ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠤᠨ ᠬᠦᠰᠡᠯ ᠵᠡᠭᠦᠳᠦ᠎ᠳᠡᠭᠡᠨ ᠲᠡᠮᠡᠤᠯᠤᠨ ᠡᠷᠡᠮᠡᠬᠡᠢᠯᠡᠨ ᠤᠷᠤᠭ᠍ᠰᠢᠯᠠᠬᠤ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠠ — ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠪᠡᠶ᠎ᠡ᠎ᠶ᠋ᠢᠨ ᠲᠠᠮᠢᠷ᠎ᠤᠨ ᠦᠢᠯᠡᠰ᠎ᠤᠨ ᠬᠥᠭ᠌ᠵᠢᠯᠲᠡ᠎ᠶ᠋ᠢ ᠬᠠᠯᠠᠮᠵᠢᠯᠠᠭ᠍ᠰᠠᠨ ᠪᠣᠳᠠᠲᠤ ᠲᠡᠮᠳᠡᠭ᠌ᠯᠡᠯ
2021-09-16 09:00:02
ᠵᠣᠬᠢᠶᠠᠭ᠍ᠴᠢ᠄
ᠱᠢᠨᠬᠤᠸᠠ ᠬᠤᠷᠢᠶᠠᠨ᠎ᠤ ᠰᠤᠷᠪᠤᠯᠵᠢᠯᠠᠭ᠍ᠴᠢ ᠴᠦ᠋ ᠭᠦᠸᠧ ᠴᠢᠶᠠᠩ ᠵᠧᠩ ᠱᠢᠨ ᠸᠠᠩ ᠡᡁᠧᠩ ᡁᠢ
ᠣᠩᠱᠢᠭ᠍ᠰᠠᠨ ᠣᠳᠠᠭ᠎ᠠ᠄
★★★☆☆

9 ᠰᠧᠺᠦ᠋ᠨ᠋ᠳ᠋ 83᠂ ᠰᠤ᠌ ᠪᠢᠩ ᠲᠢᠶᠠᠨ ᠲᠣᠣᠺᠢᠣ᠋᠎ᠶ᠋ᠢᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠡᠷᠡᠭ᠌ᠲᠡᠶ᠎ᠶ᠋ᠢᠨ ᠵᠠᠭᠤᠨ ᠮᠧᠲᠷ᠎ᠤᠨ ᠤᠷᠤᠯᠳᠤᠭᠠᠨ᠎ᠳᠤ ᠬᠥᠮᠦᠨ᠎ᠢ ᠰᠣᠴᠢᠭᠠᠮ᠎ᠠ ᠠᠮᠵᠢᠯᠲᠠ ᠣᠯᠵᠤ᠂ ᠳᠤᠮᠳᠠᠳᠤ ᠤᠯᠤᠰ ᠴᠢᠨᠠᠭ᠍ᠰᠢᠯᠠᠪᠠᠯ ᠠᠽᠢᠶ᠎ᠠ ᠲᠢᠪ᠎ᠤᠨ ᠦᠢᠷ᠎ᠡ ᠭᠦᠶᠦᠯᠲᠡ᠎ᠳᠤ ᠱᠢᠨ᠎ᠡ ᠥᠷᠯᠥᠭ ᠬᠥᠱᠢᠶ᠎ᠡ ᠪᠣᠰᠭᠠᠵᠠᠢ᠃ ᠨᠢᠭᠡ ᠰᠠᠷ᠎ᠠ᠎ᠶ᠋ᠢᠨ ᠡᠮᠦᠨᠡᠬᠢ ᠬᠥᠮᠦᠰ᠎ᠤᠨ ᠰᠡᠳᠭᠢᠯ᠎ᠢ ᠬᠥᠳᠡᠯᠭᠡᠮ᠎ᠡ ᠲᠡᠷᠡ ᠮᠥᠴᠡ᠎ᠶ᠋ᠢ ᠡᠷᠭᠢᠴᠡᠭᠦᠯᠬᠦ᠌᠎ᠳᠡᠭᠡᠨ᠂ 32 ᠨᠠᠰᠤᠲᠠᠢ ᠰᠤ᠌ ᠪᠢᠩ ᠲᠢᠶᠠᠨ᠄ 《ᠪᠢ ᠯᠠᠪᠲᠠᠢ (ᠳᠡᠭᠡᠭ᠌ᠰᠢᠯᠡᠬᠦ᠌) ᠣᠷᠣᠨ ᠵᠠᠢ ᠪᠠᠢᠨ᠎ᠠ ᠭᠡᠵᠦ᠍ ᠪᠠᠲᠤᠲᠠᠢ ᠬᠡᠯᠡᠵᠦ᠍ ᠴᠢᠳᠠᠨ᠎ᠠ᠃ ᠪᠦᠷ ᠠᠽᠢᠶ᠎ᠠ ᠳᠢᠪ᠎ᠤᠨ ᠬᠥᠮᠦᠨ᠎ᠤ ᠬᠢᠵᠠᠭᠠᠷ ᠬᠡᠮᠵᠢᠶ᠎ᠡ ᠭᠡᠳᠡᠭ᠂ ᠮᠢᠨᠦ᠍ ᠦᠵᠡᠬᠦ᠌᠎ᠪᠠᠷ ᠶᠠᠮᠠᠷ ᠴᠤ᠌ ᠬᠢᠵᠠᠭᠠᠷ ᠬᠡᠮᠵᠢᠶ᠎ᠡ ᠬᠡᠵᠥ᠍ ᠦᠭᠡᠢ》 ᠬᠡᠪᠡ᠃

ᠰᠤ᠌ ᠪᠢᠩ ᠲᠢᠶᠠᠨ᠎ᠤ ᠠᠮᠵᠢᠯᠲᠠ ᠪᠠ ᠢᠲᠡᠭᠡᠯ᠎ᠨᠢ ᠲᠡᠭᠦᠨ᠎ᠤ ᠠᠷᠤ᠎ᠳᠠᠬᠢ ᠬᠦᠴᠦᠷᠬᠡᠭ ᠶᠡᠭᠡ ᠡᠬᠡ ᠤᠯᠤᠰ᠎ᠠᠴᠠ ᠢᠷᠡᠯᠲᠡ᠎ᠲᠠᠢ ᠶᠤᠮ᠃ ᠲᠣᠣᠺᠢᠣ᠋᠎ᠶ᠋ᠢᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠳᠡᠭᠡᠷ᠎ᠡ᠂ ᠳᠤᠮᠳᠠᠳᠤ ᠤᠯᠤᠰ᠎ᠤᠨ ᠲᠠᠮᠢᠷᠴᠢᠳ ᠡᠭᠦᠷᠭᠡ ᠡᠭᠦᠷᠭᠡᠯᠡᠵᠦ᠍᠂ ᠴᠢᠷᠮᠠᠢᠨ ᠲᠡᠮᠡᠴᠡᠬᠦ᠌ ᠵᠣᠷᠢᠭ ᠰᠠᠨᠠᠭ᠎ᠠ᠎ᠪᠠᠷ᠂ ᠨᠤᠭᠤᠷᠠᠰᠢ ᠦᠭᠡᠢ ᠲᠡᠮᠡᠴᠡᠬᠦ᠂ ᠲᠡᠷᠢᠭᠦᠨ᠎ᠳᠤ ᠣᠷᠣᠬᠤ᠎ᠪᠠᠷ ᠡᠷᠡᠯᠬᠡᠭ᠌ᠯᠡᠨ ᠲᠡᠮᠡᠴᠡᠬᠦ᠌ ᠱᠢᠯᠢᠳᠡᠭ ᠤᠯᠠᠮᠵᠢᠯᠠᠯ᠎ᠢᠶᠠᠨ ᠪᠠᠳᠠᠷᠠᠭᠤᠯᠵᠤ᠂ ᠡᠬᠡ ᠤᠯᠤᠰ᠎ᠲᠠᠭᠠᠨ ᠢᠷᠠᠭᠤ ᠠᠯᠳᠠᠷ ᠣᠯᠭᠤᠵᠤ᠂ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠳᠤ ᠭᠡᠷᠡᠯ ᠭᠢᠯᠪᠠᠭ᠎ᠠ ᠨᠡᠮᠡᠷᠢᠯᠡᠵᠦ᠍᠂ ᠭᠠᠷᠮᠠᠭᠠᠶ ᠠᠮᠵᠢᠯᠲᠠ ᠣᠯᠤᠭ᠍ᠰᠠᠨ ᠪᠠᠢᠨ᠎ᠠ᠃


