ᠬᠤᠪᠢᠰᠭᠠᠯ᠎ᠤᠨ ᠤᠳᠤᠮᠱᠢᠯ᠎ᠢ ᠰᠠᠢᠲᠤᠷ ᠤᠯᠠᠮᠵᠢᠯᠠᠵᠤ ᠬᠤᠪᠢᠰᠭᠠᠯ᠎ᠤᠨ ᠠᠭᠤᠯᠠ ᠤᠰᠤ᠎ᠶ᠋ᠢ ᠦᠶ᠎ᠡ᠎ᠶ᠋ᠢᠨ ᠦᠶ᠎ᠡ ᠵᠠᠯᠭᠠᠮᠵᠢᠯᠠᠬᠤ ᠬᠡᠷᠡᠭ᠌ᠲᠡᠢ
2021-09-14 17:16:32
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠴᠡᠷᠢᠭ ᠠᠩᠬᠢ᠎ᠳᠤ ᠠᠪᠴᠤ᠌ ᠬᠡᠯᠡᠪᠡᠯ᠂ ᠢᠲᠡᠭᠡᠯ ᠪᠢᠱᠢᠷᠡᠯ᠎ᠢᠶᠠᠨ ᠪᠠᠲᠤᠳᠭᠠᠬᠤ᠎ᠶ᠋ᠢᠨ ᠬᠠᠮᠤᠭ᠎ᠤᠨ ᠭᠤᠣᠯ ᠬᠠᠮᠤᠭ᠎ᠤᠨ ᠴᠢᠬᠤᠯᠠ ᠵᠦᠢᠯ ᠪᠣᠯ ᠴᠡᠷᠢᠭ᠎ᠤᠨ ᠰᠦᠭ ᠰᠦᠨᠡᠰᠦ᠎ᠶ᠋ᠢ ᠪᠠᠲᠤ ᠴᠣᠭ᠍ᠴᠠᠯᠠᠵᠤ᠂ ᠴᠡᠷᠢᠭ ᠠᠩᠬᠢ᠎ᠳᠠᠬᠢ ᠨᠠᠮ᠎ᠤᠨ ᠬᠠᠷᠢᠴᠠᠯᠠᠱᠢᠭᠦᠢ ᠤᠳᠤᠷᠢᠳᠤᠯᠭ᠎ᠠ᠎ᠶ᠋ᠢ ᠡᠷᠡᠰ ᠭᠤᠢᠪᠢᠰᠢ ᠦᠭᠡᠢ ᠪᠠᠷᠢᠮᠲᠠᠯᠠᠬᠤ ᠶᠠᠪᠤᠳᠠᠯ ᠪᠣᠯᠤᠨ᠎ᠠ᠃ ᠰᠠᠶᠢᠬᠠᠨ᠂ ᠴᠡᠷᠢᠭ᠎ᠤᠨ ᠲᠡᠦᠬᠡ᠎ᠶ᠋ᠢᠨ ᠣᠷᠳᠣᠨ᠎ᠢ ᠲᠣᠭᠤᠷᠢᠨ ᠦᠵᠡᠬᠦ᠌᠎ᠳᠤ ᠪᠢ ᠤᠷᠳᠤ ᠵᠠᠮ᠎ᠤᠨ ᠠᠶᠠᠨ ᠲᠠᠢᠨ᠎ᠳᠠᠬᠢ ᠤᠯᠠᠭᠠᠨ 31 ᠳ᠋ᠦ᠍ᠭᠡᠷ ᠠᠷᠮᠢ᠎ᠶ᠋ᠢᠨ 93 ᠳ᠋ᠤᠭᠠᠷ ᠳ᠋ᠢᠸᠢᠽᠢ᠎ᠶ᠋ᠢᠨ 274 ᠳ᠋ᠦ᠍ᠭᠡᠷ  ᠬᠤᠷᠢᠶ᠎ᠠ᠎ᠶ᠋ᠢᠨ 《ᠬᠠᠭᠠᠰ ᠬᠡᠰᠡᠭ ᠰᠤᠷ ᠲᠡᠯᠡᠢ》 ᠎ᠶ᠋ᠢᠨ ᠦᠯᠢᠬᠡᠷ᠎ᠲᠤ ᠮᠠᠰᠢ ᠭᠦᠨ ᠲᠦᠷᠦᠭ᠌ᠳᠡᠯ᠎ᠲᠠᠢ ᠪᠠᠢᠯ᠎ᠠ᠃ ᠤᠯᠠᠭᠠᠨ ᠴᠡᠷᠢᠭ᠎ᠤᠨ ᠪᠠᠢᠯᠳᠤᠭ᠍ᠴᠢᠳ ᠥᠯᠥᠰᠴᠦ᠍ ᠥᠯᠪᠡᠷᠦᠭ᠌ᠰᠡᠨ ᠴᠤ᠌ ᠬᠠᠭᠠᠰ ᠬᠡᠰᠡᠭ ᠰᠤᠷ ᠲᠡᠯᠡᠢ᠎ᠪᠠᠨ ᠦᠯᠡᠳᠡᠭᠡᠵᠦ᠍ 