《ᠪᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠳᠤᠷ ᠰᠤᠷᠴᠤ᠌ ᠡᠵᠡᠮᠱᠢᠭ᠌ᠰᠡᠨ ᠳᠠᠪᠠᠭᠤᠯᠢᠭ᠎ᠢᠶᠠᠷ᠎ᠢᠶᠠᠨ ᠠᠮᠢᠳᠤᠷᠠᠬᠤᠢ᠎ᠶ᠋ᠢᠨ ᠦᠷᠲᠡᠭ᠎ᠢᠶᠠᠨ ᠪᠡᠶᠡᠯᠡᠭᠦᠯᠵᠦ᠍᠂ ᠠᠨᠠᠭᠠᠬᠤ ᠤᠬᠠᠭᠠᠨ᠎ᠤ ᠲᠠᠪᠴᠠᠩ ᠳᠡᠭᠡᠷ᠎ᠡ ᠴᠤᠭ ᠵᠢᠪᠬᠤᠭ᠎ᠠ᠎ᠪᠠᠨ ᠪᠠᠳᠠᠷᠠᠭᠤᠯᠵᠤ ᠶᠠᠪᠤᠨ᠎ᠠ》 ᠬᠡᠵᠦ᠍ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ᠎ᠶ᠋ᠢᠨ ᠬᠤᠷᠢᠶᠠᠨ᠎ᠤ ᠮᠡᠳᠡᠷᠡᠯ᠎ᠤᠨ ᠭᠠᠳᠠᠷ ᠰᠠᠯᠠᠭᠠᠨ᠎ᠤ ᠨᠠᠮ᠎ᠤᠨ ᠡᠭᠦᠷ᠎ᠤᠨ ᠱᠦᠵᠢ᠂ ᠳᠡᠳ᠋ ᠡᠷᠬᠢᠯᠡᠭ᠌ᠴᠢ ᠦᠷᠯᠦᠬᠡ ᠰᠤᠷᠪᠤᠯᠵᠢᠯᠠᠭ᠍ᠴᠢ᠎ᠳᠤ ᠬᠡᠯᠡᠪᠡ᠃
ᠦᠷᠯᠦᠬᠡ᠂ ᠠᠨᠠᠭᠠᠬᠤ ᠤᠬᠠᠭᠠᠨ᠎ᠤ ᠰᠤᠷᠪᠤᠯᠵᠢ᠎ᠳᠤ ᠭᠡᠷ ᠪᠦ᠍ᠯᠢ᠎ᠳᠤ ᠲᠥᠷᠥᠵᠤ᠂ ᠡᠵᠢ᠎ᠨᠢ ᠮᠡᠳᠡᠷᠡᠯ᠎ᠤᠨ ᠭᠠᠳᠠᠷ ᠰᠠᠯᠠᠭᠠᠨ᠎ᠤ ᠨᠡᠷᠡᠳᠤ ᠫᠷᠤᠹᠧᠰᠰᠤᠷ ᠠᠵᠢ᠃ ᠡᠵᠢ᠎ᠶ᠋ᠢᠨ᠎ᠢᠶᠠᠨ ᠨᠥᠯᠥᠭᠡ᠎ᠪᠠᠷ ᠲᠡᠷᠡ ᠬᠠᠷᠠᠬᠠᠨ ᠪᠠᠭ᠎ᠠ᠎ᠠᠴᠠ᠎ᠪᠠᠨ ᠡᠪᠡᠳᠴᠢᠨ ᠵᠠᠰᠠᠵᠤ ᠬᠥᠮᠦᠨ ᠠᠪᠤᠷᠠᠬᠤ ᠬᠦᠰᠡᠯ᠎ᠲᠠᠢ ᠪᠤᠯᠤᠭ᠍ᠰᠠᠨ ᠪᠦᠭᠡᠳ ᠲᠠᠰᠤᠷᠠᠯᠲᠠ ᠦᠭᠡᠢ ᠴᠢᠷᠮᠠᠢᠬᠤ᠎ᠪᠠᠷ ᠳᠠᠮᠵᠢᠨ ᠮᠡᠳᠡᠷᠡᠯ᠎ᠤᠨ ᠭᠠᠳᠠᠷ ᠰᠠᠯᠠᠭᠠᠨ᠎ᠤ ᠫᠤᠰᠲ ᠳ᠋ᠣᠺᠲ᠋ᠣᠷ ᠪᠣᠯᠵᠠᠢ᠃ 2008 ᠣᠨ᠎ᠳᠤ᠂ ᠲᠡᠷᠡ ᠳᠡᠭᠡᠳᠦ ᠵᠡᠷᠭᠡ᠎ᠶ᠋ᠢᠨ ᠲᠤᠰᠭᠠᠢ ᠮᠡᠷᠭᠡᠵᠢᠯ᠎ᠤᠨ ᠴᠢᠳᠠᠪᠤᠷᠢᠲᠠᠨ᠎ᠢᠶᠠᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ᠎ᠶ᠋ᠢᠨ ᠬᠤᠷᠢᠶ᠎ᠠ᠎ᠳᠤ ᠤᠷᠢᠭ᠍ᠳᠠᠨ ᠠᠵᠢᠯᠯᠠᠪᠠ᠃
ᠦᠷᠯᠦᠬᠡ᠎ᠶ᠋ᠢᠨ ᠦᠵᠡᠬᠦ᠌᠎ᠪᠠᠷ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠬᠤ ᠪᠣᠯ ᠡᠮᠴᠢ ᠪᠣᠯᠤᠭ᠍ᠰᠠᠳᠤᠨ ᠡᠷᠬᠡᠪᠰᠢ ᠪᠦᠷᠢᠯᠳᠦᠭᠦᠯᠬᠦ᠌ ᠦᠨᠳᠦᠰᠦᠨ ᠵᠦᠢᠯ ᠮᠦᠨ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠪᠤᠯᠪᠠᠰᠤᠷᠠᠩᠭᠤᠢ ᠬᠡᠷᠡᠭ᠌ᠯᠡᠬᠦ᠌᠎ᠨᠢ ᠰᠣᠶᠣᠯ᠎ᠤᠨ ᠬᠠᠮᠳᠤ᠎ᠶ᠋ᠢᠨ ᠲᠠᠨᠢᠯᠳᠠ᠎ᠶ᠋ᠢᠨ ᠰᠠᠭᠤᠷᠢ᠎ᠶ᠋ᠢ ᠪᠠᠬᠢᠵᠢᠬᠦᠯᠬᠦ᠌᠎ᠳᠤ ᠠᠱᠢᠭ᠍ᠳᠠᠢ ᠪᠦᠭᠡᠳ ᠡᠪᠡᠳᠴᠢᠲᠡᠨ᠎ᠳᠤ ᠨᠡᠩ ᠰᠠᠢᠨ ᠦᠢᠯᠡᠴᠢᠯᠡᠬᠦ᠌᠎ᠳᠤ ᠠᠱᠢᠭ᠍ᠲᠠᠢ ᠶᠤᠮ᠃ ᠤᠯᠠᠨ ᠵᠢᠯ᠎ᠤᠨ ᠲᠤᠷᠱᠢᠬᠢ ᠠᠮᠢᠳᠤᠷᠠᠯ᠂ ᠰᠤᠷᠤᠯᠭ᠎ᠠ᠂ ᠠᠵᠢᠯ᠎ᠤᠨ ᠥᠩᠭᠡᠷᠡᠯᠲᠡ᠎ᠪᠠᠨ ᠡᠷᠭᠢᠴᠡᠭᠦᠯᠵᠦ᠍ ᠦᠵᠡᠪᠡᠯ᠂ ᠠᠮᠢᠳᠤᠷᠠᠯ᠎ᠤᠨ ᠳᠤᠮᠳᠠᠬᠢ ᠠᠷᠰᠠᠷ ᠶᠠᠪᠤᠳᠠᠯ᠎ᠤᠳ᠎ᠨᠢ ᠪᠦᠷ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠬᠤ᠎ᠲᠠᠢ ᠨᠢᠭ᠍ᠲᠠ ᠬᠤᠯᠪᠣᠭ᠎ᠠ᠎ᠲᠠᠢ ᠶᠤᠮ ᠬᠡᠵᠦ᠍ ᠦᠷᠯᠦᠬᠡ ᠬᠡᠯᠡᠨ᠎ᠠ᠃
《ᠪᠢ ᠪᠠᠭ᠎ᠠ ᠰᠤᠷᠭᠠᠭᠤᠯᠢ᠎ᠶ᠋ᠢᠨ ᠬᠤᠶᠠᠳᠤᠭᠠᠷ ᠣᠨ᠎ᠠᠴᠠ ᠡᠬᠢᠯᠡᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠤᠯᠴᠠᠵᠠᠢ᠃ ᠠᠩᠬ᠎ᠠ ᠰᠤᠷᠤᠯᠴᠠᠬᠤ ᠦᠶ᠎ᠡ᠎ᠳᠤ ᠨᠡᠯᠢᠶᠡᠳ ᠬᠦᠴᠢᠷᠳᠡᠵᠦ᠍ ᠪᠠᠢᠭ᠍ᠰᠠᠨ ᠪᠣᠯᠪᠠᠴᠤ᠌ ᠬᠡᠰᠡᠭ ᠬᠤᠭᠤᠴᠠᠭᠠᠨ᠎ᠤ ᠰᠤᠷᠤᠯᠴᠠᠯᠭ᠎ᠠ᠎ᠶ᠋ᠢ ᠦᠩᠭᠡᠷᠡᠭᠡᠭᠡᠳ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠡᠯᠪᠡᠭ ᠪᠠᠶᠠᠯᠢᠭ ᠰᠣᠶᠣᠯ᠎ᠤᠨ ᠠᠭᠤᠯᠬᠤᠨ᠎ᠳᠤ ᠰᠡᠳᠭᠢᠯ ᠲᠠᠳᠠᠭ᠍ᠳᠠᠬᠤ ᠪᠤᠯᠪᠠ》 ᠬᠡᠵᠦ᠍ ᠦᠷᠯᠦᠬᠡ ᠪᠠᠶᠠᠷᠳᠠᠢᠬᠠᠨ ᠬᠡᠯᠡᠨ᠎ᠠ᠃ ᠲᠡᠷᠡ ᠪᠤᠰᠤᠳ᠎ᠠᠴᠠ ᠨᠡᠩ ᠢᠯᠡᠭᠦᠦ ᠴᠠᠭ ᠵᠠᠷᠤᠴᠠᠭᠤᠯᠵᠤ ᠴᠢᠷᠮᠠᠢᠨ ᠰᠤᠷᠤᠯᠴᠠᠭ᠍ᠰᠠᠨ᠎ᠢᠶᠠᠷ᠂ ᠠᠩᠬ᠎ᠠ ᠳᠤᠮᠳᠠᠳᠤ᠂ ᠥᠨᠳᠥᠷ ᠳᠤᠮᠳᠠᠳᠤ᠎ᠳᠤ ᠣᠷᠣᠬᠤ ᠦᠶ᠎ᠡ᠎ᠳᠤ᠂ ᠬᠡᠯᠡ ᠪᠢᠴᠢᠭ᠎ᠤᠨ ᠬᠢᠷᠢ ᠪᠦᠲᠦᠮᠵᠢ᠎ᠨᠢ ᠪᠤᠰᠤᠳ ᠬᠠᠮᠲᠤ ᠰᠤᠷᠤᠭ᠍ᠴᠢ᠎ᠪᠠᠨ ᠨᠡᠬᠡᠵᠦ᠍ ᠭᠦᠢᠴᠡᠭ᠌ᠰᠡᠨ ᠲᠡᠳᠦᠢ ᠦᠭᠡᠢ ᠳᠠᠪᠠᠵᠤ ᠭᠠᠷᠤᠭ᠍ᠰᠠᠨ ᠪᠠᠢᠨ᠎ᠠ᠂ ᠡᠨᠡ᠎ᠨᠢ ᠲᠡᠭᠦᠨ᠎ᠤ ᠬᠤᠵᠢᠮ᠎ᠤᠨ ᠰᠤᠷᠤᠯᠴᠠᠯᠭ᠎ᠠ᠎ᠳᠤ ᠮᠠᠰᠢ ᠰᠠᠢᠨ ᠰᠠᠭᠤᠷᠢ᠎ᠶ᠋ᠢ ᠲᠠᠯᠪᠢᠵᠤ ᠥᠭ᠌ᠭᠦᠭ᠌ᠰᠡᠨ ᠠᠵᠢ᠃
《ᠬᠥᠮᠦᠨ ᠪᠠ ᠬᠥᠮᠦᠨ᠎ᠤ ᠬᠤᠭᠤᠷᠤᠨᠳᠤ ᠬᠡᠯᠡᠨ᠎ᠤ ᠤᠯᠤᠯᠴᠠᠭ᠎ᠠ ᠪᠤᠯ ᠬᠠᠮᠤᠬ᠎ᠤᠨ ᠴᠢᠬᠤᠯᠠ ᠪᠠᠢᠳᠠᠬ᠂ ᠢᠩᠭᠢᠪᠡᠯ ᠰᠠᠶᠢ ᠬᠠᠷᠢᠯᠴᠠᠨ ᠤᠢ᠍ᠢᠯᠠᠭᠠᠯᠴᠠᠵᠤ ᠴᠢᠳᠠᠨ᠎ᠠ》 ᠬᠡᠵᠦ᠍ ᠦᠷᠯᠦᠬᠡ ᠬᠡᠯᠡᠨ᠎ᠡ᠃ ᠡᠮᠴᠢ ᠰᠤᠪᠢᠯᠠᠭ᠍ᠴᠢ ᠪᠣᠯᠤᠭ᠍ᠰᠠᠨ᠎ᠤ ᠬᠤᠪᠢ᠎ᠳᠤ᠂ ᠲᠡᠷᠡ ᠡᠳᠦᠷ ᠪᠦᠷᠢ ᠮᠠᠰᠢ ᠣᠯᠠᠨ ᠡᠪᠡᠳᠴᠢᠲᠡᠨ᠎ᠤ ᠡᠪᠡᠳᠴᠢᠨ᠎ᠤ ᠪᠠᠢᠳᠠᠯ᠎ᠢ ᠣᠢᠯᠠᠭᠠᠵᠤ᠂ ᠡᠮᠨᠡᠨ ᠵᠠᠰᠠᠬᠤ ᠲᠥᠰᠦᠯ᠎ᠢᠶᠠᠨ ᠤᠢ᠍ᠢᠯᠠᠭᠠᠯᠴᠠᠨ᠂ ᠡᠮᠨᠡᠨ ᠵᠠᠰᠠᠭ᠍ᠰᠠᠨ ᠪᠠᠢᠳᠠᠯ᠎ᠢᠶᠠᠨ ᠠᠰᠠᠭᠤᠨ ᠯᠠᠪᠯᠠᠨ᠎ᠠ᠃ ᠦᠷᠯᠦᠭᠡ᠄ 《ᠡᠬᠦᠨ᠎ᠳᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠡᠵᠡᠮᠱᠢᠬᠦ᠌᠎ᠶ᠋ᠢᠨ ᠴᠢᠬᠤᠯᠠ ᠴᠢᠨᠠᠷ ᠢᠯᠡᠷᠡᠵᠦ᠍ ᠪᠤᠢ᠂ ᠬᠠᠷᠢᠯᠴᠠᠨ ᠤᠢ᠍ᠢᠯᠠᠭᠠᠯᠴᠠᠪᠠᠯ ᠰᠠᠶᠢ ᠠᠪᠤᠷᠠᠨ ᠡᠮᠨᠡᠬᠦ᠌ ᠠᠵᠢᠯ᠎ᠢᠶᠠᠨ ᠨᠡᠩ ᠰᠠᠢᠳᠤᠷ ᠬᠢᠵᠦ᠍ ᠴᠢᠳᠠᠨ᠎ᠠ》 ᠬᠡᠪᠡ᠃