1127865545_16317142203141n.jpg

1127865545_16317142204011n.jpg


ᠤᠷᠤᠯᠳᠤᠭᠠᠨ᠎ᠤ ᠲᠠᠯᠠᠪᠤᠷ᠎ᠲᠠᠬᠢ ᠱᠢᠯᠢᠳᠡᠭ ᠢᠯᠡᠷᠡᠯ ᠪᠣᠯ ᠳᠤᠮᠳᠠᠳᠤ ᠤᠯᠤᠰ᠎ᠤᠨ ᠪᠡᠶ᠎ᠡ᠎ᠶ᠋ᠢᠨ ᠲᠠᠮᠢᠷ᠎ᠤᠨ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢᠨ ᠬᠤᠷᠢᠶᠠᠩᠭᠤᠢ ᠳᠦᠷᠰᠤ ᠪᠣᠯᠤᠨ᠎ᠠ᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠶᠡᠷᠦᠩᠬᠡᠢ ᠱᠦᠵᠢ ᠰᠢ᠎ᠶ᠋ᠢᠨ ᠫᠢᠩ ᠪᠡᠶ᠎ᠡ᠎ᠪᠠᠷ᠎ᠢᠶᠠᠨ ᠲᠥᠯᠥᠪᠵᠢᠭᠦᠯᠵᠦ᠍᠂ ᠪᠡᠶ᠎ᠡ᠎ᠪᠠᠷ᠎ᠢᠶᠠᠨ ᠠᠬᠢᠭᠤᠯᠵᠤ᠂ ᠳᠤᠮᠳᠠᠳᠤ ᠤᠯᠤᠰ᠎ᠤᠨ ᠪᠡᠶ᠎ᠡ᠎ᠶ᠋ᠢᠨ ᠲᠠᠮᠢᠷ᠎ᠤᠨ ᠦᠢᠯᠡᠰ᠎ᠤᠨ ᠬᠥᠭ᠌ᠵᠢᠯᠲᠡ᠎ᠶ᠋ᠢᠨ ᠴᠢᠭ᠌ᠯᠡᠯ᠎ᠢ ᠲᠣᠳᠣᠷᠬᠠᠢ ᠵᠢᠭᠠᠵᠤ᠂ ᠠᠤᠭ᠎ᠠ ᠲᠥᠰᠤᠪ᠎ᠢ ᠵᠢᠷᠤᠭ᠍ᠯᠠᠵᠤ ᠦᠭ᠌ᠴᠠᠢ᠃

《ᠪᠡᠶ᠎ᠡ᠎ᠶ᠋ᠢᠨ ᠲᠠᠮᠢᠷ ᠪᠣᠯ ᠠᠷᠠᠳ ᠲᠦᠮᠡᠨ᠎ᠤ ᠡᠷᠡᠭᠦᠯ ᠮᠡᠨᠳᠦ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ ᠴᠢᠬᠤᠯᠠ ᠠᠷᠭ᠎ᠠ ᠵᠠᠮ ᠮᠥᠨ᠂ ᠠᠷᠠᠳ ᠣᠯᠠᠨ᠎ᠤ ᠰᠠᠢᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠬᠠᠩᠭᠠᠬᠤ᠂ ᠬᠥᠮᠦᠨ᠎ᠤ ᠪᠥᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠴᠢᠬᠤᠯᠠ ᠠᠷᠭ᠎ᠠ ᠪᠠᠷᠢᠯ ᠮᠥᠨ᠂ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠠᠬᠢᠭᠤᠯᠬᠤ ᠴᠢᠬᠤᠯᠠ ᠬᠥᠳᠡᠯᠭᠡᠬᠦ᠌ ᠬᠦᠴᠦᠨ ᠮᠥᠨ᠂ ᠤᠯᠤᠰ᠎ᠤᠨ ᠰᠣᠶᠣᠯ᠎ᠤᠨ ᠵᠥᠭᠡᠯᠡᠨ ᠪᠣᠳᠠᠲᠤ ᠬᠦᠴᠦᠨ᠎ᠢ ᠢᠯᠡᠷᠡᠭᠦᠯᠬᠦ᠌ ᠴᠢᠬᠤᠯᠠ ᠲᠠᠪᠴᠠᠩ ᠮᠥᠨ》᠃


1127865545_16317142204461n.jpg

1127865545_16317142204931n.jpg


1917 ᠣᠨ᠎ᠳᠤ ᠮᠠᠤ ᠽᠧ ᠳ᠋ᠦᠩ ᠨᠥᠬᠦᠷ 《ᠪᠣᠯᠪᠠᠰᠤᠨ ᠰᠤᠷᠲᠠᠯ᠎ᠢ ᠡᠷᠬᠢᠮᠯᠡᠬᠦ᠌᠎ᠳᠤ ᠡᠷᠡᠬᠦᠯ ᠴᠢᠬᠢᠷᠠᠬ ᠪᠡᠶ᠎ᠡ ᠮᠠᠬᠠᠪᠤᠳ᠎ᠢᠶᠠᠷ ᠤᠷᠢᠳᠠᠯ ᠪᠤᠯᠭᠠᠬᠤ ᠬᠡᠷᠡᠭ᠌ᠳᠡᠢ》 ᠭᠡᠵᠦ᠍ ᠤᠷᠠᠢ ᠬᠠᠰᠭᠢᠷᠤᠭ᠍ᠰᠠᠨ᠎ᠠᠴᠠ ᠠᠪᠤᠭᠠᠳ ᠣᠳᠣ ᠪᠣᠯᠲᠠᠯ᠎ᠠ᠂ ᠪᠡᠶ᠎ᠡ᠎ᠶ᠋ᠢᠨ ᠲᠠᠮᠢᠷ᠎ᠤᠨ ᠠᠭᠤᠯᠤᠭ᠍ᠳᠠᠬᠤᠨ ᠪᠠ ᠬᠡᠪᠴᠢᠶ᠎ᠠ ᠶᠡᠷᠦ᠎ᠨᠢ ᠡᠢᠮᠦ᠍ ᠪᠠᠶᠠᠯᠢᠭ ᠪᠥᠭᠡᠳ ᠲᠣᠳᠣᠷᠬᠠᠶ ᠪᠢᠰᠢ ᠪᠠᠢᠪᠠ᠃ ᠪᠡᠶ᠎ᠡ᠎ᠶ᠋ᠢᠨ ᠲᠠᠮᠢᠷ᠎ᠨᠢ ᠤᠯᠤᠰ ᠣᠷᠣᠨ᠎ᠤ ᠬᠦᠴᠦᠷᠬᠡᠭ᠌ᠵᠢᠯ᠂ ᠦᠨᠳᠦᠰᠤᠲᠡᠨ᠎ᠤ ᠰᠡᠷᠭᠦᠨ ᠮᠠᠨᠳᠤᠯᠲᠠ᠎ᠶ᠋ᠢᠨ ᠬᠦᠰᠡᠯ ᠵᠡᠭᠦᠳᠦ᠎ᠶ᠋ᠢ ᠠᠴᠢᠶᠠᠯᠠᠵᠤ ᠪᠠᠢᠳᠠᠭ᠃ 《ᠬᠤᠤᠰ ᠵᠠᠭᠤᠨ ᠵᠢᠯ》 ᠎ᠤᠨ ᠲᠡᠮᠡᠴᠡᠬᠦ᠌ ᠬᠠᠷᠠᠯᠲᠠ᠎ᠶ᠋ᠢᠨ ᠠᠭᠤᠯᠵᠠᠷ᠎ᠤᠨ ᠲᠡᠦᠬᠡᠨ ᠣᠷᠣᠨ ᠪᠠᠢᠷᠢ᠎ᠳᠤ ᠵᠣᠭ᠍ᠰᠣᠵᠤ᠂ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠢ ᠪᠥᠲᠥᠭᠡᠨ ᠪᠠᠢᠭᠤᠯᠬᠤ ᠬᠠᠷᠠᠯᠲᠠ᠎ᠨᠢ ᠪᠡᠶ᠎ᠡ᠎ᠶ᠋ᠢᠨ ᠲᠠᠮᠢᠷ᠎ᠤᠨ ᠱᠢᠨ᠎ᠡ ᠴᠠᠭ ᠦᠶ᠎ᠡ᠎ᠳᠠᠬᠢ ᠴᠣ᠌ ᠱᠢᠨ᠎ᠡ ᠪᠠᠢᠷᠢ ᠲᠣᠭ᠍ᠲᠠᠭᠠᠯᠲᠠ᠎ᠶ᠋ᠢ ᠲᠣᠳᠣᠷᠬᠠᠢᠯᠠᠵᠤ᠂ ᠬᠦᠰᠡᠯ ᠵᠡᠭᠦᠳᠦ᠎ᠪᠠᠨ ᠬᠥᠭᠡᠭᠡᠴᠡᠯᠳᠦᠨ ᠡᠷᠡᠮᠡᠬᠡᠢᠯᠡᠨ ᠤᠷᠤᠭ᠍ᠰᠢᠯᠠᠬᠤ ᠱᠢᠨ᠎ᠡ ᠬᠠᠭᠤᠳᠠᠰᠤ᠎ᠶ᠋ᠢ ᠪᠢᠴᠢᠭ᠌ᠯᠡᠵᠦ᠍ ᠪᠠᠢᠨ᠎ᠠ᠃

 

