ᠤᠢ᠍ᠢᠷ᠎ᠠ᠎ᠳᠤ᠂ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ᠂ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ 《ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ᠎ᠶ᠋ᠢᠨ ᠲᠦᠷᠢᠮ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠲᠤᠬᠠᠢ ᠰᠠᠨᠠᠯ》 ᠢ ᠳᠠᠷᠤᠮᠠᠯᠯᠠᠨ ᠲᠠᠷᠬᠠᠭᠠᠭ᠍ᠰᠠᠨ ᠪᠥᠭᠡᠳ ᠮᠡᠳᠡᠭ᠌ᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠬᠡᠷᠡᠭ᠌ᠲᠡᠢ ᠭᠡᠵᠦ᠍ ᠱᠠᠭᠠᠷᠳᠠᠪᠠ᠃
《ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ᠎ᠶ᠋ᠢᠨ ᠲᠦᠷᠢᠮ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠲᠤᠬᠠᠶ ᠰᠠᠨᠠᠯ》 ᠤᠨ ᠪᠥᠬᠦ᠌ ᠠᠭᠤᠯᠭ᠎ᠠ᠎ᠨᠢ ᠳᠤᠤᠷᠠᠬᠢ ᠮᠡᠲᠦ᠍᠃
ᠠᠮᠢ ᠠᠬᠤᠢ ᠤᠷᠴᠢᠨ ᠲᠤᠭᠤᠷᠢᠨ ᠪᠣᠯ ᠨᠠᠮ᠎ᠤᠨ ᠡᠭᠦᠷᠭᠡ ᠬᠠᠷᠢᠭᠤᠴᠠᠯᠭ᠎ᠠ ᠵᠣᠷᠢᠯᠲᠠ᠎ᠲᠠᠢ ᠬᠤᠯᠪᠣᠭ᠍ᠳᠠᠬᠤ ᠴᠢᠬᠤᠯᠠ ᠶᠡᠭᠡ ᠤᠯᠤᠰ ᠲᠦᠷᠦ᠎ᠶ᠋ᠢᠨ ᠠᠰᠠᠭᠤᠳᠠᠯ ᠮᠥᠨ᠂ ᠪᠠᠰᠠ ᠴᠤ᠌ ᠠᠷᠠᠳ᠎ᠤᠨ ᠠᠮᠢᠳᠤᠷᠠᠯ᠎ᠲᠠᠢ ᠬᠤᠯᠪᠣᠭ᠍ᠳᠠᠬᠤ ᠴᠢᠬᠤᠯᠠ ᠶᠡᠭᠡ ᠨᠡᠢᠭᠡᠮ᠎ᠤᠨ ᠠᠰᠠᠭᠤᠳᠠᠯ ᠮᠥᠨ᠃ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ᠎ᠶ᠋ᠢᠨ ᠲᠦᠷᠢᠮ᠎ᠨᠢ ᠠᠮᠢ ᠠᠬᠤᠶ᠎ᠶ᠋ᠢᠨ ᠪᠣᠯᠪᠠᠰᠤᠨ᠎ᠤ ᠲᠦᠷᠢᠮ᠎ᠤᠨ ᠴᠢᠬᠤᠯᠠ ᠪᠦᠷᠢᠯᠳᠦᠬᠦᠨ ᠬᠡᠰᠡᠭ ᠪᠣᠯᠤᠭ᠍ᠰᠠᠨ᠎ᠤ ᠬᠤᠪᠢ᠎ᠳᠤ᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠡᠷᠬᠡ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ᠂ ᠡᠯ᠎ᠡ ᠲᠠᠯ᠎ᠠ᠎ᠶ᠋ᠢᠨ᠎ᠬᠢᠨ᠎ᠤ ᠠᠮᠢ ᠠᠬᠤᠶ᠎ᠶ᠋ᠢᠨ ᠬᠠᠮᠠᠭᠠᠯᠠᠯᠲᠠ᠎ᠳᠤ ᠣᠷᠣᠯᠴᠠᠬᠤ ᠢᠳᠡᠪᠬᠢᠵᠢᠯ᠎ᠢ ᠳᠠᠢᠴᠢᠯᠠᠬᠤ᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠠᠬᠢᠭᠤᠯᠬᠤ ᠴᠢᠬᠤᠯᠠ ᠠᠷᠭ᠎ᠠ ᠪᠠᠷᠢᠯ ᠪᠣᠯᠤᠨ᠎ᠠ᠃ ᠰᠢ᠎ᠶ᠋ᠢᠨ ᠫᠢᠩ᠎ᠤᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ᠎ᠶ᠋ᠢᠨ ᠲᠦᠷᠢᠮ᠎ᠤᠨ ᠥᠭᠡᠷᠡᠴᠢᠯᠡᠯᠲᠡ᠎ᠶ᠋ᠢ ᠤᠯᠠᠮ ᠴᠢᠨᠠᠭ᠍ᠰᠢᠳᠠ ᠭᠦᠨᠵᠡᠭᠡᠢᠷᠡᠭᠦᠯᠦᠨ᠂ ᠠᠮᠢ ᠠᠬᠤᠶ᠎ᠶ᠋ᠢᠨ ᠪᠣᠯᠪᠠᠰᠤᠨ᠎ᠤ ᠲᠦᠷᠢᠮ᠎ᠤᠨ ᠱᠢᠰᠲ᠋ᠧᠮ᠎ᠤᠨ ᠪᠠᠢᠭᠤᠯᠤᠯᠲᠠ᠎ᠶ᠋ᠢ ᠲᠦᠷᠭᠡᠳᠭᠡᠬᠦ᠌᠎ᠶ᠋ᠢᠨ ᠲᠤᠰᠠᠳᠠ᠂ ᠤᠳᠤ ᠳᠤᠤᠷᠠᠬᠢ ᠮᠡᠲᠦ ᠰᠠᠨᠠᠯ᠎ᠢ ᠳᠤᠷᠠᠳᠪᠠ᠃
ᠨᠢᠭᠡ᠂ ᠶᠡᠷᠦᠩᠬᠡᠶ ᠱᠠᠭᠠᠷᠳᠠᠯᠭ᠎ᠠ
(ᠨᠢᠭᠡ) ᠵᠢᠯᠣᠭᠤᠳᠭᠤ ᠦᠵᠡᠯ ᠰᠠᠨᠠᠭ᠎ᠠ᠃ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ᠌ ᠣᠢᠯᠠᠭᠠᠭ᠍ᠳᠠᠬᠤᠨ᠎ᠢ ᠦᠢᠯᠡᠳᠦᠯᠭᠡᠵᠢᠭᠦᠯᠵᠦ᠍᠂ ᠠᠮᠢ ᠠᠬᠤᠶ᠎ᠶ᠋ᠢᠨ ᠪᠣᠯᠪᠠᠰᠤᠨ᠎ᠤ ᠬᠦᠷᠢᠶᠡᠨ᠎ᠳᠠᠬᠢ ᠨᠢᠭᠡᠳᠦᠯᠲᠡᠶ ᠲᠦᠯᠦᠪᠵᠢᠭᠦᠯᠦᠨ ᠵᠣᠬᠢᠴᠠᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠤ᠂ ᠪᠦᠲᠦᠮᠵᠢᠲᠡᠢ ᠵᠠᠬ᠎ᠠ ᠳᠡᠯᠭᠡᠭᠦᠷ ᠪᠠ ᠨᠠᠢᠳᠠᠪᠤᠷᠢᠳᠠᠢ ᠵᠠᠰᠠᠭ᠎ᠤᠨ ᠣᠷᠳᠣᠨ᠎ᠢ ᠨᠡᠩ ᠰᠠᠢᠨ ᠤᠶᠠᠯᠳᠤᠭᠤᠯᠬᠤ᠂ ᠲᠥᠷᠥᠯ ᠬᠤᠪᠢᠶᠠᠨ ᠨᠥᠬᠦᠪᠥᠷᠢᠯᠡᠬᠦ᠌ ᠪᠠ ᠶᠡᠷᠦᠩᠬᠡᠢᠯᠡᠨ ᠨᠥᠬᠦᠪᠥᠷᠢᠯᠡᠬᠦ᠋ᠢ ᠨᠢᠭᠡᠳᠦᠯᠲᠡᠶ ᠲᠦᠯᠦᠪᠵᠢᠭᠦᠯᠬᠦ᠂ ᠭᠤᠯᠳᠤ ᠴᠢᠭ᠌ᠯᠡᠯ᠎ᠢᠶᠠᠷ ᠨᠥᠬᠦᠪᠥᠷᠢᠯᠡᠬᠦ᠌ ᠪᠠ ᠬᠥᠨᠳᠡᠯᠡᠨ ᠴᠢᠭ᠌ᠯᠡᠯ᠎ᠢᠶᠠᠷ ᠨᠥᠬᠦᠪᠥᠷᠢᠯᠡᠬᠦ᠌᠎ᠶ᠋ᠢ ᠵᠣᠬᠢᠴᠠᠭᠤᠯᠤᠨ ᠠᠬᠢᠭᠤᠯᠬᠤ᠂ ᠵᠤᠷᠢᠭ᠍ᠵᠢᠭᠤᠯᠬᠤᠶ᠋ᠢ ᠴᠢᠩᠭᠠᠳᠭᠠᠬᠤ ᠪᠠ ᠬᠢᠵᠠᠭᠠᠷᠯᠠᠬᠤ᠎ᠶ᠋ᠢ ᠴᠢᠩᠭᠠᠷᠠᠭᠤᠯᠬᠤ᠎ᠶ᠋ᠢ ᠬᠠᠮᠵᠢᠯᠴᠠᠭᠤᠯᠤᠨ ᠬᠦᠴᠦᠯᠡᠬᠦ᠌ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ᠎ᠶ᠋ᠢᠨ ᠳᠦᠷᠢᠮ᠎ᠢ ᠲᠦᠷᠭᠡᠪᠴᠢᠯᠡᠨ ᠪᠦᠷᠢᠨᠱᠢᠭᠦᠯᠵᠤ᠂ ᠪᠦᠬᠦ᠌ ᠨᠡᠢᠭᠡᠮ᠎ᠢᠶᠠᠷ᠎ᠢᠶᠠᠨ ᠪᠠᠢᠭᠠᠯᠢ᠎ᠶ᠋ᠢ ᠬᠦᠨᠳᠦᠳᠭᠡᠬᠦ᠂ ᠪᠠᠢᠭᠠᠯᠢ᠎ᠲᠠᠢ ᠵᠣᠬᠢᠴᠠᠬᠤ᠂ ᠪᠠᠢᠭᠠᠯᠢ᠎ᠶ᠋ᠢ ᠬᠠᠮᠠᠭᠠᠯᠠᠬᠤ ᠦᠵᠡᠯ ᠰᠠᠨᠠᠭᠠᠨ᠎ᠤ ᠬᠠᠮᠲᠤ᠎ᠶ᠋ᠢᠨ ᠲᠠᠨᠢᠯᠲᠠ ᠪᠠ ᠦᠢᠯᠡ ᠠᠵᠢᠯᠯᠠᠭ᠎ᠠ᠎ᠶ᠋ᠢᠨ ᠤᠬᠠᠮᠰᠠᠷ᠎ᠲᠠᠢ ᠪᠤᠯᠬᠤ᠎ᠶ᠋ᠢ ᠠᠬᠢᠭᠤᠯᠵᠤ᠂ ᠨᠡᠭᠦᠷᠡᠰᠦᠳᠦ᠋ᠷᠦᠭ᠌ᠴᠢ ᠭᠠᠳᠠᠭ᠍ᠰᠢᠯᠠᠭᠤᠯᠬᠤ᠎ᠶ᠋ᠢ ᠣᠷᠭᠢᠯ ᠬᠡᠮᠵᠢᠭ᠌ᠳᠡᠯ᠎ᠳᠤ ᠬᠦᠷᠭᠡᠬᠦ᠌ ᠪᠠ ᠨᠡᠭᠦᠷᠡᠰᠦᠲᠥ᠋ᠷᠥᠭ᠌ᠴᠢ ᠰᠠᠭᠠᠷᠮᠠᠭ᠍ᠵᠢᠭᠤᠯᠬᠤ ᠠᠵᠢᠯ᠎ᠢ ᠰᠠᠢᠳᠤᠷ ᠬᠢᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭ᠌ᠴᠢ ᠪᠠᠭ᠎ᠠ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠵᠤ᠂ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠪᠥᠬᠦ᠌ ᠲᠠᠯ᠎ᠠ᠎ᠪᠠᠷ ᠪᠣᠬᠢᠷᠲᠤᠯ ᠥᠬᠡᠶ ᠲᠡᠢᠰᠢ᠎ᠪᠠᠨ ᠬᠡᠯᠪᠡᠷᠢ᠎ᠪᠠᠨ ᠬᠤᠪᠢᠷᠠᠭᠤᠯᠬᠤ᠎ᠶ᠋ᠢ ᠠᠬᠢᠭᠤᠯᠵᠤ᠂ ᠬᠥᠮᠦᠨ ᠬᠢᠭᠡᠳ ᠪᠠᠢᠭᠠᠯᠢ᠎ᠶ᠋ᠢᠨ ᠡᠶ᠎ᠡ ᠵᠣᠬᠢᠴᠠᠩᠭᠤᠢ ᠬᠠᠮᠲᠤ ᠣᠷᠣᠱᠢᠬᠤ ᠣᠳᠣᠬᠢᠴᠢᠯᠠᠯᠲᠠ᠎ᠶ᠋ᠢ ᠪᠦᠲᠦᠭᠡᠨ ᠪᠠᠢᠭᠤᠯᠵᠤ᠂ ᠤᠯᠤᠰ᠎ᠤᠨ ᠠᠮᠢ ᠠᠬᠤᠶ᠎ᠶ᠋ᠢᠨ ᠠᠮᠤᠷ ᠲᠦᠪᠱᠢᠨ᠎ᠢ ᠬᠠᠮᠠᠭᠠᠯᠠᠬᠤ᠂ ᠳᠤᠮᠳᠠᠳᠤ᠎ᠶ᠋ᠢᠨ ᠦᠨᠳᠦᠰᠦᠲᠡᠨ᠎ᠤ ᠥᠨᠢᠳᠡ ᠬᠥᠭ᠌ᠵᠢᠬᠦ᠌ ᠠᠮᠢ ᠠᠬᠤᠢ ᠣᠷᠴᠢᠨ ᠲᠤᠭᠤᠷᠢᠨ᠎ᠤ ᠰᠠᠭᠤᠷᠢ᠎ᠶ᠋ᠢ ᠲᠠᠯᠪᠢᠬᠤ᠎ᠳᠤ ᠪᠠᠲᠤ ᠴᠢᠩᠭ᠎ᠠ ᠬᠦᠴᠦᠲᠡᠢ ᠳᠦᠷᠢᠮ᠎ᠤᠨ ᠪᠠᠲᠤᠯᠠᠭ᠎ᠠ ᠬᠠᠩᠭᠠᠨ᠎ᠠ᠃
(ᠬᠤᠶᠠᠷ) ᠠᠵᠢᠯ᠎ᠤᠨ ᠵᠠᠷᠴᠢᠮ
— ᠱᠢᠰᠲ᠋ᠧᠮ᠎ᠲᠠᠢ ᠠᠬᠢᠭᠤᠯᠵᠤ᠂ ᠲᠥᠷᠥ᠎ᠶ᠋ᠢᠨ ᠪᠣᠳᠣᠯᠭ᠎ᠠ᠎ᠶ᠋ᠢᠨ ᠬᠠᠮᠵᠢᠯᠴᠠᠭ᠎ᠠ᠎ᠶ᠋ᠢ ᠴᠢᠩᠭᠠᠳᠭᠠᠨ᠎ᠠ᠃ ᠨᠠᠮ᠎ᠤᠨ ᠪᠥᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠵᠤ᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ᠎ᠶ᠋ᠢᠨ ᠲᠦᠷᠢᠮ ᠵᠢᠴᠢ ᠬᠠᠮᠢᠶ᠎ᠠ ᠪᠥᠬᠦᠶ ᠬᠦᠷᠢᠶᠡᠨ᠎ᠤ ᠥᠭᠡᠷᠡᠴᠢᠯᠡᠯᠲᠡ᠎ᠶ᠋ᠢ ᠨᠢᠭᠡᠳᠦᠯᠳᠠᠢ ᠲᠦᠯᠦᠪᠵᠢᠭᠦᠯᠵᠤ᠂ ᠪᠥᠬᠦ᠌ ᠲᠠᠯ᠎ᠠ᠎ᠪᠠᠷ ᠠᠬᠢᠭᠤᠯᠤᠨ᠂ ᠡᠯ᠎ᠡ ᠵᠦᠢᠯ᠎ᠤᠨ ᠲᠦᠷᠢᠮ᠎ᠢ ᠵᠣᠯᠭᠠᠭᠤᠯᠤᠨ ᠲᠥᠬᠦᠷᠵᠢᠭᠦᠯᠬᠦ᠌ᠶ᠋ᠢ ᠴᠢᠩᠭᠠᠳᠭᠠᠨ᠎ᠠ᠃ ᠠᠮᠢ ᠠᠬᠤᠶ᠎ᠶ᠋ᠢᠨ ᠱᠢᠰᠲ᠋ᠧᠮ᠎ᠤᠨ ᠪᠦᠬᠦᠯᠢ ᠴᠣᠭ᠍ᠴᠠᠲᠤ ᠴᠢᠨᠠᠷ᠂ ᠱᠢᠰᠲ᠋ᠧᠮᠲᠦ ᠴᠢᠨᠠᠷ ᠵᠢᠴᠢ ᠳᠣᠲᠣᠭᠠᠳᠤ ᠵᠢᠮ᠎ᠡ ᠶᠣᠰᠣ᠎ᠪᠠᠷ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠠᠮᠢ ᠠᠬᠤᠶ ᠣᠷᠴᠢᠨ ᠲᠣᠭᠤᠷᠢᠨ᠎ᠤ ᠪᠦᠬᠦᠯᠢ ᠴᠣᠭ᠍ᠴᠠ᠎ᠶ᠋ᠢᠨ ᠬᠠᠮᠠᠭᠠᠯᠠᠯᠲᠠ᠎ᠶ᠋ᠢ ᠠᠬᠢᠭᠤᠯᠤᠨ᠎ᠠ᠃
— ᠵᠠᠰᠠᠭ᠎ᠤᠨ ᠣᠷᠳᠣᠨ᠎ᠢᠶᠠᠷ ᠭᠤᠤᠯᠯᠠᠭᠤᠯᠵᠤ᠂ ᠡᠯ᠎ᠡ ᠲᠠᠯ᠎ᠠ᠎ᠶ᠋ᠢᠨ᠎ᠬᠢᠨ ᠣᠷᠣᠯᠴᠠᠨ᠎ᠠ᠃ ᠵᠠᠰᠠᠭ᠎ᠤᠨ ᠣᠷᠳᠣᠨ᠎ᠤ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ᠎ᠶ᠋ᠢ ᠥᠷᠨᠢᠭᠦᠯᠬᠦ᠂ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ ᠭᠤᠣᠯᠯᠠᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠨᠡᠢᠭᠡᠮ᠎ᠤᠨ ᠡᠯ᠎ᠡ ᠲᠠᠯ᠎ᠠ᠎ᠶ᠋ᠢᠨ᠎ᠬᠢᠨ᠎ᠤ ᠣᠷᠣᠯᠴᠠᠬᠤ᠎ᠶ᠋ᠢ ᠢᠳᠡᠪᠬᠢᠲᠡᠢ ᠬᠦᠳᠦᠯᠦᠨ ᠵᠢᠯᠣᠭᠤᠳᠴᠤ᠌᠂ ᠵᠠᠬ᠎ᠠ ᠳᠡᠯᠭᠡᠭᠦᠷᠴᠢᠯᠡᠭ᠌ᠰᠡᠨ᠂ ᠤᠯᠠᠨ ᠡᠱᠢᠵᠢᠭ᠌ᠰᠡᠨ ᠨᠥᠬᠦᠪᠥᠷᠢ᠎ᠶ᠋ᠢᠨ ᠦᠢᠯᠡᠳᠦᠯᠭᠡ᠎ᠶ᠋ᠢ ᠠᠬᠢᠭᠤᠯᠤᠨ᠎ᠠ᠃ ᠵᠠᠰᠠᠭ᠎ᠤᠨ ᠣᠷᠳᠣᠨ᠎ᠠᠴᠠ ᠬᠦᠴᠦᠲᠡᠢ ᠭᠤᠣᠯᠯᠠᠨ ᠤᠳᠤᠷᠢᠳᠤᠭ᠍ᠰᠠᠨ᠂ ᠨᠡᠢᠭᠡᠮ᠎ᠤᠨ᠎ᠬᠢᠨ ᠡᠮᠬᠢ ᠵᠢᠷᠤᠮ᠎ᠲᠠᠢ ᠣᠷᠣᠯᠴᠠᠭ᠍ᠰᠠᠨ᠂ ᠵᠠᠬ᠎ᠠ ᠳᠡᠯᠭᠡᠭᠦᠷ᠎ᠢᠶᠠᠷ ᠪᠦᠲᠦᠮᠵᠢᠲᠡᠢ ᠵᠣᠬᠢᠴᠠᠭᠤᠯᠤᠭ᠍ᠰᠠᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ᠎ᠶ᠋ᠢᠨ ᠪᠠᠢᠭᠤᠯᠤᠮᠵᠢ ᠲᠣᠭ᠍ᠲᠠᠴᠠ᠎ᠶ᠋ᠢ ᠠᠯᠬᠤᠮ ᠠᠯᠬᠤᠮ᠎ᠢᠶᠠᠷ ᠲᠡᠭᠦᠯᠳᠡᠷᠵᠢᠭᠦᠯᠦᠨ᠎ᠡ᠃
