ᠲᠠᠷᠢᠶᠠᠯᠠᠩ ᠵᠢᠭᠤᠯᠴᠢᠯᠠᠯ᠎ᠢ ᠠᠭᠤᠰᠤᠯᠴᠠᠭᠤᠯᠵᠤ ᠬᠦᠭ᠌ᠵᠢᠬᠦᠯᠦᠭ᠌ᠰᠡᠨ ᠲᠤᠭᠤᠷᠢᠬᠤ ᠪᠠᠯᠭᠠᠰᠤ
2021-09-12 12:22:37
ᠵᠣᠬᠢᠶᠠᠭ᠍ᠴᠢ᠄
ᠬᠤ᠌ ᠹᠠᠩ ᠾᠦᠸᠧ ᠱᠢᠶᠤᠤ ᠴᠢᠩ ᠱᠤᠸᠠᠢ ᠵᠧᠩ ᠪᠦᠦ ᠬᠤᠩ
ᠣᠩᠱᠢᠭ᠍ᠰᠠᠨ ᠣᠳᠠᠭ᠎ᠠ᠄
★★★☆☆

10 ᠲᠦᠮᠡᠨ ᠮᠦ᠍ ᠭᠠᠵᠠᠷ ᠱᠢᠷᠤᠢ᠎ᠳᠤ ᠶᠠᠭᠤ ᠬᠢᠵᠦ᠍ ᠳᠡᠢᠯᠬᠦ᠌ ᠪᠤᠢ? 

ᠦᠶᠤᠸᠠᠨ ᠱᠢᠶᠠᠨ᠎ᠤ ᠲᠤᠭᠤᠷᠢᠬᠤ ᠪᠠᠯᠭᠠᠰᠤ ᠭᠠᠵᠠᠷ ᠱᠢᠷᠤᠢ᠎ᠶ᠋ᠢᠨ ᠡᠵᠡᠩᠨᠡᠯᠳᠡ᠎ᠶ᠋ᠢᠨ ᠡᠷᠬᠡ᠎ᠶ᠋ᠢ ᠭᠦᠢᠯᠭᠡᠭᠡᠬᠦ᠌᠎ᠪᠠᠷ ᠳᠡᠮᠵᠢᠨ 6 ᠲᠣᠰᠭᠤᠨ᠎ᠤ 10 ᠲᠦᠮᠡᠨ ᠮᠥ᠍ ᠭᠠᠵᠠᠷ ᠱᠢᠷᠣᠶ᠎ᠶ᠋ᠢ ᠲᠥᠪᠯᠡᠷᠡᠭᠦᠯᠵᠦ᠍᠂ ᠨᠢᠭᠡᠳᠦᠯᠲᠡᠶ ᠲᠥᠯᠥᠪᠵᠢᠭᠦᠯᠦᠨ ᠨᠢᠭᠡᠳᠦᠯᠲᠡᠶ ᠪᠥᠲᠥᠭᠡᠨ ᠪᠠᠢᠭᠤᠯᠵᠤ᠂ ᠬᠡᠪᠴᠢᠶ᠎ᠠ᠎ᠪᠠᠷ ᠲᠤᠮᠤ ᠣᠲᠣ ᠦᠶ᠎ᠡ᠎ᠶ᠋ᠢᠨ ᠲᠠᠷᠢᠶᠠᠯᠠᠩ᠎ᠤᠨ ᠠᠵᠤ ᠦᠢᠯᠡᠰ᠎ᠤᠨ ᠬᠦᠷᠢᠶᠡᠯᠡᠩ᠎ᠢ ᠪᠠᠢᠭᠤᠯᠵᠤ᠂ ᠲᠠᠷᠢᠶᠠᠯᠠᠩ᠂ ᠠᠮᠢ ᠠᠬᠤᠶ ᠪᠣᠯᠤᠨ ᠵᠢᠭᠤᠯᠴᠢᠯᠠᠯ᠎ᠤᠨ ᠦᠢᠯᠡᠰ᠎ᠢ ᠤᠶᠠᠯᠳᠤᠭᠤᠯᠵᠠᠶ᠃ ᠲᠠᠷᠢᠶᠠᠴᠢᠨ ᠡᠷᠦᠬᠡ ᠪᠣᠯᠤᠨ ᠪᠦᠬᠦ᠋ᠢᠯᠡ ᠠᠵᠤ ᠦᠢᠯᠡᠰ᠎ᠤᠨ ᠬᠦᠷᠢᠶᠡᠯᠡᠩ ᠨᠢᠭᠡ ᠴᠣᠭ᠍ᠴᠠ ᠪᠣᠯᠤᠨ ᠠᠭᠤᠰᠤᠯᠴᠠᠵᠤ᠂ ᠲᠡᠳᠡ ᠠᠳᠡ ᠠᠵᠢᠯ ᠤᠯᠵᠤ ᠠᠳᠠᠯ ᠠᠮᠢᠳᠤᠷᠠᠯ᠎ᠢᠶᠠᠨ ᠴᠤᠭ᠍ᠴᠠᠯᠠᠨ᠎ᠠ᠃ 