ᠡᠭᠦᠷᠭᠡ ᠬᠠᠷᠢᠭᠤᠴᠠᠯᠭ᠎ᠠ᠎ᠪᠠᠨ ᠡᠬᠦᠷᠬᠡᠯᠡᠵᠥ᠍ ᠡᠷᠡᠮᠡᠬᠡᠢᠯᠡᠨ ᠳᠡᠮᠡᠴᠡᠨ᠎ᠡ


ᠲᠣᠣᠺᠢᠣ᠋᠎ᠶ᠋ᠢᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠳᠡᠭᠡᠷ᠎ᠡ᠂ ᠳᠤᠮᠳᠠᠳᠤ ᠤᠯᠤᠰ᠎ᠤᠨ ᠪᠡᠶ᠎ᠡ᠎ᠶ᠋ᠢᠨ ᠲᠠᠮᠢᠷ᠎ᠤᠨ ᠲᠥᠯᠥᠭᠡᠯᠡᠭ᠌ᠴᠢᠳ᠎ᠤᠨ ᠪᠦᠯᠬᠦᠮ ᠨᠡᠢᠲᠡ 38 ᠠᠯᠲᠠᠨ ᠮᠧᠳᠠᠯ 32 ᠮᠥᠩᠭᠦᠨ ᠮᠧᠳᠠᠯ 18 ᠬᠦᠷᠡᠯ ᠮᠧᠳᠠᠯ ᠨᠡᠢᠲᠡ 88 ᠱᠠᠩᠨᠠᠯ᠎ᠤᠨ ᠮᠧᠳᠠᠯ ᠣᠯᠵᠤ᠂ ᠠᠯᠲᠠᠨ ᠮᠧᠳᠠᠯ᠎ᠤᠨ ᠲᠤᠭ᠎ᠠ᠂ ᠱᠠᠩᠨᠠᠯ᠎ᠤᠨ ᠮᠧᠳᠠᠯ᠎ᠤᠨ ᠲᠤᠭ᠎ᠠ᠎ᠨᠢ ᠴᠥᠮ ᠬᠤᠶᠠᠳᠤᠭᠠᠷ᠎ᠲᠤ ᠣᠷᠣᠵᠤ᠂ ᠠᠯᠲᠠᠨ ᠮᠧᠳᠠᠯ᠎ᠤᠨ ᠲᠤᠭ᠎ᠠ᠎ᠨᠢ ᠯᠣᠨᠳᠣᠨ᠎ᠤ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠣᠯᠤᠭ᠍ᠰᠠᠨ ᠬᠢᠯᠢ᠎ᠶ᠋ᠢᠨ ᠭᠠᠳᠠᠨᠠᠬᠢ ᠤᠷᠤᠯᠳᠤᠭᠠᠨ᠎ᠳᠤ ᠣᠷᠣᠯᠴᠠᠭ᠍ᠰᠠᠨ ᠬᠠᠮᠤᠭ᠎ᠤᠨ ᠰᠠᠢᠨ ᠬᠢᠷᠢ ᠪᠦᠲᠦᠮᠵᠢ᠎ᠳᠤ ᠬᠦᠷᠴᠤ᠌ ᠴᠢᠳᠠᠬ᠍ᠰᠠᠨ ᠪᠠᠢᠨ᠎ᠠ᠃


1127865545_16317142205251n.jpg

1127865545_16317142205661n.jpg


ᠪᠡᠯᠡᠳᠭᠡᠯ᠎ᠲᠠᠢ ᠪᠤᠯ ᠪᠠᠯᠢᠳᠠᠬᠤ ᠦᠭᠡᠢ ᠭᠡᠳᠡᠭ᠃ ᠱᠢᠨ᠎ᠡ ᠲᠢᠲᠢᠮᠯᠢᠭ ᠠᠭᠤᠰᠭᠢᠨ ᠦᠷᠪᠢᠰᠤᠯ᠎ᠤᠨ ᠬᠢᠵᠢᠭ᠎ᠤᠨ ᠨᠥᠯᠥᠭᠡ᠎ᠠᠴᠠ ᠪᠣᠯᠵᠣ᠂ ᠲᠣᠣᠺᠢᠣ᠋᠎ᠶ᠋ᠢᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠦᠶᠡᠯᠡᠯ 5 ᠵᠢᠯ ᠦᠷᠭᠦᠯᠵᠢᠯᠡᠵᠦ᠍᠂ ᠬᠤᠪᠢᠷᠠᠯᠲᠠ ᠪᠠ ᠥᠷᠢᠰᠥᠯᠳᠦᠭᠡᠨ᠎ᠢᠶᠠᠷ ᠳᠦᠭᠦᠷᠦᠭ᠌ᠰᠡᠨ ᠪᠠᠢᠨ᠎ᠠ᠃ ᠶᠡᠷᠦᠩᠬᠡᠶ ᠱᠦᠵᠢ ᠰᠢ᠎ᠶ᠋ᠢᠨ ᠫᠢᠩ 2020 ᠣᠨ᠎ᠤ 9 ᠰᠠᠷ᠎ᠠ᠎ᠶ᠋ᠢᠨ 22 ᠎ᠤᠨ ᠡᠳᠦᠷ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ ᠪᠡᠶ᠎ᠡ᠎ᠶ᠋ᠢᠨ ᠲᠠᠮᠢᠷ᠎ᠤᠨ ᠬᠦᠷᠢᠶᠡᠨ᠎ᠳᠠᠬᠢ ᠲᠤᠰᠭᠠᠶ ᠮᠡᠷᠭᠡᠵᠢᠯᠲᠡᠨ ᠪᠠ ᠲᠥᠯᠥᠭᠡᠯᠡᠭ᠌ᠴᠢᠳ᠎ᠤᠨ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠬᠤ᠎ᠳᠠᠭᠠᠨ᠄ 《ᠱᠢᠨ᠎ᠡ ᠲᠢᠲᠢᠮᠯᠢᠭ ᠠᠭᠤᠰᠭᠢᠨ ᠦᠷᠪᠢᠰᠤᠯ᠎ᠤᠨ ᠬᠢᠵᠢᠭ᠎ᠤᠨ ᠪᠠᠢᠳᠠᠯ᠎ᠠᠴᠠ ᠪᠣᠯᠤᠭ᠍ᠰᠠᠨ ᠨᠥᠯᠥᠭᠡ᠎ᠶ᠋ᠢ ᠲᠣᠬᠢᠲᠠᠶ ᠠᠷᠭᠠᠴᠠᠭᠠᠵᠤ᠂ ᠲᠣᠣᠺᠢᠣ᠋᠎ᠶ᠋ᠢᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠪᠠ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠡᠯ᠎ᠡ ᠵᠦᠢᠯ᠎ᠤᠨ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠬᠢᠵᠦ᠍᠂ ᠮᠠᠨ᠎ᠤ ᠤᠯᠤᠰ᠎ᠤᠨ ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠤᠨ ᠤᠯᠤᠰ ᠳᠠᠶᠠᠭᠠᠷᠴᠢᠯᠠᠬ᠍ᠰᠠᠨ ᠪᠠᠢᠭᠤᠯᠤᠯ᠎ᠤᠨ ᠳᠠᠪᠠᠭᠤᠯᠢᠭ᠎ᠢ ᠪᠠᠳᠠᠷᠠᠭᠤᠯᠵᠤ᠂ ᠪᠥᠬᠦ᠌ ᠤᠯᠤᠰ᠎ᠢᠶᠠᠷ᠎ᠢᠶᠠᠨ ᠨᠢᠭᠡ ᠬᠥᠯᠭᠡ ᠱᠢᠲᠠᠷ᠎ᠠ ᠪᠣᠯᠬᠤ ᠦᠵᠡᠯ ᠰᠠᠨᠠᠭ᠎ᠠ᠎ᠶ᠋ᠢ ᠪᠠᠲᠤ ᠪᠣᠶ ᠪᠣᠯᠭᠠᠵᠤ᠂ ᠲᠣᠣᠺᠢᠣ᠋᠎ᠶ᠋ᠢᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠣᠷᠣᠯᠴᠠᠬᠤ ᠪᠡᠯᠡᠳᠭᠡᠯ ᠠᠵᠢᠯ᠎ᠢ ᠪᠥᠬᠦ᠌ ᠬᠦᠴᠦᠨ᠎ᠢᠶᠠᠷ᠎ᠢᠶᠠᠨ ᠰᠠᠢᠲᠤᠷ ᠬᠢᠬᠦ᠌ ᠬᠡᠷᠡᠭ᠌ᠲᠡᠶ》 ᠬᠡᠵᠥ᠍ ᠴᠢᠬᠤᠯᠠᠴᠢᠯᠠᠪᠠ᠃

ᠶᠡᠷᠦᠩᠬᠡᠶ ᠱᠦᠵᠢ ᠰᠢ᠎ᠶ᠋ᠢᠨ ᠫᠢᠩ ᠪᠠᠰᠠ᠂ ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠤᠨ ᠴᠢᠳᠠᠪᠤᠷᠢᠲᠠᠨ᠎ᠢ ᠬᠥᠮᠦᠵᠢᠭᠦᠯᠬᠦ᠂ ᠱᠢᠯᠢᠨ ᠰᠣᠩᠭᠤᠬᠤ᠂ ᠤᠷᠮᠠᠱᠢᠭᠤᠯᠤᠨ ᠪᠠᠲᠤᠯᠠᠬᠤ ᠲᠣᠭ᠍ᠲᠠᠴᠠ ᠪᠠ ᠤᠯᠤᠰ᠎ᠤᠨ ᠠᠩᠭᠢ᠎ᠶ᠋ᠢᠨ ᠬᠠᠮᠢᠶᠠᠷᠤᠯᠲᠠ᠎ᠶ᠋ᠢᠨ ᠪᠠᠢᠭᠤᠯᠤᠮᠵᠢ᠎ᠶ᠋ᠢᠨ ᠲᠠᠯ᠎ᠠ᠎ᠪᠠᠷ ᠱᠢᠨ᠎ᠡ᠎ᠶ᠋ᠢ ᠡᠭᠦᠳᠬᠦ᠌ ᠬᠡᠷᠡᠭ᠌ᠲᠡᠶ ᠬᠡᠵᠥ᠍ ᠵᠢᠭᠠᠵᠥ᠍ ᠭᠠᠷᠭᠠᠪᠠ᠃

ᠰᠡᠳᠭᠢᠯ ᠨᠢᠭᠡᠳᠪᠡᠯ ᠲᠠᠢᠱᠠᠨ ᠠᠭᠤᠯᠠ᠎ᠶ᠋ᠢ ᠨᠡᠭᠦᠯᠭᠡᠵᠥ᠍ ᠴᠢᠳᠠᠮᠤᠢ᠃ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠨᠢᠭᠡ ᠵᠢᠯ ᠬᠤᠢᠱᠢᠯᠠᠭᠤᠯᠤᠭ᠍ᠰᠠᠨ᠂ ᠬᠢᠵᠢᠭ᠎ᠤᠨ ᠪᠠᠢᠳᠠᠯ᠎ᠤᠨ ᠲᠣᠭ᠍ᠲᠠᠪᠤᠷᠢ ᠥᠬᠡᠶ ᠴᠢᠨᠠᠷ᠂ ᠣᠷᠳᠣ ᠬᠤᠭᠤᠴᠠᠭᠠᠨ᠎ᠤ ᠪᠢᠲᠡᠭᠦᠮᠵᠢᠯᠡᠭ᠌ᠰᠡᠨ ᠪᠣᠯᠪᠠᠰᠤᠷᠠᠯ᠂ ᠤᠷᠤᠯᠳᠤᠭᠠᠨ᠎ᠤ ᠱᠢᠯᠭᠠᠯᠲᠠ ᠳᠤᠲᠠᠭ᠍ᠳᠠᠬ᠍ᠰᠠᠨ ᠵᠡᠷᠭᠡ ᠵᠦᠢᠯ ᠵᠦᠢᠯ᠎ᠤᠨ ᠠᠱᠢᠭ ᠥᠬᠡᠶ ᠬᠦᠴᠦᠨ ᠵᠦᠢᠯ᠎ᠤᠨ ᠡᠮᠦᠨ᠎ᠡ᠂ ᠳᠤᠮᠳᠠᠳᠤ ᠤᠯᠤᠰ᠎ᠤᠨ ᠲᠠᠮᠢᠷᠴᠢᠳ ᠶᠡᠷᠦᠩᠬᠡᠶ ᠱᠦᠵᠢ᠎ᠶ᠋ᠢᠨ ᠵᠢᠭᠠᠪᠤᠷᠢ᠎ᠶ᠋ᠢ ᠪᠠᠲᠤ ᠴᠡᠭᠡᠵᠢᠯᠡᠵᠦ᠍᠂ ᠡᠯ᠎ᠡ ᠭᠠᠵᠠᠷ ᠡᠯ᠎ᠡ ᠠᠵᠢᠯ ᠲᠥᠷᠥᠯ᠎ᠤᠨ ᠳᠡᠮᠵᠢᠯᠭᠡ ᠪᠠ ᠬᠠᠪᠰᠤᠷᠤᠯᠭ᠎ᠠ ᠳᠤᠤᠷ᠎ᠠ᠂ ᠦᠵᠡᠯ ᠰᠠᠨᠠᠭᠠᠨ᠎ᠤ ᠪᠠᠢᠭᠤᠯᠤᠯᠲᠠ᠎ᠶ᠋ᠢ ᠴᠢᠩᠭᠠᠳᠭᠠᠬᠤ᠂ ᠲᠡᠢᠨ᠎ᠳᠤ ᠪᠡᠯᠡᠳᠭᠡᠬᠦ᠌ ᠪᠠᠢᠭᠤᠯᠤᠮᠵᠢ ᠲᠣᠭ᠍ᠲᠠᠴᠠ᠎ᠶ᠋ᠢ ᠱᠢᠯᠢᠳᠡᠭ᠌ᠵᠢᠭᠦᠯᠬᠦ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠲᠤᠰᠠᠯᠠᠬᠤ᠂ ᠱᠢᠯᠵᠢᠭᠦᠯᠦᠨ ᠪᠣᠯᠪᠠᠰᠤᠷᠠᠭᠤᠯᠬᠤ ᠤᠷᠤᠯᠳᠤᠭᠠᠨ᠎ᠢ ᠵᠣᠬᠢᠶᠠᠨ ᠪᠠᠢᠭᠤᠯᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠲᠡᠢᠨ᠎ᠳᠤ ᠪᠡᠯᠡᠳᠭᠡᠬᠦ᠌ ᠱᠢᠰᠲ᠋ᠧᠮᠲᠦ ᠴᠢᠨᠠᠷ᠂ ᠪᠦᠷᠢᠨ ᠪᠦᠲᠦᠨ ᠴᠢᠨᠠᠷ᠎ᠢ ᠪᠠᠲᠤᠯᠠᠵᠤ᠂ ᠡᠩᠨᠡᠭᠡᠨ᠎ᠤ ᠲᠣᠣᠺᠢᠣ᠋᠎ᠳᠠᠬᠢ ᠪᠦᠬᠦᠯᠢ ᠴᠣᠭ᠍ᠴᠠ᠎ᠶ᠋ᠢᠨ ᠥᠷᠢᠰᠥᠯᠳᠦᠬᠦ᠌ ᠬᠦᠴᠦᠨ᠎ᠢ ᠪᠦᠲᠦᠮᠵᠢᠲᠡᠶ ᠳᠡᠭᠡᠭ᠌ᠰᠢᠯᠡᠭᠦᠯᠪᠡ᠃


1127865545_16317142206631n.jpg

1127865545_16317142206161n.jpg


ᠲᠣᠣᠺᠢᠣ᠋᠎ᠳᠤ᠂ ᠸᠠᠩ ᠱᠦᠨ ᠳᠤᠮᠳᠠᠳᠤ ᠤᠯᠤᠰ᠎ᠤᠨ ᠡᠷᠡᠭ᠌ᠲᠡᠶ᠎ᠶ᠋ᠢᠨ ᠬᠤᠪᠢ ᠬᠥᠮᠦᠨ᠎ᠤ ᠬᠤᠯᠢᠮᠠᠭ ᠤᠮᠪᠠᠯᠲᠠ᠎ᠶ᠋ᠢᠨ ᠠᠩᠬᠠᠳᠠᠭ᠍ᠴᠢ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠠᠯᠲᠠᠨ ᠮᠧᠳᠠᠯ᠎ᠢ ᠲᠡᠮᠡᠴᠡᠨ ᠣᠯᠵᠤ᠂ ᠰᠠᠶᠢ ᠲᠥᠷᠥᠭ᠌ᠰᠡᠨ ᠲᠤᠭᠤᠯ ᠪᠠᠷᠰ᠎ᠠᠴᠠ ᠠᠶᠤᠬᠤ ᠦᠭᠡᠢ ᠭᠡᠳᠡᠭ᠌ᠴᠢᠯᠡᠨ ᠫᠤᠤᠳᠠᠯᠭ᠎ᠠ᠎ᠶ᠋ᠢᠨ ᠠᠩᠭᠢ᠎ᠶ᠋ᠢᠨ ᠳᠥᠷᠪᠡᠨ ᠠᠯᠲᠠᠨ ᠮᠧᠳᠠᠯ᠎ᠤᠨ ᠠᠷᠤ᠎ᠳᠤ ᠴᠥᠮ 《00 ᠤᠨ᠎ᠠᠴᠠ ᠰᠡᠬᠦᠯᠡᠷ ᠳᠦᠷᠦᠭ᠌ᠰᠡᠳ》 ᠎ᠤᠨ ᠪᠠᠷ᠎ᠠ ᠬᠠᠷᠠᠭ᠍ᠳᠠᠵᠤ᠂ ᠬᠦᠨᠳᠦ ᠬᠥᠩᠭᠡᠨ ᠲᠠᠮᠢᠷ᠎ᠤᠨ ᠤᠷᠤᠯᠳᠤᠭᠠᠨ ᠪᠠ ᠤᠮᠪᠠᠯᠲᠠ᠎ᠶ᠋ᠢᠨ ᠬᠤᠶᠠᠷ ᠶᠡᠭᠡ ᠤᠷᠤᠯᠳᠤᠭᠠᠨ᠎ᠤ ᠵᠦᠢᠯ᠎ᠳᠤ᠂ ᠨᠢᠭᠡ ᠪᠦᠯᠦᠭ ᠠᠬᠠᠮᠠᠳ ᠳᠠᠮᠢᠷᠴᠢᠳ ᠪᠠ ᠱᠢᠨ᠎ᠡ ᠳᠠᠮᠢᠷᠴᠢᠳ ᠵᠠᠯᠭᠠᠭ᠎ᠠ᠎ᠪᠠᠷ ᠬᠤᠪᠢ ᠬᠥᠮᠦᠨ᠎ᠤ ᠬᠠᠮᠤᠭ᠎ᠤᠨ ᠰᠠᠢᠨ ᠬᠢᠷᠢ ᠪᠦᠲᠦᠮᠵᠢ᠂ ᠤᠷᠤᠯᠳᠤᠭᠠᠨ᠎ᠤ ᠬᠠᠮᠤᠭ᠎ᠤᠨ ᠰᠠᠢᠨ ᠬᠢᠷᠢ ᠪᠦᠲᠦᠮᠵᠢ ᠤᠯᠪᠠ ᠁

