠎ᠡ᠎ᠶ᠋ᠢ ᠡᠭᠦᠳᠬᠦ᠌ ᠦᠢᠯᠡᠰ ᠪᠤᠰᠭᠠᠬᠤ ᠵᠥᠭᠡᠯᠡᠨ ᠣᠷᠴᠢᠨ ᠲᠣᠭᠤᠷᠢᠨ᠎ᠢ ᠬᠦᠴᠦᠯᠡᠨ ᠱᠢᠯᠢᠳᠡᠭ᠌ᠵᠢᠭᠦᠯᠵᠦ᠍᠂ ᠨᠡᠩ ᠤᠯᠠᠨ ᠴᠢᠳᠠᠪᠤᠷᠢᠲᠠᠨ᠎ᠢ ᠳᠠᠳᠠᠨ ᠠᠪᠴᠢᠷᠠᠬᠤ᠎ᠶ᠋ᠢ ᠠᠬᠢᠭᠤᠯᠵᠤ ᠪᠤᠢ᠃ ᠡᠪᠡᠰᠤᠨ ᠡᠮ᠂ ᠵᠢᠮᠢᠰ ᠨᠣᠭᠤᠭ᠎ᠠ᠂ ᠡᠯᠳᠡᠪ ᠠᠮᠤ᠂ ᠮᠢᠬᠠᠨ᠎ᠤ ᠦᠬᠡᠷ᠂ ᠮᠢᠬᠠᠨ᠎ᠤ ᠢᠮᠠᠭ᠎ᠠ ᠵᠡᠷᠭᠡ ᠤᠨᠴᠠᠯᠢᠬ᠍ᠳᠤ ᠮᠠᠯ ᠠᠵᠤ ᠠᠬᠤᠢ ᠲᠠᠷᠢᠶᠠᠯᠠᠩ᠎ᠤᠨ ᠠᠵᠤ ᠦᠢᠯᠡᠰ᠎ᠤᠨ ᠬᠥᠭ᠌ᠵᠢᠯᠲᠡ᠎ᠶ᠋ᠢ ᠶᠡᠭᠡ᠎ᠪᠠᠷ ᠠᠬᠢᠭᠤᠯᠪᠠ᠃ ᠤᠳᠤ ᠵᠡᠭᠦᠨᠭᠠᠷ ᠬᠤᠱᠢᠭᠤ ᠨᠢᠬᠡᠨᠳᠡ ᠥᠨᠳᠥᠷ ᠪᠠᠷᠢᠮᠵᠢᠶ᠎ᠠ᠎ᠳᠤ ᠡᠯᠳᠡᠪ ᠠᠮᠤ᠂ ᠢᠮᠠᠭ᠎ᠠ᠂ ᠣᠶ ᠵᠢᠮᠢᠰ᠎ᠤᠨ ᠪᠠᠷᠢᠮᠵᠢᠶᠠᠵᠢᠭᠤᠯᠤᠭ᠍ᠰᠠᠨ ᠦᠢᠯᠡᠳᠪᠦᠷᠢᠯᠡᠯ᠎ᠤᠨ ᠵᠢᠱ᠌ᠢᠶ᠎ᠡ ᠦᠵᠡᠭᠦᠯᠬᠦ᠌ ᠰᠠᠭᠤᠷᠢᠨ᠎ᠢ ᠪᠦᠳᠦᠬᠡᠨ ᠪᠠᠢᠭᠤᠯᠵᠤ᠂ ᠪᠥᠬᠦ᠌ ᠬᠤᠱᠢᠭᠤᠨ᠎ᠤ ᠣᠶ ᠵᠢᠮᠢᠰ᠂ ᠲᠦᠭᠦᠭᠡᠷᠦᠮᠵᠢᠳᠤ ᠵᠢᠮᠢᠰ ᠨᠣᠭᠤᠭ᠎ᠠ᠂ ᠠᠮᠢ ᠠᠬᠤᠶ᠎ᠶ᠋ᠢᠨ ᠡᠯᠳᠡᠪ ᠠᠮᠤ᠎ᠶ᠋ᠢᠨ ᠲᠠᠷᠢᠮᠠᠯ 10.6 ᠲᠦᠮᠡᠨ ᠮᠥ᠎ᠳᠤ ᠬᠦᠷᠴᠦ᠍᠂ ᠨᠣᠤᠯᠤᠭᠤᠷ᠎ᠤᠨ ᠢᠮᠠᠭᠠᠨ᠎ᠤ ᠲᠡᠵᠢᠭᠡᠨ ᠦᠷᠡᠵᠢᠭᠦᠯᠬᠦ᠌ ᠬᠡᠪᠴᠢᠶ᠎ᠡ 30 ᠲᠦᠮᠡ᠎ᠶ᠋ᠢ ᠳᠠᠪᠠᠪᠠ᠃ ᠡᠭᠦᠨ᠎ᠤ ᠬᠠᠮᠳᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠳᠡᠭᠡᠳᠦ ᠰᠤᠷᠭᠠᠭᠤᠯᠢ᠎ᠲᠠᠢ ᠢᠳᠡᠪᠬᠢᠲᠡᠶ ᠬᠠᠮᠵᠢᠯᠴᠠᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠢ ᠳᠡᠯᠭᠡᠷᠡᠭᠦᠯᠬᠦ᠂ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠠᠬᠢᠭᠤᠯᠵᠤ ᠪᠤᠢ᠃
2016 ᠣᠨ᠎ᠤ 12 ᠰᠠᠷ᠎ᠠ᠎ᠶ᠋ᠢᠨ 23 ᠤ ᠡᠳᠦᠷ᠂ ᠵᠡᠭᠦᠨᠭᠠᠷ ᠬᠤᠱᠢᠭᠤ ᠪᠥᠬᠦ᠌ ᠤᠯᠤᠰ᠎ᠤᠨ ᠬᠤᠶᠠᠳᠤᠭᠠᠷ ᠪᠦᠯᠦᠭ᠎ᠤᠨ ᠱᠢᠨ᠎ᠡ ᠬᠡᠯᠪᠡᠷᠢ᠎ᠶ᠋ᠢᠨ ᠬᠤᠲᠠ ᠪᠠᠯᠭᠠᠰᠤᠵᠢᠯᠲᠠ᠎ᠲᠠᠢ ᠤᠶᠠᠯᠳᠤᠭᠤᠯᠤᠨ ᠬᠥᠯᠥᠰᠥᠨ ᠲᠠᠷᠢᠶᠠᠴᠢᠨ ᠵᠡᠷᠭᠡ ᠬᠥᠮᠦᠰ᠎ᠤᠨ ᠨᠤᠲᠤᠭ᠎ᠲᠠᠭᠠᠨ ᠪᠤᠴᠠᠵᠤ ᠦᠢᠯᠡᠰ ᠪᠤᠰᠭᠠᠬᠤ᠎ᠶ᠋ᠢ ᠳᠡᠮᠵᠢᠬᠦ᠌ ᠲᠤᠷᠱᠢᠯᠲᠠ᠎ᠶ᠋ᠢᠨ ᠴᠡᠭ᠎ᠤᠨ ᠨᠢᠭᠡ ᠪᠣᠯᠵᠠᠶ᠃ ᠲᠤᠷᠱᠢᠯᠲᠠ᠎ᠶ᠋ᠢᠨ ᠴᠡᠭ᠎ᠢᠶᠠᠷ ᠵᠥᠪᠱᠢᠶᠡᠷᠡᠭᠦᠯᠦᠭ᠌ᠰᠡᠨᠠᠴᠠ ᠨᠠᠭᠠᠰᠢ᠂ ᠲᠣᠰ ᠬᠤᠱᠢᠭᠤ 5 ᠭᠤᠤᠯᠳᠠᠯᠭ᠎ᠠ᠎ᠲᠠᠢ ᠦᠢᠯᠡᠰ ᠪᠤᠰᠭᠠᠬᠤ ᠬᠦᠷᠢᠶᠡᠯᠡᠩ᠎ᠳᠤ ᠲᠦᠱᠢᠭ᠌ᠯᠡᠨ᠂ ᠦᠢᠯᠡᠰ ᠪᠤᠰᠭᠠᠬᠤ ᠠᠵᠢᠯ ᠣᠯᠭᠤᠬᠤ ᠦᠢᠯᠡᠴᠢᠯᠡᠭᠡᠨ᠎ᠤ ᠠᠵᠢᠯ᠎ᠢ ᠢᠳᠡᠪᠬᠢᠲᠡᠶ ᠠᠬᠢᠭᠤᠯᠤᠭ᠍ᠰᠠᠨ ᠪᠠᠢᠨ᠎ᠠ᠃ ᠳᠤᠰ ᠬᠤᠱᠢᠭᠤ ᠪᠠᠰᠠ ᠴᠢᠳᠠᠪᠤᠷᠢᠳᠠᠨ᠎ᠤ ᠦᠢᠯᠡᠰ ᠪᠤᠰᠭᠠᠬᠤ᠎ᠶ᠋ᠢ ᠲᠡᠳᠬᠦᠬᠦ᠌ ᠡᠷᠴᠢᠮ᠎ᠢᠶᠠᠨ ᠴᠢᠩᠭᠠᠷᠠᠭᠤᠯᠵᠤ᠂ ᠰᠤᠮᠤ ᠱᠢᠶᠠᠩ ᠪᠠᠯᠭᠠᠰᠤᠨ᠎ᠳᠤ ᠨᠤᠲᠤᠭ᠎ᠲᠠᠭᠠᠨ ᠪᠤᠴᠠᠵᠤ ᠦᠢᠯᠡᠰ ᠪᠤᠰᠭᠠᠬᠤ 10 ᠦᠢᠯᠡᠴᠢᠯᠡᠭᠡᠨ᠎ᠤ ᠴᠣᠩᠬᠤᠪᠴᠢ᠎ᠶ᠋ᠢ ᠪᠠᠢᠭᠤᠯᠵᠤ᠂ ᠨᠤᠲᠤᠭ᠎ᠲᠠᠭᠠᠨ ᠪᠤᠴᠠᠵᠤ ᠦᠢᠯᠡᠰ ᠪᠤᠰᠭᠠᠭ᠍ᠴᠢᠳᠲᠤ ᠲᠥᠷᠥ᠎ᠶ᠋ᠢᠨ ᠪᠣᠳᠣᠯᠭ᠎ᠠ᠎ᠶ᠋ᠢᠨ ᠯᠠᠪᠯᠠᠭ᠎ᠠ ᠬᠠᠩᠭᠠᠬᠤ᠂ ᠦᠢᠯᠡᠳᠪᠦᠷᠢ ᠬᠤᠳᠠᠯᠳᠤᠭᠠᠨ᠎ᠤ ᠡᠷᠦᠭᠡ᠎ᠶ᠋ᠢᠨ ᠳᠡᠩᠰᠡᠯᠡᠯᠲᠡ ᠬᠢᠵᠤ ᠦᠭ᠌ᠬᠦ᠂ ᠪᠠᠯᠠ ᠬᠤᠷᠠᠮᠳᠤᠭᠤᠯᠭ᠎ᠠ᠎ᠶ᠋ᠢᠨ ᠵᠢᠭᠡᠯᠡᠯᠭᠡ ᠤᠯᠭᠤᠬᠤ ᠵᠡᠷᠭᠡ 《ᠨᠢᠭᠡ ᠥᠷᠲᠡᠭᠡᠨ᠎ᠤ ᠬᠡᠯᠪᠡᠷᠢ》 ᠶ᠋ᠢᠨ ᠦᠢᠯᠡᠴᠢᠯᠡᠭᠡ ᠬᠠᠩᠭᠠᠵᠤ ᠪᠤᠢ᠃ ᠨᠤᠲᠤᠭ᠎ᠲᠠᠭᠠᠨ ᠪᠤᠴᠠᠨ ᠢᠷᠡᠵᠤ ᠦᠢᠯᠡᠰ ᠪᠤᠰᠭᠠᠭ᠍ᠰᠠᠨ 276 ᠣᠶᠤᠲᠠᠨ ᠪᠠ ᠴᠡᠷᠢᠭ᠎ᠠᠴᠠ ᠬᠠᠯᠠᠭ᠍ᠳᠠᠭ᠍ᠰᠠᠳ᠎ᠲᠤ ᠨᠡᠢᠳᠡ ᠦᠢᠯᠡᠰ ᠪᠤᠰᠭᠠᠬᠤ᠎ᠶ᠋ᠢ ᠳᠡᠮᠵᠢᠭᠦ᠌ 5165 ᠲᠦᠮᠡᠨ ᠲᠥᠭᠦᠷᠢᠭ᠎ᠤᠨ ᠵᠢᠭᠡᠯᠡᠯᠭᠡ ᠲᠠᠷᠬᠠᠭᠠᠵᠤ᠂ ᠬᠦᠦ ᠮᠦᠩᠭᠦ᠎ᠶ᠋ᠢ᠎ᠨᠢ ᠴᠦᠮ ᠵᠠᠰᠠᠭ᠎ᠤᠨ ᠤᠷᠳᠤᠨ᠎ᠤ ᠳᠠᠯ᠎ᠠ᠎ᠠᠴᠠ ᠤᠷᠤᠯᠠᠨ ᠳᠤᠱᠢᠶᠠᠵᠤ ᠪᠠᠢᠨ᠎ᠠ᠃ ᠨᠢᠳᠤᠨᠤᠨ᠎ᠠᠴᠠ ᠨᠠᠭᠠᠰᠢ ᠪᠠᠰᠠ 302 ᠪᠠᠭ᠍ᠰᠢ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ 244 ᠠᠵᠢᠯᠲᠠᠨ ᠡᠯᠰᠡᠨ᠂ ᠬᠥᠳᠡᠭᠡ ᠲᠣᠰᠭᠤᠨ᠎ᠤ ᠰᠤᠷᠭᠠᠭᠤᠯᠢ᠂ ᠬᠡᠤᠬᠡᠳ᠎ᠤᠨ ᠴᠡᠴᠡᠷᠯᠢᠭ ᠪᠣᠯᠤᠨ ᠡᠷᠡᠭᠦᠯ ᠬᠠᠮᠠᠭᠠᠯᠠᠯ᠎ᠤᠨ ᠬᠤᠷᠢᠶ᠎ᠠ᠎ᠳᠤ ᠳᠤᠬᠢᠷᠠᠭᠤᠯᠵᠤ᠂ ᠦᠨᠳᠦᠰᠦᠨ ᠱᠠᠲᠤᠨ᠎ᠤ ᠰᠤᠷᠭᠠᠨ ᠬᠥᠮᠦᠵᠢᠯ ᠡᠮ ᠡᠮᠨᠡᠯᠭᠡ ᠡᠷᠡᠭᠦᠯ ᠬᠠᠮᠠᠭᠠᠯᠠᠯ᠎ᠤᠨ ᠴᠢᠳᠠᠪᠤᠷᠢᠲᠠᠨ ᠳᠤᠲᠠᠭ᠍ᠳᠠᠵᠤ ᠪᠠᠢᠭ᠎ᠠ ᠬᠦᠴᠢᠷ ᠠᠰᠠᠭᠤᠳᠠᠯ᠎ᠢ ᠪᠦᠲᠦᠮᠵᠢᠲᠡᠶ ᠱᠢᠢᠳᠪᠦᠷᠢᠯᠡᠭ᠌ᠰᠡᠨ ᠠᠵᠢ᠃
ᠡᠢ᠎ᠡ ᠬᠦ᠌ ᠢᠳᠡᠪᠬᠢ ᠲᠦᠷᠦ᠎ᠶ᠋ᠢᠨ ᠪᠤᠳᠤᠯᠭ᠎ᠠ᠎ᠶ᠋ᠢᠨ ᠳᠠᠢᠴᠢᠯᠠᠯ ᠳᠤᠤᠷ᠎ᠠ ᠵᠠᠭᠦᠨᠭᠠᠷ ᠬᠤᠱᠢᠭᠤᠨ᠎ᠤ ᠣᠯᠠᠨ ᠵᠠᠯᠠᠭᠤᠴᠤᠳ ᠨᠤᠳᠤᠭ᠎ᠲᠠᠭᠠᠨ ᠪᠤᠴᠠᠵᠤ ᠱᠢᠨ᠎ᠡ ᠬᠡᠯᠪᠡᠷᠢ᠎ᠶ᠋ᠢᠨ ᠠᠵᠢᠯ ᠮᠡᠷᠭᠡᠵᠢᠯ᠎ᠤᠨ ᠮᠠᠯᠴᠢᠨ ᠲᠠᠷᠢᠶᠠᠴᠢᠨ ᠪᠣᠯᠵᠣ᠂ ᠨᠤᠳᠤᠭ ᠤᠰᠤᠨ᠎ᠤ᠎ᠪᠠᠨ ᠬᠦᠭ᠌ᠵᠢᠯᠳᠡ᠎ᠳᠤ ᠬᠦᠴᠦᠨ ᠴᠢᠳᠠᠯ᠎ᠢᠶᠠᠨ ᠡᠷᠭᠦᠵᠤ ᠶᠠᠪᠤᠨ᠎ᠠ᠃
