
ᠬᠢᠵᠢᠭ᠎ᠲᠠᠢ ᠲᠡᠮᠡᠴᠡᠬᠦ᠌ ᠠᠭᠤᠤ ᠶᠡᠭᠡ ᠵᠣᠷᠢᠭ ᠰᠠᠨᠠᠭ᠎ᠠ᠎ᠶ᠋ᠢ ᠪᠠᠳᠠᠷᠠᠭᠤᠯᠤᠨ ᠰᠡᠷᠭᠦᠨ ᠮᠠᠨᠳᠤᠯᠲᠠ᠎ᠶ᠋ᠢᠨ ᠠᠭᠤᠤ ᠶᠡᠭᠡ ᠦᠢᠯᠡᠰ᠎ᠢ ᠰᠡᠳᠭᠢᠯ ᠨᠢᠭᠡᠳᠦᠨ ᠬᠠᠮᠲᠤ᠎ᠪᠠᠷ ᠴᠣᠭ᠍ᠴᠠᠯᠠᠶ᠎ᠠ
● ᠯᠢ ᠵᠢᠶᠦ᠋ᠨ ᠬᠤ᠌
ᠶᠡᠷᠦᠩᠬᠡᠢ ᠱᠦᠵᠢ ᠰᠢ᠎ᠶ᠋ᠢᠨ ᠫᠢᠩ ᠪᠦᠬᠦ᠌ ᠤᠯᠤᠰ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠲᠠᠢ ᠲᠡᠮᠡᠴᠡᠭ᠌ᠰᠡᠨ ᠬᠥᠬᠢᠭᠦᠯᠦᠨ ᠰᠠᠢᠱᠢᠶᠠᠬᠤ ᠶᠡᠭᠡ ᠬᠤᠷᠠᠯ ᠳᠡᠭᠡᠷ᠎ᠡ ᠬᠢᠵᠢᠭ᠎ᠲᠠᠢ ᠲᠡᠮᠡᠴᠡᠬᠦ᠌ ᠠᠭᠤᠤ ᠶᠡᠭᠡ ᠵᠣᠷᠢᠭ ᠰᠠᠨᠠᠭᠠᠨ᠎ᠤ ᠱᠢᠨᠵᠢᠯᠡᠬᠦ᠌ ᠤᠬᠠᠭᠠᠨᠴᠢ ᠠᠭᠤᠯᠤᠭ᠍ᠳᠠᠬᠤᠨ ᠪᠣᠯᠤᠨ ᠵᠣᠷᠢᠭ ᠰᠠᠨᠠᠭᠠᠨ᠎ᠤ ᠴᠢᠬᠤᠯᠠ ᠠᠭᠤᠯᠭ᠎ᠠ᠎ᠶ᠋ᠢ ᠪᠦᠬᠦ᠌ ᠲᠠᠯ᠎ᠠ᠎ᠪᠠᠷ ᠬᠤᠷᠢᠶᠠᠩᠭᠤᠢᠯᠠᠵᠤ᠂ 《ᠡᠨᠡ ᠬᠦ᠌ ᠬᠦᠨᠳᠦ ᠨᠣᠴᠢᠲᠠᠢ ᠬᠢᠵᠢᠭ᠎ᠤᠨ ᠪᠠᠢᠳᠠᠯ᠎ᠯᠤᠭ᠎ᠠ᠎ᠶ᠋ᠢᠨ ᠦᠬᠦᠬᠦ᠌ ᠰᠡᠬᠡᠬᠦ᠌᠎ᠶ᠋ᠢᠨ ᠲᠡᠮᠡᠴᠡᠯ ᠳᠤᠮᠳᠠ᠂ ᠳᠤᠮᠳᠠᠳᠤ ᠤᠯᠤᠰ᠎ᠤᠨ ᠠᠷᠠᠳ ᠲᠦᠮᠡᠨ ᠪᠣᠯᠤᠨ ᠳᠤᠮᠳᠠᠳᠤ᠎ᠶ᠋ᠢᠨ ᠦᠨᠳᠦᠰᠦᠲᠡᠨ ᠵᠣᠷᠢᠭ᠍ᠲᠠᠢ᠎ᠪᠠᠷ ᠲᠡᠮᠡᠴᠡᠬᠦ᠂ ᠵᠣᠷᠢᠭ᠍ᠲᠠᠢ᠎ᠪᠠᠷ ᠢᠯᠠᠨ ᠳᠠᠪᠠᠭ᠍ᠤ ᠪᠠᠭᠠᠳᠤᠷ ᠵᠤᠷᠢᠭ᠎ᠢᠶᠠᠷ ᠠᠮᠢ ᠨᠠᠰᠤ᠎ᠶ᠋ᠢ ᠳᠡᠭᠡᠳᠦᠯᠡᠬᠦ᠂ ᠤᠯᠤᠰ ᠳᠠᠶᠠᠭᠠᠷ ᠰᠡᠳᠭᠢᠯ ᠨᠢᠭᠡᠳᠬᠦ᠂ ᠦᠬᠦᠬᠦ᠌ ᠰᠡᠭᠡᠬᠦ᠌᠎ᠶ᠋ᠢ ᠦᠯᠦ᠍ ᠬᠠᠢᠬᠤᠷᠬᠤ᠂ ᠱᠢᠨᠵᠢᠯᠡᠬᠦ᠌ ᠤᠬᠠᠭᠠᠨ᠎ᠢ ᠬᠦᠨᠳᠦᠳᠭᠡᠬᠦ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠢᠵᠢᠭ᠎ᠲᠠᠢ ᠲᠡᠮᠡᠴᠡᠬᠦ᠌ ᠠᠭᠤᠤ ᠶᠡᠭᠡ ᠵᠣᠷᠢᠭ ᠰᠠᠨᠠᠭ᠎ᠠ᠎ᠶ᠋ᠢ ᠱᠤᠭᠤᠵᠠᠢ》 ᠭᠡᠰᠡᠨ ᠶᠤᠮ᠃ ᠣᠳᠣᠬᠠᠨ᠎ᠳᠤ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠮᠥᠨ ᠬᠦ᠌ ᠪᠦᠬᠦ᠌ ᠪᠥᠮᠪᠥᠷᠴᠡᠭ᠎ᠲᠤ ᠦᠷᠪᠢᠰᠦᠨ ᠳᠡᠯᠭᠡᠷᠡᠵᠦ᠍᠂ ᠮᠠᠨ᠎ᠤ ᠤᠯᠤᠰ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠢᠳᠠᠯ ᠮᠥᠨ ᠬᠦ᠌ ᠲᠡᠢᠮᠦ᠍ ᠰᠠᠢᠨ ᠪᠢᠰᠢ᠂ ᠳᠤᠮᠳᠠᠳᠤ᠎ᠶ᠋ᠢᠨ ᠦᠨᠳᠦᠰᠦᠲᠡᠨ᠎ᠤ ᠡᠯ᠎ᠡ ᠵᠦᠢᠯ᠎ᠤᠨ ᠭᠠᠢ ᠭᠠᠮᠱᠢᠭᠯᠤᠭᠠᠶ᠋ᠢᠨ ᠬᠠᠲᠠᠭᠤ ᠱᠢᠷᠦᠭᠦᠨ ᠲᠡᠮᠡᠴᠡᠯ ᠳᠠᠭᠤᠰᠤᠭ᠎ᠠ ᠦᠭᠡᠢ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠤ ᠬᠦᠴᠦᠷᠬᠡᠭ ᠶᠡᠭᠡ ᠪᠥᠭᠡᠳ ᠥᠨᠢ ᠤᠳᠠᠭᠠᠨ᠎ᠤ ᠤᠶᠤᠨ ᠰᠠᠨᠠᠭᠠᠨ᠎ᠤ ᠬᠦᠴᠦᠨ ᠴᠢᠳᠠᠯ ᠪᠠ ᠰᠣᠶᠣᠯ᠎ᠤᠨ ᠬᠥᠳᠡᠯᠭᠡᠬᠦ᠌ ᠬᠦᠴᠦᠨ ᠬᠡᠷᠡᠭ᠌ᠰᠡᠨ᠎ᠡ᠃ ᠬᠢᠵᠢᠭ᠎ᠲᠠᠢ ᠲᠡᠮᠡᠴᠡᠬᠦ᠌ ᠠᠭᠤᠤ ᠶᠡᠭᠡ ᠵᠣᠷᠢᠭ ᠰᠠᠨᠠᠭᠠᠨ᠎ᠤ ᠰᠣᠶᠣᠯ᠎ᠤᠨ ᠠᠭᠤᠯᠤᠭ᠍ᠳᠠᠬᠤᠨ᠎ᠢ ᠪᠦᠬᠦ᠌ ᠲᠠᠯ᠎ᠠ᠎ᠪᠠᠷ ᠵᠥᠪ ᠣᠨᠣᠪᠴᠢᠲᠠᠢ ᠲᠣᠳᠣᠷᠬᠠᠢᠯᠠᠨ ᠥᠭᠦᠯᠡᠬᠦ᠌ ᠪᠣᠯ ᠬᠢᠵᠢᠭ᠎ᠲᠠᠢ ᠲᠡᠮᠡᠴᠡᠬᠦ᠌ ᠠᠭᠤᠤ ᠶᠡᠭᠡ ᠵᠣᠷᠢᠭ ᠰᠠᠨᠠᠭ᠎ᠠ᠎ᠶ᠋ᠢ ᠰᠠᠢᠲᠤᠷ ᠤᠯᠠᠮᠵᠢᠯᠠᠵᠤ᠂ ᠰᠠᠢᠲᠤᠷ ᠤᠬᠠᠭᠤᠯᠵᠤ᠂ ᠰᠠᠢᠲᠤᠷ ᠪᠠᠳᠠᠷᠠᠭᠤᠯᠬᠤ᠎ᠶ᠋ᠢᠨ ᠤᠷᠢᠲᠠᠯ ᠮᠥᠨ᠂ ᠪᠠᠰᠠ ᠴᠤ᠌ ᠳᠤᠮᠳᠠᠳᠤ ᠤᠯᠤᠰ᠎ᠤᠨ ᠵᠣᠷᠢᠭ ᠰᠠᠨᠠᠭ᠎ᠠ᠂ ᠳᠤᠮᠳᠠᠳᠤ ᠤᠯᠤᠰ᠎ᠤᠨ ᠦᠷᠳᠡᠭ᠂ ᠳᠤᠮᠳᠠᠳᠤ ᠤᠯᠤᠰ᠎ᠤᠨ ᠬᠦᠴᠦᠨ᠎ᠢ ᠨᠢᠭ᠍ᠲᠠᠷᠠᠭᠤᠯᠬᠤ ᠳᠣᠲᠣᠭᠠᠳᠤ ᠱᠠᠭᠠᠷᠳᠠᠯᠭ᠎ᠠ ᠮᠥᠨ᠃
— ᠠᠮᠢ ᠨᠠᠰᠤ᠎ᠶ᠋ᠢ ᠳᠡᠭᠡᠳᠦᠯᠡᠬᠦ᠌᠎ᠨᠢ ᠳᠤᠮᠳᠠᠳᠤ ᠤᠯᠤᠰ᠎ᠤᠨ ᠠᠷᠠᠳ ᠲᠦᠮᠡᠨ᠎ᠤ ᠭᠦᠨ ᠵᠤᠵᠠᠭᠠᠨ ᠲᠦᠭᠡᠮᠡᠯ ᠬᠠᠢᠷ᠎ᠠ᠎ᠶ᠋ᠢᠨ ᠤᠯᠠᠮᠵᠢᠯᠠᠯ ᠪᠣᠯᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠠᠳ ᠲᠦᠮᠡᠨ᠎ᠢᠶᠠᠷ ᠭᠤᠣᠯ ᠪᠣᠯᠭᠠᠬᠤ ᠦᠷᠳᠡᠭ᠎ᠤᠨ ᠬᠥᠭᠡᠭᠡᠴᠡᠯᠳᠦᠯ᠎ᠢ ᠲᠥᠪᠯᠡᠷᠡᠭᠦᠯᠦᠨ ᠬᠠᠷᠠᠭᠤᠯᠵᠠᠢ᠃ ᠳᠤᠮᠳᠠᠳᠤ᠎ᠶ᠋ᠢᠨ ᠰᠣᠶᠣᠯ᠎ᠨᠢ ᠡᠷᠲᠡᠨ᠎ᠠᠴᠠ ᠠᠪᠤᠭᠠᠳ ᠠᠮᠢ ᠨᠠᠰᠤ᠎ᠶ᠋ᠢ ᠬᠢᠵᠠᠭᠠᠯᠠᠰᠢ ᠦᠭᠡᠢ ᠪᠢᠱᠢᠷᠡᠨ ᠬᠦᠨᠳᠦᠳᠭᠡᠬᠦ᠂ ᠠᠷᠠᠳ ᠲᠦᠮᠡᠨ᠎ᠢ ᠬᠠᠯᠠᠮᠵᠢᠯᠠᠨ ᠬᠠᠷᠠᠭᠠᠯᠵᠠᠬᠤ ᠲᠦᠭᠡᠮᠡᠯ ᠬᠠᠢᠷ᠎ᠠ᠎ᠶ᠋ᠢᠨ ᠤᠯᠠᠮᠵᠢᠯᠠᠯ᠎ᠲᠠᠢ ᠶᠤᠮ᠃ ᠬᠡᠨᠡᠳᠳᠡ᠎ᠪᠠᠷ ᠡᠭᠦᠰᠦᠭ᠌ᠰᠡᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠤᠨ ᠡᠮᠦᠨ᠎ᠡ᠂ ᠮᠠᠨ᠎ᠤ ᠨᠠᠮ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ᠎ᠶ᠋ᠢ ᠳᠡᠭᠡᠳᠦᠯᠡᠬᠦ᠌᠎ᠶ᠋ᠢ ᠢᠮᠠᠭ᠍ᠲᠠ ᠪᠠᠷᠢᠮᠲᠠᠯᠠᠵᠤ᠂ ᠡᠷᠡᠰ ᠱᠢᠭᠤᠷᠬᠠᠢ ᠰᠥᠰᠥ᠍ ᠵᠣᠷᠢᠭ ᠪᠣᠯᠤᠨ ᠱᠢᠨᠲᠠᠷᠠᠰᠢ ᠦᠭᠡᠢ ᠲᠡᠮᠡᠴᠡᠬᠦ᠌ ᠡᠷᠴᠢ ᠵᠣᠷᠢᠭ᠎ᠢᠶᠠᠷ᠂ ᠴᠠᠭ ᠮᠥᠴᠡ᠎ᠲᠠᠢ ᠤᠷᠤᠯᠳᠤᠨ᠂ ᠡᠪᠡᠳᠴᠢᠨ ᠡᠮᠭᠡᠭ᠎ᠲᠠᠢ ᠲᠡᠮᠡᠴᠡᠵᠦ᠍᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠷᠠᠳ᠎ᠤᠨ ᠲᠠᠢᠨ᠂ ᠶᠡᠷᠦᠩᠬᠡᠢ ᠳᠠᠢᠯᠠᠯᠳᠤᠭᠠᠨ᠂ ᠬᠤᠷᠢᠬ᠍ᠯᠠᠯᠳᠠ᠎ᠶ᠋ᠢᠨ ᠳᠠᠢᠯᠠᠯᠳᠤᠭᠠᠨ᠎ᠢ ᠦᠳᠲᠡᠷ ᠲᠦᠷᠭᠡᠨ ᠡᠬᠢᠯᠡᠭᠦᠯᠪᠡ᠃ ᠶᠡᠷᠦᠩᠬᠡᠢ ᠱᠦᠵᠢ ᠰᠢ᠎ᠶ᠋ᠢᠨ ᠫᠢᠩ᠄ 《ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠱᠢᠨ᠎ᠢ ᠬᠠᠮᠠᠭᠠᠯᠠᠬᠤ᠎ᠶ᠋ᠢᠨ ᠲᠥᠯᠥᠭᠡ᠂ ᠪᠢᠳᠡ ᠶᠠᠭᠤ᠎ᠪᠠᠨ ᠴᠤ᠌ ᠵᠣᠷᠢᠭᠤᠯᠬᠤ ᠬᠡᠷᠡᠭ᠌ᠲᠡᠢ!》 ᠭᠡᠰᠡᠨ ᠪᠠᠢᠳᠠᠭ᠃
— ᠤᠯᠤᠰ ᠳᠠᠶᠠᠭᠠᠷ ᠰᠡᠳᠭᠢᠯ ᠨᠢᠭᠡᠳᠬᠦ᠌᠎ᠨᠢ ᠳᠤᠮᠳᠠᠳᠤ ᠤᠯᠤᠰ᠎ᠤᠨ ᠠᠷᠠᠳ ᠲᠦᠮᠡᠨ᠎ᠤ ᠲᠦᠮᠡᠨ ᠤᠯᠠᠨ᠎ᠢᠶᠠᠷ᠎ᠢᠶᠠᠨ ᠰᠡᠳᠭᠢᠯ ᠨᠢᠭᠡᠳᠴᠦ᠍ ᠵᠢᠷᠭᠠᠯ ᠵᠣᠪᠠᠯᠠᠩ᠎ᠢᠶᠠᠨ ᠬᠠᠮᠲᠤᠳᠭᠠᠬᠤ ᠪᠦᠯᠬᠦᠮᠳᠡᠯ᠎ᠤᠨ ᠠᠤᠭ᠎ᠠ ᠬᠦᠴᠦᠨ᠎ᠢ ᠲᠥᠪᠯᠡᠷᠡᠭᠦᠯᠦᠨ ᠬᠠᠷᠠᠭᠤᠯᠵᠠᠢ᠃ ᠣᠷᠴᠢᠨ ᠦᠶ᠎ᠡ᠎ᠶ᠋ᠢᠨ ᠳᠤᠮᠳᠠᠳᠤ ᠤᠯᠤᠰ᠎ᠤᠨ ᠪᠡᠷᠬᠡ ᠬᠠᠲᠠᠭᠤᠵᠢᠯᠲᠠᠢ ᠬᠠᠢᠨ ᠰᠦᠪᠡᠭ᠌ᠴᠢᠯᠡᠯᠲᠡ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠴᠠᠭ ᠦᠶ᠎ᠡ᠎ᠶ᠋ᠢᠨ ᠢᠷᠠᠭᠤ ᠠᠯᠳᠠᠷ᠎ᠤᠨ ᠱᠢᠯᠭᠠᠯᠲᠠ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠯᠬᠦᠮᠳᠡᠯ᠎ᠤᠨ ᠬᠦᠴᠦᠨ᠂ ᠤᠷᠢᠶᠠᠯᠠᠬᠤ ᠬᠦᠴᠦᠨ ᠪᠠ ᠲᠥᠪᠯᠡᠩᠭᠦᠢ ᠬᠦᠴᠦᠨ᠎ᠢ ᠭᠡᠷᠡᠴᠢᠯᠡᠵᠦ᠍᠂ ᠳᠤᠮᠳᠠᠳᠤ᠎ᠶ᠋ᠢᠨ ᠬᠥᠪᠡᠭᠦᠳ ᠥᠬᠢᠳ᠎ᠤᠨ ᠶᠡᠭᠡ ᠪᠦᠯᠬᠦᠮᠳᠡᠯ᠎ᠢ ᠦᠨᠡᠨ ᠬᠦ᠌ ᠪᠡᠶᠡᠯᠡᠭᠦᠯᠦᠭ᠌ᠰᠡᠨ ᠶᠤᠮ᠃ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠤᠨ ᠦᠬᠦᠬᠦ᠌ ᠰᠡᠭᠡᠬᠦ᠌᠎ᠶ᠋ᠢᠨ ᠱᠢᠯᠭᠠᠯᠲᠠ᠎ᠶ᠋ᠢᠨ ᠡᠮᠦᠨ᠎ᠡ᠂ ᠪᠦᠬᠦ᠌ ᠤᠯᠤᠰ᠎ᠤᠨ ᠠᠷᠠᠳ ᠲᠦᠮᠡᠨ ᠳᠤᠤᠭᠠᠷᠪᠠᠯ ᠲᠠᠭᠤ ᠨᠢᠭᠡᠲᠡᠢ ᠳᠤᠭ᠍ᠲᠤᠷᠪᠠᠯ ᠬᠦᠴᠦ᠍ ᠨᠢᠭᠡᠲᠡᠢ ᠪᠦᠯᠬᠦᠮᠳᠡᠵᠤ᠂ ᠬᠤᠪᠢ ᠬᠥᠮᠦᠨ᠎ᠤ ᠬᠠᠢᠷ᠎ᠠ ᠬᠠᠯᠠᠮᠵᠢ᠂ ᠬᠠᠮᠲᠤ᠎ᠶ᠋ᠢᠨ ᠢᠷᠠᠭᠤ ᠠᠯᠳᠠᠷ ᠢᠴᠢᠭᠦᠷᠢ ᠭᠤᠲᠤᠮᠱᠢᠭ᠂ ᠤᠯᠤᠰ᠎ᠤᠨ ᠠᠮᠤᠷ ᠲᠦᠪᠱᠢᠨ ᠠᠶᠤᠯ ᠲᠦᠭ᠌ᠰᠢᠭᠦᠷᠢ᠎ᠶ᠋ᠢ ᠨᠢᠭᠡ ᠴᠣᠭ᠍ᠴᠠ ᠪᠣᠯᠭᠠᠨ ᠠᠭᠤᠰᠤᠯᠴᠠᠭᠤᠯᠵᠤ᠂ 14 ᠳ᠋ᠦᠩᠱᠢᠭᠤᠷ ᠳᠤᠮᠳᠠᠳᠤ ᠤᠯᠤᠰ᠎ᠤᠨ ᠠᠷᠠᠳ ᠲᠦᠮᠡᠨ ᠠᠮᠢᠰᠭᠤᠭ᠎ᠠ᠎ᠪᠠᠨ ᠨᠢᠭᠡᠳᠭᠡᠨ᠂ ᠬᠤᠪᠢ ᠵᠠᠶᠠᠭ᠎ᠠ᠎ᠪᠠᠨ ᠬᠠᠮᠲᠤᠳᠭᠠᠵᠤ᠂ ᠮᠥᠷᠥ᠍ ᠵᠡᠷᠭᠡᠴᠡᠨ᠂ ᠰᠡᠳᠭᠢᠯ ᠵᠢᠷᠦᠬᠡ᠎ᠪᠠᠨ ᠬᠤᠯᠪᠣᠵᠤ᠂ ᠪᠦᠯᠬᠦᠮᠳᠡᠯ ᠪᠣᠯ ᠬᠦᠴᠦᠨ ᠮᠥᠨ ᠭᠡᠬᠦ᠌ ᠴᠠᠭ ᠦᠶ᠎ᠡ᠎ᠶ᠋ᠢᠨ ᠬᠠᠭᠤᠳᠠᠰᠤ᠎ᠶ᠋ᠢ ᠵᠢᠷᠤᠭ᠍ᠯᠠᠪᠠ!
— ᠦᠬᠦᠬᠦ᠌ ᠰᠡᠬᠡᠬᠦ᠌᠎ᠶ᠋ᠢ ᠦᠯᠤ ᠬᠠᠢᠬᠤᠷᠬᠤ᠎ᠨᠢ ᠳᠤᠮᠳᠠᠳᠤ ᠤᠯᠤᠰ᠎ᠤᠨ ᠠᠷᠠᠳ ᠲᠦᠮᠡᠨ᠎ᠤ ᠠᠯᠢᠪᠠ ᠬᠦᠴᠢᠷᠳᠡᠯ᠎ᠢ ᠵᠣᠷᠢᠭ᠍ᠲᠠᠢ᠎ᠪᠠᠷ ᠢᠯᠠᠨ ᠳᠠᠪᠠᠵᠤ ᠭᠠᠷᠬᠤ᠎ᠠᠴᠠ ᠪᠢᠰᠢ ᠶᠠᠮᠠᠷᠪᠠ ᠬᠦᠴᠢᠷᠳᠡᠯ᠎ᠳᠤ ᠲᠤᠯᠭᠠᠷᠠᠬ᠍ᠰᠠᠨ ᠴᠦ᠍ ᠵᠤᠷᠢᠭ ᠦᠯᠦ᠍ ᠮᠤᠬᠤᠳᠠᠭ ᠬᠠᠳᠠᠨ ᠵᠣᠷᠢᠭ᠎ᠢ ᠲᠥᠪᠯᠡᠷᠡᠭᠦᠯᠦᠨ ᠬᠠᠷᠠᠭᠤᠯᠵᠠᠢ᠃ 《ᠬᠢᠵᠢᠭ᠎ᠤᠨ ᠪᠠᠢᠳᠠᠯ᠎ᠤᠨ ᠡᠮᠦᠨ᠎ᠡ᠂ ᠳᠤᠮᠳᠠᠳᠤ ᠤᠯᠤᠰ᠎ᠤᠨ ᠠᠷᠠᠳ ᠲᠦᠮᠡᠨ ᠠᠶᠤᠵᠤ ᠰᠦᠷᠳᠡᠭ᠌ᠰᠡᠨ ᠦᠭᠡᠢ᠂ ᠬᠠᠷᠢᠨ ᠠᠭᠤᠯᠠᠨ᠎ᠳᠤ ᠪᠠᠷᠰ ᠪᠠᠢᠬᠤ᠎ᠶ᠋ᠢ ᠮᠡᠳᠡᠵᠤ ᠪᠠᠢᠭᠠᠳ ᠪᠠᠷᠰ᠎ᠲᠠᠢ ᠠᠭᠤᠯᠠ᠎ᠶ᠋ᠢ ᠴᠢᠭ᠌ᠯᠡᠨ ᠤᠷᠤᠭ᠍ᠰᠢᠯᠠᠭ᠍ᠰᠠᠨ ᠠᠤᠭ᠎ᠠ ᠠᠵᠢᠯᠯᠠᠭ᠎ᠠ᠎ᠨᠢ ᠮᠠᠭ᠍ᠲᠠᠨ ᠳᠠᠭᠤᠯᠠᠭᠤᠱᠢᠲᠠᠢ᠂ ᠰᠡᠳᠭᠢᠯ ᠵᠢᠷᠦᠬᠡ᠎ᠶ᠋ᠢ ᠳᠣᠭ᠍ᠳᠣᠯᠤᠭᠤᠯᠤᠮ᠎ᠠ ᠭᠠᠢᠬᠠᠮᠱᠢᠭ᠍ᠲᠤ ᠬᠠᠭᠤᠳᠠᠰᠤ᠎ᠶ᠋ᠢ ᠪᠢᠴᠢᠭ᠌ᠯᠡᠪᠡ!》᠃ 《ᠳᠤᠮᠳᠠᠳᠤ᠎ᠶ᠋ᠢᠨ ᠦᠨᠳᠦᠰᠦᠲᠡᠨ ᠲᠤᠭ᠎ᠠ ᠲᠣᠮᠰᠢ ᠦᠭᠡᠢ ᠤᠯᠠᠨ ᠭᠠᠢ ᠭᠠᠮᠱᠢᠭ᠎ᠢ ᠲᠤᠭᠤᠯᠵᠤ ᠲᠠᠰᠤᠷᠠᠯᠳᠠ ᠦᠭᠡᠢ ᠬᠥᠭ᠌ᠵᠢᠨ ᠪᠤᠵᠠᠭᠠᠢᠷᠠᠵᠤ ᠴᠢᠳᠠᠭ᠍ᠰᠠᠨ᠎ᠨᠢ ᠶᠡᠷᠦ᠎ᠠᠴᠠ ᠠᠪᠤᠷᠠᠭ᠍ᠴᠢ ᠪᠠᠢᠬᠤ᠎ᠠᠴᠠ ᠪᠣᠯᠤᠭ᠍ᠰᠠᠨ ᠪᠢᠰᠢ᠂ ᠬᠠᠷᠢᠨ ᠶᠡᠭᠡ ᠭᠠᠮᠱᠢᠭ᠎ᠤᠨ ᠡᠮᠦᠨ᠎ᠡ ᠲᠦᠭ ᠲᠦᠮᠡᠨ ᠡᠭᠡᠯ ᠵᠢᠷ᠎ᠤᠨ ᠬᠥᠮᠦᠨ ᠴᠡᠭᠡᠵᠢ ᠲᠦᠷᠢᠨ ᠭᠠᠷᠴᠤ᠌᠂ ᠬᠠᠷᠠᠮ ᠦᠭᠡᠢ ᠤᠷᠤᠭ᠍ᠰᠢᠯᠠᠵᠤ ᠪᠠᠢᠭ᠍ᠰᠠᠨ᠎ᠠᠴᠠ ᠪᠣᠯᠤᠭ᠍ᠰᠠᠨ ᠶᠤᠮ!》 ᠳᠤᠮᠳᠠᠳᠤ ᠤᠯᠤᠰ᠎ᠤᠨ ᠡᠪ ᠬᠠᠮᠲᠤ ᠨᠠᠮ ᠵᠠᠭᠤᠨ ᠵᠢᠯ ᠲᠡᠮᠡᠴᠡᠵᠦ᠍᠂ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠦᠬᠦᠬᠦ᠌ ᠰᠡᠬᠡᠬᠦ᠌᠎ᠶ᠋ᠢ ᠦᠯᠦ᠍ ᠬᠠᠢᠬᠤᠷᠤᠨ᠂ ᠬᠢᠵᠢᠭ᠎ᠲᠠᠢ ᠲᠡᠮᠡᠴᠡᠵᠦ᠍᠂ ᠱᠢᠨ᠎ᠡ ᠴᠠᠭ ᠦᠶ᠎ᠡ᠎ᠶ᠋ᠢᠨ ᠳᠤᠮᠳᠠᠳᠤ᠎ᠶ᠋ᠢᠨ ᠬᠥᠪᠡᠭᠦᠳ ᠥᠬᠢᠳ᠎ᠤᠨ ᠶᠠᠭᠤᠨ᠎ᠠᠴᠠ ᠴᠤ᠌ ᠠᠶᠤᠬᠤ ᠦᠭᠡᠢ᠂ ᠲᠩᠷᠢ ᠭᠠᠵᠠᠷ᠎ᠲᠠᠢ ᠲᠡᠮᠡᠴᠡᠬᠦ᠌ ᠬᠠᠳᠠᠨ ᠵᠣᠷᠢᠭ ᠪᠠ ᠤᠶᠤᠨ ᠰᠠᠨᠠᠭ᠎ᠠ ᠰᠣᠶᠣᠯ᠎ᠤᠨ ᠣᠨᠴᠠᠯᠢᠭ ᠱᠢᠨᠵᠢ᠎ᠶ᠋ᠢ ᠢᠯᠡᠷᠡᠭᠦᠯᠦᠭ᠌ᠰᠡᠨ ᠶᠤᠮ᠃
— ᠱᠢᠨᠵᠢᠯᠡᠬᠦ᠌ ᠤᠬᠠᠭᠠᠨ᠎ᠢ ᠬᠦᠨᠳᠦᠳᠭᠡᠬᠦ᠌᠎ᠨᠢ ᠳᠤᠮᠳᠠᠳᠤ ᠤᠯᠤᠰ᠎ᠤᠨ ᠠᠷᠠᠳ ᠲᠦᠮᠡᠨ᠎ᠤ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠵᠤ᠂ ᠵᠠᠮ ᠨᠡᠭᠡᠭᠡᠨ ᠤᠷᠤᠬ᠍ᠰᠢᠯᠠᠵᠤ ᠱᠢᠨ᠎ᠡ᠎ᠶ᠋ᠢ ᠡᠭᠦᠳᠬᠦ᠌ ᠦᠢᠯᠡᠳᠦᠯᠭᠡ᠎ᠶ᠋ᠢᠨ ᠵᠠᠩ ᠴᠢᠨᠠᠷ᠎ᠢ ᠲᠥᠪᠯᠡᠷᠡᠭᠦᠯᠦᠨ ᠬᠠᠷᠠᠭᠤᠯᠵᠠᠢ᠃ ᠦᠨᠡᠨ᠎ᠠᠴᠠ ᠵᠥᠪ᠎ᠢ ᠡᠷᠢᠬᠦ᠌ ᠪᠣᠯ ᠱᠢᠨᠵᠢᠯᠡᠬᠦ᠌ ᠤᠬᠠᠭᠠᠨ᠎ᠢ ᠬᠦᠨᠳᠦᠳᠭᠡᠬᠦ᠌ ᠰᠡᠳᠭᠢᠬᠦᠶ᠎ᠶ᠋ᠢᠨ ᠲᠠᠪᠢᠰᠭᠡᠷ ᠥᠩᠭᠡ᠂ ᠱᠢᠨᠵᠢᠯᠡᠬᠦ᠌ ᠤᠬᠠᠭᠠᠨ᠎ᠤ ᠵᠣᠷᠢᠭ ᠰᠠᠨᠠᠭ᠎ᠠ᠎ᠶ᠋ᠢ ᠤᠯᠠᠮᠵᠢᠯᠠᠨ ᠵᠠᠯᠭᠠᠮᠵᠢᠯᠠᠬᠤ᠎ᠶ᠋ᠢᠨ ᠭᠤᠤᠯ ᠴᠢᠮᠥᠭᠡ ᠮᠥᠨ᠃ 《ᠪᠢᠳᠡ ᠱᠢᠨᠵᠢᠯᠡᠬᠦ᠌ ᠤᠬᠠᠭᠠᠨᠴᠢ ᠵᠣᠷᠢᠭ ᠰᠠᠨᠠᠭ᠎ᠠ᠂ ᠱᠢᠨᠵᠢᠯᠡᠬᠦ᠌ ᠤᠬᠠᠭᠠᠨᠴᠢ ᠣᠪᠣᠷ᠎ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨᠴᠢ ᠵᠢᠮ᠎ᠡ ᠶᠣᠰᠣ᠎ᠶ᠋ᠢ ᠵᠢᠷᠤᠮᠯᠠᠬᠤ᠎ᠶ᠋ᠢ ᠱᠢᠢᠳᠪᠦᠷᠢᠲᠦ ᠪᠤᠳᠤᠯᠭ᠎ᠠ ᠲᠣᠭ᠍ᠲᠠᠭᠠᠨ ᠵᠢᠯᠣᠭᠤᠳᠭᠤ᠂ ᠡᠪᠡᠳᠴᠢᠲᠡᠨ᠎ᠢ ᠡᠮᠨᠡᠨ ᠵᠠᠰᠠᠬᠤ᠂ ᠮᠡᠷᠭᠡᠵᠢᠯ᠎ᠤᠨ ᠪᠣᠭᠤᠮᠲᠠ ᠱᠢᠪᠲᠤᠯᠬᠤ᠂ ᠨᠡᠢᠭᠡᠮ᠎ᠤᠨ ᠵᠠᠰᠠᠯᠲᠠ᠎ᠶ᠋ᠢᠨ ᠡᠯ᠎ᠡ ᠲᠠᠯ᠎ᠠ ᠪᠦᠬᠦ᠌ ᠶᠠᠪᠤᠴᠠ᠎ᠳᠤ ᠲᠤᠭᠤᠱᠢᠯᠠᠭᠤᠯᠤᠨ᠎ᠠ》᠃ ᠱᠢᠨᠵᠢᠯᠡᠬᠦ᠌ ᠤᠬᠠᠭᠠᠨᠴᠢ ᠵᠣᠷᠢᠭ ᠰᠠᠨᠠᠭ᠎ᠠ᠎ᠶ᠋ᠢ ᠬᠦᠨᠳᠦᠳᠭᠡᠨ ᠪᠠᠳᠠᠷᠠᠭᠤᠯᠬᠤ ᠪᠣᠯ ᠪᠢᠳᠡᠨ᠎ᠤ ᠬᠢᠵᠢᠭ᠎ᠲᠠᠢ ᠲᠡᠮᠡᠴᠡᠬᠦ᠌ ᠶᠠᠪᠤᠴᠠ᠎ᠳᠤ ᠢᠮᠠᠭ᠍ᠲᠠ ᠪᠠᠷᠢᠮᠲᠠᠯᠠᠭ᠍ᠰᠠᠭᠠᠷ ᠢᠷᠡᠭ᠌ᠰᠡᠨ ᠪᠠᠲᠤ ᠪᠠᠷᠢᠮᠲᠠᠯᠠᠯ ᠮᠥᠨ᠃ ᠡᠭᠦᠨ᠎ᠤ ᠤᠯᠠᠮ᠎ᠢᠶᠠᠷ ᠬᠢᠵᠢᠭ᠎ᠤᠨ ᠪᠠᠢᠳᠠᠯ᠎ᠢ ᠢᠯᠠᠨ ᠳᠠᠪᠠᠭ᠍ᠤ᠎ᠳᠤ ᠬᠦᠴᠦᠷᠬᠡᠭ ᠶᠡᠭᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠤᠯᠭᠠᠭᠤᠷᠢᠯᠠᠯ ᠬᠠᠩᠭᠠᠪᠠ!