ᠡᠨᠡ ᠵᠤᠨ᠂ ᠳᠤᠮᠳᠠᠳᠤ ᠤᠯᠤᠰ᠎ᠤᠨ ᠣᠯᠢᠮᠫᠢᠺ᠎ᠤᠨ ᠲᠠᠮᠢᠷᠴᠢᠳ ᠮᠠᠰᠢ ᠤᠯᠠᠨ ᠵᠠᠯᠠᠭᠤᠴᠤᠳ᠎ᠤᠨ ᠪᠠᠭ᠍ᠠᠷᠬᠠᠳᠠᠭ ᠬᠦᠮᠦᠨ ᠪᠤᠯᠪᠠ — ᠰᠤ᠌ ᠪᠢᠩ ᠲᠢᠶᠠᠨ᠎ᠤ ᠬᠥᠮᠦᠨ᠎ᠢ ᠰᠣᠴᠢᠭᠠᠮ᠎ᠠ 9 ᠰᠧᠺᠦ᠋ᠨ᠋ᠳ᠋ 83 ᠴᠤ᠌ ᠲᠡᠷᠡ᠂ ᠬᠦᠨᠳᠦ ᠡᠷᠭᠦᠯᠲᠡ᠎ᠶ᠋ᠢᠨ ᠲᠠᠮᠢᠷᠴᠢᠨ ᠯᠢᠦᠢ ᠱᠢᠶᠤᠤ ᠵᠢᠶᠦ᠋ᠨ᠎ᠤ ᠭᠠᠳᠠᠭᠠᠳᠤ᠎ᠳᠤ ᠠᠯᠳᠠᠷᠱᠢᠬ᠍ᠰᠠᠨ 《ᠴᠡᠷᠢᠭ᠎ᠤᠨ ᠰᠠᠬᠢᠭᠤᠰᠤ》 ᠎ᠶ᠋ᠢᠨ ᠠᠯᠳᠠᠷᠱᠢᠯ ᠴᠦ᠍ ᠲᠡᠷᠡ; ᠠᠩᠬᠠᠨ᠎ᠤ ᠠᠯᠲᠠᠨ ᠮᠧᠳᠠᠯ᠎ᠤᠨ ᠡᠵᠡᠨ ᠶᠠᠩ ᠴᠢᠶᠠᠨ᠎ᠤ ᠬᠡᠦᠬᠡᠨᠴᠦᠳ᠎ᠤᠨ ᠴᠤᠭ ᠵᠢᠪᠬᠤᠭ᠎ᠠ ᠴᠤ᠌ ᠲᠡᠷᠡ᠂ ᠡᠰᠡᠬᠦᠯ᠎ᠡ ᠡᠮᠡᠭ᠌ᠲᠡᠶ᠎ᠶ᠋ᠢᠨ ᠭᠤᠷᠪᠠᠨ ᠬᠥᠮᠦᠨ᠎ᠤ ᠰᠠᠭ᠍ᠰᠤᠨ ᠪᠥᠮᠪᠦᠭᠡ᠎ᠶ᠋ᠢᠨ ᠲᠠᠮᠢᠷᠴᠢᠳ᠎ᠤᠨ ᠴᠤᠭ ᠵᠢᠪᠬᠤᠭ᠎ᠠ ᠴᠤ᠌ ᠲᠡᠷᠡ᠂ ᠡᠳᠡᠭᠡᠷ ᠢᠳᠡᠪᠬᠢ ᠬᠦᠴᠦᠨ᠎ᠨᠦᠭᠦᠳ ᠵᠠᠯᠭᠠᠭ᠎ᠠ᠎ᠪᠠᠷ ᠬᠠᠯᠠᠮᠱᠢᠯ ᠪᠤᠯᠵᠥ᠍᠂ ᠬᠠᠮᠤᠭ᠎ᠤᠨ ᠭᠡᠷᠡᠯᠲᠡᠢ ᠣᠳᠣᠨ ᠪᠣᠯᠪᠠ᠃


1127865545_16317142207001n.jpg

1127865545_16317142207471n.jpg

1127865545_16317142207921n.jpg


ᠣᠯᠢᠮᠫᠢᠺ᠎ᠤᠨ ᠲᠠᠮᠢᠷᠴᠢᠳ ᠥᠪᠡᠷ᠎ᠤᠨ ᠬᠦᠴᠦ᠍ ᠬᠥᠯᠥᠰᠥ᠍ ᠪᠠ ᠬᠢᠷᠢ ᠪᠦᠲᠦᠮᠵᠢ᠎ᠪᠠᠷ᠎ᠢᠶᠠᠨ 《ᠬᠥᠮᠦᠨ᠎ᠤ ᠠᠮᠢᠳᠤᠷᠠᠯ᠎ᠳᠤ ᠬᠡᠳᠦᠨᠳᠡ ᠡᠷᠡᠯᠬᠡᠭ᠌ᠯᠡᠨ ᠳᠡᠮᠡᠴᠡᠬᠦ᠌ ᠮᠦᠴᠡ ᠪᠠᠢᠬᠤ ᠪᠤᠢ》 ᠭᠡᠬᠦ᠌ ᠲᠡᠮᠡᠴᠡᠯ᠎ᠤᠨ ᠵᠣᠷᠢᠭ ᠰᠠᠨᠠᠭ᠎ᠠ᠎ᠶ᠋ᠢ ᠪᠦᠷᠢᠨ ᠲᠡᠭᠦᠯᠳᠡᠷ ᠲᠠᠢᠯᠪᠤᠷᠢᠯᠠᠵᠤ᠂ ᠪᠠᠰᠠ ᠪᠡᠶ᠎ᠡ᠎ᠶ᠋ᠢᠨ ᠲᠠᠮᠢᠷ᠎ᠤᠨ ᠡᠬᠢ ᠰᠤᠷᠪᠤᠯᠵᠢ ᠪᠠ ᠦᠨᠡᠨ ᠶᠣᠰᠣ᠎ᠶ᠋ᠢ ᠲᠠᠢᠯᠪᠤᠷᠢᠯᠠᠬ᠍ᠰᠠᠨ ᠪᠢᠯᠡ᠃

5 ᠵᠢᠯ᠎ᠤᠨ ᠡᠮᠦᠨ᠎ᠡ ᠶᠡᠷᠦᠩᠬᠡᠢ ᠱᠦᠵᠢ ᠰᠢ᠎ᠶ᠋ᠢᠨ ᠫᠢᠩ ᠷᠢᠦ᠋ ᠳ᠋ᠢ ᠿᠧᠨ᠋ᠸᠢᠷᠦ᠋᠎ᠶ᠋ᠢᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠳᠤᠮᠳᠠᠳᠤ ᠤᠯᠤᠰ᠎ᠤᠨ ᠪᠡᠶ᠎ᠡ᠎ᠶ᠋ᠢᠨ ᠲᠠᠮᠢᠷ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠪᠦᠬᠦ᠌ ᠭᠡᠱᠢᠭᠦᠳ᠎ᠲᠠᠢ ᠠᠭᠤᠯᠵᠠᠬᠤ᠎ᠳᠠᠭᠠᠨ᠄ 《ᠪᠢᠳᠡ ᠢᠯᠠᠵᠤ ᠢᠯᠠᠭ᠍ᠳᠠᠬᠤ᠎ᠪᠠᠷ ᠪᠠᠭᠠᠲᠤᠷᠴᠤᠳ᠎ᠢ ᠦᠨᠡᠯᠡᠬᠦ᠌ ᠦᠭᠡᠢ᠂ ᠡᠭᠦᠨ᠎ᠤ ᠬᠠᠮᠲᠤ ᠪᠠᠭᠠᠲᠤᠷᠴᠤᠳ ᠵᠣᠷᠢᠭ᠍ᠲᠠᠢ᠎ᠪᠠᠷ ᠲᠡᠷᠢᠭᠦᠨ᠎ᠳᠤ ᠣᠷᠣᠬᠤ᠎ᠪᠠᠷ ᠴᠢᠷᠮᠠᠢᠵᠤ᠂ ᠵᠣᠷᠢᠭ᠍ᠲᠠᠢ᠎ᠪᠠᠷ ᠲᠡᠷᠢᠭᠦᠨ᠎ᠳᠤ ᠣᠷᠣᠬᠤ᠎ᠪᠠᠷ ᠲᠡᠮᠡᠴᠡᠬᠦ᠌ ᠬᠡᠷᠡᠭ᠌ᠲᠡᠢ》 《ᠥᠪᠡᠷ᠎ᠢ᠎ᠪᠠᠨ ᠵᠣᠷᠢᠭ᠍ᠲᠠᠶ᠎ᠪᠠᠷ ᠢᠯᠠᠵᠤ᠂ ᠥᠪᠡᠷ᠎ᠢ᠎ᠪᠠᠨ ᠳᠠᠪᠠᠵᠤ ᠭᠠᠷᠳᠠᠭ ᠯᠠ ᠶᠤᠮ ᠪᠣᠯ ᠠᠯᠲᠠᠨ ᠮᠧᠳᠠᠯ ᠣᠯᠤᠭ᠍ᠰᠠᠨ ᠦᠭᠡᠢ ᠴᠦ᠍ ᠠᠳᠠᠯᠢᠬᠠᠨ ᠬᠦᠨᠳᠦᠳᠭᠡᠭᠦᠱᠢᠲᠡᠶ ᠪᠥᠭᠡᠳ ᠮᠠᠭ᠍ᠲᠠᠭᠤᠱᠢᠲᠠᠶ ᠶᠤᠮ》᠃

