ᠮᠠᠨ᠎ᠤ ᠤᠷᠤᠨ 《ᠮᠣᠩᠭᠤᠯ ᠦᠭᠡ ᠬᠡᠯᠡ ᠦᠰᠦᠭ ᠪᠢᠴᠢᠭ᠎ᠤᠨ ᠲᠣᠮᠣ ᠳ᠋ᠠᠢᠲ᠋ᠠ᠎ᠶ᠋ᠢᠨ ᠲᠠᠪᠴᠠᠩ᠎ᠤᠨ ᠰᠤᠳᠤᠯᠭᠠᠨ ᠬᠢᠭᠡᠳ ᠪᠠᠢᠭᠤᠯᠤᠯᠲᠠ》 ᠎ᠶ᠋ᠢᠨ ᠲᠥᠷᠥᠯ ᠵᠦᠢᠯ᠎ᠢ ᠡᠬᠢᠯᠠᠬᠦᠯᠵᠡᠢ
2021-09-14 09:59:19
ᠵᠣᠬᠢᠶᠠᠭ᠍ᠴᠢ᠄
ᠪᠤᠤ ᠢᠤᠢ ᠶᠢᠩ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠥᠰᠥᠭ ᠪᠢᠴᠢᠭ᠎ᠤᠨ ᠰᠤᠳᠤᠯᠭᠠᠨ ᠬᠡᠷᠡᠭ᠌ᠯᠡᠭᠡᠨ᠎ᠤ ᠲᠥᠪ᠎ᠠᠴᠠ 《ᠮᠣᠩᠭᠤᠯ ᠦᠭᠡ ᠬᠡᠯᠡ ᠥᠰᠥᠭ ᠪᠢᠴᠢᠭ᠎ᠤᠨ ᠲᠣᠮᠣ ᠳ᠋ᠠᠢᠲ᠋ᠠ᠎ᠶ᠋ᠢᠨ ᠲᠠᠪᠴᠠᠩ᠎ᠤᠨ ᠰᠤᠳᠤᠯᠭᠠᠨ ᠬᠢᠭᠡᠳ ᠪᠠᠢᠭᠤᠯᠤᠯᠲᠠ》 ᠎ᠶ᠋ᠢᠨ ᠲᠥᠷᠥᠯ ᠵᠦᠢᠯ᠎ᠢ ᠡᠬᠢᠯᠡᠭᠦᠯᠬᠦ᠌ ᠬᠤᠷᠠᠯ᠎ᠢ ᠵᠣᠬᠢᠶᠠᠨ ᠪᠠᠢᠭᠤᠯᠤᠨ ᠬᠤᠷᠠᠯᠳᠤᠭᠤᠯᠵᠤ᠂ ᠲᠥᠷᠥᠯ ᠵᠦᠢᠯ᠎ᠤᠨ ᠶᠡᠷᠦᠩᠬᠡᠶ ᠬᠠᠷᠠᠯᠲᠠ᠂ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ᠂ ᠠᠬᠢᠴᠠ᠎ᠶ᠋ᠢᠨ ᠲᠣᠬᠢᠷᠠᠭᠤᠯᠤᠯᠲᠠ ᠪᠠ ᠵᠠᠷᠤᠳᠠᠯ᠎ᠤᠨ ᠬᠠᠮᠢᠶᠠᠷᠤᠯᠲᠠ ᠵᠡᠷᠭᠡ ᠠᠵᠢᠯ᠎ᠤᠨ ᠡᠭᠦᠷᠭᠡ᠎ᠶ᠋ᠢ ᠲᠣᠳᠣᠷᠬᠠᠢᠯᠠᠵᠠᠢ᠃

