ᠨᠠᠮ᠎ᠤᠨ ᠠᠷᠪᠠᠨ ᠳᠦᠷᠪᠡᠳᠦᠭᠡᠷ ᠶᠡᠭᠡ ᠬᠤᠷᠠᠯ᠄ ᠮᠠᠨ᠎ᠤ ᠤᠯᠤᠰ᠎ᠤᠨ ᠠᠵᠦ᠍ ᠠᠬᠤᠢ᠎ᠶ᠋ᠢᠨ ᠪᠠᠢᠭᠤᠯᠤᠮᠵᠢ᠎ᠶ᠋ᠢᠨ ᠦᠭᠡᠷᠡᠴᠢᠯᠡᠯᠲᠡ᠎ᠶ᠋ᠢᠨ ᠬᠠᠷᠠᠯᠲᠠ᠎ᠶ᠋ᠢ ᠲᠤᠳᠤᠷᠬᠠᠢᠯᠠᠪᠠ
2021-09-13 09:23:09
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

1992 ᠤᠨ᠎ᠤ 10 ᠰᠠᠷ᠎ᠠ᠎ᠶ᠋ᠢᠨ 12 ᠎ᠠᠴᠠ 18 ᠎ᠤ ᠡᠳᠦᠷ ᠪᠤᠯᠲᠠᠯ᠎ᠠ᠂ ᠳᠤᠮᠳᠠᠳᠦ ᠤᠯᠤᠰ᠎ᠤᠨ ᠡᠪ ᠬᠠᠮᠳᠦ ᠨᠠᠮ᠎ᠤᠨ ᠠᠷᠪᠠᠨ ᠲᠦᠷᠪᠡᠳᠦᠭᠡᠷ ᠤᠳᠠᠭ᠎ᠠ᠎ᠶ᠋ᠢᠨ ᠪᠦᠬᠦ᠌ ᠤᠯᠤᠰ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ ᠪᠡᠭᠡᠵᠢᠩ᠎ᠳᠤ ᠬᠤᠷᠠᠯᠳᠤᠪᠠ᠃ ᠶᠡᠭᠡ ᠬᠤᠷᠠᠯ᠎ᠤᠨ ᠵᠢᠩᠬᠢᠨᠢ ᠲᠦᠯᠦᠭᠡᠯᠡᠭ᠌ᠴᠢ 1989 ᠬᠦᠮᠦᠨ᠂ ᠤᠨᠴᠠ ᠤᠷᠢᠬ᠍ᠰᠠᠨ ᠲᠦᠯᠦᠭᠡᠯᠡᠭ᠌ᠴᠢ 46 ᠬᠦᠮᠦᠨ ᠪᠠᠢᠵᠦ᠍᠂ ᠪᠦᠬᠦ᠌ ᠤᠯᠤᠰ᠎ᠤᠨ 5100 ᠭᠠᠷᠤᠢ ᠲᠦᠮᠡᠨ ᠨᠠᠮ᠎ᠤᠨ ᠬᠡᠱᠢᠬᠦᠨ᠎ᠢ ᠲᠦᠯᠦᠭᠡᠯᠡᠪᠡ᠃ ᠵᠢᠶᠠᠩ ᠽᠧ ᠮᠢᠨ ᠨᠠᠮ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠲᠦᠪ ᠬᠤᠷᠢᠶ᠎ᠠ᠎ᠶ᠋ᠢ ᠲᠦᠯᠦᠭᠡᠯᠡᠨ 《ᠦᠭᠡᠷᠡᠴᠢᠯᠡᠯᠲᠡ ᠨᠡᠭᠡᠭᠡᠯᠲᠡ ᠪᠠ ᠤᠳᠤᠬᠢᠴᠢᠯᠠᠯᠲᠠ᠎ᠶ᠋ᠢᠨ ᠠᠯᠬᠤᠴᠠ᠎ᠶ᠋ᠢ ᠲᠦᠷᠭᠡᠳᠭᠡᠵᠦ᠍᠂ ᠳᠤᠮᠳᠠᠳᠦ ᠤᠯᠤᠰ᠎ᠤᠨ ᠤᠨᠴᠠᠯᠢᠭ᠎ᠲᠠᠢ ᠨᠡᠢᠬᠡᠮ ᠵᠢᠷᠦᠮ᠎ᠤᠨ ᠦᠢᠯᠡᠰ᠎ᠤᠨ ᠨᠡᠩ ᠶᠡᠭᠡ ᠢᠯᠠᠯᠲᠠ᠎ᠶ᠋ᠢ ᠲᠡᠮᠡᠴᠡᠨ ᠤᠯᠰᠤᠭᠠᠢ》 ᠭᠡᠬᠦ᠌ ᠰᠡᠳᠦᠪ᠎ᠢᠶᠠᠷ ᠢᠯᠡᠳᠭᠡᠯ ᠬᠢᠪᠡ᠃ ᠶᠡᠭᠡ ᠬᠤᠷᠠᠯ᠎ᠠᠴᠠ ᠢᠯᠡᠳᠭᠡᠯ ᠪᠠ 《ᠳᠤᠮᠳᠠᠳᠦ ᠤᠯᠤᠰ᠎ᠤᠨ ᠡᠪ ᠬᠠᠮᠳᠦ ᠨᠠᠮ᠎ᠤᠨ ᠲᠦᠷᠢᠮ (ᠵᠠᠰᠠᠪᠤᠷᠢ ᠤᠷᠤᠭᠤᠯᠬᠤ ᠲᠦᠰᠦᠯ)》 ᠎ᠢ ᠬᠢᠨᠠᠨ ᠶᠠᠷᠢᠯᠴᠠᠵᠦ᠍ ᠪᠠᠲᠤᠯᠠᠭᠠᠳ᠂ ᠲᠦᠪ᠎ᠤᠨ ᠵᠦᠪᠯᠡᠭ᠌ᠴᠢᠳ᠎ᠤᠨ ᠬᠤᠷᠢᠶ᠎ᠠ ᠪᠠ ᠲᠦᠪ᠎ᠤᠨ ᠰᠠᠬᠢᠯᠭ᠎ᠠ ᠪᠠᠲᠦ ᠪᠠᠢᠴᠠᠭᠠᠬᠤ ᠬᠤᠷᠢᠶᠠᠨ᠎ᠤ ᠠᠵᠢᠯ᠎ᠤᠨ ᠢᠯᠡᠳᠭᠡᠯ᠎ᠢ ᠵᠦᠪᠱᠢᠶᠡᠷᠡᠵᠦ᠍᠂ ᠱᠢᠨ᠎ᠡ ᠨᠢᠭᠡ ᠬᠤᠭᠤᠴᠠᠭᠠᠨ᠎ᠤ ᠲᠦᠪ ᠬᠤᠷᠢᠶ᠎ᠠ ᠪᠠ ᠲᠦᠪ᠎ᠤᠨ ᠰᠠᠬᠢᠯᠭ᠎ᠠ ᠪᠠᠲᠦ ᠪᠠᠢᠴᠠᠭᠠᠬᠤ ᠬᠤᠷᠢᠶ᠎ᠠ᠎ᠶ᠋ᠢ ᠰᠤᠩᠭᠤᠨ ᠭᠠᠷᠭᠠᠪᠠ᠃

ᠨᠠᠮ᠎ᠤᠨ ᠠᠷᠪᠠᠨ ᠲᠦᠷᠪᠡᠳᠦᠭᠡᠷ ᠶᠡᠭᠡ ᠬᠤᠷᠠᠯ ᠪᠤᠯ ᠮᠠᠨ᠎ᠤ ᠤᠯᠤᠰ᠎ᠤᠨ ᠦᠭᠡᠷᠡᠴᠢᠯᠡᠯᠲᠡ ᠨᠡᠭᠡᠭᠡᠯᠲᠡ ᠪᠠ ᠨᠡᠢᠬᠡᠮ ᠵᠢᠷᠦᠮᠲᠦ ᠤᠳᠤᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠬᠦ᠌ ᠱᠢᠨ᠎ᠡ ᠪᠠᠢᠳᠠᠯ᠎ᠤᠨ ᠳᠤᠤᠷ᠎ᠠ ᠬᠤᠷᠠᠯᠳᠤᠭᠤᠯᠤᠬ᠍ᠰᠠᠨ ᠨᠢᠭᠡ ᠤᠳᠠᠭᠠᠨ᠎ᠤ ᠮᠠᠰᠢ ᠴᠢᠬᠤᠯᠠ ᠶᠡᠭᠡ ᠬᠤᠷᠠᠯ ᠮᠦᠨ᠃ ᠶᠡᠭᠡ ᠬᠤᠷᠠᠯ᠎ᠤᠨ ᠡᠬᠦᠷᠭᠡ ᠪᠤᠯ᠄ ᠳ᠋ᠧᠩ ᠱᠢᠶᠤᠤ ᠫᠢᠩ ᠨᠦᠬᠦᠷ᠎ᠤᠨ ᠳᠤᠮᠳᠠᠳᠦ ᠤᠯᠤᠰ᠎ᠤᠨ ᠤᠨᠴᠠᠯᠢᠭ᠎ᠲᠠᠢ ᠨᠡᠢᠬᠡᠮ ᠵᠢᠷᠦᠮ᠎ᠢ ᠪᠦᠲᠦᠭᠡᠨ ᠪᠠᠢᠭᠤᠯᠬᠤ ᠤᠨᠤᠯ᠎ᠢᠶᠠᠷ ᠵᠢᠯᠤᠭᠤᠳᠤᠯᠭ᠎ᠠ ᠪᠤᠯᠭᠠᠵᠦ᠍᠂ ᠨᠠᠮ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠠᠴᠠ ᠨᠠᠭᠠᠱᠢᠬᠢ 14 ᠵᠢᠯ᠎ᠤᠨ ᠦᠢᠯᠡᠳᠦᠯᠭᠡ᠎ᠶ᠋ᠢᠨ ᠲᠤᠷᠱᠢᠯᠭ᠎ᠠ᠎ᠶ᠋ᠢ ᠬᠢᠨᠠᠮᠠᠭᠠᠢ ᠳ᠋ᠦᠩᠨᠡᠵᠦ᠍᠂ ᠬᠤᠢᠱᠢᠲᠠ᠎ᠶ᠋ᠢᠨ ᠨᠢᠭᠡ ᠬᠡᠰᠡᠭ ᠬᠤᠭᠤᠴᠠᠭᠠᠨ᠎ᠤ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠲᠤᠬ᠍ᠲᠠᠭᠠᠵᠦ᠍᠂ ᠪᠦᠬᠦ᠌ ᠨᠠᠮ᠎ᠤᠨ ᠨᠦᠬᠦᠳ ᠪᠠ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠲᠠᠢᠴᠢᠯᠠᠨ᠂ ᠦᠵᠡᠯ ᠰᠠᠨᠠᠭ᠎ᠠ᠎ᠪᠠᠨ ᠴᠢᠨᠠᠬ᠍ᠰᠢᠲᠠ ᠴᠢᠯᠦᠭᠡᠯᠡᠵᠦ᠍᠂ ᠠᠱᠢᠬ᠍ᠲᠠᠢ ᠴᠠᠭ ᠲᠤᠬᠢᠶᠠᠯ᠎ᠢ ᠠᠮᠵᠢᠨ᠂ ᠦᠭᠡᠷᠡᠴᠢᠯᠡᠯᠲᠡ ᠨᠡᠭᠡᠭᠡᠯᠲᠡ ᠪᠠ ᠤᠳᠤᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠠᠯᠬᠤᠴᠠ᠎ᠶ᠋ᠢ ᠲᠦᠷᠭᠡᠳᠭᠡᠵᠦ᠍᠂ ᠳᠤᠮᠳᠠᠳᠦ ᠤᠯᠤᠰ᠎ᠤᠨ ᠤᠨᠴᠠᠯᠢᠭ᠎ᠲᠠᠢ ᠨᠡᠢᠬᠡᠮ ᠵᠢᠷᠦᠮ᠎ᠤᠨ ᠦᠢᠯᠡᠰ᠎ᠤᠨ ᠨᠡᠩ ᠶᠡᠭᠡ ᠢᠯᠡᠯᠲᠡ᠎ᠶ᠋ᠢ ᠲᠡᠮᠡᠴᠡᠨ ᠤᠯᠬᠤ ᠶᠠᠪᠤᠳᠠᠯ ᠪᠤᠯᠤᠨ᠎ᠠ᠃

ᠶᠡᠭᠡ ᠬᠤᠷᠠᠯ᠎ᠠᠴᠠ ᠭᠤᠷᠪᠠᠨ ᠵᠦᠢᠯ᠎ᠤᠨ ᠠᠯᠤᠰ ᠬᠡᠳᠦ᠎ᠶ᠋ᠢᠨ ᠠᠴᠢ ᠬᠤᠯᠪᠤᠬ᠍ᠳᠠᠯ᠎ᠲᠠᠢ ᠴᠢᠬᠤᠯᠠ ᠶᠡᠭᠡ ᠱᠢᠢᠳᠪᠦᠷᠢᠲᠦ ᠪᠤᠳᠤᠯᠭ᠎ᠠ᠎ᠶ᠋ᠢ ᠲᠤᠬ᠍ᠲᠠᠭᠠᠪᠠ᠃ ᠨᠢᠭᠡ᠎ᠳᠤ᠂ ᠴᠠᠬ ᠲᠤᠬᠢᠶᠠᠯ᠎ᠢ ᠠᠮᠵᠢᠨ᠂ ᠬᠦᠭ᠌ᠵᠢᠯᠲᠡ᠎ᠪᠠᠨ ᠲᠦᠷᠭᠡᠳᠭᠡᠵᠦ᠍᠂ ᠤᠶᠤᠨ ᠴᠢᠳᠠᠯ᠎ᠢᠶᠠᠨ ᠲᠦᠪᠯᠡᠷᠡᠬᠦᠯᠦᠨ ᠠᠵᠦ᠍ ᠠᠬᠤᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠰᠠᠢᠲᠤᠷ ᠬᠢᠨ᠎ᠡ; ᠬᠤᠶᠠᠷ᠎ᠲᠤ᠌᠂ ᠮᠠᠨ᠎ᠤ ᠤᠯᠤᠰ᠎ᠤᠨ ᠠᠵᠦ᠍ ᠠᠬᠤᠢ᠎ᠶ᠋ᠢᠨ ᠪᠠᠢᠭᠤᠯᠤᠮᠵᠢ᠎ᠶ᠋ᠢᠨ ᠦᠭᠡᠷᠡᠴᠢᠯᠡᠯᠲᠡ᠎ᠶ᠋ᠢᠨ ᠬᠠᠷᠠᠯᠲᠠ ᠪᠤᠯ ᠨᠡᠢᠬᠡᠮ ᠵᠢᠷᠦᠮ᠎ᠤᠨ ᠵᠠᠬ᠎ᠠ ᠳᠡᠯᠬᠡᠬᠦᠷ᠎ᠤᠨ ᠠᠵᠦ᠍ ᠠᠬᠤᠢ᠎ᠶ᠋ᠢᠨ ᠪᠠᠢᠭᠤᠯᠤᠯ᠎ᠢ ᠪᠠᠢᠭᠤᠯᠬᠤ ᠶᠠᠪᠤᠳᠠᠯ ᠪᠤᠯᠤᠨ᠎ᠠ ᠬᠡᠳᠡᠭ᠎ᠢ ᠲᠤᠳᠤᠷᠬᠠᠢᠯᠠᠪᠠ; ᠭᠤᠷᠪᠠ᠎ᠳᠤ᠂ ᠳ᠋ᠧᠩ ᠱᠢᠶᠤᠤ ᠫᠢᠩ᠎ᠤᠨ ᠳᠤᠮᠳᠠᠳᠦ ᠤᠯᠤᠰ᠎ᠤᠨ ᠤᠨᠴᠠᠯᠢᠭ᠎ᠲᠠᠢ ᠨᠡᠢᠬᠡᠮ ᠵᠢᠷᠦᠮ᠎ᠢ ᠪᠦᠲᠦᠭᠡᠨ ᠪᠠᠢᠭᠤᠯᠬᠤ ᠤᠨᠤᠯ᠎ᠤᠨ ᠪᠦᠬᠦ᠌ ᠨᠠᠮ᠎ᠳᠠᠬᠢ ᠵᠢᠯᠤᠭᠤᠳᠭᠤ ᠪᠠᠢᠷᠢ ᠰᠠᠭᠤᠷᠢ᠎ᠶ᠋ᠢ ᠲᠤᠬ᠍ᠲᠠᠭᠠᠪᠠ᠃

ᠶᠡᠭᠡ ᠬᠤᠷᠠᠯ᠎ᠠᠴᠠ ᠪᠠᠲᠤᠯᠠᠬ᠍ᠰᠠᠨ ᠨᠠᠮ᠎ᠤᠨ ᠲᠦᠷᠢᠮ᠎ᠤᠨ ᠵᠠᠰᠠᠪᠤᠷᠢ ᠤᠷᠤᠭᠤᠯᠬᠤ ᠲᠦᠰᠦᠯ᠎ᠳᠤ᠂ ᠳᠤᠮᠳᠠᠳᠦ ᠤᠯᠤᠰ᠎ᠤᠨ ᠤᠨᠴᠠᠯᠢᠭ᠎ᠲᠠᠢ ᠨᠡᠢᠬᠡᠮ ᠵᠢᠷᠦᠮ᠎ᠢ ᠪᠦᠲᠦᠭᠡᠨ ᠪᠠᠢᠭᠤᠯᠬᠤ ᠤᠨᠤᠯ ᠪᠠ ᠨᠠᠮ᠎ᠤᠨ ᠨᠡᠢᠬᠡᠮ ᠵᠢᠷᠦᠮ᠎ᠤᠨ ᠠᠩᠬᠠᠨ᠎ᠤ ᠱᠠᠲᠦᠨ᠎ᠳᠠᠬᠢ ᠦᠨᠳᠦᠰᠦᠨ ᠱᠤᠭᠤᠮ᠎ᠢ ᠪᠢᠴᠢᠵᠦ᠍ ᠤᠷᠤᠭᠤᠯᠪᠠ᠃ ᠡᠨᠡ᠎ᠨᠢ ᠪᠦᠬᠦ᠌ ᠨᠠᠮ᠎ᠤᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠶ᠋ᠢ ᠨᠢᠭᠡᠳᠭᠡᠵᠦ᠍᠂ ᠳᠤᠮᠳᠠᠳᠦ ᠤᠯᠤᠰ᠎ᠤᠨ ᠤᠨᠴᠠᠯᠢᠭ᠎ᠲᠠᠢ ᠨᠡᠢᠬᠡᠮ ᠵᠢᠷᠦᠮ᠎ᠤᠨ ᠦᠢᠯᠡᠰ᠎ᠤᠨ ᠨᠡᠩ ᠶᠡᠭᠡ ᠢᠯᠡᠯᠲᠡ᠎ᠶ᠋ᠢ ᠲᠡᠮᠡᠴᠡᠨ ᠤᠯᠬᠤ᠎ᠳᠤ ᠲᠦᠢᠯ᠎ᠤᠨ ᠴᠢᠬᠤᠯᠠ ᠶᠡᠭᠡ ᠠᠴᠢ ᠬᠤᠯᠪᠤᠬ᠍ᠳᠠᠯ᠎ᠲᠠᠢ ᠪᠦᠭᠡᠳ ᠨᠠᠮ᠎ᠤᠨ ᠤᠨᠤᠯ᠎ᠤᠨ ᠱᠢᠨ᠎ᠡ ᠡᠬᠦᠳᠦᠯᠲᠡ᠎ᠶ᠋ᠢ ᠦᠷᠬᠦᠯᠵᠢᠯᠡᠨ ᠠᠬᠢᠭᠤᠯᠬᠤ᠎ᠳᠤ ᠴᠢᠬᠤᠯᠠ ᠰᠠᠭᠤᠷᠢ᠎ᠶ᠋ᠢ ᠲᠠᠯᠪᠢᠬ᠍ᠰᠠᠨ ᠪᠠᠢᠨ᠎ᠠ᠃

