ᠰᠤᠷᠤᠯᠭ᠎ᠠ᠎ᠶ᠋ᠢᠨ ᠬᠤᠭᠤᠴᠠᠭ᠎ᠠ ᠡᠬᠢᠯᠡᠭᠡᠳ ᠳᠡᠮᠡᠢ ᠤᠳᠠᠯ ᠦᠭᠡᠢ ᠰᠤᠷᠪᠤᠯᠵᠢᠯᠠᠭ᠍ᠴᠢ ᠬᠥᠬᠡᠬᠤᠲᠠ᠎ᠶ᠋ᠢᠨ ᠭᠤᠴᠢᠳᠤᠭᠠᠷ ᠳᠤᠮᠳᠠᠳᠤ ᠰᠤᠷᠭᠠᠭᠤᠯᠢ᠎ᠳᠤ ᠬᠦᠷᠪᠡ᠃ ᠡᠳᠦᠷ᠎ᠤᠨ ᠬᠢᠴᠢᠶᠡᠯ᠎ᠢᠶᠠᠨ ᠡᠬᠢᠯᠡᠭᠦᠯᠬᠦ᠌᠎ᠪᠠᠷ ᠰᠤᠷᠤᠭ᠍ᠴᠢᠳ ᠪᠢᠴᠢᠭ᠎ᠤᠨ ᠪᠣᠭ᠍ᠴᠣ᠎ᠪᠠᠨ ᠡᠭᠦᠷ᠎ᠦᠨ ᠰᠤᠷᠭᠠᠭᠤᠯᠢ᠎ᠶ᠋ᠢᠨ ᠬᠦᠷᠢᠶ᠎ᠡ᠎ᠶ᠋ᠢ ᠴᠢᠭ᠌ᠯᠡᠵᠠᠭᠡᠨᠠ ᠁ ᠬᠢᠴᠢᠶᠡᠯ ᠣᠷᠣᠬᠤ ᠬᠤᠩᠬ᠎ᠠ ᠳᠤᠤᠭᠠᠷᠤᠮᠠᠭ᠍ᠴᠠ ᠰᠤᠷᠤᠭ᠍ᠴᠢᠳ ᠲᠡᠷᠡ ᠳᠠᠷᠦ᠋ᠢᠬᠠᠨ ᠣᠷᠣᠨ᠎ᠳᠠᠭᠠᠨ ᠪᠤᠴᠠᠵᠤ᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢᠶᠠᠨ ᠭᠠᠷᠭᠠᠵᠤ᠂ ᠪᠠᠭ᠍ᠰᠢ᠎ᠶ᠋ᠢᠨ᠎ᠢᠶᠠᠨ ᠬᠢᠴᠢᠶᠡᠯᠯᠡᠭᠡ ᠳᠠᠢᠯᠪᠤᠷᠢᠯᠠᠯᠳᠠ᠎ᠶ᠋ᠢ ᠬᠦᠯᠢᠶᠡᠵᠦ᠍ ᠰᠠᠭᠤᠨ᠎ᠠ᠃
ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠪᠤᠯᠬᠤ 《ᠬᠡᠯᠡ ᠪᠢᠴᠢᠭ》 ᠤᠨ 《ᠬᠦᠤ᠎ᠳᠡᠭᠡᠨ ᠰᠠᠨᠠᠭᠤᠯᠬᠤ ᠪᠢᠴᠢᠭ》 ᠭᠡᠬᠦ᠌ ᠪᠢᠴᠢᠭ᠎ᠤᠨ ᠬᠡᠯᠡᠨ᠎ᠤ ᠵᠣᠬᠢᠶᠠᠯ᠎ᠳᠤ 《ᠰᠠᠢᠳ ᠡᠷᠳᠡᠮᠲᠡᠳ ᠪᠤᠯᠤᠭ᠍ᠰᠡᠳ ᠲᠠᠷᠤᠤ ᠬᠢᠴᠢᠶᠡᠩᠭᠦᠢ᠎ᠪᠠᠷ ᠪᠡᠶ᠎ᠡ᠎ᠪᠠᠨ ᠵᠠᠰᠠᠵᠤ᠂ ᠠᠷᠪᠢᠯᠠᠨ ᠭᠠᠮᠨᠠᠬᠤ᠎ᠪᠠᠷ ᠵᠠᠩ ᠮᠤᠷᠠᠯ᠎ᠢᠶᠠᠨ ᠪᠤᠯᠪᠠᠰᠤᠷᠠᠭᠤᠯᠬᠤ ᠬᠡᠷᠡᠭ᠌ᠲᠡᠢ ᠁》 