— ᠵᠤᠷᠢᠭ᠍ᠵᠢᠭᠤᠯᠬᠤᠶ᠋ᠢ ᠴᠢᠩᠭᠠᠳᠭᠠᠵᠤ᠂ ᠬᠢᠵᠠᠭᠠᠷᠯᠠᠬᠤ᠎ᠶ᠋ᠢ ᠴᠢᠩᠭᠠᠷᠠᠭᠤᠯᠤᠨ᠎ᠠ᠃ ᠬᠠᠤᠯᠢᠵᠢᠯ᠎ᠤᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠬᠠᠤᠯᠢ ᠴᠠᠭᠠᠵᠠ᠎ᠶ᠋ᠢᠨ ᠠᠷᠭ᠎ᠠ ᠪᠠᠷᠢᠯ᠎ᠢᠶᠠᠷ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ᠎ᠶ᠋ᠢᠨ ᠠᠵᠢᠯᠯᠠᠭ᠎ᠠ᠎ᠶ᠋ᠢ ᠵᠢᠷᠤᠮᠵᠢᠭᠤᠯᠤᠨ᠎ᠠ᠃ ᠡᠯ᠎ᠡ ᠲᠠᠯ᠎ᠠ᠎ᠶ᠋ᠢᠨ ᠡᠷᠬᠡ ᠡᠭᠦᠷᠭᠡ᠎ᠶ᠋ᠢ ᠲᠣᠳᠣᠷᠬᠠᠶ ᠢᠯᠭᠠᠨ ᠲᠣᠭ᠍ᠲᠠᠭᠠᠵᠤ᠂ ᠠᠱᠢᠭ ᠬᠦᠷᠲᠡᠬᠦ᠌ ᠪᠠ ᠨᠥᠬᠦᠪᠥᠷᠢᠯᠡᠬᠦ᠌᠎ᠶ᠋ᠢ ᠬᠠᠷᠢᠯᠴᠠᠨ ᠵᠣᠬᠢᠴᠠᠯᠳᠤᠭᠤᠯᠬᠤ᠂ ᠨᠥᠬᠦᠪᠥᠷᠢ ᠬᠦᠷᠲᠡᠬᠦ᠌ ᠡᠷᠬᠡ᠎ᠶ᠋ᠢ ᠡᠳ᠋ᠯᠡᠬᠦ᠌ ᠪᠠ ᠬᠠᠮᠠᠭᠠᠯᠠᠬᠤ ᠡᠭᠦᠷᠭᠡ᠎ᠪᠠᠨ ᠭᠦᠢᠴᠡᠳᠭᠡᠬᠦ᠌᠎ᠶ᠋ᠢ ᠬᠠᠷᠢᠯᠴᠠᠨ ᠲᠣᠬᠢᠷᠠᠯᠴᠠᠭᠤᠯᠤᠨ᠎ᠠ᠃ ᠱᠢᠯᠭᠠᠨ ᠦᠨᠡᠯᠡᠬᠦ᠌ ᠲᠣᠭ᠍ᠲᠠᠴᠠ᠎ᠶ᠋ᠢ ᠪᠦᠷᠢᠨᠱᠢᠭᠦᠯᠵᠦ᠍᠂ ᠬᠠᠤᠯᠢ ᠲᠣᠭ᠍ᠲᠠᠭᠠᠯ ᠶᠣᠰᠣᠭᠠᠷ ᠱᠠᠩᠨᠠᠵᠤ ᠲᠣᠷᠭᠠᠬᠤ ᠡᠷᠴᠢᠮ᠎ᠢᠶᠠᠨ ᠴᠢᠩᠭᠠᠷᠠᠭᠤᠯᠵᠤ᠂ ᠬᠠᠷᠢᠭᠤᠴᠠᠯᠭ᠎ᠠ ᠨᠡᠬᠡᠮᠵᠢᠯᠡᠬᠦ᠌᠎ᠶ᠋ᠢ ᠴᠢᠩᠭ᠎ᠠ ᠨᠢᠮᠪᠠᠢ ᠪᠤᠯᠭᠠᠨ᠎ᠠ᠃
(ᠭᠤᠷᠪᠠ) ᠥᠭᠡᠷᠡᠴᠢᠯᠡᠯᠲᠡ᠎ᠶ᠋ᠢᠨ ᠬᠠᠷᠠᠯᠲᠠ᠃ 2025 ᠤᠨ ᠪᠣᠯᠬᠤ᠎ᠳᠤ᠂ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠪᠠᠢᠳᠠᠯ᠎ᠲᠠᠢ ᠵᠤᠬᠢᠴᠠᠭ᠍ᠰᠠᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ᠎ᠶ᠋ᠢᠨ ᠲᠦᠷᠢᠮ᠎ᠢ ᠦᠨᠳᠦᠰᠦᠨ᠎ᠳᠡᠭᠡᠨ ᠲᠡᠭᠦᠯᠳᠡᠷᠵᠢᠭᠦᠯᠦᠨ᠎ᠠ᠃ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠥᠪᠡᠷ᠎ᠤᠨ ᠦᠷᠳᠡᠭ᠎ᠢᠶᠠᠷ ᠭᠤᠣᠯ ᠦᠨᠳᠦᠰᠦᠯᠡᠯ ᠪᠣᠯᠭᠠᠭ᠍ᠰᠠᠨ ᠲᠦᠷᠦᠯ ᠬᠤᠪᠢᠶᠠᠨ ᠨᠥᠬᠦᠪᠥᠷᠢ ᠥᠭ᠌ᠬᠦ ᠲᠦᠷᠢᠮ᠎ᠢ ᠡᠳᠦᠷ ᠢᠷᠡᠬᠦᠶ᠎ᠡ ᠪᠦᠷᠢᠨᠱᠢᠭᠦᠯᠵᠤ᠂ ᠤᠯᠠᠨ ᠨᠡᠢᠲᠡ᠎ᠶ᠋ᠢᠨ ᠦᠢᠯᠡᠴᠢᠯᠡᠭᠡᠨ᠎ᠤ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠪᠠᠷ ᠦᠨᠳᠦᠰᠦᠨ ᠬᠠᠨᠳᠤᠰᠢ ᠪᠣᠯᠭᠠᠭ᠍ᠰᠠᠨ ᠶᠡᠷᠦᠩᠬᠡᠢᠯᠡᠭ᠌ᠰᠡᠨ ᠨᠥᠬᠦᠪᠥᠷᠢ ᠥᠭ᠌ᠬᠦ ᠲᠦᠷᠢᠮ᠎ᠢ ᠲᠠᠰᠤᠷᠠᠯᠳᠠ ᠦᠭᠡᠢ ᠲᠡᠭᠦᠯᠳᠡᠷᠵᠢᠭᠦᠯᠵᠤ᠂ ᠠᠱᠢᠭ ᠬᠦᠷᠳᠡᠭ᠌ᠴᠢ ᠰᠦᠢᠳᠭᠡᠯ ᠲᠤᠱᠢᠶᠠᠬᠤ ᠵᠠᠷᠴᠢᠮ᠎ᠢᠶᠠᠷ ᠰᠠᠭᠤᠷᠢ ᠪᠣᠯᠭᠠᠭ᠍ᠰᠠᠨ ᠵᠠᠬ᠎ᠠ ᠳᠡᠯᠭᠡᠭᠦᠷᠴᠢᠯᠡᠭ᠌ᠰᠡᠨ᠂ ᠤᠯᠠᠨ ᠡᠱᠢᠵᠢᠭ᠌ᠰᠡᠨ ᠨᠥᠬᠦᠪᠥᠷᠢ ᠥᠭ᠌ᠬᠦ ᠪᠠᠢᠷᠢᠱᠢᠯ᠎ᠢ ᠠᠩᠬ᠎ᠠ ᠠᠯᠬᠤᠮ ᠪᠦᠷᠢᠯᠳᠦᠭᠦᠯᠵᠤ᠂ ᠪᠦᠬᠦ᠌ ᠨᠡᠢᠭᠡᠮ᠎ᠤᠨ ᠠᠮᠢ ᠠᠬᠤᠢ᠎ᠶ᠋ᠢᠨ ᠬᠠᠮᠠᠭᠠᠯᠠᠯᠲᠠ᠎ᠳᠤ ᠣᠷᠣᠯᠴᠠᠬᠤ ᠢᠳᠡᠪᠬᠢᠵᠢᠯ᠎ᠢ ᠢᠯᠡᠳᠲᠡ ᠴᠢᠩᠭᠠᠷᠠᠭᠤᠯᠵᠤ᠂ ᠠᠮᠢ ᠠᠬᠤᠢ᠎ᠶ᠋ᠢᠨ ᠬᠠᠮᠠᠭᠠᠯᠠᠭ᠍ᠴᠢ ᠪᠠ ᠠᠱᠢᠭ ᠬᠦᠷᠳᠡᠭ᠌ᠴᠢ ᠰᠠᠢᠳᠤᠷ ᠬᠤᠷᠱᠢᠯᠴᠠᠭ᠍ᠰᠠᠨ ᠪᠠᠢᠳᠠᠯ᠎ᠢ ᠦᠨᠳᠦᠰᠦᠨ᠎ᠳᠡᠭᠡᠨ ᠪᠦᠷᠢᠯᠳᠦᠭᠦᠯᠦᠨ᠋ ᠠ᠃ 2035 ᠤᠨ ᠪᠣᠯᠬᠤ᠎ᠳᠤ᠂ ᠱᠢᠨ᠎ᠡ ᠴᠠᠭ ᠦᠶ᠎ᠡ᠎ᠶ᠋ᠢᠨ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠱᠠᠭᠠᠷᠳᠠᠯᠭ᠎ᠠ᠎ᠲᠠᠢ ᠵᠣᠬᠢᠴᠠᠭ᠍ᠰᠠᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ᠎ᠶ᠋ᠢᠨ ᠲᠦᠷᠢᠮ᠎ᠢ ᠦᠨᠳᠦᠰᠦᠨ᠎ᠳᠡᠭᠡᠨ ᠪᠦᠷᠢᠯᠳᠦᠭᠦᠯᠦᠨ᠎ᠡ᠃
ᠬᠤᠶᠠᠷ᠂ ᠴᠢᠬᠤᠯᠠ ᠠᠮᠢ ᠠᠬᠤᠶ ᠣᠷᠴᠢᠨ ᠲᠣᠭᠤᠷᠢᠨ᠎ᠤ ᠡᠯᠧᠮᠧᠨ᠋ᠲ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ ᠲᠥᠷᠥᠯ ᠬᠤᠪᠢᠶᠠᠨ ᠨᠥᠬᠦᠪᠥᠷᠢᠯᠡᠬᠦ᠌ ᠲᠦᠷᠢᠮ᠎ᠢ ᠲᠡᠭᠦᠯᠳᠡᠷᠵᠢᠭᠦᠯᠦᠨ᠎ᠡ
ᠠᠮᠢ ᠠᠬᠤᠶ ᠣᠷᠴᠢᠨ ᠲᠣᠭᠤᠷᠢᠨ᠎ᠤ ᠡᠯᠧᠮᠧᠨ᠋ᠲ᠎ᠢᠶᠠᠷ ᠬᠡᠷᠡᠭ᠌ᠵᠢᠭᠦᠯᠬᠦ᠌ ᠡᠲᠡᠭᠡᠳ ᠪᠣᠯᠭᠠᠭ᠍ᠰᠠᠨ ᠲᠥᠷᠥᠯ ᠬᠤᠪᠢᠶᠠᠨ ᠨᠥᠬᠦᠪᠥᠷᠢᠯᠡᠬᠦ᠌ ᠲᠦᠷᠢᠮ᠎ᠢ ᠪᠦᠷᠢᠨᠱᠢᠬᠦᠯᠵᠦ᠍᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠭᠠᠵᠠᠷ ᠣᠷᠣᠨ᠎ᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠪᠠᠢᠳᠠᠯ᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠦᠷ᠎ᠡ ᠪᠦᠲᠦᠮᠵᠢ ᠵᠡᠷᠭᠡ ᠡᠯᠧᠮᠧᠨ᠋ᠲ᠎ᠢ ᠶᠡᠷᠦᠩᠬᠡᠢᠯᠡᠨ ᠪᠣᠳᠣᠯᠬᠢᠯᠠᠵᠤ ᠪᠠᠢᠭᠠᠳ ᠨᠥᠬᠦᠪᠥᠷᠢᠯᠡᠬᠦ᠌ ᠬᠢᠷᠢ ᠲᠦᠪᠱᠢᠨ᠎ᠢ ᠲᠣᠭ᠍ᠲᠠᠭᠠᠵᠤ᠂ ᠠᠳᠠᠯᠢ ᠪᠤᠰᠤ ᠡᠯᠧᠮᠧᠨ᠋ᠲ᠎ᠤᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠥᠪᠡᠷ᠎ᠤᠨ ᠥᠷᠲᠡᠭ᠎ᠢ ᠵᠣᠬᠢᠬᠤ ᠬᠡᠮᠵᠢᠶ᠎ᠡ᠎ᠪᠠᠷ ᠨᠥᠬᠦᠪᠥᠷᠢᠯᠡᠨ᠎ᠠ᠃
(ᠨᠢᠭᠡ) ᠲᠥᠷᠥᠯ ᠬᠤᠪᠢᠶᠠᠨ ᠨᠥᠬᠦᠪᠥᠷᠢᠯᠡᠬᠦ᠌ ᠳᠦᠷᠢᠮ᠎ᠢ ᠪᠠᠢᠭᠤᠯᠤᠨ ᠪᠦᠷᠢᠨᠱᠢᠭᠦᠯᠦᠨ᠎ᠡ᠃ ᠤᠰᠤᠨ᠎ᠤ ᠠᠮᠢᠳᠤ ᠪᠣᠳᠠᠰ᠎ᠤᠨ ᠡᠬᠢ ᠪᠠᠶᠠᠯᠢᠭ᠎ᠢ ᠠᠷᠠᠴᠢᠯᠠᠨ ᠬᠠᠮᠠᠭᠠᠯᠠᠬᠤ᠎ᠶ᠋ᠢ ᠴᠢᠩᠭᠠᠳᠭᠠᠵᠤ᠂ ᠬᠥᠬᠡᠮᠥ᠋ᠷᠡᠨ᠎ᠤ ᠰᠠᠪᠠ ᠭᠠᠵᠠᠷ᠎ᠤᠨ ᠭᠤᠣᠯᠳᠠᠯᠭ᠎ᠠ᠎ᠲᠠᠢ ᠤᠰᠤᠨ᠎ᠤ ᠣᠷᠣᠨ᠎ᠳᠤ ᠠᠷᠪᠠᠨ ᠵᠢᠯ ᠵᠢᠭᠠᠰᠤ ᠠᠩᠨᠠᠬᠤ᠎ᠶ᠋ᠢ ᠴᠠᠭᠠᠵᠠᠯᠠᠬᠤ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠤᠨ᠎ᠠ᠃ ᠭᠤᠤᠯ ᠮᠥᠷᠡᠨ᠎ᠤ ᠡᠬᠢ᠂ ᠴᠢᠬᠤᠯᠠ ᠤᠰᠤᠨ ᠰᠤᠷᠪᠤᠯᠵᠢ᠎ᠶ᠋ᠢᠨ ᠭᠠᠵᠠᠷ᠂ ᠬᠥᠷᠥᠰᠥ᠍ ᠱᠢᠷᠣᠶ᠎ᠶ᠋ᠢᠨ ᠢᠳᠡᠭ᠌ᠳᠡᠯ᠎ᠢ ᠭᠤᠤᠯᠳᠠᠯᠭ᠎ᠠ᠎ᠲᠠᠢ ᠰᠡᠷᠭᠡᠢᠯᠡᠨ ᠵᠠᠰᠠᠬᠤ ᠣᠷᠣᠨ᠂ ᠦᠶᠡᠷ᠎ᠢ ᠬᠠᠳᠠᠭᠠᠯᠠᠨ ᠲᠤᠭ᠍ᠳᠠᠭᠠᠬᠤ ᠣᠷᠣᠨ᠂ ᠡᠪᠳᠡᠭ᠌ᠳᠡᠭ᠌ᠰᠡᠨ ᠭᠤᠤᠯ ᠮᠥᠷᠡᠨ ᠨᠠᠭᠤᠷ ᠴᠥᠭᠦᠷᠥᠮ ᠵᠡᠷᠭᠡ ᠭᠤᠤᠯᠳᠠᠯᠭ᠎ᠠ᠎ᠲᠠᠢ ᠣᠷᠣᠨ ᠪᠦᠰᠡ᠎ᠳᠤ ᠴᠢᠭ᠌ᠯᠡᠭᠦᠯᠦᠨ ᠤᠰᠤᠨ ᠤᠷᠤᠰᠭᠠᠯ᠎ᠤᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ ᠥᠭ᠌ᠬᠦ᠎ᠶ᠋ᠢ ᠥᠷᠨᠢᠭᠦᠯᠦᠨ᠎ᠡ᠃ ᠨᠡᠢᠲᠡ᠎ᠶ᠋ᠢᠨ ᠠᠰᠠᠷᠠᠮᠵᠢ᠎ᠶ᠋ᠢᠨ ᠣᠶ᠎ᠶ᠋ᠢᠨ ᠨᠥᠬᠦᠪᠥᠷᠢ᠎ᠶ᠋ᠢᠨ ᠪᠠᠷᠢᠮᠵᠢᠶ᠎ᠠ᠎ᠶ᠋ᠢ ᠬᠥᠳᠡᠯᠦᠩᠭᠦᠶ᠎ᠪᠠᠷ ᠳᠣᠭᠢᠷᠠᠭᠤᠯᠬᠤ ᠲᠣᠭ᠍ᠲᠠᠴᠠ᠎ᠶ᠋ᠢ ᠪᠦᠷᠢᠨᠱᠢᠬᠦᠯᠵᠦ᠍᠂ ᠣᠷᠣᠨ ᠨᠤᠲᠤᠭ᠎ᠤᠨ᠎ᠬᠢᠨ ᠪᠣᠳᠠᠲᠠᠶ᠎ᠲᠠᠢ᠎ᠪᠠᠨ ᠤᠶᠠᠯᠳᠤᠭᠤᠯᠤᠨ ᠨᠡᠢᠲᠡ᠎ᠶ᠋ᠢᠨ ᠠᠰᠠᠷᠠᠮᠵᠢ᠎ᠶ᠋ᠢᠨ ᠣᠶ᠎ᠳᠤ ᠢᠯᠭᠠᠭ᠎ᠠ᠎ᠲᠠᠢ ᠨᠥᠬᠦᠪᠥᠷᠢ ᠥᠭ᠌ᠬᠦ᠎ᠶ᠋ᠢ ᠰᠦᠪᠡᠭ᠌ᠴᠢᠯᠡᠬᠦ᠌᠎ᠶ᠋ᠢ ᠵᠣᠷᠢᠭ᠍ᠵᠢᠭᠤᠯᠤᠨ᠎ᠠ᠃ ᠪᠠᠢᠭᠠᠯᠢ᠎ᠶ᠋ᠢᠨ ᠤᠢ᠎ᠶ᠋ᠢᠨ ᠬᠠᠮᠠᠭᠠᠯᠠᠯᠲᠠ᠎ᠶ᠋ᠢᠨ ᠲᠦᠷᠢᠮ᠎ᠢ ᠲᠡᠭᠦᠯᠳᠡᠷᠵᠢᠭᠦᠯᠵᠦ᠍᠂ ᠪᠠᠢᠭᠠᠯᠢ᠎ᠶ᠋ᠢᠨ ᠤᠢ᠎ᠶ᠋ᠢᠨ ᠡᠬᠢ ᠪᠠᠶᠠᠯᠢᠭ᠎ᠤᠨ ᠬᠠᠮᠠᠭᠠᠯᠠᠯᠲᠠ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠨᠤᠭᠤ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠤᠯᠤᠰ᠎ᠤᠨ ᠴᠢᠬᠤᠯᠠ ᠨᠤᠭᠤ ᠭᠠᠵᠠᠷ (ᠣᠯᠠᠨ ᠤᠯᠤᠰ᠎ᠤᠨ ᠴᠢᠬᠤᠯᠠ ᠨᠤᠭᠤ ᠭᠠᠵᠠᠷ᠎ᠢ ᠪᠠᠭ᠍ᠳᠠᠭᠠᠨ᠎ᠠ) ᠲᠤ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ ᠦᠭ᠌ᠬᠦ᠎ᠶ᠋ᠢ ᠠᠯᠬᠤᠮ ᠠᠯᠬᠤᠮ᠎ᠢᠶᠠᠷ ᠪᠦᠬᠦᠨ᠎ᠢ ᠪᠦᠷᠬᠦᠭᠦᠯᠦᠨ᠎ᠡ᠃ ᠪᠣᠬᠢᠷᠲᠤᠯ ᠦᠭᠡᠢ ᠠᠮᠢ ᠠᠬᠤᠢ᠎ᠪᠠᠷ ᠤᠳᠤᠷᠢᠳᠤᠮᠵᠢ ᠪᠣᠯᠭᠠᠭ᠍ᠰᠠᠨ ᠲᠠᠷᠢᠶᠠᠯᠠᠩ᠎ᠤᠨ ᠠᠮᠢ ᠠᠬᠤᠢ᠎ᠶ᠋ᠢᠨ ᠵᠠᠰᠠᠯᠲᠠ᠎ᠶ᠋ᠢᠨ ᠨᠥᠬᠦᠪᠥᠷᠢ᠎ᠶ᠋ᠢᠨ ᠲᠦᠷᠢᠮ᠎ᠢ ᠲᠡᠭᠦᠯᠳᠡᠷᠵᠢᠭᠦᠯᠦᠨ᠎ᠡ᠃ ᠲᠠᠷᠢᠶᠠᠨ ᠭᠠᠵᠠᠷ᠎ᠤᠨ ᠬᠠᠮᠠᠭᠠᠯᠠᠯᠳᠠ᠎ᠶ᠋ᠢᠨ ᠨᠥᠬᠦᠪᠥᠷᠢ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠬᠠᠮᠠᠭᠠᠯᠠᠯᠲᠠ᠎ᠶ᠋ᠢᠨ ᠴᠢᠨᠠᠷᠲᠠᠢ ᠲᠠᠷᠢᠶᠠᠯᠠᠭ᠎ᠠ᠎ᠶ᠋ᠢ ᠲᠤᠬᠠᠢ᠎ᠶ᠋ᠢᠨ ᠭᠠᠵᠠᠷ᠎ᠤᠨ ᠪᠠᠢᠳᠠᠯ᠎ᠲᠠᠢ᠎ᠨᠢ ᠲᠤᠬᠢᠷᠠᠭᠤᠯᠤᠨ ᠳᠡᠯᠭᠡᠷᠡᠭᠦᠯᠵᠦ᠍᠂ ᠲᠠᠷᠢᠶᠠᠨ ᠭᠠᠵᠠᠷ᠎ᠤᠨ ᠡᠭᠡᠯᠵᠢᠯᠡᠨ ᠲᠠᠷᠢᠬᠤ ᠪᠠ ᠰᠡᠯᠭᠦᠵᠤ ᠲᠠᠷᠢᠬᠤ ᠲᠦᠷᠢᠮ᠎ᠢ ᠲᠡᠭᠦᠯᠳᠡᠷᠵᠢᠭᠦᠯᠦᠨ᠎ᠡ᠃ ᠨᠤᠲᠤᠭ ᠪᠡᠯᠴᠢᠭᠡᠷ᠎ᠤᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ ᠱᠠᠩᠨᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠰᠠᠢᠲᠤᠷ ᠨᠠᠢᠳᠠᠪᠤᠷᠢᠵᠢᠭᠤᠯᠤᠨ᠎ᠠ᠃ ᠮᠠᠭᠤᠳᠠᠭ᠍ᠰᠠᠨ ᠪᠠ ᠡᠯᠡᠰᠦᠷᠬᠡᠭ᠌ᠵᠢᠭ᠌ᠰᠡᠨ ᠨᠤᠲᠤᠭ ᠪᠡᠯᠴᠢᠭᠡᠷ᠎ᠢ ᠪᠡᠯᠴᠢᠭᠡᠷᠯᠡᠭᠦᠯᠬᠦ᠌᠎ᠶ᠋ᠢ ᠴᠠᠭᠠᠵᠠᠯᠠᠬᠤ ᠬᠡᠪᠴᠢᠶᠡᠨ᠎ᠳᠤ ᠣᠷᠣᠭᠤᠯᠬᠤ᠎ᠶ᠋ᠢ ᠰᠤᠳᠤᠯᠤᠨ᠎ᠠ᠃ ᠵᠠᠰᠠᠬᠤ ᠨᠥᠬᠦᠴᠡᠯ᠎ᠢ ᠲᠦᠷ ᠪᠦᠷᠢᠯᠳᠦᠭᠦᠯᠦᠭᠡᠳᠦᠶ ᠪᠠ ᠠᠮᠢ ᠠᠬᠤᠶ᠎ᠶ᠋ᠢᠨ ᠬᠠᠮᠠᠭᠠᠯᠠᠯᠳᠠ᠎ᠠᠴᠠ ᠪᠣᠯᠣᠭᠠᠳ ᠨᠡᠭᠡᠭᠡᠨ ᠠᠱᠢᠬ᠍ᠯᠠᠬᠤ᠎ᠳᠤ ᠲᠣᠬᠢᠷᠠᠬᠤ ᠦᠭᠡᠶ ᠵᠠᠯᠭᠠᠯᠳᠤᠬ᠍ᠰᠠᠨ ᠡᠯᠡᠰᠦᠷᠬᠡᠭ ᠭᠠᠵᠠᠷ ᠱᠢᠷᠣᠶ᠎ᠶ᠋ᠢ ᠬᠠᠤᠯᠢ ᠶᠣᠰᠣᠭᠠᠷ ᠪᠢᠲᠡᠭᠦᠮᠵᠢᠯᠡᠨ ᠬᠠᠮᠠᠭᠠᠯᠠᠬᠤ᠎ᠶ᠋ᠢ ᠬᠡᠷᠡᠭ᠌ᠵᠢᠭᠦᠯᠵᠦ᠍᠂ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢᠨ ᠠᠮᠢ ᠠᠬᠤᠶ᠎ᠶ᠋ᠢᠨ ᠬᠠᠮᠠᠭᠠᠯᠠᠯᠳᠠ᠎ᠶ᠋ᠢᠨ ᠨᠥᠬᠦᠪᠥᠷᠢ᠎ᠶ᠋ᠢᠨ ᠳᠦᠷᠢᠮ᠎ᠢ ᠪᠦᠷᠢᠨᠱᠢᠭᠦᠯᠦᠨ᠎ᠠ᠃ ᠳᠠᠯᠠᠢ ᠲᠠᠩᠭᠢᠰ᠎ᠤᠨ ᠤᠢ᠍ᠢᠷ᠎ᠠ ᠬᠠᠪᠢ᠎ᠶ᠋ᠢᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ᠎ᠶ᠋ᠢᠨ ᠳᠦᠷᠢᠮ᠎ᠢ ᠰᠤᠳᠤᠯᠤᠨ ᠪᠠᠢᠭᠤᠯᠤᠨ᠎ᠠ᠃
(ᠬᠤᠶᠠᠷ) ᠨᠢᠭᠡᠳᠦᠯᠲᠡᠶ ᠲᠦᠯᠦᠪᠵᠢᠭᠦᠯᠦᠨ ᠬᠠᠮᠠᠭᠠᠯᠠᠬᠤ ᠵᠠᠭ᠍ᠪᠤᠷ᠎ᠢ ᠠᠯᠬᠤᠮ ᠠᠯᠬᠤᠮ᠎ᠢᠶᠠᠷ ᠰᠦᠪᠡᠭ᠌ᠴᠢᠯᠡᠨ᠎ᠡ᠃ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠭᠠᠵᠠᠷ ᠣᠷᠣᠨ᠎ᠤ ᠵᠠᠰᠠᠭ᠎ᠤᠨ ᠣᠷᠳᠣᠨ᠎ᠨᠢ ᠠᠮᠢ ᠠᠬᠤᠶ ᠣᠷᠴᠢᠨ ᠲᠣᠭᠤᠷᠢᠨ᠎ᠤ ᠡᠯᠧᠮᠧᠨ᠋ᠲ᠎ᠲᠠᠢ ᠬᠤᠯᠪᠣᠭ᠍ᠳᠠᠬᠤ ᠡᠷᠬᠡᠲᠦ ᠬᠥᠮᠦᠨ᠎ᠳᠤ ᠲᠥᠷᠥᠯ ᠬᠤᠪᠢᠶᠠᠨ ᠨᠥᠬᠦᠪᠥᠷᠢ ᠥᠭ᠌ᠬᠦ ᠲᠥᠷᠥ᠎ᠶ᠋ᠢᠨ ᠪᠣᠳᠣᠯᠭ᠎ᠠ᠎ᠶ᠋ᠢ ᠪᠣᠳᠠᠲᠠᠶ ᠨᠠᠢᠳᠠᠪᠤᠷᠢᠵᠢᠭᠤᠯᠬᠤ᠎ᠶ᠋ᠢ ᠪᠠᠲᠤᠯᠠᠭ᠍ᠰᠠᠨ ᠤᠷᠢᠲᠠᠯ ᠳᠤᠤᠷ᠎ᠠ᠂ ᠠᠮᠢ ᠠᠬᠤᠶ᠎ᠶ᠋ᠢᠨ ᠣᠷᠣᠨ ᠵᠠᠶ᠎ᠳᠤ ᠵᠡᠷᠭᠡᠴᠡᠨ ᠣᠷᠣᠱᠢᠵᠤ ᠪᠠᠢᠭ᠎ᠠ ᠣᠯᠠᠨ ᠡᠱᠢᠲᠦ ᠠᠮᠢ ᠠᠬᠤᠶ ᠣᠷᠴᠢᠨ ᠲᠣᠭᠤᠷᠢᠨ᠎ᠤ ᠡᠯᠧᠮᠧᠨ᠋ᠲ᠎ᠲᠠᠢ ᠤᠶᠠᠯᠳᠤᠭᠤᠯᠤᠨ ᠱᠢᠰᠲ᠋ᠧᠮ᠎ᠲᠠᠢ ᠲᠥᠯᠥᠪᠵᠢᠭᠦᠯᠵᠦ᠍᠂ ᠠᠳᠠᠯᠢ ᠪᠤᠰᠤ ᠠᠷᠭ᠎ᠠ ᠵᠠᠮ᠎ᠢᠶᠠᠷ ᠢᠷᠡᠭ᠌ᠰᠡᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ ᠮᠥᠩᠭᠦ᠎ᠶ᠋ᠢ ᠨᠢᠭᠡᠳᠦᠯᠲᠡᠶ ᠲᠥᠯᠥᠪᠵᠢᠭᠦᠯᠦᠨ ᠬᠡᠷᠡᠭ᠌ᠯᠡᠬᠦ᠌᠎ᠶ᠋ᠢ ᠬᠠᠤᠯᠢ ᠶᠣᠰᠣᠭᠠᠷ ᠯᠠᠪᠳᠠᠭᠤᠨ ᠠᠬᠢᠭᠤᠯᠵᠤ᠂ ᠠᠮᠢᠳᠤᠯᠢᠭ ᠪᠦᠲᠦᠮᠵᠢᠲᠡᠶ ᠠᠷᠭ᠎ᠠ ᠬᠡᠯᠪᠡᠷᠢ᠎ᠪᠠᠷ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ᠎ᠶ᠋ᠢᠨ ᠠᠵᠢᠯ᠎ᠢ ᠨᠢᠭᠡ ᠴᠤᠭ᠍ᠴᠠᠵᠢᠭᠤᠯᠤᠨ ᠠᠬᠢᠭᠤᠯᠵᠤ᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠪᠦᠬᠦᠯᠢ ᠴᠣᠭ᠍ᠴᠠ᠎ᠶ᠋ᠢᠨ ᠦᠷ᠎ᠡ ᠠᠱᠢᠭ᠎ᠢ ᠳᠡᠭᠡᠭ᠌ᠰᠢᠯᠡᠭᠦᠯᠬᠦ᠌ ᠬᠡᠷᠡᠭ᠌ᠳᠡᠢ᠃ ᠬᠤᠯᠪᠣᠭ᠍ᠳᠠᠯ ᠪᠦᠬᠦᠢ ᠰᠠᠯᠠᠭ᠎ᠠ ᠮᠥᠴᠢᠷ᠎ᠤᠳ ᠤᠯᠤᠯᠴᠠᠭ᠎ᠠ ᠵᠣᠬᠢᠴᠠᠭᠤᠯᠭ᠎ᠠ᠎ᠪᠠᠨ ᠴᠢᠩᠭᠠᠳᠭᠠᠵᠤ᠂ ᠳᠠᠪᠬᠤᠷ ᠨᠦᠬᠦᠪᠦᠷᠢ ᠦᠭ᠌ᠬᠦ᠎ᠠᠴᠠ ᠵᠠᠢᠯᠠᠰᠭᠢᠬᠦ᠌ ᠬᠡᠷᠡᠭ᠌ᠲᠡᠶ᠃
ᠭᠤᠷᠪᠠ᠂ ᠤᠯᠤᠰ᠎ᠤᠨ ᠠᠮᠢ ᠠᠬᠤᠶ᠎ᠶ᠋ᠢᠨ ᠠᠮᠤᠷ ᠲᠦᠪᠱᠢᠨ᠎ᠤ ᠭᠤᠤᠯᠳᠠᠯᠭ᠎ᠠ᠎ᠶ᠋ᠢᠨ ᠲᠣᠭᠤᠷᠢᠨ᠎ᠳᠤ᠂ ᠶᠡᠷᠦᠩᠬᠡᠢᠯᠡᠨ ᠨᠥᠬᠦᠪᠥᠷᠢᠯᠡᠬᠦ᠌ ᠲᠦᠷᠢᠮ᠎ᠢ ᠪᠦᠷᠢᠨᠱᠢᠭᠦᠯᠦᠨ᠎ᠡ
ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ᠎ᠶ᠋ᠢᠨ ᠡᠷᠴᠢᠮ᠎ᠢ ᠡᠳ᠋᠎ᠤᠨ ᠵᠠᠰᠠᠭ᠎ᠤᠨ ᠴᠢᠳᠠᠪᠤᠷᠢ᠎ᠲᠠᠢ ᠵᠣᠬᠢᠴᠠᠭᠤᠯᠬᠤ᠂ ᠤᠯᠠᠨ ᠨᠡᠢᠲᠡ᠎ᠶ᠋ᠢᠨ ᠦᠨᠳᠦᠰᠦᠨ ᠦᠢᠯᠡᠴᠢᠯᠡᠭᠡ᠎ᠶ᠋ᠢ ᠲᠡᠩᠴᠡᠬᠦᠷᠢᠱᠢᠭᠦᠯᠬᠦ᠌ᠶ᠋ᠢ ᠠᠬᠢᠭᠤᠯᠬᠤ᠎ᠲᠠᠢ ᠵᠣᠯᠭᠠᠭᠤᠯᠬᠤ᠎ᠶ᠋ᠢ ᠪᠠᠷᠢᠮᠳᠠᠯᠠᠵᠤ᠂ ᠠᠮᠢ ᠠᠬᠤᠢ᠎ᠶ᠋ᠢᠨ ᠣᠷᠣᠨ ᠵᠠᠢ᠎ᠶ᠋ᠢᠨ ᠴᠢᠳᠠᠮᠵᠢ᠎ᠶ᠋ᠢ ᠦᠨᠳᠦᠰᠦᠯᠡᠨ᠂ ᠬᠥᠨᠳᠡᠯᠡᠨ ᠭᠤᠯᠳᠤ᠎ᠶ᠋ᠢ ᠤᠶᠠᠯᠳᠤᠭᠤᠯᠤᠭ᠍ᠰᠠᠨ ᠶᠡᠷᠦᠩᠬᠡᠢᠯᠡᠭ᠌ᠰᠡᠨ ᠨᠥᠬᠦᠪᠥᠷᠢ᠎ᠶ᠋ᠢᠨ ᠲᠦᠷᠢᠮ᠎ᠢ ᠬᠡᠷᠡᠭ᠌ᠵᠢᠭᠦᠯᠵᠦ᠍᠂ ᠠᠮᠢ ᠠᠬᠤᠢ᠎ᠶ᠋ᠢᠨ ᠠᠱᠢᠭ ᠲᠤᠰᠠ ᠬᠦᠷᠳᠡᠬᠦ᠌ ᠭᠠᠵᠠᠷ ᠣᠷᠣᠨ ᠬᠢᠭᠡᠳ ᠬᠠᠮᠠᠭᠠᠯᠠᠯᠲᠠ᠎ᠶ᠋ᠢᠨ ᠭᠠᠵᠠᠷ ᠣᠷᠣᠨ᠎ᠤ᠎ᠬᠢᠨ ᠠᠱᠢᠭ ᠲᠤᠰᠠ᠎ᠶ᠋ᠢ ᠬᠠᠮᠲᠤ᠎ᠪᠠᠷ ᠡᠳ᠋ᠯᠡᠬᠦ᠌᠎ᠶ᠋ᠢ ᠠᠬᠢᠭᠤᠯᠤᠨ᠎ᠠ᠃
(ᠨᠢᠭᠡ) ᠭᠤᠯᠳᠤ ᠴᠢᠭ᠌ᠯᠡᠯ᠎ᠢᠶᠠᠷ ᠨᠥᠬᠦᠪᠥᠷᠢᠯᠡᠬᠦ᠌ ᠡᠷᠴᠢᠮ᠎ᠢ ᠴᠢᠩᠭᠠᠷᠠᠭᠤᠯᠤᠨ᠎ᠠ᠃ ᠲᠥᠪ᠎ᠤᠨ ᠡᠳ᠋᠎ᠤᠨ ᠬᠦᠴᠦᠨ᠎ᠤ ᠪᠠᠢᠳᠠᠯ᠎ᠲᠠᠢ ᠤᠶᠠᠯᠳᠤᠭᠤᠯᠤᠨ ᠭᠤᠣᠯᠳᠠᠯᠭ᠎ᠠ᠎ᠲᠠᠢ ᠠᠮᠢ ᠠᠬᠤᠢ᠎ᠶ᠋ᠢᠨ ᠴᠢᠳᠠᠮᠵᠢᠳᠤ ᠣᠷᠣᠨ᠎ᠳᠤ ᠱᠢᠯᠵᠢᠭᠦᠯᠦᠨ ᠥᠭ᠌ᠬᠦ ᠬᠡᠪᠴᠢᠶ᠎ᠡ᠎ᠶ᠋ᠢ ᠠᠯᠬᠤᠮ ᠠᠯᠬᠤᠮ᠎ᠢᠶᠠᠷ ᠨᠡᠮᠡᠭ᠌ᠳᠡᠭᠦᠯᠦᠨ᠎ᠡ᠃ ᠲᠥᠪ᠎ᠤᠨ ᠲᠥᠰᠦᠪ᠎ᠤᠨ ᠳᠣᠲᠣᠷᠠᠬᠢ ᠪᠡᠯᠡ ᠣᠷᠣᠭᠤᠯᠤᠯᠲᠠ᠎ᠶ᠋ᠢ ᠭᠤᠣᠯᠳᠠᠯᠭ᠎ᠠ᠎ᠲᠠᠢ ᠠᠮᠢ ᠠᠬᠤᠢ᠎ᠶ᠋ᠢᠨ ᠴᠢᠳᠠᠮᠵᠢᠲᠤ ᠣᠷᠣᠨ᠎ᠤ ᠰᠠᠭᠤᠷᠢ ᠲᠦᠬᠦᠭᠡᠷᠦᠮᠵᠢ ᠪᠠ ᠣᠯᠠᠨ ᠨᠡᠢᠲᠡ᠎ᠶ᠋ᠢᠨ ᠦᠨᠳᠦᠰᠦᠨ ᠦᠢᠯᠡᠴᠢᠯᠡᠭᠡᠨ᠎ᠤ ᠲᠦᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠳᠤ ᠬᠡᠯᠪᠠᠢᠯᠭᠡᠨ᠎ᠡ᠃ ᠠᠮᠢ ᠠᠬᠤᠢ ᠬᠡᠪᠡᠷᠡᠭ ᠶᠠᠳᠠᠭᠤ᠎ᠠᠴᠠ ᠠᠩᠭᠢᠵᠢᠷᠠᠭ᠍ᠰᠠᠨ ᠭᠠᠵᠠᠷ ᠣᠷᠣᠨ᠎ᠳᠤ ᠦᠷᠭᠦᠯᠵᠢᠯᠡᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ ᠥᠭ᠌ᠴᠦ᠂ ᠤᠤᠯ᠎ᠤᠨ ᠣᠨᠴᠠ ᠶᠠᠳᠠᠭᠤ ᠬᠦᠴᠢᠷᠳᠡᠯᠲᠡᠢ ᠭᠠᠵᠠᠷ ᠣᠷᠣᠨ᠎ᠢ ᠳᠡᠮᠵᠢᠬᠦ᠌ ᠡᠷᠴᠢᠮ᠎ᠢᠶᠠᠨ ᠰᠤᠯᠠᠷᠠᠭᠤᠯᠬᠤ ᠦᠭᠡᠢ ᠪᠠᠢᠬᠤ᠎ᠶ᠋ᠢ ᠪᠠᠲᠤᠯᠠᠨ᠎ᠠ᠃ ᠡᠯ᠎ᠡ ᠮᠤᠵᠢ᠎ᠶ᠋ᠢᠨ ᠱᠠᠲᠤᠨ᠎ᠤ ᠵᠠᠰᠠᠭ᠎ᠤᠨ ᠣᠷᠳᠣᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ᠎ᠶ᠋ᠢᠨ ᠪᠠᠯᠠ ᠮᠥᠩᠭᠦ᠎ᠶ᠋ᠢᠨ ᠣᠷᠣᠭᠤᠯᠤᠯᠲᠠ᠎ᠶ᠋ᠢᠨ ᠡᠷᠴᠢᠮ᠎ᠢᠶᠠᠨ ᠴᠢᠩᠭᠠᠷᠠᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ᠎ᠶ᠋ᠢᠨ ᠬᠥᠲᠥᠯᠥᠨ ᠵᠢᠯᠣᠭᠤᠳᠭᠤ ᠴᠢᠨᠠᠷᠲᠠᠶ ᠲᠥᠷᠥ᠎ᠶ᠋ᠢᠨ ᠪᠣᠳᠣᠯᠭ᠎ᠠ ᠪᠠ ᠤᠷᠮᠠᠱᠢᠭᠤᠯᠬᠤ ᠬᠢᠵᠠᠭᠠᠷᠯᠠᠬᠤ ᠠᠷᠭ᠎ᠠ ᠬᠡᠮᠵᠢᠶ᠎ᠡ᠎ᠶ᠋ᠢ ᠨᠡᠢᠲᠡᠯᠡᠵᠦ᠍᠂ ᠮᠤᠵᠢ᠎ᠶ᠋ᠢᠨ ᠱᠠᠲᠤᠨ᠎ᠠᠴᠠ ᠳᠣᠷᠣᠭ᠍ᠰᠢᠬᠢ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠢᠳᠡᠪᠬᠢᠵᠢᠯ᠎ᠢ ᠳᠠᠢᠴᠢᠯᠠᠨ᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠵᠤ᠂ ᠪᠣᠬᠢᠷᠲᠤᠯ ᠥᠬᠡᠶ ᠬᠥᠭ᠌ᠵᠢᠯᠲᠡ᠎ᠶ᠋ᠢ ᠠᠬᠢᠭᠤᠯᠤᠨ᠎ᠠ᠃
(ᠬᠤᠶᠠᠷ) ᠭᠤᠯᠳᠤ ᠴᠢᠭ᠌ᠯᠡᠯ᠎ᠢᠶᠠᠷ ᠨᠥᠬᠦᠪᠥᠷᠢᠯᠡᠬᠦ᠌ ᠭᠤᠤᠯᠳᠠᠯᠭ᠎ᠠ᠎ᠶ᠋ᠢ ᠳᠣᠪᠤᠢᠯᠭᠠᠨ᠎ᠠ᠃ ᠬᠥᠬᠡᠨᠠᠭᠤᠷ ᠲᠥᠪᠡᠳ᠎ᠤᠨ ᠥᠨᠳᠦᠷᠯᠢᠭ᠂ ᠡᠮᠦᠨᠡᠲᠦ᠎ᠶ᠋ᠢᠨ ᠤᠰᠤ᠎ᠶ᠋ᠢ ᠤᠮᠠᠷᠠᠰᠢ ᠲᠠᠲᠠᠬᠤ ᠤᠰᠤᠨ ᠰᠤᠷᠪᠤᠯᠵᠢ᠎ᠶ᠋ᠢᠨ ᠭᠠᠵᠠᠷ ᠵᠡᠷᠭᠡ ᠠᠮᠢ ᠠᠬᠤᠢ᠎ᠶ᠋ᠢᠨ ᠴᠢᠳᠠᠮᠵᠢ᠎ᠶ᠋ᠢᠨ ᠴᠢᠬᠤᠯᠠ ᠴᠢᠨᠠᠷ᠎ᠨᠢ ᠲᠤᠪᠤᠢᠮ᠎ᠠ ᠭᠠᠵᠠᠷ ᠣᠷᠣᠨ᠎ᠳᠤ᠂ ᠭᠤᠣᠯᠳᠠᠯᠭ᠎ᠠ᠎ᠲᠠᠢ ᠠᠮᠢ ᠠᠬᠤᠢ᠎ᠶ᠋ᠢᠨ ᠴᠢᠳᠠᠮᠵᠢᠳᠤ ᠣᠷᠣᠨ᠎ᠳᠤ ᠱᠢᠯᠵᠢᠭᠦᠯᠦᠨ ᠥᠭ᠌ᠬᠦ᠎ᠶ᠋ᠢ ᠲᠥᠰᠦᠭᠡᠯᠡᠨ ᠪᠤᠳᠤᠬᠤ᠎ᠳᠠᠭᠠᠨ ᠱᠢᠯᠵᠢᠭᠦᠯᠦᠨ ᠥᠭ᠌ᠬᠦ ᠢᠯᠡᠳᠭᠡᠮᠵᠢ᠎ᠶ᠋ᠢ ᠳᠡᠭᠡᠭ᠌ᠰᠢᠯᠡᠭᠦᠯᠬᠦ᠂ ᠠᠮᠢ ᠠᠬᠤᠢ᠎ᠶ᠋ᠢᠨ ᠣᠷᠴᠢᠨ ᠨᠥᠬᠦᠴᠡᠯ᠎ᠢ ᠬᠠᠮᠠᠭᠠᠯᠠᠬᠤ ᠵᠠᠷᠤᠯᠭ᠎ᠠ᠎ᠶ᠋ᠢ ᠨᠡᠮᠡᠨ ᠪᠤᠳᠤᠬᠤ ᠵᠡᠷᠭᠡ ᠠᠷᠭ᠎ᠠ ᠮᠠᠶᠢᠭ᠎ᠢᠶᠠᠷ ᠳᠡᠮᠵᠢᠬᠦ᠌ ᠡᠷᠴᠢᠮ᠎ᠢᠶᠠᠨ ᠴᠢᠩᠭᠠᠷᠠᠭᠤᠯᠵᠤ᠂ ᠤᠯᠠᠨ ᠨᠡᠢᠲᠡ᠎ᠶ᠋ᠢᠨ ᠦᠨᠳᠦᠰᠦᠨ ᠦᠢᠯᠡᠴᠢᠯᠡᠭᠡ᠎ᠶ᠋ᠢ ᠪᠠᠲᠤᠯᠠᠬᠤ ᠴᠢᠳᠠᠪᠤᠷᠢ᠎ᠶ᠋ᠢ᠎ᠨᠢ ᠠᠳᠠᠯᠢ ᠲᠡᠰ᠎ᠤᠨ ᠡᠳ᠋᠎ᠤᠨ ᠬᠦᠴᠦᠨ᠎ᠤ ᠬᠢᠷᠢ ᠬᠡᠮᠵᠢᠶ᠎ᠡ᠎ᠲᠠᠢ ᠭᠠᠵᠠᠷ ᠣᠷᠣᠨ᠎ᠤ ᠡᠮᠦᠨ᠎ᠡ ᠡᠩᠨᠡᠭᠡᠨ᠎ᠳᠤ ᠣᠷᠣᠭᠤᠯᠬᠤ᠎ᠶ᠋ᠢ ᠠᠬᠢᠭᠤᠯᠤᠨ᠎ᠠ᠃ ᠤᠯᠤᠰ᠎ᠤᠨ ᠴᠡᠴᠡᠷᠯᠢᠭ᠎ᠢᠶᠠᠷ ᠭᠤᠤᠯ ᠴᠣᠭ᠍ᠴᠠ ᠪᠣᠯᠭᠠᠭ᠍ᠰᠠᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠭᠠᠵᠠᠷ᠎ᠤᠨ ᠱᠢᠰᠲ᠋ᠧᠮ᠎ᠤᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ ᠥᠭ᠌ᠬᠦ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠭᠠᠵᠠᠷ᠎ᠤᠨ ᠬᠡᠪᠴᠢᠶ᠎ᠡ ᠪᠠ ᠬᠠᠮᠢᠶᠠᠷᠴᠤ᠌ ᠬᠠᠮᠠᠭᠠᠯᠠᠭ᠍ᠰᠠᠨ ᠦᠷ᠎ᠡ ᠪᠦᠲᠦᠮᠵᠢ᠎ᠶ᠋ᠢ ᠦᠨᠳᠦᠰᠦᠯᠡᠨ ᠬᠠᠮᠠᠭᠠᠯᠠᠯᠲᠠ᠎ᠶ᠋ᠢᠨ ᠨᠥᠬᠦᠪᠥᠷᠢ ᠥᠭ᠌ᠬᠦ ᠡᠷᠴᠢᠮ᠎ᠢ ᠴᠢᠩᠭᠠᠷᠠᠭᠤᠯᠤᠨ᠎ᠠ᠃ ᠡᠯ᠎ᠡ ᠮᠤᠵᠢ᠎ᠶ᠋ᠢᠨ ᠱᠠᠲᠤᠨ᠎ᠤ ᠵᠠᠰᠠᠭ᠎ᠤᠨ ᠣᠷᠳᠣᠨ ᠠᠮᠢ ᠠᠬᠤᠶ᠎ᠶ᠋ᠢᠨ ᠴᠢᠳᠠᠮᠵᠢ᠎ᠶ᠋ᠢᠨ ᠴᠢᠬᠤᠯᠠ ᠭᠠᠵᠠᠷ ᠣᠷᠣᠨ᠎ᠢ ᠮᠤᠵᠢ᠎ᠶ᠋ᠢᠨ ᠱᠠᠲᠤᠨ᠎ᠠᠴᠠ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ ᠱᠢᠯᠵᠢᠭᠦᠯᠦᠨ ᠥᠭ᠌ᠬᠦ ᠬᠡᠪᠴᠢᠶᠡᠨ᠎ᠳᠤ ᠪᠥᠬᠦ᠌ ᠲᠠᠯ᠎ᠠ᠎ᠪᠠᠷ ᠤᠷᠤᠭᠤᠯᠤᠨ᠎ᠠ᠃
(ᠭᠤᠷᠪᠠ) ᠭᠤᠯᠳᠤ ᠴᠢᠭ᠌ᠯᠡᠯ᠎ᠢᠶᠠᠷ ᠨᠥᠬᠦᠪᠥᠷᠢ ᠥᠭ᠌ᠬᠦ ᠠᠷᠭ᠎ᠠ᠎ᠶ᠋ᠢ ᠰᠠᠢᠵᠢᠷᠠᠭᠤᠯᠤᠨ᠎ᠠ᠃ ᠠᠮᠢ ᠠᠬᠤᠶ᠎ᠶ᠋ᠢᠨ ᠦᠷ᠎ᠡ ᠠᠱᠢᠭ᠎ᠤᠨ ᠭᠠᠳᠠᠭ᠍ᠰᠢ ᠤᠷᠤᠰᠭᠤ ᠴᠢᠨᠠᠷ᠂ ᠠᠮᠢ ᠠᠬᠤᠶ᠎ᠶ᠋ᠢᠨ ᠴᠢᠳᠠᠮᠵᠢ᠎ᠶ᠋ᠢᠨ ᠴᠢᠬᠤᠯᠠ ᠴᠢᠨᠠᠷ᠂ ᠠᠮᠢ ᠠᠬᠤᠶ᠎ᠶ᠋ᠢᠨ ᠣᠷᠴᠢᠨ ᠲᠣᠭᠤᠷᠢᠨ᠎ᠤ ᠰᠡᠷᠭᠡᠭ ᠴᠢᠨᠠᠷ ᠪᠠ ᠬᠡᠪᠡᠷᠡᠭ ᠴᠢᠨᠠᠷ ᠵᠡᠷᠭᠡ ᠣᠨᠴᠠᠯᠢᠭ᠎ᠢ ᠦᠨᠳᠦᠰᠦᠯᠡᠨ᠂ ᠭᠤᠤᠯᠳᠠᠯᠭ᠎ᠠ᠎ᠲᠠᠢ ᠠᠮᠢ ᠠᠬᠤᠶ᠎ᠶ᠋ᠢᠨ ᠴᠢᠳᠠᠮᠵᠢᠲᠤ ᠣᠷᠣᠨ᠎ᠳᠤ ᠱᠢᠯᠵᠢᠭᠦᠯᠦᠨ ᠥᠭ᠌ᠬᠦ᠎ᠳᠡᠭᠡᠨ ᠵᠦᠷᠢᠶᠡᠴᠢᠯᠡᠭ᠌ᠰᠡᠨ ᠨᠥᠬᠦᠪᠥᠷᠢ ᠥᠭ᠌ᠬᠦ᠎ᠶ᠋ᠢ ᠬᠡᠷᠡᠭ᠌ᠵᠢᠭᠦᠯᠦᠨ᠎ᠡ᠃ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠢ ᠣᠷᠣᠭᠤᠯᠤᠨ ᠠᠪᠴᠢᠷᠠᠬᠤ᠎ᠶ᠋ᠢ ᠬᠤᠯᠪᠣᠭ᠍ᠳᠠᠯ ᠪᠦᠬᠦᠢ ᠱᠢᠯᠵᠢᠭᠦᠯᠦᠨ ᠥᠭ᠌ᠬᠦ ᠬᠤᠪᠢᠶᠠᠷᠢᠯᠠᠯᠲᠠ᠎ᠶ᠋ᠢᠨ ᠬᠦᠴᠦᠨ ᠵᠦᠢᠯ ᠪᠣᠯᠭᠠᠵᠤ᠂ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠪᠦᠷᠬᠦᠴᠡ᠎ᠶ᠋ᠢᠨ ᠬᠠᠷᠢᠴᠠᠯ ᠨᠡᠯᠢᠶᠡᠳ ᠥᠨᠳᠥᠷ ᠭᠠᠵᠠᠷ ᠣᠷᠣᠨ᠎ᠢ ᠳᠡᠮᠵᠢᠬᠦ᠌ ᠡᠷᠴᠢᠮ᠎ᠢᠶᠠᠨ ᠴᠢᠩᠭᠠᠷᠠᠭᠤᠯᠤᠨ᠎ᠠ᠃ ᠨᠥᠬᠦᠪᠥᠷᠢ᠎ᠶ᠋ᠢᠨ ᠪᠠᠯᠠ ᠮᠥᠩᠭᠦ᠌ ᠬᠢᠭᠡᠳ ᠠᠮᠢ ᠠᠬᠤᠶ ᠣᠷᠴᠢᠨ ᠲᠣᠭᠤᠷᠢᠨ᠎ᠢ ᠡᠪᠳᠡᠬᠦ᠌᠎ᠲᠠᠢ ᠬᠤᠯᠪᠣᠭ᠍ᠳᠠᠬᠤ ᠠᠵᠤ ᠦᠢᠯᠡᠰ᠎ᠤᠨ ᠰᠥᠷᠭᠡᠤ ᠴᠢᠭ᠌ᠯᠡᠯ᠎ᠢᠶᠠᠷ ᠬᠤᠯᠪᠣᠯᠳᠤᠬᠤ ᠲᠣᠭ᠍ᠲᠠᠴᠠ᠎ᠶ᠋ᠢ ᠰᠦᠪᠡᠭ᠌ᠴᠢᠯᠡᠨ ᠪᠠᠢᠭᠤᠯᠵᠤ᠂ ᠠᠮᠢ ᠠᠬᠤᠶ᠎ᠶ᠋ᠢᠨ ᠴᠢᠳᠠᠮᠵᠢᠲᠦ ᠴᠢᠬᠤᠯᠠ ᠭᠠᠵᠠᠷ ᠣᠷᠣᠨ ᠠᠮᠢ ᠠᠬᠤᠶ ᠣᠷᠴᠢᠨ ᠲᠣᠭᠤᠷᠢᠨ᠎ᠢ ᠡᠪᠳᠡᠬᠦ᠌᠎ᠲᠠᠢ ᠬᠤᠯᠪᠣᠭ᠍ᠳᠠᠬᠤ ᠠᠵᠤ ᠦᠢᠯᠡᠰ᠎ᠢ ᠬᠥᠭ᠌ᠵᠢᠭᠦᠯᠦᠭ᠌ᠰᠡᠨ ᠪᠠᠢᠪᠠᠯ᠂ ᠨᠥᠬᠦᠪᠥᠷᠢ᠎ᠶ᠋ᠢᠨ ᠪᠠᠯᠠ ᠮᠥᠩᠭᠦ᠎ᠶ᠋ᠢᠨ ᠬᠡᠪᠴᠢᠶ᠎ᠡ᠎ᠶ᠋ᠢ ᠵᠣᠬᠢᠰᠲᠠᠶ ᠪᠠᠭᠠᠰᠭᠠᠨ᠎ᠠ᠃ ᠲᠠᠷᠢᠶᠠᠯᠠᠩ᠎ᠠᠴᠠ ᠱᠢᠯᠵᠢᠭ᠌ᠰᠡᠨ ᠬᠥᠮᠦᠨ ᠠᠮᠠ᠎ᠶ᠋ᠢ ᠬᠤᠳᠠ᠎ᠶ᠋ᠢᠨ ᠠᠷᠠᠳ ᠪᠣᠯᠭᠠᠬᠤ ᠱᠠᠩᠨᠠᠯ᠎ᠤᠨ ᠪᠡᠯᠡ ᠮᠥᠩᠭᠦ᠎ᠪᠠᠷ ᠳᠠᠮᠵᠢᠭᠤᠯᠤᠨ ᠠᠮᠢ ᠠᠬᠤᠢ᠎ᠶ᠋ᠢᠨ ᠨᠡᠭᠦᠳᠡᠯ ᠠᠷᠠᠳ᠎ᠢ ᠨᠡᠯᠢᠶᠡᠳ ᠤᠯᠠᠨ ᠱᠢᠩᠭᠡᠭᠡᠭ᠌ᠰᠡᠨ ᠭᠠᠵᠠᠷ ᠣᠷᠣᠨ᠎ᠳᠤ ᠨᠥᠬᠦᠪᠥᠷᠢ ᠥᠭ᠌ᠬᠦ᠎ᠶ᠋ᠢ ᠰᠤᠳᠤᠯᠤᠨ ᠲᠤᠬ᠍ᠳᠠᠭᠠᠵᠤ᠂ ᠡᠬᠢ ᠪᠠᠶᠠᠯᠢᠭ ᠣᠷᠴᠢᠨ ᠲᠤᠭᠤᠷᠢᠨ᠎ᠤ ᠳᠠᠭᠠᠭᠠᠴᠠ᠎ᠪᠠᠷ ᠨᠡᠯᠢᠶᠡᠳ ᠶᠡᠭᠡ ᠠᠮᠢ ᠠᠬᠤᠢ᠎ᠶ᠋ᠢᠨ ᠴᠢᠳᠠᠮᠵᠢ᠎ᠲᠠᠢ ᠴᠢᠬᠤᠯᠠ ᠭᠠᠵᠠᠷ ᠣᠷᠣᠨ᠎ᠤ ᠬᠥᠮᠦᠨ ᠠᠮᠠ᠎ᠶ᠋ᠢᠨ ᠠᠯᠬᠤᠮ ᠠᠯᠬᠤᠮ᠎ᠢᠶᠠᠷ ᠡᠮᠬᠢ ᠵᠢᠷᠤᠮ᠎ᠲᠠᠢ᠎ᠪᠠᠷ ᠭᠠᠳᠠᠭ᠍ᠰᠢ ᠱᠢᠯᠵᠢᠬᠦ᠌᠎ᠶ᠋ᠢ ᠬᠦᠳᠦᠯᠦᠨ ᠵᠢᠯᠣᠭᠤᠳᠤᠨ᠎ᠠ᠃ ᠠᠮᠢ ᠠᠬᠤᠢ᠎ᠶ᠋ᠢᠨ ᠶᠡᠷᠦᠩᠬᠡᠢᠯᠡᠭ᠌ᠰᠡᠨ ᠨᠥᠬᠦᠪᠥᠷᠢ᠎ᠶ᠋ᠢᠨ ᠲᠤᠷᠱᠢᠯᠲᠠ᠎ᠶ᠋ᠢᠨ ᠴᠡᠭ᠎ᠤᠨ ᠠᠵᠢᠯ᠎ᠢ ᠦᠷᠭᠦᠯᠵᠢᠯᠡᠨ ᠠᠬᠢᠭᠤᠯᠤᠨ᠎ᠠ᠃
(ᠳᠥᠷᠪᠡ) ᠬᠥᠨᠳᠡᠯᠡᠨ ᠴᠢᠭ᠌ᠯᠡᠯ᠎ᠢᠶᠠᠷ ᠨᠥᠬᠦᠪᠥᠷᠢᠯᠡᠬᠦ᠌ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠮᠤᠵᠢ ᠠᠯᠤᠰᠯᠠᠭ᠍ᠰᠠᠨ ᠰᠠᠪᠠ ᠭᠠᠵᠠᠷ᠎ᠤᠨ ᠬᠥᠨᠳᠡᠯᠡᠨ ᠴᠢᠭ᠌ᠯᠡᠯ᠎ᠤᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ ᠥᠭ᠌ᠬᠦ ᠲᠣᠭ᠍ᠲᠠᠴᠠ᠎ᠶ᠋ᠢᠨ ᠲᠤᠷᠱᠢᠯᠲᠠ᠎ᠶ᠋ᠢᠨ ᠴᠡᠭ᠎ᠤᠨ ᠦᠷ᠎ᠡ ᠪᠦᠲᠦᠭᠡᠯ᠎ᠢ ᠪᠠᠬᠢᠵᠢᠭᠦᠯᠵᠦ᠍᠂ ᠪᠣᠯᠪᠠᠰᠤᠷᠠᠩᠭᠤᠢ ᠲᠤᠷᠱᠢᠯᠭ᠎ᠠ᠎ᠶ᠋ᠢ ᠳ᠋ᠦᠩᠨᠡᠨ ᠳᠡᠯᠭᠡᠷᠡᠭᠦᠯᠦᠨ᠎ᠡ᠃ ᠣᠷᠣᠨ ᠨᠤᠲᠤᠭ᠎ᠢ ᠵᠣᠷᠢᠭ᠍ᠵᠢᠭᠤᠯᠵᠤ ᠪᠠᠢᠭᠠᠳ ᠭᠤᠤᠯᠳᠠᠯᠭ᠎ᠠ᠎ᠲᠠᠢ ᠰᠠᠪᠠ ᠭᠠᠵᠠᠷ᠎ᠤᠨ ᠮᠤᠵᠢ ᠠᠯᠤᠰᠯᠠᠭ᠍ᠰᠠᠨ ᠳᠡᠭᠡᠳᠦ ᠲᠤᠤᠷᠠᠳᠤ ᠤᠷᠤᠰᠭᠠᠯ᠎ᠤᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠬᠥᠨᠳᠡᠯᠡᠨ ᠨᠥᠬᠦᠪᠥᠷᠢ᠎ᠶ᠋ᠢᠨ ᠲᠣᠭ᠍ᠲᠠᠴᠠ᠎ᠶ᠋ᠢᠨ ᠪᠠᠢᠭᠤᠯᠤᠯᠲᠠ᠎ᠶ᠋ᠢ ᠲᠦᠷᠭᠡᠳᠭᠡᠵᠦ᠍᠂ ᠣᠷᠣᠨ ᠪᠦᠰᠡ ᠠᠯᠤᠰᠯᠠᠭ᠍ᠰᠠᠨ ᠬᠤᠯᠪᠣᠭᠠᠯᠠᠨ ᠰᠡᠷᠭᠡᠢᠯᠡᠵᠦ᠍ ᠬᠤᠯᠪᠣᠭᠠᠯᠠᠨ ᠵᠠᠰᠠᠬᠤ ᠠᠵᠢᠯ᠎ᠢ ᠥᠷᠨᠢᠭᠦᠯᠦᠨ᠎ᠡ᠃ ᠬᠥᠬᠡᠮᠥ᠋ᠷᠡᠨ᠂ ᠬᠠᠲᠤᠨ ᠭᠤᠣᠯ᠎ᠤᠨ ᠪᠦᠬᠦ᠌ ᠰᠠᠪᠠ ᠭᠠᠵᠠᠷ᠎ᠤᠨ ᠬᠥᠨᠳᠡᠯᠡᠨ ᠴᠢᠭ᠌ᠯᠡᠯ᠎ᠤᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ ᠥᠭ᠌ᠬᠦ ᠲᠣᠭ᠍ᠲᠠᠴᠠ᠎ᠶ᠋ᠢ ᠪᠠᠢᠭᠤᠯᠬᠤ᠎ᠶ᠋ᠢ ᠠᠬᠢᠭᠤᠯᠵᠤ᠂ ᠤᠷᠤᠰᠭᠠᠯ ᠤᠷᠤᠨ ᠲᠠᠭᠠᠤ ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠤᠲᠠ) ᠶ᠋ᠢᠨ ᠭᠤᠣᠯ ᠤᠷᠤᠰᠭᠠᠯ ᠵᠢᠴᠢ ᠴᠢᠬᠤᠯᠠ ᠰᠠᠯᠪᠤᠷᠢ ᠤᠷᠤᠰᠭᠠᠯ᠎ᠳᠤ ᠮᠤᠵᠢ᠎ᠶ᠋ᠢᠨ ᠬᠤᠭᠤᠷᠣᠨᠳᠣᠬᠢ ᠪᠠ ᠮᠤᠵᠢ᠎ᠶ᠋ᠢᠨ ᠳᠣᠲᠣᠷᠠᠬᠢ ᠬᠥᠨᠳᠡᠯᠡᠨ ᠴᠢᠭ᠌ᠯᠡᠯ᠎ᠤᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ ᠥᠭ᠌ᠬᠦ ᠲᠣᠭ᠍ᠲᠠᠴᠠ᠎ᠶ᠋ᠢ ᠪᠡᠶ᠎ᠡ᠎ᠪᠠᠨ ᠳᠠᠭᠠᠭᠠᠵᠤ ᠪᠠᠢᠭᠤᠯᠬᠤ᠎ᠶ᠋ᠢ ᠳᠡᠮᠵᠢᠨ᠎ᠡ᠃ ᠠᠮᠢ ᠠᠬᠤᠶ᠎ᠶ᠋ᠢᠨ ᠴᠢᠳᠠᠮᠵᠢ᠎ᠨᠢ ᠣᠨᠴᠠ ᠴᠢᠬᠤᠯᠠ ᠮᠤᠵᠢ ᠠᠯᠤᠰᠯᠠᠭ᠍ᠰᠠᠨ ᠪᠠ ᠲᠤᠰᠭᠠᠶ ᠣᠷᠣᠨ ᠬᠤᠲᠠ ᠠᠯᠤᠰᠯᠠᠭ᠍ᠰᠠᠨ ᠭᠤᠤᠯᠳᠠᠯᠭ᠎ᠠ᠎ᠲᠠᠢ ᠰᠠᠪᠠ ᠭᠠᠵᠠᠷ᠎ᠤᠨ ᠬᠥᠨᠳᠡᠯᠡᠨ ᠴᠢᠭ᠌ᠯᠡᠯ᠎ᠤᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ᠎ᠳᠤ ᠲᠥᠪ᠎ᠤᠨ ᠡᠳ᠋᠎ᠤᠨ ᠵᠠᠰᠠᠭ ᠪᠠ ᠮᠤᠵᠢ᠎ᠶ᠋ᠢᠨ ᠱᠠᠲᠤᠨ᠎ᠤ ᠡᠳ᠋᠎ᠤᠨ ᠵᠠᠰᠠᠭ᠎ᠠᠴᠠ ᠲᠣᠰ ᠲᠣᠰ ᠬᠥᠲᠥᠯᠦᠨ ᠵᠢᠯᠣᠭᠤᠳᠴᠤ᠌ ᠳᠡᠮᠵᠢᠨ᠎ᠡ᠃ ᠣᠷᠣᠨ ᠨᠤᠲᠤᠭ᠎ᠢ ᠵᠣᠷᠢᠭ᠍ᠵᠢᠭᠤᠯᠵᠤ ᠪᠠᠢᠭᠠᠳ ᠠᠭᠠᠷ ᠮᠠᠨᠳᠠᠯ ᠵᠡᠷᠭᠡ ᠠᠮᠢ ᠠᠬᠤᠶ ᠣᠷᠴᠢᠨ ᠲᠣᠭᠤᠷᠢᠨ᠎ᠤ ᠪᠤᠰᠤᠳ ᠴᠢᠬᠤᠯᠠ ᠡᠯᠧᠮᠧᠨ᠋ᠲ᠎ᠢ ᠬᠥᠨᠳᠡᠯᠡᠨ ᠴᠢᠭ᠌ᠯᠡᠯ᠎ᠢᠶᠠᠷ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ ᠥᠭ᠌ᠬᠦ ᠠᠷᠭ᠎ᠠ ᠬᠡᠯᠪᠡᠷᠢ᠎ᠶ᠋ᠢ ᠰᠦᠪᠡᠭ᠌ᠴᠢᠯᠡᠵᠦ᠍᠂ ᠠᠵᠢᠯ ᠲᠥᠷᠥᠯ᠎ᠢᠶᠠᠷ᠎ᠢᠶᠠᠨ ᠬᠠᠮᠵᠢᠯᠴᠠᠬᠤ᠂ ᠠᠵᠤ ᠦᠢᠯᠡᠰ᠎ᠢ ᠱᠢᠯᠵᠢᠭᠦᠯᠬᠦ᠂ ᠴᠢᠳᠠᠪᠤᠷᠢᠲᠠᠨ᠎ᠢ ᠪᠣᠯᠪᠠᠰᠤᠷᠠᠭᠤᠯᠬᠤ᠂ ᠬᠦᠷᠢᠶᠡᠯᠡᠩ ᠲᠣᠭᠤᠷᠢᠭ᠎ᠢ ᠬᠠᠮᠲᠤ᠎ᠪᠠᠷ ᠪᠠᠢᠭᠤᠯᠬᠤ᠂ ᠠᠮᠢ ᠠᠬᠤᠶ᠎ᠶ᠋ᠢᠨ ᠪᠦᠲᠦᠭᠡᠭ᠌ᠳᠡᠬᠦᠨ ᠪᠠ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠠᠱᠢᠭ ᠭᠥᠷᠳᠡᠭ᠌ᠰᠡᠨ ᠭᠠᠵᠠᠷ ᠣᠷᠣᠨ ᠬᠢᠭᠡᠳ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠭᠠᠵᠠᠷ ᠣᠷᠣᠨ᠎ᠤ ᠰᠠᠢᠨ ᠰᠠᠢᠬᠠᠨ᠎ᠢᠶᠠᠷ ᠬᠠᠷᠢᠯᠴᠠᠨ ᠬᠤᠷᠱᠢᠯᠴᠠᠬᠤ᠎ᠶ᠋ᠢ ᠠᠬᠢᠭᠤᠯᠤᠨ᠎ᠠ᠃
ᠳᠥᠷᠪᠡ᠂ ᠵᠠᠬ᠎ᠠ ᠳᠡᠯᠭᠡᠭᠦᠷ᠎ᠤᠨ ᠲᠣᠭ᠍ᠲᠠᠴᠠ᠎ᠶ᠋ᠢᠨ ᠦᠢᠯᠡᠳᠦᠯ᠎ᠢ ᠪᠠᠳᠠᠷᠠᠭᠤᠯᠵᠤ᠂ ᠤᠯᠠᠠ ᠡᠱᠢᠵᠢᠭ᠌ᠰᠡᠡ ᠨᠦᠬᠦᠪᠦᠷᠢ᠎ᠶ᠋ᠢ ᠲᠦᠷᠭᠡᠡ ᠠᠬᠢᠭᠤᠯᠤᠨ᠎ᠠ
