9 ᠰᠠᠷ᠎ᠠ᠎ᠶ᠋ᠢᠨ 1 ᠤ ᠥᠷᠯᠥᠭᠡ ᠡᠷᠲᠡ᠂ ᠰᠤᠷᠪᠤᠯᠵᠢᠯᠠᠬ᠍ᠴᠢ ᠪᠠᠶᠠᠨᠨᠠᠭᠤᠷ ᠬᠤᠳᠠ᠎ᠶ᠋ᠢᠨ ᠯᠢᠨ ᠾᠧ ᠲᠣᠭᠤᠷᠢᠭ᠎ᠤᠨ ᠱᠢᠨ ᠬᠤᠸᠠ ᠪᠠᠯᠭᠠᠰᠤ᠎ᠶ᠋ᠢᠨ ᠱᠢᠨ ᠯᠧ ᠲᠣᠰᠭᠤᠨ᠎ᠳᠤ ᠬᠦᠷᠬᠦ᠌᠎ᠳᠤ᠂ ᠲᠠᠷᠢᠶᠠᠨ ᠭᠠᠵᠠᠷ᠎ᠨᠢ ᠵᠢᠭ᠌ᠳᠡᠷᠡᠵᠦ᠍᠂ ᠤᠢ ᠱᠢᠭᠤᠢ᠎ᠨᠢ ᠢᠬ᠍ᠴᠤᠷᠠᠵᠤ᠂ ᠭᠤᠤ ᠰᠤᠪᠠᠭ᠎ᠨᠢ ᠬᠠᠷᠢᠯᠴᠠᠨ ᠨᠡᠪᠳᠡᠷᠡᠯᠴᠡᠵᠤ᠂ ᠵᠠᠮ ᠬᠠᠷᠢᠯᠴᠠᠭ᠎ᠠ᠎ᠨᠢ ᠬᠠᠷᠢᠯᠴᠠᠨ ᠵᠠᠯᠭᠠᠯᠳᠤᠭ᠍ᠰᠠᠨ ᠦᠵᠡᠰᠭᠦᠯᠡᠩᠲᠦ ᠰᠠᠢᠬᠠᠨ ᠬᠥᠳᠡᠭᠡ ᠲᠣᠰᠭᠤᠨ᠎ᠤ ᠦᠵᠡᠮᠵᠢ ᠦᠵᠡᠭ᠌ᠰᠡᠨ ᠪᠦᠬᠦᠨ᠎ᠤ ᠬᠠᠷᠠᠭ᠎ᠠ᠎ᠶ᠋ᠢ ᠪᠠᠶᠠᠰᠭᠠᠨ᠎ᠠ᠃ 3 ᠵᠢᠯ᠎ᠤᠨ ᠡᠮᠦᠨᠡᠬᠢ ᠲᠡᠷᠡ ᠬᠦ᠌ ᠭᠠᠵᠠᠷ᠎ᠤᠨ ᠪᠠᠢᠴᠠ᠎ᠨᠢ ᠪᠤᠳᠤᠯᠢᠶᠠᠨᠲᠠᠶ᠂ ᠵᠠᠮ ᠬᠠᠷᠢᠯᠴᠠᠭ᠎ᠠ᠎ᠨᠢ ᠲᠦᠬᠦᠮ ᠦᠬᠡᠢ᠂ ᠬᠥᠷᠥᠰᠥ᠍ ᠱᠢᠷᠣᠶ᠎ᠶ᠋ᠢᠨ ᠶᠠᠰᠤ ᠴᠢᠨᠠᠷ᠎ᠨᠢ ᠠᠨᠠᠶ᠂ ᠠᠮᠤ ᠪᠤᠳᠠᠭᠠᠨ᠎ᠤ ᠬᠤᠷᠢᠶᠠᠯᠲᠠ ᠪᠠᠭ᠎ᠠ᠂ ᠲᠠᠷᠢᠶᠠᠴᠢᠳ᠎ᠤᠨ ᠠᠮᠢᠳᠦᠷᠠᠯ᠎ᠨᠢ ᠬᠦᠴᠢᠷᠳᠡᠯᠳᠠᠢ ᠲᠣᠰᠭᠤᠨ᠎ᠤ ᠳᠦᠷᠰᠦ ᠪᠠᠢᠳᠠᠯ ᠲᠠᠬᠢᠭᠠᠳ ᠬᠠᠷᠠᠬ᠍ᠳᠠᠬᠤ᠎ᠪᠠᠨ ᠪᠤᠯᠢᠵᠠᠢ᠃