ᠤᠢ᠍ᠢᠯᠠᠭᠠᠭ᠍ᠰᠠᠨ᠎ᠢᠶᠠᠷ᠂ 《ᠮᠣᠩᠭᠤᠯ ᠦᠭᠡ ᠬᠡᠯᠡ ᠥᠰᠥᠭ ᠪᠢᠴᠢᠭ᠎ᠤᠨ ᠲᠣᠮᠣ ᠳ᠋ᠠᠢᠲ᠋ᠠ᠎ᠶ᠋ᠢᠨ ᠲᠠᠪᠴᠠᠩ᠎ᠤᠨ ᠰᠤᠳᠤᠯᠭᠠᠨ ᠬᠢᠭᠡᠳ ᠪᠠᠢᠭᠤᠯᠤᠯᠲᠠ》 ᠪᠣᠯ 2021 ᠣᠨ᠎ᠤ ᠪᠥᠬᠦ᠌ ᠣᠷᠣᠨ᠎ᠤ ᠵᠠᠩᠭᠢᠯᠠᠭ᠎ᠠ᠎ᠶ᠋ᠢᠨ ᠮᠡᠷᠭᠡᠵᠢᠯ᠎ᠤᠨ ᠪᠣᠭᠤᠮᠲᠠ ᠱᠢᠪᠲᠤᠯᠬᠤ ᠲᠥᠯᠥᠪᠯᠡᠭᠡ᠎ᠶ᠋ᠢᠨ ᠲᠥᠷᠥᠯ ᠵᠦᠢᠯ ᠪᠣᠯᠤᠨ᠎ᠠ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠥᠰᠥᠭ ᠪᠢᠴᠢᠭ᠎ᠤᠨ ᠰᠤᠳᠤᠯᠭᠠᠨ ᠬᠡᠷᠡᠭ᠌ᠯᠡᠭᠡᠨ᠎ᠤ ᠲᠥᠪ ᠪᠣᠯᠤᠨ ᠥᠪᠥᠷ ᠮᠣᠩᠭᠤᠯ᠎ᠤᠨ ᠸᠠᠩ ᡁᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠢᠯᠡᠴᠢᠯᠡᠭᠡᠨ᠎ᠤ ᠬᠢᠵᠠᠭᠠᠷᠲᠤ ᠺᠣᠮᠫᠠᠨᠢ ᠬᠠᠮᠲᠤᠷᠠᠨ ᠭᠤᠶᠤᠴᠢᠯᠠᠨ ᠮᠡᠳᠡᠭᠦᠯᠦᠭ᠌ᠰᠡᠨ ᠪᠥᠭᠡᠳ ᠵᠥᠪᠱᠢᠶᠡᠷᠡᠭ᠌ᠳᠡᠵᠦ᠍ ᠲᠥᠷᠥᠯ ᠵᠦᠢᠯ ᠪᠣᠯᠵᠠᠶ᠃ ᠲᠥᠷᠥᠯ ᠵᠦᠢᠯ ᠪᠠᠢᠭᠤᠯᠤᠭ᠍ᠳᠠᠭ᠍ᠰᠠᠨ᠎ᠤ ᠳᠠᠷᠠᠭ᠎ᠠ᠂ ᠮᠣᠩᠭᠤᠯ ᠦᠭᠡ ᠬᠡᠯᠡ ᠥᠰᠥᠭ ᠪᠢᠴᠢᠭ᠎ᠤᠨ ᠶᠡᠭᠡ ᠬᠡᠮᠵᠢᠶᠡᠨ᠎ᠤ ᠲᠤᠭ᠎ᠠ ᠪᠠᠷᠢᠮᠲᠠ᠎ᠶ᠋ᠢᠨ ᠮᠡᠳᠡᠭᠡ ᠵᠠᠩᠭᠢ᠎ᠶ᠋ᠢ ᠴᠤᠭ᠍ᠯᠠᠭᠤᠯᠬᠤ᠂ ᠲᠣᠮᠣ ᠳ᠋ᠠᠢᠲ᠋ᠠ᠎ᠶ᠋ᠢᠨ ᠵᠠᠩᠭᠢᠯᠠᠭ᠎ᠠ᠎ᠶ᠋ᠢᠨ ᠦᠭᠡ᠎ᠶ᠋ᠢ ᠭᠠᠷᠭᠠᠨ ᠠᠪᠬᠤ᠎ᠶ᠋ᠢᠨ ᠬᠠᠮᠲᠤ ᠣᠶᠤᠨᠴᠢ᠎ᠪᠠᠷ ᠵᠠᠳᠠᠯᠤᠨ ᠳᠡᠯᠭᠡᠨ ᠦᠵᠡᠭᠦᠯᠬᠦ᠌᠎ᠪᠠᠷ ᠳᠠᠮᠵᠢᠨ᠂ ᠮᠣᠩᠭᠤᠯ ᠦᠭᠡ ᠬᠡᠯᠡ ᠥᠰᠥᠭ ᠪᠢᠴᠢᠭ᠎ᠢ ᠰᠤᠷᠴᠤ᠌ ᠬᠡᠷᠡᠭ᠌ᠯᠡᠬᠦ᠌ ᠵᠡᠷᠭᠡ ᠮᠡᠳᠡᠭᠡ ᠵᠠᠩᠭᠢ᠎ᠶ᠋ᠢ ᠴᠠᠭ ᠲᠤᠬᠠᠶ᠎ᠳᠤᠨᠢ ᠪᠦᠷᠢᠯᠳᠦᠭᠦᠯᠵᠦ᠍᠂ ᠱᠢᠨᠵᠢᠯᠡᠬᠦ᠌ ᠤᠬᠠᠭᠠᠨᠴᠢ᠎ᠪᠠᠷ ᠱᠢᠢᠳᠪᠦᠷᠢᠲᠦ ᠪᠣᠳᠣᠯᠭ᠎ᠠ ᠲᠣᠭ᠍ᠲᠠᠭᠠᠬᠤ᠎ᠳᠤ ᠦᠨᠳᠦᠰᠦᠯᠡᠯ ᠬᠠᠩᠭᠠᠨ᠎ᠠ; ᠮᠣᠩᠭᠤᠯ ᠬᠡᠯᠡᠨ᠎ᠤ ᠮᠡᠳᠡᠭᠡ ᠵᠠᠩᠭᠢ᠎ᠶ᠋ᠢᠨ ᠬᠥᠳᠡᠯᠦᠩᠭᠦᠢ ᠴᠢᠳᠠᠪᠤᠷᠢ᠎ᠶ᠋ᠢ ᠴᠠᠭ ᠲᠤᠬᠠᠢ᠎ᠳᠤᠨᠢ᠂ ᠪᠦᠬᠦ᠌ ᠲᠠᠯ᠎ᠠ᠎ᠪᠠᠷ᠂ ᠪᠦᠲᠦᠮᠵᠢᠲᠡᠢ ᠡᠵᠡᠮᠱᠢᠵᠦ᠍᠂ ᠰᠦᠯᠵᠢᠶᠡᠨ᠎ᠤ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠰᠦᠯᠵᠢᠶᠡᠨ᠎ᠤ ᠶᠠᠷᠢᠶ᠎ᠠ ᠬᠡᠯᠡᠯᠴᠡᠭᠡᠨ᠎ᠤ ᠪᠠᠢᠳᠠᠯ᠎ᠢ ᠴᠠᠭ ᠲᠤᠬᠠᠢ᠎ᠳᠤᠨᠢ ᠢᠯᠡᠷᠡᠭᠦᠯᠬᠦ᠂ ᠰᠤᠳᠤᠯᠤᠨ ᠮᠠᠭᠠᠳᠯᠠᠬᠤ᠂ ᠱᠢᠢᠳᠪᠦᠷᠢᠯᠡᠬᠦ᠌᠎ᠳᠤ ᠮᠡᠷᠭᠡᠵᠢᠯ᠎ᠤᠨ ᠲᠤᠯᠭᠠᠭᠤᠷᠢᠯᠠᠯ ᠬᠠᠩᠭᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号