ᠠᠮᠢ ᠠᠬᠤᠶ ᠣᠷᠴᠢᠨ ᠲᠣᠭᠤᠷᠢᠨ᠎ᠤ ᠡᠷᠭᠡ᠎ᠶ᠋ᠢ ᠵᠦᠶ ᠵᠣᠬᠢᠰᠲᠠᠶ ᠵᠠᠭᠠᠭ᠍ᠯᠠᠨ ᠲᠣᠭ᠍ᠲᠠᠭᠠᠵᠦ᠍᠂ ᠠᠱᠢᠭ ᠬᠦᠷᠲᠡᠭ᠌ᠴᠢ ᠰᠦᠢᠳᠭᠡᠯ ᠲᠤᠱᠢᠶᠠᠬᠤ ᠵᠠᠷᠴᠢᠮ ᠶᠣᠰᠣᠭᠠᠷ᠂ ᠵᠠᠬ᠎ᠠ ᠳᠡᠯᠭᠡᠭᠦᠷᠴᠢᠯᠡᠬᠦ᠂ ᠣᠯᠠᠨ ᠡᠱᠢᠵᠢᠭᠦᠯᠬᠦ᠌ ᠠᠷᠭ᠎ᠠ ᠮᠠᠶᠢᠭ᠎ᠢᠶᠠᠷ ᠳᠠᠮᠵᠢᠭᠤᠯᠤᠨ᠂ ᠠᠮᠢ ᠠᠬᠤᠶ᠎ᠶ᠋ᠢᠨ ᠬᠠᠮᠠᠭᠠᠯᠠᠭ᠍ᠴᠢ᠎ᠶ᠋ᠢᠨ ᠠᠱᠢᠭ ᠲᠤᠰᠠ᠎ᠶ᠋ᠢ ᠪᠦᠲᠦᠮᠵᠢᠲᠡᠶ ᠨᠥᠬᠦᠪᠥᠷᠢᠯᠡᠬᠦ᠌᠎ᠶ᠋ᠢ ᠠᠬᠢᠭᠤᠯᠵᠤ᠂ ᠪᠥᠬᠦ᠌ ᠨᠡᠢᠭᠡᠮ᠎ᠤᠨ ᠠᠮᠢ ᠠᠬᠤᠶ᠎ᠶ᠋ᠢᠨ ᠬᠠᠮᠠᠭᠠᠯᠠᠯᠲᠠ᠎ᠳᠤ ᠣᠷᠣᠯᠴᠠᠬᠤ ᠢᠳᠡᠪᠬᠢᠵᠢᠯ᠎ᠢ ᠬᠥᠭ᠌ᠵᠢᠭᠡᠨ᠎ᠡ᠃
(ᠨᠢᠭᠡ) ᠵᠠᠬ᠎ᠠ ᠳᠡᠯᠭᠡᠭᠦᠷ᠎ᠤᠨ ᠠᠷᠠᠯᠵᠢᠶᠠᠨ᠎ᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠪᠠᠢᠭᠠᠯᠢ᠎ᠶ᠋ᠢᠨ ᠡᠬᠢ ᠪᠠᠶᠠᠯᠢᠭ᠎ᠤᠨ ᠡᠷᠬᠡ᠎ᠶ᠋ᠢ ᠨᠢᠭᠡᠳᠦᠯᠲᠡᠶ ᠨᠤᠲᠠᠯᠠᠨ ᠲᠣᠭ᠍ᠲᠠᠭᠠᠵᠤ ᠳᠠᠩᠰᠠᠯᠠᠬᠤ᠎ᠶ᠋ᠢ ᠲᠦᠷᠭᠡᠳᠭᠡᠵᠦ᠍᠂ ᠬᠠᠷᠢᠶᠠᠯᠠᠯ ᠲᠣᠳᠣᠷᠬᠠᠶ᠂ ᠡᠷᠬᠡ ᠬᠠᠷᠢᠭᠤᠴᠠᠯᠭ᠎ᠠ ᠲᠣᠳᠣᠷᠬᠠᠶ᠂ ᠬᠠᠮᠠᠭᠠᠯᠠᠯᠲᠠ ᠴᠢᠩᠭ᠎ᠠ᠂ ᠡᠷᠭᠢᠯᠲᠡ ᠱᠢᠯᠤᠭᠤᠨ᠂ ᠬᠢᠨᠠᠯᠲᠠ ᠬᠠᠮᠢᠶᠠᠷᠤᠯᠲᠠ ᠪᠦᠲᠦᠮᠵᠢᠲᠡᠶ ᠪᠠᠢᠭᠠᠯᠢ᠎ᠶ᠋ᠢᠨ ᠡᠬᠢ ᠪᠠᠶᠠᠯᠢᠭ᠎ᠤᠨ ᠡᠳ᠋ ᠬᠥᠷᠥᠩᠭᠡ᠎ᠶ᠋ᠢᠨ ᠥᠮᠴᠢᠯᠡᠬᠦ᠌ ᠡᠷᠬᠡ᠎ᠶ᠋ᠢᠨ ᠲᠦᠷᠢᠮ᠎ᠢ ᠪᠠᠢᠭᠤᠯᠵᠤ᠂ ᠵᠠᠬ᠎ᠠ ᠳᠡᠯᠭᠡᠭᠦᠷ᠎ᠤᠨ ᠬᠠᠩᠭᠠᠯᠭ᠎ᠠ ᠬᠡᠷᠡᠭ᠌ᠴᠡᠭᠡ ᠪᠠ ᠡᠬᠢ ᠪᠠᠶᠠᠯᠢᠭ᠎ᠤᠨ ᠬᠤᠮᠰᠠᠳᠠᠯ᠎ᠤᠨ ᠬᠡᠮᠵᠢᠶ᠎ᠡ᠎ᠶ᠋ᠢ ᠲᠤᠰᠭᠠᠭ᠍ᠰᠠᠨ᠂ ᠠᠮᠢ ᠠᠬᠤᠶ᠎ᠶ᠋ᠢᠨ ᠦᠨ᠎ᠡ ᠥᠷᠲᠡᠭ ᠪᠠ ᠦᠶ᠎ᠡ ᠠᠯᠤᠰᠯᠠᠬᠤ ᠨᠥᠬᠦᠪᠥᠷᠢ᠎ᠶ᠋ᠢ ᠢᠯᠡᠷᠡᠭᠦᠯᠦᠭ᠌ᠰᠡᠨ ᠪᠠᠢᠭᠠᠯᠢ᠎ᠶ᠋ᠢᠨ ᠡᠬᠢ ᠪᠠᠶᠠᠯᠢᠭ᠎ᠤᠨ ᠡᠳ᠋ ᠬᠥᠷᠥᠩᠭᠡ᠎ᠶ᠋ᠢ ᠦᠨ᠎ᠡ ᠲᠥᠯᠥᠪᠦᠷᠢ᠎ᠲᠠᠢ᠎ᠪᠠᠷ ᠬᠡᠷᠡᠭ᠌ᠯᠡᠬᠦ᠌ ᠲᠦᠷᠢᠮ᠎ᠢ ᠲᠡᠭᠦᠯᠳᠡᠷᠵᠢᠭᠦᠯᠵᠦ᠍᠂ ᠪᠠᠢᠭᠠᠯᠢ᠎ᠶ᠋ᠢᠨ ᠡᠬᠢ ᠪᠠᠶᠠᠯᠢᠭ᠎ᠤᠨ ᠡᠳ᠋ ᠬᠥᠷᠥᠩᠭᠡ᠎ᠶ᠋ᠢ ᠬᠠᠮᠠᠭᠠᠯᠠᠬᠤ ᠡᠭᠦᠷᠭᠡ᠎ᠶ᠋ᠢ ᠭᠦᠢᠴᠡᠳᠭᠡᠭ᠌ᠰᠡᠨ ᠡᠷᠬᠡ᠎ᠶ᠋ᠢᠨ ᠭᠤᠤᠯ ᠴᠣᠭ᠍ᠴᠠ᠎ᠳᠤ ᠵᠦᠶ ᠵᠣᠬᠢᠰᠲᠠᠶ ᠨᠥᠬᠦᠪᠥᠷᠢ ᠥᠭ᠌ᠭᠦᠨ᠎ᠡ᠃ ᠶᠡᠷᠦᠩᠬᠡᠶ ᠬᠡᠮᠵᠢᠶ᠎ᠡ᠎ᠶ᠋ᠢ ᠵᠦᠢ ᠵᠣᠬᠢᠰᠲᠠᠶ ᠱᠢᠨᠵᠢᠯᠡᠬᠦ᠌ ᠤᠬᠠᠭᠠᠨᠴᠢ᠎ᠪᠠᠷ ᠡᠵᠡᠮᠳᠡᠭ᠌ᠰᠡᠨ ᠤᠷᠢᠲᠠᠯ ᠳᠣᠣᠷ᠎ᠠ᠂ ᠤᠰᠤ ᠬᠡᠷᠡᠭ᠌ᠯᠡᠬᠦ᠌ ᠡᠷᠬᠡ᠂ ᠪᠣᠬᠢᠷᠲᠤᠯ᠎ᠢ ᠭᠠᠳᠠᠭ᠍ᠰᠢᠯᠠᠭᠤᠯᠬᠤ ᠡᠷᠬᠡ᠂ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠡᠷᠬᠡ᠎ᠶ᠋ᠢᠨ ᠠᠩᠬᠠᠨ᠎ᠤ ᠬᠤᠪᠢᠶᠠᠷᠢᠯᠠᠯᠲᠠ᠎ᠶ᠋ᠢᠨ ᠳᠦᠷᠢᠮ᠎ᠢ ᠪᠠᠢᠭᠤᠯᠤᠨ᠎ᠠ᠃ ᠵᠠᠬ᠎ᠠ ᠳᠡᠯᠭᠡᠭᠦᠷᠴᠢᠯᠡᠭ᠌ᠰᠡᠨ ᠣᠷᠴᠢᠨ ᠲᠣᠭᠤᠷᠢᠨ᠎ᠤ ᠡᠷᠬᠡ᠎ᠶ᠋ᠢᠨ ᠠᠷᠠᠯᠵᠢᠶ᠎ᠠ᠎ᠶ᠋ᠢ ᠠᠯᠬᠤᠮ ᠠᠯᠬᠤᠮ᠎ᠢᠶᠠᠷ ᠥᠷᠨᠢᠭᠦᠯᠦᠨ᠎ᠡ᠃ ᠭᠠᠵᠠᠷ ᠣᠷᠣᠨ᠎ᠤ ᠬᠤᠭᠤᠷᠣᠨᠳᠣ᠎ᠪᠠᠨ ᠣᠷᠣᠨ ᠪᠦᠰᠡ᠎ᠶ᠋ᠢᠨ ᠤᠰᠤ ᠲᠠᠲᠠᠵᠤ ᠬᠡᠷᠡᠭ᠌ᠯᠡᠬᠦ᠌ ᠶᠡᠷᠦᠩᠬᠡᠶ ᠬᠡᠮᠵᠢᠶ᠎ᠡ ᠪᠠ ᠡᠷᠬᠡ ᠠᠱᠢᠭ᠎ᠢᠶᠠᠨ ᠦᠨᠳᠦᠰᠦᠯᠡᠨ᠂ ᠤᠰᠤᠨ᠎ᠤ ᠡᠷᠬᠡ᠎ᠶ᠋ᠢᠨ ᠠᠷᠠᠯᠵᠢᠶ᠎ᠠ᠎ᠪᠠᠷ ᠳᠠᠮᠵᠢᠨ ᠱᠢᠨ᠎ᠡ᠎ᠪᠠᠷ ᠨᠡᠮᠡᠭ᠌ᠳᠡᠭ᠌ᠰᠡᠨ ᠤᠰᠤ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠱᠢᠢᠳᠪᠦᠷᠢᠯᠡᠬᠦ᠌᠎ᠶ᠋ᠢ ᠵᠣᠷᠢᠭ᠍ᠵᠢᠭᠤᠯᠤᠨ᠎ᠠ᠃ ᠤᠰᠤ ᠬᠡᠷᠡᠭ᠌ᠯᠡᠬᠦ᠌ ᠡᠷᠦᠬᠡ᠎ᠶ᠋ᠢᠨ ᠤᠰᠤᠨ᠎ᠤ ᠡᠬᠢ ᠪᠠᠶᠠᠯᠢᠭ᠎ᠢ ᠬᠡᠷᠡᠭ᠌ᠯᠡᠬᠦ᠌ ᠡᠷᠬᠡ᠎ᠶ᠋ᠢ ᠲᠣᠳᠣᠷᠬᠠᠢᠯᠠᠵᠤ᠂ ᠤᠰᠤ ᠭᠡᠷᠡᠭ᠌ᠯᠡᠬᠦ᠌ ᠡᠷᠬᠡᠲᠦ ᠬᠥᠮᠦᠨ᠎ᠤ ᠤᠰᠤᠨ᠎ᠤ ᠡᠬᠢ ᠪᠠᠶᠠᠯᠢᠭ᠎ᠢ ᠠᠷᠪᠢᠯᠠᠵᠤ ᠬᠡᠷᠡᠭ᠌ᠯᠡᠭ᠌ᠰᠡᠨ ᠰᠠᠭᠤᠷᠢᠨ ᠳᠡᠭᠡᠷ᠎ᠡ ᠤᠰᠤ ᠭᠡᠷᠡᠭ᠌ᠯᠡᠬᠦ᠌ ᠡᠷᠬᠡ᠎ᠪᠠᠨ ᠲᠥᠯᠥᠪᠦᠷᠢ᠎ᠲᠠᠢ ᠱᠢᠯᠵᠢᠭᠦᠯᠦᠨ ᠥᠭ᠌ᠬᠦ᠎ᠶ᠋ᠢ ᠵᠣᠷᠢᠭ᠍ᠵᠢᠭᠤᠯᠤᠨ᠎ᠠ᠃ ᠪᠣᠬᠢᠷᠲᠤᠯ᠎ᠢ ᠭᠠᠳᠠᠭ᠍ᠰᠢᠯᠠᠭᠤᠯᠬᠤ ᠵᠥᠪᠱᠢᠶᠡᠷᠡᠯ᠎ᠤᠨ ᠲᠦᠷᠢᠮ᠎ᠢ ᠪᠥᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠠᠮᠢ ᠠᠬᠤᠶ᠎ᠶ᠋ᠢᠨ ᠣᠷᠴᠢᠨ ᠲᠣᠭᠤᠷᠢᠨ᠎ᠤ ᠶᠠᠰᠤ ᠴᠢᠨᠠᠷ᠎ᠢ ᠪᠠᠷᠢᠮᠵᠢᠶ᠎ᠠ᠎ᠳᠤ ᠬᠦᠷᠦᠭᠦᠯᠦᠭ᠌ᠰᠡᠨ ᠤᠷᠢᠲᠠᠯ ᠳᠤᠤᠷ᠎ᠠ᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠭᠠᠵᠠᠷ ᠣᠷᠣᠨ᠎ᠤ ᠪᠣᠬᠢᠷᠲᠤᠯ᠎ᠢ ᠭᠠᠳᠠᠭ᠍ᠰᠢᠯᠠᠭᠤᠯᠬᠤ ᠡᠷᠬᠡ᠎ᠶ᠋ᠢ ᠲᠥᠯᠥᠪᠦᠷᠢ᠎ᠲᠠᠢ ᠬᠡᠷᠡᠭ᠌ᠯᠡᠬᠦ᠌ ᠪᠠ ᠠᠷᠠᠯᠵᠢᠶᠠᠯᠠᠬᠤ᠎ᠶ᠋ᠢ ᠨᠠᠢᠳᠠᠪᠤᠷᠢᠵᠢᠭᠤᠯᠤᠨ᠎ᠠ᠃ ᠪᠦᠬᠦ᠌ ᠤᠯᠤᠰ᠎ᠤᠨ ᠡᠨᠧᠷᠭᠢ ᠬᠡᠷᠡᠭ᠌ᠯᠡᠬᠦ᠌ ᠡᠷᠬᠡ᠂ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠡᠷᠬᠡ᠎ᠶ᠋ᠢᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠲᠦᠷᠭᠡᠳᠭᠡᠨ ᠪᠠᠢᠭᠤᠯᠤᠨ᠎ᠠ᠃ ᠤᠯᠤᠰ᠎ᠤᠨ ᠬᠦᠯᠡᠮᠵᠢ᠎ᠶ᠋ᠢᠨ ᠬᠡᠢ ᠪᠡᠶᠡᠲᠦ ᠭᠠᠳᠠᠭ᠍ᠰᠢᠯᠠᠭᠤᠯᠬᠤ᠎ᠶ᠋ᠢ ᠰᠠᠢᠨ ᠳᠤᠷ᠎ᠠ᠎ᠠᠴᠠ᠎ᠪᠠᠨ ᠪᠠᠭᠠᠰᠭᠠᠬᠤ ᠠᠷᠠᠯᠵᠢᠶᠠᠨ᠎ᠤ ᠲᠣᠭ᠍ᠲᠠᠴᠠ᠎ᠪᠠᠷ ᠰᠠᠭᠤᠷᠢ ᠪᠣᠯᠭᠠᠭ᠍ᠰᠠᠨ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠡᠷᠬᠡ᠎ᠶ᠋ᠢ ᠲᠤᠯᠭᠠᠨ ᠬᠠᠰᠤᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠠᠮᠢ ᠠᠬᠤᠢ᠂ ᠨᠡᠢᠭᠡᠮ ᠵᠡᠷᠭᠡ ᠤᠯᠠᠨ ᠵᠦᠢᠯ᠎ᠤᠨ ᠦᠷ᠎ᠡ ᠠᠱᠢᠭᠲᠠᠢ ᠤᠢ ᠱᠢᠭᠤᠢ᠎ᠶ᠋ᠢᠨ ᠦᠢᠯᠡᠰ᠂ ᠳᠠᠬᠢᠨ ᠡᠭᠦᠰᠴᠦ᠍ ᠪᠣᠯᠬᠤ ᠡᠨᠧᠷᠭᠢ᠎ᠶ᠋ᠢᠨ ᠰᠤᠷᠪᠤᠯᠵᠢ᠂ ᠮᠧᠲ᠋ᠠᠨ᠎ᠢ ᠠᠱᠢᠠᠠᠯᠠᠬᠤ ᠵᠡᠷᠭᠡ ᠬᠦᠷᠢᠶᠡᠨ᠎ᠳᠠᠬᠢ ᠬᠦᠯᠡᠮᠵᠢ᠎ᠶ᠋ᠢᠨ ᠬᠡᠢ ᠪᠡᠶᠡᠲᠦ ᠭᠠᠳᠠᠭ᠍ᠰᠢᠯᠠᠭᠤᠯᠬᠤ᠎ᠶ᠋ᠢ ᠰᠠᠢᠨ ᠳᠤᠷ᠎ᠠ᠎ᠠᠴᠠ᠎ᠪᠠᠨ ᠪᠠᠭᠠᠰᠭᠠᠬᠤ ᠲᠦᠷᠦᠯ ᠵᠦᠢᠯ᠎ᠢ ᠪᠦᠬᠦ᠌ ᠤᠯᠤᠰ᠎ᠤᠨ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠡᠷᠬᠡ᠎ᠶ᠋ᠢ ᠠᠷᠠᠯᠵᠢᠶᠠᠯᠠᠬᠤ ᠵᠠᠬ᠎ᠠ ᠳᠡᠯᠭᠡᠭᠦᠷ᠎ᠲᠤ ᠣᠷᠣᠭᠤᠯᠤᠨ᠎ᠠ᠃
(ᠬᠤᠶᠠᠷ) ᠵᠠᠬ᠎ᠠ ᠳᠡᠯᠭᠡᠭᠦᠷᠴᠢᠯᠡᠭ᠌ᠰᠡᠨ ᠪᠠᠯᠠ ᠬᠤᠷᠠᠮᠳᠤᠭᠤᠯᠬᠤ ᠠᠷᠭ᠎ᠠ ᠵᠠᠮ᠎ᠢ ᠥᠷᠭᠡᠳᠭᠡᠨ᠎ᠡ᠃ ᠤᠰᠤᠨ᠎ᠤ ᠡᠷᠬᠡ᠂ ᠪᠣᠬᠢᠷᠲᠤᠯ᠎ᠢ ᠭᠠᠳᠠᠭ᠍ᠰᠢᠯᠠᠭᠤᠯᠬᠤ ᠡᠷᠬᠡ᠂ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠡᠷᠬᠡ ᠵᠡᠷᠭᠡ ᠡᠯ᠎ᠡ ᠲᠥᠷᠥᠯ᠎ᠤᠨ ᠡᠬᠢ ᠪᠠᠶᠠᠯᠢᠭ ᠣᠷᠴᠢᠨ ᠲᠣᠭᠤᠷᠢᠨ᠎ᠤ ᠡᠷᠬᠡ ᠠᠱᠢᠭ᠎ᠲᠤ ᠰᠠᠭᠤᠷᠢᠯᠠᠭ᠍ᠰᠠᠨ ᠪᠠᠯᠠ ᠮᠦᠩᠭᠦ᠌ ᠴᠤᠭ᠍ᠯᠠᠭᠤᠯᠬᠤ ᠪᠠᠭᠠᠵᠢ᠎ᠶ᠋ᠢ ᠰᠤᠳᠤᠯᠤᠨ ᠬᠥᠭ᠌ᠵᠢᠭᠦᠯᠵᠦ᠍᠂ ᠪᠣᠬᠢᠷᠲᠤᠯ ᠥᠬᠡᠶ ᠰᠲ᠋ᠣᠺ᠎ᠤᠨ ᠭᠦᠢᠴᠡᠳᠭᠡᠯ ᠲᠤᠭ᠎ᠠ᠎ᠶ᠋ᠢ ᠪᠠᠢᠭᠤᠯᠤᠨ᠂ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠡᠷᠬᠡ᠎ᠶ᠋ᠢᠨ ᠬᠤᠭᠤᠴᠠᠭᠠᠲᠤ ᠪᠠᠷᠠᠭ᠎ᠠ᠎ᠶ᠋ᠢᠨ ᠠᠷᠠᠯᠵᠢᠶ᠎ᠠ᠎ᠶ᠋ᠢ ᠬᠥᠭ᠌ᠵᠢᠭᠦᠯᠦᠨ᠎ᠡ᠃ ᠪᠤᠬᠢᠷᠳᠤᠯ ᠦᠭᠡᠢ ᠮᠥᠩᠭᠦᠨ ᠭᠦᠢᠯᠭᠡᠭᠡᠨ᠎ᠤ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠲᠤᠷᠱᠢᠯᠲᠠ᠎ᠶ᠋ᠢᠨ ᠲᠣᠭᠤᠷᠢᠭ᠎ᠤᠨ ᠲᠤᠷᠱᠢᠯᠲᠠ᠎ᠶ᠋ᠢᠨ ᠴᠡᠭ᠎ᠤᠨ ᠬᠦᠷᠢᠶ᠎ᠡ ᠬᠡᠪᠴᠢᠶ᠎ᠡ᠎ᠶ᠋ᠢ ᠥᠷᠭᠡᠳᠭᠡᠵᠦ᠍᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ᠎ᠶ᠋ᠢᠨ ᠪᠠᠯᠠ ᠬᠤᠷᠠᠮᠳᠤᠭᠤᠯᠬᠤ ᠲᠣᠭ᠍ᠲᠠᠴᠠ ᠬᠢᠭᠡᠳ ᠵᠠᠭ᠍ᠪᠤᠷ᠎ᠤᠨ ᠱᠢᠨ᠎ᠡ᠎ᠶ᠋ᠢ ᠡᠭᠦᠳᠬᠦ᠌᠎ᠪᠠᠷ ᠴᠢᠬᠤᠯᠠ ᠲᠤᠷᠱᠢᠯᠲᠠ᠎ᠶ᠋ᠢᠨ ᠴᠡᠭ᠎ᠤᠨ ᠠᠭᠤᠯᠭ᠎ᠠ ᠪᠣᠯᠭᠠᠨ᠎ᠠ᠃ ᠠᠮᠢ ᠠᠬᠤᠢ᠎ᠶ᠋ᠢᠨ ᠠᠵᠤ ᠦᠢᠯᠡᠰ᠎ᠤᠨ ᠬᠡᠯᠬᠢᠶ᠎ᠡ᠎ᠶ᠋ᠢᠨ ᠮᠥᠩᠭᠦᠨ ᠭᠦᠢᠯᠭᠡᠭᠡᠨ᠎ᠤ ᠵᠠᠭ᠍ᠪᠤᠷ᠎ᠢ ᠳᠡᠯᠭᠡᠷᠡᠭᠦᠯᠦᠨ᠎ᠡ᠃ ᠪᠠᠩᠬᠢ᠎ᠶ᠋ᠢᠨ ᠦᠢᠯᠡᠰ ᠮᠥᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢᠨ ᠪᠤᠬᠢᠷᠳᠤᠯ ᠦᠭᠡᠢ ᠲᠥᠷᠥᠯ ᠵᠦᠢᠯ᠎ᠤᠨ ᠪᠠᠯᠠ ᠬᠤᠷᠠᠮᠳᠤᠭᠤᠯᠬᠤ ᠣᠨᠴᠠᠯᠢᠭᠲᠤ ᠨᠡᠢᠴᠡᠭ᠌ᠰᠡᠳᠲᠤ ᠪᠤᠬᠢᠷᠲᠤᠯ ᠦᠭᠡᠢ ᠢᠲᠡᠭᠡᠮᠵᠢᠲᠦ ᠵᠢᠭᠡᠯᠡᠯᠭᠡ᠎ᠶ᠋ᠢᠨ ᠦᠢᠯᠡᠴᠢᠯᠡᠭᠡ ᠬᠠᠩᠭᠠᠬᠤ᠎ᠶ᠋ᠢ ᠵᠣᠷᠢᠭ᠍ᠵᠢᠭᠤᠯᠤᠨ᠎ᠠ᠃ ᠨᠥᠬᠦᠴᠡᠯ᠎ᠳᠤ ᠨᠡᠢᠴᠡᠬᠦ᠌ ᠮᠥᠩᠭᠦᠨ ᠭᠦᠢᠯᠭᠡᠭᠡᠨ᠎ᠤ ᠪᠤᠰᠤ ᠠᠵᠤ ᠠᠬᠤᠢᠯᠠᠯ ᠪᠣᠯᠤᠨ ᠪᠠᠢᠭᠤᠯᠤᠮᠵᠢ᠎ᠶ᠋ᠢᠨ ᠪᠤᠬᠢᠷᠲᠤᠯ ᠦᠭᠡᠢ ᠵᠢᠭᠡᠯᠡᠯᠭᠡ᠎ᠶ᠋ᠢᠨ ᠲᠡᠮᠳᠡᠭ᠌ᠲᠦ ᠲᠠᠷᠬᠠᠭᠠᠬᠤ᠎ᠶ᠋ᠢ ᠵᠣᠷᠢᠭ᠍ᠵᠢᠭᠤᠯᠤᠨ᠎ᠠ᠃ ᠳᠠᠭᠠᠳᠭᠠᠯ᠎ᠤᠨ ᠪᠠᠢᠭᠤᠯᠤᠮᠵᠢ᠎ᠶ᠋ᠢᠨ ᠪᠣᠬᠢᠷᠲᠤᠯ ᠥᠬᠡᠶ ᠳᠠᠭᠠᠳᠭᠠᠯ᠎ᠤᠨ ᠦᠢᠯᠡᠳᠭᠦᠨ᠎ᠢ ᠨᠡᠭᠡᠭᠡᠨ ᠬᠥᠭ᠌ᠵᠢᠭᠦᠯᠵᠦ᠍ ᠱᠢᠨ᠎ᠡ᠎ᠶ᠋ᠢ ᠡᠭᠦᠳᠦᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ᠎ᠳᠤ ᠣᠷᠣᠯᠴᠠᠬᠤ᠎ᠶ᠋ᠢ ᠵᠣᠷᠢᠭ᠍ᠵᠢᠭᠤᠯᠤᠨ᠎ᠠ᠃