ᠳᠥᠷᠪᠡᠳᠦᠭᠡᠷ ᠤᠳᠠᠭ᠎ᠠ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠣᠷᠣᠯᠴᠠᠭ᠍ᠰᠠᠨ ᠠᠯᠬᠤᠭ᠎ᠠ ᠤᠷᠤᠯᠳᠤᠭᠠᠨ᠎ᠤ ᠲᠠᠮᠢᠷᠴᠢᠨ ᠯᠢᠦ ᠬᠤᠩ ᠬᠡᠳᠦ᠋ᠢᠪᠡᠷ ᠲᠣᠣᠺᠢᠣ᠋᠎ᠳᠤ ᠮᠠᠩᠯᠠᠢ ᠳᠤᠳᠤᠷᠠᠵᠥ᠍ ᠴᠢᠳᠠᠭ᠍ᠰᠠᠨ ᠦᠭᠡᠢ ᠪᠣᠯᠪᠠᠴᠤ᠌ ᠮᠥᠨ ᠯᠡ ᠨᠢᠭᠡ ᠬᠤᠪᠣᠷ ᠨᠠᠨᠳᠢᠨ ᠬᠦᠷᠡᠯ ᠮᠧᠳᠠᠯ ᠣᠯᠪᠠ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠩ ᠰᠡᠳᠭᠢᠯ᠎ᠤᠨ ᠨᠠᠢᠳᠠᠯᠭ᠎ᠠ ᠪᠣᠯ ᠡᠨᠡ ᠬᠦ᠌ 34 ᠨᠠᠰᠤᠲᠠᠢ ᠠᠬᠠᠮᠠᠳ ᠵᠠᠩᠵᠤᠨ ᠡᠵᠢ ᠪᠣᠯᠤᠭ᠍ᠰᠠᠨ᠎ᠤ ᠳᠠᠷᠠᠭ᠎ᠠ ᠳᠠᠬᠢᠨ ᠤᠷᠤᠯᠳᠤᠭᠠᠨ᠎ᠳᠤ ᠤᠷᠤᠯᠴᠠᠬ᠍ᠰᠠᠨ᠎ᠤ ᠬᠥᠳᠡᠯᠭᠡᠬᠦ᠌ ᠬᠦᠴᠦᠨ᠎ᠤ ᠨᠢᠭᠡ᠎ᠨᠢ ᠪᠣᠯᠤᠨ᠎ᠠ᠃

ᠯᠢᠦ ᠬᠤᠩ ᠪᠣᠯ ᠪᠡᠭᠡᠵᠢᠩ᠎ᠤᠨ ᠪᠡᠶ᠎ᠡ᠎ᠶ᠋ᠢᠨ ᠲᠠᠮᠢᠷ᠎ᠤᠨ ᠶᠡᠭᠡ ᠰᠤᠷᠭᠠᠭᠤᠯᠢ᠎ᠶ᠋ᠢᠨ 2016 ᠣᠨ᠎ᠤ ᠠᠰᠫᠢᠷᠠᠨᠲ᠎ᠤᠨ ᠮᠠᠩᠯᠠᠶ᠎ᠶ᠋ᠢᠨ ᠠᠩᠭᠢ᠎ᠶ᠋ᠢᠨ ᠪᠦᠷᠢᠯᠳᠦᠬᠦᠨ ᠮᠥᠨ᠃ 2019 ᠣᠨ᠎ᠤ 6 ᠰᠠᠷ᠎ᠠ᠎ᠶ᠋ᠢᠨ 18 ᠎ᠤ ᠡᠳᠦᠷ᠂ ᠶᠡᠷᠦᠩᠬᠡᠶ ᠱᠦᠵᠢ ᠰᠢ᠎ᠶ᠋ᠢᠨ ᠫᠢᠩ ᠮᠠᠩᠯᠠᠶ᠎ᠶ᠋ᠢᠨ ᠠᠩᠭᠢ᠎ᠶ᠋ᠢᠨ ᠰᠤᠷᠤᠭ᠍ᠴᠢᠳ᠎ᠲᠤ ᠬᠠᠷᠢᠭᠤ ᠵᠠᠬᠢᠳᠠᠯ ᠢᠯᠡᠭᠡᠵᠦ᠍᠄ 《ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠲᠤ ᠨᠠᠩ ᠴᠤ᠌ ᠡᠭᠦᠷᠭᠡ ᠬᠠᠷᠢᠭᠤᠴᠠᠯᠭ᠎ᠠ ᠡᠭᠦᠷᠭᠡᠯᠡᠵᠦ᠍᠂ ᠡᠷᠡᠯᠬᠡᠭ᠌ᠯᠡᠨ ᠳᠡᠮᠡᠴᠡᠬᠦ᠌ ᠵᠣᠷᠢᠭ ᠰᠠᠨᠠᠭ᠎ᠠ᠎ᠲᠠᠢ ᠪᠠᠢᠬᠤ ᠬᠡᠷᠡᠭ᠌ᠲᠡᠶ᠃ ᠲᠠᠨᠠᠷ ᠦᠷᠭᠦᠯᠵᠢᠯᠡᠨ ᠲᠦᠷᠦᠭᠦᠯᠡᠨ ᠲᠡᠮᠡᠴᠡᠵᠦ᠍᠂ ᠴᠢᠷᠮᠠᠢᠨ ᠠᠵᠢᠯᠯᠠᠵᠤ᠂ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠢ ᠪᠦᠳᠦᠬᠡᠨ ᠪᠠᠢᠭᠤᠯᠬᠤ᠎ᠳᠤ ᠢᠯᠡᠭᠦᠬᠡᠨ ᠬᠤᠪᠢ ᠨᠡᠮᠡᠷᠢ ᠦᠵᠡᠭᠦᠯᠵᠦ᠍᠂ ᠨᠡᠢᠭᠡᠮ᠎ᠳᠤ ᠨᠡᠩ ᠤᠯᠠᠨ ᠢᠳᠡᠪᠬᠢ ᠬᠦᠴᠦᠨ᠎ᠢ ᠳᠠᠮᠵᠢᠭᠤᠯᠬᠤ᠎ᠶ᠋ᠢ ᠬᠦᠰᠡᠵᠦ᠍ ᠪᠠᠢᠨ᠎ᠠ》 ᠬᠡᠪᠡ᠃


1127865545_16317142208271n.jpg

1127865545_16317142209021n.jpg

1127865545_16317142209451n.jpg


ᠶᠡᠷᠦᠩᠬᠡᠢ ᠱᠦᠵᠢ ᠰᠢ᠎ᠶ᠋ᠢᠨ ᠫᠢᠩ ᠲᠠᠮᠢᠷᠴᠢᠳ᠎ᠤᠨ ᠡᠷᠡᠯᠬᠡᠭ᠌ᠯᠡᠨ ᠲᠡᠮᠡᠴᠡᠵᠦ᠍᠂ ᠡᠬᠡ ᠤᠯᠤᠰ᠎ᠲᠠᠭᠠᠨ ᠢᠷᠠᠭᠤ ᠠᠯᠳᠠᠷ ᠣᠯᠭᠤᠬᠤ᠎ᠶ᠋ᠢ ᠬᠠᠯᠠᠮᠵᠢᠯᠠᠭ᠍ᠰᠠᠭᠠᠷ ᠢᠷᠡᠭ᠌ᠰᠡᠨ ᠪᠥᠭᠡᠳ ᠪᠠᠰᠠ ᠤᠷᠤᠯᠳᠤᠭᠠᠨ᠎ᠤ ᠰᠤᠷᠲᠠᠯ ᠤᠷᠤᠯᠳᠤᠭᠠᠨ᠎ᠤ ᠰᠠᠬᠢᠯᠭ᠎ᠠ ᠪᠠᠲᠤ᠎ᠶ᠋ᠢᠨ ᠠᠰᠠᠭᠤᠳᠠᠯ᠎ᠢ ᠣᠨᠴᠠᠭᠠᠢᠯᠠᠨ ᠬᠠᠯᠠᠮᠵᠢᠯᠠᠭ᠍ᠰᠠᠭᠠᠷ ᠢᠷᠡᠵᠠᠢ᠃ ᠲᠡᠷᠡ᠂ ᠬᠥᠭᠡᠷᠦᠭᠦᠯᠬᠦ᠌ ᠡᠮ᠎ᠢ ᠡᠰᠡᠷᠭᠦᠴᠡᠬᠦ᠌ ᠲᠡᠮᠡᠴᠡᠯ᠎ᠢ ᠡᠷᠡᠰ ᠠᠬᠢᠭᠤᠯᠵᠤ᠂ ᠶᠣᠰᠣ ᠰᠤᠷᠲᠠᠬᠤᠨ᠎ᠤ ᠠᠯᠲᠠᠨ ᠮᠧᠳᠠᠯ᠂ ᠬᠡᠪ ᠨᠠᠮᠪᠠ᠎ᠶ᠋ᠢᠨ ᠠᠯᠲᠠᠨ ᠮᠧᠳᠠᠯ᠂ ᠠᠷᠢᠭᠤᠨ ᠴᠢᠬᠡᠴᠢ᠎ᠶ᠋ᠢᠨ ᠠᠯᠲᠠᠨ ᠮᠧᠳᠠᠯ ᠤᠯᠬᠤ ᠤᠬᠠᠮᠰᠠᠷ᠎ᠢ ᠴᠢᠩᠭᠠᠳᠭᠠᠵᠤ᠂ ᠬᠥᠭᠡᠷᠦᠭᠦᠯᠬᠦ᠌ ᠡᠮ᠎ᠤᠨ ᠠᠰᠠᠭᠤᠳᠠᠯ 《ᠦᠯᠦ᠍ ᠡᠬᠦᠰᠭᠦ》 《ᠤᠬ᠍ᠳᠤ ᠠᠭᠤᠴᠢᠯᠠᠬᠤ ᠦᠭᠡᠢ》 ᠪᠠᠢᠬᠤ᠎ᠶ᠋ᠢ ᠡᠷᠡᠰ ᠪᠡᠶᠡᠯᠡᠭᠦᠯᠬᠦ᠌ ᠬᠡᠷᠡᠭ᠌ᠲᠡᠢ ᠬᠡᠵᠥ᠍ ᠵᠢᠭᠠᠵᠥ᠍ ᠭᠠᠷᠭᠠᠪᠠ᠃