ᠠᠵᠤ ᠦᠢᠯᠡᠰ᠎ᠤᠨ ᠬᠦᠷᠢᠶᠡᠯᠡᠩ᠎ᠨᠢ ᠲᠦᠬᠦᠭᠡᠷᠤᠮᠵᠢᠳᠤ ᠲᠠᠷᠢᠶᠠᠯᠠᠩ᠎ᠤᠨ ᠠᠵᠤ ᠦᠢᠯᠡᠰ᠎ᠤᠨ ᠬᠦᠷᠢᠶᠡᠯᠡᠩ᠂ ᠡᠪᠡᠰᠦ ᠪᠠ ᠬᠦᠢᠳᠡᠨ ᠰᠡᠷᠢᠭᠦᠨ ᠢᠳᠡᠱᠢᠨ ᠨᠣᠭᠤᠭ᠎ᠠ᠎ᠶ᠋ᠢᠨ ᠵᠢᠱ᠌ᠢᠶ᠎ᠡ ᠦᠵᠡᠭᠦᠯᠬᠦ᠌ ᠬᠦᠷᠢᠶᠡᠯᠡᠩ᠂ ᠲᠦᠮᠡᠨ ᠮᠦ᠍᠎ᠶ᠋ᠢᠨ ᠤᠢ ᠱᠢᠭᠤᠢ ᠵᠢᠮᠢᠰ᠎ᠤᠨ ᠬᠦᠷᠢᠶᠡᠯᠡᠩ᠂ ᠰᠦ᠎ᠶ᠋ᠢᠨ ᠦᠢᠯᠡᠰ᠎ᠤᠨ ᠠᠵᠤ ᠦᠢᠯᠡᠰ᠎ᠤᠨ ᠬᠦᠷᠢᠶᠡᠯᠡᠩ᠂ ᠭᠤᠸᠠ ᠵᠢᠮᠢᠰ ᠢᠳᠡᠱᠢᠨ ᠨᠣᠭᠤᠭ᠎ᠠ ᠲᠡᠭᠦᠬᠦ᠌ ᠠᠷᠠᠯᠵᠢᠶᠠᠨ᠎ᠤ ᠬᠦᠷᠢᠶᠡᠯᠡᠩ ᠵᠡᠷᠭᠡ 10 ᠤᠨᠴᠠᠯᠢᠬ᠍ᠳᠤ ᠠᠵᠤ ᠦᠢᠯᠡᠰ᠎ᠤᠨ ᠭᠤᠣᠯ ᠬᠦᠷᠢᠶᠡᠯᠡᠩ᠎ᠢ ᠭᠤᠣᠯᠳᠠᠯᠭ᠎ᠠ᠎ᠲᠠᠢ ᠴᠣᠭ᠍ᠴᠠᠯᠠᠵᠤ᠂ ᠬᠡᠪᠴᠢᠶᠡᠵᠢᠭᠦᠯᠦᠨ ᠲᠠᠷᠢᠵᠤ ᠲᠡᠵᠢᠭᠡᠬᠦ᠌᠎ᠪᠠᠷ ᠰᠠᠭᠤᠷᠢ ᠪᠤᠯᠭᠠᠨ᠂ ᠲᠠᠷᠢᠶᠠᠯᠠᠩ᠎ᠤᠨ ᠠᠵᠤ ᠦᠢᠯᠡᠰᠵᠢᠭ᠌ᠰᠡᠨ ᠲᠠᠭᠠᠭᠤᠯᠤᠬ᠍ᠴᠢ ᠠᠵᠤ ᠠᠬᠤᠢᠯᠠᠯ᠎ᠤᠨ ᠲᠠᠢᠴᠢᠯᠠᠯᠳᠠ᠎ᠳᠤ ᠲᠦᠱᠢᠭ᠌ᠯᠡᠵᠤ᠂ ᠵᠤᠭ᠎ᠠ ᠰᠡᠯᠡᠭᠦᠴᠡᠯ᠎ᠤᠨ ᠲᠠᠷᠢᠶᠠᠯᠠᠩ᠂ ᠬᠥᠳᠡᠭᠡ ᠲᠣᠰᠭᠤᠨ᠎ᠤ ᠵᠢᠭᠤᠯᠴᠢᠯᠠᠯ᠎ᠢ ᠶᠡᠭᠡ᠎ᠪᠠᠷ ᠬᠦᠭ᠌ᠵᠢᠬᠦᠯᠦᠨ᠂ ᠲᠠᠷᠢᠶᠠᠯᠠᠩ᠂ ᠵᠢᠭᠤᠯᠴᠢᠯᠠᠯ᠂ ᠰᠣᠶᠣᠯ᠎ᠤᠨ ᠠᠭᠤᠰᠤᠯᠴᠠᠯ᠎ᠢ ᠠᠬᠢᠭᠤᠯᠤᠭ᠍ᠰᠠᠨ᠎ᠢᠶᠠᠷ᠂ ᠠᠳᠡ᠎ᠠᠴᠠ ᠲᠠᠷᠢᠶᠠᠯᠠᠩ ᠬᠦᠴᠦᠷᠬᠡᠭ᠂ ᠬᠥᠳᠡᠭᠡ ᠲᠣᠰᠭᠤᠨ ᠦᠵᠡᠰᠭᠦᠯᠡᠩᠲᠦ ᠰᠠᠢᠬᠠᠨ᠂ ᠲᠠᠷᠢᠶᠠᠴᠢᠨ ᠴᠢᠨᠡᠭᠡᠯᠢᠭ᠌ᠵᠢᠭ᠌ᠰᠡᠨ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠵᠢᠷᠤᠭ ᠠᠯᠭᠤᠷᠬᠠᠨ ᠲᠡᠯᠭᠡᠭ᠌ᠳᠡᠨ᠎ᠠ᠃ 

ᠯᠢᠶᠠᠨ ᠹᠧᠩ ᠲᠣᠰᠭᠤᠨ ᠲᠤᠭᠤᠷᠢᠬᠤ ᠪᠠᠯᠭᠠᠰᠤ᠎ᠠᠴᠠ ᠪᠠᠷᠠᠭᠤᠨᠰᠢ 2 ᠺᠢᠯᠣᠮᠧᠲᠷ᠎ᠤᠨ ᠵᠠᠢᠲᠠᠢ ᠪᠠᠢᠷᠢᠯᠠᠳᠠᠭ᠂ ᠤᠯᠠᠨ ᠵᠢᠯ᠎ᠤᠨ ᠲᠤᠷᠰᠢ᠂ ᠠᠳᠡᠬᠢ ᠲᠠᠷᠢᠶᠠᠴᠢᠳ ᠵᠢᠮᠢᠰ᠎ᠤᠨ ᠮᠣᠳᠣ ᠲᠠᠷᠢᠭ᠍ᠰᠠᠨ᠎ᠠᠴᠠ ᠲᠣᠰᠭᠤᠨ᠎ᠳᠤ ᠬᠡᠳᠦᠨ ᠠᠷᠪᠠᠨ ᠵᠢᠮᠢᠰ᠎ᠤᠨ ᠬᠦᠷᠢᠶᠡᠯᠡᠩ᠂ ᠲᠦᠮᠡ ᠱᠢᠬᠠᠮ ᠮᠦ᠍ ᠵᠢᠮᠢᠰ᠎ᠤᠨ ᠤᠢ᠎ᠲᠠᠢ ᠪᠤᠯᠪᠠ᠂ ᠵᠡᠷᠭᠡᠯᠡᠳᠡᠭᠡ ᠲᠣᠰᠭᠤᠨ᠎ᠳᠤ ᠲᠦᠮᠡ ᠱᠢᠬᠠᠮ ᠮᠦ᠍ ᠪᠠᠢᠭᠠᠯᠢ᠎ᠶ᠋ᠢᠨ ᠨᠠᠭᠤᠷ ᠴᠥᠭᠦᠷᠥᠮ ᠪᠠ 4000 ᠭᠠᠷᠤᠢ ᠮᠦ᠍ ᠡᠯᠡᠰᠦᠨ ᠲᠤᠪᠤ ᠵᠡᠷᠭᠡ ᠠᠮᠢ ᠠᠬᠤᠢ᠎ᠶ᠋ᠢᠨ ᠭᠠᠵᠠᠷ᠎ᠤᠨ ᠭᠠᠳᠠᠷᠭᠤ᠎ᠲᠠᠢ᠂ ᠲᠤᠰᠭᠤᠨ᠎ᠨᠢ ᠪᠠᠰᠠ ᠪᠠ ᠮᠧᠢ ᠬᠤ᠌ ᠤᠯᠤᠰ᠎ᠤᠨ ᠨᠤᠭᠤ ᠭᠠᠵᠠᠷ᠎ᠤᠨ ᠴᠡᠴᠡᠷᠯᠢᠭ᠂ ᠮᠠᠨᠪᠠᠷᠠᠰᠠᠩ ᠰᠦᠮ᠎ᠡ ᠵᠡᠷᠭᠡ ᠦᠵᠡᠮᠵᠢ᠎ᠶ᠋ᠢᠨ ᠤᠷᠤᠨ᠎ᠲᠠᠢ ᠬᠥᠷᠱᠢᠯᠡᠵᠦ᠍ ᠪᠠᠢᠳᠠᠭ᠃

ᠦᠵᠡᠰᠭᠦᠯᠡᠩᠲᠦ ᠰᠠᠢᠬᠠᠨ ᠬᠥᠳᠡᠭᠡ ᠲᠣᠰᠭᠤᠨ᠎ᠤ ᠪᠦᠳᠦᠭᠡᠨ ᠪᠠᠢᠭᠤᠯᠤᠯᠲᠠ᠎ᠶ᠋ᠢ ᠲᠠᠭᠠᠯᠳᠤᠨ᠂ ᠲᠤᠭᠤᠷᠢᠬᠤ ᠪᠠᠯᠭᠠᠰᠤ ᠬᠦᠭ᠌ᠵᠢᠯᠳᠡ᠎ᠶ᠋ᠢᠨ ᠬᠠᠨᠳᠤᠰᠢ᠎ᠳᠤ ᠲᠤᠬᠢᠷᠠᠭᠤᠯᠤᠨ ᠬᠦᠳᠦᠯᠦᠨ ᠵᠢᠯᠣᠭᠤᠳᠴᠤ᠌᠂ ᠯᠢᠶᠠᠨ ᠹᠧᠩ ᠲᠣᠰᠭᠤᠨ᠎ᠳᠤ ᠤᠢ ᠱᠢᠭᠤᠢ ᠵᠢᠮᠢᠰ᠎ᠤᠨ ᠠᠵᠤ ᠦᠢᠯᠡᠰ᠎ᠢ ᠬᠥᠭ᠌ᠵᠢᠭᠦᠯᠦᠭ᠌ᠰᠡᠨ᠎ᠤ ᠬᠠᠮᠲᠤ ᠬᠠᠮᠤᠭ᠎ᠤᠨ ᠶᠡᠭᠡ ᠬᠡᠮᠵᠢᠶ᠎ᠡ᠎ᠪᠠᠷ ᠬᠦᠳᠡᠭᠡ᠎ᠶ᠋ᠢᠨ ᠤᠤᠯ ᠳᠦᠷᠰᠦ ᠪᠠᠢᠳᠠᠯ᠎ᠢ ᠦᠯᠡᠳᠡᠭᠡᠬᠦ᠌᠎ᠶ᠋ᠢ ᠪᠠᠲᠤᠯᠠᠵᠤ᠂ ᠤᠢ ᠱᠢᠭᠤᠢ ᠵᠢᠮᠢᠰ ᠲᠡᠭᠦᠬᠦ᠌ ᠠᠵᠤ ᠦᠢᠯᠡᠰ ᠪᠣᠯᠤᠨ ᠲᠠᠷᠢᠶᠠᠴᠢᠨ ᠠᠢᠯ᠎ᠤᠨ ᠵᠢᠭᠤᠯᠴᠢᠯᠡᠯ᠎ᠤᠨ ᠵᠠᠩ ᠦᠢᠯᠡ᠎ᠶ᠋ᠢᠨ ᠵᠢᠭᠤᠯᠴᠢᠯᠠᠯ᠎ᠢ ᠬᠥᠭ᠌ᠵᠢᠭᠦᠯᠬᠦ᠌᠎ᠶ᠋ᠢ ᠤᠶᠠᠯᠳᠤᠭᠤᠯᠤᠭ᠍ᠰᠠᠨ᠎ᠠᠴᠠ ᠡᠨᠡ ᠬᠦ᠌ ᠵᠢᠵᠢᠭ ᠲᠣᠰᠭᠤᠨ ᠬᠤᠯᠠ ᠤᠢ᠍ᠢᠷ᠎ᠠ᠎ᠳᠠᠭᠠᠨ ᠠᠯᠳᠠᠷᠱᠢᠨ᠂ ᠰᠣᠨᠢᠷᠬᠠᠬᠤ᠂ ᠲᠡᠭᠦᠬᠦ᠂ ᠪᠡᠶᠡᠴᠢᠯᠡᠨ ᠣᠢᠯᠠᠭᠠᠬᠤ᠂ ᠰᠡᠯᠡᠭᠦᠴᠡᠬᠦ᠌᠎ᠶ᠋ᠢ ᠨᠢᠭᠡ ᠴᠤᠬ᠍ᠴᠠᠵᠢᠭᠤᠯᠤᠬ᠍ᠰᠠᠨ ᠵᠢᠭᠤᠯᠴᠢᠯᠡᠯ᠎ᠤᠨ ᠦᠵᠡᠮᠵᠢ᠎ᠶ᠋ᠢᠨ ᠣᠷᠣᠨ ᠪᠤᠯᠤᠬ᠍ᠰᠠᠨ ᠪᠠᠢᠨ᠎ᠠ᠃ ᠯᠢᠶᠠᠨ ᠹᠧᠩ ᠲᠣᠰᠭᠤᠨ ᠳᠤᠮᠳᠠᠳᠤ ᠤᠯᠤᠰ᠎ᠤᠨ ᠦᠵᠡᠰᠭᠦᠯᠡᠩᠲᠦ ᠰᠠᠢᠬᠠᠨ ᠵᠤᠭ᠎ᠠ ᠰᠡᠯᠡᠭᠦᠴᠡᠯ᠎ᠤᠨ ᠬᠥᠳᠡᠭᠡ ᠲᠣᠰᠭᠤᠨ᠎ᠢᠶᠠᠷ ᠰᠣᠩᠭᠤᠭ᠍ᠳᠠᠭ᠍ᠰᠠᠨ᠎ᠢᠶᠠᠷ ᠪᠠᠷᠠᠬᠤ ᠦᠭᠡᠢ ᠪᠠᠰᠠ ᠪᠦᠬᠦ᠌ ᠤᠯᠤᠰ᠎ᠤᠨ ᠬᠥᠳᠡᠭᠡ ᠲᠣᠰᠭᠤᠨ᠎ᠤ ᠵᠢᠭᠤᠯᠴᠢᠯᠠᠯ᠎ᠤᠨ ᠭᠤᠣᠯᠳᠠᠯᠭ᠎ᠠ᠎ᠲᠠᠢ ᠲᠣᠰᠭᠤᠨ ᠪᠣᠯᠪᠠ᠃ 

