《ᠱᠢᠨ᠎ᠡ ᠴᠠᠭ ᠦᠶ᠎ᠡ᠎ᠶ᠋ᠢᠨ ᠪᠠᠭ᠍ᠰᠢ᠎ᠶ᠋ᠢᠨ ᠮᠣᠷᠠᠯ ᠪᠠᠭ᠍ᠰᠢ᠎ᠶ᠋ᠢᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠨ ᠰᠠᠢᠵᠢᠷᠠᠭᠤᠯᠬᠤ ᠲᠤᠬᠠᠶ ᠰᠠᠨᠠᠯ》 ᠢ ᠨᠠᠢᠳᠠᠪᠤᠷᠢᠵᠢᠭᠤᠯᠵᠤ᠂ 《ᠳᠤᠷ᠎ᠠ᠎ᠪᠠᠷ᠎ᠢᠶᠠᠨ ᠬᠢᠴᠢᠶᠡᠯ ᠨᠥᠬᠦᠬᠦ᠂ ᠳᠤᠷ᠎ᠠ᠎ᠪᠠᠷ᠎ᠢᠶᠠᠨ ᠠᠩᠭᠢ ᠡᠷᠬᠢᠯᠡᠬᠦ᠌》᠂ 《ᠰᠦᠢᠳᠭᠡᠯ ᠬᠤᠷᠢᠶᠠᠵᠤ ᠬᠢᠴᠢᠶᠡᠯ ᠨᠥᠬᠦᠬᠦ᠌》 ᠵᠡᠷᠬᠡ᠎ᠶ᠋ᠢ ᠪᠦᠳᠦᠮᠵᠢᠳᠡᠢ ᠬᠤᠷᠢᠬ᠍ᠯᠠᠵᠤ᠂ ᠦᠷᠬᠡᠨ ᠤᠯᠠᠨ ᠪᠠᠭ᠍ᠰᠢ ᠨᠠᠷ᠎ᠤᠨ ᠶᠣᠰᠣ ᠰᠤᠷᠲᠠᠬᠤᠨ᠎ᠢᠶᠠᠷ ᠬᠥᠮᠦᠨ ᠬᠥᠮᠦᠵᠢᠭᠦᠯᠬᠦ᠌ ᠤᠭ ᠰᠠᠨᠠᠭ᠎ᠠ᠎ᠪᠠᠨ ᠪᠠᠲᠤ ᠰᠠᠬᠢᠵᠤ᠂ ᠨᠠᠮ᠎ᠤᠨ ᠲᠥᠯᠥᠭᠡ ᠬᠥᠮᠦᠨ ᠬᠥᠮᠦᠵᠢᠭᠦᠯᠬᠦ᠂ ᠤᠯᠤᠰ᠎ᠤᠨ ᠲᠦᠯᠦᠭᠡ ᠴᠢᠳᠠᠪᠤᠷᠢᠲᠠᠨ ᠬᠥᠮᠦᠵᠢᠭᠦᠯᠬᠦ᠌ ᠡᠭᠦᠷᠭᠡ᠎ᠪᠠᠨ ᠦᠢᠯᠡᠳᠦᠯᠭᠡᠵᠢᠬᠦᠯᠬᠦ᠌᠎ᠶ᠋ᠢ ᠠᠬᠢᠭᠤᠯᠬᠤ᠎ᠶ᠋ᠢᠨ ᠲᠦᠯᠦᠬᠡ᠂ 8 ᠰᠠᠷ᠎ᠠ᠎ᠶ᠋ᠢᠨ 8 ᠤ ᠡᠳᠦᠷ᠎ᠠᠴᠠ 9 ᠰᠠᠷ᠎ᠠ᠎ᠶ᠋ᠢᠨ 30 ᠤ ᠡᠳᠦᠷ ᠪᠤᠯᠳᠠᠯ᠎ᠠ᠂ ᠬᠥᠬᠡᠬᠤᠲᠠ᠎ᠶ᠋ᠢᠨ ᠰᠤᠷᠭᠠᠨ ᠬᠥᠮᠦᠵᠢᠯ᠎ᠤᠨ ᠱᠢᠰᠲ᠋ᠧᠮ᠎ᠤᠨ᠎ᠬᠢᠨ ᠪᠠᠭ᠍ᠰᠢ᠎ᠶ᠋ᠢᠨ ᠮᠣᠷᠠᠯ ᠰᠤᠷᠲᠠᠯ᠎ᠢ ᠲᠤᠰᠭᠠᠶ ᠴᠡᠭ᠌ᠴᠡᠯᠡᠨ ᠵᠠᠰᠠᠬᠤ ᠠᠵᠢᠯ᠎ᠢ ᠪᠥᠬᠦ᠌ ᠲᠠᠯ᠎ᠠ᠎ᠪᠠᠷ ᠥᠷᠨᠢᠭᠦᠯᠵᠦ᠍ ᠪᠠᠢᠨ᠎ᠠ᠃
