ᠪᠤᠯᠤᠩ ᠨᠡᠭᠡᠭᠡᠬᠦ᠌ ᠦᠭᠡ᠄
ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠦ᠌ ᠤᠯᠤᠰ᠎ᠤᠨ ᠲᠠᠮᠢᠷ᠎ᠤᠨ ᠴᠤᠭ᠍ᠯᠠᠭᠠᠨ 9 ᠰᠠᠷ᠎ᠠ᠎ᠶ᠋ᠢᠨ 15 ᠠᠴᠠ 27 ᠤ ᠡᠳᠦᠷ ᠪᠤᠯᠳᠠᠯ᠎ᠠ ᠱᠠᠨᠰᠢ ᠮᠤᠵᠢ᠎ᠳᠤ ᠶᠠᠪᠤᠭ᠍ᠳᠠᠨ᠎ᠠ᠃ ᠡᠬᠦᠨ᠎ᠠᠴᠠ ᠡᠮᠦᠨ᠎ᠡ᠂ ᠤᠷᠠᠨ ᠤᠮᠪᠠᠯᠳᠠ᠂ ᠬᠦᠯ ᠪᠦᠮᠪᠦᠭᠡ᠂ ᠰᠠᠭ᠍ᠰᠤᠨ ᠪᠦᠮᠪᠦᠭᠡ᠂ ᠦᠱᠦ᠍᠂ ᠤᠰᠤ ᠬᠠᠷ᠎ᠠ ᠵᠢᠯᠳᠠ ᠵᠡᠷᠭᠡ ᠬᠡᠰᠡᠭ ᠤᠷᠤᠯᠳᠤᠭᠠᠨ᠎ᠤ ᠲᠦᠷᠦᠯ ᠪᠤᠰᠤᠳ ᠭᠠᠵᠠᠷ ᠤᠷᠤᠨ᠎ᠳᠤ ᠶᠠᠪᠤᠭ᠍ᠳᠠᠵᠤ ᠤᠷᠤᠯᠳᠤᠭᠠᠨ᠎ᠤ ᠦᠷ᠎ᠡ ᠳ᠋ᠦᠩ ᠨᠢᠭᠡᠨᠳᠡ ᠲᠤᠳᠤᠷᠠᠵᠠᠢ᠃ ᠲᠤᠰ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠳᠤ ᠮᠠᠨ᠎ᠤ ᠤᠷᠤᠨ᠎ᠤ 198 ᠲᠠᠮᠢᠷᠴᠢᠨ 19 ᠲᠦᠷᠦᠯ᠎ᠤᠨ 109 ᠵᠦᠢᠯ᠎ᠤᠨ ᠤᠷᠤᠯᠳᠤᠭᠠᠨ᠎ᠳᠤ ᠤᠷᠤᠯᠴᠠᠨ᠎ᠠ᠃ ᠲᠤᠰ ᠰᠤᠨᠢᠨ ᠡᠨᠡ ᠡᠳᠤᠷ᠎ᠠᠴᠠ ᠡᠬᠢᠯᠡᠨ 《ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠦ᠌ ᠤᠯᠤᠰ᠎ᠤᠨ ᠲᠠᠮᠢᠷ᠎ᠤᠨ ᠴᠤᠭ᠍ᠯᠠᠭᠠᠠᠤ ᠠᠩᠬᠠᠷᠤᠯ ᠲᠦᠪᠯᠡᠷᠡᠯ》 ᠭᠡᠬᠦ᠌ ᠪᠤᠯᠤᠩ ᠨᠡᠭᠡᠭᠡᠵᠦ᠍᠂ ᠮᠠᠨ᠎ᠤ ᠤᠷᠤᠨ᠎ᠤ ᠲᠠᠮᠢᠷᠴᠢᠳ᠎ᠤᠨ ᠤᠷᠤᠯᠳᠤᠭᠠᠨ᠎ᠤ ᠪᠠ ᠵᠢᠳᠠᠯ᠎ᠤᠨ ᠲᠤᠬᠠᠢ ᠬᠠᠮᠢᠶ᠎ᠠ ᠪᠦᠬᠦᠢ ᠮᠡᠳᠡᠭᠡ ᠮᠡᠳᠡᠭᠡᠯᠡᠯ᠎ᠢ ᠤᠩᠱᠢᠬ᠍ᠴᠢ ᠤᠯᠠᠨ᠎ᠳᠤ ᠬᠦᠷᠭᠡᠬᠦ᠌ ᠪᠤᠯᠤᠨ᠎ᠠ᠃ ᠠᠩᠬᠠᠷᠤᠯ᠎ᠢᠶᠠᠨ ᠬᠠᠨᠳᠤᠭᠤᠯᠤᠨ᠎ᠠ ᠤᠤ!
— ᠨᠠ ᠵᠢᠷᠠᠭᠤᠯᠤᠭ᠍ᠴᠢᠠᠴᠠ
ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ 9 ᠰᠠᠷ᠎ᠠ᠎ᠶ᠋ᠢᠨ 15 ᠤ ᠡᠳᠤᠷ ᠱᠠᠨᠰᠢ ᠮᠤᠵᠢ᠎ᠶ᠋ᠢᠨ ᠰᠢ ᠠᠨ ᠬᠤᠳᠠ᠎ᠳᠤ ᠡᠬᠢᠯᠡᠨ᠎ᠠ᠃ ᠲᠠᠮᠢᠷ᠎ᠤᠨ ᠴᠤᠭ᠍ᠯᠠᠭᠠᠨ ᠡᠬᠢᠯᠡᠬᠦ᠌᠎ᠠᠴᠠ ᠡᠮᠦᠨᠡᠬᠢ ᠤᠷᠤᠯᠳᠤᠭᠠᠨ᠎ᠳᠤ᠂ ᠦᠪᠤᠷ ᠮᠤᠩᠭᠤᠯ᠎ᠤᠨ ᠲᠦᠯᠦᠭᠡᠯᠡᠭ᠌ᠴᠢᠳ᠎ᠤᠨ ᠪᠦᠯᠬᠦᠮ ᠤᠯᠠᠨ ᠲᠦᠷᠦᠯ᠎ᠤᠨ ᠤᠷᠤᠯᠳᠤᠭᠠᠨ᠎ᠳᠤ ᠰᠠ᠊ ᠶ᠋ᠢᠨ ᠬᠢᠷᠢ ᠪᠦᠳᠦᠮᠵᠢ ᠡᠬᠦᠳᠦᠭ᠌ᠰᠡᠨ ᠪᠠ ᠵᠢᠨ᠎ᠠ᠃
9 ᠰᠠᠷ᠎ᠠ᠎ᠶ᠋ᠢᠨ 13 ᠤ ᠡᠳᠦᠷ ᠶᠠᠪᠤᠭ᠍ᠳᠠᠭ᠍ᠰᠠᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠡᠷᠡᠭ᠌ᠲᠡᠶ᠎ᠶ᠋ᠢᠨ ᠠᠷᠪᠠᠨ ᠮᠧᠲᠷ᠎ᠤᠨ ᠬᠡᠢᠲᠦ ᠭᠠᠷ ᠫᠤᠤ᠎ᠶ᠋ᠢᠨ ᠤᠷᠤᠯᠳᠤᠭᠠᠨ᠎ᠳᠤ ᠮᠠᠨ᠎ᠤ ᠣᠷᠣᠨ᠎ᠤ ᠨᠡᠷᠡᠳᠤ ᠲᠠᠮᠢᠷᠴᠢᠨ ᠶᠠᠩ ᠸᠧᠢ 571 ᠴᠠᠭᠠᠷᠢᠭ᠎ᠤᠨ ᠬᠢᠷᠢ ᠪᠦᠲᠦᠮᠵᠢ᠎ᠪᠠᠷ 41 ᠳ᠋ᠤᠭᠡᠷ᠎ᠲᠤ ᠵᠢᠭ᠍ᠰᠠᠵᠦ᠍᠂ ᠱᠢᠢᠳᠪᠦᠷᠢᠳᠦ ᠤᠷᠤᠯᠳᠤᠭᠠᠨ᠎ᠳᠤ ᠤᠷᠤᠬᠤ ᠬᠢᠷᠢ ᠬᠡᠮ᠎ᠢᠶᠠᠨ ᠬᠠᠷᠠᠮᠰᠠᠯᠳᠠᠢ᠎ᠪᠠᠷ ᠠᠯᠳᠠᠭ᠍ᠰᠠᠨ ᠪᠠ ᠵᠢᠨ᠎ᠠ᠃
ᠤ ᠵᠢᠯᠠᠭᠠᠭ᠍ᠰᠠᠨᠢᠶᠠᠷ᠂ ᠲᠤᠰ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ ᠱᠧᠩ ᠵᠢᠶᠠ ᠶᠠᠩ᠂ ᠶᠠᠩ ᠸᠧᠢ᠂ ᠴᠧᠨ ᠳ᠋ᠦᠩ ᠴᠢ ᠵᠡᠷᠭᠡ 8 ᠲᠠᠮᠢᠷᠴᠢᠨ᠎ᠢ ᠲᠣᠮᠢᠯᠠᠵᠤ ᠫᠤᠤᠳᠠᠯᠭ᠎ᠠ᠎ᠶ᠋ᠢᠨ ᠲᠦᠷᠦᠯ ᠵᠦᠢᠯ᠎ᠤᠨ ᠤᠷᠤᠯᠳᠤᠭᠠᠨ᠎ᠳᠤ ᠣᠷᠣᠯᠴᠠᠭᠤᠯᠪᠠ᠃ ᠲᠣᠣᠺᠢᠣ᠋᠎ᠶ᠋ᠢᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠤᠷᠤᠯᠳᠤᠭᠠᠨ᠎ᠤ ᠲᠠᠯᠠᠪᠠᠢ᠎ᠠᠴᠠ ᠪᠤᠴᠠᠵᠤ ᠢᠷᠡᠭ᠌ᠰᠡᠨ ᠴᠧᠨ ᠳ᠋ᠦᠩ ᠴᠢ 9 ᠰᠠᠷ᠎ᠠ᠎ᠶ᠋ᠢᠨ 15 ᠤ ᠡᠳᠦᠷ ᠡᠮᠡᠭ᠌ᠲᠡᠶ᠎ᠶ᠋ᠢᠨ 50 ᠮᠧᠲᠷ᠎ᠤᠨ ᠶᠠᠪᠠᠭᠠᠨ ᠫᠤᠤ᠎ᠶ᠋ᠢᠨ 3 ᠲᠥᠷᠥᠯ ᠵᠦᠢᠯ᠎ᠤᠨ ᠤᠷᠤᠯᠳᠤᠭᠠᠨ᠎ᠳᠤ ᠣᠷᠣᠯᠴᠠᠬᠤ᠎ᠪᠠᠷ ᠪᠤᠢ᠃
9 ᠰᠠᠷ᠎ᠠ᠎ᠶ᠋ᠢᠨ 9 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠡᠷᠡᠭ᠌ᠲᠡᠶ᠎ᠶ᠋ᠢᠨ ᠳᠠᠷᠪᠠᠭᠤᠯᠲᠤ ᠣᠩᠭᠤᠴᠠᠨ᠎ᠤ ᠲᠥᠷᠥᠯ ᠵᠦᠶ᠋ᠯ᠎ᠤᠨ ᠤᠷᠤᠯᠳᠤᠭᠠᠨ ᠱᠠᠨᠳᠦ᠋ᠩ᠎ᠤᠨ ᠸᠧᠶ ᠹᠠᠩ᠎ᠳᠤ ᠶᠠᠪᠤᠭ᠍ᠳᠠᠵᠤ᠂ ᠥᠪᠥᠷ ᠮᠣᠩᠭᠤᠯ᠎ᠤᠨ ᠲᠠᠮᠢᠷᠴᠢᠨ ᡂᠢ ᠴᠢᠩ ᠪᠢᠨ ᠬᠦᠷᠡᠯ ᠮᠧᠳᠠᠯ ᠭᠠᠷᠳᠠᠪᠠ᠂ ᠡᠨᠡ ᠪᠣᠯ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠣᠯᠤᠭ᠍ᠰᠠᠨ ᠠᠷᠪᠠᠨ ᠳᠥᠷᠪᠡᠳᠦᠭᠡᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠤ ᠦᠷᠢᠰᠦᠯᠳᠦᠭᠡᠨᠳᠦ ᠤᠷᠤᠯᠳᠤᠭᠠᠨ᠎ᠤ ᠲᠥᠷᠥᠯ ᠵᠦᠶ᠋ᠯ᠎ᠤᠨ ᠠᠩᠬᠠᠳᠠᠭ᠍ᠴᠢ ᠱᠠᠩᠨᠠᠯ᠎ᠤᠨ ᠮᠧᠳᠠᠯ ᠪᠣᠯᠤᠨ᠎ᠠ᠃
ᠤ ᠵᠢᠯᠠᠭᠠᠭ᠍ᠰᠠᠨᠢᠶᠠᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠳᠠᠷᠪᠠᠭᠤᠯᠲᠤ ᠣᠩᠭᠤᠴᠠᠨ᠎ᠤ ᠲᠥᠷᠥᠯ ᠵᠦᠶ᠋ᠯ᠎ᠤᠨ ᠤᠷᠤᠯᠳᠤᠭᠠᠨ᠎ᠳᠤ ᠡᠷᠡᠭ᠌ᠲᠡᠶ (ᠡᠮᠡᠭ᠌ᠲᠡᠶ) ᠶ᠋ᠢᠨ ᠳᠠᠷᠪᠠᠭᠤᠯᠲᠤ ᠣᠩᠭᠤᠴᠠᠨ᠎ᠤ RS᠄ X ᠲᠠᠰ᠂ 49 ᠬᠥᠮᠦᠨ᠎ᠤ ᠲᠠᠰ ᠵᠡᠷᠭᠡ 9 ᠲᠥᠷᠥᠯ ᠵᠦᠶ᠋ᠯ ᠪᠠᠭ᠍ᠲᠠᠨ᠎ᠠ᠃ ᠪᠦᠬᠦ᠌ ᠤᠯᠤᠰ᠎ᠤᠨ ᠡᠯ᠎ᠡ ᠮᠤᠵᠢ ᠣᠷᠣᠨ ᠬᠤᠲᠠ᠎ᠶ᠋ᠢᠨ 18 ᠳᠠᠷᠪᠠᠭᠤᠯᠲᠤ ᠣᠩᠭᠤᠴᠠᠨ᠎ᠤ ᠠᠩᠭᠢ᠂ 200 ᠲᠠᠮᠢᠷᠴᠢᠨ ᠤᠷᠤᠯᠳᠤᠭᠠᠨ᠎ᠳᠤ ᠣᠷᠣᠯᠴᠠᠵᠠᠢ᠂ ᠡᠭᠦᠨ᠎ᠳᠤ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ 11 ᠲᠠᠮᠢᠷᠴᠢᠨ ᠳᠠᠷᠪᠠᠭᠤᠯᠲᠤ ᠣᠩᠭᠤᠴᠠᠨ᠎ᠤ ᠤᠷᠤᠯᠳᠤᠭᠠᠨ᠎ᠳᠤ ᠣᠷᠣᠯᠴᠠᠪᠠ᠃
ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠣᠯᠠᠨ ᠲᠦᠮᠡᠨᠴᠢ ᠤᠷᠤᠯᠳᠤᠭᠠᠨ᠎ᠤ ᠦᠵᠡᠭᠦᠯᠭᠡ᠎ᠶ᠋ᠢᠨ ᠲᠤᠭ᠍ᠯᠠᠯᠳᠠ᠎ᠶ᠋ᠢᠨ ᠲᠥᠷᠥᠯ ᠵᠦᠶ᠋ᠯ᠎ᠤᠨ ᠬᠢᠷᠢ ᠪᠦᠲᠦᠮᠵᠢ᠎ᠶ᠋ᠢ ᠤ ᠵᠢᠷ᠎ᠠ᠎ᠳᠤ ᠨᠡᠢᠲᠡᠯᠡᠵᠦ᠍᠂ ᠮᠠᠨ᠎ᠤ ᠣᠷᠣᠨ᠎ᠤ 262 ᠲᠠᠮᠢᠷᠴᠢᠨ ᠠᠭᠤᠳᠠᠮ ᠲᠠᠯᠠᠪᠠᠶ᠎ᠶ᠋ᠢᠨ ᠪᠥᠵᠢᠭ᠂ ᠷᠠᠳᠢᠣ᠋ ᠪᠡᠶ᠎ᠡ᠎ᠶ᠋ᠢᠨ ᠲᠠᠮᠢᠷ᠂ ᠪᠡᠶ᠎ᠡ ᠴᠢᠭᠢᠷᠠᠭ᠍ᠵᠢᠭᠤᠯᠬᠤ ᠠᠮᠢᠰᠭᠤᠯ᠎ᠤᠨ ᠲᠠᠮᠢᠷ᠂ ᠨᠡᠷᠡᠭᠦᠶ ᠨᠢᠳᠤᠷᠭ᠎ᠠ ᠵᠡᠷᠭᠡ 4 ᠶᠡᠭᠡ ᠲᠥᠷᠥᠯ᠎ᠤᠨ 24 ᠵᠦᠶ᠋ᠯ᠎ᠤᠨ ᠤᠷᠤᠯᠳᠤᠭᠠᠨ᠎ᠳᠤ ᠣᠷᠣᠯᠴᠠᠵᠤ᠂ ᠬᠤᠶᠠᠳᠤᠭᠠᠷ ᠳᠡᠰ᠎ᠤᠨ ᠱᠠᠩᠨᠠᠯ 1᠂ ᠭᠤᠷᠪᠠᠳᠤᠭᠠᠷ ᠳᠡᠰ᠎ᠤᠨ ᠱᠠᠩᠨᠠᠯ 10᠂ 《ᠬᠠᠮᠤᠭ᠎ᠤᠨ ᠬᠦᠷᠢᠶᠡᠯᠡᠯ᠎ᠲᠡᠶ ᠱᠠᠩᠨᠠᠯ》 1 ᠶ᠋ᠢ ᠭᠥᠷᠳᠡᠪᠡ᠃