《ᠥᠩᠭᠡᠷᠡᠭ᠌ᠰᠡᠨ᠎ᠳᠤ ᠲᠠᠷᠢᠶᠠᠴᠢᠳ ᠬᠤᠪᠢ ᠠᠢᠯ᠎ᠢᠶᠠᠷ᠎ᠢᠶᠠᠨ ᠪᠠᠢᠭ᠍ᠰᠠᠨ᠎ᠠᠴᠠ ᠬᠦᠴᠦᠨ ᠬᠦᠷᠦᠯᠴᠡᠬᠦ᠌ ᠦᠬᠡᠢ ᠪᠠᠢᠵᠠᠢ᠂ ᠤᠳᠤ ᠬᠦᠷᠢᠶᠡᠯᠡᠩ ᠲᠣᠭᠤᠷᠢᠭ᠎ᠤᠨ 10 ᠲᠦᠮᠡᠨ ᠮᠦ᠍ ᠭᠠᠵᠠᠷ᠎ᠤᠨ 7 ᠲᠦᠮᠡᠨ ᠮᠦ᠍᠎ᠶ᠋ᠢ᠎ᠨᠢ ᠴᠢᠳᠠᠪᠤᠷᠢ᠎ᠲᠠᠢ ᠠᠵᠤ ᠠᠬᠤᠢᠯᠠᠯ᠂ ᠬᠤᠷᠱᠢᠶ᠎ᠠ ᠪᠣᠯᠤᠨ ᠭᠡᠷ ᠪᠦᠯᠢ᠎ᠶ᠋ᠢᠨ ᠲᠠᠷᠢᠶᠠᠯᠠᠩ ᠮᠠᠯᠵᠢᠯ᠎ᠤᠨ ᠲᠠᠯᠠᠪᠠᠢ᠎ᠳᠤ ᠥᠭ᠌ᠴᠦ ᠡᠵᠡᠩᠨᠡᠭᠦᠯᠵᠦ᠍ ᠪᠠᠢᠨ᠎ᠠ᠃ ᠡᠲᠡᠭᠡᠷ ᠡᠵᠡᠩᠨᠡᠯᠲᠡ᠎ᠶ᠋ᠢᠨ ᠭᠤᠤᠯ ᠴᠣᠭ᠍ᠴᠠ᠎ᠨᠢ ᠬᠡᠪᠴᠢᠶ᠎ᠡ᠎ᠪᠠᠨ ᠥᠷᠭᠡᠳᠭᠡᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠦᠪᠱᠢᠨ᠎ᠢᠶᠠᠨ ᠳᠡᠭᠡᠭ᠌ᠰᠢᠯᠡᠭᠦᠯᠵᠦ᠍᠂ ᠠᠵᠤ ᠦᠢᠯᠡᠰ᠎ᠤᠨ ᠬᠡᠯᠬᠢᠶ᠎ᠡ᠎ᠪᠠᠨ ᠱᠢᠯᠤᠭᠤᠳᠭᠠᠵᠤ᠂ ᠤᠯᠠᠮᠵᠢᠯᠠᠯᠲᠤ ᠳᠠᠷᠢᠵᠤ ᠲᠡᠵᠢᠭᠡᠬᠦ᠌ ᠦᠢᠯᠡᠰ᠎ᠢ 〈ᠳᠠᠷᠢᠵᠤ ᠲᠡᠵᠢᠭᠡᠬᠦ᠌ ᠡᠳ᠋ᠱᠢᠭᠦᠯᠬᠦ᠌ ᠪᠣᠷᠣᠯᠠᠭᠤᠯᠬᠤ〉 ᠨᠢᠭᠡ ᠴᠤᠭ᠍ᠴᠠᠵᠢᠭ᠍ᠰᠠᠨ ᠲᠡᠢᠰᠢ ᠭᠦᠨᠵᠡᠭᠡᠶ ᠠᠭᠤᠰᠤᠯᠴᠠᠭᠤᠯᠤᠨ ᠬᠥᠭ᠌ᠵᠢᠬᠦ᠌᠎ᠶ᠋ᠢ ᠠᠬᠢᠭᠤᠯᠵᠤ ᠪᠠᠢᠨ᠎ᠠ᠃ ᠲᠠᠷᠢᠶᠠᠴᠢᠳ ᠲᠠᠷᠢᠵᠤ ᠲᠡᠵᠢᠬᠡᠨ᠂ ᠠᠵᠤ ᠠᠬᠤᠢᠯᠠᠯ᠎ᠠᠴᠠ ᠨᠢᠭᠡᠳᠦᠯᠲᠡᠢ ᠬᠤᠳᠠᠯᠳᠤᠨ ᠠᠪᠳᠠᠭ᠂ ᠪᠠᠰᠠ ᠲᠠᠷᠢᠶᠠᠯᠠᠩ᠎ᠤᠨ 〈ᠠᠵᠤ ᠦᠢᠯᠡᠰ᠎ᠤᠨ ᠠᠵᠢᠯᠴᠢᠨ〉 ᠪᠤᠯᠵᠦ᠍ ᠬᠦᠷᠢᠶᠡᠯᠡᠩ ᠲᠣᠭᠤᠷᠢᠭ᠎ᠲᠤ ᠬᠦᠴᠦ᠍ ᠶᠡᠪᠤᠵᠤ ᠤᠷᠤᠯᠭ᠎ᠠ᠎ᠪᠠᠨ ᠨᠡᠮᠡᠭ᠌ᠳᠡᠬᠦᠯᠳᠡᠭ᠂ ᠵᠠᠷᠢᠮ᠎ᠳᠠᠭᠠᠨ ᠬᠦᠷᠢᠶᠡᠯᠡᠩ ᠲᠣᠭᠤᠷᠢᠭ᠎ᠤᠨ ᠠᠵᠢᠯᠴᠢᠨ ᠬᠡᠷᠡᠭ᠌ᠯᠡᠬᠦ᠌ ᠬᠡᠮᠵᠢᠶ᠎ᠡ ᠲᠤᠯᠤᠭ᠎ᠠ ᠨᠠᠢ᠍ᠮᠠᠨ ᠵᠠᠭᠤᠨ ᠬᠥᠮᠦᠨ᠎ᠳᠤ ᠬᠦᠷᠴᠦ᠍᠂ ᠲᠠᠷᠢᠶᠠᠴᠢᠳ᠎ᠤᠨ ᠣᠷᠣᠯᠭ᠎ᠠ᠎ᠶ᠋ᠢᠨ ᠨᠡᠮᠡᠭ᠌ᠳᠡᠯ᠎ᠢ ᠪᠦᠲᠦᠮᠵᠢᠲᠡᠢ ᠠᠬᠢᠭᠤᠯᠵᠠᠢ》 ᠬᠡᠵᠤ ᠯᠢᠶᠠᠨ ᠹᠧᠩ ᠲᠣᠰᠭᠤᠨ᠎ᠤ ᠨᠠᠮ᠎ᠤᠨ ᠡᠭᠦᠷ᠎ᠤᠨ ᠱᠦᠵᠢ ᠴᠢᠨ ᠵᠦᠩ ᠮᠢᠩ ᠲᠠᠨᠢᠯᠴᠠᠭᠤᠯᠤᠨ᠎ᠠ᠃ 

ᠴᠢᠨ ᠵᠦᠩ ᠮᠢᠩ᠎ᠤᠨ ᠦᠭᠡ᠎ᠨᠢ ᠱᠢᠶᠠᠩᠭᠠᠩ᠎ᠤᠨ ᠢᠳᠡᠱᠢᠨ ᠨᠤᠭᠤᠭ᠎ᠠ ᠬᠠᠩᠭᠠᠬᠤ ᠰᠠᠭᠤᠷᠢᠨ᠎ᠳᠤ ᠭᠦᠢᠴᠡᠳ ᠬᠡᠷᠡᠴᠢᠯᠡᠭ᠌ᠳᠡᠯ᠎ᠠ᠃ ᠬᠦᠷᠢᠶᠡᠯᠡᠩ ᠲᠣᠭᠤᠷᠢᠭ᠎ᠨᠢ ᠨᠢᠩᠱᠢᠶᠠ᠎ᠶ᠋ᠢᠨ ᠶᠧ ᠹᠧᠩ ᠺᠣᠮᠫᠠᠨᠢ᠎ᠶ᠋ᠢ ᠣᠷᠣᠭᠤᠯᠤᠨ ᠠᠪᠴᠢᠷᠠᠵᠤ ᠨᠣᠭᠤᠭ᠎ᠠ᠎ᠶ᠋ᠢᠨ ᠭᠤᠣᠯ᠂ ᠬᠦᠯᠢᠬᠡᠷ ᠴᠠᠭᠠᠨ ᠨᠤᠭᠤᠭ᠎ᠠ ᠵᠡᠷᠭᠡ ᠢᠳᠡᠱᠢᠨ ᠨᠤᠭᠤᠭ᠎ᠠ᠎ᠶ᠋ᠢ 5000 ᠮᠦ᠍ ᠲᠠᠷᠢᠵᠤ᠂ ᠱᠢᠶᠠᠩᠭᠠᠩ᠂ ᠣᠣᠮᠧᠨ᠂ ᠭᠤᠸᠠᠩᠵᠧᠦ᠂ ᠱᠧᠨᠵᠧᠨ ᠵᠡᠷᠭᠡ ᠭᠠᠵᠠᠷ᠎ᠲᠤ ᠲᠤᠰᠭᠠᠢ ᠬᠠᠩᠭᠠᠵᠤ᠂ ᠬᠤᠳᠠᠯᠳᠤᠨ ᠠᠪᠬᠤ ᠦᠨ᠎ᠡ᠎ᠨᠢ ᠵᠢᠩ᠎ᠳᠡᠭᠡᠨ 5 ᠲᠥᠭᠦᠷᠢᠭ᠎ᠲᠤ ᠬᠦᠷᠴᠡᠢ᠃ 《ᠨᠣᠭᠤᠭ᠎ᠠ᠎ᠶ᠋ᠢᠨ ᠭᠤᠣᠯ᠎ᠢ 3 ᠰᠠᠷ᠎ᠠ᠎ᠠᠴᠠ 9 ᠰᠠᠷ᠎ᠠ ᠪᠣᠯᠲᠠᠯ᠎ᠠ ᠬᠤᠳᠠᠯᠳᠤᠵᠤ᠂ 4 ᠤᠳᠠᠭ᠎ᠠ ᠬᠤᠷᠢᠶᠠᠵᠤ ᠪᠤᠯᠤᠨ᠎ᠠ᠂ ᠮᠦ᠍ ᠪᠦᠷᠢ᠎ᠶ᠋ᠢᠨ ᠤᠨᠠᠯᠲᠠ 6000 ᠵᠢᠩ᠎ᠢ ᠲᠠᠪᠠᠵᠤ᠂ ᠮᠦ᠍ ᠪᠦᠷᠢ᠎ᠶ᠋ᠢᠨ ᠴᠡᠪᠡᠷ ᠣᠷᠣᠯᠭ᠎ᠠ 2 ᠲᠦᠮᠡᠨ ᠲᠥᠭᠦᠷᠢᠭ᠎ᠲᠤ ᠬᠦᠷᠴᠤ᠌᠂ ᠡᠩ᠎ᠤᠨ ᠲᠠᠷᠢᠶᠠᠨ ᠭᠠᠵᠠᠷ᠎ᠤᠨ ᠣᠷᠣᠯᠭ᠎ᠠ᠎ᠠᠴᠠ ᠬᠡᠳᠦᠨ ᠳᠠᠬᠢᠨ ᠦᠨᠳᠤᠷ ᠪᠤᠯᠵᠡᠢ》 ᠭᠡᠵᠦ᠍ ᠲᠤᠬᠠᠢ᠎ᠶ᠋ᠢᠨ ᠭᠠᠵᠠᠷ᠎ᠤᠨ ᠲᠠᠷᠢᠶᠠᠴᠢᠨ ᠵᠢᠶᠠ ᠴᠤᠤ ᠬᠡᠯᠡᠨ᠎ᠠ᠃ 

2020 ᠣᠨ᠎ᠳᠤ᠂ ᠵᠢᠶᠠ ᠴᠤᠤ ᠪᠦᠰᠡᠬᠦᠢ᠎ᠲᠠᠢ᠎ᠪᠠᠨ 20 ᠮᠦ᠍ ᠭᠠᠵᠠᠷ᠎ᠢᠶᠠᠨ ᠠᠵᠤ ᠠᠬᠤᠢᠯᠠᠯ᠎ᠳᠤ ᠭᠠᠵᠠᠷ ᠱᠢᠷᠤᠢ᠎ᠶ᠋ᠢᠨ ᠡᠵᠡᠩᠨᠡᠯᠳᠡ᠎ᠶ᠋ᠢᠨ ᠡᠷᠭᠡ᠎ᠶ᠋ᠢ ᠬᠦᠢᠯᠬᠡᠬᠡᠵᠤ ᠦᠭ᠌ᠬᠦ᠎ᠶ᠋ᠢᠨ ᠬᠠᠮᠳᠤ ᠪᠠᠰᠠ ᠬᠦᠴᠦ᠍ ᠶᠠᠪᠤᠵᠤ ᠤᠷᠤᠯᠭ᠎ᠠ᠎ᠪᠠᠨ ᠨᠡᠮᠡᠭ᠌ᠳᠡᠬᠦᠯᠦᠨ᠂ ᠬᠥᠮᠦᠨ ᠪᠦᠷᠢ ᠰᠠᠷ᠎ᠠ᠎ᠳᠤ 4500 ᠲᠥᠭᠦᠷᠢᠭ᠎ᠤᠨ ᠴᠠᠯᠢᠩ ᠣᠯᠵᠤ᠂ ᠵᠦᠪᠭᠡᠨ ᠬᠤᠶᠠᠭᠤᠯᠠ᠎ᠶ᠋ᠢᠨ 6 ᠰᠠᠷ᠎ᠠ ᠬᠦᠴᠦ᠍ ᠶᠠᠪᠤᠭ᠍ᠰᠠᠨ ᠤᠷᠤᠯᠭ᠎ᠠ᠎ᠨᠢ 5 ᠭᠠᠷᠤᠢ ᠲᠦᠮᠡᠨ ᠲᠥᠭᠦᠷᠢᠭ᠎ᠲᠤ ᠬᠦᠷᠴᠡᠢ᠃ ᠡᠭᠦᠨ᠎ᠤ ᠬᠠᠮᠲᠤ ᠭᠠᠵᠠᠷ ᠱᠢᠷᠣᠶ᠎ᠶ᠋ᠢᠨ ᠡᠵᠡᠩᠨᠡᠯᠳᠡ᠎ᠶ᠋ᠢᠨ ᠡᠷᠭᠡ᠎ᠶ᠋ᠢ ᠬᠦᠢᠯᠬᠡᠬᠡᠭ᠌ᠰᠡᠨ ᠰᠦᠢᠳᠭᠡᠯ 15000 ᠲᠥᠭᠦᠷᠢᠭ᠎ᠢ ᠨᠡᠮᠡᠵᠤ᠂ ᠪᠠᠰᠠ ᠴᠦᠬᠡᠪᠤᠷᠢ ᠬᠡᠳᠤᠨ ᠮᠠᠯ ᠲᠡᠵᠢᠭᠡᠴᠢᠭᠡᠪᠡᠯ᠂ ᠵᠢᠯ᠎ᠳᠡᠭᠡᠨ 10 ᠲᠦᠮᠡᠨ ᠲᠥᠭᠦᠷᠢᠭ᠎ᠢ ᠰᠠᠨᠠᠭ᠎ᠠ ᠠᠮᠠᠷᠬᠠᠨ ᠬᠤᠷᠮᠦᠢᠯᠠᠴᠢᠬᠠᠨ᠎ᠠ᠃ 

