ᠪᠤᠳᠠᠳᠠᠢ ᠠᠵᠢᠯᠯᠠᠵᠤ ᠲᠠᠭᠤᠷᠢᠶᠠᠯ ᠦᠵᠡᠬᠦᠯᠳᠡᠭ ᠱᠦᠵᠢ
2021-09-16 11:18:07
ᠵᠣᠬᠢᠶᠠᠭ᠍ᠴᠢ᠄
ᠯᠢᠤᠢ ᠱᠢᠤᠸᠠᠢ ᠱᠢᠶᠠᠨ ᠲᠠᠳᠤᠯᠭ᠎ᠠ᠎ᠶ᠋ᠢᠨ ᠰᠤᠷᠤᠬ᠍ᠴᠢ ᠳ᠋ᠸᠦ ᠳ᠋ᠸᠦ
ᠣᠩᠱᠢᠭ᠍ᠰᠠᠨ ᠣᠳᠠᠭ᠎ᠠ᠄
★★★☆☆

— ᠦᠪᠡᠷᠲᠡᠭᠡᠨ ᠵᠠᠰᠭᠠᠤ ᠤᠷᠤᠨ᠎ᠤ ᠱᠢᠯᠢᠲᠡᠭ ᠨᠠᠮ᠎ᠤᠨ ᠠᠵᠢᠯᠲᠠᠨ ᠳ᠋ᠠᠢ ᠶᠢᠩ ᠴᠢᠶᠠᠨ᠎ᠢ ᠲᠡᠮᠲᠡᠭ᠌ᠯᠡᠪᠡ 

 

ᠠᠳᠠᠯ ᠠᠬᠤᠢ᠎ᠶ᠋ᠢᠨ ᠬᠠᠮᠢᠶᠠᠷᠤᠯᠲᠠ᠎ᠲᠠᠢ ᠰᠠᠭᠤᠭᠠᠯᠢ ᠠᠷᠠᠳ᠎ᠤᠨ ᠲᠤᠭᠤᠷᠢᠭ 0 ᠎ᠠᠴᠠ 38 ᠬᠦᠷᠴᠦ᠍᠂ 《ᠲᠤᠯᠠᠭᠠᠯᠠᠭ᠎ᠠ᠎ᠶ᠋ᠢᠨ ᠢᠨᠵᠧᠨᠧᠷᠢᠩ》 ᠪᠦᠬᠦᠨ᠎ᠢ ᠪᠦᠷᠭᠦᠵᠦ᠍᠂ ᠤᠤᠭᠤᠬᠤ ᠤᠰᠤ ᠡᠷᠦᠭᠡ ᠪᠤᠯᠭᠠᠨ᠎ᠳᠤ ᠨᠡᠪᠲᠡᠷᠡᠵᠦ᠍᠂ ᠰᠠᠭᠤᠭᠠᠯᠢ ᠠᠷᠠᠳ᠎ᠤᠨ ᠲᠤᠭᠤᠷᠢᠭ᠎ᠤᠨ ᠢᠵᠢ ᠪᠦᠷᠢᠲᠦᠭ᠌ᠰᠡᠨ ᠲᠦᠭᠦᠭᠡᠷᠦᠮᠵᠢ ᠲᠠᠰᠤᠷᠠᠯᠲᠠ ᠦᠭᠡᠢ ᠲᠡᠭᠦᠯᠲᠡᠷᠵᠢᠵᠦ᠍᠂ ᠰᠠᠭᠤᠭᠠᠯᠢ ᠠᠷᠠᠳ᠎ᠤᠨ ᠰᠤᠶᠤᠯ᠎ᠤᠨ ᠠᠮᠢᠳᠤᠷᠠᠯ ᠪᠠᠢᠬ᠍ᠰᠠᠨ ᠦᠭᠡᠢ᠎ᠠᠴᠠ ᠪᠠᠶᠠᠯᠢᠬ ᠰᠠᠢᠬᠠᠨ ᠪᠤᠯᠵᠠᠢ ᠁ ᠬᠦᠴᠢᠷᠲᠡᠵᠦ᠍ ᠵᠤᠪᠠᠨᠢᠵᠦ᠍ ᠪᠠᠢᠭ᠎ᠠ ᠶᠠᠪᠤᠲᠠᠯ ᠨᠢᠭᠡ ᠨᠢᠭᠡ᠎ᠪᠠᠷ ᠱᠢᠢᠳᠪᠦᠷᠢᠯᠡᠭ᠌ᠲᠡᠵᠦ᠍᠂ ᠠᠷᠠᠳ᠎ᠲᠤ ᠬᠠᠷᠠᠭᠠᠯᠵᠠᠯ ᠦᠵᠡᠭᠦᠯᠬᠦ᠌ ᠢᠨᠵᠧᠨᠧᠷᠢᠩ ᠨᠢᠭᠡ ᠨᠢᠭᠡ᠎ᠪᠠᠷ ᠪᠡᠶᠡᠯᠡᠭ᠌ᠲᠡᠵᠦ᠍᠂ ᠪᠤᠭᠤᠲᠦ ᠬᠤᠲᠠ᠎ᠶ᠋ᠢᠨ ᠴᠢᠩᠱᠠᠨ ᠲᠤᠭᠤᠷᠢᠭ᠎ᠤᠨ ᠸᠠᠨ ᠴᠢᠩ ᠵᠠᠮ᠎ᠤᠨ ᠵᠡᠭᠡᠯᠢ ᠭᠤᠲᠤᠮᠵᠢ᠎ᠶ᠋ᠢᠨ ᠰᠠᠭᠤᠭᠠᠯᠢ ᠠᠷᠠᠳ᠎ᠲᠤ ᠠᠮᠢᠳᠤᠷᠠᠯ᠎ᠤᠨ ᠤᠷᠴᠢᠨ ᠲᠤᠭᠤᠷᠢᠨ᠎ᠤ ᠬᠤᠪᠢᠷᠠᠯᠲᠠ᠎ᠶ᠋ᠢ ᠦᠨᠡᠨ ᠬᠦ᠌ ᠮᠡᠲᠡᠷᠡᠭᠦᠯᠦᠭ᠌ᠰᠡᠨ ᠪᠠᠢᠨ᠎ᠠ᠃ ᠡᠭᠦᠨ᠎ᠤ ᠲᠤᠯᠠ᠂ ᠰᠠᠭᠤᠭᠠᠯᠢ ᠠᠷᠠᠳ᠎ᠤᠳ ᠵᠡᠭᠡᠯᠢ ᠭᠤᠲᠤᠮᠵᠢ᠎ᠶ᠋ᠢᠨ ᠨᠠᠮ᠎ᠤᠨ ᠠᠵᠢᠯ᠎ᠤᠨ ᠬᠤᠷᠢᠶ᠎ᠠ᠎ᠶ᠋ᠢᠨ ᠱᠦᠵᠢ᠂ ᠬᠡᠷᠡᠭ ᠡᠷᠬᠢᠯᠡᠬᠦ᠌ ᠭᠠᠵᠠᠷ᠎ᠤᠨ ᠡᠷᠬᠢᠯᠡᠭ᠌ᠴᠢ ᠳ᠋ᠠᠢ ᠶᠢᠩ ᠴᠢᠶᠠᠨ᠎ᠳᠤ 《ᠬᠦᠴᠢᠷᠲᠡᠯ᠎ᠢ ᠱᠢᠢᠳᠪᠦᠷᠢᠯᠡᠭ᠌ᠴᠢ ᠱᠦᠵᠢ》 ᠬᠡᠰᠡᠨ ᠰᠠᠢᠬᠠᠨ ᠨᠡᠷ᠎ᠠ ᠬᠠᠢᠷᠠᠯᠠᠵᠠᠢ᠃


QQ图片20210916100333.png

 

ᠳ᠋ᠠᠢ ᠶᠢᠩ ᠴᠢᠶᠠᠨ 10 ᠵᠢᠯ᠎ᠤᠨ ᠡᠮᠦᠨ᠎ᠡ ᠠᠩᠬ᠎ᠠ ᠡᠨᠡ ᠬᠦ᠌ ᠠᠵᠢᠯ᠎ᠤᠨ ᠪᠠᠢᠷᠢᠨ᠎ᠳᠤ ᠭᠠᠷᠤᠬ᠍ᠰᠠᠨ ᠦᠶ᠎ᠡ᠎ᠶ᠋ᠢᠨ ᠪᠠᠢᠲᠠᠯ᠎ᠢᠶᠠᠨ ᠲᠤᠲᠤᠷᠬᠠᠢ ᠴᠡᠭᠡᠵᠢᠯᠡᠵᠦ᠍ ᠪᠠᠢᠪᠠ᠄ ᠬᠠᠷᠢᠶ᠎ᠠ ᠤᠷᠤᠨ ᠶᠡᠭᠡ᠂ ᠰᠠᠭᠤᠭᠠᠯᠢ ᠠᠷᠠᠳ 6 ᠲᠦᠮᠡ ᠭᠠᠷᠤᠢ ᠬᠦᠮᠦᠨ᠂ 63 ᠰᠠᠭᠤᠭᠠᠯᠢ ᠠᠷᠠᠳ᠎ᠤᠨ ᠲᠤᠭᠤᠷᠢᠭ᠎ᠤᠨ ᠤᠯᠠᠩᠬᠢ᠎ᠨᠢ ᠬᠠᠭᠤᠴᠢᠨ ᠰᠠᠭᠤᠭᠠᠯᠢ ᠠᠷᠠᠳ᠎ᠤᠨ ᠲᠤᠭᠤᠷᠢᠭ ᠪᠠᠢᠵᠠᠢ᠃ ᠰᠠᠭᠤᠭᠠᠯᠢ ᠠᠷᠠᠳ᠎ᠤᠨ ᠲᠤᠭᠤᠷᠢᠭ᠎ᠲᠤ ᠠᠳᠠᠯ ᠠᠬᠤᠢ ᠦᠭᠡᠢ᠂ ᠰᠠᠭᠤᠷᠢ ᠲᠦᠭᠦᠭᠡᠷᠦᠮᠵᠢ ᠬᠤᠴᠤᠷᠤᠩᠭᠤᠢ᠂ ᠲᠤᠷ᠎ᠠ᠎ᠪᠠᠷ᠎ᠢᠶᠠᠨ ᠪᠠᠢᠭᠤᠯᠤᠬ᠍ᠰᠠᠨ ᠵᠦᠢᠯ ᠤᠯᠠᠨ᠂ ᠤᠷᠴᠢᠨ ᠲᠤᠭᠤᠷᠢᠨ᠎ᠤ ᠡᠷᠡᠭᠦᠯ ᠬᠠᠮᠠᠭᠠᠯᠠᠯ ᠠᠨᠠᠢ᠃ ᠬᠠᠷᠢᠶ᠎ᠠ ᠤᠷᠤᠨ᠎ᠤ ᠨᠡᠭᠦᠲᠡᠯ ᠬᠦᠮᠦᠨ ᠠᠮᠠ ᠤᠯᠠᠨ᠂ ᠬᠦᠴᠢᠷᠲᠡᠯ᠎ᠲᠠᠢ ᠰᠠᠭᠤᠭᠠᠯᠢ ᠠᠷᠠᠳ ᠤᠯᠠᠨ᠂ ᠨᠠᠰᠤᠵᠢᠯ᠎ᠤᠨ ᠬᠡᠮᠵᠢᠶ᠎ᠡ ᠬᠦᠨᠲᠦ ᠨᠤᠴᠢᠲᠠᠢ᠃ ᠤᠯᠠᠩᠬᠢ ᠰᠠᠭᠤᠭᠠᠯᠢ ᠠᠷᠠᠳ᠎ᠤᠨ ᠪᠠᠢᠭ᠎ᠠ ᠠᠵᠦ᠍ ᠠᠬᠤᠢ᠍ᠢᠯᠠᠯ᠎ᠨᠢ ᠪᠦᠷ ᠡᠭᠦᠲᠡ᠎ᠪᠠᠨ ᠬᠠᠭᠠᠪᠠ ᠁ 

