ᠪᠡᠭᠡᠵᠢᠩ᠎ᠠᠴᠠ ᠢᠷᠡᠭ᠌ᠰᠡᠨ 《ᠡᠷᠡᠬᠦᠯ ᠮᠡᠨᠳᠤ᠎ᠶ᠋ᠢᠨ ᠡᠯᠴᠢᠨ》
2021-09-11 10:41:38
ᠵᠣᠬᠢᠶᠠᠭ᠍ᠴᠢ᠄
ᠪᠤᠤ ᠴᠢᠩ ᠱᠧᠩ
ᠣᠩᠱᠢᠭ᠍ᠰᠠᠨ ᠣᠳᠠᠭ᠎ᠠ᠄
★★★☆☆

ᠪᠡᠭᠡᠵᠢᠩ᠎ᠠᠴᠠ ᠢᠷᠡᠭ᠌ᠰᠡᠨ ᠳ᠋ᠢᠩ ᠡᠮᠴᠢ᠎ᠪᠠᠷ ᠦᠵᠡᠬᠦᠯᠦᠶ᠎ᠡ; ᠶᠠᠩ ᠡᠮᠴᠢ᠎ᠶ᠋ᠢᠨ ᠳᠡᠨᠳᠡ ᠳ᠋ᠤᠭᠠᠷᠯᠠᠭᠠᠳ ᠥᠭ᠌ᠭᠦᠭᠡᠷᠡᠢ ᠁ ᠬᠤᠷᠴᠢᠨ ᠵᠡᠭᠦᠨ ᠭᠠᠷᠤᠨ ᠳᠤᠮᠳᠠᠳᠤ ᠬᠤᠱᠢᠭᠤᠨ᠎ᠤ ᠠᠷᠠᠳ᠎ᠤᠨ ᠡᠮᠨᠡᠯᠭᠡ᠎ᠶ᠋ᠢᠨ ᠬᠤᠷᠢᠶᠠᠨ᠎ᠤ ᠳ᠋ᠤᠭᠠᠷᠯᠠᠬᠤ ᠭᠠᠵᠠᠷ᠎ᠲᠤ ᠢᠩᠬᠢᠵᠤ ᠳ᠋ᠤᠭᠠᠷᠯᠠᠳᠠᠬ ᠡᠪᠡᠳᠴᠢᠳᠡᠳ ᠤᠯᠠᠨ ᠪᠤᠯᠤᠯ᠎ᠠ᠃

ᠳ᠋ᠢᠩ ᠬᠤᠩ ᠱᠠᠨ ᠪᠣᠯ ᠪᠡᠭᠡᠵᠢᠩ ᠬᠤᠲᠠ᠎ᠶ᠋ᠢᠨ ᠱᠦᠨ ᠢ ᠲᠣᠭᠤᠷᠢᠭ᠎ᠤᠨ ᠺᠦᠩ ᠭᠠᠩ ᠡᠮᠨᠡᠯᠭᠡ᠎ᠶ᠋ᠢᠨ ᠬᠤᠷᠢᠶᠠᠨ᠎ᠤ ᠱᠢᠭᠡᠰᠦ ᠱᠢᠭᠦᠷᠡᠭᠦᠯᠬᠦ᠌ ᠭᠠᠳᠠᠷ ᠰᠠᠯᠠᠭᠠᠨ᠎ᠤ ᠡᠮᠴᠢ ᠪᠣᠯᠤᠨ᠎ᠠ᠃ 2020 ᠣᠨ᠎ᠳᠤ᠂ ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠵᠡᠭᠦᠨ ᠪᠠᠷᠠᠭᠤᠨ ᠣᠷᠣᠨ᠎ᠤ ᠶᠠᠳᠠᠭᠤ᠎ᠶ᠋ᠢ ᠲᠡᠳᠬᠦᠬᠦ᠌ ᠬᠠᠮᠵᠢᠯᠴᠠᠭ᠎ᠠ᠎ᠶ᠋ᠢᠨ ᠠᠵᠢᠯ᠎ᠤᠨ ᠤᠷᠢᠶᠠᠯᠠᠭ᠎ᠠ᠎ᠶ᠋ᠢ ᠳᠠᠭᠠᠵᠤ᠂ ᠬᠤᠷᠴᠢᠨ ᠵᠡᠭᠦᠨ ᠭᠠᠷᠤᠨ ᠳᠤᠮᠳᠠᠳᠤ ᠬᠤᠱᠢᠭᠤᠨ᠎ᠳᠤ ᠢᠷᠡᠵᠤ ᠡᠷᠡᠭᠦᠯ ᠮᠡᠨᠳᠦ᠎ᠪᠠᠷ ᠬᠠᠪᠰᠤᠷᠤᠨ ᠲᠡᠳᠬᠦᠬᠦ᠌ ᠠᠵᠢᠯ᠎ᠢ ᠡᠬᠢᠯᠡᠨ ᠥᠷᠨᠢᠭᠦᠯᠪᠠ᠃ ᠲᠡᠷᠡ ᠥᠪᠡᠷ᠎ᠤᠨ ᠡᠮᠴᠢᠯᠡᠭᠡᠨ᠎ᠤ ᠴᠠᠭᠠᠷᠠᠬ᠍ᠰᠠᠨ ᠮᠡᠷᠭᠡᠵᠢᠯ᠎ᠳᠡᠭᠡᠨ ᠲᠥᠱᠢᠭ᠌ᠯᠡᠨ᠂ ᠡᠪᠡᠳᠴᠢᠲᠡᠨ ᠨᠢᠭᠡᠪᠦᠷᠢ᠎ᠳᠤ ᠬᠠᠯᠠᠭᠤᠮᠰᠤᠬ᠂ ᠬᠦᠯᠢᠴᠡᠩᠭᠦᠶ᠎ᠪᠠᠷ ᠬᠠᠨᠳᠤᠵᠤ᠂ ᠨᠢᠭᠡᠳ ᠨᠢᠭᠡ᠎ᠪᠠᠷ ᠡᠮᠨᠡᠬᠦ᠌ ᠲᠥᠰᠦᠯ ᠲᠣᠭ᠍ᠲᠠᠭᠠᠵᠤ ᠥᠭ᠌ᠭᠦᠨ᠎ᠡ᠃ 《ᠠᠳᠡ ᠢᠷᠡᠵᠦ᠍ ᠲᠤᠰᠠᠯᠠᠬᠤ ᠠᠵᠢᠯᠯᠠᠭ᠎ᠠ᠎ᠶ᠋ᠢ ᠥᠷᠨᠢᠭᠦᠯᠵᠤ ᠪᠠᠢᠭ᠎ᠠ᠎ᠨᠢ ᠨᠠᠳᠠ᠎ᠳᠤ ᠠᠪᠴᠤ᠌ ᠬᠡᠯᠡᠪᠡᠯ ᠨᠢᠭᠡᠨ ᠱᠢᠯᠭᠠᠯᠲᠠ ᠪᠣᠯᠬᠤ ᠪᠥᠭᠡᠳ ᠮᠥᠨ ᠴᠦ᠍ ᠳᠠᠪᠲᠠᠨ ᠪᠣᠯᠪᠠᠰᠤᠷᠠᠬᠤ ᠲᠣᠬᠢᠶᠠᠯ ᠬᠡᠯᠳᠡᠢ᠂ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠠᠭᠤᠤ ᠶᠡᠭᠡ ᠦᠢᠯᠡᠳᠦᠯᠭᠡ ᠳᠤᠮᠳᠠ ᠥᠪᠡᠷ᠎ᠤᠨ ᠬᠦᠴᠦᠨ ᠴᠢᠳᠠᠯ᠎ᠢᠶᠠᠨ ᠡᠷᠭᠦᠵᠦ᠍ ᠪᠠᠢᠭ᠎ᠠ᠎ᠳᠠᠭᠠᠨ ᠪᠢ ᠮᠠᠰᠢ ᠤᠮᠤᠬ᠍ᠰᠢᠵᠤ ᠪᠠᠢᠨ᠎ᠠ》 ᠭᠡᠵᠤ ᠳ᠋ᠢᠩ ᠬᠤᠩ ᠱᠠᠨ ᠡᠮᠴᠢ ᠶᠠᠷᠢᠵᠤ ᠪᠠᠢᠯ᠎ᠠ᠃

ᠪᠡᠭᠡᠵᠢᠩ ᠬᠤᠲᠠ᠎ᠶ᠋ᠢᠨ ᠱᠦᠨ ᠢ ᠲᠣᠭᠤᠷᠢᠭ᠎ᠤᠨ ᠡᠬᠡ ᠨᠢᠯᠬᠠᠰ᠎ᠤᠨ ᠡᠷᠡᠭᠦᠯ ᠮᠡᠨᠳᠦ᠎ᠶ᠋ᠢ ᠬᠠᠮᠠᠭᠠᠯᠠᠬᠤ ᠡᠮᠨᠡᠯᠭᠡ᠎ᠶ᠋ᠢᠨ ᠬᠤᠷᠢᠶᠠᠨ᠎ᠤ ᠬᠥᠬᠦᠨ ᠪᠤᠯᠴᠢᠷᠬᠠᠶ᠎ᠶ᠋ᠢᠨ ᠰᠠᠯᠠᠭᠠᠨ᠎ᠤ ᠳᠡᠳ᠋ ᠡᠷᠬᠢᠯᠡᠭ᠌ᠴᠢ ᠡᠮᠴᠢ ᠶᠠᠩ ᠴᠢᠩ ᠵᠥᠩ ᠪᠤᠯ ᠮᠥᠨ ᠬᠦ᠌ ᠳ᠋ᠢᠩ ᠬᠤᠩ ᠱᠠᠨ ᠨᠠᠷ᠎ᠲᠠᠢ ᠬᠠᠮᠲᠤ ᠬᠠᠪᠰᠤᠷᠤᠨ ᠲᠤᠰᠠᠯᠠᠬᠤ᠎ᠪᠠᠷ ᠢᠷᠡᠭ᠌ᠰᠡᠨ ᠡᠮᠴᠢ᠎ᠶ᠋ᠢᠨ ᠨᠢᠭᠡ ᠪᠤᠯᠤᠨ᠎ᠠ᠃ ᠬᠤᠷᠴᠢᠨ ᠵᠡᠭᠦᠨ ᠭᠠᠷᠤᠨ ᠳᠤᠮᠳᠠᠳᠤ ᠬᠤᠱᠢᠭᠤᠨ᠎ᠤ ᠠᠷᠠᠳ᠎ᠤᠨ ᠡᠮᠨᠡᠯᠭᠡ᠎ᠶ᠋ᠢᠨ ᠬᠤᠷᠢᠶ᠎ᠠ᠎ᠳᠤ ᠢᠷᠡᠭ᠌ᠰᠡᠨ ᠲᠡᠷᠡ ᠡᠳᠦᠷ᠎ᠠᠴᠠ ᠡᠬᠢᠯᠡᠨ᠂ ᠶᠠᠩ ᠴᠢᠩ ᠵᠥᠩ ᠡᠪᠡᠳᠴᠢᠨ ᠣᠨᠣᠱᠢᠯᠠᠬᠤ᠂ ᠮᠡᠰᠡ ᠵᠠᠰᠠᠯ ᠬᠢᠬᠦ᠌ ᠵᠡᠷᠭᠡ ᠠᠵᠢᠯ᠎ᠳᠤ ᠪᠤᠷᠪᠢ ᠪᠤᠬᠢᠰᠭᠡᠯ ᠥᠭᠡᠢ ᠶᠠᠭᠠᠷᠠᠬᠤ᠎ᠶ᠋ᠢᠨ ᠬᠠᠮᠲᠤ ᠪᠠᠰᠠ 《ᠪᠠᠭ᠍ᠰᠢ》 ᠎ᠶ᠋ᠢᠨ ᠬᠠᠷᠢᠭᠤᠴᠠᠯᠭ᠎ᠠ ᠡᠭᠦᠷᠭᠡᠯᠡᠵᠦ᠍᠂ ᠲᠤᠰ ᠡᠮᠨᠡᠯᠭᠡ᠎ᠶ᠋ᠢᠨ ᠬᠤᠷᠢᠶᠠᠨ᠎ᠤ ᠡᠮᠴᠢ ᠨᠠᠷ᠎ᠲᠤ ᠬᠥᠬᠦᠨ ᠪᠤᠯᠴᠢᠷᠬᠠᠶ᠎ᠶ᠋ᠢᠨ ᠡᠪᠡᠳᠴᠢᠨ᠎ᠢ ᠡᠮᠨᠡᠨ ᠵᠠᠰᠠᠬᠤ ᠬᠦᠷᠢᠶᠡᠨ᠎ᠳᠠᠬᠢ ᠱᠢᠨ᠎ᠡ ᠦᠵᠡᠯ ᠰᠠᠨᠠᠭ᠎ᠠ᠂ ᠱᠢᠨ᠎ᠡ ᠮᠡᠷᠭᠡᠵᠢᠯ᠂ ᠱᠢᠨ᠎ᠡ ᠮᠡᠳᠡᠯᠭᠡ᠎ᠶ᠋ᠢ ᠬᠠᠷᠠᠮ ᠥᠭᠡᠢ ᠤᠯᠠᠮᠵᠢᠯᠠᠵᠤ ᠢᠷᠡᠵᠠᠢ᠃

ᠪᠡᠭᠡᠵᠢᠩ ᠬᠢᠭᠡᠳ ᠥᠪᠥᠷ ᠮᠣᠩᠭᠤᠯ᠎ᠤᠨ ᠠᠵᠢᠯ ᠲᠥᠷᠥᠯ᠎ᠢᠶᠠᠷ ᠬᠠᠪᠰᠤᠷᠤᠨ ᠲᠡᠳᠬᠦᠬᠦ᠌ ᠠᠵᠢᠯ᠎ᠢ ᠥᠷᠨᠢᠭᠦᠯᠦᠭ᠌ᠰᠡᠨ᠎ᠠᠴᠠ ᠨᠠᠭᠠᠰᠢ᠂ ᠪᠡᠭᠡᠵᠢᠩ ᠬᠤᠳᠠ᠎ᠶ᠋ᠢᠨ ᠱᠦᠨ ᠢ ᠲᠣᠭᠤᠷᠢᠭ᠎ᠤᠨ᠎ᠬᠢᠨ ᠲᠡᠳᠡ ᠨᠠᠷ᠎ᠤᠨ ᠱᠢᠯᠢᠳᠡᠭ ᠡᠮᠴᠢᠯᠡᠭᠡᠨ᠎ᠤ ᠡᠬᠢ ᠪᠠᠶᠠᠯᠢᠭ᠎ᠤᠨ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠬᠤᠷᠴᠢᠨ ᠵᠡᠭᠦᠨ ᠭᠠᠷᠤᠨ ᠳᠤᠮᠳᠠᠳᠤ ᠬᠤᠱᠢᠭᠤᠨ᠎ᠤ ᠡᠮᠴᠢᠯᠡᠭᠡᠨ᠎ᠤ ᠪᠠᠢᠳᠠᠯ ᠪᠠ ᠪᠣᠳᠠᠲᠠᠶ ᠬᠡᠷᠡᠭ᠌ᠴᠡᠭᠡ᠎ᠶ᠋ᠢ ᠦᠨᠳᠦᠰᠦᠯᠡᠨ᠂ ᠤᠷᠢᠳ ᠬᠤᠵᠢᠳ 45 ᠡᠮᠴᠢᠯᠡᠭᠡᠨ᠎ᠤ ᠲᠤᠰᠭᠠᠢ ᠮᠡᠷᠭᠡᠵᠢᠯᠲᠡᠨ᠎ᠢ ᠱᠢᠯᠢᠨ ᠲᠣᠮᠢᠯᠠᠵᠤ᠂ ᠬᠤᠷᠴᠢᠨ ᠵᠡᠭᠦᠨ ᠭᠠᠷᠤᠨ ᠳᠤᠮᠳᠠᠳᠤ ᠬᠤᠱᠢᠭᠤᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠦᠢᠯᠡᠰ᠎ᠲᠤ ᠢᠳᠡᠪᠬᠢᠲᠡᠢ ᠣᠷᠣᠯᠴᠠᠭᠤᠯᠥᠨ᠂ ᠲᠠᠯ᠎ᠠ ᠨᠤᠲᠤᠭ᠎ᠤᠨ ᠠᠷᠠᠳ ᠲᠦᠮᠡᠨ᠎ᠳᠤ ᠲᠡᠷᠢᠭᠦᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠮᠡᠷᠭᠡᠵᠢᠯ᠂ ᠲᠡᠷᠢᠭᠦᠨ᠎ᠤ ᠬᠠᠮᠢᠶᠠᠷᠤᠯᠲᠠ᠎ᠶ᠋ᠢᠨ ᠦᠵᠡᠯᠲᠡ᠎ᠶ᠋ᠢ ᠠᠪᠴᠢᠷᠠᠵᠤ᠂ ᠡᠯ᠎ᠡ ᠡᠮᠨᠡᠯᠭᠡ᠎ᠶ᠋ᠢᠨ ᠬᠤᠷᠢᠶᠠᠨ᠎ᠤ ᠣᠨᠣᠱᠢᠯᠠᠨ ᠡᠮᠨᠡᠬᠦ᠌ ᠲᠦᠪᠱᠢᠨ᠎ᠢ ᠦᠨᠡᠨ ᠬᠦ᠌ ᠳᠡᠭᠡᠭ᠌ᠰᠢᠯᠡᠭᠦᠯᠥᠨ᠂ ᠲᠤᠬᠠᠶ᠎ᠶ᠋ᠢᠨ ᠭᠠᠵᠠᠷ᠎ᠤᠨ ᠡᠷᠡᠭᠦᠯ ᠮᠡᠨᠳᠦ᠎ᠶ᠋ᠢᠨ ᠠᠵᠢᠯ᠎ᠢ ᠬᠦᠴᠦᠲᠡᠶ ᠠᠬᠢᠭᠤᠯᠵᠤ᠂ ᠲᠤᠬᠠᠶ᠎ᠶ᠋ᠢᠨ ᠭᠠᠵᠠᠷ᠎ᠤᠨ ᠣᠯᠠᠨ ᠲᠦᠮᠡᠨ᠎ᠢ ᠬᠤᠱᠢᠭᠤᠨ᠎ᠠᠴᠠ᠎ᠪᠠᠨ ᠭᠠᠷᠬᠤ ᠦᠭᠡᠢ᠎ᠪᠠᠷ ᠪᠡᠭᠡᠵᠢᠩ᠎ᠤᠨ ᠡᠮ ᠡᠮᠨᠡᠯᠭᠡ᠎ᠶ᠋ᠢᠨ ᠡᠬᠢ ᠪᠠᠶᠠᠯᠢᠭ᠎ᠢ ᠡᠳ᠋ᠯᠡᠭᠦᠯᠦᠨ᠂ ᠡᠪᠡᠳᠴᠢᠲᠡᠨ᠎ᠤ ᠬᠤᠯᠠ ᠵᠠᠮ ᠬᠥᠭᠡᠭᠡᠬᠦ᠌᠎ᠶ᠋ᠢ ᠪᠠᠭᠠᠰᠭᠠᠵᠤ᠂ ᠤᠨᠳᠤᠤ ᠭᠠᠵᠠᠷ ᠡᠮᠨᠡᠭᠦᠯᠬᠦ᠌ ᠲᠥᠪᠡᠭ᠌ᠳᠡᠯ ᠶᠠᠳᠠᠷᠠᠯ᠎ᠠᠴᠠ ᠰᠠᠯᠭᠠᠨ᠂ ᠡᠪᠡᠳᠴᠢᠨ ᠦᠵᠡᠭᠦᠯᠬᠦ᠌ ᠥᠪᠡᠷ᠎ᠤᠨ ᠥᠷᠲᠡᠭ᠎ᠢ ᠪᠠᠭᠤᠷᠠᠭᠤᠯᠵᠤ᠂ ᠠᠷᠠᠳ ᠤᠯᠠᠨ᠎ᠳᠤ ᠮᠠᠰᠢ ᠶᠡᠭᠡ ᠠᠱᠢᠭ ᠬᠦᠷᠲᠡᠬᠡᠪᠡ᠃

ᠬᠤᠷᠴᠢᠨ ᠵᠡᠭᠦᠨ ᠭᠠᠷᠤᠨ ᠳᠤᠮᠳᠠᠳᠤ ᠬᠤᠱᠢᠭᠤᠨ᠎ᠤ ᠠᠷᠠᠳ᠎ᠤᠨ ᠡᠮᠨᠡᠯᠭᠡ᠎ᠶ᠋ᠢᠨ ᠬᠤᠷᠢᠶᠠᠨ᠎ᠤ ᠱᠢᠭᠡᠰᠦ ᠱᠢᠭᠦᠷᠡᠭᠦᠯᠬᠦ᠌ ᠭᠠᠳᠠᠷ ᠰᠠᠯᠠᠭᠠᠨ᠎ᠤ ᠡᠷᠬᠢᠯᠡᠭ᠌ᠴᠢ ᠶᠠᠩ ᠵᠢᠶᠧ ᠬᠤᠸᠠ᠄ 《ᠪᠡᠭᠡᠵᠢᠩ᠎ᠤᠨ ᠪᠠᠭ᠍ᠰᠢ ᠨᠠᠷ ᠮᠠᠨ᠎ᠤ ᠡᠮᠨᠡᠯᠭᠡ᠎ᠶ᠋ᠢᠨ ᠬᠤᠷᠢᠶᠠᠨ᠎ᠳᠤ ᠢᠷᠡᠭ᠌ᠰᠡᠨ᠎ᠤ ᠳᠠᠷᠠᠭ᠎ᠠ ᠱᠢᠨ᠎ᠡ ᠦᠵᠡᠯᠲᠡ᠎ᠶ᠋ᠢ ᠠᠪᠴᠢᠷᠠᠪᠠ᠂ ᠳᠡᠳᠡ ᠠᠳᠠᠯᠢ ᠪᠤᠰᠤ ᠣᠢᠯᠠᠭᠠᠭ᠍ᠳᠠᠬᠤᠨ᠎ᠢᠶᠠᠷ ᠨᠢᠬᠡ ᠨᠢᠬᠡ ᠡᠪᠡᠳᠴᠢᠲᠡᠨ᠎ᠳᠤ ᠴᠢᠭ᠌ᠯᠡᠭᠦᠯᠦᠨ ᠠᠪᠤᠷᠠᠨ ᠡᠮᠨᠡᠵᠤ᠂ ᠬᠠᠨᠳᠤᠯᠭᠠᠲᠤ ᠴᠢᠨᠠᠷᠲᠠᠶ᠎ᠪᠠᠷ ᠡᠮᠴᠢ᠎ᠶ᠋ᠢ ᠬᠥᠮᠦᠵᠢᠭᠦᠯᠥᠨ᠂ ᠪᠣᠯᠪᠠᠰᠤᠷᠠᠯ ᠬᠦ᠍ᠷᠳᠡᠭᠡᠬᠦ᠂ ᠮᠡᠳᠡᠯᠭᠡ᠎ᠶ᠋ᠢᠨ ᠤᠬᠠᠭᠤᠯᠭ᠎ᠠ ᠬᠥᠮᠦᠵᠢᠯ ᠬᠢᠬᠦ᠌ ᠵᠡᠷᠭᠡ᠎ᠪᠠᠷ ᠳᠡᠮᠵᠢᠨ᠂ ᠮᠠᠨ᠎ᠢ ᠵᠢᠯᠥᠭᠤᠳᠤᠨ ᠣᠢᠯᠠᠭᠠᠭ᠍ᠳᠠᠬᠤᠨ᠎ᠤ ᠲᠠᠯ᠎ᠠ᠎ᠪᠠᠷ ᠬᠤᠪᠢᠷᠠᠭᠤᠯᠵᠤ᠂ ᠮᠡᠷᠭᠡᠵᠢᠯ᠎ᠤᠨ ᠲᠠᠯ᠎ᠠ᠎ᠪᠠᠷ ᠲᠠᠰᠤᠷᠠᠯᠲᠠ ᠦᠭᠡᠢ ᠱᠢᠨᠡᠳᠭᠡᠵᠠᠢ᠂ ᠡᠭᠦᠨ᠎ᠤ ᠳᠠᠭᠠᠤ ᠪᠠᠰᠠ ᠡᠮᠴᠢᠯᠡᠬᠡᠨ᠎ᠤ ᠮᠡᠷᠭᠡᠵᠢᠯ᠎ᠤᠨ ᠬᠤᠭᠤᠰᠣᠨ ᠪᠠ ᠬᠦᠷᠦᠯᠴᠡᠬᠦ᠌ ᠦᠭᠡᠢ ᠲᠠᠯ᠎ᠠ᠎ᠶ᠋ᠢ ᠨᠥᠬᠦᠪᠥᠷᠢᠯᠡᠭ᠌ᠰᠡᠨ ᠪᠠᠢᠨ᠎ᠠ》 ᠭᠡᠵᠤ ᠬᠡᠯᠡᠵᠤ ᠪᠠᠢᠯ᠎ᠠ᠃

ᠬᠡᠳᠦᠨ ᠵᠢᠯ᠎ᠤᠨ ᠲᠤᠷᠰᠢ᠂ ᠪᠡᠭᠡᠵᠢᠩ᠎ᠤᠨ ᠱᠦᠨ ᠢ ᠲᠣᠭᠤᠷᠢᠭ᠎ᠤᠨ ᠠᠷᠠᠳ᠎ᠤᠨ ᠡᠮᠨᠡᠯᠭᠡ᠎ᠶ᠋ᠢᠨ ᠬᠤᠷᠢᠶ᠎ᠠ᠂ ᠡᠬᠡ ᠨᠢᠯᠬᠠᠰ᠎ᠤᠨ ᠡᠷᠡᠭᠦᠯ ᠮᠡᠨᠳᠦ᠎ᠶ᠋ᠢ ᠬᠠᠮᠠᠭᠠᠯᠠᠬᠤ ᠡᠮᠨᠡᠯᠭᠡ᠎ᠶ᠋ᠢᠨ ᠬᠤᠷᠢᠶ᠎ᠠ ᠵᠡᠷᠬᠡ ᠤᠯᠠᠨ ᠡᠮᠨᠡᠯᠭᠡ᠎ᠶ᠋ᠢᠨ ᠬᠤᠷᠢᠶ᠎ᠠ᠎ᠠᠴᠠ ᠲᠣᠮᠢᠯᠠᠭ᠍ᠰᠠᠨ ᠡᠮᠴᠢ ᠨᠠᠷ ᠤᠷᠢᠳ ᠬᠤᠵᠢᠳ ᠬᠤᠷᠴᠢᠨ ᠵᠡᠭᠦᠨ ᠭᠠᠷᠤᠨ ᠳᠤᠮᠳᠠᠳᠤ ᠬᠤᠱᠢᠭᠤᠨ᠎ᠳᠤ ᠢᠷᠡᠵᠤ ᠲᠤᠬᠠᠶ᠎ᠶ᠋ᠢᠨ ᠭᠠᠵᠠᠷ᠎ᠤᠨ ᠡᠮᠴᠢᠯᠡᠭᠡᠨ᠎ᠤ ᠪᠠᠢᠭᠤᠯᠤᠮᠵᠢ᠎ᠶ᠋ᠢᠨ ᠬᠥᠩᠭᠡᠵᠢᠭᠦᠯᠬᠦ᠌ ᠰᠠᠯᠠᠭ᠎ᠠ᠂ ᠬᠡᠦᠬᠡᠳ᠎ᠤᠨ ᠰᠠᠯᠠᠭ᠎ᠠ᠂ ᠬᠢᠲᠠᠳ ᠡᠮᠨᠡᠯᠭᠡ᠎ᠶ᠋ᠢᠨ ᠰᠠᠯᠠᠭ᠎ᠠ ᠵᠡᠷᠭᠡ 20 ᠱᠢᠬᠠᠮ ᠰᠠᠯᠠᠭ᠎ᠠ ᠲᠠᠰᠤᠭ᠎ᠢ ᠠᠵᠢᠯ ᠲᠥᠷᠥᠯ᠎ᠢᠶᠠᠷ ᠬᠠᠪᠰᠤᠷᠤᠨ ᠲᠡᠤᠡᠬᠦᠪᠡ᠃ ᠳᠡᠳᠡᠭᠡᠷ ᠲᠤᠰᠭᠠᠶ ᠮᠡᠷᠭᠡᠵᠢᠯᠲᠡᠳ ᠡᠮᠴᠢᠯᠡᠭᠡᠨ᠎ᠤ ᠠᠵᠢᠯ᠎ᠳᠤ ᠢᠳᠡᠪᠬᠢᠲᠡᠶ ᠣᠷᠣᠯᠴᠠᠵᠤ᠂ ᠬᠤᠷᠴᠢᠨ ᠵᠡᠭᠦᠨ ᠭᠠᠷᠤᠨ ᠳᠤᠮᠳᠠᠳᠤ ᠬᠤᠱᠢᠭᠤᠨ᠎ᠤ ᠡᠮᠴᠢᠯᠡᠭᠡᠨ᠎ᠤ ᠪᠦᠬᠦᠯᠢ ᠴᠣᠭ᠍ᠴᠠ᠎ᠶ᠋ᠢᠨ ᠲᠦᠪᠱᠢᠨ᠎ᠢ ᠶᠡᠭᠡ᠎ᠪᠠᠷ ᠳᠡᠭᠡᠭ᠌ᠰᠢᠯᠡᠭᠦᠯᠥᠨ᠂ ᠲᠤᠬᠠᠶ᠎ᠶ᠋ᠢᠨ ᠭᠠᠵᠠᠷ᠎ᠤᠨ ᠣᠯᠠᠨ ᠲᠦᠮᠡᠨ᠎ᠤ ᠡᠪᠡᠳᠴᠢᠨ ᠦᠵᠡᠭᠦᠯᠬᠦ᠌ ᠬᠡᠷᠡᠭ᠌ᠴᠡᠭᠡ᠎ᠶ᠋ᠢ ᠪᠦᠲᠦᠮᠵᠢᠲᠡᠶ ᠱᠢᠢᠳᠪᠦᠷᠢᠯᠡᠵᠦ᠍᠂ ᠪᠥᠬᠦ᠌ ᠠᠷᠠᠳ᠎ᠤᠨ ᠡᠷᠡᠭᠦᠯ ᠮᠡᠨᠳᠦ᠎ᠶ᠋ᠢᠨ ᠠᠵᠢᠯ᠎ᠢ ᠶᠡᠭᠡ᠎ᠪᠠᠷ ᠠᠬᠢᠭᠤᠯᠵᠤ ᠪᠠᠢᠨ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号