ᠲᠣᠣᠺᠢᠣ᠋᠎ᠳᠤ᠂ ᠳᠤᠮᠳᠠᠳᠤ ᠤᠯᠤᠰ᠎ᠤᠨ ᠪᠡᠶ᠎ᠡ᠎ᠶ᠋ᠢᠨ ᠲᠠᠮᠢᠷ᠎ᠤᠨ ᠲᠥᠯᠥᠭᠡᠯᠡᠭ᠌ᠴᠢᠳ᠎ᠤᠨ ᠪᠦᠯᠬᠦᠮ ᠬᠥᠭᠡᠷᠦᠭᠦᠯᠬᠦ᠌ ᠡᠮ 《ᠪᠠᠢᠬᠤ ᠥᠬᠡᠶ》᠂ ᠱᠢᠨ᠎ᠡ ᠲᠢᠲᠢᠮᠯᠢᠭ ᠸᠢᠷᠦ᠋ᠰ 《ᠪᠠᠢᠬᠤ ᠥᠬᠡᠶ》 ᠭᠡᠬᠦ᠌ ᠬᠤᠤᠰ ᠳᠡᠬᠦᠯᠳᠡᠷ ᠰᠠᠢᠬᠠᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠲᠤᠱᠢᠶᠠᠵᠤ᠂ ᠤᠷᠤᠯᠳᠤᠭᠠᠨ᠎ᠳᠤ ᠣᠷᠣᠯᠴᠠᠭ᠍ᠰᠠᠨ ᠬᠢᠷᠢ ᠪᠦᠲᠦᠮᠵᠢ ᠪᠠ ᠣᠶᠤᠨ᠎ᠤ ᠪᠣᠯᠪᠠᠰᠤᠨ᠎ᠤ ᠬᠤᠤᠰ ᠡᠯᠪᠡᠭ ᠬᠤᠷᠢᠶᠠᠯᠲᠠ᠎ᠶ᠋ᠢᠨ ᠬᠠᠷᠠᠯᠲᠠ᠎ᠶ᠋ᠢ ᠪᠡᠶᠡᠯᠡᠭᠦᠯᠪᠡ᠃

《ᠡᠭᠦᠷᠭᠡ ᠬᠠᠷᠢᠭᠤᠴᠠᠯᠭ᠎ᠠ᠎ᠪᠠᠨ ᠡᠬᠦᠷᠬᠡᠯᠡᠵᠥ᠍᠂ ᠡᠷᠡᠯᠬᠡᠭ᠌ᠯᠡᠨ ᠳᠡᠮᠡᠴᠡᠬᠦ᠌᠎ᠳᠤ ᠪᠢ ᠪᠤᠢ》᠃ ᠳᠤᠮᠳᠠᠳᠤ ᠤᠯᠤᠰ᠎ᠤᠨ ᠲᠠᠮᠢᠷᠴᠢᠳ ᠶᠡᠷᠦᠩᠬᠡᠢ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠴᠠᠭ ᠢᠮᠠᠭ᠍ᠲᠠ ᠪᠠᠲᠤ ᠴᠡᠭᠡᠵᠢᠯᠡᠵᠦ᠍᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠪᠠᠷᠳᠠᠮᠨᠠᠬᠤ ᠦᠭᠡᠢ ᠪᠠᠴᠢᠮᠳᠠᠬᠤ ᠦᠭᠡᠢ᠂ ᠴᠢᠷᠮᠠᠢᠭ᠍ᠰᠠᠨ ᠳᠡᠭᠡᠷ᠎ᠡ᠎ᠪᠠᠨ ᠴᠢᠷᠮᠠᠢᠵᠤ᠂ ᠡᠬᠡ ᠤᠯᠤᠰ ᠪᠣᠯᠤᠨ ᠠᠷᠠᠳ ᠲᠦᠮᠡᠨ᠎ᠳᠡᠭᠡᠨ ᠨᠡᠩ ᠶᠡᠭᠡ ᠢᠷᠠᠭᠤ ᠠᠯᠳᠠᠷ ᠣᠯᠭᠤᠬᠤ᠎ᠪᠠᠷ ᠴᠢᠷᠮᠠᠢᠵᠤ᠂ ᠪᠡᠶ᠎ᠡ᠎ᠶ᠋ᠢᠨ ᠲᠠᠮᠢᠷ᠎ᠢᠶᠠᠷ 《ᠬᠤᠣᠰ ᠵᠠᠭᠤᠨ ᠵᠢᠯ》 ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠂ ᠳᠤᠮᠳᠠᠳᠤ᠎ᠶ᠋ᠢᠨ ᠦᠨᠳᠦᠰᠤᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠎ᠶ᠋ᠢ ᠲᠡᠷᠭᠡᠯᠱᠢᠭᠦᠯᠬᠦ᠌᠎ᠳᠤ ᠬᠦᠴᠦᠷᠬᠡᠭ ᠶᠡᠭᠡ ᠳᠤᠮᠳᠠᠳᠤ ᠤᠯᠤᠰ᠎ᠤᠨ ᠬᠦᠴᠦᠨ ᠴᠢᠳᠠᠯ᠎ᠢ ᠨᠡᠮᠡᠷᠢᠯᠡᠪᠡ᠃

 

ᠳᠡᠯᠡᠬᠡᠢ ᠳ᠋ᠠᠬᠢᠨ᠎ᠳᠤ ᠨᠢᠭᠡᠨ ᠠᠪᠰᠠᠷᠬᠠᠨ᠂ ᠠᠮᠤᠷ ᠲᠦᠪᠱᠢᠨ᠂ ᠭᠤᠢᠳᠠ ᠰᠠᠢᠬᠠᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠡᠷᠭᠦᠨ᠎ᠡ


ᠲᠣᠣᠺᠢᠣ᠋᠎ᠶ᠋ᠢᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠳᠠᠷᠠᠭ᠎ᠠ᠂ ᠪᠡᠭᠡᠵᠢᠩ᠎ᠨᠢ ᠣᠯᠢᠮᠫᠢᠺ᠎ᠤᠨ ᠶᠡᠭᠡ ᠭᠡᠷ ᠪᠦᠯᠢ᠎ᠶ᠋ᠢᠨ ᠪᠠᠰᠠ ᠨᠢᠭᠡ ᠤᠳᠠᠭᠠᠨ᠎ᠤ ᠬᠤᠷᠠᠨ ᠴᠤᠭ᠍ᠯᠠᠷᠠᠬᠤ ᠭᠠᠵᠠᠷ ᠪᠣᠯᠤᠨ᠎ᠠ᠃ 9 ᠰᠠᠷ᠎ᠠ᠎ᠶ᠋ᠢᠨ 7 ᠎ᠤ ᠡᠳᠦᠷ᠂ ᠱᠠᠩᠬᠠᠶ᠎ᠶ᠋ᠢᠨ ᠤᠷᠠᠨ ᠵᠢᠷᠤᠭ᠎ᠤᠨ ᠺᠢᠨᠣ᠋᠎ᠶ᠋ᠢᠨ ᠦᠢᠯᠡᠳᠪᠤᠷᠢ᠎ᠶ᠋ᠢᠨ ᠬᠤᠶᠠᠷ ᠵᠢᠯ᠎ᠤᠨ ᠡᠮᠦᠨ᠎ᠡ ᠵᠣᠬᠢᠶᠠᠨ ᠪᠦᠲᠦᠭᠡᠭ᠌ᠰᠡᠨ ᠺᠠᠷᠲ᠋ᠣᠨ ᠤᠬᠠᠭᠤᠯᠭ᠎ᠠ᠎ᠶ᠋ᠢᠨ ᠹᠢᠯᠢᠮ ᠳᠠᠬᠢᠨᠲᠠ ᠥᠷᠭᠡᠨ᠎ᠢᠶᠠᠷ ᠤᠯᠠᠮᠵᠢᠯᠠᠭ᠍ᠳᠠᠪᠠ᠄ ᠪᠡᠴᠢᠨ ᠪᠠᠭ᠍ᠰᠢ᠂ ᠴᠠᠰᠤᠨ ᠬᠦᠪᠡᠬᠦᠨ᠂ ᠬᠤᠯᠤ ᠬᠦᠦ᠂ ᠨᠧᠵᠠ ᠵᠡᠷᠭᠡ ᠤᠯᠤᠰ᠎ᠤᠨ ᠤᠷᠠᠨ ᠵᠣᠬᠢᠶᠠᠯ᠎ᠤᠨ ᠰᠣᠩᠭᠤᠳᠠᠭ ᠬᠥᠮᠦᠰ ᠡᠪᠦᠯ᠎ᠤᠨ ᠤᠯᠠᠷᠢᠯ᠎ᠤᠨ ᠲᠠᠮᠢᠷ᠎ᠤᠨ ᠬᠥᠳᠡᠯᠭᠡᠭᠡᠨ᠎ᠤ ᠭᠠᠷᠮᠠᠭᠠᠶ ᠭᠠᠷ ᠪᠣᠯᠵᠤ᠂ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠬᠦᠭ ᠨᠡᠮᠡᠪᠡ᠃