《ᠬᠠᠷᠢᠶ᠎ᠠ ᠤᠷᠤᠨ᠎ᠳᠤ ᠤᠯᠠᠨ ᠨᠠᠮ᠎ᠤᠨ ᠬᠡᠱᠢᠭᠦᠨ᠎ᠲᠠᠢ᠂ ᠬᠠᠷᠢᠶ᠎ᠠ ᠤᠷᠤᠨ᠎ᠳᠤ ᠰᠠᠭᠤᠭ᠎ᠠ ᠨᠢᠭᠡᠴᠢ᠎ᠨᠢ ᠪᠦᠷ ᠨᠠᠮ᠎ᠤᠨ ᠵᠤᠬᠢᠶᠠᠨ ᠪᠠᠢᠭᠤᠯᠤᠯᠲᠠ᠎ᠲᠠᠢ᠂ ᠵᠦᠪᠬᠡᠨ ᠨᠠᠮ᠎ᠤᠨ ᠪᠠᠢᠭᠤᠯᠤᠯᠲᠠ᠎ᠶ᠋ᠢᠨ ᠬᠦᠲᠦᠯᠦᠨ ᠲᠠᠭᠠᠭᠤᠯᠬᠤ ᠦᠢᠯᠡᠲᠦᠯ᠎ᠢ ᠨᠡᠢᠳᠭᠡᠨ ᠱᠢᠯᠢᠲᠡᠭ᠌ᠵᠢᠭᠦᠯᠵᠦ᠍ ᠪᠠᠲᠠᠷᠠᠭᠤᠯᠪᠠᠯ ᠰᠠᠶᠢ ᠦᠨᠳᠦᠰᠦᠨ ᠱᠠᠲᠤᠨ᠎ᠤ ᠠᠵᠢᠯ᠎ᠢ ᠰᠠᠢᠲᠦᠷ ᠬᠢᠵᠦ᠍ ᠴᠢᠲᠠᠨ᠎ᠠ》 ᠬᠡᠵᠦ᠍ ᠳ᠋ᠠᠢ ᠶᠢᠩ ᠴᠢᠶᠠᠨ ᠬᠦᠨᠵᠡᠭᠡᠢ ᠪᠤᠳᠤᠯᠬᠢᠯᠠᠬ᠍ᠰᠠᠨ᠎ᠤ ᠲᠠᠷᠠᠭ᠎ᠠ ᠠᠵᠢᠯ᠎ᠤᠨ᠎ᠢᠶᠠᠨ ᠱᠢᠪᠲᠤᠯᠤᠯᠲᠠ᠎ᠶ᠋ᠢᠨ ᠴᠡᠭ᠎ᠢ ᠡᠷᠢᠵᠦ᠍ ᠤᠯᠤᠯ᠎ᠠ᠃ 

ᠲᠤᠰᠭᠠᠢ ᠰᠡᠲᠦᠪᠲᠦ ᠰᠤᠷᠤᠯᠴᠠᠯᠭ᠎ᠠ᠂ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠂ ᠮᠡᠲᠡᠯᠭᠡ᠎ᠶ᠋ᠢᠨ ᠤᠷᠤᠯᠳᠤᠭᠠᠨ ᠡᠷᠬᠢᠯᠡᠨ᠂ ᠲᠤᠲᠤᠭᠠᠲᠦ᠎ᠳᠠᠭᠠᠨ ᠬᠡᠷᠡᠭ᠌ᠯᠡᠬᠦ᠌ ᠰᠡᠳᠭᠦᠯ ᠬᠡᠪᠯᠡᠵᠦ᠍᠂ ᠳ᠋ᠠᠢ ᠶᠢᠩ ᠴᠢᠶᠠᠨ ᠨᠠᠮ᠎ᠤᠨ ᠬᠡᠱᠢᠭᠦᠨ᠎ᠤ ᠰᠤᠷᠤᠯᠴᠠᠯᠭ᠎ᠠ ᠪᠤᠯᠤᠨ ᠵᠤᠬᠢᠶᠠᠨ ᠪᠠᠢᠭᠤᠯᠤᠯᠲᠠ᠎ᠶ᠋ᠢᠨ ᠬᠦᠲᠦᠯᠦᠨ ᠵᠢᠯᠤᠭᠤᠳᠤᠯᠭ᠎ᠠ᠎ᠪᠠᠷ ᠲᠠᠮᠵᠢᠭᠤᠯᠤᠨ ᠬᠠᠷᠢᠶ᠎ᠠ ᠤᠷᠤᠨ᠎ᠤ ᠨᠠᠮ᠎ᠤᠨ ᠬᠡᠱᠢᠭᠦᠨ ᠺᠠᠳ᠋ᠷ᠎ᠤᠨ ᠬᠦᠰᠡᠯᠡᠩ ᠢᠲᠡᠭᠡᠯ ᠪᠢᠱᠢᠷᠡᠯ᠎ᠢ ᠪᠠᠲᠤᠳᠭᠠᠪᠠ᠃ 《ᠲᠦᠷᠪᠡ᠎ᠶ᠋ᠢ ᠬᠤᠯᠪᠤᠭᠠᠯᠠᠨ ᠬᠦᠲᠡᠯᠦᠯᠴᠡᠬᠦ᠌》 ᠰᠤᠷᠤᠯᠴᠠᠯᠭ᠎ᠠ᠎ᠶ᠋ᠢᠨ ᠵᠠᠬ᠍ᠪᠤᠷ᠎ᠢ ᠡᠭᠦᠲᠦᠨ ᠦᠷᠨᠢᠭᠦᠯᠵᠦ᠍᠂ ᠬᠠᠷᠢᠶ᠎ᠠ ᠤᠷᠤᠨ᠎ᠤ 2200 ᠭᠠᠷᠤᠢ ᠨᠠᠮ᠎ᠤᠨ ᠬᠡᠱᠢᠭᠦᠨ᠎ᠤ ᠰᠤᠷᠤᠯᠴᠠᠯᠭ᠎ᠠ ᠬᠦᠮᠦᠵᠢᠯ᠎ᠢ ᠬᠦᠨᠵᠡᠭᠡᠢᠷᠡᠭᠦᠯᠦᠨ ᠪᠤᠲᠠᠲᠠᠢᠵᠢᠭᠤᠯᠬᠤ᠎ᠶ᠋ᠢ ᠠᠬᠢᠭᠤᠯᠪᠠ᠃ ᠦᠨᠳᠦᠰᠦᠨ ᠱᠠᠲᠤᠨ᠎ᠤ ᠵᠤᠬᠢᠶᠠᠨ ᠪᠠᠢᠭᠤᠯᠤᠯᠲᠠ᠎ᠶ᠋ᠢᠨ ᠴᠤᠬ᠍ᠴᠠᠯᠠᠯᠲᠠ᠎ᠶ᠋ᠢᠨ ᠵᠤᠷᠱᠢᠯ ᠬᠤᠷᠠᠯ᠎ᠢᠶᠠᠷ ᠲᠤᠬᠢᠷᠠᠭᠤᠯᠬᠤ᠂ ᠪᠤᠯᠪᠠᠰᠤᠷᠠᠯ᠎ᠢ ᠵᠢᠭᠠᠨ ᠵᠢᠯᠤᠭᠤᠳᠭᠤ᠂ ᠱᠠᠯᠠᠪᠲᠠᠭᠤᠯᠤᠨ ᠪᠠᠢᠴᠠᠭᠠᠵᠦ᠍ ᠬᠠᠷᠢᠭᠤᠴᠠᠯᠭ᠎ᠠ ᠲᠤᠯᠭᠠᠬᠤ 《ᠭᠤᠷᠪᠠ᠎ᠶ᠋ᠢ ᠨᠢᠭᠡ ᠴᠤᠬ᠍ᠴᠠᠵᠢᠭᠤᠯᠬᠤ》 ᠬᠠᠷᠢᠭᠤᠴᠠᠯᠭ᠎ᠠ᠎ᠶ᠋ᠢ ᠨᠠᠢᠲᠠᠪᠤᠷᠢᠵᠢᠭᠤᠯᠬᠤ ᠱᠢᠰᠲ᠋ᠧᠮ᠎ᠢ ᠠᠬᠢᠭᠤᠯᠪᠠ᠃ ᠵᠡᠭᠡᠯᠢ ᠭᠤᠲᠤᠮᠵᠢ᠎ᠶ᠋ᠢᠨ ᠨᠠᠮ᠎ᠤᠨ ᠠᠵᠢᠯ᠎ᠤᠨ ᠬᠤᠷᠢᠶ᠎ᠠ᠎ᠪᠠᠷ ᠭᠤᠤᠯ ᠪᠤᠯᠭᠠᠵᠦ᠍᠂ 《ᠵᠤᠬᠢᠶᠠᠨ ᠪᠠᠢᠭᠤᠯᠤᠯᠲᠠ᠎ᠶ᠋ᠢᠨ ᠴᠤᠬ᠍ᠴᠠᠯᠠᠯᠲᠠ᠎ᠶ᠋ᠢᠨ ᠠᠭᠤᠰᠤᠯᠴᠠᠯ᠂ ᠨᠠᠮ᠎ᠤᠨ ᠬᠡᠱᠢᠭᠦᠨ᠎ᠤ ᠬᠠᠮᠢᠶᠠᠷᠤᠯᠲᠠ᠎ᠶ᠋ᠢᠨ ᠠᠭᠤᠰᠤᠯᠴᠠᠯ᠂ ᠨᠡᠢᠭᠡᠮ ᠲᠤᠭᠤᠷᠢᠭ᠎ᠤᠨ ᠵᠠᠰᠠᠯᠲᠠ᠎ᠶ᠋ᠢᠨ ᠠᠭᠤᠰᠤᠯᠴᠠᠯ᠂ ᠠᠷᠠᠳ᠎ᠤᠨ ᠠᠮᠢᠳᠤᠷᠠᠯ᠎ᠤᠨ ᠦᠢᠯᠡᠴᠢᠯᠡᠭᠡ᠎ᠶ᠋ᠢᠨ ᠠᠭᠤᠰᠤᠯᠴᠠᠯ》 ᠎ᠢᠶᠠᠷ ᠠᠳᠭᠤᠴᠠ ᠪᠤᠯᠭᠠᠬᠤ ᠤᠷᠤᠨ ᠪᠦᠰᠡ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠵᠠᠬ᠍ᠪᠤᠷ᠎ᠢ ᠡᠭᠦᠳᠴᠦ᠍᠂ ᠤᠷᠤᠨ ᠪᠦᠰᠡ᠎ᠶ᠋ᠢᠨ ᠪᠦᠯᠦᠭ᠌ᠯᠡᠯ᠎ᠤᠨ ᠨᠠᠮ᠎ᠤᠨ ᠠᠵᠢᠯ᠎ᠤᠨ ᠬᠤᠷᠢᠶ᠎ᠠ᠎ᠶ᠋ᠢᠨ ᠦᠢᠯᠡᠲᠦᠯ᠎ᠢ ᠦᠷᠭᠦᠯᠵᠢᠯᠡᠨ ᠲᠡᠭᠦᠯᠲᠡᠷᠵᠢᠭᠦᠯᠵᠦ᠍᠂ ᠵᠤᠬᠢᠶᠠᠨ ᠪᠠᠢᠭᠤᠯᠤᠯᠲᠠ ᠪᠦᠬᠦᠨ᠎ᠢ ᠪᠦᠷᠭᠦᠭ᠌ᠰᠡᠨ᠂ ᠠᠵᠢᠯ ᠤᠷᠤᠨ ᠪᠦᠰᠡᠴᠢᠯᠡᠭ᠌ᠰᠡᠨ᠂ ᠠᠵᠢᠯᠯᠠᠭ᠎ᠠ ᠨᠡᠭᠡᠭᠡᠯᠲᠡ᠎ᠲᠠᠢ ᠠᠵᠢᠯ᠎ᠤᠨ ᠪᠠᠢᠷᠢᠱᠢᠯ᠎ᠢ ᠪᠦᠷᠢᠯᠲᠦᠭᠦᠯᠪᠡ᠃ 68 ᠲᠤᠤᠷᠵᠢᠯ᠎ᠤᠨ ᠬᠦᠢᠴᠡᠳᠭᠡᠭ᠌ᠴᠢ ᠪᠠᠭ᠎ᠠ ᠲᠤᠭᠤᠢ᠍ᠢᠯᠠᠩ᠂ 20 ᠲᠤᠱᠢᠶᠠᠯ᠎ᠳᠤ ᠪᠠᠢᠭ᠎ᠠ ᠨᠠᠮ᠎ᠤᠨ ᠬᠡᠱᠢᠭᠦᠨ᠎ᠤ ᠨᠠᠮ᠎ᠤᠨ ᠡᠭᠦᠷ᠎ᠢ ᠪᠠᠢᠭᠤᠯᠵᠦ᠍᠂ 465 ᠠᠰᠠᠷ᠎ᠤᠨ ᠲᠠᠷᠤᠭ᠎ᠠ᠎ᠶ᠋ᠢ ᠰᠤᠩᠭᠤᠨ ᠤᠷᠢᠵᠦ᠍᠂ ᠲᠤᠤᠷᠵᠢᠭᠤᠯᠤᠬ᠍ᠰᠠᠨ ᠨᠠᠷᠢᠨ ᠬᠠᠮᠢᠶᠠᠷᠤᠯᠲᠠ᠎ᠶ᠋ᠢ ᠠᠬᠢᠭᠤᠯᠪᠠ᠃ 

ᠦᠨᠳᠦᠰᠦᠨ ᠱᠠᠲᠤᠨ᠎ᠤ ᠨᠠᠮ᠎ᠤᠨ ᠭᠡᠱᠢᠭᠦᠨ ᠺᠠᠳ᠋ᠷ ᠪᠣᠯᠤᠭ᠍ᠰᠠᠨ᠎ᠤ ᠬᠤᠪᠢ᠎ᠳᠤ᠂ ᠳ᠋ᠠᠢ ᠶᠢᠩ ᠴᠢᠶᠠᠨ ᠵᠦᠪᠬᠡᠨ ᠤᠯᠠᠨ ᠲᠦᠮᠡᠨ᠎ᠲᠠᠢ ᠦᠨᠡᠨ ᠬᠦ᠌ ᠠᠭᠤᠰᠤᠯᠴᠠᠵᠦ᠍ ᠴᠢᠳᠠᠪᠠᠯ ᠰᠠᠶᠢ ᠤᠯᠠᠨ ᠲᠦᠮᠡᠨ᠎ᠤ ᠢᠲᠡᠭᠡᠯ᠎ᠢ ᠣᠯᠵᠤ ᠴᠢᠳᠠᠨ᠎ᠠ ᠭᠡᠳᠡᠭ᠎ᠢ ᠬᠦᠨ ᠤᠬᠠᠭᠠᠷᠠᠬ᠍ᠰᠠᠨ ᠪᠠᠢᠨ᠎ᠠ᠃ 

ᠰᠠᠭᠤᠭᠠᠯᠢ ᠠᠷᠠᠳ᠎ᠲᠤ ᠱᠢᠭᠤᠳ ᠤᠤᠭᠤᠬᠤ ᠤᠰᠤ ᠬᠠᠩᠭᠠᠬᠤ᠎ᠶ᠋ᠢᠨ ᠲᠥᠯᠥᠭᠡ᠂ 2020 ᠣᠨ᠎ᠠᠴᠠ ᠡᠬᠢᠯᠡᠨ᠂ ᠲᠡᠷᠡ ᠤᠯᠠᠨ ᠤᠳᠠᠭ᠎ᠠ ᠠᠵᠢᠯᠲᠠᠳ᠎ᠢᠶᠠᠨ ᠵᠣᠬᠢᠶᠠᠨ ᠪᠠᠢᠭᠤᠯᠵᠤ ᠰᠠᠭᠤᠭᠠᠯᠢ ᠠᠷᠠᠳ᠎ᠤᠨ ᠭᠡᠷ᠎ᠲᠤ ᠬᠦᠷᠴᠦ᠍᠂ ᠬᠡᠷᠡᠭ᠌ᠴᠡᠭᠡ ᠱᠠᠭᠠᠷᠳᠠᠯᠭ᠎ᠠ᠂ ᠦᠨ᠎ᠡ ᠬᠠᠩᠰᠢ᠂ ᠤᠰᠤᠨ᠎ᠤ ᠰᠤᠷᠪᠤᠯᠵᠢ᠂ ᠤᠰᠤᠨ᠎ᠤ ᠦᠷᠳᠡᠭᠡ ᠵᠡᠷᠭᠡ ᠲᠦᠷᠪᠡᠨ ᠲᠠᠯ᠎ᠠ᠎ᠪᠠᠷ ᠪᠠᠢᠴᠠᠭᠠᠨ ᠰᠤᠳᠤᠯᠤᠯᠲᠠ ᠬᠢᠬᠦ᠌᠎ᠶ᠋ᠢᠨ ᠬᠠᠮᠳᠦ ᠤᠰᠤᠨ᠎ᠤ ᠶᠠᠪᠤᠳᠠᠯ᠎ᠤᠨ ᠺᠣᠮᠫᠠᠨᠢ᠎ᠨᠤᠭᠤᠳ᠎ᠲᠠᠢ ᠬᠠᠷᠢᠴᠠᠵᠦ᠍᠂ ᠡᠴᠦᠰ᠎ᠲᠡᠭᠡᠨ ᠴᠢᠩ ᠵᠢᠶᠠᠨ ᠰᠠᠭᠤᠭᠠᠯᠢ ᠠᠷᠠᠳ᠎ᠤᠨ ᠲᠣᠭᠤᠷᠢᠭ ᠵᠡᠷᠭᠡ 7 ᠰᠠᠭᠤᠭᠠᠯᠢ ᠠᠷᠠᠳ᠎ᠤᠨ ᠲᠣᠭᠤᠷᠢᠭ᠎ᠤᠨ 2700 ᠭᠠᠷᠤᠢ ᠰᠠᠭᠤᠭᠠᠯᠢ ᠠᠷᠠᠳ᠎ᠲᠤ ᠱᠢᠭᠤᠳ ᠤᠤᠭᠤᠬᠤ ᠤᠰᠤ ᠬᠠᠩᠭᠠᠵᠠᠢ᠃ ᠭᠡᠪᠡᠴᠦ᠍ ᠵᠧᠨ ᠬᠤᠸᠠ ᠨᠡᠢᠭᠡᠮ ᠲᠣᠭᠤᠷᠢᠭ᠎ᠤᠨ ᠢ ᠺᠠᠩ ᠶᠤᠸᠠᠨ ᠰᠠᠭᠤᠭᠠᠯᠢ ᠠᠷᠠᠳ᠎ᠤᠨ ᠲᠣᠭᠤᠷᠢᠭ᠂ ᠹᠦ᠋ ᠨᠠᠨ ᠲᠦᠩ ᠵᠢᠶᠠᠨ ᠠᠰᠠᠷ᠂ ᠮᠢᠨ ᠳ᠋ᠦᠩ ᠹᠦ᠋ ᠨᠠᠨ ᠰᠠᠭᠤᠭᠠᠯᠢ ᠠᠷᠠᠳ᠎ᠤᠨ ᠲᠣᠭᠤᠷᠢᠭ᠎ᠲᠤ ᠱᠢᠭᠤᠳ ᠤᠤᠭᠤᠬᠤ ᠤᠰᠤ ᠨᠡᠪᠲᠡᠷᠡᠭᠡ ᠦᠭᠡᠢ᠃ ᠳ᠋ᠠᠢ ᠶᠢᠩ ᠴᠢᠶᠠᠨ ᠤᠯᠠᠨ ᠤᠳᠠᠭ᠎ᠠ ᠬᠤᠯᠪᠣᠭ᠍ᠳᠠᠯ ᠪᠦᠬᠦᠢ ᠤᠰᠤᠨ᠎ᠤ ᠶᠠᠪᠤᠳᠠᠯ᠎ᠤᠨ ᠺᠣᠮᠫᠠᠨᠢ᠎ᠲᠠᠢ ᠨᠡᠪᠲᠡᠷᠡᠯᠴᠡᠨ ᠵᠥᠪᠳᠡᠯᠴᠡᠵᠦ᠍ ᠲᠤᠰ ᠠᠵᠢᠯ᠎ᠢ ᠬᠦᠴᠦᠯᠡᠨ ᠠᠬᠢᠭᠤᠯᠤᠬ᠍ᠰᠠᠨ᠎ᠢᠶᠠᠷ ᠡᠨᠡ ᠵᠢᠯ᠎ᠤᠨ 3 ᠰᠠᠷ᠎ᠠ᠎ᠳᠤ᠂ ᠡᠨᠡ 3 ᠰᠠᠭᠤᠭᠠᠯᠢ ᠠᠷᠠᠳ᠎ᠤᠨ ᠲᠣᠭᠤᠷᠢᠭ᠎ᠲᠤ ᠵᠠᠯᠭᠠᠭ᠎ᠠ᠎ᠪᠠᠷ ᠱᠢᠭᠤᠳ ᠤᠤᠭᠤᠬᠤ ᠤᠰᠤ ᠨᠡᠪᠲᠡᠷᠡᠵᠦ᠍᠂ 954 ᠡᠷᠦᠬᠡ ᠰᠠᠭᠤᠭᠠᠯᠢ ᠠᠷᠠᠳ᠎ᠲᠤ ᠲᠦᠬᠦᠮ ᠦᠵᠡᠬᠦᠯᠪᠡ᠃ 

ᠢᠳᠡᠵᠦ᠍ ᠡᠮᠦᠰᠭᠦ ᠶᠠᠪᠤᠵᠤ ᠰᠠᠭᠤᠬᠤ᠎ᠨᠢ ᠴᠥᠮ ᠠᠷᠠᠳ᠎ᠤᠨ ᠠᠮᠢᠳᠤᠷᠠᠯ᠎ᠲᠠᠢ ᠱᠢᠭᠤᠳ ᠬᠤᠯᠪᠣᠭ᠍ᠳᠠᠨ᠎ᠠ᠂ ᠳ᠋ᠠᠢ ᠶᠢᠩ ᠴᠢᠶᠠᠨ ᠨᠠᠮ᠎ᠤᠨ ᠭᠡᠱᠢᠭᠦᠨ ᠺᠠᠳ᠋ᠷ᠎ᠢ ᠳᠠᠭᠠᠭᠤᠯᠤᠨ ᠬᠦᠴᠢᠷ ᠠᠰᠠᠭᠤᠳᠠᠯ᠎ᠢ ᠨᠢᠭᠡᠳ ᠨᠢᠭᠡ᠎ᠪᠠᠷ ᠱᠢᠢᠳᠪᠦᠷᠢᠯᠡᠵᠦ᠍᠂ 867 ᠡᠷᠦᠬᠡ ᠳᠥᠭᠦᠮ ᠪᠦᠲᠦᠴᠡᠲᠦ ᠣᠷᠣᠨ ᠰᠠᠭᠤᠴᠠ᠎ᠶ᠋ᠢᠨ ᠲᠣᠭᠤᠷᠢᠭ᠎ᠤᠨ ᠨᠤᠷᠠᠭᠠᠵᠤ ᠨᠡᠭᠦᠯᠭᠡᠬᠦ᠌ ᠥᠭᠡᠷᠡᠴᠢᠯᠡᠯᠲᠡ᠎ᠶ᠋ᠢ ᠪᠡᠶᠡᠯᠡᠭᠦᠯᠵᠦ᠍᠂ 《ᠣᠯᠠᠨ ᠵᠢᠯ ᠲᠣᠭ᠍ᠲᠠᠭᠠᠯ᠎ᠠᠴᠠ ᠵᠥᠷᠢᠴᠡᠨ ᠪᠠᠢᠭᠤᠯᠤᠭ᠍ᠰᠠᠨ》 200 ᠭᠠᠷᠤᠶ ᠭᠠᠵᠠᠷ᠎ᠢ ᠨᠤᠷᠠᠭᠠᠵᠤ᠂ ᠬᠠᠷᠢᠶ᠎ᠠ ᠲᠤᠭᠤᠷᠢᠭ᠎ᠤᠨ ᠴᠣ᠌ ᠱᠢᠨ᠎ᠡ ᠳᠦᠷᠰᠦ ᠪᠠᠢᠳᠠᠯ᠎ᠢ ᠠᠪᠴᠢᠷᠠᠪᠠ; ᠬᠤᠭᠤᠰᠣᠨ ᠬᠠᠶᠠᠬ᠍ᠰᠠᠨ ᠬᠡᠷ ᠪᠠᠢᠱᠢᠩ᠎ᠢ ᠠᠱᠢᠬ᠍ᠯᠠᠨ 6 ᠵᠢᠵᠢᠭ ᠨᠣᠮ᠎ᠤᠨ ᠥᠷᠥᠭᠡ ᠪᠠᠢᠭᠤᠯᠪᠠ᠃ ᠵᠣᠬᠢᠴᠠᠭᠤᠯᠬᠤ᠎ᠪᠠᠷ ᠳᠠᠮᠵᠢᠭᠤᠯᠤᠨ᠂ ᠲᠣᠭᠤᠷᠢᠭ᠎ᠤᠨ ᠬᠤᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠣᠪᠴᠢᠶ᠎ᠠ ᠪᠠ ᠵᠠᠮ ᠬᠠᠷᠢᠯᠴᠠᠭᠠᠨ᠎ᠤ ᠪᠠᠩᠬᠢ᠎ᠠᠴᠠ ᠴᠢᠩ ᠶᠦᠨ ᠨᠡᠢᠭᠡᠮ ᠲᠣᠭᠤᠷᠢᠭ᠎ᠲᠠᠬᠢ ᠵᠠᠮ᠎ᠢ ᠵᠠᠰᠠᠨ ᠰᠡᠷᠭᠦᠭᠡᠵᠦ᠍᠂ ᠬᠤᠲᠠ᠎ᠶ᠋ᠢᠨ ᠱᠢᠲᠠᠮᠠᠬᠠᠶ ᠬᠡᠶ᠎ᠶ᠋ᠢᠨ ᠺᠣᠮᠫᠠᠨᠢ ᠱᠢᠨ᠎ᠡ ᠬᠡᠯᠪᠡᠷᠢ᠎ᠶ᠋ᠢᠨ ᠨᠡᠢᠭᠡᠮ ᠲᠣᠭᠤᠷᠢᠭ᠎ᠤᠨ ᠭᠠᠵᠠᠷ ᠳᠤᠤᠷᠠᠬᠢ 2400 ᠮᠧᠲᠷ ᠤᠷᠲᠦ ᠬᠤᠭᠤᠯᠠᠶ᠎ᠶ᠋ᠢᠨ ᠲᠤᠤᠷ᠎ᠢ ᠥᠭᠡᠷᠡᠴᠢᠯᠡᠨ ᠵᠠᠰᠠᠪᠠ᠃ 

ᠰᠠᠭᠤᠷᠢ ᠲᠥᠬᠦᠭᠡᠷᠦᠮᠵᠢ ᠰᠠᠢᠵᠢᠷᠠᠬ᠍ᠰᠠᠨ ᠴᠦ᠍ ᠠᠳᠠᠯ ᠠᠬᠤᠶ ᠳᠤᠲᠠᠭ᠍ᠳᠠᠭ᠍ᠰᠠᠨ ᠡᠨᠡ ᠬᠦ᠌ ᠬᠦᠴᠢᠷ ᠠᠰᠠᠭᠤᠳᠠᠯ᠎ᠤᠨ ᠡᠮᠦᠨ᠎ᠡ ᠳ᠋ᠠᠶ ᠶᠢᠩ ᠴᠢᠶᠠᠨ ᠳᠥᠷᠪᠡᠨ ᠵᠦᠢᠯ᠎ᠤᠨ ᠠᠳᠠᠯ ᠠᠬᠤᠶ᠎ᠶ᠋ᠢᠨ ᠬᠠᠮᠢᠶᠠᠷᠤᠯᠲᠠ᠎ᠶ᠋ᠢᠨ ᠵᠠᠭ᠍ᠪᠤᠷ᠎ᠢ ᠰᠦᠪᠡᠭ᠌ᠴᠢᠯᠡᠨ ᠠᠳᠠᠯ ᠠᠬᠤᠶ᠎ᠶ᠋ᠢᠨ ᠬᠠᠮᠢᠶᠠᠷᠤᠯᠲᠠ᠎ᠶ᠋ᠢ ᠠᠬᠢᠭᠤᠯᠵᠤ᠂ 0 ᠎ᠠᠴᠠ 38 ᠰᠠᠭᠤᠭᠠᠯᠢ ᠠᠷᠠᠳ᠎ᠤᠨ ᠲᠣᠭᠤᠷᠢᠭ᠎ᠤᠨ ᠠᠳᠠᠯ ᠠᠬᠤᠶ᠎ᠶ᠋ᠢᠨ ᠬᠠᠮᠢᠶᠠᠷᠤᠯᠲᠠ᠎ᠲᠠᠢ ᠪᠤᠯᠬᠤ᠎ᠶ᠋ᠢ ᠪᠡᠶᠡᠯᠡᠬᠦᠯᠪᠡ᠃ 《〈ᠲᠠᠪᠤ᠎ᠶ᠋ᠢ ᠨᠢᠭᠡ ᠴᠤᠭ᠍ᠴᠠᠵᠢᠭᠤᠯᠬᠤ〉 ᠠᠷᠠᠳᠴᠢᠯᠠᠯ᠎ᠢᠶᠠᠷ ᠵᠥᠪᠯᠡᠬᠦ᠌ ᠨᠡᠢᠭᠡᠮ ᠲᠣᠭᠤᠷᠢᠭ᠎ᠤᠨ ᠥᠪᠡᠰᠦᠪᠡᠨ ᠬᠠᠮᠢᠶᠠᠷᠬᠤ ᠠᠳᠠᠯ ᠠᠬᠤᠶ᠎ᠶ᠋ᠢᠨ ᠬᠠᠮᠢᠶᠠᠷᠤᠯᠲᠠ᠎ᠶ᠋ᠢᠨ ᠵᠠᠭ᠍ᠪᠤᠷ》 ᠎ᠤᠨ ᠵᠠᠰᠠᠯᠲᠠ᠎ᠶ᠋ᠢᠨ ᠲᠤᠷᠱᠢᠯᠭ᠎ᠠ᠎ᠶ᠋ᠢ 《ᠳᠤᠮᠳᠠᠳᠤ ᠤᠯᠤᠰ᠎ᠤᠨ ᠬᠤᠲᠠ᠎ᠶ᠋ᠢᠨ ᠨᠡᠢᠭᠡᠮ ᠲᠣᠭᠤᠷᠢᠭ᠎ᠤᠨ ᠵᠠᠰᠠᠯᠲᠠ᠎ᠶ᠋ᠢᠨ ᠬᠥᠬᠡ ᠭᠠᠳᠠᠷᠳᠤ ᠪᠢᠴᠢᠭ (2018)》 ᠎ᠲᠤ ᠨᠠᠢᠷᠠᠭᠤᠯᠤᠨ ᠣᠷᠣᠭᠤᠯᠪᠠ᠃ ᠡᠨᠡ᠎ᠨᠢ ᠥᠪᠡᠷᠲᠡᠭᠡᠨ ᠵᠠᠰᠠᠬᠤ ᠣᠷᠣᠨ᠎ᠤ ᠴᠣᠷ᠎ᠤᠨ ᠭᠠᠭ᠍ᠴᠠ ᠪᠥᠬᠦ᠌ ᠤᠯᠤᠰ᠎ᠤᠨ ᠠᠷᠪᠠᠨ ᠨᠡᠢᠲᠡᠯᠢᠭ ᠵᠢᠱ᠌ᠢᠶ᠎ᠡ᠎ᠪᠠᠷ ᠰᠣᠩᠭᠤᠭ᠍ᠳᠠᠭ᠍ᠰᠠᠨ ᠨᠡᠢᠭᠡᠮ ᠲᠣᠭᠤᠷᠢᠭ᠎ᠤᠨ ᠵᠠᠰᠠᠯᠲᠠ᠎ᠶ᠋ᠢᠨ ᠨᠡᠢᠲᠡᠯᠢᠭ ᠵᠢᠱ᠌ᠢᠶ᠎ᠡ ᠪᠣᠯᠤᠭ᠍ᠰᠠᠨ ᠪᠥᠭᠡᠳ 2019 ᠣᠨ᠎ᠳᠤ 《ᠳᠤᠮᠳᠠᠳᠤ ᠤᠯᠤᠰ᠎ᠤᠨ ᠬᠤᠲᠠ᠎ᠶ᠋ᠢᠨ ᠵᠠᠰᠠᠯᠲᠠ᠎ᠶ᠋ᠢᠨ ᠱᠢᠨ᠎ᠡ᠎ᠶ᠋ᠢ ᠡᠭᠦᠳᠦᠭ᠌ᠰᠡᠨ ᠱᠠᠩᠨᠠᠯ》 ᠎ᠢ ᠭᠥᠷᠳᠡᠪᠡ᠃ 

ᠨᠡᠢᠭᠡᠮ ᠲᠣᠭᠤᠷᠢᠭ᠎ᠤᠨ ᠬᠤᠪᠢᠷᠠᠯᠲᠠ᠎ᠠᠴᠠ ᠰᠠᠭᠤᠭᠠᠯᠢ ᠠᠷᠠᠳ᠎ᠤᠨ ᠬᠡᠪ ᠴᠢᠨᠠᠷ᠎ᠤᠨ ᠳᠡᠭᠡᠭ᠌ᠰᠢᠯᠡᠯᠲᠡ ᠪᠠ ᠨᠡᠢᠭᠡᠮ ᠲᠣᠭᠤᠷᠢᠭ᠎ᠤᠨ ᠠᠵᠢᠯ᠎ᠳᠠᠬᠢ ᠳᠡᠮᠵᠢᠯᠭᠡ᠎ᠶ᠋ᠢ ᠮᠡᠳᠡᠷᠡᠵᠡᠢ᠃ 《ᠠᠯᠲᠠᠨ ᠬᠤᠨᠳᠠᠭ᠎ᠠ ᠮᠥᠩᠭᠦᠨ ᠬᠤᠨᠳᠠᠭ᠎ᠠ᠎ᠨᠢ ᠠᠷᠠᠳ ᠣᠯᠠᠨ᠎ᠤ ᠮᠠᠭ᠍ᠲᠠᠭᠠᠯ ᠰᠠᠢᠱᠢᠶᠠᠯ᠎ᠢ ᠬᠦᠷᠬᠦ᠌ ᠦᠭᠡᠢ᠂ ᠬᠤᠭᠤᠯᠠᠢ᠎ᠪᠠᠨ ᠬᠠᠭᠠᠷᠠᠲᠠᠯ᠎ᠠ ᠬᠠᠰᠭᠢᠷᠤᠬ᠍ᠰᠠᠨ᠎ᠠᠴᠠ ᠪᠤᠲᠠᠲᠠᠢ ᠠᠵᠢᠯᠯᠠᠵᠤ ᠳᠠᠭᠤᠷᠢᠶᠠᠯ ᠦᠵᠡᠭᠦᠯᠦᠭ᠌ᠰᠡᠨ᠎ᠨᠢ ᠳᠡᠭᠡᠷ᠎ᠡ》 ᠭᠡᠳᠡᠭ ᠪᠤᠯ ᠳ᠋ᠠᠢ ᠶᠢᠩ ᠴᠢᠶᠠᠨ᠎ᠤ ᠪᠠᠷᠢᠮᠳᠠᠯᠠᠯ ᠮᠥᠨ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号