《ᠶᠠᠨ ᠠᠨ᠎ᠳᠤ ᠣᠴᠢᠵᠤ ᠮᠠᠤ ᠲᠡᠷᠢᠭᠦᠯᠡᠭ᠌ᠴᠢ᠎ᠲᠠᠢ ᠠᠭᠤᠯᠵᠠᠨ᠎ᠡ》᠃ ᠡᠨᠡ ᠪᠣᠯ ᠢᠲᠡᠭᠡᠯ ᠪᠢᠱᠢᠷᠡᠯ᠎ᠤᠨ ᠬᠦᠴᠦᠨ ᠮᠥᠨ᠂ 《ᠰᠡᠳᠭᠢᠯ ᠱᠢᠭᠤᠳᠤᠨ ᠨᠠᠮ᠎ᠢᠶᠠᠨ ᠳᠠᠭᠠᠬᠤ》 ᠠᠮᠢᠳᠤᠯᠢᠭ ᠵᠢᠷᠤᠭ᠍ᠯᠠᠯ ᠮᠥᠨ᠃ ᠴᠡᠷᠢᠭ ᠠᠩᠬᠢ᠎ᠳᠤ ᠡᠢᠮᠦᠷᠬᠦᠦ ᠬᠤᠪᠢᠰᠭᠠᠯ᠎ᠤᠨ ᠡᠬᠢ ᠪᠠᠶᠠᠯᠢᠭ ᠮᠠᠰᠢ ᠤᠯᠠᠨ ᠪᠠᠢᠨ᠎ᠠ᠂ 《ᠬᠤᠪᠢᠰᠭᠠᠯᠲᠤ ᠤᠳᠤᠮᠱᠢᠯ᠎ᠢ ᠦᠶ᠎ᠡ᠎ᠶ᠋ᠢᠨ ᠦᠶ᠎ᠡ᠎ᠳᠤ ᠤᠯᠠᠮᠵᠢᠯᠠᠬᠤ》 ᠢᠨᠵᠧᠨᠧᠷᠢᠩ᠎ᠤᠨ ᠠᠭᠤᠯᠤᠭ᠍ᠳᠠᠬᠤᠨ᠎ᠢ ᠰᠠᠢᠲᠤᠷ ᠠᠭᠤᠳᠠᠯᠵᠤ᠂ ᠰᠠᠢᠲᠤᠷ ᠠᠱᠢᠭ᠍ᠯᠠᠵᠤ᠂ ᠪᠠᠶᠠᠯᠢᠭ᠍ᠵᠢᠭᠤᠯᠵᠤ᠂ ᠨᠠᠮ᠎ᠤᠨ ᠲᠡᠦᠬᠡ ᠴᠡᠷᠢᠭ᠎ᠤᠨ ᠲᠡᠦᠬᠡ ᠪᠣᠯᠤᠨ ᠢᠷᠠᠭᠤ ᠠᠯᠳᠠᠷᠲᠤ ᠤᠯᠠᠮᠵᠢᠯᠠᠯ᠎ᠤᠨ ᠬᠥᠮᠦᠵᠢᠯ᠎ᠢ ᠴᠢᠩᠭᠠᠳᠭᠠᠵᠤ᠂ ᠳᠠᠷᠤᠭ᠎ᠠ ᠪᠠᠢᠯᠳᠤᠭ᠍ᠴᠢᠳ᠎ᠤᠨ ᠡᠭᠦᠷᠢᠳᠡ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠬᠤ᠎ᠶ᠋ᠢ ᠪᠠᠲᠤᠯᠠᠬᠤ ᠬᠡᠷᠡᠭ᠌ᠲᠡᠢ᠃

(ᠰᠢ᠎ᠶ᠋ᠢᠨ ᠫᠢᠩ᠎ᠤᠨ 2016 ᠣᠨ᠎ᠤ 1 ᠰᠠᠷ᠎ᠠ᠎ᠶ᠋ᠢᠨ 5 ᠎ᠤ ᠡᠳᠦᠷ 13 ᠳ᠋ᠤᠭᠠᠷ ᠨᠢᠭᠡᠳᠭᠡᠯ ᠠᠷᠮᠢ᠎ᠶ᠋ᠢ ᠪᠠᠢᠴᠠᠭᠠᠨ ᠦᠵᠡᠬᠦ᠌ ᠦᠶ᠎ᠡ᠎ᠶ᠋ᠢᠨ ᠶᠠᠷᠢᠶ᠎ᠠ᠎ᠠᠴᠠ)᠃