ᠲᠠᠷᠢᠶᠠᠯᠠᠩ᠎ᠤᠨ ᠤᠨᠠᠯᠳᠠ᠎ᠶ᠋ᠢ ᠨᠡᠮᠡᠭ᠌ᠳᠡᠭᠦᠯᠵᠦ᠍᠂ ᠲᠠᠷᠢᠶᠠᠴᠢᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢᠨ ᠲᠥᠯᠥᠭᠡ᠂ 2019 ᠣᠨ᠎ᠠᠴᠠ ᠨᠠᠭᠠᠰᠢ᠂ ᠱᠢᠨ ᠯᠧ ᠲᠣᠰᠭᠤᠨ᠎ᠤ ᠤᠳᠤᠷᠢᠤᠡᠬᠤ ᠪᠠᠬ᠎ᠤᠨ ᠪᠦᠷᠢᠯᠳᠦᠬᠦᠨ ᠠᠷᠭ᠎ᠠ ᠵᠠᠮ ᠰᠦᠪᠡᠭ᠌ᠴᠢᠯᠡᠵᠦ᠍᠂ ᠣᠯᠠᠨ ᠲᠠᠯ᠎ᠠ᠎ᠶ᠋ᠢᠨ ᠵᠣᠬᠢᠴᠠᠭᠤᠯᠭ᠎ᠠ᠎ᠪᠠᠷ ᠳᠡᠮᠵᠢᠨ᠂ ᠳᠡᠭᠡᠳᠦ ᠱᠠᠲᠤᠨ᠎ᠠᠴᠠ 3 ᠲᠦᠮᠡᠨ ᠮᠥ᠎ᠶ᠋ᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠢ ᠭᠤᠶᠤᠴᠢᠯᠠᠵᠤ ᠤᠯᠵᠠᠢ᠃
ᠲᠦᠮᠡᠨ ᠶᠠᠪᠤᠳᠠᠯ᠎ᠤᠨ ᠲᠦᠷᠦᠬᠦᠦ ᠠᠯᠬᠤᠮ᠎ᠨᠢ ᠬᠦᠴᠢᠷ ᠪᠠᠢᠳᠠᠭ᠂ ᠲᠣᠰᠭᠤᠨ᠎ᠤ ᠠᠷᠠᠳ᠎ᠤᠨ ᠢᠳᠡᠪᠬᠢᠵᠢᠯ᠎ᠢ ᠳᠠᠢᠴᠢᠯᠠᠬᠤ᠎ᠶ᠋ᠢᠨ ᠲᠥᠯᠥᠭᠡ᠂ ᠲᠣᠰᠭᠤᠨ᠎ᠤ ᠨᠠᠮ᠎ᠤᠨ ᠬᠤᠷᠢᠶ᠎ᠡ ᠲᠤᠰᠭᠤᠨ᠎ᠤ ᠠᠷᠠᠳ᠎ᠤᠨ ᠵᠥᠪᠯᠡᠯ᠎ᠤᠨ ᠪᠦᠷᠢᠯᠳᠦᠬᠦᠨ ᠡᠷᠦᠬᠡ ᠳᠠᠷᠠᠭᠠᠯᠠᠨ ᠤᠬᠠᠭᠤᠯᠭ᠎ᠠ ᠬᠢᠵᠦ᠍᠂ ᠲᠣᠰᠭᠤᠨ᠎ᠤ ᠠᠷᠠᠳ᠎ᠲᠠᠢ ᠵᠥᠪᠳᠡᠯᠴᠡᠵᠦ᠍᠂ ᠡᠴᠦᠰ᠎ᠲᠡᠭᠡᠨ ᠬᠠᠮᠲᠤ᠎ᠶ᠋ᠢᠨ ᠲᠠᠨᠢᠯᠲᠠ᠎ᠲᠠᠢ ᠪᠣᠯᠪᠠ᠃ ᠢᠨᠵᠧᠨᠧᠷᠢᠩ ᠡᠬᠢᠯᠡᠭ᠌ᠰᠡᠨ᠎ᠠᠴᠠ ᠠᠪᠤᠭᠠᠳ ᠢᠨᠵᠧᠨᠧᠷᠢᠩ ᠳᠠᠭᠤᠰᠭᠤ ᠪᠣᠯᠲᠠᠯ᠎ᠠ᠂ ᠲᠣᠰᠭᠤᠨ᠎ᠤ ᠤᠳᠤᠷᠢᠤᠡᠬᠤ ᠪᠠᠬ᠎ᠤᠨ᠎ᠬᠢᠨ ᠡᠳᠦᠷ ᠪᠦᠷᠢ ᠨᠡᠷᠠᠨ᠎ᠳᠤ ᠱᠢᠷᠠᠭ᠍ᠳᠠᠨ ᠰᠠᠯᠬᠢᠨ᠎ᠳᠤ ᠦᠯᠢᠶᠡᠭ᠌ᠳᠡᠵᠦ᠍᠂ ᠢᠨᠵᠧᠨᠧᠷᠢᠩ᠎ᠤᠨ ᠶᠠᠰᠤ ᠴᠢᠨᠠᠷ᠎ᠢ ᠴᠢᠩᠭ᠎ᠠ ᠡᠵᠡᠮᠳᠡᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠲᠣᠰᠭᠤᠨ᠎ᠤ ᠠᠷᠠᠳ᠎ᠤᠨ ᠢᠲᠡᠭᠡᠯ᠎ᠢ ᠣᠯᠵᠤ᠂ ᠲᠦᠷᠦᠯ ᠵᠦᠢᠯ᠎ᠢ ᠥᠨᠳᠥᠷ ᠪᠠᠷᠢᠮᠵᠢᠶ᠎ᠠ᠎ᠪᠠᠷ ᠴᠢᠨᠠᠷ ᠰᠠᠢᠲᠠᠢ᠎ᠪᠠᠷ ᠲᠣᠭ᠍ᠲᠠᠭ᠍ᠰᠠᠨ ᠬᠤᠭᠤᠴᠠᠭᠠᠨ᠎ᠳᠤ ᠳᠠᠭᠤᠰᠭᠠᠵᠤ᠂ ᠡᠳᠦᠭᠡ ᠱᠢᠨ ᠯᠧ ᠲᠣᠰᠭᠤᠨ᠎ᠳᠤ ᠨᠢᠭᠡᠨᠲᠡ ᠮᠠᠰᠢ ᠶᠡᠭᠡ ᠬᠤᠪᠢᠷᠠᠯᠲᠠ ᠭᠠᠷᠴᠠᠢ᠃
ᠱᠢᠨ ᠯᠧ ᠲᠣᠰᠭᠤᠨ᠎ᠤ ᠠᠷᠠᠳ ᠦ᠋ ᠡᠯ ᠬᠠᠶ᠄ 《ᠪᠢ ᠡᠨᠡ ᠵᠢᠯ 237 ᠮᠦ᠍ ᠪᠤᠭᠤᠳᠠᠢ ᠲᠠᠷᠢᠪᠠ᠂ ᠵᠠᠰᠠᠭ᠎ᠤᠨ ᠣᠷᠳᠣᠨ᠎ᠠᠴᠠ ᠮᠦ᠍ ᠪᠦᠷᠢ᠎ᠳᠤ 500 ᠲᠥᠭᠦᠷᠢᠭ᠎ᠤᠨ ᠨᠥᠬᠦᠪᠥᠷᠢ ᠥᠭ᠌ᠴᠦ᠂ ᠵᠠᠬᠢᠶᠠᠯᠠᠭ᠎ᠠ᠎ᠪᠠᠷ ᠲᠠᠷᠢᠭ᠍ᠰᠠᠨ ᠪᠤᠭᠤᠳᠠᠢ ᠵᠢᠩ ᠪᠦᠷᠢ᠎ᠳᠡᠭᠡᠨ 1.65 ᠲᠥᠭᠦᠷᠢᠭ ᠬᠦᠷᠴᠦ᠍᠂ ᠡᠨᠡ ᠵᠢᠯ᠎ᠤᠨ ᠣᠷᠣᠯᠭ᠎ᠠ 40 ᠭᠠᠷᠤᠢ ᠲᠦᠮᠡᠨ ᠲᠥᠭᠦᠷᠢᠭ᠎ᠲᠤ ᠬᠦᠷᠴᠡᠢ》 ᠭᠡᠮᠡᠨ ᠲᠤᠭ᠍ᠳᠤᠯᠤᠭ᠍ᠰᠠᠨ ᠰᠡᠳᠭᠢᠯ᠎ᠢᠶᠠᠨ ᠲᠠᠷᠤᠵᠤ ᠶᠠᠳᠠᠨ ᠬᠡᠯᠡᠵᠤ ᠪᠢᠯᠡ᠃
ᠤᠢ᠍ᠢᠷ᠎ᠠ᠎ᠶ᠋ᠢᠨ ᠵᠢᠯ᠎ᠠᠴᠠ᠂ ᠱᠢᠨ ᠯᠧ ᠲᠣᠰᠭᠤᠨ ᠵᠠᠰᠠᠭ᠎ᠤᠨ ᠣᠷᠳᠣᠨ᠎ᠠᠴᠠ ᠲᠡᠳᠬᠦᠨ ᠳᠡᠮᠵᠢᠬᠦ᠂ ᠵᠠᠬᠢᠶᠠᠯᠠᠭ᠎ᠠ᠎ᠪᠠᠷ ᠲᠠᠷᠢᠬᠤ᠂ ᠬᠥᠳᠡᠭᠡ ᠠᠵᠤ ᠠᠬᠤᠢ᠎ᠶ᠋ᠢᠨ 《ᠲᠦᠷᠪᠡ᠎ᠶ᠋ᠢ ᠡᠵᠡᠮᠳᠡᠬᠦ᠌》 ᠵᠡᠷᠭᠡ ᠱᠢᠷᠢᠰ ᠠᠷᠭ᠎ᠠ᠎ᠶ᠋ᠢ ᠭᠡᠷᠡᠭ᠌ᠵᠢᠬᠦᠯᠬᠦ᠌᠎ᠪᠠᠷ ᠳᠠᠮᠵᠢᠭᠤᠯᠵᠤ᠂ ᠲᠠᠷᠢᠮᠠᠯ᠎ᠤᠨ ᠥᠪᠡᠷ᠎ᠤᠨ ᠦᠷᠳᠡᠭ᠎ᠢ ᠶᠡᠭᠡ᠎ᠪᠠᠷ ᠪᠠᠭᠤᠷᠠᠭᠤᠯᠵᠤ᠂ ᠭᠠᠵᠠᠷ ᠱᠢᠷᠣᠢ᠎ᠶ᠋ᠢ ᠬᠠᠮᠤᠭ᠎ᠤᠨ ᠶᠡᠭᠡ ᠬᠡᠮᠵᠢᠶ᠎ᠠ᠎ᠪᠠᠷ ᠠᠱᠢᠬ᠍ᠯᠠᠵᠤ᠂ ᠬᠥᠳᠡᠭᠡ ᠠᠵᠤ ᠠᠬᠤᠢ᠎ᠶ᠋ᠢᠨ ᠦᠷ᠎ᠡ ᠠᠱᠢᠭ᠎ᠢ ᠢᠯᠡᠳᠲᠡ ᠳᠡᠭᠡᠭ᠌ᠰᠢᠯᠡᠭᠦᠯᠵᠦ᠍᠂ ᠤᠳᠤ ᠪᠦᠬᠦ᠌ ᠲᠣᠰᠭᠤᠨ᠎ᠤ ᠬᠥᠮᠦᠨ ᠳᠤᠮᠳᠠᠴᠢ᠎ᠶ᠋ᠢᠨ ᠣᠷᠣᠯᠭ᠎ᠠ 1.5 ᠲᠦᠮᠡᠨ ᠲᠥᠭᠦᠷᠢᠭ᠎ᠲᠤ ᠬᠦᠷᠴᠦ᠍᠂ ᠱᠢᠨ ᠯᠧ ᠲᠣᠰᠭᠤᠨ᠎ᠤ ᠣᠳᠣᠬᠢᠴᠢᠯᠠᠭ᠍ᠰᠠᠨ ᠬᠥᠳᠡᠭᠡ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠵᠠᠮ ᠶᠠᠪᠤᠬᠤ ᠲᠤᠳᠤᠮ ᠥᠷᠭᠡᠵᠢᠵᠦ᠍᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭᠠᠭᠤᠯᠬᠤ᠎ᠳᠤ ᠪᠠᠲᠤ ᠪᠠᠬᠢ ᠰᠠᠭᠤᠷᠢ᠎ᠶ᠋ᠢ ᠲᠠᠯᠪᠢᠵᠠᠢ᠃
ᠡᠨᠡ ᠵᠢᠯ ᠪᠣᠯ ᠬᠤᠭᠤᠴᠠᠭ᠎ᠠ ᠰᠣᠯᠢᠬᠤ ᠵᠢᠯ ᠪᠣᠯᠤᠨ᠎ᠠ᠂ ᠱᠢᠨ ᠯᠧ ᠲᠣᠰᠭᠤᠨ᠎ᠤ ᠱᠢᠨ᠎ᠡ ᠨᠢᠭᠡ ᠡᠭᠡᠯᠵᠢ᠎ᠶ᠋ᠢᠨ ᠨᠠᠮ᠎ᠤᠨ ᠡᠭᠦᠷ᠎ᠤᠨ ᠱᠦᠵᠢ᠎ᠶ᠋ᠢᠨ ᠲᠤᠱᠢᠶᠠᠯ᠎ᠢ ᠡᠬᠦᠷᠬᠡᠯᠡᠭ᠌ᠰᠡᠨ ᠱᠢᠤᠸᠠᠢ ᡁᠢ ᠴᠢᠶᠠᠩ ᠭᠤᠸᠠᠢ ᠲᠣᠰᠭᠤᠨ᠎ᠤ ᠡᠷᠳᠡᠨᠢ ᠱᠢᠰᠢ᠎ᠶ᠋ᠢᠨ ᠲᠠᠷᠢᠮᠠᠯ᠎ᠤᠨ ᠲᠠᠯᠠᠪᠠᠶ ᠲᠤᠮᠤ ᠪᠠᠢᠳᠠᠬ ᠳᠠᠪᠠᠭᠤᠯᠢᠭ᠎ᠲᠠᠭᠠᠨ ᠰᠠᠭᠤᠷᠢᠯᠠᠨ᠂ ᠪᠡᠶ᠎ᠠ᠎ᠪᠠᠷ᠎ᠢᠶᠠᠨ ᠲᠦᠷᠦᠭᠦᠯᠡᠨ ᠵᠠᠮ ᠬᠠᠢᠵᠤ᠂ ᠲᠣᠰᠭᠤᠨ᠎ᠤ ᠬᠠᠮᠲᠤ᠎ᠶ᠋ᠢᠨ ᠠᠵᠤ ᠠᠬᠤᠶ᠎ᠶ᠋ᠢ ᠲᠡᠳᠬᠦᠨ ᠳᠡᠮᠵᠢᠬᠦ᠌ ᠪᠠᠯᠠ ᠮᠥᠩᠭᠦ᠎ᠶ᠋ᠢ ᠭᠤᠶᠤᠴᠢᠯᠠᠨ ᠣᠯᠵᠤ᠂ ᠡᠷᠳᠡᠨᠢ ᠱᠢᠰᠢ ᠬᠠᠳᠠᠭᠠᠬᠤ ᠰᠤᠪᠤᠷᠭ᠎ᠠ᠎ᠶ᠋ᠢ ᠱᠢᠨ᠎ᠡ᠎ᠪᠠᠷ ᠪᠠᠢᠭᠤᠯᠵᠤ᠂ ᠡᠨᠡ᠎ᠨᠢ ᠵᠢᠱ᠌ᠢᠯᠲᠡ᠎ᠪᠠᠷ ᠵᠢᠯ᠎ᠳᠤ 2.5 ᠲᠦᠮᠡᠨ ᠲᠣᠨ ᠡᠷᠳᠡᠨᠢ ᠱᠢᠰᠢ᠎ᠶ᠋ᠢ ᠱᠢᠢᠳᠪᠤᠷᠢᠯᠡᠬᠦ᠌ ᠪᠣᠯᠤᠨ᠎ᠠ᠃ 《ᠨᠠᠮ᠎ᠤᠨ ᠡᠭᠦᠷ + ᠬᠤᠷᠱᠢᠶ᠎ᠠ + ᠲᠠᠷᠢᠶᠠᠴᠢᠨ ᠡᠷᠦᠬᠡ》 ᠶ᠋ᠢᠨ ᠡᠵᠡᠩᠨᠡᠯᠲᠡ᠎ᠶ᠋ᠢᠨ ᠵᠠᠭ᠍ᠪᠤᠷ᠎ᠤᠨ ᠲᠣᠭᠤᠷᠢᠨ᠎ᠳᠤ᠂ ᠲᠣᠰᠭᠤᠨ᠎ᠤ ᠱᠠᠲᠤᠨ᠎ᠤ ᠬᠠᠮᠲᠤ᠎ᠶ᠋ᠢᠨ ᠠᠵᠤ ᠠᠬᠤᠶ᠎ᠶ᠋ᠢ ᠬᠥᠭ᠌ᠵᠢᠭᠦᠯᠦᠨ ᠪᠤᠵᠠᠭᠠᠢᠷᠠᠭᠤᠯᠬᠤ᠎ᠶ᠋ᠢᠨ ᠬᠠᠮᠲᠤ᠌᠂ ᠲᠣᠰᠭᠤᠨ᠎ᠤ ᠠᠷᠠᠳ ᠴᠤ᠌ ᠠᠱᠢᠭ ᠤᠷᠤᠯᠭ᠎ᠠ ᠬᠤᠪᠢᠶᠠᠵᠤ ᠤᠯᠤᠬ᠍ᠰᠠᠨ ᠪᠦᠬᠡᠳ ᠱᠢᠨ ᠯᠧ ᠲᠣᠰᠭᠤᠨ ᠵᠢᠴᠢ ᠡᠷᠬᠢᠨ ᠲᠣᠭᠤᠷᠢᠨ᠎ᠤ ᠲᠠᠷᠢᠶᠠᠴᠢᠳ᠎ᠤᠨ ᠡᠷᠳᠡᠨᠢ ᠱᠢᠰᠢ᠎ᠶ᠋ᠢᠨ ᠪᠣᠷᠣᠯᠠᠭᠤᠯᠭ᠎ᠠ᠎ᠶ᠋ᠢᠨ ᠠᠰᠠᠭᠤᠳᠠᠯ᠎ᠢ ᠪᠦᠲᠦᠮᠵᠢᠲᠡᠶ ᠱᠢᠢᠳᠪᠤᠷᠢᠯᠡᠵᠦ᠍ ᠲᠣᠰᠭᠤᠨ᠎ᠤ ᠬᠠᠮᠲᠤ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠳᠣᠲᠣᠭᠠᠳᠤ ᠬᠥᠳᠡᠯᠭᠡᠬᠦ᠌ ᠬᠦᠴᠦᠨ᠎ᠢ ᠨᠡᠮᠡᠭ᠌ᠳᠡᠭᠦᠯᠪᠡ᠃
《ᠵᠥᠪᠬᠡᠨ ᠲᠠᠷᠢᠬᠤ᠎ᠳᠤ ᠲᠦᠱᠢᠭ᠌ᠯᠡᠭᠡᠳ ᠪᠣᠯᠬᠤ ᠦᠭᠡᠢ᠂ ᠲᠠᠷᠢᠵᠤ ᠲᠡᠵᠢᠭᠡᠬᠦ᠌᠎ᠶ᠋ᠢ ᠤᠶᠠᠯᠳᠤᠭᠤᠯᠵᠤ᠂ ᠲᠡᠵᠢᠭᠡᠬᠦ᠌᠎ᠪᠠᠷ ᠲᠠᠷᠢᠬᠤ᠎ᠶ᠋ᠢ ᠠᠬᠢᠭᠤᠯᠪᠠᠯ ᠰᠠᠶᠢ ᠲᠣᠰᠭᠤᠨ᠎ᠤ ᠠᠷᠠᠳ᠎ᠢ ᠳᠠᠭᠠᠭᠤᠯᠤᠨ ᠪᠠᠶᠠᠵᠢᠯ᠎ᠤᠨ ᠵᠠᠮ᠎ᠢᠶᠠᠷ ᠵᠠᠮᠨᠠᠵᠤ ᠴᠢᠳᠠᠨ᠎ᠠ》 ᠭᠡᠵᠤ ᠱᠢᠤᠸᠡᠢ ᡁᠢ ᠴᠢᠶᠠᠩ ᠪᠥᠬᠦ᠌ ᠲᠣᠰᠭᠤᠨ᠎ᠤ ᠠᠷᠠᠳ᠎ᠢᠶᠠᠨ ᠲᠠᠭᠠᠭᠤᠯᠤᠨ ᠮᠢᠬᠠᠨ᠎ᠤ ᠬᠤᠨᠢ ᠲᠡᠵᠢᠭᠡᠨ ᠦᠷᠡᠵᠢᠭᠦᠯᠬᠦ᠌ ᠲᠥᠷᠥᠯ ᠵᠦᠢᠯ᠎ᠢ ᠠᠬᠢᠭᠤᠯᠪᠠ᠃ ᠡᠳ᠋᠎ᠤᠨ ᠵᠠᠰᠠᠭ᠎ᠤᠨ ᠱᠠᠩᠨᠠᠯ ᠨᠥᠬᠦᠪᠥᠷᠢ᠎ᠶ᠋ᠢᠨ ᠪᠠᠯᠠ ᠮᠥᠩᠭᠦ᠎ᠳᠤ ᠲᠦᠱᠢᠭ᠌ᠯᠡᠨ᠂ ᠬᠠᠱᠢᠶ᠎ᠠ ᠰᠠᠷᠠᠪᠴᠢ᠎ᠶ᠋ᠢ ᠪᠠᠢᠭᠤᠯᠵᠤ᠂ ᠪᠦᠬᠦ᠌ ᠲᠣᠰᠭᠤᠨ᠎ᠤ ᠲᠡᠵᠢᠭᠡᠭ᠌ᠰᠡᠨ ᠬᠤᠨᠢᠨ᠎ᠤ ᠲᠤᠭ᠎ᠠ 1.3 ᠲᠦᠮᠡ᠎ᠳᠤ ᠬᠦᠷᠴᠦ᠍᠂ ᠲᠤᠬᠠᠶ᠎ᠶ᠋ᠢᠨ ᠭᠠᠵᠠᠷ᠎ᠤᠨ ᠮᠢᠬᠠᠨ᠎ᠤ ᠬᠤᠨᠢᠨ᠎ᠤ ᠠᠵᠤ ᠦᠢᠯᠡᠰ ᠶᠠᠭ ᠲᠤᠰᠭᠠᠢᠵᠢᠭ᠍ᠰᠠᠨ᠂ ᠪᠠᠷᠢᠮᠵᠢᠶᠠᠵᠢᠭ᠍ᠰᠠᠨ᠂ ᠬᠡᠪᠴᠢᠶᠡᠵᠢᠭ᠌ᠰᠡᠨ ᠵᠠᠭ᠍ᠪᠤᠷ ᠳᠠᠢᠰᠢ ᠬᠥᠭ᠌ᠵᠢᠵᠦ᠍ ᠪᠠᠢᠨ᠎ᠠ᠃