ᠶᠡᠭᠡ ᠬᠤᠷᠠᠯ᠎ᠠᠴᠠ ᠲᠦᠪ᠎ᠤᠨ ᠵᠦᠪᠯᠡᠭ᠌ᠴᠢᠳ᠎ᠤᠨ ᠬᠤᠷᠢᠶ᠎ᠠ᠎ᠶ᠋ᠢ ᠳᠠᠬᠢᠵᠦ᠍ ᠲᠤᠬᠢᠷᠠᠭᠤᠯᠬᠤ ᠦᠬᠡᠢ ᠭᠡᠵᠦ᠍ ᠲᠤᠭ᠍ᠲᠠᠭᠠᠪᠠ᠃ ᠨᠠᠮ᠎ᠤᠨ ᠠᠷᠪᠠᠨ ᠬᠤᠶᠠᠳᠤᠭᠠᠷ ᠶᠡᠭᠡ ᠬᠤᠷᠠᠯ᠎ᠠᠴᠠ ᠠᠷᠪᠠᠨ ᠲᠦᠷᠪᠡᠳᠦᠭᠡᠷ ᠶᠡᠭᠡ ᠬᠤᠷᠠᠯ ᠪᠤᠯᠲᠠᠯ᠎ᠠ᠂ ᠲᠦᠪ᠎ᠤᠨ ᠵᠦᠪᠯᠡᠭ᠌ᠴᠢᠳ᠎ᠤᠨ ᠬᠤᠷᠢᠶ᠎ᠠ ᠨᠠᠮ᠎ᠤᠨ ᠲᠦᠪ ᠬᠤᠷᠢᠶ᠎ᠠ᠎ᠶ᠋ᠢ ᠬᠠᠪᠰᠤᠷᠤᠨ᠂ ᠨᠠᠮ᠎ᠤᠨ ᠪᠦᠯᠬᠦᠮᠳᠡᠯ ᠪᠠ ᠨᠡᠢᠬᠡᠮ᠎ᠤᠨ ᠲᠤᠬ᠍ᠲᠠᠭᠤᠨ ᠪᠠᠢᠳᠠᠯ᠎ᠢ ᠬᠠᠮᠠᠭᠠᠯᠠᠵᠦ᠍᠂ ᠦᠭᠡᠷᠡᠴᠢᠯᠡᠯᠲᠡ ᠨᠡᠭᠡᠭᠡᠯᠲᠡ ᠪᠠ ᠤᠳᠤᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠬᠤ᠎ᠶ᠋ᠢᠨ ᠲᠦᠯᠦᠭᠡ ᠦᠯᠡᠮᠵᠢ ᠤᠯᠠᠨ ᠪᠦᠲᠦᠮᠵᠢᠲᠠᠢ ᠠᠵᠢᠯ ᠬᠢᠵᠦ᠍᠂ ᠲᠡᠥᠬᠡ᠎ᠶ᠋ᠢᠨ ᠱᠢᠨ᠎ᠡ ᠴᠠᠬ ᠬᠤᠭᠤᠴᠠᠭᠠᠨ᠎ᠳᠤ ᠨᠠᠮ᠂ ᠤᠯᠤᠰ ᠤᠷᠤᠨ ᠪᠠ ᠠᠷᠠᠳ ᠲᠦᠮᠡᠨ᠎ᠳᠤ ᠲᠡᠥᠭᠡᠳᠦ ᠴᠢᠨᠠᠷᠲᠠᠢ ᠭᠠᠪᠢᠶ᠎ᠠ ᠪᠠᠢᠭᠤᠯᠵᠦ᠍᠂ ᠦᠪᠡᠷ᠎ᠤᠨ ᠡᠬᠦᠷᠭᠡ᠎ᠪᠠᠨ ᠭᠠᠷᠮᠠᠭᠠᠢ ᠰᠠᠢᠨ ᠪᠡᠶᠡᠯᠡᠬᠦᠯᠦᠭ᠌ᠰᠡᠨ ᠪᠠᠢᠨ᠎ᠠ᠃

ᠶᠡᠭᠡ ᠬᠤᠷᠡᠯ᠎ᠠᠴᠠ 189 ᠬᠡᠱᠢᠬᠦᠨ᠂ 130 ᠤᠷᠤᠯᠠᠬ᠍ᠴᠢ ᠬᠡᠱᠢᠬᠦᠨ᠎ᠢᠶᠠᠷ ᠪᠦᠷᠢᠯᠳᠦᠭ᠌ᠰᠡᠨ ᠨᠠᠮ᠎ᠤᠨ ᠲᠦᠪ ᠬᠤᠷᠢᠶ᠎ᠠ ᠪᠤᠯᠤᠨ 108 ᠬᠡᠱᠢᠬᠦᠨ᠎ᠢᠶᠠᠷ ᠪᠦᠷᠢᠯᠳᠦᠭ᠌ᠰᠡᠨ ᠲᠦᠪ᠎ᠤᠨ ᠰᠠᠬᠢᠯᠭ᠎ᠠ ᠪᠠᠲᠦ ᠪᠠᠢᠴᠠᠭᠠᠬᠤ ᠬᠤᠷᠢᠶ᠎ᠠ᠎ᠶ᠋ᠢ ᠰᠤᠩᠭᠤᠨ ᠭᠠᠷᠭᠠᠵᠠᠢ᠃ 10 ᠰᠠᠷ᠎ᠠ᠎ᠶ᠋ᠢᠨ 19 ᠎ᠤ ᠡᠳᠦᠷ᠂ ᠨᠠᠮ᠎ᠤᠨ ᠠᠷᠪᠠᠨ ᠲᠦᠷᠪᠡᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠠᠩᠬᠠᠳᠤᠭᠠᠷ ᠪᠦᠬᠦᠳᠡ ᠬᠤᠷᠠᠯ᠎ᠠᠴᠠ ᠱᠢᠨ᠎ᠡ ᠨᠢᠭᠡ ᠬᠤᠭᠤᠴᠠᠭᠠᠨ᠎ᠤ ᠲᠦᠪ ᠬᠤᠷᠢᠶᠠᠨ᠎ᠤ ᠤᠯᠤᠰ ᠲᠦᠷᠦ᠎ᠶ᠋ᠢᠨ ᠲᠤᠪᠴᠢᠶ᠎ᠡ ᠪᠠ ᠲᠦᠪ ᠬᠤᠷᠢᠶᠠᠨ᠎ᠤ ᠱᠦᠵᠢ ᠨᠠᠷ᠎ᠤᠨ ᠭᠠᠵᠠᠷ᠎ᠢ ᠰᠤᠩᠭᠤᠨ ᠭᠠᠷᠭᠠᠪᠠ᠃

ᠶᠡᠭᠡ ᠬᠤᠷᠠᠯ᠎ᠤᠨ ᠤᠨᠴᠨ ᠤᠷᠢᠬ᠍ᠰᠠᠨ ᠲᠦᠯᠦᠭᠡᠯᠡᠭ᠌ᠴᠢ ᠳ᠋ᠧᠩ ᠱᠢᠶᠤᠤ ᠫᠢᠩ ᠬᠤᠷᠠᠯ᠎ᠳᠤ ᠤᠷᠤᠯᠴᠠᠬ᠍ᠰᠠᠨ ᠦᠬᠡᠢ᠃ 19 ᠎ᠤ ᠦᠳᠡ᠎ᠶ᠋ᠢᠨ ᠬᠤᠢᠨ᠎ᠠ᠂ ᠲᠡᠷᠡ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠬᠦᠷᠴᠦ᠍᠂ ᠨᠠᠮ᠎ᠤᠨ ᠠᠷᠪᠠᠨ ᠲᠦᠷᠪᠡᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠠᠩᠬᠠᠳᠤᠭᠠᠷ ᠪᠦᠬᠦᠳᠡ ᠬᠤᠷᠠᠯ ᠳᠡᠭᠡᠷ᠎ᠡ ᠱᠢᠨ᠎ᠡ᠎ᠪᠠᠷ ᠰᠤᠩᠭᠤᠬ᠍ᠳᠠᠬ᠍ᠰᠠᠨ ᠲᠦᠪ᠎ᠤᠨ ᠤᠳᠤᠷᠢᠳᠭᠤ ᠬᠦᠮᠦᠰ᠎ᠲᠠᠢ ᠬᠠᠮᠳᠦ ᠨᠠᠮ᠎ᠤᠨ ᠠᠷᠪᠠᠨ ᠲᠦᠷᠪᠡᠳᠦᠭᠡᠷ ᠶᠡᠭᠡ ᠬᠤᠷᠠᠯ᠎ᠳᠤ ᠤᠷᠤᠯᠴᠠᠬ᠍ᠰᠠᠨ ᠲᠦᠯᠦᠭᠡᠯᠡᠭ᠌ᠴᠢᠳ᠎ᠲᠠᠢ ᠠᠭᠤᠯᠵᠠᠬ᠍ᠰᠠᠨ ᠪᠦᠭᠡᠳ ᠬᠠᠮᠳᠦ᠎ᠶ᠋ᠢᠨ ᠰᠡᠬᠦᠳᠡᠷ ᠳᠠᠲᠠᠭᠤᠯᠵᠦ᠍ ᠲᠤᠷᠠᠰᠭᠠᠯ ᠦᠯᠡᠳᠡᠭᠡᠪᠡ᠃

ᠳ᠋ᠧᠩ ᠱᠢᠶᠤᠤ ᠫᠢᠩ᠎ᠤᠨ ᠡᠮᠦᠨᠡᠲᠦ ᠤᠷᠤᠨ᠎ᠳᠤ ᠲᠠᠯᠪᠢᠬ᠍ᠰᠠᠨ ᠶᠠᠷᠢᠶ᠎ᠠ ᠪᠠ ᠨᠠᠮ᠎ᠤᠨ ᠠᠷᠪᠠᠨ ᠳᠦᠷᠪᠡᠳᠦᠭᠡᠷ ᠶᠡᠭᠡ ᠬᠤᠷᠠᠯ᠎ᠢᠶᠠᠷ ᠪᠡᠯᠭᠡ ᠳᠡᠮᠳᠡᠭ ᠪᠤᠯᠭᠠᠵᠦ᠍᠂ ᠳᠤᠮᠳᠠᠳᠦ ᠤᠯᠤᠰ᠎ᠤᠨ ᠦᠭᠡᠷᠡᠴᠢᠯᠡᠯᠲᠡ ᠨᠡᠭᠡᠭᠡᠯᠲᠡ ᠪᠠ ᠨᠡᠢᠬᠡᠮ ᠵᠢᠷᠦᠮᠲᠦ ᠤᠳᠤᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ ᠱᠢᠨ᠎ᠡ ᠬᠦᠭ᠌ᠵᠢᠯᠲᠡ᠎ᠶ᠋ᠢᠨ ᠱᠠᠲᠦᠨ᠎ᠳᠤ ᠤᠷᠤᠪᠠ᠃

(《ᠰᠤᠷᠤᠯᠴᠠᠯᠭ᠎ᠠ᠎ᠶ᠋ᠢᠨ ᠬᠦᠴᠦᠷᠭᠡᠭ ᠤᠯᠤᠰ》 ᠱᠢᠯᠵᠢᠶ᠎ᠡ᠎ᠠᠴᠠ ᠰᠠᠴᠤᠷᠠᠯ ᠤᠷᠴᠢᠭᠤᠯᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号