ᠵᠢᠩᠭᠠᠩᠱᠠᠨ ᠠᠭᠤᠯᠠ ᠪᠣᠯ ᠬᠤᠪᠢᠰᠭᠠᠯ᠎ᠤᠨ ᠠᠭᠤᠯᠠ ᠮᠥᠨ᠂ ᠪᠠᠢᠯᠳᠤᠭᠠᠨ᠎ᠤ ᠠᠭᠤᠯᠠ ᠮᠥᠨ᠂ ᠪᠠᠰᠠ ᠴᠤ᠌ ᠪᠠᠭᠠᠳᠤᠷᠴᠤᠳ᠎ᠤᠨ ᠠᠭᠤᠯᠠ ᠮᠥᠨ᠂ ᠢᠷᠠᠭᠤ ᠠᠯᠳᠠᠷᠲᠤ ᠠᠭᠤᠯᠠ ᠮᠥᠨ᠂ ᠬᠤᠪᠢᠰᠭᠠᠯ᠎ᠤᠨ ᠦᠷᠡᠭ᠌ᠳᠡᠭ᠌ᠰᠡᠨ ᠪᠠᠭᠠᠲᠤᠷᠴᠤᠳ᠎ᠢ ᠳᠤᠷᠠᠰᠤᠨ ᠰᠠᠨᠠᠭᠠᠯᠵᠠᠬᠤ ᠪᠦᠷᠢ ᠦᠵᠡᠯ ᠰᠠᠨᠠᠭ᠎ᠠ ᠠᠷᠢᠭᠤᠳᠭᠠᠭ᠍ᠳᠠᠵᠤ᠂ ᠰᠡᠳᠭᠢᠯ ᠬᠦᠳᠡᠯᠳᠡᠭ᠃ ᠥᠩᠭᠡᠷᠡᠭ᠌ᠰᠡᠨ᠎ᠤ ᠲᠡᠷᠡ ᠬᠦ᠌ ᠭᠠᠢᠬᠠᠮᠱᠢᠭ᠍ᠲᠤ ᠤᠨ ᠰᠠᠷ᠎ᠠ᠎ᠶ᠋ᠢ ᠡᠷᠭᠢᠴᠡᠭᠦᠯᠬᠦᠶ᠎ᠡ᠂ ᠪᠢᠳᠡ ᠬᠤᠪᠢᠰᠭᠠᠯ᠎ᠤᠨ ᠦᠷᠡᠭ᠌ᠳᠡᠭ᠌ᠰᠡᠨ ᠪᠠᠭᠠᠲᠤᠷᠴᠤᠳ᠎ᠲᠤ ᠡᠷᠬᠢᠮ ᠳᠡᠭᠡᠳᠦ ᠬᠦᠨᠳᠦᠳᠭᠡᠯ ᠳᠡᠪᠱᠢᠭᠦᠯᠬᠦ᠌ ᠬᠡᠷᠡᠭ᠌ᠲᠡᠢ᠂ ᠪᠢᠳᠡ ᠲᠡᠳᠡᠨ᠎ᠢ ᠡᠭᠦᠷᠢᠳᠡ ᠳᠤᠷᠠᠰᠤᠨ ᠰᠠᠨᠠᠭᠠᠯᠵᠠᠵᠤ᠂ ᠲᠡᠳᠡᠨ᠎ᠢ ᠪᠠᠲᠤ ᠴᠡᠭᠡᠵᠢᠯᠡᠵᠦ᠍᠂ ᠲᠡᠳᠡᠨ᠎ᠤ ᠬᠤᠪᠢᠰᠭᠠᠯᠲᠤ ᠤᠳᠤᠮᠱᠢᠯ᠎ᠢ ᠰᠠᠢᠲᠤᠷ ᠤᠯᠠᠮᠵᠢᠯᠠᠬᠤ ᠬᠡᠷᠡᠭ᠌ᠲᠡᠢ᠃

(ᠰᠢ᠎ᠶ᠋ᠢᠨ ᠫᠢᠩ᠎ᠤᠨ 2016 ᠣᠨ᠎ᠤ 2 ᠰᠠᠷ᠎ᠠ᠎ᠶ᠋ᠢᠨ 1 ᠎ᠤ ᠡᠳᠦᠷ᠎ᠠᠴᠠ 3 ᠎ᠤ ᠡᠳᠦᠷ ᠪᠣᠯᠲᠠᠯ᠎ᠠ᠂ ᠴᠠᠭᠠᠨ ᠰᠠᠷ᠎ᠠ᠎ᠠᠴᠠ ᠡᠮᠦᠨᠡᠬᠡᠨ ᠵᠢᠶᠠᠩᠰᠢ᠎ᠳᠤ ᠬᠦᠷᠴᠦ᠍ ᠺᠠᠳ᠋ᠷ ᠤᠯᠠᠨ ᠲᠦᠮᠡᠨ᠎ᠢ ᠡᠷᠬᠢᠨ ᠦᠵᠡᠵᠦ᠍ ᠲᠣᠬᠤᠨᠢᠭᠤᠯᠬᠤ ᠦᠶ᠎ᠡ᠎ᠶ᠋ᠢᠨ ᠶᠠᠷᠢᠶ᠎ᠠ᠎ᠠᠴᠠ)᠃

ᠢᠷᠡᠯᠲᠡ᠄ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠤᠬᠡ᠎ᠶ᠋ᠢ ᠦᠭᠦᠯᠡᠭ᠌ᠰᠡᠨ᠎ᠨᠢ》)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号