ᠦᠷᠯᠦᠬᠡ᠂ 《ᠲᠠᠯ᠎ᠠ ᠨᠤᠲᠤᠭ᠎ᠤᠨ ᠴᠢᠳᠠᠪᠤᠷᠢᠲᠠᠨ》᠂ 《ᠱᠢᠨ᠎ᠡ ᠡᠷᠢᠨ ᠵᠠᠭᠤᠨ᠎ᠤ 321 ᠴᠢᠳᠠᠪᠤᠷᠢᠲᠠᠨ᠎ᠤ ᠢᠨᠵᠧᠨᠧᠷᠢᠩ》 ᠤᠨ ᠨᠢᠭᠡᠳᠦᠭᠡᠷ ᠳᠡᠰ᠎ᠤᠨ ᠴᠢᠳᠠᠪᠤᠷᠢᠳᠠᠨ᠎ᠢᠶᠠᠷ ᠦᠨᠡᠯᠡᠭ᠌ᠳᠡᠵᠦ᠍᠂ 《ᠪᠠᠷᠠᠭᠤᠨ ᠣᠷᠣᠨ᠎ᠤ ᠭᠡᠷᠡᠯ ᠭᠢᠯᠪᠠᠭ᠎ᠠ》 ᠱᠢᠯᠢᠳᠡᠭ ᠠᠢᠯᠴᠢᠯᠠᠨ ᠰᠤᠷᠤᠯᠴᠠᠬᠤ ᠡᠷᠳᠡᠮᠲᠡᠨ ᠁ ᠢᠶᠠᠷ ᠦᠨᠡᠯᠡᠭ᠌ᠳᠡᠪᠡ᠃ ᠲᠡᠷᠡ ᠦᠷᠭᠦᠯᠵᠢ ᠡᠷᠬᠢᠨ ᠲᠣᠭᠤᠷᠢᠨ᠎ᠤ ᠨᠠᠢᠵᠠ ᠨᠦᠬᠦᠳ᠂ ᠰᠤᠷᠤᠭ᠍ᠴᠢᠳ᠎ᠲᠠᠢ᠎ᠪᠠᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠬᠤ᠎ᠶ᠋ᠢᠨ ᠴᠢᠬᠤᠯᠠ ᠴᠢᠨᠠᠷ᠎ᠤᠨ ᠳᠤᠬᠠᠢ ᠰᠤᠳᠤᠯᠤᠨ ᠶᠠᠷᠢᠯᠴᠠᠳᠠᠭ᠃ ᠲᠡᠭᠦᠨ᠎ᠤ ᠦᠵᠡᠬᠦ᠌᠎ᠪᠠᠷ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠪᠣᠯᠪᠠᠰᠤᠷᠠᠩᠭᠤᠢ ᠡᠵᠡᠮᠱᠢᠨ ᠬᠡᠷᠡᠭ᠌ᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠨᠢ ᠱᠢᠨ᠎ᠡ ᠴᠠᠭ ᠦᠶ᠎ᠡ᠎ᠶ᠋ᠢᠨ ᠬᠥᠭ᠌ᠵᠢᠯᠲᠡ᠎ᠶ᠋ᠢᠨ ᠤᠷᠤᠰᠭᠠᠯ᠎ᠢ ᠲᠠᠭᠠᠵᠤ᠂ ᠨᠡᠩ ᠥᠨᠳᠥᠷ ᠨᠡᠩ ᠬᠤᠯᠠ ᠳᠡᠬᠦᠯᠢᠵᠦ᠍ ᠴᠢᠳᠠᠨ᠎ᠠ᠃