ᠱᠢᠨ᠎ᠡ ᠬᠡᠯᠪᠡᠷᠢ᠎ᠶ᠋ᠢᠨ ᠠᠵᠢᠯ ᠮᠡᠷᠭᠡᠵᠢᠯ᠎ᠤᠨ ᠲᠠᠷᠢᠶᠠᠴᠢᠨ᠎ᠤ ᠡᠩᠨᠡᠭᠡ᠎ᠶ᠋ᠢ ᠪᠦᠷᠢᠯᠳᠦᠬᠦᠯᠵᠤ ᠪᠠᠢᠨ᠎ᠠ
ᠣᠢᠷ᠎ᠠ᠎ᠶ᠋ᠢᠨ ᠵᠢᠯ᠎ᠳᠤ᠂ ᠵᠡᠭᠦᠨᠭᠠᠷ ᠬᠤᠱᠢᠭᠤ ᠱᠢᠨ᠎ᠡ ᠬᠡᠯᠪᠡᠷᠢ᠎ᠶ᠋ᠢᠨ ᠮᠠᠯᠴᠢᠨ ᠲᠠᠷᠢᠶᠠᠴᠢᠨ᠎ᠤ ᠲᠤᠰᠭᠠᠶ ᠮᠡᠷᠭᠡᠵᠢᠯ᠎ᠤᠨ ᠪᠣᠯᠪᠠᠰᠤᠷᠠᠯ᠎ᠤᠨ ᠠᠩᠭᠢ ᠡᠷᠭᠢᠯᠡᠬᠦ᠌᠎ᠪᠠᠷ ᠳᠡᠮᠵᠢᠨ ᠮᠠᠯ ᠲᠠᠷᠢᠶ᠎ᠠ᠎ᠳᠤ ᠪᠠᠭ᠍ᠠᠳᠠᠢ᠂ ᠵᠤᠬᠢᠬᠤ ᠮᠡᠷᠭᠡᠵᠢᠯ᠎ᠲᠠᠢ᠂ ᠡᠵᠡᠩᠨᠡᠯᠲᠡ᠎ᠳᠤ ᠴᠢᠳᠠᠮᠠᠭᠠᠶ ᠪᠠᠢᠳᠠᠭ ᠱᠢᠨ᠎ᠡ ᠬᠡᠯᠪᠡᠷᠢ᠎ᠶ᠋ᠢᠨ ᠮᠠᠯᠴᠢᠨ ᠲᠠᠷᠢᠶᠠᠴᠢᠨ᠎ᠤ ᠡᠩᠨᠡᠭᠡ᠎ᠶ᠋ᠢ ᠬᠥᠮᠦᠵᠢᠭᠦᠯᠵᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠠᠮᠢᠵᠢᠷᠠᠯ᠎ᠤᠨ ᠬᠦᠴᠦᠨ ᠨᠡᠮᠡᠷᠢᠯᠡᠪᠡ᠃
ᠵᠡᠭᠦᠨᠭᠠᠷ ᠬᠤᠱᠢᠭᠤᠨ᠎ᠤ ᠱᠠᠭ᠍ᠳᠠᠷ ᠪᠠᠯᠭᠠᠰᠤ᠎ᠶ᠋ᠢᠨ ᠪᠠᠷᠠᠭᠤᠨ ᠰᠠᠩ ᠲᠣᠰᠭᠤᠨ᠎ᠤ ᠵᠠᠯᠠᠭᠤ ᠵᠣᠣ ᠬᠤᠩ ᠸᠧᠶ 2017 ᠣᠨ᠎ᠳᠤ ᠵᠡᠭᠦᠨᠭᠠᠷ ᠬᠤᠱᠢᠭᠤᠨ᠎ᠤ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ᠌ ᠲᠥᠪ᠎ᠤᠨ ᠪᠣᠯᠪᠠᠰᠤᠷᠠᠯ᠎ᠢᠶᠠᠷ ᠳᠡᠮᠵᠢᠨ ᠱᠢᠨ᠎ᠡ ᠬᠡᠯᠪᠡᠷᠢ᠎ᠶ᠋ᠢᠨ ᠠᠵᠢᠯ ᠮᠡᠷᠭᠡᠵᠢᠯ᠎ᠤᠨ ᠲᠠᠷᠢᠶᠠᠴᠢᠨ᠎ᠤ ᠬᠢᠷᠢ ᠬᠡᠮ᠎ᠤᠨ ᠦᠨᠡᠮᠯᠡᠯ ᠬᠦᠷᠳᠡᠵᠤ᠂ ᠳᠤᠰ ᠬᠤᠱᠢᠭᠤᠨ᠎ᠤ ᠠᠩᠬᠠᠨ᠎ᠤ ᠪᠦᠯᠦᠭ᠎ᠤᠨ ᠦᠨᠡᠮᠯᠡᠯ᠎ᠲᠠᠢ ᠱᠢᠨ᠎ᠡ ᠬᠡᠯᠪᠡᠷᠢ᠎ᠶ᠋ᠢᠨ ᠠᠵᠢᠯ ᠮᠡᠷᠭᠡᠵᠢᠯ᠎ᠤᠨ ᠲᠠᠷᠢᠶᠠᠴᠢᠨ ᠪᠣᠯᠵᠠᠢ᠃ ᠲᠡᠷᠡ ᠬᠤᠨᠢ ᠳᠡᠵᠢᠭᠡᠭᠦ᠌ ᠪᠠ ᠵᠢᠮᠢᠰ᠎ᠤᠨ ᠬᠦᠷᠢᠶᠡᠯᠡᠩ ᠪᠠᠢᠭᠤᠯᠬᠤ ᠠᠵᠢᠯ᠎ᠳᠤ ᠱᠢᠭᠤᠳᠤᠨ᠂ ᠦᠪᠡᠷ᠎ᠢᠶᠠᠨ ᠠᠭᠤᠯᠠᠨ ᠬᠦᠢᠯᠡᠰᠤ ᠳᠠᠷᠢᠵᠤ ᠶᠡᠭᠡ ᠠᠮᠵᠢᠯᠳᠠ᠎ᠲᠠᠢ ᠪᠤᠯᠤᠭ᠍ᠰᠠᠨ ᠪᠦᠭᠡᠳ 200 ᠭᠠᠷᠤᠢ ᠰᠠᠭᠤᠷᠢ ᠡᠭᠡ ᠬᠤᠨᠢ᠎ᠲᠠᠢ ᠪᠤᠯᠵᠤ᠂ ᠷᠦ᠋ ᠶᠤᠸᠠᠨ ᠲᠠᠷᠢᠵᠤ ᠲᠠᠵᠢᠬᠡᠬᠦ᠌ ᠳᠤᠰᠭᠠᠢ ᠬᠤᠷᠱᠢᠶ᠎ᠠ ᠪᠠᠢᠭᠤᠯᠵᠤ᠂ ᠳᠤᠰᠭᠤᠨ᠎ᠤ ᠠᠷᠠᠳ᠎ᠢᠶᠠᠨ ᠳᠠᠢᠴᠢᠯᠠᠨ ᠮᠠᠯ᠎ᠤᠨ ᠠᠱᠢᠭ ᠱᠢᠮ᠎ᠠ ᠳᠠᠷᠢᠶᠠᠯᠠᠩ᠎ᠤᠨ ᠪᠦᠳᠦᠭᠡᠭ᠌ᠳᠡᠭᠦᠨ᠎ᠢ ᠭᠠᠳᠠᠭ᠍ᠰᠢ ᠪᠤᠷᠤᠯᠠᠭᠤᠯᠵᠤ ᠪᠠᠢᠨ᠎ᠠ᠃ 《ᠪᠢ ᠦᠪᠡᠷ᠎ᠢᠶᠠᠨ ᠬᠢᠷᠢ ᠳᠡᠩᠴᠡᠭ᠌ᠰᠡᠨ ᠱᠢᠨ᠎ᠡ ᠬᠡᠯᠪᠡᠷᠢ᠎ᠶ᠋ᠢᠨ ᠠᠵᠢᠯ ᠮᠡᠷᠭᠡᠵᠢᠯ᠎ᠤᠨ ᠲᠠᠷᠢᠶᠠᠴᠢᠨ ᠪᠤᠯᠵᠠᠢ᠃ ᠲᠠᠷᠠᠭᠠᠴᠢ᠎ᠪᠠᠷ ᠳᠤᠰᠭᠠᠢ ᠬᠤᠷᠱᠢᠶ᠎ᠠ᠎ᠶ᠋ᠢᠨ ᠭᠡᠱᠢᠭᠦᠳ᠎ᠢᠶᠠᠨ ᠳᠠᠭᠠᠭᠤᠯᠤᠨ ᠪᠦᠬᠦᠨ᠎ᠢ ᠬᠢᠷᠢ ᠲᠡᠩᠴᠡᠭ᠌ᠰᠡᠨ ᠱᠢᠨ᠎ᠡ ᠬᠡᠯᠪᠡᠷᠢ᠎ᠶ᠋ᠢᠨ ᠠᠵᠢᠯ ᠮᠡᠷᠭᠡᠵᠢᠯ᠎ᠤᠨ ᠲᠠᠷᠢᠶᠠᠴᠢᠨ ᠪᠣᠯᠭᠠᠨ᠎ᠠ》 ᠭᠡᠵᠤ ᠵᠣᠣ ᠬᠤᠩ ᠸᠧᠶ ᠶᠠᠷᠢᠨ᠎ᠠ᠃ ᠲᠣᠰ ᠬᠤᠱᠢᠭᠤ ᠤᠷᠢᠳ ᠬᠤᠵᠢᠳ ᠱᠠᠭ᠍ᠳᠠᠷ ᠪᠠᠯᠭᠠᠰᠤ᠂ ᠯᠦᠩ ᠺᠸᠦ ᠪᠠᠯᠭᠠᠰᠤ᠂ ᠸᠧᠶ ᠵᠢᠶᠠ ᠮᠠᠤ ᠪᠠᠯᠭᠠᠰᠤ᠂ ᠱᠢᠷᠠᠯᠵᠢᠳᠠᠢ ᠱᠢᠶᠠᠩ᠎ᠳᠠᠭᠠᠨ ᠲᠠᠷᠢᠶᠠᠯᠠᠩ᠎ᠤᠨ ᠮᠡᠷᠭᠡᠵᠢᠯ᠎ᠤᠨ ᠪᠣᠯᠪᠠᠰᠤᠷᠠᠯ ᠡᠷᠬᠢᠯᠡᠵᠤ᠂ ᠵᠣᠣ ᠬᠤᠩ ᠸᠧᠶ ᠮᠡᠳᠤ᠎ᠶ᠋ᠢᠨ 500 ᠭᠠᠷᠤᠶ ᠬᠥᠳᠡᠭᠡ ᠲᠣᠰᠭᠤᠨ᠎ᠤ ᠴᠢᠳᠠᠪᠤᠷᠢᠲᠠᠨ᠂ ᠠᠵᠤ ᠦᠢᠯᠡᠰ᠎ᠤᠨ ᠡᠵᠡᠩᠨᠡᠭ᠌ᠴᠢ᠎ᠳᠤ ᠲᠤᠰᠭᠠᠢ ᠪᠤᠯᠪᠠᠰᠤᠷᠠᠯ ᠬᠦᠷᠳᠡᠭᠡᠵᠡᠢ᠃
ᠵᠡᠬᠦᠨᠭᠠᠷ ᠬᠤᠱᠢᠭᠤ ᠳᠠᠷᠢᠵᠤ ᠲᠡᠵᠢᠭᠡᠬᠦ᠌᠎ᠶ᠋ᠢ ᠤᠶᠠᠯᠳᠤᠭᠤᠯᠤᠭ᠍ᠰᠠᠨ ᠬᠡᠪᠴᠢᠶᠡᠵᠢᠭ᠌ᠰᠡᠨ ᠲᠣᠮᠣ ᠡᠷᠦᠬᠡ᠂ ᠳᠤᠰᠭᠠᠢ ᠬᠤᠷᠱᠢᠶ᠎ᠠ᠂ ᠠᠵᠤ ᠠᠬᠤᠢ᠍ᠢᠯᠠᠯ᠎ᠤᠨ ᠬᠠᠷᠢᠭᠤᠴᠠᠯᠭᠠᠲᠠᠨ ᠪᠤᠶᠤ ᠡᠵᠡᠩᠨᠡᠯᠲᠡ ᠬᠠᠮᠢᠶᠠᠷᠤᠯᠲᠠ᠎ᠶ᠋ᠢᠨ ᠠᠵᠢᠯᠲᠠᠨ᠂ ᠦᠢᠯᠡᠰ ᠪᠤᠰᠭᠠᠭ᠍ᠰᠠᠨ ᠣᠶᠤᠲᠠᠨ᠂ ᠨᠤᠲᠤᠭ᠎ᠲᠠᠭᠠᠨ ᠪᠤᠴᠠᠭ᠍ᠰᠠᠨ ᠬᠥᠯᠥᠰᠥᠨ ᠲᠠᠷᠢᠶᠠᠴᠢᠨ᠂ ᠴᠡᠷᠢᠭ᠎ᠠᠴᠠ ᠬᠠᠯᠠᠭ᠍ᠳᠠᠭ᠍ᠰᠠᠳ ᠵᠡᠷᠭᠡ ᠮᠠᠯ ᠠᠵᠤ ᠠᠬᠤᠶ ᠲᠠᠷᠢᠶᠠᠯᠠᠩ ᠡᠷᠭᠢᠯᠡᠵᠦ᠍ ᠪᠠᠢᠭ᠎ᠠ ᠵᠠᠯᠠᠭᠤ ᠢᠳᠡᠷᠴᠦᠳ᠎ᠲᠤ ᠬᠠᠨᠳᠤᠭᠤᠯᠤᠨ ᠵᠢᠯ ᠪᠦᠷᠢ 《6 + 3 + 4》 ᠵᠠᠭ᠍ᠪᠤᠷ᠎ᠤᠨ ᠪᠣᠯᠪᠠᠰᠤᠷᠠᠯ ᠬᠥᠮᠦᠵᠢᠯ᠎ᠤᠨ ᠠᠩᠭᠢ ᠡᠷᠭᠢᠯᠡᠵᠦ᠍᠂ ᠤᠨᠤᠯ᠎ᠤᠨ ᠬᠢᠴᠢᠶᠡᠯ ᠪᠠ ᠭᠠᠳᠠᠭ᠍ᠰᠢ ᠭᠠᠷᠴᠦ᠍ ᠳᠤᠭᠤᠷᠢᠨ ᠰᠤᠷᠤᠯᠴᠠᠬᠤ᠎ᠶ᠋ᠢ ᠤᠶᠠᠯᠳᠤᠭᠤᠯᠤᠨ ᠨᠤᠲᠤᠭ᠎ᠤᠨ ᠴᠢᠳᠠᠪᠤᠷᠢᠲᠠᠨ᠎ᠢ ᠬᠦᠮᠦᠵᠢᠭᠦᠯᠦᠨ ᠪᠣᠯᠪᠠᠰᠤᠷᠠᠭᠤᠯᠬᠤ ᠠᠵᠢᠯ᠎ᠢ ᠪᠥᠬᠦ᠌ ᠲᠠᠯ᠎ᠠ᠎ᠪᠠᠷ ᠠᠬᠢᠭᠤᠯᠵᠤ ᠪᠠᠢᠨ᠎ᠠ᠃ ᠨᠢᠳᠤᠨᠤᠨ ᠱᠢᠨ᠎ᠡ ᠬᠡᠯᠪᠡᠷᠢ᠎ᠶ᠋ᠢᠨ ᠮᠠᠯᠴᠢᠨ ᠲᠠᠷᠢᠶᠠᠴᠢᠨ᠎ᠢ ᠬᠦᠮᠦᠵᠢᠭᠦᠯᠬᠦ᠌ ᠲᠥᠷᠥᠯ ᠵᠦᠢᠯ᠎ᠢᠶᠠᠷ ᠳᠠᠮᠵᠢᠨ ᠱᠢᠨ᠎ᠡ ᠬᠡᠯᠪᠡᠷᠢ᠎ᠶ᠋ᠢᠨ ᠮᠠᠯ ᠠᠵᠤ ᠠᠬᠤᠶ ᠲᠠᠷᠢᠶᠠᠯᠠᠩ᠎ᠤᠨ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ 656 ᠳᠠᠭᠠᠭᠤᠯᠤᠭ᠍ᠴᠢ᠎ᠶ᠋ᠢ ᠬᠥᠮᠦᠵᠢᠭᠦᠯᠪᠡ᠃ ᠮᠠᠯ ᠠᠵᠤ ᠠᠬᠤᠶ ᠲᠠᠷᠢᠶᠠᠯᠠᠩ᠎ᠤᠨ ᠬᠡᠷᠡᠭ᠌ᠯᠡᠭᠡᠨ᠎ᠤ ᠮᠡᠷᠭᠡᠵᠢᠯ᠎ᠤᠨ ᠪᠣᠯᠪᠠᠰᠤᠷᠠᠯ᠎ᠢ 20 ᠬᠤᠭᠤᠴᠠᠭ᠎ᠠ ᠡᠷᠬᠢᠯᠡᠵᠤ᠂ 2300 ᠭᠠᠷᠤᠢ ᠲᠠᠷᠢᠶᠠᠴᠢᠨ᠎ᠳᠤ ᠲᠤᠰᠭᠠᠢ ᠪᠤᠯᠪᠠᠰᠤᠷᠠᠯ ᠬᠦᠷᠳᠡᠬᠡᠪᠡ᠃
ᠬᠥᠳᠡᠭᠡ ᠲᠣᠰᠭᠤᠨ᠎ᠤ ᠴᠢᠳᠠᠪᠤᠷᠢᠲᠠᠨ᠎ᠤ ᠪᠣᠭᠤᠮᠢ᠎ᠶ᠋ᠢᠨ ᠬᠢᠵᠠᠭᠠᠷᠯᠠᠯ᠎ᠢ ᠱᠢᠢᠳᠪᠦᠷᠢᠯᠡᠬᠦ᠌᠎ᠳᠤ ᠡᠷᠬᠡᠪᠰᠢ ᠲᠤᠰ ᠭᠠᠵᠠᠷ ᠣᠷᠣᠨ᠎ᠤ᠎ᠪᠠᠨ ᠴᠢᠳᠠᠪᠤᠷᠢᠲᠠᠨ᠎ᠤ ᠳᠠᠪᠠᠭᠤᠯᠢᠭ᠎ᠢ ᠪᠠᠳᠠᠷᠠᠭᠤᠯᠬᠤ ᠴᠢᠬᠤᠯᠠᠳᠠᠢ᠃ ᠵᠡᠬᠦᠨᠭᠠᠷ ᠬᠤᠱᠢᠭᠤᠨ᠎ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠳᠤᠰᠭᠤᠨ ᠮᠠᠯᠵᠢᠬᠤ ᠤᠷᠤᠨ᠎ᠤ ᠲᠣᠪᠴᠢᠶ᠎ᠠ ᠪᠠᠰᠠ ᠲᠤᠰᠭᠠᠶ ᠮᠡᠷᠭᠡᠵᠢᠯᠲᠡᠨ᠎ᠤ ᠪᠦᠯᠬᠦᠮ᠎ᠢ ᠵᠣᠬᠢᠶᠠᠨ ᠪᠠᠢᠭᠤᠯᠵᠤ᠂ ᠪᠣᠯᠪᠠᠰᠤᠷᠠᠯ᠎ᠳᠤ ᠣᠷᠣᠯᠴᠠᠭ᠍ᠰᠠᠨ ᠠᠵᠢᠯ ᠮᠡᠷᠭᠡᠵᠢᠯ᠎ᠤᠨ ᠮᠠᠯᠴᠢᠨ ᠲᠠᠷᠢᠶᠠᠴᠢᠨ᠎ᠳᠤ ᠦᠢᠯᠡᠴᠢᠯᠡᠭᠡ ᠬᠠᠩᠭᠠᠨ᠂ ᠲᠡᠳᠡᠨ᠎ᠤ ᠠᠵᠤ ᠦᠢᠯᠡᠰ᠎ᠤᠨ ᠬᠥᠭ᠌ᠵᠢᠯᠲᠡ᠎ᠶ᠋ᠢᠨ ᠳᠤᠮᠳᠠ ᠲᠣᠬᠢᠶᠠᠯᠳᠤᠭ᠍ᠰᠠᠨ ᠬᠠᠮᠢᠶᠠᠷᠤᠯᠲᠠ ᠪᠠ ᠮᠡᠷᠭᠡᠵᠢᠯ᠎ᠤᠨ ᠠᠰᠠᠭᠤᠳᠠᠯ᠎ᠢ ᠲᠤᠬᠠᠶ᠎ᠶ᠋ᠢᠨ ᠲᠠᠯᠠᠪᠤᠷᠲᠤᠨᠢ ᠱᠢᠢᠳᠪᠦᠷᠢᠯᠡᠨ ᠦᠭ᠌ᠴᠦ ᠪᠠᠢᠨ᠎ᠠ᠃ ᠳᠤᠰ ᠬᠤᠱᠢᠭᠤ ᠮᠠᠯ ᠠᠵᠤ ᠠᠬᠤᠶ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ 41 ᠣᠨᠴᠠ ᠲᠣᠮᠢᠯᠠᠭ᠍ᠴᠢ ᠳᠤᠮᠢᠯᠠᠨ ᠲᠠᠷᠢᠶᠠᠯᠠᠬᠤ ᠡᠷᠦᠬᠡ ᠵᠢᠴᠢ ᠲᠠᠷᠢᠶᠠᠨ ᠭᠠᠵᠠᠷ᠎ᠲᠤ ᠭᠦᠨᠵᠡᠭᠡᠢᠷᠡᠭᠦᠯᠵᠤ ᠮᠠᠯ ᠠᠵᠤ ᠠᠬᠤᠶ ᠲᠠᠷᠢᠶᠠᠯᠠᠩ᠎ᠤᠨ ᠦᠢᠯᠡᠳᠪᠦᠷᠢᠯᠡᠯ᠎ᠢ ᠵᠢᠯᠣᠭᠤᠳᠤᠭᠤᠯᠪᠠ᠃ ᠤᠳᠤᠬᠠᠨ ᠪᠤᠯᠳᠠᠯ᠎ᠠ 《ᠵᠠᠭᠤᠨ ᠲᠤᠰᠭᠠᠶ ᠮᠡᠷᠭᠡᠵᠢᠯᠲᠡᠨ ᠦᠨᠳᠦᠰᠦᠨ ᠱᠠᠲᠤᠨ᠎ᠳᠤ ᠦᠢᠯᠡᠴᠢᠯᠡᠬᠦ᠌》 ᠠᠵᠢᠯᠯᠠᠭ᠎ᠠ᠎ᠪᠠᠷ ᠲᠠᠮᠵᠢᠨ 50 ᠪᠦᠯᠦᠭ ᠲᠤᠰᠭᠠᠶ ᠮᠡᠷᠭᠡᠵᠢᠯᠲᠡᠨ᠎ᠢ ᠰᠣᠩᠭᠤᠨ 1500 ᠭᠠᠷᠤᠢ ᠲᠠᠷᠢᠶᠠᠴᠢᠨ᠎ᠳᠤ ᠲᠤᠰᠭᠠᠢ ᠦᠢᠯᠡᠴᠢᠯᠡᠭᠡ ᠬᠠᠩᠭᠠᠪᠠ᠃
《2017 ᠣᠨ᠎ᠠᠴᠠ ᠡᠬᠢᠯᠡᠨ ᠵᠠᠯᠭᠠᠭ᠎ᠠ᠎ᠪᠠᠷ ᠳᠥᠷᠪᠡᠨ ᠵᠢᠯ ᠪᠤᠯᠪᠠᠰᠤᠷᠠᠯ ᠬᠦᠮᠦᠵᠢᠯ ᠪᠤᠶᠤ ᠳᠤᠷᠱᠢᠯᠭ᠎ᠠ ᠰᠣᠯᠢᠯᠴᠠᠬᠤ ᠠᠵᠢᠯᠯᠠᠭ᠎ᠠ᠎ᠳᠤ ᠤᠷᠤᠯᠴᠠᠵᠤ ᠥᠪᠡᠷ᠎ᠤᠨ ᠬᠦᠷᠦᠯᠴᠡᠬᠦ᠌ ᠦᠭᠡᠢ ᠲᠠᠯ᠎ᠠ᠎ᠪᠠᠨ ᠠᠭᠠᠵᠢᠮ᠎ᠢᠶᠠᠷ ᠨᠦᠭᠦᠪᠦᠷᠢᠯᠡᠵᠡᠢ᠃ ᠤᠳᠤ ᠮᠠᠨ᠎ᠤ᠎ᠬᠢᠨ᠎ᠤ ᠠᠵᠤ ᠦᠢᠯᠡᠰ ᠨᠡᠯᠢᠶᠡᠳ ᠶᠡᠭᠡ ᠬᠡᠪᠴᠢᠶ᠎ᠠ᠎ᠲᠠᠢ ᠪᠤᠯᠵᠤ᠂ ᠵᠠᠬ᠎ᠠ ᠳᠡᠯᠭᠡᠭᠦᠷ᠎ᠤᠨ ᠪᠣᠷᠣᠯᠠᠭᠤᠯᠭ᠎ᠠ ᠴᠤ᠌ ᠥᠷᠭᠡᠵᠢᠵᠤ ᠪᠠᠢᠨ᠎ᠠ᠂ ᠬᠤᠢᠱᠢᠳᠠ ᠪᠢ ᠡᠷᠬᠢᠨ ᠲᠣᠭᠤᠷᠢᠨ᠎ᠤ ᠨᠡᠩ ᠤᠯᠠᠨ ᠲᠠᠷᠢᠶᠠᠴᠢᠨ᠎ᠢ ᠲᠠᠢᠴᠢᠯᠠᠨ ᠬᠠᠮᠲᠤ᠎ᠪᠠᠷ ᠬᠥᠭ᠌ᠵᠢᠵᠤ ᠬᠠᠮᠳᠤ᠎ᠪᠠᠷ ᠪᠠᠶᠠᠵᠢᠨ᠎ᠠ》 ᠭᠡᠵᠦ᠍ ᠵᠤᠤ ᠬᠤᠩ ᠸᠧᠢ ᠢᠳᠡᠭᠡᠯ ᠳᠡᠭᠦᠯᠳᠡᠷ ᠶᠠᠷᠢᠨ᠎ᠠ᠃
