ᠵᠠᠷᠤᠳ ᠬᠤᠱᠢᠭᠤ ᠡᠨᠧᠷᠭᠢ᠎ᠶ᠋ᠢᠨ ᠬᠤᠷᠣᠭ᠍ᠳᠠᠯ᠎ᠤᠨ 《ᠬᠤᠶᠠᠷ᠎ᠢ ᠡᠵᠡᠮᠳᠡᠬᠦ᠌》 ᠪᠣᠭᠤᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠤᠯᠬᠤ᠎ᠪᠠᠷ ᠴᠢᠷᠮᠠᠢᠵᠤ ᠪᠤᠢ
2021-09-12 12:26:57
ᠵᠣᠬᠢᠶᠠᠭ᠍ᠴᠢ᠄
ᠪᠤᠤ ᠴᠢᠩ ᠱᠧᠩ
ᠣᠩᠱᠢᠭ᠍ᠰᠠᠨ ᠣᠳᠠᠭ᠎ᠠ᠄
★★★☆☆

ᠵᠠᠷᠤᠳ ᠬᠤᠱᠢᠭᠤ ᠡᠨᠧᠷᠭᠢ᠎ᠶ᠋ᠢᠨ ᠬᠤᠷᠣᠭ᠍ᠳᠠᠯ᠎ᠤᠨ 《ᠬᠥᠭ᠌ᠵᠢᠯᠲᠡ᠎ᠶ᠋ᠢ ᠬᠠᠮᠢᠶᠠᠷᠥᠨ ᠡᠵᠡᠮᠳᠡᠬᠦ᠌᠎ᠳᠤ ᠡᠷᠬᠡᠪᠰᠢ ᠡᠨᠧᠷᠭᠢ ᠠᠷᠪᠢᠯᠠᠬᠤ᠎ᠶ᠋ᠢ ᠬᠠᠮᠢᠶᠠᠷᠥᠨ ᠡᠵᠡᠮᠳᠡᠬᠦ᠂ ᠦᠢᠯᠡᠳᠪᠤᠷᠢᠯᠡᠯ᠎ᠢ ᠬᠠᠮᠢᠶᠠᠷᠥᠨ ᠡᠵᠡᠮᠳᠡᠬᠦ᠌᠎ᠳᠤ ᠡᠷᠬᠡᠪᠰᠢ ᠡᠨᠧᠷᠭᠢ ᠠᠷᠪᠢᠯᠠᠬᠤ᠎ᠶ᠋ᠢ ᠬᠠᠮᠢᠶᠠᠷᠥᠨ ᠡᠵᠡᠮᠳᠡᠬᠦ᠂ ᠠᠵᠢᠯ ᠲᠥᠷᠥᠯ᠎ᠢ ᠬᠠᠮᠢᠶᠠᠷᠥᠨ ᠡᠵᠡᠮᠳᠡᠬᠦ᠌᠎ᠳᠤ ᠡᠷᠬᠡᠪᠰᠢ ᠡᠨᠧᠷᠭᠢ ᠠᠷᠪᠢᠯᠠᠬᠤ᠎ᠶ᠋ᠢ ᠬᠠᠮᠢᠶᠠᠷᠥᠨ ᠡᠵᠡᠮᠳᠡᠬᠦ᠌》 ᠬᠠᠷᠢᠭᠤᠴᠠᠯᠭ᠎ᠠ᠎ᠶ᠋ᠢᠨ ᠲᠦᠷᠢᠮ᠎ᠢ ᠴᠢᠩᠭ᠎ᠠ ᠬᠡᠷᠡᠭ᠌ᠵᠢᠬᠦᠯᠵᠦ᠍᠂ ᠡᠨᠧᠷᠬᠢ᠎ᠶ᠋ᠢᠨ ᠬᠤᠷᠣᠭ᠍ᠳᠠᠯ᠎ᠤᠨ 《ᠬᠤᠶᠡᠷ᠎ᠢ ᠡᠵᠡᠮᠳᠡᠬᠦ᠌》 ᠠᠵᠢᠯ᠎ᠢ ᠤᠯᠤᠰ ᠲᠥᠷᠥ᠎ᠶ᠋ᠢᠨ ᠬᠠᠲᠠᠭᠤ ᠡᠭᠦᠷᠭᠡ ᠪᠣᠯᠭᠠᠵᠤ᠂ ᠪᠦᠬᠦ᠌ ᠠᠷᠠᠳ᠎ᠢᠶᠠᠨ ᠳᠠᠢᠴᠢᠯᠠᠨ ᠬᠠᠮᠲᠤ᠎ᠪᠠᠷ ᠣᠷᠣᠯᠴᠠᠵᠤ᠂ ᠬᠦᠴᠦ᠎ᠪᠠᠨ ᠲᠥᠪᠯᠡᠷᠡᠭᠦᠯᠦᠨ ᠡᠨᠧᠷᠭᠢ᠎ᠶ᠋ᠢᠨ ᠬᠤᠷᠣᠭ᠍ᠳᠠᠯ᠎ᠤᠨ 《ᠬᠤᠶᠠᠷ᠎ᠢ ᠡᠵᠡᠮᠳᠡᠬᠦ᠌》 ᠪᠣᠭᠤᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠤᠯᠬᠤ᠎ᠪᠠᠷ ᠴᠢᠷᠮᠠᠢᠵᠤ ᠪᠤᠢ᠃

ᠡᠬᠢ ᠡᠭᠦᠰᠦᠯ᠎ᠠᠴᠠ᠎ᠨᠢ ᠬᠠᠮᠢᠶᠠᠷᠤᠨ ᠡᠵᠡᠮᠳᠡᠬᠦ᠌᠎ᠶ᠋ᠢ ᠴᠢᠩᠭᠠᠳᠭᠠᠪᠠ᠃ ᠲᠤᠰ ᠬᠤᠱᠢᠭᠤ 《ᠨᠡᠮᠡᠭ᠌ᠳᠡᠯ ᠬᠤᠷᠣᠭ᠍ᠳᠠᠯ᠎ᠢ ᠲᠡᠩᠴᠡᠭᠦᠷᠢᠲᠡᠢ ᠪᠠᠢᠯᠭᠠᠬᠤ》 ᠡᠨᠧᠷᠭᠢ᠎ᠶ᠋ᠢᠨ ᠬᠡᠷᠡᠭ᠌ᠯᠡᠭᠡᠨ᠎ᠤ ᠶᠡᠷᠦᠩᠬᠡᠢ ᠬᠡᠮᠵᠢᠶ᠎ᠡ᠎ᠶ᠋ᠢ ᠲᠤᠬᠢᠷᠠᠭᠤᠯᠤᠨ ᠡᠵᠡᠮᠳᠡᠬᠦ᠌ ᠲᠣᠭ᠍ᠲᠠᠴᠠ᠎ᠶ᠋ᠢ ᠪᠠᠢᠭᠤᠯᠵᠤ᠂ ᠠᠵᠤ ᠦᠢᠯᠡᠰ᠎ᠢ ᠵᠥᠪᠱᠢᠶᠡᠷᠡᠨ ᠣᠷᠣᠭᠤᠯᠬᠤ ᠪᠠᠷᠢᠮᠵᠢᠶ᠎ᠠ ᠪᠣᠯᠤᠨ ᠡᠨᠧᠷᠭᠢ ᠠᠷᠪᠢᠯᠠᠬᠤ ᠬᠢᠨᠠᠨ ᠪᠠᠢᠴᠠᠭᠠᠯᠲᠠ᠎ᠶ᠋ᠢᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠥᠨ᠂ ᠲᠦᠷᠦᠯ ᠵᠦᠢᠯ᠎ᠢ ᠲᠥᠯᠥᠪᠵᠢᠭᠦᠯᠬᠦ᠌ ᠪᠠ ᠠᠷᠠᠯᠵᠢᠶᠠᠴᠢᠨ ᠤᠷᠢᠵᠤ ᠪᠡᠯᠡ ᠮᠦᠩᠬᠦ᠌ ᠣᠷᠣᠭᠤᠯᠤᠨ ᠠᠪᠴᠢᠷᠠᠬᠤ ᠳᠤᠮᠳᠠ ᠡᠨᠧᠷᠭᠢ᠎ᠶ᠋ᠢᠨ ᠬᠤᠷᠣᠭ᠍ᠳᠠᠯ᠎ᠤᠨ 《ᠬᠤᠶᠠᠷ᠎ᠢ ᠡᠵᠡᠮᠳᠡᠬᠦ᠌》 ᠎ᠶ᠋ᠢ ᠴᠢᠩᠭ᠎ᠠ ᠬᠡᠷᠡᠭ᠌ᠵᠢᠬᠦᠯᠵᠤ᠂ ᠡᠨᠧᠷᠭᠢ᠎ᠶ᠋ᠢᠨ ᠬᠤᠷᠣᠭ᠍ᠳᠠᠯ ᠶᠡᠭᠡ᠂ ᠠᠵᠤ ᠠᠬᠤᠢ᠎ᠶ᠋ᠢᠨ ᠭᠠᠷᠣᠯᠳᠠ ᠳᠣᠣᠷ᠎ᠠ ᠲᠦᠷᠦᠯ ᠵᠦᠢᠯ᠎ᠢ ᠨᠠᠢᠳᠠᠪᠤᠷᠢᠵᠢᠭᠤᠯᠬᠤ᠎ᠶ᠋ᠢ ᠬᠤᠷᠢᠬ᠍ᠯᠠᠪᠠ᠃ ᠠᠵᠦ᠍ ᠦᠢᠯᠡᠰ᠎ᠤᠨ ᠬᠡᠯᠬᠢᠶ᠎ᠡ᠎ᠶ᠋ᠢ ᠤᠷᠲᠤᠳᠭᠠᠨ ᠬᠡᠯᠬᠢᠶ᠎ᠡ᠎ᠶ᠋ᠢ ᠨᠥᠬᠦᠪᠥᠷᠢᠯᠡᠵᠦ᠍ ᠨᠡᠮᠡᠯᠲᠡ ᠥᠷᠲᠡᠭ᠎ᠢ ᠳᠡᠭᠡᠭ᠌ᠰᠢᠯᠡᠭᠦᠯᠬᠦ᠌᠎ᠳᠤ ᠬᠠᠷᠢᠶᠠᠯᠠᠭ᠍ᠳᠠᠬᠤ ᠡᠨᠧᠷᠭᠢ᠎ᠶ᠋ᠢᠨ ᠬᠤᠷᠣᠭ᠍ᠳᠠᠯ᠎ᠢᠶᠠᠷ ᠶᠡᠭᠡ ᠲᠥᠷᠥᠯ ᠵᠦᠢᠯ᠎ᠢ ᠲᠡᠩᠴᠡᠭᠦᠦ ᠬᠡᠮᠵᠢᠶ᠎ᠡ ᠪᠤᠶᠤ ᠬᠡᠮᠵᠢᠶ᠎ᠡ᠎ᠶ᠋ᠢ᠎ᠨᠢ ᠪᠠᠭᠠᠰᠭᠠᠬ᠍ᠰᠠᠨ ᠦᠢᠯᠡᠳᠪᠤᠷᠢᠯᠡᠯ᠎ᠤᠨ ᠴᠢᠳᠠᠪᠤᠷᠢ᠎ᠲᠠᠢ ᠲᠥᠷᠥᠯ ᠵᠥᠢᠯ ᠪᠤᠯᠭᠠᠨ ᠰᠣᠯᠢᠵᠤ᠂ ᠭᠤᠤᠯᠳᠠᠯᠭ᠎ᠠ᠎ᠲᠠᠢ ᠡᠨᠧᠷᠭᠢ ᠬᠡᠷᠡᠭ᠌ᠯᠡᠬᠦ᠌ ᠠᠵᠤ ᠦᠢᠯᠡᠳᠪᠤᠷᠢ᠎ᠶ᠋ᠢᠨ ᠠᠵᠤ ᠠᠬᠤᠢᠯᠠᠯ᠎ᠳᠤ 《ᠤᠷᠢᠳ᠎ᠢᠶᠠᠷ ᠲᠥᠰᠥᠪᠯᠡᠨ ᠪᠤᠳᠤᠵᠤ᠂ ᠳᠠᠷᠠᠭ᠎ᠠ᠎ᠨᠢ ᠡᠨᠧᠷᠭᠢ ᠬᠡᠷᠡᠭ᠌ᠯᠡᠨ᠂ ᠲᠥᠰᠦᠪ ᠥᠬᠡᠶ ᠪᠤᠯ ᠡᠨᠧᠷᠭᠢ ᠬᠡᠷᠡᠭ᠌ᠯᠡᠬᠦ᠌᠎ᠶ᠋ᠢ ᠴᠠᠭᠠᠵᠠᠯᠠᠬᠤ》 ᠲᠦᠷᠢᠮ᠎ᠢ ᠴᠢᠩᠭ᠎ᠠ ᠬᠡᠷᠡᠭ᠌ᠵᠢᠭᠦᠯᠵᠠᠢ᠃