ᠭᠡᠵᠡᠢ᠃ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠬᠤᠶᠠᠳᠤᠭᠠᠷ ᠣᠨ᠎ᠤ ᠳᠥᠷᠪᠡᠳᠦᠭᠡᠷ ᠠᠩᠭᠢ᠎ᠶ᠋ᠢᠨ ᠳᠤᠯᠠᠭᠠᠨ᠄ 《ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠪᠢᠴᠢᠭ᠎ᠤᠨ ᠬᠡᠯᠡᠨ᠎ᠤ ᠵᠣᠬᠢᠶᠠᠯ᠎ᠢ ᠠᠩᠬ᠎ᠠ ᠡᠬᠢᠯᠡᠨ ᠰᠤᠷᠬᠤ ᠦᠶ᠎ᠡ᠎ᠳᠤ᠂ ᠪᠢ ᠶᠡᠬᠡᠳᠠ ᠬᠦᠴᠢᠷᠳᠡᠵᠦ᠍ ᠪᠠᠢᠭ᠍ᠰᠠᠨ᠂ ᠭᠡᠪᠡᠴᠦ᠍ ᠪᠠᠭ᠍ᠰᠢ᠎ᠶ᠋ᠢᠨ ᠠᠮᠢᠳᠤᠯᠢᠭ᠎ᠢᠶᠠᠷ ᠲᠠᠢᠯᠪᠤᠷᠢᠯᠠᠬᠤ᠎ᠶ᠋ᠢ ᠰᠤᠨᠤᠰᠤᠭᠠᠳ ᠪᠢ ᠪᠢᠴᠢᠭ᠎ᠤᠨ ᠬᠡᠯᠡᠨ᠎ᠤ ᠵᠣᠬᠢᠶᠠᠯ᠎ᠢ ᠤᠩᠱᠢᠬᠤ ᠳᠤᠷᠠᠲᠠᠶ ᠪᠣᠯᠵᠠᠶ᠃ ᠪᠢᠴᠢᠭ᠎ᠤᠨ ᠬᠡᠯᠡᠨ᠎ᠤ ᠵᠣᠬᠢᠶᠠᠯ᠎ᠳᠤ ᠨᠢᠭᠡᠯᠡ ᠦᠰᠦᠭ᠎ᠢᠶᠠᠷ ᠨᠢᠭᠡ ᠤᠳᠭ᠎ᠠ᠎ᠶ᠋ᠢ ᠢᠯᠡᠳᠭᠡᠵᠦ᠍ ᠴᠢᠳᠠᠨ᠎ᠠ᠂ ᠮᠢᠨᠦ᠍ ᠦᠵᠡᠬᠦ᠌᠎ᠪᠠᠷ ᠪᠢᠴᠢᠭ᠎ᠤᠨ ᠬᠡᠯᠡᠨ᠎ᠤ ᠵᠣᠬᠢᠶᠠᠯ ᠮᠠᠰᠢ ᠰᠤᠨᠢᠷᠬᠠᠯ᠎ᠲᠠᠢ》 ᠭᠡᠵᠦ᠍ ᠲᠤᠰ ᠬᠢᠴᠢᠶᠡᠯ᠎ᠤᠨ ᠲᠤᠬᠠᠢ ᠶᠠᠷᠢᠨ᠎ᠠ᠃
ᠳᠤᠮᠳᠠᠳᠤ ᠰᠤᠷᠭᠠᠭᠤᠯᠢ᠎ᠶ᠋ᠢᠨ ᠬᠡᠯᠡ ᠪᠢᠴᠢᠭ᠎ᠤᠨ ᠵᠢᠭᠠᠨ ᠰᠤᠳᠤᠯᠬᠤ ᠳᠤᠭᠤᠢᠯᠠᠩ᠎ᠤᠨ ᠳᠠᠷᠤᠭ᠎ᠠ ᠭᠤᠸ᠎ᠠ᠄ 《ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠠᠭᠤᠯᠭ᠎ᠠ ᠨᠡᠩ ᠪᠠᠶᠠᠯᠢᠭ ᠪᠤᠯᠵᠤ᠂ ᠰᠤᠷᠤᠭ᠍ᠴᠢᠳ᠎ᠤᠨ ᠲᠤᠷ᠎ᠠ ᠰᠣᠨᠢᠷᠬᠠᠯ᠎ᠢ ᠶᠡᠬᠡᠪᠡᠷ ᠲᠠᠲᠠᠭ᠍ᠰᠠᠨ ᠪᠠᠢᠨ᠎ᠠ᠃ ᠢᠯᠠᠩᠭᠤᠶ᠎ᠠ ᠪᠢᠴᠢᠭ᠎ᠤᠨ ᠬᠡᠯᠡᠨ᠎ᠤ ᠵᠣᠬᠢᠶᠠᠯ᠂ ᠱᠢᠯᠦᠭ ᠵᠡᠷᠭᠡ ᠰᠣᠩᠭᠤᠳᠠᠭ ᠪᠥᠲᠥᠬᠡᠯᠢ ᠰᠤᠷᠤᠯᠴᠠᠬᠤ᠎ᠨᠢ ᠲᠡᠳᠡᠨ᠎ᠤ ᠲᠡᠦᠬᠡ᠎ᠶ᠋ᠢ ᠰᠤᠷᠬᠤ᠂ ᠵᠣᠬᠢᠶᠠᠨ ᠪᠢᠴᠢᠬᠦ᠌᠎ᠶ᠋ᠢ ᠰᠤᠷᠤᠯᠴᠠᠬᠤ᠎ᠳᠤ ᠮᠠᠰᠢ ᠶᠡᠭᠡ ᠬᠠᠪᠰᠤᠷᠤᠯᠭ᠎ᠠ ᠪᠣᠯᠬᠤ ᠶᠤᠮ》 ᠭᠡᠵᠦ᠍ ᠬᠡᠯᠡᠨ᠎ᠡ᠃
ᠲᠣᠰ ᠰᠤᠷᠭᠠᠭᠤᠯᠢ 2020 ᠣᠨ᠎ᠠᠴᠠ ᠡᠬᠢᠯᠡᠨ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠡᠬᠢᠯᠡᠨ ᠲᠡᠯᠭᠡᠷᠡᠭᠦᠯᠦᠨ ᠬᠡᠷᠡᠭ᠌ᠯᠡᠵᠦ᠍᠂ ᠪᠠᠭ᠍ᠰᠢ ᠠᠵᠢᠯᠲᠠᠨ ᠠᠵᠢᠯᠴᠢᠨ᠎ᠤ ᠦᠵᠡᠯ ᠰᠠᠨᠠᠭ᠎ᠠ ᠲᠠᠨᠢᠯᠲᠠ᠎ᠶ᠋ᠢ ᠴᠢᠩᠭᠠᠳᠭᠠᠬᠤ᠂ ᠪᠠᠭ᠍ᠰᠢ ᠠᠵᠢᠯᠲᠠᠨ ᠠᠵᠢᠯᠴᠢᠳ᠎ᠤᠨ ᠪᠤᠯᠪᠠᠰᠤᠷᠠᠯ᠎ᠤᠨ ᠵᠠᠭ᠍ᠪᠤᠷ᠎ᠤᠨ ᠱᠢᠨ᠎ᠡ᠎ᠶ᠋ᠢ ᠡᠭᠦᠳᠬᠦ᠂ ᠰᠡᠳᠦᠪ᠎ᠤᠨ ᠰᠤᠳᠤᠯᠭᠠᠨ ᠥᠷᠨᠢᠭᠦᠯᠬᠦ᠂ ᠵᠢᠭᠠᠨ ᠰᠤᠷᠭᠠᠯᠲᠠ᠎ᠶ᠋ᠢᠨ ᠡᠬᠢ ᠪᠠᠶᠠᠯᠢᠭ᠎ᠢ ᠰᠤᠳᠤᠯᠤᠨ ᠨᠡᠭᠡᠭᠡᠬᠦ᠌ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠵᠢᠭᠠᠨ ᠰᠤᠷᠭᠠᠯᠲᠠ᠎ᠶ᠋ᠢᠨ ᠡᠬᠢ ᠪᠠᠶᠠᠯᠢᠭ᠎ᠤᠨ ᠱᠢᠷᠢᠰ ᠦᠷ᠎ᠡ ᠪᠦᠲᠦᠭᠡᠯ᠎ᠢ ᠰᠤᠳᠤᠯᠤᠨ ᠭᠠᠷᠭᠠᠵᠤ᠂ ᠦᠨᠳᠦᠰᠦᠲᠡᠨ᠎ᠤ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠶ᠋ᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠲᠤᠷᠱᠢᠯᠭ᠎ᠠ᠎ᠶ᠋ᠢ ᠰᠦᠪᠡᠭ᠌ᠴᠢᠯᠡᠨ ᠭᠠᠷᠭᠠᠵᠤ᠂ ᠮᠠᠨ᠎ᠤ ᠣᠷᠣᠨ᠎ᠤ ᠦᠨᠳᠦᠰᠦᠲᠡᠨ᠎ᠤ ᠬᠡᠯᠡ᠎ᠪᠠᠷ ᠬᠢᠴᠢᠶᠡᠯᠯᠡᠵᠦ᠍ ᠪᠠᠢᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠤᠨ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌᠎ᠳᠤ ᠲᠤᠯᠭᠠᠷᠠᠭ᠍ᠰᠠᠨ ᠮᠡᠳᠡᠯᠭᠡ᠎ᠶ᠋ᠢᠨ ᠠᠭᠤᠯᠭ᠎ᠠ᠎ᠶ᠋ᠢᠨ ᠲᠤᠲᠠᠭ᠍ᠳᠠᠯ᠂ ᠨᠡᠷ᠎ᠡ ᠦᠭᠡ ᠨᠡᠷ᠎ᠡ ᠲᠣᠮᠢᠶ᠎ᠠ ᠥᠰᠥᠭ ᠪᠢᠴᠢᠭ᠎ᠤᠨ ᠰᠣᠯᠢᠭ᠍ᠳᠠᠯ᠎ᠤᠨ ᠬᠦᠴᠢᠷᠳᠡᠯ ᠵᠡᠷᠭᠡ ᠪᠣᠳᠠᠲᠠᠶ ᠠᠰᠠᠭᠤᠳᠠᠯ᠎ᠢ ᠪᠦᠲᠦᠮᠵᠢᠲᠡᠶ ᠱᠢᠢᠳᠪᠤᠷᠢᠯᠡᠭ᠌ᠰᠡᠨ ᠪᠠᠢᠨ᠎ᠠ᠃
《ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠠᠩᠬ᠎ᠠ ᠡᠬᠢᠯᠡᠨ ᠬᠡᠷᠡᠭ᠌ᠯᠡᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠠᠷ ᠬᠢᠴᠢᠶᠡᠯᠯᠡᠬᠦ᠌ ᠦᠶ᠎ᠡ᠎ᠳᠤ᠂ ᠦᠭᠡ ᠬᠡᠯᠡᠨ᠎ᠤ ᠵᠠᠩ ᠳᠠᠳᠭᠠᠯ᠎ᠤᠨ ᠲᠠᠯ᠎ᠠ᠎ᠪᠠᠷ ᠵᠣᠬᠢᠬᠤ ᠥᠷᠢᠰᠥᠯᠳᠦᠭᠡᠨ᠎ᠳᠤ ᠲᠤᠯᠭᠠᠷᠠᠪᠠ᠃ ᠭᠡᠪᠡᠴᠦ᠍ ᠡᠯ᠎ᠡ ᠱᠠᠲᠤᠨ᠎ᠤ ᠡᠯ᠎ᠡ ᠲᠦᠷᠦᠯ᠎ᠤᠨ ᠪᠣᠯᠪᠠᠰᠤᠷᠠᠯ᠎ᠳᠤ ᠣᠷᠣᠯᠴᠠᠭᠠᠳ ᠮᠢᠨᠦ᠍ ᠵᠢᠭᠠᠨ ᠰᠤᠷᠭᠠᠵᠦ᠍ ᠬᠢᠴᠢᠶᠡᠯᠯᠡᠬᠦ᠌ ᠴᠢᠳᠠᠪᠤᠷᠢ ᠢᠯᠡᠳᠲᠡ ᠳᠡᠭᠡᠭ᠌ᠰᠢᠯᠡᠵᠡᠢ》 ᠭᠡᠵᠤ ᠶᠣᠰᠣ ᠰᠤᠷᠲᠠᠬᠤᠨ ᠬᠢᠭᠡᠳ ᠬᠠᠤᠯᠢ᠎ᠪᠠᠷ ᠵᠠᠰᠠᠬᠤᠢ ᠬᠢᠴᠢᠶᠡᠯ᠎ᠤᠨ ᠵᠢᠭᠠᠨ ᠰᠤᠳᠤᠯᠬᠤ ᠳᠤᠭᠤᠢᠯᠠᠩ᠎ᠤᠨ ᠳᠠᠷᠤᠭ᠎ᠠ ᠲᠤᠯᠠᠭᠠᠨ ᠮᠠᠰᠢ ᠢᠲᠡᠬᠡᠯᠲᠡᠢ ᠬᠡᠯᠡᠨ᠎ᠠ᠃
ᠪᠠᠭ᠎ᠠ ᠰᠤᠷᠭᠠᠭᠤᠯᠢ᠎ᠶ᠋ᠢᠨ ᠬᠡᠯᠡ ᠪᠢᠴᠢᠭ᠎ᠤᠨ ᠵᠢᠭᠠᠨ ᠰᠤᠳᠤᠯᠬᠤ ᠳᠤᠭᠤᠢᠯᠠᠩ᠎ᠤᠨ ᠳᠠᠷᠤᠭ᠎ᠠ ᠱᠢᠭᠤᠷᠭᠠᠨ᠄ 《ᠡᠳᠦᠷ ᠪᠦᠷᠢ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠳᠣᠲᠣᠷᠠᠬᠢ ᠨᠢᠭᠡ ᠬᠢᠴᠢᠶᠡᠯ ᠪᠤᠶᠤ ᠨᠢᠭᠡ ᠬᠡᠰᠡᠭ ᠠᠭᠤᠯᠭ᠎ᠠ᠎ᠶ᠋ᠢ ᠨᠠᠷᠢᠨ ᠤᠩᠱᠢᠵᠤ᠂ ᠡᠳᠦᠷ ᠪᠦᠷᠢ ᠬᠡᠯᠡᠨ᠎ᠤ ᠪᠤᠯᠪᠠᠰᠤᠷᠠᠯ ᠬᠢᠵᠦ᠍᠂ ᠦᠭᠡ᠎ᠪᠠᠨ ᠲᠣᠳᠣ ᠬᠡᠯᠡᠬᠦ᠌ ᠪᠥᠭᠡᠳ ᠦᠭᠡ ᠬᠡᠯᠡᠬᠦ᠌ ᠬᠤᠷᠳᠤᠴᠠ᠎ᠪᠠᠨ ᠠᠯᠬᠤᠮ ᠠᠯᠬᠤᠮ᠎ᠢᠶᠠᠷ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠦ᠍ ᠰᠤᠷᠭᠠᠭᠤᠯᠢ᠎ᠠᠴᠠ ᠪᠢᠳᠡᠨ᠎ᠢ ᠱᠠᠭᠠᠷᠳᠠᠵᠤ ᠪᠠᠢᠨ᠎ᠠ᠃ ᠡᠢᠮᠦ᠍ ᠲᠤᠰᠭᠠᠶ ᠪᠣᠯᠪᠠᠰᠤᠷᠠᠯ᠎ᠢᠶᠠᠷ ᠳᠠᠮᠵᠢᠨ᠂ ᠮᠢᠨᠦ᠍ ᠢᠯᠡᠳᠭᠡᠬᠦ᠌ ᠴᠢᠳᠠᠪᠤᠷᠢ ᠶᠡᠭᠡ᠎ᠪᠠᠷ ᠳᠡᠭᠡᠭ᠌ᠰᠢᠯᠡᠪᠡ》 ᠭᠡᠵᠤ ᠰᠤᠷᠪᠤᠯᠵᠢᠯᠠᠭ᠍ᠴᠢ᠎ᠳᠤ ᠬᠡᠯᠡᠵᠤ ᠪᠠᠢᠯ᠎ᠠ᠃