— ᠬᠤᠪᠢ ᠵᠠᠶᠠᠭ᠎ᠠ᠎ᠪᠠᠨ ᠬᠠᠮᠲᠤᠳᠭᠠᠬᠤ᠎ᠨᠢ ᠳᠤᠮᠳᠠᠳᠤ ᠤᠯᠤᠰ᠎ᠤᠨ ᠠᠷᠠᠳ ᠲᠦᠮᠡᠨ᠎ᠤ ᠰᠡᠳᠭᠢᠯ ᠨᠢᠭᠡᠳᠦᠨ ᠬᠦᠴᠦ᠎ᠪᠠᠨ ᠬᠠᠮᠲᠤᠳᠭᠠᠵᠤ᠂ ᠡᠩᠬᠡ ᠲᠠᠢᠪᠤᠩ᠎ᠢ ᠡᠷᠬᠢᠮᠯᠡᠬᠦ᠌ ᠶᠣᠰᠣ ᠵᠢᠷᠤᠮ᠎ᠤᠨ ᠡᠭᠦᠷᠭᠡᠯᠡᠯ᠎ᠢ ᠲᠥᠪᠯᠡᠷᠡᠭᠦᠯᠦᠨ ᠬᠠᠷᠠᠭᠤᠯᠪᠠ᠃ ᠡᠨᠡ ᠤᠳᠠᠭ᠎ᠠ᠎ᠶ᠋ᠢᠨ ᠳᠡᠯᠡᠬᠡᠢ ᠳ᠋ᠠᠬᠢᠨ᠎ᠳᠤ ᠬᠤᠪᠣᠷ ᠲᠣᠬᠢᠶᠠᠯᠳᠤᠬᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠨᠢ ᠬᠥᠮᠦᠨ ᠲᠥᠷᠥᠯᠬᠢᠲᠡᠨ᠎ᠳᠤ ᠬᠠᠮᠤᠭ᠎ᠤᠨ ᠶᠡᠭᠡ ᠰᠡᠩᠬᠡᠷᠡᠭᠦᠯᠦᠯ ᠥᠭ᠌ᠴᠡᠢ᠄ ᠬᠢᠵᠢᠭ᠎ᠤᠨ ᠪᠠᠢᠳᠠᠯ ᠪᠣᠯ ᠬᠥᠮᠦᠨ ᠲᠥᠷᠥᠯᠬᠢᠲᠡᠨ᠎ᠤ ᠬᠠᠮᠲᠤ᠎ᠶ᠋ᠢᠨ ᠳᠠᠢᠰᠤᠨ ᠮᠥᠨ᠂ ᠳᠡᠯᠡᠬᠡᠢ ᠶᠢᠷᠲᠢᠨᠴᠦ᠍ ᠪᠣᠯ ᠵᠢᠷᠭᠠᠯ ᠵᠣᠪᠠᠯᠠᠩ᠎ᠢᠶᠠᠨ ᠬᠠᠮᠲᠤᠳᠭᠠᠬᠤ ᠬᠠᠮᠲᠤ᠎ᠶ᠋ᠢᠨ ᠴᠣᠭ᠍ᠴᠠ ᠮᠥᠨ᠃ ᠳᠤᠮᠳᠠᠳᠤ ᠤᠯᠤᠰ ᠬᠥᠮᠦᠨ ᠲᠥᠷᠥᠯᠬᠢᠲᠡᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠬᠠᠮᠲᠤ᠎ᠶ᠋ᠢᠨ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠠᠷᠢᠮᠲᠠᠯᠠᠵᠤ᠂ ᠱᠢᠨ᠎ᠡ ᠲᠢᠲᠢᠮᠯᠢᠭ ᠸᠠᠺᠼᠢᠨ᠎ᠢ ᠠᠱᠢᠬ᠍ᠯᠠᠯᠳᠠ᠎ᠳᠤ ᠣᠷᠣᠭᠤᠯᠤᠭ᠍ᠰᠠᠨ᠎ᠤ ᠳᠠᠷᠠᠭ᠎ᠠ ᠪᠦᠬᠦ᠌ ᠪᠥᠮᠪᠥᠷᠴᠡᠭ᠎ᠤᠨ ᠤᠯᠠᠨ ᠨᠡᠢᠲᠡ᠎ᠶ᠋ᠢᠨ ᠦᠢᠯᠡᠳᠬᠦᠨ ᠪᠣᠯᠭᠠᠨ᠎ᠠ ᠭᠡᠵᠦ᠍ ᠰᠠᠨᠠᠭᠠᠴᠢᠯᠠᠭ᠎ᠠ᠎ᠠᠴᠠ᠎ᠪᠠᠨ ᠠᠮᠠᠯᠳᠠᠪᠠ᠃ ᠡᠨᠡ᠎ᠨᠢ ᠳᠤᠮᠳᠠᠳᠤ ᠤᠯᠤᠰ᠎ᠤᠨ ᠢᠲᠡᠭᠡᠯ ᠵᠢᠷᠤᠮ᠎ᠢ ᠡᠷᠬᠢᠮᠯᠡᠬᠦ᠂ ᠨᠠᠢᠷ ᠵᠢᠷᠤᠮ᠎ᠢ ᠴᠢᠬᠤᠯᠠᠴᠢᠯᠠᠬᠤ᠂ ᠱᠢᠳᠤᠷᠭᠤ ᠶᠣᠰᠣ᠎ᠶ᠋ᠢ ᠪᠠᠳᠠᠷᠠᠭᠤᠯᠬᠤ᠂ ᠶᠣᠰᠣ ᠵᠢᠷᠤᠮ᠎ᠢ ᠰᠠᠬᠢᠬᠤ ᠲᠣᠮᠣ ᠤᠯᠤᠰ᠎ᠤᠨ ᠲᠥᠷᠢ ᠲᠥᠷᠬᠦ᠌᠎ᠶ᠋ᠢ ᠭᠦᠢᠴᠡᠳ ᠢᠯᠡᠷᠡᠭᠦᠯᠵᠦ᠍᠂ ᠳᠡᠯᠡᠬᠡᠢ ᠳ᠋ᠠᠬᠢᠨ᠎ᠤ ᠡᠪ ᠨᠢᠭᠡᠳᠦᠯ᠎ᠢ ᠪᠣᠳᠣᠯᠬᠢᠯᠠᠬᠤ᠂ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠬᠤ ᠲᠣᠮᠣ ᠤᠯᠤᠰ᠎ᠤᠨ ᠡᠭᠦᠷᠭᠡᠯᠡᠯ᠎ᠢ ᠠᠮᠢᠳᠤᠯᠢᠭ᠎ᠢᠶᠠᠷ ᠲᠠᠢᠯᠪᠤᠷᠢᠯᠠᠭ᠍ᠰᠠᠨ ᠶᠤᠮ!
ᠬᠢᠵᠢᠭ᠎ᠲᠠᠢ ᠲᠡᠮᠡᠴᠡᠬᠦ᠌ ᠠᠭᠤᠤ ᠶᠡᠭᠡ ᠵᠣᠷᠢᠭ ᠰᠠᠨᠠᠭᠠᠨ᠎ᠤ ᠲᠠᠪᠤᠨ ᠲᠠᠯ᠎ᠠ ᠪᠣᠯ ᠬᠠᠷᠢᠯᠴᠠᠨ ᠬᠤᠯᠪᠣᠭ᠎ᠠ᠎ᠲᠠᠢ᠂ ᠬᠠᠷᠢᠯᠴᠠᠨ ᠠᠬᠢᠭᠤᠯᠵᠤ᠂ ᠬᠠᠷᠢᠯᠴᠠᠨ ᠲᠤᠯᠭᠠᠭᠤᠷᠢᠯᠠᠭ᠍ᠰᠠᠨ ᠣᠷᠭᠠᠨᠢᠭ ᠪᠦᠬᠦᠯᠢ ᠴᠣᠭ᠍ᠴᠠ ᠪᠣᠯᠤᠨ᠎ᠠ᠃ ᠬᠢᠵᠢᠭ᠎ᠲᠠᠢ ᠲᠡᠮᠡᠴᠡᠬᠦ᠌ ᠠᠭᠤᠤ ᠶᠡᠭᠡ ᠵᠣᠷᠢᠭ ᠰᠠᠨᠠᠭ᠎ᠠ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠵᠣᠷᠢᠭ ᠰᠠᠨᠠᠭᠠᠨ᠎ᠤ ᠳᠤᠲᠠᠭ᠍ᠳᠠᠵᠤ ᠪᠣᠯᠤᠰᠢ ᠦᠭᠡᠢ ᠴᠢᠬᠤᠯᠠ ᠪᠦᠷᠢᠯᠳᠦᠬᠦᠨ ᠬᠡᠰᠡᠭ ᠮᠥᠨ᠃ ᠱᠢᠨ᠎ᠡ ᠴᠠᠭ ᠦᠶ᠎ᠡ᠎ᠶ᠋ᠢᠨ ᠱᠢᠨ᠎ᠡ ᠠᠶᠠᠨ᠎ᠳᠤ᠂ ᠪᠢᠳᠡ ᠬᠢᠵᠢᠭ᠎ᠲᠠᠢ ᠲᠡᠮᠡᠴᠡᠬᠦ᠌ ᠠᠭᠤᠤ ᠶᠡᠭᠡ ᠵᠣᠷᠢᠭ ᠰᠠᠨᠠᠭ᠎ᠠ᠎ᠶ᠋ᠢ ᠶᠡᠭᠡ᠎ᠪᠠᠷ ᠪᠠᠳᠠᠷᠠᠭᠤᠯᠵᠤ᠂ ᠬᠢᠵᠢᠭ᠎ᠲᠠᠢ ᠲᠡᠮᠡᠴᠡᠭ᠌ᠰᠡᠨ ᠪᠠᠭᠠᠲᠤᠷᠴᠤᠳ᠎ᠤᠨ ᠵᠣᠷᠢᠭ ᠰᠠᠨᠠᠭ᠎ᠠ᠎ᠪᠠᠷ ᠥᠪᠡᠷ᠎ᠤᠨ ᠤᠶᠤᠨ ᠰᠠᠨᠠᠭ᠎ᠠ᠎ᠪᠠᠨ ᠵᠡᠪᠰᠡᠭ᠌ᠯᠡᠵᠤ᠂ ᠭᠠᠷ ᠬᠤᠯᠪᠣᠨ ᠰᠡᠳᠭᠢᠯ ᠨᠢᠭᠡᠳᠴᠦ᠍᠂ ᠡᠷᠡᠮᠡᠬᠡᠢᠯᠡᠨ ᠤᠷᠤᠭ᠍ᠰᠢᠯᠠᠵᠤ᠂ ᠡᠷᠡᠯᠬᠡᠭ᠌ᠯᠡᠨ ᠲᠡᠮᠡᠴᠡᠵᠦ᠍᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠍᠂ 《ᠦᠵᠡᠰᠭᠦᠯᠡᠩᠲᠦ ᠰᠠᠢᠬᠠᠨ ᠥᠪᠥᠷ ᠮᠣᠩᠭᠤᠯ᠎ᠢᠶᠠᠨ ᠪᠦᠳᠦᠭᠡᠨ ᠪᠠᠢᠭᠤᠯᠵᠤ᠂ ᠠᠭᠤᠤ ᠶᠡᠭᠡ ᠳᠤᠮᠳᠠᠳᠤ᠎ᠶ᠋ᠢᠨ ᠵᠡᠭᠦᠳᠦ᠎ᠪᠠᠨ ᠬᠠᠮᠲᠤ᠎ᠪᠠᠷ ᠲᠡᠷᠭᠡᠯᠱᠢᠭᠦᠯᠬᠦ᠌》 ᠠᠤᠭ᠎ᠠ ᠶᠡᠭᠡ ᠬᠦᠴᠦᠨ᠎ᠢ ᠨᠢᠭ᠍ᠲᠠᠷᠠᠭᠤᠯᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠱᠢᠨ᠎ᠡ ᠠᠭᠤᠤ ᠭᠠᠪᠢᠶ᠎ᠠ ᠠᠤᠭ᠎ᠠ ᠦᠢᠯᠡᠰ᠎ᠢ ᠴᠣᠭ᠍ᠴᠠᠯᠠᠶ᠎ᠠ!
(ᠵᠣᠬᠢᠶᠠᠭ᠍ᠴᠢ ᠪᠤᠯ ᠥᠪᠥᠷ ᠮᠣᠩᠭᠤᠯ᠎ᠤᠨ ᠡᠳ᠋᠎ᠤᠨ ᠵᠠᠰᠠᠭ ᠠᠵᠤ ᠠᠬᠤᠢ᠎ᠶ᠋ᠢᠨ ᠶᠡᠭᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠤᠨ ᠳᠡᠭᠡᠳᠦ ᠰᠤᠷᠭᠠᠭᠤᠯᠢ᠎ᠶ᠋ᠢᠨ ᠳᠡᠳ᠋ ᠫᠷᠤᠹᠧᠰᠰᠤᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠤᠨᠤᠯ᠎ᠤᠨ ᠱᠢᠰᠲᠧᠮ᠎ᠤᠨ ᠰᠤᠳᠤᠯᠭᠠᠨ᠎ᠤ ᠲᠥᠪ᠎ᠤᠨ ᠰᠤᠳᠤᠯᠤᠭ᠍ᠴᠢ)
ᠬᠢᠵᠢᠭ᠎ᠤᠨ ᠡᠮᠦᠨ᠎ᠡ ᠬᠤᠪᠢ ᠵᠠᠶᠠᠭ᠎ᠠ᠎ᠪᠠᠨ ᠬᠠᠮᠲᠤᠳᠭᠠᠨᠠ
ᠰᠤᠷᠪᠤᠯᠵᠢᠯᠠᠭ᠍ᠴᠢ ᠸᠠᠩ ᠺᠦᠨ
ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠡᠭᠦᠰᠦᠭ᠌ᠰᠡᠨ᠎ᠤ ᠳᠠᠷᠠᠭ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠢᠲᠠᠳ ᠡᠮᠨᠡᠯᠭᠡ᠎ᠶ᠋ᠢᠨ ᠬᠤᠷᠢᠶᠠᠨ᠎ᠤ ᠠᠭᠤᠰᠭᠢᠨ ᠡᠪᠡᠳᠴᠢᠨ᠎ᠤ ᠰᠠᠯᠠᠭᠠᠨ᠎ᠤ ᠳᠡᠳ᠋ ᠡᠷᠬᠢᠯᠡᠭ᠌ᠴᠢ᠂ ᠡᠷᠬᠢᠯᠡᠭ᠌ᠴᠢ ᠡᠮᠴᠢ ᠵᠣᠣ ᠯᠢ ᠫᠢᠩ ᠮᠠᠨ᠎ᠤ ᠣᠷᠣᠨ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠲᠠᠳ ᠡᠮᠨᠡᠯᠭᠡ᠎ᠶ᠋ᠢᠨ ᠲᠤᠰᠭᠠᠶ ᠮᠡᠷᠭᠡᠵᠢᠯᠲᠡᠨ᠎ᠤ ᠳᠤᠭᠤᠢᠯᠠᠩ᠎ᠤᠨ ᠪᠦᠷᠢᠯᠳᠦᠬᠦᠨ᠂ ᠥᠪᠥᠷ ᠮᠣᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠬᠢᠲᠠᠳ ᠡᠮᠨᠡᠯᠭᠡ᠎ᠶ᠋ᠢᠨ ᠬᠤᠷᠢᠶᠠᠨ᠎ᠤ ᠭᠤᠷᠪᠠᠳᠤᠭᠠᠷ ᠪᠦᠯᠦᠭ᠎ᠤᠨ ᠬᠤᠪᠸᠢ᠎ᠶ᠋ᠢ ᠲᠤᠰᠠᠯᠠᠬᠤ ᠡᠮᠴᠢᠯᠡᠭᠡᠨ᠎ᠤ ᠠᠩᠭᠢ᠎ᠶ᠋ᠢᠨ ᠳᠠᠷᠤᠭ᠎ᠠ᠎ᠶ᠋ᠢᠨ ᠬᠤᠪᠢ᠎ᠪᠠᠷ ᠦᠬᠠᠨ ᠬᠤᠲᠠ᠎ᠶ᠋ᠢᠨ ᠠᠭᠤᠰᠭᠢᠨ᠎ᠤ ᠰᠠᠯᠠᠭᠠᠨ᠎ᠤ ᠡᠮᠨᠡᠯᠭᠡ᠎ᠶ᠋ᠢᠨ ᠬᠤᠷᠢᠶ᠎ᠠ᠎ᠳᠤ ᠬᠦᠷᠴᠦ᠍ ᠬᠦᠨᠳᠦ ᠡᠪᠡᠳᠴᠢᠲᠡᠨ᠎ᠢ ᠠᠪᠤᠷᠠᠨ ᠵᠠᠰᠠᠬᠤ ᠠᠵᠢᠯ᠎ᠢ ᠡᠭᠦᠷᠭᠡᠯᠡᠭ᠌ᠰᠡᠨ ᠶᠤᠮ᠃
ᠬᠤᠪᠸᠢ᠎ᠶ᠋ᠢ ᠲᠤᠰᠠᠯᠠᠬ᠍ᠰᠠᠨ ᠲᠤᠬᠠᠢ ᠦᠭᠡ᠎ᠶ᠋ᠢᠨ ᠰᠡᠵᠢᠬᠦᠷ ᠡᠬᠢᠯᠡᠬᠦᠯᠬᠦ᠌᠎ᠳᠤ᠂ ᠵᠤᠤ ᠯᠢ ᠫᠢᠩ᠎ᠤᠨ ᠰᠡᠳᠭᠢᠯ ᠲᠤᠭ᠍ᠳᠤᠯᠤᠨᠠ᠃ ᠲᠠᠷᠠ᠄ 《ᠬᠢᠵᠢᠭ᠎ᠲᠠᠢ ᠲᠠᠮᠠᠴᠡᠬᠦ᠌ ᠳᠠᠢᠯᠠᠯᠳᠤᠭᠠᠨ᠎ᠳᠤ᠂ ᠡᠮᠴᠢ ᠰᠤᠪᠢᠯᠠᠭ᠍ᠴᠢᠳᠢ ᠲᠦᠱᠢᠭ᠌ᠯᠡᠨ ᠬᠢᠵᠢᠭ᠎ᠤᠨ ᠪᠠᠢᠳᠠᠯ᠎ᠢ ᠡᠵᠡᠮᠳᠡᠬᠦ᠌᠎ᠨᠢ ᠪᠣᠯᠤᠯᠴᠠᠭ᠎ᠠ ᠦᠭᠡᠢ ᠶᠤᠮ᠂ ᠬᠠᠷᠢᠨ ᠪᠦᠬᠦ᠌ ᠤᠯᠤᠰ᠎ᠤᠨ ᠠᠷᠠᠳ ᠲᠦᠮᠡᠨ ᠰᠡᠳᠭᠢᠯ ᠨᠢᠭᠡᠳᠪᠡᠯ ᠰᠠᠶᠢ ᠬᠢᠵᠢᠭ᠎ᠤᠨ ᠪᠠᠢᠳᠠᠯ᠎ᠢ ᠢᠯᠠᠨ ᠳᠠᠪᠠᠭ᠍ᠤ ᠬᠦᠴᠦᠷᠬᠡᠭ ᠶᠡᠭᠡ ᠬᠦᠴᠦᠨ᠎ᠢ ᠪᠦᠷᠢᠯᠳᠦᠭᠦᠯᠵᠦ᠍ ᠴᠢᠳᠠᠨ᠎ᠠ᠃ ᠬᠢᠵᠢᠭ᠎ᠲᠠᠢ ᠲᠡᠮᠡᠴᠡᠬᠦ᠌ ᠶᠠᠪᠤᠴᠠ᠎ᠳᠤ᠂ ᠡᠮᠴᠢ ᠰᠤᠪᠢᠯᠠᠭ᠍ᠴᠢᠳ ᠡᠮᠦᠨ᠎ᠡ ᠹᠷᠣᠨᠲ᠎ᠲᠤ ᠭᠠᠪᠱᠢᠭᠠᠢᠯᠠᠵᠤ ᠪᠠᠢᠬᠤ᠎ᠶ᠋ᠢ ᠣᠯᠠᠨ᠎ᠢᠶᠠᠷ᠎ᠢᠶᠠᠨ ᠣᠯᠵᠤ ᠬᠠᠷᠠᠭ᠍ᠰᠠᠨ ᠪᠠᠢᠯᠬᠦᠢ᠂ ᠦᠨᠡᠨ᠎ᠳᠡᠭᠡᠨ ᠡᠯ᠎ᠡ ᠠᠵᠢᠯ ᠲᠥᠷᠥᠯ᠎ᠤᠨ᠎ᠬᠢᠨ ᠴᠦᠮ ᠴᠢᠷᠮᠠᠢᠯᠭ᠎ᠠ ᠭᠠᠷᠭᠠᠭ᠍ᠰᠠᠨ ᠶᠤᠮ᠃ ᠬᠢᠵᠢᠭ᠎ᠤᠨ ᠪᠠᠢᠳᠠᠯ᠎ᠤᠨ ᠡᠮᠦᠨ᠎ᠡ᠂ ᠪᠦᠬᠦᠳᠡᠭᠡᠷ ᠬᠤᠪᠢ ᠵᠠᠶᠠᠭ᠎ᠠ᠎ᠪᠠᠨ ᠬᠠᠮᠲᠤᠳᠭᠠᠬᠤ᠎ᠶ᠋ᠢ ᠨᠡᠩ ᠢᠯᠡᠭᠦᠦ ᠣᠢᠯᠠᠭᠠᠨ ᠮᠡᠳᠡᠷᠡᠭ᠌ᠰᠡᠨ ᠶᠤᠮ᠃ ᠤᠯᠤᠰ ᠳᠠᠶᠠᠭᠠᠷ᠎ᠢᠶᠠᠨ ᠰᠡᠳᠭᠢᠯ ᠨᠢᠭᠡᠳᠴᠦ᠍ ᠡᠨᠡ ᠤᠳᠠᠭ᠎ᠠ᠎ᠶ᠋ᠢᠨ ᠬᠦᠨᠳᠦ ᠨᠣᠴᠢᠲᠠᠢ ᠬᠢᠵᠢᠭ᠎ᠤᠨ ᠪᠠᠢᠳᠠᠯ᠎ᠲᠠᠢ ᠦᠬᠦᠵᠤ ᠰᠡᠬᠡᠬᠦ᠌᠎ᠶ᠋ᠢᠨ ᠲᠡᠮᠡᠴᠡᠯ ᠬᠢᠬᠦ᠌ ᠶᠠᠪᠤᠴᠠ᠎ᠳᠤ᠂ ᠪᠢᠳᠠ ᠡᠢᠮᠦᠷᠬᠦᠤ ᠬᠦᠴᠦᠷᠬᠡᠭ ᠶᠡᠭᠡ ᠤᠯᠤᠰ᠎ᠲᠠᠢ ᠪᠠᠢᠬᠤ᠎ᠳᠠᠭᠠᠨ ᠬᠡᠴᠢᠨᠡᠨ ᠠᠵᠠ᠎ᠲᠠᠢ ᠶᠠᠪᠤᠳᠠᠯ ᠪᠣᠯᠬᠤ᠎ᠶ᠋ᠢ ᠰᠡᠷᠡᠵᠦ᠍ ᠮᠡᠳᠡᠭ᠌ᠰᠡᠨ ᠡ!》 ᠭᠡᠯᠡ᠃
《ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠲᠠᠢ ᠲᠡᠮᠡᠴᠡᠬᠦ᠌ ᠪᠣᠯ ᠨᠢᠭᠡ ᠤᠳᠠᠭ᠎ᠠ᠎ᠶ᠋ᠢᠨ ᠶᠡᠭᠡ ᠳᠠᠢᠯᠠᠯᠳᠤᠭᠠᠨ ᠪᠣᠯᠬᠤ ᠪᠥᠭᠡᠳ ᠪᠠᠰᠠ ᠴᠤ᠌ ᠨᠢᠭᠡ ᠤᠳᠠᠭ᠎ᠠ᠎ᠶ᠋ᠢᠨ ᠶᠡᠭᠡ ᠱᠢᠯᠭᠠᠯᠲᠠ ᠪᠣᠯᠬᠤ ᠶᠤᠮ᠃ ᠬᠢᠵᠢᠭ᠎ᠲᠠᠢ ᠲᠡᠮᠡᠴᠡᠬᠦ᠌ ᠶᠠᠪᠤᠴᠠ᠎ᠳᠤ ᠠᠮᠢ ᠨᠠᠰᠤ᠎ᠶ᠋ᠢ ᠳᠡᠭᠡᠳᠦᠯᠡᠬᠦ᠂ ᠤᠯᠤᠰ ᠳᠠᠶᠠᠭᠠᠷ ᠰᠡᠳᠭᠢᠯ ᠨᠢᠭᠡᠳᠬᠦ᠂ ᠦᠬᠦᠵᠤ ᠰᠡᠬᠡᠬᠦ᠌᠎ᠶ᠋ᠢ ᠦᠯᠦ᠍ ᠬᠠᠢᠬᠤᠷᠬᠤ᠂ ᠱᠢᠨᠵᠢᠯᠡᠬᠦ᠌ ᠤᠬᠠᠭᠠᠨ᠎ᠢ ᠬᠦᠨᠳᠦᠳᠭᠡᠬᠦ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠢᠵᠢᠭ᠎ᠲᠠᠢ ᠲᠡᠮᠡᠴᠡᠬᠦ᠌ ᠠᠭᠤᠤ ᠶᠡᠭᠡ ᠵᠣᠷᠢᠭ ᠰᠠᠨᠠᠭ᠎ᠠ ᠪᠣᠯ ᠮᠠᠨ᠎ᠤ ᠢᠯᠠᠯᠳᠠ ᠤᠯᠤᠭ᠍ᠰᠠᠨ ᠡᠷᠳᠡᠨᠢ ᠮᠥᠨ᠂ ᠪᠠᠰᠠ ᠴᠤ᠌ ᠪᠢᠳᠡᠨ᠎ᠤ ᠬᠤᠢᠱᠢᠳᠠ᠎ᠶ᠋ᠢᠨ ᠡᠯ᠎ᠡ ᠵᠦᠢᠯ᠎ᠤᠨ ᠳᠠᠷᠤᠯᠲᠠ ᠳᠠᠭᠠᠷᠢᠯᠲᠠ᠎ᠳᠤ ᠬᠠᠨᠳᠤᠬᠤ᠂ ᠠᠯᠢᠪᠠ ᠠᠶᠤᠯ ᠲᠦᠭ᠌ᠰᠢᠭᠦᠷᠢ ᠥᠷᠢᠰᠥᠯᠳᠦᠭᠡᠨ᠎ᠢ ᠤᠭ᠍ᠲᠤᠬᠤ᠂ ᠦᠷᠭᠦᠯᠵᠢᠯᠡᠨ ᠤᠷᠤᠭ᠍ᠰᠢᠯᠠᠬᠤ᠎ᠶ᠋ᠢ ᠬᠦᠳᠦᠯᠦᠨ ᠵᠢᠯᠣᠭᠤᠳᠭᠤ ᠵᠣᠷᠢᠭ ᠰᠠᠨᠠᠭᠠᠨ᠎ᠤ ᠬᠥᠳᠡᠯᠭᠡᠬᠦ᠌ ᠬᠦᠴᠦᠨ ᠮᠥᠨ》 ᠭᠡᠵᠦ᠍ ᠵᠤᠤ ᠯᠢ ᠫᠢᠩ ᠤᠯᠤᠯᠳᠠ ᠲᠦᠷᠦᠭ᠌ᠳᠡᠯ᠎ᠢᠶᠠᠨ ᠲᠠᠯᠭᠡᠵᠤ ᠭᠠᠷᠤᠯ᠎ᠠ᠃
【 ᠦᠨᠳᠦᠰᠦᠨ ᠱᠠᠳᠤᠨ᠎ᠤ ᠲᠠᠭᠤᠨ 】
ᠠᠮᠢ ᠨᠠᠰᠤ᠎ᠶ᠋ᠢ ᠳᠡᠭᠡᠳᠦᠯᠡᠨ ᠱᠢᠨᠵᠢᠯᠡᠬᠦ᠌ ᠤᠬᠠᠭᠠᠨ᠎ᠢ ᠬᠦᠨᠳᠦᠳᠭᠡᠨ᠎ᠡ
ᠰᠤᠷᠪᠤᠯᠵᠢᠯᠠᠭ᠍ᠴᠢ ᠸᠠᠩ ᠺᠦᠨ
《ᠦᠬᠦᠯ᠎ᠠᠴᠠ ᠠᠪᠤᠷᠠᠨ ᠱᠢᠷᠬᠠᠲᠤᠭ᠍ᠰᠠᠳ᠎ᠢ ᠲᠡᠩᠬᠡᠷᠡᠭᠦᠯᠬᠦ᠌ ᠪᠣᠯ ᠡᠮᠴᠢ ᠬᠦ᠍ᠮᠦᠨᠤ ᠳᠠᠷᠬᠠᠨ ᠡᠭᠦᠷᠭᠡ᠂ ᠠᠮᠢ ᠨᠠᠰᠤ᠎ᠶ᠋ᠢ ᠳᠡᠭᠡᠳᠦᠯᠡᠵᠤ᠂ ᠱᠢᠨᠵᠢᠯᠡᠬᠦ᠌ ᠤᠬᠠᠭᠠᠨ᠎ᠢ ᠬᠦᠨᠳᠦᠳᠭᠡᠬᠦ᠌ ᠪᠣᠯ ᠡᠮᠴᠢ ᠪᠤᠯᠤᠬ᠍ᠰᠠᠳᠤᠨ ᠢᠲᠡᠭᠡᠯ ᠪᠢᠱᠢᠷᠡᠯ ᠮᠥᠨ》 ᠭᠡᠵᠦ᠍ ᠸᠠᠩ ᠶᠠᠨ ᠬᠡᠯᠡᠨ᠎ᠠ᠃
ᠸᠠᠩ ᠶᠠᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ᠎ᠶ᠋ᠢᠨ ᠬᠤᠷᠢᠶᠠᠨ᠎ᠤ ᠠᠮᠢᠰᠭᠤᠯ ᠪᠠ ᠬᠦᠨᠳᠦ ᠲᠦᠭ᠌ᠰᠢᠭᠦᠷᠢᠲᠡᠶ ᠡᠪᠡᠳᠴᠢᠨ᠎ᠤ ᠠᠨᠠᠭᠠᠬᠤ ᠤᠬᠠᠭᠠᠨ᠎ᠤ ᠰᠠᠯᠠᠭᠠᠨ᠎ᠤ ᠳᠡᠳ᠋ ᠡᠷᠬᠢᠯᠡᠭ᠌ᠴᠢ ᠡᠮᠴᠢ ᠪᠠᠢᠵᠤ᠂ ᠣᠲᠣ ᠡᠷᠡᠭᠦᠯᠵᠢᠭᠦᠯᠬᠦ᠌ ᠠᠨᠠᠭᠠᠬᠤ ᠤᠬᠠᠭᠠᠨ᠎ᠤ ᠰᠠᠯᠠᠭᠠᠨ᠎ᠤ ᠡᠷᠬᠢᠯᠡᠭ᠌ᠴᠢ᠎ᠶ᠋ᠢᠨ ᠲᠤᠱᠢᠶᠠᠯ᠎ᠢ ᠬᠠᠷᠢᠭᠤᠴᠠᠵᠤ ᠪᠤᠢ᠃ ᠥᠪᠥᠷ ᠮᠣᠩᠭᠤᠯ᠎ᠤᠨ ᠬᠤᠪᠸᠢ᠎ᠶ᠋ᠢᠨ ᠵᠢᠩ ᠮᠧᠨᠢ ᠲᠤᠰᠠᠯᠠᠬᠤ ᠡᠮᠴᠢᠯᠡᠭᠡᠨ᠎ᠤ ᠠᠩᠭᠢ᠎ᠶ᠋ᠢᠨ ᠪᠦᠷᠢᠯᠳᠦᠬᠦᠨ᠎ᠤ ᠬᠤᠪᠢ᠎ᠪᠠᠷ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠲᠠᠢ ᠲᠡᠮᠡᠴᠡᠬᠦ᠌ ᠡᠮᠦᠨ᠎ᠡ ᠹᠷᠣᠨᠲ᠎ᠲᠤ ᠣᠷᠣᠯᠴᠠᠵᠤ ᠥᠩᠭᠡᠷᠡᠵᠡᠶ᠃
ᠸᠠᠩ ᠶᠠᠨ᠄ 《ᠲᠤᠬᠠᠢ᠎ᠶ᠋ᠢᠨ ᠦᠶ᠎ᠡ᠎ᠳᠤ ᠡᠮᠴᠢᠯᠡᠭᠡᠨ᠎ᠤ ᠨᠥᠬᠦᠴᠡᠯ ᠬᠢᠵᠠᠭᠠᠷ᠎ᠲᠠᠢ᠂ ᠮᠠᠨ᠎ᠤ ᠠᠵᠢᠯᠯᠠᠵᠤ ᠪᠠᠢᠭ᠍ᠰᠠᠨ ᠵᠦᠩ ᠱᠢᠶᠠᠩ ᠬᠤᠳᠠ᠎ᠶ᠋ᠢᠨ ᠲᠦᠩ ᠷᠧᠨ ᠡᠮᠨᠡᠯᠭᠡ᠎ᠶ᠋ᠢᠨ ᠬᠤᠷᠢ᠊ ᠡᠶ᠎ᠡ ᠪᠣᠯ ᠨᠢᠭᠡᠨ ᠠᠷᠠᠳ᠎ᠤᠨ ᠡᠵᠡᠩᠨᠡᠯᠲᠡ᠎ᠶ᠋ᠢᠨ ᠡᠮᠨᠡᠯᠭᠡ᠎ᠶ᠋ᠢᠨ ᠬᠤᠷᠢ᠊ ᠡᠶ᠎ᠡ ᠪᠣᠯᠤᠨ᠎ᠠ᠂ ᠣᠯᠠᠩᠬᠢ ᠡᠪᠡᠳᠴᠢᠲᠡᠨ ᠪᠦᠷ ᠬᠦᠴᠢᠯᠲᠥ᠋ᠷᠥᠭ᠌ᠴᠢ ᠰᠣᠷᠣᠬᠤ ᠴᠢᠬᠤᠯᠠᠲᠠᠢ᠂ ᠭᠡᠪᠡᠴᠦ᠍ ᠡᠮᠨᠡᠯᠭᠡ᠎ᠶ᠋ᠢᠨ ᠬᠤᠷᠢᠶᠠᠨ᠎ᠤ ᠡᠮᠴᠢᠯᠡᠭᠡᠨ᠎ᠤ ᠨᠥᠬᠦᠴᠡᠯ ᠬᠦᠷᠦᠯᠴᠡᠬᠦ᠌ ᠦᠭᠡᠢ᠂ ᠵᠥᠪᠬᠡᠨ ᠬᠦᠴᠢᠯᠲᠥ᠋ᠷᠥᠭ᠌ᠴᠢ᠎ᠶ᠋ᠢᠨ ᠰᠠᠪᠠ᠎ᠪᠠᠷ ᠬᠦᠴᠢᠯᠲᠥ᠋ᠷᠥᠭ᠌ᠴᠢ ᠬᠠᠩᠭᠠᠵᠤ ᠡᠮᠨᠡᠨ ᠵᠠᠰᠠᠵᠤ ᠪᠠᠢᠵᠠᠢ᠂ ᠭᠡᠲᠡᠯ᠎ᠡ ᠨᠢᠭᠡ ᠡᠪᠡᠳᠴᠢᠲᠡᠨ ᠨᠢᠭᠡ ᠡᠳᠦᠷ᠎ᠲᠤ ᠠᠷᠪᠠᠨ ᠬᠡᠳᠦᠨ ᠯᠠᠰᠠ ᠬᠦᠴᠢᠯᠲᠥ᠋ᠷᠥᠭ᠌ᠴᠢ ᠰᠣᠯᠢᠵᠤ᠂ ᠯᠠᠰᠠ ᠪᠦᠷᠢ 30 ᠭᠠᠷᠤᠢ ᠺᠢᠯᠤᠮᠧᠳ᠋ᠷ᠎ᠤᠨ ᠭᠠᠳᠠᠨᠠᠬᠢ ᠠᠯᠪᠠᠨ᠎ᠠᠴᠠ ᠪᠠᠢᠭᠤᠯᠤᠭ᠍ᠰᠠᠨ ᠡᠮᠨᠡᠯᠭᠡ᠎ᠶ᠋ᠢᠨ ᠬᠤᠷᠢ᠊ ᠡᠶ᠎ᠡ᠎ᠠᠴᠠ ᠬᠦᠷᠭᠡᠵᠦ᠍ ᠢᠷᠡᠳᠡᠭ ᠪᠠᠢᠪᠠ᠃ ᠪᠦᠬᠦ᠋ᠢᠯᠡ ᠵᠥᠭᠡᠭᠡᠪᠦᠷᠢᠯᠡᠨ ᠬᠦᠷᠭᠡᠬᠦ᠂ ᠠᠷᠢᠭᠤᠳᠭᠠᠬᠤ ᠶᠠᠪᠤᠴᠠ ᠮᠠᠰᠢ ᠶᠠᠷᠱᠢᠭ᠎ᠲᠠᠢ᠂ ᠭᠡᠪᠡᠴᠦ᠍ ᠨᠢᠭᠡ ᠴᠦ᠍ ᠭᠤᠭ᠍ᠴᠣᠭᠠᠨᠳᠤ ᠭᠤᠮᠣᠳᠠᠯ ᠲᠣᠭᠠᠴᠢᠬᠤ ᠬᠥᠮᠦᠨ ᠦᠭᠡᠢ᠂ ᠤᠴᠢᠷ᠎ᠨᠢ ᠠᠮᠢ ᠨᠠᠰᠤ ᠬᠠᠮᠤᠭ᠎ᠠᠴᠠ ᠡᠷᠬᠢᠮ》 ᠭᠡᠵᠤ ᠡᠷᠬᠢᠴᠡᠭᠦᠯᠪᠡ᠃
ᠸᠠᠩ ᠶᠠᠨ᠄ 《ᠡᠨᠡ ᠪᠣᠯ ᠳᠠᠷᠢ᠎ᠶ᠋ᠢᠨ ᠣᠲᠤᠭ᠎ᠠ ᠥᠬᠡᠶ ᠴᠦ᠍ ᠦᠷᠡᠭ᠌ᠳᠡᠯ ᠱᠢᠷᠬᠠᠳᠤᠯᠲᠠᠢ 〈ᠳᠠᠢᠯᠠᠯᠳᠤᠭᠠᠨ〉 ᠶᠤᠮ᠂ ᠬᠡᠷᠬᠢᠨ ᠣᠨᠣᠴᠠᠲᠠᠶ᠎ᠪᠠᠷ ᠠᠪᠤᠷᠠᠨ ᠲᠤᠰᠠᠯᠠᠬᠤ ᠪᠣᠶ? ᠱᠢᠨᠵᠢᠯᠡᠬᠦ᠌ ᠤᠬᠠᠭᠠᠨ᠎ᠢ ᠢᠲᠡᠭᠡᠬᠦ᠂ ᠱᠢᠨᠵᠢᠯᠡᠬᠦ᠌ ᠤᠬᠠᠭᠠᠨ᠎ᠢ ᠬᠦᠨᠳᠦᠳᠭᠡᠬᠦ᠌᠎ᠨᠢ ᠮᠠᠨᠳᠤ ᠠᠪᠴᠤ᠌ ᠬᠡᠯᠡᠪᠡᠯ ᠲᠦᠢᠯ᠎ᠤᠨ ᠴᠢᠬᠤᠯᠠ ᠪᠠᠢᠳᠠᠭ》 ᠭᠡᠯ᠎ᠠ᠃
ᠸᠠᠩ ᠶᠠᠨ᠂ ᠨᠢᠭᠡᠨ ᠡᠮᠨᠡᠯᠭᠡ᠎ᠶ᠋ᠢᠨ ᠠᠵᠢᠯᠲᠠᠨ᠂ ᠲᠠᠷᠠᠴᠢᠯᠡᠨ ᠨᠢᠭᠡᠨ ᠡᠪ ᠬᠠᠮᠳᠤ ᠨᠠᠮ᠎ᠤᠨ ᠭᠡᠱᠢᠭᠦᠨ ᠪᠣᠯᠤᠭ᠍ᠰᠠᠨ᠎ᠤ ᠬᠤᠪᠢ᠎ᠳᠤ᠂ ᠠᠮᠢ ᠨᠠᠰᠤ᠎ᠶ᠋ᠢ ᠳᠡᠭᠡᠳᠦᠯᠡᠬᠦ᠂ ᠤᠯᠤᠰ ᠳᠠᠶᠠᠭᠠᠷ ᠰᠡᠳᠭᠢᠯ ᠨᠢᠭᠡᠳᠬᠦ᠂ ᠦᠬᠦᠵᠤ ᠰᠡᠭᠡᠬᠦ᠌᠎ᠶ᠋ᠢ ᠦᠯᠦ᠍ ᠬᠠᠢᠬᠤᠷᠬᠤ᠂ ᠱᠢᠨᠵᠢᠯᠡᠬᠦ᠌ ᠤᠬᠠᠭᠠᠨ᠎ᠢ ᠬᠦᠨᠳᠦᠳᠭᠡᠬᠦ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠢᠵᠢᠭ᠎ᠲᠠᠢ ᠲᠡᠮᠡᠴᠡᠬᠦ᠌ ᠠᠭᠤᠤ ᠶᠡᠭᠡ ᠵᠣᠷᠢᠭ ᠰᠠᠨᠠᠭ᠎ᠠ᠎ᠶ᠋ᠢ ᠨᠢᠭᠡᠨᠲᠡ ᠥᠪᠡᠷ᠎ᠤᠨ ᠤᠭᠤᠷᠠᠭ ᠲᠠᠷᠢᠬᠢᠨ᠎ᠳᠠᠭᠠᠨ ᠱᠢᠩᠭᠡᠵᠦ᠍᠂ ᠨᠢᠭᠡ ᠨᠠᠰᠤᠨ᠎ᠤ ᠡᠷᠬᠢᠮ ᠨᠠᠨᠳᠢᠨ ᠤᠶᠤᠨ ᠰᠠᠨᠠᠭᠠᠨ᠎ᠤ ᠥᠪ ᠬᠦᠷᠦᠩᠭᠡ᠎ᠪᠠᠨ ᠪᠣᠯᠭᠠᠨ᠎ᠠ ᠭᠡᠵᠤ ᠪᠤᠳᠤᠯ᠎ᠢᠶᠠᠨ ᠲᠡᠯᠭᠡᠵᠤ ᠵᠤᠷᠢᠭ᠎ᠢᠶᠠᠨ ᠬᠦᠪᠴᠢᠯᠠᠨ᠎ᠠ᠃
【 ᠦᠨᠳᠦᠰᠦᠨ ᠱᠠᠳᠤᠨ᠎ᠤ ᠲᠠᠭᠤᠨ 】
ᠪᠣᠳᠠᠲᠤ ᠠᠵᠢᠯᠯᠠᠭ᠎ᠠ᠎ᠪᠠᠷ᠎ᠢᠶᠠᠨ ᠤᠯᠤᠰ᠎ᠢᠶᠠᠨ ᠬᠠᠢᠷᠠᠯᠠᠬᠤ ᠰᠡᠳᠭᠢᠯᠭᠡ᠎ᠪᠠᠨ ᠲᠤᠳᠤᠷᠠᠭᠤᠯᠤᠨ᠎ᠠ
ᠰᠤᠷᠪᠤᠯᠵᠢᠯᠠᠭ᠍ᠴᠢ ᠸᠠᠩ ᠺᠦᠨ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠥᠷᠪᠡᠳᠦᠭᠡᠷ ᠡᠮᠨᠡᠯᠭᠡ᠎ᠶ᠋ᠢᠨ ᠬᠤᠷᠢᠶ᠎ᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠲᠣᠭ᠍ᠲᠠᠭ᠍ᠰᠠᠨ ᠴᠡᠭ᠎ᠤᠨ ᠭᠥᠯᠢᠶᠡᠨ ᠠᠪᠴᠤ᠌ ᠡᠮᠨᠡᠬᠦ᠌ ᠡᠮᠨᠡᠯᠭᠡ᠎ᠶ᠋ᠢᠨ ᠬᠤᠷᠢᠶ᠎ᠠ᠎ᠪᠠᠷ ᠲᠣᠭ᠍ᠳᠠᠭᠠᠭ᠍ᠳᠠᠭ᠍ᠰᠠᠨᠤ ᠳᠠᠷᠠᠭ᠎ᠠ᠂ ᠡᠮᠨᠡᠯᠭᠡ᠎ᠶ᠋ᠢᠨ ᠬᠤᠷᠢᠶ᠎ᠠ ᠲᠡᠷᠡ ᠳᠠᠷᠤᠶᠳᠤᠨᠢ ᠡᠯ᠎ᠡ ᠡᠮᠴᠢᠯᠡᠭᠡᠨ᠎ᠤ ᠰᠠᠯᠠᠭ᠎ᠠ ᠲᠠᠰᠤᠭ᠎ᠠᠴᠠ ᠣᠯᠠᠨ ᠲᠤᠬᠠᠢᠯᠠᠭ᠍ᠰᠠᠨ ᠠᠵᠢᠯ᠎ᠤᠨ ᠭᠤᠤᠯᠯᠠᠭ᠍ᠴᠢ ᠬᠦᠴᠦᠨ᠎ᠢ ᠲᠠᠲᠠᠵᠤ ᠠᠪᠤᠷᠠᠨ ᠡᠮᠨᠡᠬᠦ᠌ ᠪᠠᠴᠢᠮ ᠪᠠᠢᠳᠠᠯ᠎ᠢ ᠠᠷᠭᠠᠴᠠᠭᠠᠬᠤ ᠱᠠᠲᠤᠯᠢᠭ ᠠᠩᠭᠢ ᠪᠠᠢᠭᠤᠯᠬᠤ᠎ᠳᠤ᠂ ᠠᠮᠢᠰᠭᠤᠯ᠎ᠤᠨ ᠳᠣᠲᠣᠷ ᠰᠠᠯᠠᠭᠠᠨ᠎ᠤ ᠡᠷᠬᠢᠯᠡᠭ᠌ᠴᠢ ᠭᠤᠸᠠᠨ ᠯᠢ ᠶᠢᠩ ᠨᠢᠭᠡᠳᠦᠭᠡᠷ ᠱᠠᠲᠤᠯᠢᠭ ᠠᠩᠭᠢ᠎ᠶ᠋ᠢᠨ ᠳᠠᠷᠤᠭ᠎ᠠ᠎ᠶ᠋ᠢᠨ ᠲᠤᠱᠢᠶᠠᠯ᠎ᠢ ᠡᠭᠦᠷᠭᠡᠯᠡᠭ᠌ᠰᠡᠨ ᠶᠤᠮ᠃
2020 ᠣᠨ᠎ᠤ 1 ᠰᠠᠷ᠎ᠠ᠎ᠶ᠋ᠢᠨ 26 ᠤ ᠡᠳᠦᠷ᠂ ᠴᠠᠭᠠᠨ ᠰᠠᠷ᠎ᠠ᠎ᠶ᠋ᠢᠨ ᠱᠢᠨ᠎ᠡ᠎ᠶ᠋ᠢᠨ ᠬᠤᠶᠠᠷ᠎ᠲᠤ᠌᠂ ᠡᠮᠨᠡᠯᠭᠡ᠎ᠶ᠋ᠢᠨ ᠬᠤᠷᠢᠶ᠎ᠠ 《ᠱᠢᠨ᠎ᠡ ᠬᠡᠯᠪᠡᠷᠢ᠎ᠶ᠋ᠢᠨ ᠲᠢᠲᠢᠮᠯᠢᠭ ᠸᠢᠷᠦ᠋ᠰ᠎ᠠᠴᠠ ᠬᠠᠯᠳᠠᠪᠤᠷᠢᠯᠠᠭ᠍ᠰᠠᠨ ᠠᠭᠤᠰᠭᠢᠨ᠎ᠤ ᠦᠷᠪᠢᠰᠦᠯ᠎ᠢ ᠡᠮᠨᠡᠨ ᠵᠠᠰᠠᠬᠤ ᠨᠢᠭᠡᠳᠦᠭᠡᠷ ᠱᠠᠲᠤᠯᠢᠭ ᠠᠩᠭᠢ᠎ᠶ᠋ᠢᠨ ᠲᠦᠷ ᠴᠠᠭ᠎ᠤᠨ ᠨᠠᠮ᠎ᠤᠨ ᠡᠭᠦᠷ》 ᠢ ᠪᠠᠴᠢᠮ ᠪᠠᠢᠭᠤᠯᠵᠤ᠂ ᠭᠤᠸᠠᠨ ᠯᠢ ᠶᠢᠩ ᠲᠦᠷ ᠴᠠᠭ᠎ᠤᠨ ᠨᠠᠮ᠎ᠤᠨ ᠡᠭᠦᠷ᠎ᠤᠨ ᠱᠦᠵᠢ᠎ᠶ᠋ᠢᠨ ᠲᠤᠱᠢᠶᠠᠯ᠎ᠢ ᠡᠭᠦᠷᠭᠡᠯᠡᠪᠡ᠃
《ᠨᠢᠭᠡ ᠨᠠᠮ᠎ᠤᠨ ᠭᠡᠱᠢᠭᠦᠨ ᠪᠣᠯ ᠨᠢᠭᠡ ᠲᠤᠭ ᠲᠡᠮᠳᠡᠭ᠂ ᠨᠢᠭᠡ ᠨᠠᠮ᠎ᠤᠨ ᠡᠭᠦᠷ ᠪᠣᠯ ᠨᠢᠭᠡ ᠪᠠᠬᠢᠯᠡᠯᠲᠡ ᠮᠥᠨ᠃ ᠬᠢᠵᠢᠭ᠎ᠤᠨ ᠪᠠᠢᠳᠠᠯ᠎ᠤᠨ ᠡᠮᠦᠨ᠎ᠡ᠂ ᠡᠪ ᠬᠠᠮᠲᠤ ᠨᠠᠮ᠎ᠤᠨ ᠭᠡᠱᠢᠭᠦᠨ ᠬᠤᠱᠢᠭᠤᠴᠢ ᠵᠢᠱ᠌ᠢᠶᠡᠴᠢ ᠦᠢᠯᠡᠳᠦᠯ᠎ᠢᠶᠠᠨ ᠪᠠᠳᠠᠷᠠᠭᠤᠯᠬᠤ ᠬᠡᠷᠡᠭ᠌ᠲᠡᠢ》 ᠭᠡᠵᠤ ᠭᠤᠸᠠᠨ ᠯᠢ ᠶᠢᠩ ᠭᠡᠯᠡᠨ᠎ᠠ᠃
ᠲᠤᠬᠠᠶ᠎ᠶ᠋ᠢᠨ ᠭᠠᠵᠠᠷ᠎ᠤᠨ ᠣᠨᠣᠱᠢᠯᠠᠭ᠍ᠰᠠᠨ ᠡᠪᠡᠳᠴᠢᠨ᠎ᠤ ᠵᠢᠱ᠌ᠢᠶ᠎ᠡ᠎ᠶ᠋ᠢ ᠪᠦᠬᠦᠨ᠎ᠢ ᠴᠡᠪᠡᠷᠯᠡᠵᠦ᠍᠂ ᠣᠨᠣᠱᠢᠯᠠᠭ᠍ᠰᠠᠨ ᠡᠪᠡᠳᠴᠢᠨ᠎ᠤ ᠵᠢᠱ᠌ᠢᠶ᠎ᠡ ᠪᠦᠬᠦᠨ᠎ᠢᠶᠠᠷ᠎ᠢᠶᠠᠨ ᠡᠳᠡᠭᠡᠷᠡᠵᠦ᠍᠂ ᠥᠭᠦᠭ᠌ᠰᠡᠨ ᠬᠥᠮᠦᠨ ᠥᠬᠡᠶ᠂ ᠡᠮᠤᠨ᠎ᠠ ᠹᠷᠣᠨᠲ᠎ᠤᠨ ᠡᠮᠴᠢ ᠰᠤᠪᠢᠯᠠᠭ᠍ᠴᠢᠳ ᠬᠠᠯᠳᠠᠪᠤᠷᠢᠯᠠᠭ᠍ᠳᠠᠭ᠍ᠰᠠᠨ ᠥᠬᠡᠶ ᠱᠠᠲᠤᠴᠢ ᠴᠢᠨᠠᠷᠲᠠᠶ ᠢᠯᠠᠯᠲᠠ᠎ᠶ᠋ᠢ ᠣᠯᠤᠭ᠍ᠰᠠᠨ᠎ᠤ ᠳᠠᠷᠠᠭ᠎ᠠ᠂ ᠳᠥᠷᠪᠡᠳᠦᠭᠡᠷ ᠡᠮᠨᠡᠯᠭᠡ᠎ᠶ᠋ᠢᠨ ᠬᠤᠷᠢᠶ᠎ᠠ ᠪᠠᠰᠠ ᠣᠯᠠᠨ ᠤᠯᠤᠰ᠎ᠤᠨ ᠵᠢᠱᠢᠶᠠᠨ᠎ᠤ ᠨᠢᠰᠭᠡᠯ᠎ᠢ ᠬᠥᠬᠡᠬᠤᠲᠠ᠎ᠳᠤ ᠬᠤᠪᠢᠶᠠᠨ ᠪᠠᠭᠤᠯᠭᠠᠵᠤ ᠬᠢᠯᠢ᠎ᠳᠤ ᠣᠷᠣᠵᠤ ᠢᠷᠡᠭ᠌ᠰᠡᠨ ᠬᠥᠮᠦᠰ᠎ᠢ ᠱᠢᠭ᠌ᠰᠢᠨ ᠪᠠᠢᠴᠠᠭᠠᠬᠤ ᠪᠠ ᠠᠪᠤᠷᠠᠨ ᠵᠠᠰᠠᠬᠤ ᠠᠵᠢᠯ᠎ᠢ ᠰᠠᠢᠲᠤᠷ ᠬᠢᠬᠦ᠌ ᠮᠡᠳᠡᠭ᠌ᠳᠡᠯ᠎ᠢ ᠤᠯᠪᠠ᠃
《ᠡᠨᠡ ᠤᠳᠠᠭ᠎ᠠ᠎ᠶ᠋ᠢᠨ ᠬᠢᠵᠢᠭ᠎ᠤᠨ ᠪᠠᠢᠳᠠᠯ᠎ᠤᠨ ᠨᠠᠳᠠ᠎ᠳᠤ ᠥᠭ᠌ᠭᠦᠭ᠌ᠰᠡᠨ ᠬᠠᠮᠤᠭ᠎ᠤᠨ ᠶᠡᠭᠡ ᠲᠦᠷᠦᠭ᠌ᠳᠡᠯ ᠪᠣᠯ ᠤᠯᠠᠨ᠎ᠤ ᠰᠡᠳᠭᠢᠯ ᠨᠡᠩ ᠨᠢᠬ᠍ᠳᠠᠷᠠᠵᠤ ᠢᠷᠡᠪᠡ᠃ ᠤᠯᠤᠰ᠎ᠢᠶᠠᠨ ᠬᠠᠢᠷᠠᠯᠠᠬᠤ ᠭᠡᠳᠡᠭ᠎ᠨᠢ ᠮᠠᠰᠢ ᠪᠣᠳᠠᠲᠠᠢ ᠶᠠᠪᠤᠳᠠᠯ ᠪᠣᠯᠵᠠᠢ᠃ ᠬᠢᠵᠢᠭ᠎ᠤᠨ ᠪᠠᠢᠳᠠᠯ ᠡᠭᠦᠰᠦᠭ᠌ᠰᠡᠨ ᠠᠩᠬᠠᠨ᠎ᠤ ᠬᠤᠭᠤᠴᠠᠭᠠᠨ᠎ᠳᠤ᠂ ᠮᠠᠰᠢ ᠤᠯᠠᠨ ᠬᠥᠮᠦᠨ ᠤᠬᠠᠮᠰᠠᠷ᠎ᠠᠴᠠ᠎ᠪᠠᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠳᠤ ᠬᠠᠮᠵᠢᠯᠴᠠᠪᠠ᠃ ᠡᠨᠡ ᠪᠣᠯ ᠨᠢᠭᠡ ᠵᠦᠢᠯ᠎ᠤᠨ ᠤᠯᠤᠰ᠎ᠢᠶᠠᠨ ᠬᠠᠢᠷᠠᠯᠠᠬᠤ ᠰᠡᠳᠭᠢᠯᠭᠡ᠎ᠶ᠋ᠢᠨ ᠢᠯᠡᠷᠡᠯ ᠪᠣᠯᠤᠨ᠎ᠠ》 ᠭᠡᠵᠤ ᠭᠤᠸᠠᠨ ᠯᠢ ᠶᠢᠩ ᠰᠡᠳᠭᠢᠯ ᠳᠤᠬ᠍ᠳᠤᠯᠤᠨ ᠬᠡᠯᠡᠨ᠎ᠠ᠃