ᠤᠳᠤ ᠦᠶ᠎ᠡ᠎ᠶ᠋ᠢᠨ ᠲᠠᠷᠢᠶᠠᠯᠠᠩ᠎ᠤᠨ ᠠᠵᠤ ᠦᠢᠯᠡᠰ᠎ᠤᠨ ᠬᠦᠷᠢᠶᠡᠯᠡᠩ᠎ᠨᠢ ᠬᠥᠳᠡᠭᠡ ᠲᠣᠰᠭᠤᠨ᠎ᠳᠤ ᠦᠵᠡᠰᠭᠦᠯᠡᠩᠲᠦ ᠰᠠᠢᠬᠠᠨ ᠪᠠ ᠠᠮᠢᠵᠢᠷᠠᠯ᠎ᠤᠨ ᠬᠦᠴᠦᠨ ᠣᠯᠭᠤᠭ᠍ᠰᠠᠨ᠎ᠢᠶᠠᠷ ᠪᠠᠷᠠᠬᠤ ᠦᠭᠡᠢ ᠲᠣᠰᠭᠤᠨ᠎ᠤ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠲᠠᠢᠴᠢᠯᠡᠵᠤ ᠴᠢᠳᠠᠵᠡᠢ᠃ ᠬᠦᠷᠢᠶᠡᠯᠡᠩ ᠲᠣᠭᠤᠷᠢᠭ᠎ᠤᠨ ᠬᠥᠮᠦᠨ ᠳᠤᠮᠳᠠᠴᠢ᠎ᠶ᠋ᠢᠨ ᠣᠷᠣᠯᠭ᠎ᠠ 3 ᠲᠦᠮᠡᠨ ᠲᠥᠭᠦᠷᠢᠭ᠂ ᠮᠦ᠍ ᠳᠤᠮᠳᠠᠴᠢ᠎ᠶ᠋ᠢᠨ ᠣᠷᠣᠯᠭ᠎ᠠ 2 ᠲᠦᠮᠡᠨ ᠲᠥᠭᠦᠷᠢᠭ᠂ ᠡᠷᠦᠬᠡ ᠪᠦᠷᠢ᠎ᠶ᠋ᠢᠨ ᠳᠤᠮᠳᠠᠴᠢ ᠣᠷᠣᠯᠭ᠎ᠠ 10 ᠲᠦᠮᠡᠨ ᠲᠥᠭᠦᠷᠢᠭ᠎ᠲᠤ ᠬᠦᠷᠴᠡᠢ᠃ ᠰᠠᠭᠤᠷᠢᠱᠢᠬᠤ᠎ᠳᠤ ᠲᠤᠬᠢᠳᠠᠢ᠂ ᠠᠵᠢᠯᠯᠠᠬᠤ᠎ᠳᠤ ᠲᠣᠬᠢᠷᠠᠮᠵᠢᠲᠠᠶ᠂ ᠵᠢᠭᠤᠯᠴᠢᠯᠠᠬᠤ᠎ᠳᠤ ᠲᠠᠭᠠᠳᠠᠢ ᠭᠤᠢᠳᠡ ᠰᠠᠢᠬᠠᠨ ᠬᠥᠳᠡᠭᠡ ᠲᠣᠰᠭᠤᠨ᠎ᠨᠢ ᠲᠤᠭᠤᠷᠢᠬᠤ ᠪᠠᠯᠭᠠᠰᠤ᠎ᠶ᠋ᠢᠨ ᠣᠲᠣ ᠦᠶ᠎ᠡ᠎ᠶ᠋ᠢᠨ ᠲᠠᠷᠢᠶᠠᠯᠠᠩ᠎ᠤᠨ ᠠᠵᠤ ᠦᠢᠯᠡᠰ᠎ᠤᠨ ᠬᠦᠷᠢᠶᠡᠯᠡᠩ᠎ᠤᠨ ᠲᠠᠷᠢᠶᠠᠯᠠᠩ ᠵᠢᠭᠤᠯᠴᠢᠯᠠᠯ᠎ᠢ ᠠᠭᠤᠰᠤᠯᠴᠠᠭᠤᠯᠵᠤ ᠬᠦᠭ᠌ᠵᠢᠬᠦᠯᠦᠭ᠌ᠰᠡᠨ ᠦᠯᠢᠭᠡᠷ ᠵᠢᠱ᠌ᠢᠶ᠎ᠠ ᠪᠤᠯᠵᠤ ᠳᠠᠭᠤᠷᠢᠶᠠᠯ ᠦᠵᠡᠬᠦᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号