ᠭᠤᠸ᠎ᠠ ᠲᠠᠨᠢᠯᠴᠠᠭᠤᠯᠬᠤ᠎ᠳᠠᠭᠠᠨ᠄ 《ᠪᠢᠳᠡ ᠨᠢᠭᠡ ᠵᠢᠯ ᠱᠢᠬᠠᠮ᠎ᠤᠨ ᠴᠠᠭ᠎ᠢ ᠬᠡᠷᠡᠭ᠌ᠰᠡᠨ ᠬᠢᠴᠢᠶᠡᠯ᠎ᠢᠶᠠᠨ ᠰᠤᠳᠤᠯᠵᠤ᠂ ᠬᠢᠴᠢᠶᠡᠯ᠎ᠤᠨ ᠫᠷᠦᠭ᠌ᠷᠡᠮ ᠨᠠᠢᠷᠠᠭᠤᠯᠵᠦ᠍᠂ ᠤᠳᠤ ᠪᠠᠰᠠ ᠦᠰᠦᠭ ᠲᠠᠨᠢᠬᠤ ᠪᠢᠴᠢᠯ ᠬᠢᠴᠢᠶᠡᠯ᠎ᠢ ᠺᠤᠳ᠋ ᠪᠣᠯᠭᠠᠨ ᠬᠤᠪᠢᠷᠠᠭᠤᠯᠵᠤ᠂ ᠦᠰᠦᠭ ᠲᠠᠨᠢᠭᠤᠯᠬᠤ ᠪᠢᠴᠢᠭᠡᠰᠦ ᠳᠡᠭᠡᠷ᠎ᠡ ᠬᠠᠷᠠᠭᠠᠯᠵᠠᠭᠤᠯᠤᠨ ᠲᠠᠯᠪᠢᠭ᠍ᠰᠠᠨ᠎ᠢᠶᠠᠷ᠂ ᠰᠤᠷᠤᠭ᠍ᠴᠢᠳ ᠺᠤᠳ᠋᠎ᠢ ᠱᠢᠷᠪᠢᠮᠡᠭ᠌ᠴᠡ ᠳᠡᠳᠡᠭᠡᠷ ᠬᠦᠨᠳᠦ ᠦᠭᠡᠰ᠎ᠤᠨ ᠳᠠᠭᠤᠳᠠᠯᠭ᠎ᠠ᠂ ᠵᠢᠷᠤᠯᠭ᠎ᠠ᠂ ᠤᠳᠭ᠎ᠠ ᠰᠠᠨᠠᠭ᠎ᠠ ᠵᠡᠷᠭᠡ᠎ᠶ᠋ᠢ ᠮᠡᠳᠡᠵᠦ᠍ ᠪᠣᠯᠳᠠᠭ》 ᠭᠡᠵᠤ ᠬᠡᠯᠡᠨ᠎ᠠ᠃
《ᠳᠡᠭᠡᠷ᠎ᠡ ᠰᠤᠷᠤᠯᠭ᠎ᠠ᠎ᠶ᠋ᠢᠨ ᠬᠤᠭᠤᠴᠠᠭᠠᠨ᠎ᠳᠤ᠂ ᠪᠢ ᠦᠰᠦᠭ ᠲᠠᠨᠢᠭᠤᠯᠬᠤ ᠪᠢᠴᠢᠭᠡᠰᠦ᠎ᠪᠠᠷ ᠳᠠᠮᠵᠢᠨ 200 ᠭᠠᠷᠤᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠤᠯᠴᠠᠭ᠍ᠰᠠᠨ ᠶᠤᠮ᠃ ᠱᠢᠨ᠎ᠡ ᠰᠤᠷᠤᠯᠭ᠎ᠠ᠎ᠶ᠋ᠢᠨ ᠬᠤᠭᠤᠴᠠᠭ᠎ᠠ᠎ᠪᠠᠷ ᠡᠢᠮᠦᠷᠬᠦ᠌ ᠰᠤᠷᠤᠯᠴᠠᠯᠭ᠎ᠠ᠎ᠪᠠᠨ ᠡᠳᠦᠷ ᠪᠦᠷᠢ ᠦᠷᠭᠦᠯᠵᠢᠯᠡᠭᠦᠯᠬᠦ᠌᠎ᠶ᠋ᠢ ᠪᠠᠲᠤᠯᠠᠨ᠎ᠠ》 ᠭᠡᠵᠦ᠍ ᠭᠤᠷᠪᠠᠳᠤᠭᠠᠷ ᠣᠨ᠎ᠤ ᠵᠢᠷᠭᠤᠳᠤᠭᠠᠷ ᠠᠩᠭᠢ᠎ᠶ᠋ᠢᠨ ᠰᠤᠷᠤᠬ᠍ᠴᠢ ᠭᠡᠭᠡᠨ᠌ᠠᠤᠳᠤ ᠪᠠᠶᠠᠷᠲᠠᠢ ᠬᠡᠯᠡᠨ᠎ᠠ᠃