(ᠭᠤᠷᠪᠠ) ᠣᠯᠠᠨ ᠶᠠᠩᠵᠤ᠎ᠶ᠋ᠢᠨ ᠨᠥᠬᠦᠪᠥᠷᠢᠯᠡᠬᠦ᠌ ᠠᠷᠭ᠎ᠠ ᠮᠠᠶᠢᠭ᠎ᠢ ᠰᠦᠪᠡᠭ᠌ᠴᠢᠯᠡᠨ᠎ᠡ᠃ ᠠᠮᠢ ᠠᠬᠤᠶ᠎ᠶ᠋ᠢᠨ ᠴᠢᠳᠠᠮᠵᠢᠳᠤ ᠴᠢᠬᠤᠯᠠ ᠭᠠᠵᠠᠷ ᠣᠷᠣᠨ᠎ᠤ ᠠᠮᠢ ᠠᠬᠤᠶ ᠤᠷᠴᠢᠨ ᠲᠣᠭᠤᠷᠢᠨ᠎ᠤ ᠬᠥᠮᠦᠵᠢᠯ ᠪᠣᠯᠪᠠᠰᠤᠷᠠᠭᠤᠯᠤᠯ ᠥᠷᠨᠢᠭᠦᠯᠬᠦ᠌᠎ᠶ᠋ᠢ ᠳᠡᠮᠵᠢᠵᠦ᠍᠂ ᠣᠨᠴᠠᠯᠢᠭ᠍ᠲᠤ ᠳᠠᠪᠠᠭᠤᠯᠢᠭ ᠠᠵᠤ ᠦᠢᠯᠡᠰ᠎ᠢ ᠬᠥᠲᠥᠯᠦᠨ ᠵᠢᠯᠣᠭᠤᠳᠴᠤ᠌ ᠬᠥᠭ᠌ᠵᠢᠭᠦᠯᠦᠨ᠂ ᠪᠣᠬᠢᠷᠲᠤᠯ ᠥᠬᠡᠶ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠢ ᠥᠷᠭᠡᠳᠭᠡᠨ᠎ᠡ᠃ ᠠᠮᠢ ᠠᠬᠤᠢ᠎ᠶ᠋ᠢᠨ ᠲᠠᠷᠢᠶᠠᠯᠠᠩ ᠪᠠ ᠣᠷᠴᠢᠯ᠎ᠳᠤ ᠲᠠᠷᠢᠶᠠᠯᠠᠩ᠎ᠢ ᠲᠦᠷᠭᠡᠨ ᠬᠥᠭ᠌ᠵᠢᠭᠦᠯᠦᠨ᠎ᠡ᠃ ᠠᠮᠢ ᠠᠬᠤᠢ ᠤᠷᠴᠢᠨ ᠲᠣᠭᠤᠷᠢᠨ᠎ᠢᠶᠠᠷ ᠤᠳᠤᠷᠢᠳᠤᠮᠵᠢ ᠪᠣᠯᠭᠠᠭ᠍ᠰᠠᠨ ᠨᠡᠭᠡᠭᠡᠨ ᠬᠥᠭ᠌ᠵᠢᠭᠦᠯᠬᠦ᠌ ᠵᠠᠭ᠍ᠪᠤᠷ᠎ᠤᠨ ᠲᠥᠷᠥᠯ ᠵᠦᠢᠯ᠎ᠤᠨ ᠲᠤᠷᠱᠢᠯᠲᠠ᠎ᠶ᠋ᠢᠨ ᠴᠡᠭ᠎ᠢ ᠠᠬᠢᠭᠤᠯᠤᠨ᠎ᠠ᠃ ᠣᠷᠣᠨ ᠨᠤᠲᠤᠭ᠎ᠤᠨ᠎ᠬᠢᠨ᠎ᠤ ᠣᠷᠴᠢᠨ ᠲᠣᠭᠤᠷᠢᠨ᠎ᠤ ᠪᠣᠬᠢᠷᠲᠤᠯ᠎ᠢ ᠰᠡᠷᠭᠡᠢᠯᠡᠨ ᠵᠠᠰᠠᠬᠤ᠂ ᠠᠮᠢ ᠠᠬᠤᠶ᠎ᠶ᠋ᠢᠨ ᠱᠢᠰᠲ᠋ᠧᠮ᠎ᠢ ᠬᠠᠮᠠᠭᠠᠯᠠᠨ ᠰᠡᠷᠭᠦᠭᠡᠬᠦ᠌ ᠵᠡᠷᠭᠡ ᠢᠨᠵᠧᠨᠧᠷᠢᠩ ᠬᠢᠭᠡᠳ ᠠᠮᠢ ᠠᠬᠤᠶ᠎ᠶ᠋ᠢᠨ ᠠᠵᠤ ᠦᠢᠯᠡᠰ᠎ᠤᠨ ᠬᠥᠭ᠌ᠵᠢᠯᠲᠡ᠎ᠶ᠋ᠢ ᠣᠷᠭᠠᠨᠢᠭ᠎ᠢᠶᠠᠷ ᠠᠭᠤᠰᠤᠯᠴᠠᠭᠤᠯᠬᠤ᠎ᠶ᠋ᠢ ᠵᠣᠷᠢᠭ᠍ᠵᠢᠭᠤᠯᠵᠤ᠂ ᠰᠠᠭᠤᠭᠠᠯᠢ ᠠᠷᠠᠳ᠎ᠤᠨ ᠣᠷᠣᠯᠴᠠᠬᠤ ᠠᠷᠭ᠎ᠠ ᠮᠠᠶᠢᠭ᠎ᠢ ᠲᠡᠭᠦᠯᠳᠡᠷᠵᠢᠭᠦᠯᠦᠨ᠂ ᠦᠷᠭᠦᠯᠵᠢᠯᠡᠭ᠌ᠰᠡᠨ ᠴᠢᠨᠠᠷᠲᠠᠶ ᠠᠱᠢᠭ ᠲᠤᠰᠠ᠎ᠶ᠋ᠢ ᠬᠠᠮᠲᠤ᠎ᠪᠠᠷ ᠭᠥᠷᠳᠡᠬᠦ᠌ ᠲᠣᠭ᠍ᠲᠠᠴᠠ᠎ᠶ᠋ᠢ ᠪᠠᠢᠭᠤᠯᠤᠨ᠎ᠠ᠃ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠭᠠᠵᠠᠷ᠎ᠤᠨ ᠡᠵᠡᠮᠱᠢᠯ᠎ᠤᠨ ᠣᠷᠣᠨ᠎ᠤ ᠡᠵᠡᠩᠨᠡᠯᠲᠡ᠎ᠶ᠋ᠢᠨ ᠴᠢᠨᠠᠷᠲᠠᠶ ᠲᠥᠷᠥᠯ ᠵᠦᠢᠯ᠎ᠢ ᠣᠨᠴᠠ ᠵᠥᠪᠱᠢᠶᠡᠷᠡᠬᠦ᠌ ᠡᠵᠡᠩᠨᠡᠯᠲᠡ ᠬᠠᠮᠢᠶᠠᠷᠤᠯᠲᠠ᠎ᠶ᠋ᠢᠨ ᠳᠦᠷᠢᠮ᠎ᠢ ᠪᠠᠢᠭᠤᠯᠤᠨ ᠪᠦᠷᠢᠨᠱᠢᠭᠦᠯᠦᠨ᠎ᠠ᠃ ᠠᠶᠤᠯᠲᠠᠶ ᠬᠠᠶᠠᠭ᠍ᠳᠠᠮᠠᠯ ᠪᠣᠳᠠᠰ᠎ᠢ ᠣᠷᠣᠨ ᠪᠦᠰᠡ ᠠᠯᠤᠰᠯᠠᠨ ᠱᠢᠯᠵᠢᠭᠦᠯᠦᠨ ᠱᠢᠢᠳᠪᠦᠷᠢᠯᠡᠬᠦ᠌᠎ᠳᠤ ᠨᠥᠬᠦᠪᠥᠷᠢ ᠦᠭ᠌ᠬᠦ ᠲᠣᠭ᠍ᠲᠠᠴᠠ᠎ᠶ᠋ᠢ ᠰᠦᠪᠡᠭ᠌ᠴᠢᠯᠡᠨ᠎ᠡ᠃
ᠲᠠᠪᠤ᠂ ᠬᠠᠮᠢᠶ᠎ᠠ ᠪᠦᠬᠦᠢ ᠬᠦᠷᠢᠶ᠎ᠡ ᠴᠠᠷᠠᠭ᠎ᠠ᠎ᠶ᠋ᠢᠨ ᠢᠵᠢ ᠪᠦᠷᠢᠳᠦᠬᠦᠯᠬᠦ᠌ ᠠᠷᠭ᠎ᠠ ᠬᠡᠮᠵᠢᠶ᠎ᠡ᠎ᠶ᠋ᠢ ᠲᠡᠭᠦᠯᠳᠡᠷᠵᠢᠭᠦᠯᠵᠦ᠍᠂ ᠥᠭᠡᠷᠡᠴᠢᠯᠡᠯᠲᠡ᠎ᠶ᠋ᠢᠨ ᠬᠠᠮᠵᠢᠯᠴᠠᠭ᠎ᠠ᠎ᠶ᠋ᠢ ᠴᠢᠩᠭᠠᠳᠭᠠᠨ᠎ᠠ
ᠬᠠᠮᠢᠶ᠎ᠠ ᠪᠥᠬᠦᠶ ᠬᠦᠷᠢᠶ᠎ᠡ ᠴᠠᠷᠠᠭ᠎ᠠ᠎ᠶ᠋ᠢᠨ ᠲᠦᠷᠢᠮ᠎ᠤᠨ ᠪᠠᠢᠭᠤᠯᠤᠯᠲᠠ ᠪᠣᠯᠤᠨ ᠪᠠᠢᠭᠤᠯᠤᠮᠵᠢ ᠲᠣᠭ᠍ᠲᠠᠴᠠ᠎ᠶ᠋ᠢᠨ ᠥᠭᠡᠷᠡᠴᠢᠯᠡᠯᠲᠡ᠎ᠶ᠋ᠢ ᠲᠦᠷᠭᠡᠳᠭᠡᠵᠦ᠍᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ᠎ᠶ᠋ᠢᠨ ᠲᠦᠷᠢᠮ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠳᠤ ᠨᠠᠩ ᠨᠠᠢᠳᠠᠪᠤᠷᠢᠲᠠᠶ ᠬᠠᠤᠯᠢᠵᠢᠯ᠎ᠤᠨ ᠪᠠᠲᠤᠯᠠᠭ᠎ᠠ᠂ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠪᠣᠯᠤᠨ ᠮᠡᠷᠭᠡᠵᠢᠯ᠎ᠤᠨ ᠲᠤᠯᠭᠠᠭᠤᠷᠢᠯᠠᠯ ᠬᠠᠩᠭᠠᠨ᠎ᠠ᠃
(ᠨᠢᠭᠡ) ᠬᠠᠤᠯᠢᠵᠢᠯ᠎ᠤᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠤᠨ᠎ᠠ᠃ ᠣᠷᠴᠢᠨ ᠲᠤᠭᠤᠷᠢᠨ᠎ᠢ ᠬᠠᠮᠠᠭᠠᠯᠠᠬᠤ ᠬᠠᠤᠯᠢ᠂ ᠬᠥᠬᠡᠮᠥ᠋ᠷᠡᠨ᠎ᠤ ᠬᠠᠮᠠᠭᠠᠯᠠᠯᠲᠠ᠎ᠶ᠋ᠢᠨ ᠬᠠᠤᠯᠢ ᠵᠢᠴᠢ ᠤᠰᠤ᠂ ᠤᠢ ᠱᠢᠭᠤᠢ᠂ ᠨᠤᠲᠤᠭ ᠪᠡᠯᠴᠢᠭᠡᠷ᠂ ᠳᠠᠯᠠᠢ ᠲᠠᠩᠭᠢᠰ᠂ ᠵᠢᠭᠠᠰᠤᠨ᠎ᠤ ᠦᠢᠯᠡᠰ ᠵᠡᠷᠭᠡ ᠲᠠᠯ᠎ᠠ᠎ᠶ᠋ᠢᠨ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠨᠠᠢᠳᠠᠪᠤᠷᠢᠵᠢᠭᠤᠯᠤᠨ᠎ᠠ᠃ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ᠎ᠶ᠋ᠢᠨ ᠲᠦᠷᠢᠮ᠎ᠢ ᠲᠦᠷᠭᠡᠪᠴᠢᠯᠡᠨ ᠰᠤᠳᠤᠯᠤᠨ ᠲᠣᠭ᠍ᠲᠠᠭᠠᠵᠤ᠂ ᠠᠮᠢ ᠠᠬᠤᠢ᠎ᠶ᠋ᠢᠨ ᠠᠱᠢᠭ ᠬᠦᠷᠳᠡᠭ᠌ᠴᠢ ᠪᠠ ᠠᠮᠢ ᠠᠬᠤᠢ᠎ᠶ᠋ᠢᠨ ᠬᠠᠮᠠᠭᠠᠯᠠᠭ᠍ᠴᠢ᠎ᠶ᠋ᠢᠨ ᠡᠷᠬᠡ ᠡᠭᠦᠷᠭᠡ᠎ᠶ᠋ᠢᠨ ᠬᠠᠷᠢᠴᠠᠭ᠎ᠠ᠎ᠶ᠋ᠢ ᠲᠣᠳᠣᠷᠬᠠᠢ ᠪᠣᠯᠭᠠᠨ᠎ᠠ᠃ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ᠂ ᠴᠢᠬᠤᠯᠠ ᠰᠠᠪᠠ ᠭᠠᠵᠠᠷ ᠵᠢᠴᠢ ᠪᠤᠰᠤᠳ ᠠᠮᠢ ᠠᠬᠤᠢ᠎ᠶ᠋ᠢᠨ ᠴᠢᠳᠠᠮᠵᠢᠳᠤ ᠣᠷᠣᠨ᠎ᠤ ᠬᠤᠯᠪᠣᠭ᠍ᠳᠠᠯ ᠪᠦᠬᠦᠢ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠲᠤᠭ᠍ᠳᠠᠭᠠᠬᠤ ᠰᠤᠳᠤᠯᠭᠠᠨ ᠥᠷᠨᠢᠭᠦᠯᠵᠦ᠍᠂ ᠬᠠᠳᠤᠨ ᠭᠤᠣᠯ᠎ᠤᠨ ᠬᠠᠮᠠᠭᠠᠯᠠᠯᠲᠠ᠎ᠶ᠋ᠢᠨ ᠬᠠᠤᠯᠢ ᠲᠣᠭ᠍ᠲᠠᠭᠠᠬᠤ ᠠᠬᠢᠴᠠ᠎ᠶ᠋ᠢ ᠲᠦᠷᠭᠡᠳᠭᠡᠨ᠎ᠡ᠃ ᠣᠷᠣᠨ ᠨᠤᠲᠤᠭ᠎ᠢ ᠵᠣᠷᠢᠭ᠍ᠵᠢᠭᠤᠯᠤᠨ ᠵᠢᠯᠣᠭᠤᠳᠴᠤ᠌ ᠪᠠᠢᠭᠠᠳ ᠲᠣᠰ ᠭᠠᠵᠠᠷ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ᠎ᠶ᠋ᠢᠨ ᠬᠠᠮᠢᠶ᠎ᠠ ᠪᠥᠬᠦᠶ ᠬᠠᠤᠯᠢ ᠲᠣᠭ᠍ᠲᠠᠭᠠᠯ ᠲᠦᠷᠢᠮ ᠲᠣᠭ᠍ᠲᠠᠭᠠᠯ ᠪᠤᠶᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠨᠡᠢᠲᠡᠯᠡᠨ᠎ᠡ᠃ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢ ᠴᠢᠩᠭᠠᠳᠭᠠᠵᠤ᠂ ᠬᠠᠤᠯᠢ ᠶᠣᠰᠣᠭᠠᠷ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠡᠭᠦᠷᠭᠡ᠎ᠪᠠᠨ ᠭᠦᠢᠴᠡᠳᠭᠡᠬᠦ᠌ ᠬᠠᠤᠯᠢᠵᠢᠯ᠎ᠤᠨ ᠤᠷᠴᠢᠨ᠎ᠢ ᠪᠣᠢ ᠪᠣᠯᠭᠠᠨ᠎ᠠ᠃
(ᠬᠤᠶᠠᠷ) ᠠᠮᠢ ᠠᠬᠤᠶ ᠣᠷᠴᠢᠨ ᠲᠣᠭᠤᠷᠢᠨ᠎ᠢ ᠬᠢᠨᠠᠨ ᠬᠡᠮᠵᠢᠬᠦ᠌ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠨᠢᠭᠡᠳᠦᠯᠲᠡᠶ ᠪᠠᠢᠭᠠᠯᠢ᠎ᠶ᠋ᠢᠨ ᠡᠬᠢ ᠪᠠᠶᠠᠯᠢᠭ᠎ᠢ ᠪᠠᠢᠴᠠᠭᠠᠵᠤ ᠬᠢᠨᠠᠨ ᠬᠡᠮᠵᠢᠬᠦ᠌ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠪᠠᠢᠭᠠᠯᠢ᠎ᠶ᠋ᠢᠨ ᠡᠬᠢ ᠪᠠᠶᠠᠯᠢᠭ᠎ᠢ ᠲᠠᠰ ᠬᠤᠪᠢᠶᠠᠵᠤ ᠲᠤᠬ᠍ᠳᠠᠭᠠᠬᠤ ᠪᠠ ᠪᠥᠬᠦ᠌ ᠠᠷᠠᠳ᠎ᠤᠨ ᠥᠮᠴᠢᠯᠡᠯ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠡᠳ᠋ ᠬᠥᠷᠥᠩᠭᠡ᠎ᠶ᠋ᠢ ᠱᠢᠯᠭᠠᠨ ᠪᠠᠢᠴᠠᠭᠠᠬᠤ ᠠᠵᠢᠯ᠎ᠢ ᠥᠷᠨᠢᠭᠦᠯᠦᠨ᠎ᠡ᠃ ᠠᠮᠢ ᠠᠬᠤᠶ᠎ᠶ᠋ᠢᠨ ᠣᠷᠴᠢᠨ ᠲᠣᠭᠤᠷᠢᠨ᠎ᠢ ᠬᠢᠨᠠᠨ ᠬᠡᠮᠵᠢᠬᠦ᠌ ᠨᠢᠭᠡᠳᠦᠯᠲᠡᠶ ᠲᠤᠤᠷ ᠰᠦᠯᠵᠢᠶ᠎ᠡ᠎ᠶ᠋ᠢ ᠪᠦᠷᠢᠨᠱᠢᠬᠦᠯᠵᠦ᠍᠂ ᠪᠥᠬᠦ᠌ ᠤᠯᠤᠰ᠎ᠤᠨ ᠴᠢᠬᠤᠯᠠ ᠤᠰᠤᠨ ᠴᠣᠭ᠍ᠴᠠ᠂ ᠭᠤᠤᠯᠳᠠᠯᠭ᠎ᠠ᠎ᠲᠠᠢ ᠣᠷᠣᠨ ᠪᠦᠰᠡ᠂ ᠭᠤᠤᠯᠳᠠᠯᠭ᠎ᠠ᠎ᠲᠠᠢ ᠠᠮᠢ ᠠᠬᠤᠶ᠎ᠶ᠋ᠢᠨ ᠴᠢᠳᠠᠮᠵᠢᠳᠣ ᠣᠷᠣᠨ ᠪᠠ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ ᠵᠡᠷᠭᠡ ᠤᠯᠤᠰ᠎ᠤᠨ ᠠᠮᠢ ᠠᠬᠤᠶ᠎ᠶ᠋ᠢᠨ ᠣᠷᠴᠢᠨ ᠲᠣᠭᠤᠷᠢᠨ᠎ᠢ ᠬᠢᠨᠠᠨ ᠬᠡᠮᠵᠢᠬᠦ᠌ ᠪᠠᠢᠷᠢ ᠴᠡᠭ᠎ᠤᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠦᠨ᠂ ᠠᠦ᠋ᠲ᠋ᠣᠴᠢᠯᠠᠭ᠍ᠰᠠᠨ ᠬᠢᠨᠠᠨ ᠬᠡᠮᠵᠢᠵᠤ ᠰᠡᠷᠡᠮᠵᠢᠯᠡᠭᠦᠯᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ᠎ᠶ᠋ᠢᠨ ᠬᠢᠨᠠᠨ ᠬᠡᠮᠵᠢᠬᠦ᠌ ᠲᠤᠯᠭᠠᠭᠤᠷᠢᠯᠠᠬᠤ ᠱᠢᠰᠲ᠋ᠧᠮ᠎ᠢ ᠲᠦᠷᠭᠡᠳᠭᠡᠨ ᠲᠡᠭᠦᠯᠳᠡᠷᠵᠢᠭᠦᠯᠵᠦ᠍᠂ ᠪᠥᠬᠦ᠌ ᠤᠯᠤᠰ᠎ᠤᠨ ᠠᠮᠢ ᠠᠬᠤᠶ᠎ᠶ᠋ᠢᠨ ᠶᠠᠰᠤ ᠴᠢᠨᠠᠷ᠎ᠢ ᠬᠢᠨᠠᠨ ᠬᠡᠮᠵᠢᠵᠤ ᠦᠨᠡᠯᠡᠬᠦ᠌᠎ᠶ᠋ᠢ ᠥᠷᠨᠢᠭᠦᠯᠬᠦ᠌᠎ᠶ᠋ᠢ ᠠᠬᠢᠭᠤᠯᠤᠨ᠎ᠠ᠃ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ᠎ᠶ᠋ᠢᠨ ᠲᠤᠭ᠎ᠠ ᠪᠦᠷᠢᠳᠭᠡᠯ᠎ᠤᠨ ᠭᠦᠢᠴᠡᠳᠭᠡᠯ ᠲᠤᠭ᠎ᠠ᠎ᠶ᠋ᠢᠨ ᠱᠢᠰᠲ᠋ᠧᠮ ᠪᠠ ᠮᠡᠳᠡᠭᠡ ᠵᠠᠩᠭᠢ ᠨᠡᠢᠲᠡᠯᠡᠬᠦ᠌ ᠳᠦᠷᠢᠮ᠎ᠢ ᠪᠠᠢᠭᠤᠯᠤᠨ᠎ᠠ᠃