《ᠲᠦᠷᠦᠭᠦᠴᠢ ᠭᠠᠯᠠᠭᠤ》 ᠠᠵᠤ ᠦᠢᠯᠡᠰ᠎ᠤᠨ ᠬᠥᠭ᠌ᠵᠢᠯᠲᠡ᠎ᠶ᠋ᠢ ᠳᠠᠢᠴᠢᠯᠠᠵᠤ ᠪᠠᠢᠨ᠎ᠠ
ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠬᠦ᠌ ᠳᠤᠮᠳᠠ ᠵᠡᠭᠦᠨᠭᠠᠷ ᠬᠤᠱᠢᠭᠤ 《ᠲᠦᠷᠦᠭᠦᠴᠢ ᠭᠠᠯᠠᠭᠤ》 ᠶ᠋ᠢᠨ ᠵᠢᠱ᠌ᠢᠶ᠎ᠡ ᠦᠵᠡᠭᠦᠯᠵᠦ᠍ ᠳᠠᠢᠴᠢᠯᠠᠬᠤ ᠦᠢᠯᠡᠳᠦᠯ᠎ᠢ ᠪᠠᠳᠠᠷᠠᠭᠤᠯᠤᠨ᠂ ᠬᠥᠳᠡᠭᠡ ᠲᠣᠰᠭᠤᠨ᠎ᠤ ᠪᠠᠶᠠᠵᠢᠭ᠍ᠰᠠᠨ ᠴᠢᠳᠠᠪᠤᠷᠢᠲᠠᠳ ᠲᠦᠷᠦᠭᠦᠯᠡᠨ ᠳᠤᠰᠭᠠᠢ ᠬᠤᠷᠱᠢᠶ᠎ᠠ ᠪᠠᠢᠭᠤᠯᠬᠤ᠎ᠶ᠋ᠢ ᠵᠣᠷᠢᠭ᠍ᠵᠢᠭᠤᠯᠤᠨ ᠵᠢᠯᠣᠭᠤᠳᠴᠤ᠌᠂ ᠡᠷᠬᠢᠨ ᠲᠣᠭᠤᠷᠢᠨ᠎ᠤ ᠬᠦᠴᠢᠷᠳᠡᠯᠲᠡᠢ ᠤᠯᠠᠨ ᠲᠦᠮᠡᠨ᠎ᠤ ᠤᠨᠴᠠᠯᠢᠬ᠍ᠳᠤ ᠠᠵᠤ ᠦᠢᠯᠡᠰ᠎ᠢ ᠬᠥᠭ᠌ᠵᠢᠭᠦᠯᠬᠦ᠌᠎ᠶ᠋ᠢ ᠳᠠᠢᠴᠢᠯᠠᠬ᠍ᠰᠠᠨ ᠪᠠᠢᠨ᠎ᠠ᠃
ᠣᠷᠳᠣᠰ ᠬᠤᠲᠠ᠎ᠶ᠋ᠢᠨ ᠯᠢᠦᠢ ᠷᠦᠨ ᠠᠮᠢ ᠠᠬᠤᠶ᠎ᠶ᠋ᠢᠨ ᠮᠠᠯ ᠠᠵᠤ ᠠᠬᠤᠶ ᠲᠠᠷᠢᠶᠠᠯᠠᠩ᠎ᠤᠨ ᠨᠡᠭᠡᠭᠡᠨ ᠬᠥᠭ᠌ᠵᠢᠭᠦᠯᠦᠯᠲᠡ᠎ᠶ᠋ᠢᠨ ᠬᠢᠵᠠᠭᠠᠷᠲᠤ ᠺᠣᠮᠫᠠᠨᠢ᠎ᠶ᠋ᠢᠨ ᠬᠠᠷᠢᠭᠤᠴᠠᠯᠭᠠᠲᠠᠨ ᠸᠠᠩ ᠷᠦᠢ ᠪᠤᠯ ᠵᠡᠬᠦᠨᠭᠠᠷ ᠬᠤᠱᠢᠭᠤᠨ᠎ᠤ 2017 ᠣᠨ᠎ᠤ ᠬᠦᠮᠦᠵᠢᠯ ᠪᠣᠯᠪᠠᠰᠤᠷᠠᠯ᠎ᠤᠨ ᠠᠩᠭᠢ᠎ᠶ᠋ᠢᠨ ᠠᠩᠬᠠᠨ᠎ᠤ ᠪᠦᠯᠦᠭ᠎ᠤᠨ ᠰᠤᠷᠤᠭ᠍ᠴᠢᠳ᠎ᠤᠨ ᠨᠢᠬᠡ ᠪᠤᠯᠬᠤ ᠶᠤᠮ᠃ ᠳᠡᠭᠦᠨ᠎ᠤ ᠪᠠᠢᠭᠤᠯᠤᠭ᠍ᠰᠠᠨ ᠺᠣᠮᠫᠠᠨᠢ᠎ᠨᠢ ᠠᠮᠢ ᠠᠬᠤᠢ᠎ᠶ᠋ᠢᠨ ᠳᠠᠬᠢᠶ᠎ᠠ ᠲᠡᠵᠢᠭᠡᠬᠦ᠂ ᠬᠤᠪᠣᠷ ᠵᠢᠭᠦᠷᠲᠡᠨ᠎ᠢ ᠲᠡᠵᠢᠭᠡᠨ ᠦᠷᠡᠵᠢᠭᠦᠯᠬᠦ᠌᠎ᠪᠠᠷ ᠭᠤᠣᠯ ᠪᠣᠯᠭᠠᠵᠤ᠂ ᠬᠤᠷᠢᠶᠠᠭ᠍ᠰᠠᠨ ᠵᠢᠭᠦᠷᠳᠡᠨ᠎ᠤ ᠥᠨᠳᠡᠭᠡ᠎ᠨᠢ ᠤᠷᠢᠳ ᠬᠤᠵᠢᠳ ᠤᠯᠤᠰ᠎ᠤᠨ ᠬᠥᠳᠡᠭᠡ ᠠᠵᠤ ᠠᠬᠤᠢ᠎ᠶ᠋ᠢᠨ ᠶᠠᠮᠤᠨ᠎ᠤ 《ᠪᠣᠬᠢᠷᠲᠤᠯ ᠦᠭᠡᠢ》 ᠲᠠᠷᠢᠶᠠᠯᠠᠩ᠎ᠤᠨ ᠪᠦᠲᠦᠭᠡᠭ᠌ᠳᠡᠬᠦᠨ᠎ᠤ ᠭᠡᠷᠡᠴᠢᠯᠡᠯ ᠵᠢᠴᠢ ᠥᠪᠡᠷᠲᠡᠭᠡᠨ ᠵᠠᠰᠠᠬᠤ ᠣᠷᠣᠨ᠎ᠤ 《ᠪᠣᠬᠢᠷᠲᠤᠯ ᠦᠭᠡᠢ ᠲᠠᠷᠢᠶᠠᠯᠠᠩ᠎ᠤᠨ ᠪᠦᠲᠦᠭᠡᠭ᠌ᠳᠡᠬᠦᠨ᠎ᠤ ᠭᠠᠷᠤᠯᠲᠠ᠎ᠶ᠋ᠢᠨ ᠣᠷᠣᠨ》 ᠤ ᠭᠡᠷᠡᠴᠢᠯᠡᠯ᠎ᠢ ᠤᠯᠵᠤ᠂ 2019 ᠣᠨ᠎ᠳᠤ ᠤᠷᠳᠤᠰ ᠬᠤᠳᠠ᠎ᠶ᠋ᠢᠨ ᠵᠠᠰᠠᠭ᠎ᠤᠨ ᠣᠷᠳᠣᠨ᠎ᠳᠤ ᠮᠠᠯ ᠠᠵᠤ ᠠᠬᠤᠢ ᠲᠠᠷᠢᠶᠠᠯᠠᠩ᠎ᠤᠨ ᠠᠵᠤ ᠦᠢᠯᠡᠰᠵᠢᠯᠲᠡ᠎ᠶ᠋ᠢᠨ ᠭᠤᠣᠯᠳᠠᠯᠭ᠎ᠠ᠎ᠲᠠᠢ ᠲᠠᠭᠠᠭᠤᠯᠤᠭ᠍ᠴᠢ ᠠᠵᠤ ᠠᠬᠤᠢ᠍ᠢᠯᠠᠯ᠎ᠢᠶᠠᠷ ᠦᠨᠡᠯᠡᠭ᠌ᠳᠡᠭ᠌ᠰᠡᠨ ᠪᠠᠢᠨ᠎ᠠ᠃ ᠸᠠᠩ ᠷᠦᠢ ᠺᠣᠮᠫᠠᠨᠢ᠎ᠪᠠᠨ ᠬᠥᠭ᠌ᠵᠢᠭᠦᠯᠬᠦ᠌᠎ᠶ᠋ᠢᠨ ᠬᠠᠮᠲᠤ ᠤᠷᠢᠳ ᠬᠤᠵᠢᠳ ᠡᠷᠬᠢᠨ ᠲᠣᠭᠤᠷᠢᠨ᠎ᠤ ᠮᠠᠯᠴᠢᠨ ᠲᠠᠷᠢᠶᠠᠴᠢᠨ᠂ ᠳᠤᠰᠭᠠᠢ ᠬᠤᠷᠱᠢᠶ᠎ᠠ᠂ ᠠᠮᠢ ᠠᠬᠤᠢ᠎ᠶ᠋ᠢᠨ ᠡᠳ᠋ᠯᠡᠩ᠎ᠤᠨ 1800 ᠱᠢᠬᠠᠮ ᠡᠷᠦᠭᠡ᠎ᠶ᠋ᠢ ᠳᠠᠢᠴᠢᠯᠠᠨ ᠠᠮᠢ ᠠᠬᠤᠢ᠎ᠶ᠋ᠢᠨ ᠲᠠᠬᠢᠶ᠎ᠠ ᠳᠡᠵᠢᠭᠡᠭᠦ᠌ ᠦᠢᠯᠡᠰ᠎ᠢ ᠬᠥᠭ᠌ᠵᠢᠭᠦᠯᠵᠦ᠍᠂ 《ᠺᠣᠮᠫᠠᠨᠢ + ᠳᠤᠰᠭᠠᠢ ᠬᠤᠷᠱᠢᠶ᠎ᠠ + ᠲᠠᠷᠢᠶᠠᠯᠠᠬᠤ ᠡᠷᠦᠭᠡ》 ᠶ᠋ᠢᠨ ᠪᠣᠬᠢᠷᠲᠤᠯ ᠦᠭᠡᠢ ᠦᠷᠭᠦᠯᠵᠢᠯᠡᠬᠦ᠌ ᠬᠥᠭ᠌ᠵᠢᠯᠲᠡ᠎ᠶ᠋ᠢᠨ ᠵᠠᠭ᠍ᠪᠤᠷ᠎ᠢ ᠪᠦᠷᠢᠯᠳᠦᠭᠦᠯᠵᠡᠢ᠃
ᠵᠡᠭᠦᠨᠭᠠᠷ ᠬᠤᠱᠢᠭᠤ ᠮᠠᠯᠵᠢᠬᠤ ᠲᠠᠷᠢᠶᠠᠯᠠᠬᠤ ᠣᠷᠣᠨ᠎ᠤ ᠳᠠᠭᠠᠭᠤᠯᠤᠭ᠍ᠴᠢ᠎ᠶ᠋ᠢ ᠬᠥᠮᠦᠵᠢᠭᠦᠯᠬᠦ᠌ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠨᠢᠳᠤᠨᠤᠨ ᠬᠦᠳᠡᠭᠡ ᠳᠤᠰᠭᠤᠨ᠎ᠤ 5 ᠪᠠᠶᠠᠵᠢᠯ᠎ᠤᠨ ᠵᠠᠯᠠᠭᠤ ᠳᠠᠭᠠᠭᠤᠯᠤᠭ᠍ᠴᠢ᠂ ᠱᠢᠨ᠎ᠡ ᠬᠡᠯᠪᠡᠷᠢ᠎ᠶ᠋ᠢᠨ ᠠᠵᠢᠯ ᠮᠡᠷᠭᠡᠵᠢᠯ᠎ᠤᠨ 10 ᠭᠠᠷᠮᠠᠭᠠᠢ ᠲᠠᠷᠢᠶᠠᠴᠢᠨ ᠵᠢᠴᠢ ᠡᠯ᠎ᠡ ᠲᠥᠷᠥᠯ᠎ᠤᠨ ᠲᠠᠷᠢᠮᠠᠯ᠎ᠤᠨ ᠴᠢᠳᠠᠪᠤᠷᠢᠲᠠᠨ᠂ ᠨᠤᠲᠤᠭ᠎ᠲᠠᠭᠠᠨ ᠪᠤᠴᠠᠨ ᠦᠢᠯᠡᠰ ᠪᠤᠰᠭᠠᠭ᠍ᠰᠠᠨ ᠲᠠᠷᠢᠶᠠᠴᠢᠨ᠂ ᠨᠤᠳᠤᠭ᠎ᠤᠨ ᠮᠡᠷᠭᠡᠵᠢᠯᠲᠡᠨ ᠵᠡᠷᠭᠡ 100 ᠬᠥᠮᠦᠨ᠎ᠢ ᠬᠥᠮᠦᠵᠢᠭᠦᠯᠦᠨ ᠱᠢᠯᠭᠠᠷᠠᠭᠤᠯᠵᠠᠢ᠃ ᠪᠠᠰᠠ ᠲᠣᠰᠭᠤᠨ᠎ᠳᠤ ᠰᠠᠭᠤᠭ᠎ᠠ ᠠᠵᠢᠯᠯᠠᠬᠤ ᠠᠩᠬᠢ᠎ᠶ᠋ᠢᠨ 《ᠨᠢᠭᠡᠳᠦᠭᠡᠷ ᠱᠦᠵᠢ》 ᠪᠣᠯᠤᠨ ᠬᠡᠱᠢᠭᠦᠨᠢ 528 ᠰᠣᠩᠭᠤᠨ ᠳᠤᠮᠢᠯᠠᠪᠠ᠃ ᠡᠭᠦᠨ᠎ᠤ ᠬᠠᠮᠲᠤ᠌᠂ ᠠᠵᠤ ᠦᠢᠯᠡᠰ᠎ᠤᠨ ᠬᠥᠭ᠌ᠵᠢᠯᠲᠡ᠎ᠶ᠋ᠢᠨ ᠳᠠᠭᠠᠭᠤᠯᠤᠭ᠍ᠴᠢ ᠨᠠᠷ᠎ᠤᠨ ᠲᠠᠷᠢᠶᠠᠴᠢᠳ᠎ᠢ ᠳᠠᠢᠴᠢᠯᠠᠨ ᠣᠷᠣᠯᠭ᠎ᠠ᠎ᠶ᠋ᠢ᠎ᠨᠢ ᠨᠡᠮᠡᠭ᠌ᠳᠡᠭᠦᠯᠬᠦ᠌᠎ᠶ᠋ᠢ ᠵᠣᠷᠢᠭ᠍ᠵᠢᠭᠤᠯᠵᠤ᠂ 《ᠠᠵᠤ ᠠᠬᠤᠢ᠍ᠢᠯᠠᠯ + ᠨᠠᠮ᠎ᠤᠨ ᠡᠭᠦᠷ + ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ + ᠲᠠᠷᠢᠶᠠᠯᠠᠬᠤ ᠡᠷᠦᠬᠡ》 ᠶ᠋ᠢᠨ ᠠᠱᠢᠭ ᠲᠤᠰᠠ᠎ᠶ᠋ᠢᠨ ᠬᠤᠯᠪᠣᠭᠠᠨ᠎ᠤ ᠲᠣᠭ᠍ᠲᠠᠴᠠ᠎ᠪᠠᠷ ᠭᠠᠷᠳᠠᠴᠠ ᠪᠣᠯᠭᠠᠵᠤ᠂ 《ᠵᠠᠭᠤᠨ ᠠᠵᠤ ᠠᠬᠤᠢ᠍ᠢᠯᠠᠯ ᠵᠠᠭᠤᠨ ᠲᠣᠰᠭᠤᠨ᠎ᠢ ᠬᠠᠪᠰᠤᠷᠬᠤ》 ᠪᠠᠷ ᠠᠵᠠ ᠲᠣᠬᠢᠶᠠᠯ ᠪᠤᠯᠭᠠᠨ ᠳᠠᠭᠠᠭᠤᠯᠤᠭ᠍ᠴᠢ᠂ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠂ ᠳᠠᠭᠠᠭᠤᠯᠤᠭ᠍ᠴᠢ ᠠᠵᠤ ᠠᠬᠤᠢ᠍ᠢᠯᠠᠯ ᠵᠡᠷᠭᠡ᠎ᠶ᠋ᠢᠨ ᠵᠢᠱ᠌ᠢᠶ᠎ᠡ ᠦᠵᠡᠭᠦᠯᠵᠤ ᠳᠠᠢᠴᠢᠯᠠᠬᠤ ᠦᠢᠯᠡᠳᠦᠯ᠎ᠢ ᠪᠠᠳᠠᠷᠠᠭᠤᠯᠤᠨ 6 ᠬᠤᠯᠪᠣᠭᠠᠲᠤ ᠴᠣᠭ᠍ᠴᠠ᠎ᠶ᠋ᠢ ᠪᠦᠷᠢᠯᠳᠦᠭᠦᠯᠵᠤ᠂ ᠲᠠᠷᠢᠶᠠᠯᠠᠬᠤ ᠡᠷᠦᠬᠡ ᠬᠢᠬᠡᠳ ᠠᠵᠤ ᠠᠬᠤᠢ᠍ᠢᠯᠠᠯ᠎ᠤᠨ ᠠᠱᠢᠭ ᠲᠤᠰᠠ᠎ᠶ᠋ᠢᠨ ᠨᠢᠭ᠍ᠲᠠ ᠬᠤᠯᠪᠣᠭᠠᠨ᠎ᠤ ᠬᠠᠷᠢᠴᠠᠯ᠎ᠢ 71% ᠳᠤ ᠬᠦᠷᠭᠡᠪᠡ᠃ ᠣᠲᠣ ᠮᠠᠯ ᠠᠵᠤ ᠠᠬᠤᠶ ᠲᠠᠷᠢᠶᠠᠯᠠᠩ᠎ᠤᠨ 1619 ᠳᠤᠰᠭᠠᠢ ᠬᠤᠷᠱᠢᠶ᠎ᠠ᠂ 670 ᠬᠡᠷ ᠪᠦᠯᠢ᠎ᠶ᠋ᠢᠨ ᠲᠠᠷᠢᠶᠠᠯᠠᠩ ᠮᠠᠯᠵᠢᠯ᠎ᠤᠨ ᠲᠠᠯᠠᠪᠠᠶ᠎ᠲᠠᠢ ᠪᠤᠯᠤᠭ᠍ᠰᠠᠨ ᠪᠢᠯᠡ᠃
ᠵᠡᠭᠦᠨᠭᠠᠷ ᠬᠤᠱᠢᠭᠤᠨ᠎ᠤ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ 《ᠴᠢᠳᠠᠪᠤᠷᠢᠲᠠᠨ᠎ᠤ ᠵᠤᠷ》 ᠨᠢ ᠱᠢᠨ᠎ᠡ ᠴᠠᠭ ᠦᠶ᠎ᠡ᠎ᠶ᠋ᠢᠨ ᠨᠢᠭᠡ ᠪᠦᠯᠦᠭ ᠱᠢᠨ᠎ᠡ ᠬᠡᠯᠪᠡᠷᠢ᠎ᠶ᠋ᠢᠨ ᠲᠠᠷᠢᠶᠠᠴᠢᠳ᠎ᠢ ᠥᠨᠳᠥᠷ ᠬᠡᠪ ᠪᠣᠯᠪᠠᠰᠤᠷᠠᠯ᠎ᠲᠠᠢ ᠲᠠᠷᠢᠶᠠᠴᠢᠨ ᠪᠤᠯᠭᠠᠨ ᠬᠦᠮᠦᠵᠢᠭᠦᠯᠵᠤ᠂ ᠮᠠᠯ ᠠᠵᠤ ᠠᠬᠤᠢ ᠳᠠᠷᠢᠶᠠᠯᠠᠩ᠎ᠤᠨ ᠠᠵᠤ ᠦᠢᠯᠡᠰ᠎ᠤᠨ ᠪᠦᠲᠦᠴᠡ᠎ᠶ᠋ᠢ ᠲᠤᠬᠢᠷᠠᠭᠤᠯᠬᠤ ᠪᠠ ᠬᠥᠳᠡᠭᠡ ᠲᠣᠰᠭᠤᠨ᠎ᠤ ᠠᠵᠤ ᠦᠢᠯᠡᠰ᠎ᠢ ᠳᠡᠰ ᠳᠡᠪᠱᠢᠭᠦᠯᠬᠦ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠ ᠬᠦᠳᠡᠭᠡ ᠲᠤᠰᠭᠤᠨ ᠮᠠᠯ ᠠᠵᠤ ᠠᠬᠤᠢ ᠳᠠᠷᠢᠶᠠᠯᠠᠩ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠬᠦᠴᠦᠨ ᠪᠦᠬᠦᠢ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠪᠠ᠃ ᠤᠯᠠᠨ ᠲᠠᠯ᠎ᠠ᠎ᠶ᠋ᠢᠨ ᠴᠢᠳᠠᠪᠤᠷᠢᠳᠠᠨ ᠵᠠᠮ ᠨᠡᠭᠡᠭᠡᠨ ᠱᠢᠨ᠎ᠡ᠎ᠶ᠋ᠢ ᠡᠭᠦᠳᠤᠨ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠱᠢᠨ᠎ᠡ ᠲᠠᠭᠠᠭᠤᠯᠤᠭ᠍ᠴᠢ ᠬᠦᠴᠦᠨ ᠪᠤᠯᠵᠤ᠂ ᠲᠠᠳᠠ ᠨᠠᠷ᠎ᠤᠨ ᠱᠢᠨ᠎ᠡ ᠣᠢᠯᠠᠭᠠᠭ᠍ᠳᠠᠬᠤᠨ ᠪᠠ ᠠᠵᠢᠯᠯᠠᠭᠠᠨ᠎ᠤ ᠱᠢᠨ᠎ᠠ ᠵᠠᠭ᠍ᠪᠤᠷ᠎ᠨᠢ ᠨᠤᠳᠤᠭ ᠤᠰᠤᠨ᠎ᠤ᠎ᠪᠠᠨ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠲᠦᠯᠬᠢᠴᠡ ᠬᠦᠴᠦᠨ ᠪᠤᠯᠵᠤ ᠪᠠᠢᠨ᠎ᠠ᠃