ᠲᠠᠨᠢᠯᠴᠠᠭᠤᠯᠤᠭ᠍ᠰᠠᠨ᠎ᠢᠶᠠᠷ᠂ ᠲᠠᠷᠠᠭᠠᠴᠢ᠎ᠶ᠋ᠢᠨ ᠠᠯᠬᠤᠮ᠎ᠳᠤ᠂ ᠲᠣᠰ ᠰᠤᠷᠭᠠᠭᠤᠯᠢ᠎ᠨᠢ ᠪᠠᠭ᠍ᠰᠢ᠎ᠶ᠋ᠢᠨ ᠪᠤᠯᠪᠠᠰᠤᠷᠠᠯ᠎ᠢ ᠦᠷᠭᠦᠯᠵᠢᠯᠡᠨ ᠴᠢᠩᠭᠠᠳᠭᠠᠵᠤ᠂ ᠬᠢᠴᠢᠶᠡᠯ ᠲᠥᠷᠥᠯ᠎ᠤᠨ ᠵᠢᠭᠠᠨ ᠰᠤᠳᠤᠯᠬᠤ ᠳᠤᠭᠤᠢᠯᠠᠩ᠎ᠤᠨ ᠶᠡᠷᠦᠩᠬᠡᠢᠯᠡᠨ ᠵᠢᠯᠣᠭᠤᠳᠭᠤ ᠦᠢᠯᠡᠳᠣᠯ᠎ᠢ ᠭᠦᠢᠴᠡᠳ ᠪᠠᠳᠠᠷᠠᠭᠤᠯᠤᠨ᠂ ᠪᠠᠭ᠍ᠰᠢ᠎ᠶ᠋ᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠴᠢᠳᠠᠪᠤᠷᠢ ᠪᠠ ᠬᠢᠴᠢᠶᠡᠯ᠎ᠤᠨ ᠲᠠᠩᠬᠢᠮ᠎ᠤᠨ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠦᠷᠭᠦᠯᠵᠢᠯᠡᠨ ᠳᠡᠭᠡᠭ᠌ᠰᠢᠯᠡᠭᠦᠯᠦᠨ᠎ᠡ; ᠰᠡᠳᠦᠪ᠎ᠤᠨ ᠰᠤᠳᠤᠯᠭᠠᠨ᠎ᠢ ᠭᠦᠨᠵᠡᠭᠡᠶ ᠥᠷᠨᠢᠭᠦᠯᠵᠦ᠍᠂ ᠰᠤᠳᠤᠯᠭᠠᠨ᠎ᠤ ᠶᠠᠪᠤᠴᠠ᠎ᠳᠠᠬᠢ ᠪᠣᠳᠠᠲᠠᠶ ᠠᠰᠠᠭᠤᠳᠠᠯ ᠪᠠ ᠰᠤᠷᠤᠭ᠍ᠴᠢᠳ᠎ᠤᠨ ᠬᠡᠷᠡᠭ᠌ᠯᠡᠭ᠌ᠰᠡᠨ᠎ᠤ ᠳᠠᠷᠠᠭᠠᠬᠢ ᠬᠠᠷᠢᠭᠤ ᠲᠤᠰᠭᠠᠯ᠎ᠢ ᠦᠨᠳᠦᠰᠦᠯᠡᠨ᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠰᠤᠷᠤᠯᠴᠠᠬᠤ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ᠎ᠶ᠋ᠢ ᠦᠷᠭᠦᠯᠵᠢᠯᠡᠨ ᠠᠬᠢᠭᠤᠯᠬᠤ ᠪᠤᠯᠤᠨ᠎ᠠ᠃