(ᠭᠤᠷᠪᠠ) ᠡᠳ᠋᠎ᠤᠨ ᠵᠠᠰᠠᠭ ᠭᠠᠢᠯᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠲᠣᠬᠢᠷᠠᠭᠤᠯᠬᠤ ᠴᠢᠳᠠᠮᠵᠢ᠎ᠶ᠋ᠢ ᠪᠠᠳᠠᠷᠠᠭᠤᠯᠤᠨ᠎ᠠ᠃ ᠡᠬᠢ ᠪᠠᠶᠠᠯᠢᠭ᠎ᠤᠨ ᠭᠠᠢᠯᠢ᠂ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠭᠠᠢᠯᠢ ᠵᠡᠷᠭᠡ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠬᠠᠮᠢᠶ᠎ᠠ ᠪᠥᠬᠦᠶ ᠭᠠᠢᠯᠢ ᠰᠦᠢᠳᠭᠡᠯ ᠵᠢᠴᠢ ᠭᠠᠵᠠᠷ ᠱᠢᠷᠣᠶ᠂ ᠠᠭᠤᠷᠬᠠᠶ᠎ᠶ᠋ᠢᠨ ᠭᠠᠷᠤᠯᠲᠠ᠂ ᠲᠡᠯᠡᠶ ᠲᠠᠩᠭᠢᠰ ᠵᠡᠷᠭᠡ ᠪᠠᠢᠭᠠᠯᠢ᠎ᠶ᠋ᠢᠨ ᠡᠬᠢ ᠪᠠᠶᠠᠯᠢᠭ᠎ᠤᠨ ᠡᠳ᠋ ᠬᠥᠷᠥᠩᠭᠡ᠎ᠶ᠋ᠢᠨ ᠠᠱᠢᠭ ᠣᠯᠵᠠᠪᠤᠷᠢ᠎ᠶ᠋ᠢᠨ ᠬᠠᠮᠢᠶᠠᠷᠤᠯᠲᠠ᠎ᠶ᠋ᠢᠨ ᠲᠦᠷᠢᠮ᠎ᠤᠨ ᠲᠣᠬᠢᠷᠠᠭᠤᠯᠬᠤ ᠦᠢᠯᠡᠳᠦᠯ᠎ᠢ ᠪᠠᠳᠠᠷᠠᠭᠤᠯᠤᠨ᠎ᠠ᠃ ᠤᠰᠤᠨ᠎ᠤ ᠡᠬᠢ ᠪᠠᠶᠠᠯᠢᠭ᠎ᠤᠨ ᠭᠠᠢᠯᠢ᠎ᠶ᠋ᠢᠨ ᠥᠭᠡᠷᠡᠴᠢᠯᠡᠯᠲᠡ᠎ᠶ᠋ᠢ ᠦᠷᠭᠦᠯᠵᠢᠯᠡᠨ ᠠᠬᠢᠭᠤᠯᠤᠨ᠎ᠠ᠃ ᠡᠨᠧᠷᠭᠢ ᠠᠷᠪᠢᠯᠠᠵᠤ ᠣᠷᠴᠢᠨ ᠲᠣᠭᠤᠷᠢᠨ᠎ᠢ ᠬᠠᠮᠠᠭᠠᠯᠠᠬᠤ᠂ ᠱᠢᠨ᠎ᠡ ᠡᠨᠧᠷᠭᠢ᠂ ᠠᠮᠢ ᠠᠬᠤᠶ᠎ᠶ᠋ᠢᠨ ᠪᠦᠲᠦᠭᠡᠨ ᠪᠠᠢᠭᠤᠯᠤᠯᠲᠠ ᠵᠡᠷᠭᠡ ᠬᠠᠮᠢᠶ᠎ᠠ ᠪᠦᠬᠦᠢ ᠬᠦᠷᠢᠶᠡᠨ᠎ᠤ ᠭᠠᠢᠯᠢ ᠲᠠᠲᠠᠪᠤᠷᠢ᠎ᠶ᠋ᠢᠨ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠤᠨ᠎ᠠ᠃ ᠲᠥᠰᠦᠪ᠎ᠤᠨ ᠵᠠᠷᠤᠯᠭ᠎ᠠ᠎ᠳᠠᠬᠢ ᠠᠮᠢ ᠠᠬᠤᠢ ᠤᠷᠴᠢᠨ ᠳᠤᠭᠤᠷᠢᠨ᠎ᠤ ᠬᠠᠮᠠᠭᠠᠯᠠᠯᠲᠠ᠎ᠶ᠋ᠢᠨ ᠲᠠᠯ᠎ᠠ᠎ᠶ᠋ᠢᠨ ᠦᠨᠡᠯᠡᠨ ᠵᠢᠱ᠌ᠢᠬᠦ᠌ ᠠᠵᠢᠯ᠎ᠢ ᠠᠯᠬᠤᠮ ᠠᠯᠬᠤᠮ᠎ᠢᠶᠠᠷ ᠬᠠᠢᠨ ᠰᠦᠪᠡᠭ᠌ᠴᠢᠯᠡᠨ᠎ᠡ᠃ ᠵᠠᠰᠠᠭ᠎ᠤᠨ ᠣᠷᠳᠣᠨ᠎ᠤ ᠪᠣᠬᠢᠷᠲᠤᠯ ᠥᠬᠡᠶ ᠬᠤᠳᠠᠯᠳᠤᠨ ᠠᠪᠠᠨ᠌ᠥ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠵᠦ᠍᠂ ᠪᠣᠬᠢᠷᠲᠤᠯ ᠥᠬᠡᠶ ᠬᠤᠳᠠᠯᠳᠤᠨ ᠠᠪᠠᠨ᠌ᠥᠶ᠋ᠢᠨ ᠬᠥᠲᠥᠯᠦᠨ ᠵᠢᠯᠣᠭᠤᠳᠭᠤ ᠲᠣᠭ᠍ᠲᠠᠴᠠ᠎ᠶ᠋ᠢ ᠪᠠᠢᠭᠤᠯᠤᠨ᠂ ᠪᠣᠬᠢᠷᠲᠤᠯ ᠥᠬᠡᠶ ᠦᠢᠯᠡᠳᠭᠦᠨ᠎ᠢ ᠬᠤᠳᠠᠯᠳᠤᠨ ᠠᠪᠠᠨ᠌ᠥ ᠡᠷᠴᠢᠮ᠎ᠢ ᠴᠢᠩᠭᠠᠷᠠᠭᠤᠯᠵᠤ᠂ ᠪᠣᠬᠢᠷᠲᠤᠯ ᠥᠬᠡᠶ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠪᠠ ᠪᠣᠬᠢᠷᠲᠤᠯ ᠥᠬᠡᠶ ᠪᠠᠷᠢᠯᠭ᠎ᠠ᠎ᠶ᠋ᠢᠨ ᠮᠠᠲ᠋ᠧᠷᠢᠶᠠᠯ᠂ ᠪᠣᠬᠢᠷᠲᠤᠯ ᠥᠬᠡᠶ ᠪᠠᠷᠢᠯᠭ᠎ᠠ᠎ᠶ᠋ᠢᠨ ᠬᠥᠭ᠌ᠵᠢᠯᠲᠡ᠎ᠶ᠋ᠢ ᠳᠡᠮᠵᠢᠨ᠎ᠡ᠃
(ᠳᠥᠷᠪᠡ) ᠬᠠᠮᠢᠶ᠎ᠠ ᠪᠦᠬᠦᠢ ᠢᠵᠢ ᠪᠦᠷᠢᠳᠦᠬᠦᠯᠬᠦ᠌ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠲᠡᠭᠦᠯᠳᠡᠷᠵᠢᠭᠦᠯᠦᠨ᠎ᠡ᠃ ᠡᠵᠡᠯᠡᠨ ᠬᠡᠷᠡᠭ᠌ᠯᠡᠭ᠌ᠰᠡᠨ ᠨᠥᠬᠦᠪᠥᠷᠢ᠂ ᠬᠤᠬᠢᠷᠠᠯ᠎ᠤᠨ ᠲᠥᠯᠥᠪᠦᠷᠢ ᠬᠢᠭᠡᠳ ᠬᠠᠮᠠᠭᠠᠯᠠᠯᠲᠠ᠎ᠶ᠋ᠢᠨ ᠨᠥᠬᠦᠪᠥᠷᠢ᠎ᠶ᠋ᠢ ᠬᠠᠮᠵᠢᠯᠴᠠᠭᠤᠯᠤᠨ ᠠᠬᠢᠭᠤᠯᠬᠤ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠲᠣᠭ᠍ᠲᠠᠴᠠ᠎ᠶ᠋ᠢ ᠪᠠᠢᠭᠤᠯᠤᠨ᠎ᠠ᠃ ᠡᠯ᠎ᠡ ᠲᠦᠷᠦᠯ᠎ᠤᠨ ᠪᠠᠢᠭᠠᠯᠢ᠎ᠶ᠋ᠢᠨ ᠠᠮᠢ ᠠᠬᠤᠢ᠎ᠶ᠋ᠢᠨ ᠣᠷᠣᠨ ᠵᠠᠢ᠎ᠶ᠋ᠢ ᠬᠠᠤᠯᠢ ᠶᠤᠰᠤᠭᠠᠷ ᠡᠵᠡᠯᠡᠨ ᠬᠡᠷᠡᠭ᠌ᠯᠡᠬᠦ᠌ ᠨᠥᠬᠦᠪᠥᠷᠢ᠎ᠶ᠋ᠢᠨ ᠲᠦᠷᠢᠮ᠎ᠢ ᠪᠠᠢᠭᠤᠯᠤᠨ ᠪᠦᠷᠢᠨᠱᠢᠭᠦᠯᠦᠨ᠎ᠡ᠃ ᠪᠣᠬᠢᠷᠲᠤᠯ ᠥᠬᠡᠶ ᠪᠦᠲᠦᠭᠡᠭ᠌ᠳᠡᠬᠦᠨ᠎ᠢ ᠨᠢᠭᠡᠳᠦᠯᠲᠡᠶ ᠦᠨᠡᠯᠡᠬᠦ᠌ ᠪᠠᠷᠢᠮᠵᠢᠶ᠎ᠠ᠂ ᠪᠣᠬᠢᠷᠲᠤᠯ ᠥᠬᠡᠶ ᠪᠦᠲᠦᠭᠡᠭ᠌ᠳᠡᠬᠦᠨ᠎ᠤ ᠭᠡᠷᠡᠴᠢᠯᠡᠯ ᠵᠢᠴᠢ ᠢᠯᠭᠠᠬᠤ ᠲᠡᠮᠳᠡᠭ᠎ᠤᠨ ᠱᠢᠰᠲ᠋ᠧᠮ᠎ᠢ ᠠᠯᠬᠤᠮ ᠠᠯᠬᠤᠮ᠎ᠢᠶᠠᠷ ᠪᠠᠢᠭᠤᠯᠵᠤ᠂ ᠭᠠᠵᠠᠷ ᠵᠦᠶ᠎ᠶ᠋ᠢᠨ ᠲᠡᠮᠳᠡᠭ᠎ᠢ ᠬᠠᠮᠠᠭᠠᠯᠠᠬᠤ ᠲᠦᠷᠢᠮ᠎ᠢ ᠪᠦᠷᠢᠨᠱᠢᠭᠦᠯᠦᠨ᠎ᠡ᠃ ᠪᠣᠬᠢᠷᠲᠤᠯ ᠦᠭᠡᠢ ᠴᠠᠬᠢᠯᠭᠠᠨ ᠬᠦᠴᠦᠨ᠎ᠤ ᠦᠢᠯᠡᠳᠪᠦᠷᠢᠯᠡᠯ᠂ ᠬᠡᠷᠡᠭ᠌ᠯᠡᠭᠡᠨ᠎ᠤ ᠦᠨᠡᠮᠯᠡᠯ᠎ᠤᠨ ᠳᠦᠷᠢᠮ᠎ᠢ ᠪᠠᠢᠭᠤᠯᠤᠨ ᠲᠡᠭᠦᠯᠳᠡᠷᠵᠢᠭᠦᠯᠦᠨ᠎ᠡ᠃ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭᠠᠯᠠᠬᠤ ᠴᠢᠬᠤᠯᠠ ᠶᠡᠭᠡ ᠢᠨᠵᠧᠨᠧᠷᠢᠩ᠎ᠢ ᠶᠡᠭᠡ᠎ᠪᠠᠷ ᠬᠡᠷᠡᠭ᠌ᠵᠢᠭᠦᠯᠦᠨ᠎ᠡ᠃ ᠬᠡᠭᠡᠷ᠎ᠡ᠎ᠶ᠋ᠢᠨ ᠠᠮᠢᠲᠠᠨ᠎ᠤ ᠤᠴᠠᠷᠠᠭᠤᠯᠤᠭ᠍ᠰᠠᠨ ᠬᠤᠤᠷ ᠬᠥᠨᠥᠭᠡᠯ᠎ᠢ ᠪᠦᠲᠦᠮᠵᠢᠲᠡᠶ ᠰᠡᠷᠭᠡᠢᠯᠡᠨ ᠡᠵᠡᠮᠳᠡᠵᠦ᠍᠂ ᠬᠠᠤᠯᠢ ᠴᠠᠭᠠᠵᠠ᠎ᠳᠤ ᠲᠣᠭ᠍ᠲᠠᠭᠠᠭ᠍ᠰᠠᠨ ᠬᠠᠮᠠᠭᠠᠯᠠᠯᠳᠠ᠎ᠶ᠋ᠢᠨ ᠬᠡᠭᠡᠷ᠎ᠡ᠎ᠶ᠋ᠢᠨ ᠠᠮᠢᠲᠠᠨ᠎ᠤ ᠤᠴᠠᠷᠠᠭᠤᠯᠤᠭ᠍ᠰᠠᠨ ᠦᠬᠦᠯ ᠱᠢᠷᠬᠠᠲᠤᠯ᠂ ᠲᠠᠷᠢᠮᠠᠯ ᠪᠤᠶᠤ ᠪᠤᠰᠤᠳ ᠡᠳ᠋ ᠬᠥᠷᠥᠩᠭᠡ᠎ᠶ᠋ᠢᠨ ᠬᠤᠬᠢᠷᠠᠯ᠎ᠳᠤ ᠬᠡᠭᠡᠷ᠎ᠡ᠎ᠶ᠋ᠢᠨ ᠠᠮᠢᠲᠠᠨ᠎ᠤ ᠤᠴᠠᠷᠠᠭᠤᠯᠤᠭ᠍ᠰᠠᠨ ᠬᠤᠤᠷ ᠬᠥᠨᠥᠭᠡᠯ᠎ᠤᠨ ᠨᠥᠬᠦᠪᠥᠷᠢ᠎ᠶ᠋ᠢ ᠬᠠᠤᠯᠢ ᠶᠣᠰᠣᠭᠠᠷ ᠥᠷᠨᠢᠭᠦᠯᠦᠨ᠎ᠡ᠃ ᠠᠮᠢ ᠠᠬᠤᠶ᠎ᠶ᠋ᠢᠨ ᠬᠠᠮᠠᠭᠠᠯᠠᠯᠲᠠ᠂ ᠣᠷᠴᠢᠨ ᠲᠣᠭᠤᠷᠢᠨ᠎ᠤ ᠵᠠᠰᠠᠯᠲᠠ ᠪᠣᠯᠤᠨ ᠠᠭᠤᠷ ᠠᠮᠢᠰᠭᠤᠯ᠎ᠤᠨ ᠬᠤᠪᠢᠷᠠᠯᠲᠠ ᠵᠡᠷᠭᠡ ᠬᠦᠷᠢᠶᠡᠨ᠎ᠳᠠᠬᠢ ᠣᠯᠠᠨ ᠤᠯᠤᠰ᠎ᠤᠨ ᠰᠣᠯᠢᠯᠴᠠᠭ᠎ᠠ ᠬᠢᠭᠡᠳ ᠬᠠᠮᠲᠤᠷᠠᠯᠴᠠᠭ᠎ᠠ᠎ᠶ᠋ᠢ ᠢᠳᠡᠪᠬᠢᠲᠡᠶ ᠠᠬᠢᠭᠤᠯᠵᠤ᠂ ᠠᠮᠢ ᠠᠬᠤᠶ᠎ᠶ᠋ᠢᠨ ᠬᠠᠮᠠᠭᠠᠯᠠᠯᠲᠠ᠎ᠳᠤ ᠨᠥᠬᠦᠪᠥᠷᠢ᠎ᠶ᠋ᠢᠨ ᠬᠤᠯᠪᠣᠭ᠍ᠳᠠᠯ ᠪᠥᠬᠦᠶ ᠮᠡᠷᠭᠡᠵᠢᠯ᠎ᠤᠨ ᠠᠷᠭ᠎ᠠ ᠵᠡᠷᠭᠡ ᠬᠠᠮᠲᠤᠷᠠᠭ᠍ᠰᠠᠨ ᠰᠤᠳᠤᠯᠭᠠᠨ᠎ᠢ ᠥᠷᠨᠢᠭᠦᠯᠦᠨ᠎ᠡ᠃
ᠵᠢᠷᠭᠤᠭ᠎ᠠ᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠬᠠᠷᠢᠭᠤᠴᠠᠯᠭ᠎ᠠ᠎ᠶ᠋ᠢᠨ ᠤᠬᠠᠮᠰᠠᠷ᠎ᠢ ᠪᠠᠲᠤ ᠪᠣᠶ ᠪᠣᠯᠭᠠᠵᠤ᠂ ᠤᠷᠮᠠᠱᠢᠭᠤᠯᠬᠤ ᠪᠠ ᠬᠢᠵᠠᠭᠠᠷᠯᠠᠬᠤ᠎ᠶ᠋ᠢ ᠴᠢᠩᠭᠠᠳᠭᠠᠨ᠎ᠠ
ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠱᠢᠯᠭᠠᠨ ᠦᠨᠡᠯᠡᠬᠦ᠌ ᠱᠢᠰᠲ᠋ᠧᠮ᠎ᠢ ᠪᠦᠷᠢᠨᠱᠢᠬᠦᠯᠵᠤ᠂ ᠱᠢᠯᠭᠠᠨ ᠦᠨᠡᠯᠡᠭ᠌ᠰᠡᠨ ᠦᠷ᠎ᠡ ᠳ᠋ᠦᠩ᠎ᠤᠨ ᠬᠡᠷᠡᠭ᠌ᠯᠡᠯᠲᠡ᠎ᠶ᠋ᠢ ᠴᠢᠩᠭᠠᠳᠭᠠᠵᠤ᠂ ᠠᠮᠢ ᠠᠬᠤᠢ ᠣᠷᠴᠢᠨ ᠲᠣᠭᠤᠷᠢᠨ᠎ᠢ ᠬᠤᠬᠢᠷᠠᠭᠤᠯᠤᠭ᠍ᠰᠠᠨ ᠬᠠᠷᠢᠭᠤᠴᠠᠯᠭ᠎ᠠ᠎ᠶ᠋ᠢ ᠴᠢᠩᠭ᠎ᠠ ᠨᠡᠬᠡᠮᠵᠢᠯᠡᠵᠦ᠍᠂ ᠡᠯ᠎ᠡ ᠲᠠᠯ᠎ᠠ᠎ᠶ᠋ᠢᠨ᠎ᠬᠢᠨ᠎ᠤ ᠭᠤᠣᠯ ᠴᠣᠭ᠍ᠴᠠ᠎ᠶ᠋ᠢᠨ ᠬᠠᠷᠢᠭᠤᠴᠠᠯᠭ᠎ᠠ᠎ᠪᠠᠨ ᠨᠠᠢᠳᠠᠪᠤᠷᠢᠵᠢᠭᠤᠯᠵᠤ᠂ ᠲᠤᠰ ᠲᠤᠰ᠎ᠤᠨ ᠡᠭᠦᠷᠭᠡ᠎ᠪᠠᠨ ᠦᠨᠡᠨ ᠬᠦ᠌ ᠭᠦᠢᠴᠡᠳᠭᠡᠬᠦ᠌᠎ᠶ᠋ᠢ ᠠᠬᠢᠭᠤᠯᠤᠨ᠎ᠠ᠃
(ᠨᠢᠭᠡ) ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠤᠨ᠎ᠠ᠃ ᠣᠷᠣᠨ ᠨᠤᠲᠤᠭ᠎ᠤᠨ ᠡᠯ᠎ᠡ ᠱᠠᠲᠤᠨ᠎ᠤ ᠨᠠᠮ᠎ᠤᠨ ᠬᠤᠷᠢᠶ᠎ᠠ ᠪᠣᠯᠤᠨ ᠵᠠᠰᠠᠭ᠎ᠤᠨ ᠣᠷᠳᠣᠨ ᠭᠤᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢᠨ ᠤᠬᠠᠮᠰᠠᠷ᠎ᠢᠶᠠᠨ ᠴᠢᠩᠭᠠᠳᠭᠠᠵᠤ᠂ ᠵᠥᠪ ᠠᠵᠢᠯ᠎ᠤᠨ ᠠᠮᠵᠢᠯᠲᠠ᠎ᠶ᠋ᠢᠨ ᠦᠵᠡᠯᠲᠡ᠎ᠶ᠋ᠢ ᠪᠤᠢ ᠪᠣᠯᠭᠠᠵᠤ᠂ ᠤᠳᠤᠷᠢᠳᠭᠤ ᠺᠠᠳ᠋ᠷ᠎ᠤᠨ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠬᠠᠷᠢᠭᠤᠴᠠᠯᠭ᠎ᠠ᠎ᠶ᠋ᠢᠨ ᠲᠦᠷᠢᠮ᠎ᠢ ᠨᠠᠢᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ᠎ᠤᠨ ᠪᠠᠢᠷᠢ᠎ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠌᠎ᠶ᠋ᠢ ᠴᠢᠩᠭ᠎ᠠ ᠬᠡᠷᠡᠭ᠌ᠵᠢᠭᠦᠯᠵᠦ᠍᠂ ᠲᠦᠷᠦ᠎ᠶ᠋ᠢᠨ ᠪᠤᠳᠤᠯᠭ᠎ᠠ᠎ᠶ᠋ᠢᠨ ᠤᠬᠠᠭᠤᠯᠭ᠎ᠠ᠎ᠶ᠋ᠢ ᠴᠢᠩᠭᠠᠳᠭᠠᠵᠤ᠂ ᠢᠳᠡᠪᠬᠢᠲᠡᠢ ᠰᠦᠪᠡᠭ᠌ᠴᠢᠯᠡᠨ ᠦᠢᠯᠡᠳᠦᠯᠭᠡᠵᠢᠭᠦᠯᠵᠦ᠍᠂ ᠥᠭᠡᠷᠡᠴᠢᠯᠡᠯᠲᠡ᠎ᠶ᠋ᠢᠨ ᠡᠭᠦᠷᠭᠡ᠎ᠶ᠋ᠢ ᠨᠠᠷᠢᠯᠢᠭ ᠪᠣᠳᠠᠲᠠᠢ ᠨᠠᠢᠳᠠᠪᠤᠷᠢᠵᠢᠭᠤᠯᠬᠤ᠎ᠶ᠋ᠢ ᠠᠬᠢᠭᠤᠯᠬᠤ ᠬᠡᠷᠡᠭ᠌ᠲᠡᠢ᠃ ᠬᠤᠯᠪᠣᠭ᠍ᠳᠠᠯ ᠪᠦᠬᠦᠢ ᠰᠠᠯᠠᠭ᠎ᠠ ᠮᠥᠴᠢᠷ᠎ᠤᠳ ᠳᠦᠷᠢᠮ᠎ᠤᠨ ᠪᠠᠢᠭᠤᠯᠤᠯᠲᠠ᠎ᠪᠠᠨ ᠴᠢᠩᠭᠠᠳᠭᠠᠵᠤ᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ᠎ᠶ᠋ᠢᠨ ᠠᠵᠢᠯ᠎ᠤᠨ ᠶᠠᠮᠤᠨ᠎ᠤ ᠬᠤᠭᠤᠷᠣᠨᠳᠣᠬᠢ ᠬᠠᠮᠲᠤᠷᠠᠭ᠍ᠰᠠᠨ ᠬᠤᠷᠠᠯ᠎ᠤᠨ ᠳᠦᠷᠢᠮ᠎ᠤᠨ ᠦᠢᠯᠡᠳᠦᠯ᠎ᠢ ᠭᠦᠢᠴᠡᠳ ᠪᠠᠳᠠᠷᠠᠭᠤᠯᠤᠨ᠂ ᠥᠭᠡᠷᠡᠴᠢᠯᠡᠯᠲᠡ᠎ᠶ᠋ᠢᠨ ᠶᠠᠪᠤᠴᠠ᠎ᠳᠠᠬᠢ ᠴᠢᠬᠤᠯᠠ ᠠᠰᠠᠭᠤᠳᠠᠯ᠎ᠢ ᠴᠠᠭ ᠲᠤᠬᠠᠶ᠎ᠳᠤᠨᠢ ᠰᠤᠳᠤᠯᠤᠨ ᠱᠢᠢᠳᠪᠦᠷᠢᠯᠡᠬᠦ᠌ ᠬᠡᠷᠡᠭ᠌ᠲᠡᠶ᠃ ᠡᠳ᠋᠎ᠤᠨ ᠵᠠᠰᠠᠭ᠎ᠤᠨ ᠶᠠᠮᠤᠨ᠂ ᠠᠮᠢ ᠠᠬᠤᠶ ᠣᠷᠴᠢᠨ ᠲᠣᠭᠤᠷᠢᠨ ᠤ ᠶᠠᠮᠤᠨ ᠥᠭᠡᠷᠡᠴᠢᠯᠡᠯᠲᠡ᠎ᠶ᠋ᠢᠨ ᠡᠭᠦᠷᠭᠡ᠎ᠶ᠋ᠢᠨ ᠨᠠᠢᠳᠠᠪᠤᠷᠢᠵᠢᠭᠤᠯᠤᠯᠲᠠ᠎ᠶ᠋ᠢ ᠵᠣᠬᠢᠴᠠᠭᠤᠯᠤᠨ ᠠᠬᠢᠭᠤᠯᠬᠤ ᠬᠡᠷᠡᠭ᠌ᠲᠡᠶ᠃ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠭᠠᠵᠠᠷ ᠣᠷᠣᠨ᠎ᠤ ᠪᠠᠢᠭ᠎ᠠ ᠭᠠᠵᠠᠷ᠎ᠤᠨ ᠵᠠᠰᠠᠭ᠎ᠤᠨ ᠣᠷᠳᠣᠨ᠎ᠨᠢ ᠡᠯ᠎ᠡ ᠠᠷᠭ᠎ᠠ ᠵᠠᠮ᠎ᠤᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ᠎ᠶ᠋ᠢᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠵᠦ᠍᠂ ᠠᠮᠢ ᠠᠬᠤᠶ᠎ᠶ᠋ᠢᠨ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠡᠷᠴᠢᠮ᠎ᠢᠶᠠᠨ ᠴᠢᠩᠭᠠᠷᠠᠭᠤᠯᠤᠨ᠂ ᠨᠥᠬᠦᠪᠥᠷᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠭᠥᠷᠳᠡᠬᠦ᠌᠎ᠶ᠋ᠢᠨ ᠳᠠᠭᠠᠤ ᠠᠮᠢ ᠠᠬᠤᠶ᠎ᠶ᠋ᠢᠨ ᠣᠷᠴᠢᠨ ᠲᠣᠭᠤᠷᠢᠨ᠎ᠢ ᠡᠪᠳᠡᠬᠦ᠌᠎ᠶ᠋ᠢ ᠡᠷᠡᠰ ᠬᠤᠷᠢᠬ᠍ᠯᠠᠬᠤ ᠬᠡᠷᠡᠭ᠌ᠳᠠᠢ᠃ ᠠᠮᠢ ᠠᠬᠤᠶ᠎ᠶ᠋ᠢᠨ ᠠᠱᠢᠭ ᠬᠦᠷᠲᠡᠬᠦ᠌ ᠭᠠᠵᠠᠷ ᠣᠷᠣᠨ᠎ᠨᠤᠭᠤᠳ ᠨᠥᠬᠦᠪᠥᠷᠢᠯᠡᠬᠦ᠌ ᠦᠵᠡᠯ ᠤᠬᠠᠮᠰᠠᠷ᠎ᠢᠶᠠᠨ ᠤᠬᠠᠮᠰᠠᠷ᠎ᠠᠴᠠ᠎ᠪᠠᠨ ᠴᠢᠩᠭᠠᠷᠠᠭᠤᠯᠵᠤ᠂ ᠨᠥᠬᠦᠪᠥᠷᠢ ᠦᠭ᠌ᠬᠦ ᠬᠠᠷᠢᠭᠤᠴᠠᠯᠭ᠎ᠠ᠎ᠪᠠᠨ ᠢᠳᠡᠪᠬᠢᠲᠡᠶ ᠪᠥᠭᠡᠳ ᠰᠠᠨᠠᠭᠠᠴᠢᠯᠠᠭ᠎ᠠ᠎ᠠᠴᠠ᠎ᠪᠠᠨ ᠭᠦᠢᠴᠡᠳᠭᠡᠬᠦ᠌ ᠬᠡᠷᠡᠭ᠌ᠲᠡᠶ᠃
(ᠬᠤᠶᠠᠷ) ᠱᠢᠯᠭᠠᠨ ᠦᠨᠡᠯᠡᠬᠦ᠌ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠠᠮᠢ ᠠᠬᠤᠶ᠎ᠶ᠋ᠢᠨ ᠣᠷᠴᠢᠨ ᠲᠣᠭᠤᠷᠢᠨ᠎ᠤ ᠶᠠᠰᠤ ᠴᠢᠨᠠᠷ᠎ᠢ ᠬᠢᠨᠠᠨ ᠬᠡᠮᠵᠢᠬᠦ᠌ ᠬᠢᠭᠡᠳ ᠱᠢᠯᠭᠠᠨ ᠦᠨᠡᠯᠡᠬᠦ᠌ ᠱᠢᠰᠲ᠋ᠧᠮ᠎ᠢ ᠪᠦᠷᠢᠨᠱᠢᠬᠦᠯᠥᠭ᠌ᠰᠡᠨ ᠰᠠᠭᠤᠷᠢᠨ ᠳᠡᠭᠡᠷ᠎ᠡ᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ ᠥᠭ᠌ᠬᠦ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠤᠭ᠍ᠰᠠᠨ ᠪᠠᠢᠳᠠᠯ ᠪᠠ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠠᠵᠢᠯ᠎ᠤᠨ ᠦᠷ᠎ᠡ ᠪᠦᠲᠦᠮᠵᠢ᠎ᠶ᠋ᠢ ᠶᠡᠷᠦᠩᠬᠡᠢᠯᠡᠨ ᠦᠨᠡᠯᠡᠵᠦ᠍᠂ ᠦᠨᠡᠯᠡᠭ᠌ᠰᠡᠨ ᠦᠷ᠎ᠡ ᠳ᠋ᠦᠩ ᠬᠢᠭᠡᠳ ᠱᠢᠯᠵᠢᠭᠦᠯᠦᠨ ᠥᠭ᠌ᠬᠦ ᠪᠠᠯᠠ ᠮᠥᠩᠭᠦ᠎ᠶ᠋ᠢᠨ ᠬᠤᠪᠢᠶᠠᠷᠢᠯᠠᠯᠲᠠ᠎ᠶ᠋ᠢ ᠬᠤᠯᠪᠣᠭ᠍ᠰᠠᠨ ᠤᠷᠮᠠᠱᠢᠭᠤᠯᠵᠤ ᠬᠢᠵᠠᠭᠠᠷᠯᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠲᠣᠭ᠍ᠲᠠᠭᠠᠯ ᠶᠣᠰᠣᠭᠠᠷ ᠬᠤᠯᠪᠣᠭ᠍ᠳᠠᠯ ᠪᠥᠬᠦᠶ ᠡᠭᠦᠳᠦᠨ ᠪᠠᠢᠭᠤᠯᠵᠤ ᠠᠳᠠᠯᠢᠳᠭᠠᠨ ᠱᠢᠯᠭᠠᠷᠠᠭᠤᠯᠬᠤ᠎ᠶ᠋ᠢ ᠥᠷᠨᠢᠭᠦᠯᠵᠦ᠍᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠤᠭ᠍ᠰᠠᠨ ᠪᠠᠢᠳᠠᠯ᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠠᠵᠢᠯ᠎ᠤᠨ ᠦᠷ᠎ᠡ ᠪᠦᠲᠦᠮᠵᠢ᠎ᠶ᠋ᠢ ᠴᠢᠬᠤᠯᠠ ᠠᠭᠤᠯᠭ᠎ᠠ ᠪᠣᠯᠭᠠᠬᠤ ᠬᠡᠷᠡᠭ᠌ᠲᠡᠶ᠃ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ᠎ᠶ᠋ᠢᠨ ᠪᠠᠯᠠ ᠮᠥᠩᠭᠦ᠎ᠶ᠋ᠢᠨ ᠪᠥᠬᠦ᠌ ᠲᠠᠯ᠎ᠠ᠎ᠶ᠋ᠢᠨ ᠲᠥᠰᠦᠪ᠎ᠲᠤ ᠠᠵᠢᠯ᠎ᠤᠨ ᠪᠦᠲᠦᠮᠵᠢ᠎ᠶ᠋ᠢᠨ ᠬᠠᠮᠢᠶᠠᠷᠤᠯᠲᠠ ᠬᠢᠬᠦ᠌᠎ᠶ᠋ᠢ ᠠᠬᠢᠭᠤᠯᠤᠨ᠎ᠠ᠃ ᠠᠮᠢ ᠠᠬᠤᠶ᠎ᠶ᠋ᠢᠨ ᠣᠷᠴᠢᠨ ᠲᠣᠭᠤᠷᠢᠨ᠎ᠤ ᠶᠠᠰᠤ ᠴᠢᠨᠠᠷ᠎ᠢ ᠬᠢᠨᠠᠨ ᠬᠡᠮᠵᠢᠭ᠌ᠰᠡᠨ ᠬᠢᠭᠡᠳ ᠱᠢᠯᠭᠠᠨ ᠦᠨᠡᠯᠡᠭ᠌ᠰᠡᠨ ᠦᠷ᠎ᠡ ᠳ᠋ᠦᠩ᠎ᠢ ᠢᠯᠡ ᠪᠣᠯᠭᠠᠬᠤ ᠡᠷᠴᠢᠮ᠎ᠢ ᠴᠢᠩᠭᠠᠷᠠᠭᠤᠯᠤᠨ᠎ᠠ᠃ ᠠᠮᠢ ᠠᠬᠤᠢ ᠣᠷᠴᠢᠨ ᠲᠤᠭᠤᠷᠢᠨ ᠪᠠ ᠤᠯᠠᠨ ᠨᠡᠢᠲᠡ᠎ᠶ᠋ᠢᠨ ᠦᠨᠳᠦᠰᠦᠨ ᠦᠢᠯᠡᠴᠢᠯᠡᠭᠡ᠎ᠶ᠋ᠢ ᠰᠠᠢᠵᠢᠷᠠᠭᠤᠯᠤᠭ᠍ᠰᠠᠨ ᠪᠠᠢᠳᠠᠯ ᠵᠡᠷᠭᠡ᠎ᠶ᠋ᠢ ᠵᠠᠰᠠᠭ᠎ᠤᠨ ᠠᠵᠢᠯ᠎ᠤᠨ ᠪᠦᠲᠦᠮᠵᠢ᠎ᠶ᠋ᠢ ᠬᠢᠨᠠᠨ ᠱᠢᠯᠭᠠᠬᠤ ᠱᠢᠰᠲ᠋ᠧᠮ᠎ᠳᠤ ᠣᠷᠣᠭᠤᠯᠤᠨ᠎ᠠ᠃ ᠣᠷᠣᠨ ᠨᠤᠲᠤᠭ᠎ᠤᠨ᠎ᠬᠢᠨ᠎ᠤ ᠪᠣᠬᠢᠷᠲᠤᠯ ᠥᠬᠡᠶ ᠠᠵᠢᠯ᠎ᠤᠨ ᠪᠦᠲᠦᠮᠵᠢ᠎ᠶ᠋ᠢ ᠱᠢᠯᠭᠠᠨ ᠦᠨᠡᠯᠡᠬᠦ᠌ ᠲᠣᠭ᠍ᠲᠠᠴᠠ᠎ᠶ᠋ᠢ ᠰᠦᠪᠡᠭ᠌ᠴᠢᠯᠡᠨ ᠪᠠᠢᠭᠤᠯᠬᠤ᠎ᠶ᠋ᠢ ᠵᠣᠷᠢᠭ᠍ᠵᠢᠭᠤᠯᠤᠨ᠎ᠠ᠃
(ᠭᠤᠷᠪᠠ) ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ᠌᠎ᠶ᠋ᠢ ᠴᠢᠩᠭᠠᠷᠠᠭᠤᠯᠤᠨ᠎ᠠ᠃ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ᠎ᠶ᠋ᠢᠨ ᠠᠵᠢᠯ᠎ᠤᠨ ᠠᠬᠢᠴᠠ᠎ᠶ᠋ᠢ ᠮᠥᠷᠳᠡᠵᠦ᠍᠂ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ᠎ᠶ᠋ᠢ ᠬᠡᠷᠡᠭ᠌ᠵᠢᠭᠦᠯᠦᠭ᠌ᠰᠡᠨ ᠦᠷ᠎ᠡ ᠪᠦᠲᠦᠮᠵᠢ᠎ᠶ᠋ᠢ ᠦᠨᠡᠯᠡᠨ ᠵᠢᠱ᠌ᠢᠬᠦ᠌ ᠠᠵᠢᠯ᠎ᠢ ᠥᠷᠨᠢᠭᠦᠯᠦᠨ᠂ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ᠎ᠶ᠋ᠢᠨ ᠠᠵᠢᠯ᠎ᠢ ᠰᠠᠢᠲᠤᠷ ᠥᠷᠨᠢᠭᠦᠯᠦᠭ᠌ᠰᠡᠨ ᠦᠭᠡᠢ᠂ ᠲᠣᠪᠤᠢᠮ᠎ᠠ ᠠᠰᠠᠭᠤᠳᠠᠯ ᠣᠷᠣᠱᠢᠵᠤ ᠪᠠᠢᠭ᠎ᠠ ᠭᠠᠵᠠᠷ ᠣᠷᠣᠨ ᠪᠠ ᠰᠠᠯᠠᠭ᠎ᠠ ᠮᠥᠴᠢᠷ᠎ᠢ ᠱᠠᠯᠠᠪᠳᠠᠭᠤᠯᠤᠨ ᠪᠠᠢᠴᠠᠭᠠᠬᠤ ᠬᠡᠪᠴᠢᠶᠡᠨ᠎ᠳᠤ ᠣᠷᠣᠭᠤᠯᠤᠨ᠎ᠠ᠃ ᠲᠤᠱᠢᠶᠠᠯ᠎ᠠᠴᠠ᠎ᠪᠠᠨ ᠰᠠᠯᠬᠤ ᠦᠶ᠎ᠡ᠎ᠳᠠᠬᠢ ᠪᠠᠢᠭᠠᠯᠢ᠎ᠶ᠋ᠢᠨ ᠡᠬᠢ ᠪᠠᠶᠠᠯᠢᠭ᠎ᠤᠨ ᠡᠳ᠋ ᠬᠥᠷᠥᠩᠭᠡ᠎ᠶ᠋ᠢᠨ ᠬᠢᠨᠠᠨ ᠪᠤᠳᠤᠯᠲᠠ᠎ᠶ᠋ᠢ ᠴᠢᠩᠭᠠᠳᠭᠠᠵᠤ᠂ ᠠᠮᠢ ᠠᠬᠤᠶ ᠤᠷᠴᠢᠨ ᠲᠣᠭᠤᠷᠢᠨ᠎ᠢ ᠬᠠᠢᠬᠤᠷᠬᠤ ᠥᠬᠡᠶ᠎ᠪᠠᠷ ᠰᠣᠬᠤᠷ ᠪᠠᠯᠠᠶ᠎ᠪᠠᠷ ᠱᠢᠢᠳᠪᠦᠷᠢᠲᠦ ᠪᠣᠳᠣᠯᠭ᠎ᠠ ᠲᠣᠭ᠍ᠲᠠᠭᠠᠵᠤ᠂ ᠬᠦᠨᠳᠦ ᠨᠣᠴᠢᠲᠠᠶ ᠤᠷᠱᠢᠭ ᠲᠠᠲᠠᠭ᠍ᠰᠠᠨ ᠪᠠᠢᠪᠠᠯ᠂ ᠲᠦᠷᠢᠮ ᠲᠣᠭ᠍ᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠍᠂ ᠨᠠᠰᠤᠨ ᠲᠤᠷᠱᠢᠳᠠ ᠬᠠᠷᠢᠭᠤᠴᠠᠯᠭ᠎ᠠ ᠨᠡᠬᠡᠮᠵᠢᠯᠡᠨ᠎ᠡ᠃
ᠡᠯ᠎ᠡ ᠭᠠᠵᠠᠷ ᠣᠷᠣᠨ ᠡᠯ᠎ᠡ ᠬᠤᠯᠪᠣᠭ᠍ᠳᠠᠯ ᠪᠥᠬᠦᠶ ᠰᠠᠯᠠᠭ᠎ᠠ ᠮᠥᠴᠢᠷ᠎ᠤᠨ᠎ᠬᠢᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠨᠥᠬᠦᠪᠥᠷᠢ᠎ᠶ᠋ᠢᠨ ᠲᠦᠷᠢᠮ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠶ᠋ᠢᠨ ᠴᠢᠬᠤᠯᠠ ᠠᠴᠢ ᠬᠤᠯᠪᠣᠭ᠍ᠳᠠᠯ᠎ᠢ ᠭᠦᠢᠴᠡᠳ ᠲᠠᠨᠢᠵᠤ᠂ ᠰᠢ᠎ᠶ᠋ᠢᠨ ᠫᠢᠩ᠎ᠤᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠳᠡᠭᠡᠷ᠎ᠡ ᠨᠢᠭᠡᠳᠭᠡᠵᠦ᠍᠂ 《ᠳᠥᠷᠪᠡᠨ ᠤᠬᠠᠮᠰᠠᠷ》 ᠢᠶᠠᠨ ᠴᠢᠩᠭᠠᠳᠭᠠᠨ᠂ 《ᠳᠥᠷᠪᠡᠨ ᠢᠲᠡᠭᠡᠯ》 ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠰᠠᠨᠠᠭᠠᠴᠢᠯᠠᠭ᠎ᠠ᠎ᠠᠴᠠ᠎ᠪᠠᠨ ᠲᠥᠯᠥᠪᠵᠢᠭᠦᠯᠦᠨ᠂ ᠨᠠᠷᠢᠨ ᠨᠢᠮᠪᠠᠶ ᠵᠣᠬᠢᠶᠠᠨ ᠪᠠᠢᠭᠤᠯᠵᠤ᠂ ᠠᠮᠢ ᠠᠬᠤᠶ᠎ᠶ᠋ᠢᠨ ᠪᠣᠯᠪᠠᠰᠤᠨ᠎ᠤ ᠡᠯ᠎ᠡ ᠵᠦᠢᠯ᠎ᠤᠨ ᠲᠦᠷᠢᠮ᠎ᠤᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠲᠦᠷᠢᠮ᠎ᠤᠨ ᠳᠠᠪᠠᠭᠤᠯᠢᠭ᠎ᠢ ᠦᠨᠡᠨ ᠬᠦ᠌ ᠵᠠᠰᠠᠯᠲᠠ᠎ᠶ᠋ᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠲᠩᠷᠢ᠎ᠨᠢ ᠨᠠᠩ ᠴᠡᠯᠮᠡᠭ᠂ ᠠᠭᠤᠯᠠ᠎ᠨᠢ ᠨᠠᠩ ᠬᠥᠬᠡᠮᠳᠦᠭ᠂ ᠤᠰᠤ᠎ᠨᠢ ᠨᠠᠩ ᠲᠤᠩᠭᠠᠯᠠᠭ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠴᠢᠷᠮᠠᠢᠨ ᠡᠭᠦᠳᠬᠦ᠌ ᠬᠡᠷᠡᠭ᠌ᠳᠡᠢ᠃
(ᠱᠢᠨᠬᠤᠸᠠ ᠬᠤᠷᠢᠶᠠᠨ᠎ᠤ ᠪᠡᠭᠡᠵᠢᠩ᠎ᠤᠨ 9 ᠰᠠᠷ᠎ᠠ᠎ᠶ᠋ᠢᠨ 12 ᠤᠨ ᠴᠠᠬᠢᠯᠭᠠᠨ ᠮᠡᠳᠡᠭᠡ)