ᠬᠥᠬᠡᠬᠤᠲᠠ᠎ᠶ᠋ᠢᠨ ᠰᠤᠷᠭᠠᠨ ᠬᠥᠮᠦᠵᠢᠯ᠎ᠤᠨ ᠲᠤᠪᠴᠢᠶ᠎ᠡ᠂ ᠡᠯ᠎ᠡ ᠬᠤᠱᠢᠭᠤ ᠱᠢᠶᠠᠨ ᠲᠣᠭᠤᠷᠢᠭ᠎ᠤᠨ ᠰᠤᠷᠭᠠᠨ ᠬᠥᠮᠦᠵᠢᠯ᠎ᠤᠨ ᠲᠤᠪᠴᠢᠶ᠎ᠡ ᠤᠯᠤᠰ ᠲᠦᠷᠦ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠪᠠᠭ᠍ᠰᠢ᠎ᠶ᠋ᠢᠨ ᠮᠣᠷᠠᠯ᠎ᠤᠨ ᠪᠠᠢᠭᠤᠯᠤᠯᠲᠠ᠎ᠶ᠋ᠢᠨ ᠪᠠᠭᠤᠷᠠᠢ ᠭᠤᠭ᠍ᠴᠤᠭ᠎ᠠ᠂ ᠤᠯᠠᠨ ᠲᠦᠮᠡᠨ᠎ᠤ ᠦᠨᠡᠨ ᠬᠦ᠌ ᠠᠩᠬᠠᠷᠴᠤ᠌ ᠪᠠᠢᠭ᠎ᠠ ᠶᠠᠪᠤᠳᠠᠯ᠎ᠠᠴᠠ ᠭᠠᠷᠳᠠᠨ᠂ ᠪᠠᠭ᠍ᠰᠢ᠎ᠶ᠋ᠢᠨ ᠦᠵᠡᠯ ᠰᠠᠨᠠᠭ᠎ᠠ ᠤᠯᠤᠰ ᠲᠦᠷᠦ᠎ᠶ᠋ᠢᠨ ᠬᠡᠪ ᠪᠤᠯᠪᠠᠰᠤᠷᠠᠯ ᠪᠠ ᠠᠵᠢᠯ ᠮᠡᠷᠭᠡᠵᠢᠯ᠎ᠤᠨ ᠶᠣᠰᠣ ᠮᠣᠷᠠᠯ᠎ᠤᠨ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠬᠦ᠂ ᠪᠠᠭ᠍ᠰᠢ ᠠᠵᠢᠯᠳᠠᠨ᠎ᠤ ᠪᠠᠭ᠍ᠰᠢᠯᠠᠬᠤ ᠦᠢᠯᠡ ᠠᠵᠢᠯᠯᠠᠭ᠎ᠠ᠎ᠶ᠋ᠢ ᠵᠢᠷᠤᠮᠵᠢᠭᠤᠯᠬᠤ᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠳᠡᠭᠡᠷ᠎ᠡ ᠬᠦᠴᠦᠯᠡᠵᠦ᠍᠂ ᠪᠣᠳᠠᠲᠤ ᠦᠷ᠎ᠡ ᠪᠦᠲᠦᠮᠵᠢ᠎ᠲᠠᠢ ᠪᠠᠢᠬᠤ᠎ᠶ᠋ᠢ ᠦᠨᠡᠨ ᠬᠦ᠌ ᠪᠡᠶᠡᠯᠡᠭᠦᠯᠬᠦ᠌᠎ᠶ᠋ᠢ ᠠᠬᠢᠭᠤᠯᠵᠤ ᠪᠠᠢᠨ᠎ᠠ᠃ ᠡᠯ᠎ᠡ ᠬᠤᠱᠢᠭᠤ ᠱᠢᠶᠠᠨ ᠲᠣᠭᠤᠷᠢᠭ᠎ᠤᠨ ᠰᠤᠷᠭᠠᠨ ᠬᠥᠮᠦᠵᠢᠯ᠎ᠤᠨ ᠲᠣᠪᠴᠢᠶ᠎ᠠ ᠪᠠᠰᠠ ᠪᠠᠭ᠍ᠰᠢ᠎ᠶ᠋ᠢᠨ ᠮᠣᠷᠠᠯ ᠰᠤᠷᠲᠠᠯ᠎ᠤᠨ ᠲᠤᠰᠭᠠᠶ ᠱᠠᠯᠠᠪᠳᠠᠭᠤᠯᠤᠨ ᠪᠠᠢᠴᠠᠭᠠᠬᠤ ᠠᠵᠢᠯ᠎ᠤᠨ ᠳᠤᠭᠤᠢᠯᠠᠩ ᠪᠠᠢᠭᠤᠯᠵᠤ᠂ ᠲᠤᠰᠭᠠᠶ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠨᠢ ᠰᠤᠷᠭᠠᠭᠤᠯᠢ᠎ᠳᠤ ᠭᠦᠨᠵᠡᠭᠡᠢᠷᠡᠨ ᠲᠤᠬᠠᠶ᠎ᠶ᠋ᠢᠨ ᠭᠠᠵᠠᠷ᠎ᠲᠤᠨᠢ ᠪᠠᠢᠴᠠᠭᠠᠨ ᠦᠵᠡᠬᠦ᠂ ᠪᠠᠭ᠍ᠰᠢ ᠰᠤᠷᠤᠭ᠍ᠴᠢᠳ ᠬᠡᠷ᠎ᠤᠨ ᠠᠬᠠᠮᠠᠳ᠎ᠲᠠᠢ ᠶᠠᠷᠢᠯᠴᠠᠬᠤ ᠬᠤᠷᠠᠯ ᠬᠢᠬᠦ᠂ ᠢᠯᠡ᠎ᠪᠠᠷ ᠪᠠᠢᠴᠠᠭᠠᠨ ᠳᠠᠯᠳᠠᠭᠤᠷ ᠰᠤᠷᠪᠤᠯᠵᠢᠯᠠᠬᠤ ᠵᠡᠷᠭᠡ ᠣᠯᠠᠨ ᠵᠦᠢᠯ᠎ᠤᠨ ᠠᠷᠭ᠎ᠠ ᠬᠡᠯᠪᠡᠷᠢ᠎ᠪᠠᠷ ᠳᠠᠮᠵᠢᠭᠤᠯᠤᠨ ᠲᠣᠰ ᠭᠠᠵᠠᠷ ᠣᠷᠣᠨ᠎ᠤ ᠪᠠᠭ᠍ᠰᠢ᠎ᠶ᠋ᠢᠨ ᠮᠣᠷᠠᠯ ᠰᠤᠷᠲᠠᠯ᠎ᠤᠨ ᠵᠠᠰᠠᠯᠲᠠ᠎ᠶ᠋ᠢᠨ ᠪᠠᠢᠳᠠᠯ᠎ᠢ ᠱᠠᠯᠠᠪᠳᠠᠭᠤᠯᠤᠨ ᠪᠠᠢᠴᠠᠭᠠᠬᠤ᠎ᠶ᠋ᠢ ᠱᠠᠭᠠᠷᠳᠠᠬ᠍ᠰᠠᠨ ᠪᠠᠢᠨ᠎ᠠ᠃
ᠣᠢᠯᠠᠭᠠᠭ᠍ᠰᠠᠨ᠎ᠢᠶᠠᠷ᠂ ᠬᠥᠬᠡᠬᠤᠲᠠ᠎ᠶ᠋ᠢᠨ ᠰᠤᠷᠭᠠᠨ ᠬᠥᠮᠦᠵᠢᠯ᠎ᠤᠨ ᠲᠣᠪᠴᠢᠶ᠎ᠠ ᠲᠣᠭ᠍ᠲᠠᠮᠠᠯ ᠪᠤᠰᠤ ᠬᠤᠭᠤᠴᠠᠭ᠎ᠠ᠎ᠲᠠᠢ᠎ᠪᠠᠷ ᠰᠤᠭᠤᠴᠢᠨ ᠪᠠᠢᠴᠠᠭᠠᠵᠤ᠂ ᠰᠤᠭᠤᠴᠢᠨ ᠪᠠᠢᠴᠠᠭᠠᠬᠤ ᠳᠤᠮᠳᠠ ᠢᠯᠡᠷᠡᠭᠦᠯᠦᠭ᠌ᠰᠡᠨ ᠬᠠᠰᠢ ᠶᠠᠰᠢ᠎ᠪᠠᠷ ᠠᠷᠭᠠᠴᠠᠭᠠᠬᠤ᠂ ᠬᠡᠯᠪᠡᠷᠢᠴᠢ ᠦᠵᠡᠯ᠂ ᠠᠯᠪᠠ ᠬᠠᠱᠢᠵᠤ ᠥᠩᠭᠡᠷᠡᠭᠦᠯᠬᠦ᠌ ᠴᠢᠨᠠᠭ᠍ᠰᠢᠯᠠᠪᠠᠯ ᠠᠵᠢᠯ ᠥᠯᠥ᠍ ᠬᠢᠬᠦ᠌ ᠵᠡᠷᠭᠡ ᠦᠢᠯᠡ ᠠᠵᠢᠯᠯᠠᠭ᠎ᠠ᠎ᠳᠤ ᠬᠤᠯᠪᠣᠭ᠍ᠳᠠᠯ ᠪᠥᠬᠦᠶ ᠰᠠᠯᠠᠭ᠎ᠠ ᠮᠥᠴᠢᠷ᠎ᠠᠴᠠ ᠬᠠᠷᠢᠭᠤᠴᠠᠯᠭ᠎ᠠ ᠳᠤᠯᠭᠠᠬᠤ ᠪᠤᠯᠤᠨ᠎ᠠ᠃