ᠨᠡᠭᠦᠷᠡᠰᠦᠨ᠎ᠤ ᠲᠡᠷᠢᠭᠦᠨ᠎ᠤ ᠦᠢᠯᠡᠳᠪᠤᠷᠢᠯᠡᠯ᠎ᠤᠨ ᠴᠢᠳᠠᠪᠤᠷᠢ᠎ᠶ᠋ᠢ ᠲᠦᠷᠭᠡᠨ ᠪᠠᠳᠠᠷᠠᠭᠤᠯᠬᠤ᠎ᠶ᠋ᠢᠨ ᠲᠦᠯᠦᠭᠡ᠂ ᠤᠯᠤᠰ ᠪᠠ ᠦᠪᠡᠷᠳᠡᠭᠡᠨ ᠵᠠᠰᠠᠬᠤ ᠤᠷᠤᠨ᠎ᠤ ᠬᠤᠯᠪᠤᠭ᠍ᠳᠠᠯ ᠪᠦᠬᠦᠢ ᠰᠠᠯᠠᠭ᠎ᠠ ᠮᠦᠴᠢᠷ᠎ᠠᠴᠠ ᠵᠠᠳᠠᠭᠠᠢ ᠨᠡᠭᠦᠷᠡᠰᠤᠨ ᠠᠭᠤᠷᠬᠠᠢ᠎ᠶ᠋ᠢᠨ ᠭᠠᠵᠠᠷ ᠬᠡᠷᠡᠭ᠌ᠯᠡᠬᠦ᠌ ᠵᠦᠪᠱᠢᠶᠡᠷᠡᠯ᠎ᠢ ᠦᠷᠭᠦᠯᠵᠢᠯᠡᠨ ᠤᠯᠭᠤᠬᠤ ᠠᠵᠢᠯ᠎ᠢ ᠢᠳᠡᠪᠬᠢᠳᠠᠢ ᠠᠬᠢᠭᠤᠯᠵᠤ ᠪᠠᠢᠨ᠎ᠠ᠃ ᠮᠠᠨ᠎ᠤ ᠤᠷᠤᠨ 7 ᠰᠠᠷ᠎ᠠ᠎ᠳᠤ 20 ᠭᠠᠷᠤᠢ ᠵᠠᠳᠠᠭᠠᠢ ᠨᠡᠭᠦᠷᠡᠰᠦᠨ ᠠᠭᠤᠷᠬᠠᠢ᠎ᠳᠤ ᠭᠠᠵᠠᠷ ᠬᠡᠷᠡᠭ᠌ᠯᠡᠬᠦ᠌ ᠵᠦᠪᠱᠢᠶᠡᠷᠡᠯ᠎ᠢ ᠦᠷᠭᠦᠯᠵᠢᠯᠡᠨ ᠤᠯᠭᠤᠭ᠍ᠰᠠᠨᠤ ᠰᠠᠭᠤᠷᠢᠨ ᠲᠠᠬᠡᠷ᠎ᠠ ᠤᠢ᠍ᠢᠷ᠎ᠠ᠎ᠳᠤ ᠪᠠᠰᠠ ᠤᠷᠳᠤᠰ᠎ᠤᠨ 16 ᠵᠠᠳᠠᠭᠠᠢ ᠨᠡᠭᠦᠷᠡᠰᠦᠨ ᠠᠭᠤᠷᠬᠠᠢ᠎ᠳᠤ ᠭᠠᠵᠠᠷ ᠬᠡᠷᠡᠭ᠌ᠯᠡᠬᠦ᠌ ᠵᠦᠪᠱᠢᠶᠡᠷᠡᠯ᠎ᠢ ᠦᠷᠭᠦᠯᠵᠢᠯᠡᠨ ᠤᠯᠭᠤᠵᠤ᠂ ᠬᠡᠪ᠎ᠤᠨ ᠦᠢᠯᠡᠳᠪᠤᠷᠢᠯᠡᠯ᠎ᠢᠶᠠᠨ ᠰᠡᠷᠭᠦᠭᠡᠬᠦ᠌᠎ᠶ᠋ᠢ᠎ᠨᠢ ᠠᠬᠢᠭᠤᠯᠵᠠᠢ᠃
ᠦᠪᠡᠷᠳᠡᠭᠡᠨ ᠵᠠᠰᠠᠬᠤ ᠤᠷᠤᠨ᠎ᠤ ᠬᠦᠭ᠌ᠵᠢᠭᠦᠯᠦᠯᠳᠡ ᠪᠠ ᠦᠭᠡᠷᠡᠴᠢᠯᠡᠯᠳᠡ᠎ᠶ᠋ᠢᠨ ᠵᠦᠪᠯᠡᠯ᠎ᠠᠴᠠ ᠤᠢ᠍ᠢᠯᠠᠭᠠᠭ᠍ᠰᠠᠨ᠎ᠢᠶᠠᠷ᠂ ᠮᠠᠨ᠎ᠤ ᠤᠷᠤᠨ ᠵᠢᠯ᠎ᠤᠨ ᠦᠢᠯᠡᠳᠪᠤᠷᠢᠯᠡᠯ᠎ᠤᠨ ᠴᠢᠳᠠᠪᠤᠷᠢ᠎ᠨᠢ 2500 ᠲᠦᠮᠡᠨ ᠳᠤᠨ ᠤᠷᠴᠢᠮ ᠬᠦᠷᠬᠦ᠌ ᠵᠢᠴᠢ 5000 ᠲᠦᠮᠡᠨ ᠳᠤᠨ ᠬᠦᠷᠬᠦ᠌ ᠵᠠᠳᠠᠭᠠᠢ ᠨᠡᠭᠦᠷᠡᠰᠦᠨ ᠠᠭᠤᠷᠬᠠᠢ᠎ᠶ᠋ᠢᠨ ᠭᠠᠵᠠᠷ ᠬᠡᠷᠡᠭ᠌ᠯᠡᠬᠦ᠌ ᠵᠦᠪᠱᠢᠶᠡᠷᠡᠯ᠎ᠢ 9 ᠰᠠᠷ᠎ᠠ᠎ᠶ᠋ᠢᠨ ᠳᠤᠮᠳᠠᠴᠢ᠎ᠪᠠᠷ ᠤᠯᠭᠤᠬᠤ ᠪᠤᠯᠤᠨ᠎ᠠ᠃ ᠡᠳᠡᠭᠡᠷ ᠵᠠᠳᠠᠭᠠᠢ ᠨᠡᠭᠦᠷᠡᠰᠦᠨ ᠠᠭᠤᠷᠬᠠᠢ ᠪᠦᠬᠦᠳᠡᠭᠡᠷ ᠬᠡᠪ᠎ᠤᠨ ᠦᠢᠯᠡᠳᠪᠤᠷᠢᠯᠡᠯ᠎ᠢᠶᠠᠨ ᠰᠡᠷᠭᠦᠭᠡᠪᠡᠯ ᠮᠠᠨ᠎ᠤ ᠤᠷᠤᠨ᠎ᠤ ᠨᠡᠭᠦᠷᠡᠰᠦᠨ᠎ᠤ ᠭᠠᠷᠤᠯᠳᠠ ᠰᠠᠷ᠎ᠠ᠎ᠳᠠᠭᠠᠨ 700 ᠲᠦᠮᠡᠨ ᠳᠤᠨ ᠨᠡᠮᠡᠭ᠌ᠳᠡᠬᠦ᠌ ᠪᠤᠯᠤᠨ᠎ᠠ᠃
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号