ᠦᠪᠡᠷᠳᠡᠭᠡᠨ ᠵᠠᠰᠠᠬᠤ ᠤᠷᠤᠨ᠎ᠤ ᠭᠠᠢᠯᠢ᠎ᠶ᠋ᠢᠨ ᠶᠠᠪᠤᠳᠠᠯ᠎ᠤᠨ ᠱᠢᠰᠲ᠋ᠧᠮ᠎ᠤᠨ᠎ᠬᠢᠨ 《ᠵᠠᠰᠠᠬ᠎ᠢ ᠴᠤᠮᠬᠠᠳᠭᠠᠨ ᠡᠷᠬᠡ᠎ᠶ᠋ᠢ ᠲᠠᠯᠪᠢᠬᠤ᠂ ᠲᠠᠯᠪᠢᠬᠤ ᠬᠠᠮᠢᠶᠠᠷᠬᠤ᠎ᠶ᠋ᠢ ᠤᠶᠠᠯᠳᠤᠭᠤᠯᠬᠤ᠂ ᠦᠢᠯᠡᠴᠢᠯᠡᠭᠡ᠎ᠶ᠋ᠢ ᠱᠢᠯᠢᠳᠡᠭ᠌ᠵᠢᠬᠦᠯᠬᠦ᠌》 ᠥᠭᠡᠷᠡᠴᠢᠯᠡᠯᠲᠡ᠎ᠶ᠋ᠢ ᠪᠥᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠭᠠᠢᠯᠢ ᠲᠤᠱᠢᠶᠠᠭ᠍ᠴᠢ᠎ᠶ᠋ᠢᠨ ᠬᠠᠨᠤᠮᠵᠢ᠎ᠶ᠋ᠢᠨ ᠬᠡᠮᠵᠢᠶ᠎ᠡ᠎ᠶ᠋ᠢ ᠲᠡᠭᠡᠭ᠌ᠰᠢᠯᠡᠬᠦᠯᠵᠤ᠂ ᠭᠠᠢᠯᠢ᠎ᠶ᠋ᠢᠨ ᠶᠠᠪᠤᠳᠠᠯ᠎ᠤᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠴᠢᠨᠠᠭ᠍ᠰᠢᠳᠠ ᠱᠢᠯᠢᠳᠡᠭ᠌ᠵᠢᠬᠦᠯᠤᠨᠠ᠃
ᠥᠪᠡᠷᠲᠡᠭᠡᠨ ᠵᠠᠰᠠᠬᠤ ᠣᠷᠣᠨ᠎ᠤ ᠭᠠᠢᠯᠢ᠎ᠶ᠋ᠢᠨ ᠶᠠᠪᠤᠳᠠᠯ᠎ᠤᠨ ᠲᠣᠪᠴᠢᠶ᠎ᠠ᠎ᠶ᠋ᠢᠨ᠎ᠬᠢᠨ 《ᠭᠠᠢᠯᠢ ᠲᠤᠱᠢᠶᠠᠭ᠍ᠴᠢ ᠰᠦᠢᠳᠭᠡᠯ ᠲᠤᠱᠢᠶᠠᠭ᠍ᠴᠢ᠎ᠳᠤ ᠪᠤᠳᠠᠳᠤ ᠶᠠᠪᠤᠳᠠᠯ ᠬᠢᠵᠤ ᠦᠭ᠌ᠬᠦ ᠵᠢᠴᠢ ᠭᠠᠢᠯᠢ ᠲᠤᠱᠢᠶᠠᠬᠤ ᠠᠷᠠᠳ᠎ᠲᠤ ᠲᠦᠬᠦᠮ ᠦᠵᠡᠬᠦᠯᠬᠦ᠌ ᠤᠷᠢᠬᠠᠨ ᠰᠠᠯᠬᠢ ᠠᠵᠢᠯᠯᠠᠭ᠎ᠠ》 ᠶ᠋ᠢᠨ 10 ᠶᠡᠭᠡ ᠲᠥᠷᠥᠯ᠎ᠤᠨ 30 ᠵᠦᠢᠯ᠎ᠤᠨ 100 ᠵᠦᠢᠯ᠎ᠤᠨ ᠠᠷᠭ᠎ᠠ ᠬᠡᠮᠵᠢᠶ᠎ᠠ᠎ᠶ᠋ᠢ ᠨᠠᠢᠳᠠᠪᠤᠷᠢᠵᠢᠭᠤᠯᠵᠤ᠂ 218 ᠵᠦᠢᠯ᠎ᠤᠨ ᠲᠤᠬᠠᠢᠯᠠᠭ᠍ᠰᠠᠨ ᠠᠵᠢᠯ᠎ᠢ 《ᠥᠯᠥ᠍ ᠬᠦᠷᠦᠯᠴᠡᠬᠦ᠌ ᠮᠠᠶᠢᠭ》 ᠢᠶᠠᠷ ᠭᠦᠢᠴᠡᠳᠭᠡᠵᠦ᠍᠂ ᠰᠦᠯᠵᠢᠶᠡᠨ ᠳᠡᠭᠡᠷ᠎ᠡ ᠮᠡᠳᠡᠭᠦᠯᠦᠭ᠌ᠰᠡᠨ ᠨᠣᠷᠮ᠎ᠠ 99% ᠶ᠋ᠢ ᠲᠠᠪᠠᠪᠠ; ᠪᠤᠭᠤᠲᠤ ᠬᠤᠲᠠ᠎ᠶ᠋ᠢᠨ ᠭᠠᠢᠯᠢ᠎ᠶ᠋ᠢᠨ ᠶᠠᠪᠤᠳᠠᠯ᠎ᠤᠨ ᠲᠣᠪᠴᠢᠶ᠎ᠠ᠎ᠶ᠋ᠢᠨ᠎ᠬᠢᠨ 《ᠭᠠᠢᠯᠢ ᠭᠦᠢᠴᠡᠳᠭᠡᠬᠦ᠌ ᠠᠵᠢᠯᠯᠠᠭᠠᠨ᠎ᠤ ᠵᠦᠭ᠌ᠯᠡᠭᠦᠷ》 ᠢ ᠲᠠᠷᠤᠮᠠᠯᠯᠠᠨ ᠲᠠᠷᠬᠠᠭᠠᠵᠤ᠂ ᠭᠠᠢᠯᠢ ᠭᠦᠢᠴᠡᠳᠭᠡᠬᠦ᠌ ᠦᠢᠯᠡᠴᠢᠯᠡᠭᠡ᠎ᠶ᠋ᠢ ᠨᠠᠩ ᠴᠢᠨᠠᠷ ᠰᠠᠢᠲᠠᠶ᠂ ᠭᠠᠢᠯᠢ ᠭᠦᠢᠴᠡᠳᠭᠡᠬᠦ᠌ ᠠᠷᠭ᠎ᠠ ᠮᠠᠶᠢᠭ᠎ᠢ ᠨᠠᠩ ᠳᠥᠭᠦᠮ ᠳᠥᠲᠡ᠂ ᠬᠢᠨᠠᠯᠲᠠ ᠲᠠᠯᠪᠢᠬᠤ ᠠᠷᠭ᠎ᠠ ᠵᠠᠮ᠎ᠢ ᠰᠠᠭᠠᠳ ᠥᠬᠡᠶ ᠨᠡᠪᠲᠡᠷᠡᠭᠦᠯᠬᠦ᠌᠎ᠶ᠋ᠢ ᠦᠨᠡᠨ ᠬᠦ᠌ ᠪᠠᠲᠤᠯᠠᠪᠠ; ᠠᠯᠠᠱᠠ ᠠᠢᠮᠠᠭ᠎ᠤᠨ ᠡᠵᠡᠨ᠎ᠡ ᠬᠤᠱᠢᠭᠤᠨ᠎ᠤ ᠭᠠᠢᠯᠢ᠎ᠶ᠋ᠢᠨ ᠶᠠᠪᠤᠳᠠᠯ᠎ᠤᠨ ᠲᠣᠪᠴᠢᠶ᠎ᠠ᠎ᠶ᠋ᠢᠨ᠎ᠬᠢᠨ 《ᠵᠠᠬᠢᠶᠠᠯᠠᠭ᠎ᠠ᠎ᠶ᠋ᠢᠨ ᠮᠠᠶᠢᠭ》 ᠤᠨ ᠦᠢᠯᠡᠴᠢᠯᠡᠭᠡ ᠭᠠᠷᠭᠠᠵᠤ᠂ ᠭᠠᠢᠯᠢ ᠲᠤᠱᠢᠶᠠᠭ᠍ᠴᠢ᠎ᠶ᠋ᠢᠨ ᠣᠯᠠᠨ ᠲᠠᠯ᠎ᠠ᠎ᠶ᠋ᠢᠨ ᠬᠡᠷᠡᠭ᠌ᠴᠡᠭᠡ ᠱᠠᠭᠠᠷᠳᠠᠯᠭ᠎ᠠ ᠳᠤᠷᠠᠳᠭᠤ᠎ᠶ᠋ᠢ ᠢᠳᠡᠪᠬᠢᠲᠡᠶ ᠵᠣᠷᠢᠭ᠍ᠵᠢᠭᠤᠯᠵᠤ᠂ ᠬᠤᠪᠢ ᠬᠥᠮᠦᠨ᠎ᠳᠤ ᠵᠤᠷᠢᠭᠤᠯᠤᠭ᠍ᠰᠠᠨ ᠢᠵᠢ ᠦᠢᠯᠡᠴᠢᠯᠡᠭᠡ ᠬᠠᠩᠭᠠᠪᠠ; ᠬᠢᠩᠭᠠᠨ ᠠᠢᠮᠠᠭ᠎ᠤᠨ ᠭᠠᠢᠯᠢ᠎ᠶ᠋ᠢᠨ ᠶᠠᠪᠤᠳᠠᠯ᠎ᠤᠨ ᠲᠣᠪᠴᠢᠶ᠎ᠠ᠎ᠶ᠋ᠢᠨ᠎ᠬᠢᠨ ᠪᠦᠯᠬᠦᠮ ᠨᠡᠢᠲᠡ᠎ᠶ᠋ᠢᠨ ᠬᠠᠮᠢᠶᠠᠷᠤᠯᠲᠠ᠎ᠶ᠋ᠢᠨ ᠳᠠᠪᠠᠭᠤᠯᠢᠭ᠎ᠢᠶᠠᠨ ᠪᠠᠳᠠᠷᠠᠭᠤᠯᠤᠨ᠂ 《ᠨᠢᠭᠡ ᠠᠵᠤ ᠠᠬᠤᠢᠯᠠᠯ᠎ᠳᠤ ᠨᠢᠭᠡ ᠪᠣᠳᠣᠯᠭ᠎ᠠ ᠬᠡᠷᠡᠭ᠌ᠵᠢᠭᠦᠯᠬᠦ᠌》 ᠰᠡᠳᠭᠢᠴᠠ᠎ᠪᠠᠷ ᠠᠵᠤ ᠠᠬᠤᠢᠯᠠᠯ᠎ᠤᠨ ᠪᠤᠳᠠᠳᠤ ᠪᠠᠢᠳᠠᠯ᠎ᠳᠤ ᠵᠣᠬᠢᠴᠠᠭᠤᠯᠤᠨ ᠥᠪᠡᠷᠮᠢᠴᠡ ᠲᠥᠰᠦᠯ ᠲᠣᠭ᠍ᠲᠠᠭᠠᠵᠤ᠂ ᠲᠤᠰᠭᠠᠶ ᠬᠥᠮᠦᠨ ᠰᠣᠩᠭᠤᠨ ᠲᠣᠮᠢᠯᠠᠵᠤ ᠠᠵᠤ ᠠᠬᠤᠢᠯᠠᠯ᠎ᠳᠤ ᠭᠠᠢᠯᠢ ᠲᠠᠲᠠᠪᠤᠷᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠲᠠᠢᠯᠪᠤᠷᠢᠯᠠᠵᠤ ᠦᠭ᠌ᠪᠠ; ᠦᠬᠠᠶ ᠬᠤᠲᠠ᠎ᠶ᠋ᠢᠨ ᠬᠠᠢᠷᠤᠪ᠎ᠤᠨ ᠲᠣᠬᠤᠶ ᠲᠣᠭᠤᠷᠢᠭ᠎ᠤᠨ ᠭᠠᠢᠯᠢ᠎ᠶ᠋ᠢᠨ ᠶᠠᠪᠤᠳᠠᠯ᠎ᠤᠨ ᠲᠣᠪᠴᠢᠶ᠎ᠠ᠎ᠶ᠋ᠢᠨ᠎ᠬᠢᠨ 《ᠪᠢ ᠭᠠᠢᠯᠢ ᠲᠤᠱᠢᠶᠠᠭ᠍ᠴᠢ᠎ᠳᠤ ᠪᠣᠳᠠᠲᠤ ᠶᠠᠪᠤᠳᠠᠯ ᠬᠢᠵᠦ᠍ ᠦᠭ᠌ᠬᠦ》 ᠠᠵᠢᠯᠯᠠᠭ᠎ᠠ᠎ᠪᠠᠷ ᠲᠠᠮᠵᠢᠨ᠂ ᠭᠠᠢᠯᠢ ᠪᠤᠯᠤᠨ ᠠᠵᠤ ᠠᠬᠤᠢᠯᠠᠯ᠎ᠤᠨ ᠬᠠᠷᠢᠯᠴᠠᠬᠤ ᠵᠢᠷᠬᠢᠶ᠎ᠠ ᠬᠤᠯᠪᠤᠭ᠎ᠠ᠎ᠶ᠋ᠢ ᠪᠠᠢᠭᠤᠯᠵᠤ᠂ ᠲᠤᠰᠭᠠᠶ ᠬᠥᠮᠦᠨ ᠬᠠᠷᠢᠭᠤᠴᠠᠨ᠂ ᠭᠠᠢᠯᠢ ᠲᠤᠱᠢᠶᠠᠭ᠍ᠴᠢ᠎ᠶ᠋ᠢᠨ ᠮᠠᠲᠠᠭ᠎ᠲᠠᠢ ᠠᠰᠠᠭᠤᠳᠠᠯ᠎ᠢ ᠴᠠᠭ ᠲᠤᠬᠠᠶ᠎ᠳᠤᠨᠢ ᠱᠢᠢᠳᠪᠤᠷᠢᠯᠡᠵᠤ᠂ ᠭᠠᠢᠯᠢ᠎ᠶ᠋ᠢᠨ ᠶᠠᠪᠤᠳᠠᠯ ᠪᠠ ᠠᠵᠤ ᠠᠬᠤᠢᠯᠠᠯ᠎ᠤᠨ ᠬᠠᠷᠢᠯᠴᠠᠬᠤ ᠬᠤᠯᠪᠤᠭᠠᠰᠤ᠎ᠶ᠋ᠢ ᠪᠦᠷᠢᠳᠦᠬᠦᠯᠪᠡ᠃
ᠦᠪᠡᠷᠳᠡᠭᠡᠨ ᠵᠠᠰᠠᠬᠤ ᠤᠷᠤᠨ᠎ᠤ ᠭᠠᠢᠯᠢ᠎ᠶ᠋ᠢᠨ ᠶᠠᠪᠤᠳᠠᠯ᠎ᠤᠨ ᠱᠢᠰᠲ᠋ᠧᠮ᠎ᠤᠨ᠎ᠬᠢᠨ 《ᠲᠤᠭ᠎ᠠ ᠪᠠᠷᠢᠮᠳᠠ᠎ᠪᠠᠷ ᠭᠠᠢᠯᠢ᠎ᠶ᠋ᠢ ᠵᠠᠰᠠᠬᠤ》 ᠤᠢ᠍ᠢᠯᠠᠭᠠᠭ᠍ᠳᠠᠬᠤᠨ᠎ᠢ ᠭᠠᠢᠯᠢ ᠲᠠᠲᠠᠪᠤᠷᠢᠯᠠᠵᠤ ᠬᠠᠮᠢᠶᠠᠷᠬᠤ ᠪᠥᠬᠦ᠌ ᠶᠠᠪᠤᠴᠠ᠎ᠳᠤ ᠲᠤᠭᠤᠱᠢᠯᠠᠭᠤᠯᠵᠤ᠂ ᠲᠤᠭ᠎ᠠ ᠪᠠᠷᠢᠮᠲᠠ᠎ᠶ᠋ᠢᠨ ᠨᠡᠮᠡᠭ᠌ᠳᠡᠯ ᠥᠷᠲᠡᠭ᠎ᠤᠨ ᠬᠡᠷᠡᠭ᠌ᠯᠡᠯᠲᠡ᠎ᠪᠠᠷ ᠣᠨᠣᠪᠴᠢᠲᠠᠶ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠪᠥᠬᠦ᠌ ᠣᠷᠣᠨ᠎ᠤ 15.7 ᠲᠦᠮᠡᠨ ᠡᠷᠦᠬᠡ ᠭᠠᠢᠯᠢ ᠲᠤᠱᠢᠶᠠᠭ᠍ᠴᠢ᠎ᠳᠤ ᠵᠠᠳᠠᠯᠤᠯᠲᠠ ᠬᠢᠪᠠ᠃ 12366 ᠭᠠᠢᠯᠢ ᠲᠤᠱᠢᠶᠠᠬᠤ ᠤᠢ᠍ᠢᠯᠡᠴᠢᠯᠡᠬᠡᠨ᠎ᠤ ᠯᠠᠪᠯᠡᠯᠳᠡ᠎ᠶ᠋ᠢᠨ ᠬᠠᠯᠠᠮᠱᠢᠯ ᠤᠲᠠᠰᠤ᠎ᠶ᠋ᠢᠨ ᠲᠤᠭ᠎ᠠ ᠪᠠᠷᠢᠮᠲᠠ᠎ᠶ᠋ᠢ ᠵᠠᠳᠠᠯᠤᠨ ᠭᠦᠢᠴᠡᠳᠭᠡᠯ ᠲᠤᠭ᠎ᠠ ᠪᠤᠯᠭᠠᠬᠤ᠂ ᠲᠤᠭ᠎ᠠ ᠪᠠᠷᠢᠮᠳᠡ ᠪᠤᠯᠭᠠᠬᠤ᠎ᠶ᠋ᠢ ᠠᠬᠢᠭᠤᠯᠵᠤ᠂ ᠱᠢᠨᠵᠢᠯᠡᠬᠦ᠌ ᠤᠬᠠᠭᠠᠨᠴᠢ ᠵᠦᠶ ᠵᠣᠬᠢᠰᠲᠠᠶ ᠬᠢᠨᠠᠨ ᠱᠢᠯᠭᠠᠬᠤ ᠢᠯᠡᠳᠭᠡᠮᠵᠢ᠎ᠶ᠋ᠢ ᠲᠣᠭ᠍ᠲᠠᠭᠠᠨ᠂ ᠡᠯ᠎ᠡ ᠬᠤᠱᠢᠭᠤ ᠱᠢᠶᠠᠨ (ᠲᠣᠭᠤᠷᠢᠭ) ᠤ ᠲᠣᠪᠴᠢᠶ᠎ᠠ᠎ᠶ᠋ᠢᠨ ᠭᠤᠷᠪᠠᠨ ᠱᠠᠲᠤᠨ᠎ᠤ ᠭᠦᠢᠴᠡᠳᠭᠡᠯ ᠲᠤᠭ᠎ᠠ᠎ᠶ᠋ᠢᠨ ᠪᠠᠢᠳᠠᠯ᠎ᠢ ᠲᠥᠷᠥᠯ ᠬᠤᠪᠢᠶᠠᠨ ᠵᠠᠳᠠᠯᠵᠤ᠂ ᠡᠯ᠎ᠡ ᠭᠠᠵᠠᠷ᠎ᠤᠨ ᠭᠠᠢᠯᠢ ᠲᠠᠲᠠᠪᠤᠷᠢᠯᠠᠵᠤ ᠬᠠᠮᠢᠶᠠᠷᠬᠤ ᠦᠢᠯᠡᠴᠢᠯᠡᠭᠡᠨ᠎ᠤ ᠣᠳᠣᠬᠢ ᠪᠠᠢᠳᠠᠯ᠎ᠢ ᠣᠨᠣᠪᠴᠢᠲᠠᠶ ᠲᠤᠰᠭᠠᠪᠠ᠃ ᠬᠢᠨᠠᠨ ᠬᠠᠷᠭᠤᠭᠤᠯᠬᠤ ᠶᠠᠪᠤᠴᠡ᠎ᠶ᠋ᠢ ᠶᠡᠭᠡ᠎ᠪᠠᠷ ᠴᠣᠮᠬᠠᠳᠭᠠᠵᠤ᠂ ᠭᠤᠭ᠍ᠴᠤᠭ᠎ᠠ᠎ᠶ᠋ᠢ ᠪᠦᠲᠦᠮᠵᠢᠲᠡᠶ ᠪᠠᠭᠠᠰᠭᠠᠨ᠂ ᠮᠠᠲ᠋ᠧᠷᠢᠶᠠᠯ᠎ᠢ ᠴᠦᠭᠡᠳᠭᠡᠨ᠂ ᠴᠠᠭ᠎ᠢ ᠪᠣᠭᠤᠨᠢᠰᠭᠠᠨ 《ᠬᠤᠷᠳᠤᠴᠠ᠎ᠶ᠋ᠢ ᠳᠡᠭᠡᠭ᠌ᠰᠢᠯᠡᠭᠦᠯᠦᠨ ᠭᠦᠢᠴᠡᠳᠭᠡᠬᠦ᠌》᠂ 《ᠰᠦᠯᠵᠢᠶᠡᠨ ᠳᠡᠭᠡᠷ᠎ᠡ ᠭᠦᠢᠴᠡᠳᠭᠡᠬᠦ᠌》 ᠵᠡᠷᠭᠡ ᠠᠷᠭ᠎ᠠ ᠬᠡᠮᠵᠢᠶ᠎ᠡ᠎ᠶ᠋ᠢ ᠠᠪᠴᠤ᠌᠂ ᠭᠠᠢᠯᠢ ᠰᠦᠶᠳᠭᠡᠯᠢ ᠬᠠᠰᠤᠵᠤ ᠬᠡᠯᠲᠦᠷᠢᠭᠦᠯᠬᠦ᠌ ᠭᠤᠶᠤᠴᠢᠯᠠᠯ᠎ᠤᠨ 《ᠰᠠᠭᠠᠳ ᠥᠬᠡᠶ ᠵᠠᠮ》 ᠢ ᠨᠡᠪᠲᠡᠷᠡᠭᠦᠯᠦᠨ᠂ ᠠᠵᠤ ᠠᠬᠤᠢᠯᠠᠯ᠎ᠤᠨ ᠲᠥᠷᠥ᠎ᠶ᠋ᠢᠨ ᠪᠣᠳᠣᠯᠭ᠎ᠠ ᠭᠥᠷᠳᠡᠬᠦ᠌᠎ᠳᠤ ᠮᠠᠰᠢ ᠲᠦᠬᠦᠮ ᠦᠵᠡᠬᠦᠯᠵᠡᠢ᠃ ᠡᠬᠦᠨ᠎ᠤ ᠬᠠᠮᠳᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠂ ᠱᠢᠨᠵᠢᠯᠡᠬᠦ᠌ ᠤᠬᠠᠭᠠᠨ ᠲᠧᠭ᠌ᠨᠢᠡ ᠮᠡᠷᠭᠡᠵᠢᠯ᠎ᠤᠨ ᠰᠤᠳᠤᠯᠤᠯᠳᠡ᠂ ᠳᠤᠮᠳᠠ ᠵᠢᠵᠢᠭ ᠠᠵᠤ ᠠᠬᠤᠢᠯᠠᠯ᠎ᠢ ᠳᠡᠮᠵᠢᠬᠦ᠌ ᠡᠷᠴᠢᠮ᠎ᠢᠶᠠᠨ ᠴᠢᠩᠭᠠᠷᠠᠭᠤᠯᠤᠨ᠂ ᠬᠡᠯᠲᠦᠷᠢᠭᠦᠯᠬᠦ᠌ ᠶᠣᠰᠣᠲᠠᠶ᠎ᠶ᠋ᠢ᠎ᠨᠢ ᠬᠡᠯᠲᠦᠷᠢᠭᠦᠯᠵᠦ᠍᠂ ᠬᠠᠰᠤᠬᠤ ᠶᠣᠰᠣᠲᠠᠶ᠎ᠶ᠋ᠢ᠎ᠨᠢ ᠬᠠᠰᠤᠵᠤ᠂ ᠪᠠᠭᠤᠷᠠᠭᠤᠯᠬᠤ ᠶᠣᠰᠣᠲᠠᠶ᠎ᠶ᠋ᠢ᠎ᠨᠢ ᠪᠠᠭᠤᠷᠠᠭᠤᠯᠵᠤ᠂ ᠬᠤᠢᠱᠢᠯᠠᠭᠤᠯᠬᠤ ᠶᠣᠰᠣᠲᠠᠶ᠎ᠶ᠋ᠢ᠎ᠨᠢ ᠬᠤᠢᠱᠢᠯᠠᠭᠤᠯᠵᠤ᠂ ᠪᠤᠴᠠᠭᠠᠬᠤ ᠶᠣᠰᠣᠲᠠᠶ᠎ᠶ᠋ᠢ᠎ᠨᠢ ᠪᠤᠴᠠᠭᠠᠭ᠍ᠰᠠᠨ ᠪᠠᠢᠨ᠎ᠠ᠃ ᠲᠥᠷᠥ᠎ᠶ᠋ᠢᠨ ᠪᠣᠳᠣᠯᠭ᠎ᠠ᠎ᠶ᠋ᠢ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠳᠤ ᠱᠢᠭᠤᠳ ᠬᠦᠷᠭᠡᠬᠦ᠌᠎ᠶ᠋ᠢ ᠦᠨᠡᠨ ᠬᠦ᠌ ᠪᠠᠲᠤᠯᠠᠨ᠂ ᠬᠠᠮᠤᠭ᠎ᠤᠨ ᠶᠡᠭᠡ ᠦᠢᠯᠡᠳᠦᠯ᠎ᠢ᠎ᠨᠢ ᠪᠠᠳᠠᠷᠠᠭᠤᠯᠵᠤ᠂ 2020 ᠣᠨ᠎ᠳᠤ ᠰᠤᠳᠤᠯᠤᠨ ᠨᠡᠭᠡᠭᠡᠬᠦ᠌ ᠵᠠᠷᠤᠳᠠᠯ᠎ᠢ ᠨᠠᠮᠠᠨ ᠪᠤᠳᠤᠵᠤ ᠬᠠᠰᠤᠵᠤ ᠭᠠᠷᠭᠠᠬᠤ ᠲᠥᠷᠥ᠎ᠶ᠋ᠢᠨ ᠪᠣᠳᠣᠯᠭ᠎ᠠ᠎ᠶ᠋ᠢ ᠭᠥᠷᠳᠡᠬᠦ᠌᠎ᠪᠠᠷ ᠮᠡᠳᠡᠭᠦᠯᠦᠭ᠌ᠰᠡᠨ ᠠᠵᠤ ᠠᠬᠤᠢᠯᠠᠯ 1081 ᠳᠤ ᠬᠦᠷᠴᠡᠢ᠃