ᠱᠢᠨ᠎ᠡ᠎ᠪᠠᠷ ᠨᠡᠮᠡᠭ᠌ᠳᠡᠬᠦᠯᠬᠦ᠌ ᠦᠢᠯᠡᠳᠪᠦᠷᠢᠯᠡᠯ᠎ᠤᠨ ᠴᠢᠳᠠᠪᠤᠷᠢ᠎ᠶ᠋ᠢ ᠴᠢᠩᠭ᠎ᠠ ᠡᠵᠡᠮᠳᠡᠪᠡ᠃ ᠲᠣᠰ ᠬᠤᠱᠢᠭᠤ 《ᠠᠷᠪᠢᠯᠠᠨ ᠭᠠᠮᠨᠠᠬᠤ》 ᠪᠠ 《ᠡᠬᠢ ᠰᠤᠷᠪᠤᠯᠵᠢ᠎ᠳᠤ ᠨᠡᠭᠡᠭᠡᠯᠲᠠ ᠬᠢᠬᠦ᠌》 ᠎ᠶ᠋ᠢ ᠵᠡᠷᠭᠡ᠎ᠪᠠᠷ ᠠᠳᠭᠤᠵᠥ᠍᠂ ᠬᠤᠱᠢᠭᠤᠨ᠎ᠤ᠎ᠪᠠᠨ 16 ᠭᠤᠤᠯᠳᠠᠯᠭ᠎ᠠ᠎ᠲᠠᠢ ᠡᠨᠧᠷᠭᠢ ᠬᠡᠷᠡᠭ᠌ᠯᠡᠬᠦ᠌ ᠠᠵᠤ ᠠᠬᠤᠢᠯᠠᠯ᠎ᠳᠤ ᠰᠠᠯᠠᠭ᠎ᠠ ᠮᠥᠴᠢᠷ ᠬᠤᠯᠪᠤᠭᠠᠯᠠᠨ ᠳᠠᠭᠠᠭᠠᠴᠢᠯᠠᠬᠤ᠂ ᠲᠤᠰᠭᠠᠶ ᠬᠥᠮᠦᠨ ᠲᠣᠮᠢᠯᠠᠨ ᠰᠠᠭᠤᠯᠭᠠᠬᠤ ᠵᠡᠷᠭᠡ ᠠᠷᠭ᠎ᠠ᠎ᠪᠠᠷ᠂ 《ᠡᠳᠦᠷ᠎ᠤᠨ ᠲᠣᠬᠢᠷᠠᠭᠤᠯᠤᠯᠲᠠ᠂ ᠭᠠᠷᠠᠭ᠎ᠤᠨ ᠮᠠᠭᠠᠳᠯᠠᠯᠲᠠ》 ᠎ᠶ᠋ᠢᠨ ᠲᠣᠭ᠍ᠲᠠᠴᠠ ᠪᠠ 《ᠨᠢᠭᠡ ᠠᠵᠤ ᠠᠬᠤᠢᠯᠠᠯ᠎ᠳᠤ ᠨᠢᠭᠡ ᠲᠥᠷᠥ᠎ᠶ᠋ᠢᠨ ᠪᠣᠳᠣᠯᠭ᠎ᠠ ᠬᠡᠷᠡᠭ᠌ᠵᠢᠭᠦᠯᠬᠦ᠌》 ᠡᠨᠧᠷᠭᠢ ᠠᠷᠪᠢᠯᠠᠵᠤ ᠬᠤᠷᠣᠭ᠍ᠳᠠᠯ᠎ᠢ ᠪᠠᠭᠠᠰᠭᠠᠬᠤ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠦᠨ᠂ ᠡᠨᠧᠷᠭᠢ᠎ᠶ᠋ᠢᠨ ᠬᠤᠷᠣᠭ᠍ᠳᠠᠯ᠎ᠢ ᠣᠨᠣᠪᠴᠢᠲᠠᠶ ᠲᠥᠰᠦᠭᠡᠯᠡᠨ ᠪᠤᠳᠤᠵᠤ᠂ ᠡᠳᠦᠷ ᠪᠦᠷᠢ᠎ᠶ᠋ᠢᠨ ᠪᠠᠭᠠᠰᠭᠠᠬᠤ ᠭᠦᠢᠴᠡᠳᠭᠡᠯ ᠲᠤᠭ᠎ᠠ᠎ᠶ᠋ᠢ ᠴᠢᠩᠭ᠎ᠠ ᠨᠠᠢᠳᠠᠪᠤᠷᠢᠵᠢᠭᠤᠯᠤᠨ᠂ ᠬᠤᠷᠣᠭ᠍ᠳᠠᠯ᠎ᠢ ᠪᠠᠭᠠᠰᠭᠠᠬᠤ ᠡᠭᠦᠷᠭᠡ᠎ᠶ᠋ᠢ ᠪᠥᠬᠦ᠌ ᠶᠠᠪᠤᠴᠠ᠎ᠳᠤ ᠬᠢᠨᠠᠨ ᠡᠵᠡᠮᠳᠡᠵᠦ᠍ ᠨᠠᠢᠳᠠᠪᠤᠷᠢᠵᠢᠭᠤᠯᠪᠠ᠃ ᠠᠵᠤ ᠠᠬᠤᠢᠯᠠᠯ᠎ᠤᠨ ᠦᠢᠯᠡᠳᠪᠦᠷᠢᠯᠡᠯ᠎ᠤᠨ ᠬᠠᠮᠢᠶᠠᠷᠤᠯᠲᠠ ᠪᠠ ᠲᠧᠭ᠌ᠨᠢᠭ ᠮᠡᠷᠭᠡᠵᠢᠯ᠎ᠤᠨ ᠥᠭᠡᠷᠡᠴᠢᠯᠡᠯᠲᠡ᠎ᠪᠠᠨ ᠴᠢᠩᠭᠠᠳᠭᠠᠬᠤ᠎ᠶ᠋ᠢ ᠵᠣᠷᠢᠭ᠍ᠵᠢᠭᠤᠯᠵᠤ᠂ ᠬᠤᠴᠣᠷᠤᠩᠭᠤᠢ ᠦᠢᠯᠡᠳᠪᠦᠷᠢᠯᠡᠯ᠎ᠤᠨ ᠴᠢᠳᠠᠪᠤᠷᠢ᠎ᠶ᠋ᠢ ᠱᠢᠭ᠌ᠰᠢᠭ᠌ᠳᠡᠬᠦᠯᠦᠨ᠂ ᠡᠨᠧᠷᠭᠢ᠎ᠶ᠋ᠢᠨ ᠰᠤᠷᠪᠤᠯᠵᠢ᠎ᠶ᠋ᠢ ᠠᠱᠢᠬ᠍ᠯᠠᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠠᠢ᠃

ᠪᠦᠬᠦ᠌ ᠠᠷᠠᠳ᠎ᠢ ᠡᠨᠧᠷᠭᠢ ᠠᠷᠪᠢᠯᠠᠵᠤ ᠪᠣᠬᠢᠷᠲᠤᠯ᠎ᠢ ᠭᠠᠳᠠᠭ᠍ᠰᠢᠯᠠᠭᠤᠯᠬᠤ᠎ᠶ᠋ᠢ ᠪᠠᠭᠠᠰᠭᠠᠬᠤ᠎ᠳᠤ ᠣᠷᠣᠯᠴᠠᠭᠤᠯᠪᠠ᠃ ᠲᠣᠰ ᠬᠤᠱᠢᠭᠤ ᠠᠵᠤ ᠦᠢᠯᠡᠳᠪᠤᠷᠢ᠂ ᠮᠠᠯ ᠠᠵᠤ ᠠᠬᠤᠶ ᠲᠠᠷᠢᠶᠠᠯᠠᠩ᠂ ᠪᠠᠷᠢᠯᠭ᠎ᠠ᠂ ᠵᠠᠮ ᠬᠠᠷᠢᠯᠴᠠᠭ᠎ᠠ᠂ ᠠᠷᠠᠯᠵᠢᠶ᠎ᠠ ᠬᠤᠳᠠᠯᠳᠤᠭ᠎ᠠ᠂ ᠣᠯᠠᠨ ᠨᠡᠢᠲᠡ᠎ᠶ᠋ᠢᠨ ᠪᠠᠢᠭᠤᠯᠤᠮᠵᠢ ᠵᠡᠷᠭᠡ ᠡᠨᠧᠷᠭᠢ ᠠᠷᠪᠢᠯᠠᠬᠤ ᠵᠢᠷᠭᠤᠭᠠᠨ ᠶᠡᠭᠡ ᠬᠦᠷᠢᠶᠡᠨ᠎ᠳᠠᠬᠢ ᠡᠨᠧᠷᠭᠢ᠎ᠶ᠋ᠢᠨ ᠬᠤᠷᠣᠭ᠍ᠳᠠᠯ᠎ᠤᠨ ᠬᠠᠮᠢᠶᠠᠷᠤᠯᠲᠠ ᠡᠵᠡᠮᠳᠡᠯ᠎ᠢ ᠭᠤᠤᠯᠳᠠᠯᠭ᠎ᠠ᠎ᠲᠠᠢ ᠰᠠᠢᠲᠤᠷ ᠠᠳᠭᠤᠬᠤ᠎ᠶ᠋ᠢᠨ ᠬᠠᠮᠲᠤ ᠡᠨᠧᠷᠭᠢ ᠠᠷᠪᠢᠯᠠᠵᠤ ᠪᠣᠬᠢᠷᠲᠤᠯ᠎ᠢ ᠭᠠᠳᠠᠭ᠍ᠰᠢᠯᠠᠭᠤᠯᠬᠤ᠎ᠶ᠋ᠢ ᠪᠠᠭᠠᠰᠭᠠᠬᠤ᠎ᠶ᠋ᠢ ᠬᠠᠮ ᠳᠡᠯᠭᠡᠭᠦᠷ᠂ ᠵᠣᠴᠢᠳ᠎ᠤᠨ ᠪᠠᠭᠤᠳᠠᠯ᠂ ᠡᠮᠨᠡᠯᠭᠡ᠎ᠶ᠋ᠢᠨ ᠬᠤᠷᠢᠶ᠎ᠠ᠂ ᠰᠤᠷᠭᠠᠭᠤᠯᠢ᠂ ᠬᠥᠳᠡᠭᠡ ᠲᠣᠰᠭᠤᠨ᠂ ᠬᠡᠷ ᠪᠦᠯᠢ᠎ᠳᠤ ᠤᠷᠤᠭᠤᠯᠬᠤ ᠵᠡᠷᠭᠡ ᠱᠢᠷᠢᠰ ᠠᠵᠢᠯᠯᠠᠭ᠎ᠠ᠎ᠶ᠋ᠢ ᠢᠳᠡᠪᠬᠢᠲᠡᠶ ᠥᠷᠨᠢᠭᠦᠯᠵᠦ᠍᠂ ᠨᠢᠭᠡ ᠯᠡ ᠤᠳᠠᠭᠠᠨ᠎ᠤ ᠴᠢᠨᠠᠷᠲᠠᠶ ᠠᠯᠪᠠᠨ ᠭᠡᠷ᠎ᠤᠨ ᠬᠡᠷᠡᠭ᠌ᠰᠡᠯ᠎ᠤᠨ ᠬᠤᠷᠣᠭ᠍ᠳᠠᠯ᠎ᠢ ᠪᠠᠭᠠᠰᠭᠠᠬᠤ᠎ᠶ᠋ᠢ ᠰᠠᠨᠠᠭᠠᠴᠢᠯᠠᠨ᠂ ᠪᠦᠬᠦ᠌ ᠠᠷᠠᠳ᠎ᠢᠶᠠᠷ᠎ᠢᠶᠠᠨ ᠡᠨᠧᠷᠭᠢ ᠠᠷᠪᠢᠯᠠᠵᠤ ᠣᠷᠴᠢᠨ ᠲᠣᠭᠤᠷᠢᠨ᠎ᠢ ᠬᠠᠮᠠᠭᠠᠯᠠᠬᠤ᠂ ᠪᠣᠬᠢᠷᠲᠤᠯ ᠥᠬᠡᠶ ᠲᠣᠣᠷ᠎ᠠ ᠨᠡᠭᠦᠷᠡᠰᠦᠲᠥ᠋ᠷᠥᠭ᠌ᠴᠢᠳᠦ ᠠᠵᠢᠯ ᠪᠠ ᠠᠮᠢᠳᠤᠷᠠᠯ᠎ᠤᠨ ᠠᠷᠭ᠎ᠠ ᠮᠠᠶᠢᠭ᠎ᠢ ᠪᠥᠷᠢᠯᠳᠥᠭᠦᠯᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号