ᠲᠤᠰ ᠡᠳᠦᠷ᠎ᠠᠴᠠ ᠲᠤᠭᠠᠯᠠᠪᠠᠯ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠡᠬᠢᠯᠡᠬᠦ᠌ ᠪᠤᠯᠲᠠᠯ᠎ᠠ 150 ᠡᠳᠦᠷ ᠪᠠᠢᠨ᠎ᠠ᠂ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠵᠣᠬᠢᠶᠠᠨ ᠪᠠᠢᠭᠤᠯᠬᠤ ᠺᠣᠮᠢᠰ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠦᠢᠯᠡᠴᠢᠯᠡᠭᠡᠨ᠎ᠤ ᠬᠡᠯᠲᠡᠰ᠎ᠤᠨ ᠳᠠᠷᠤᠭ᠎ᠠ ᠢᠦᠢ ᠳ᠋ᠧ ᠪᠢᠨ᠄ 《ᠥᠨᠥᠳᠦᠷ ᠪᠣᠯᠲᠠᠯ᠎ᠠ᠂ ᠮᠠᠨ᠎ᠤ ᠪᠤᠢ ᠪᠦᠬᠦᠢ ᠪᠡᠯᠡᠳᠭᠡᠯ ᠠᠵᠢᠯ ᠦᠨᠳᠦᠰᠦᠨ᠎ᠳᠡᠭᠡᠨ ᠳᠠᠭᠤᠰᠴᠠᠢ》 ᠭᠡᠵᠦ᠍ ᠬᠡᠯᠡᠪᠡ᠃


1127865545_16317142209851n.jpg

1127865545_16317142210231n.jpg

1127865545_16317142211141n.jpg


《ᠬᠤᠣᠰ ᠵᠠᠭᠤᠨ ᠵᠢᠯ》 ᠎ᠤᠨ ᠲᠡᠮᠡᠴᠡᠬᠦ᠌ ᠬᠠᠷᠠᠯᠲᠠ᠎ᠶ᠋ᠢᠨ ᠠᠭᠤᠯᠵᠠᠷ᠎ᠲᠠᠬᠢ ᠲᠡᠤᠬᠡ᠎ᠶ᠋ᠢᠨ ᠵᠠᠩᠭᠢᠯᠠᠭ᠎ᠠ᠎ᠶ᠋ᠢᠨ ᠦᠶ᠎ᠠ᠎ᠳᠤ ᠵᠣᠭ᠍ᠰᠣᠵᠤ᠂ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠂ ᠡᠪᠦᠯ᠎ᠤᠨ ᠤᠯᠠᠷᠢᠯ᠎ᠤᠨ ᠵᠡᠮᠳᠡᠭ᠌ᠴᠦᠳ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠡᠷᠬᠢᠯᠡᠬᠦ᠌᠎ᠪᠠᠷ ᠭᠤᠶᠤᠴᠢᠯᠠᠬᠤ ᠪᠠ ᠡᠷᠬᠢᠯᠡᠬᠦ᠌ ᠪᠣᠯ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠭᠠᠷᠭᠠᠭ᠍ᠰᠠᠨ ᠴᠢᠬᠤᠯᠠ ᠶᠡᠭᠡ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ ᠪᠣᠯᠤᠨ᠎ᠠ᠃

ᠡᠨᠡ ᠪᠣᠯ ᠳᠤᠮᠳᠠᠳᠤ ᠤᠯᠤᠰ ᠠᠩᠬ᠎ᠠ ᠤᠲᠠᠭ᠎ᠠ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠂ ᠡᠪᠦᠯ᠎ᠤᠨ ᠤᠯᠠᠷᠢᠯ᠎ᠤᠨ ᠵᠡᠮᠳᠡᠭ᠌ᠴᠦᠳ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠡᠷᠬᠢᠯᠡᠬᠦ᠌ ᠪᠤᠯᠤᠭ᠍ᠰᠠᠨ ᠶᠠᠪᠤᠲᠠᠯ ᠪᠣᠯᠤᠨ᠎ᠠ᠂ ᠶᠡᠷᠦᠩᠬᠡᠢ ᠱᠦᠵᠢ ᠰᠢ᠎ᠶ᠋ᠢᠨ ᠫᠢᠩ᠄ 《ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠪᠣᠯ ᠮᠠᠨ᠎ᠤ ᠤᠯᠤᠰ᠎ᠤᠨ ᠴᠢᠬᠤᠯᠠ ᠲᠡᠦᠬᠡ᠎ᠶ᠋ᠢᠨ ᠵᠠᠩᠭᠢᠯᠠᠭ᠎ᠠ᠎ᠶ᠋ᠢᠨ ᠦᠶ᠎ᠡ᠎ᠶ᠋ᠢᠨ ᠴᠢᠬᠤᠯᠠ ᠪᠡᠯᠭᠡ ᠲᠡᠮᠳᠡᠭ᠎ᠤᠨ ᠴᠢᠨᠠᠷᠲᠠᠢ ᠠᠵᠢᠯᠯᠠᠭ᠎ᠠ ᠪᠣᠯᠤᠨ᠎ᠠ᠂ ᠤᠯᠤᠰ᠎ᠤᠨ ᠲᠦᠷᠢ ᠲᠥᠷᠬᠦ᠌᠎ᠶ᠋ᠢ ᠢᠯᠡᠷᠡᠭᠦᠯᠬᠦ᠂ ᠤᠯᠤᠰ᠎ᠤᠨ ᠬᠥᠭ᠌ᠵᠢᠯᠲᠡ᠎ᠶ᠋ᠢ ᠠᠬᠢᠭᠤᠯᠬᠤ᠂ ᠦᠨᠳᠦᠰᠦᠲᠡᠨ᠎ᠤ ᠵᠣᠷᠢᠭ ᠰᠠᠨᠠᠭ᠎ᠠ᠎ᠶ᠋ᠢ ᠬᠥᠭ᠌ᠵᠢᠭᠡᠬᠦ᠌ ᠴᠢᠬᠤᠯᠠ ᠠᠵᠠ ᠲᠣᠬᠢᠶᠠᠯ ᠪᠣᠯᠤᠨ᠎ᠠ》 ᠭᠡᠵᠦ᠍ ᠵᠢᠭᠠᠵᠦ᠍ ᠭᠠᠷᠭᠠᠵᠠᠢ᠃

ᠾᠧᠪᠧᠶ᠎ᠶ᠋ᠢᠨ ᠱᠢᠶᠣᠣ ᠴᠧᠩ᠎ᠤᠨ ᠴᠥᠩ ᠯᠢ᠎ᠶ᠋ᠢᠨ ᠬᠥᠮᠦᠰ ᠬᠠᠮᠤᠭ᠎ᠤᠨ ᠭᠦᠨ ᠲᠥᠷᠥᠭ᠌ᠳᠡᠯ᠎ᠲᠠᠢ ᠪᠠᠢᠯ᠎ᠠ᠃ 2015 ᠣᠨ᠎ᠤ ᠡᠴᠦᠰ᠎ᠲᠤ᠌᠂ ᠴᠥᠩ ᠯᠢ ᠱᠢᠶᠠᠨ ᠪᠠᠰᠠ ᠶᠠᠳᠠᠭᠤ ᠬᠦᠴᠢᠷᠳᠡᠯᠲᠡᠢ ᠱᠢᠶᠠᠨ ᠪᠠᠢᠵᠤ᠂ ᠶᠠᠳᠠᠭᠤ ᠬᠦᠴᠢᠷᠳᠡᠯ᠎ᠤᠨ ᠡᠭᠦᠰᠭᠦ ᠨᠤᠷᠮ᠎ᠠ 16.81% ᠎ᠳᠤ ᠬᠦᠷᠴᠦ᠍ ᠪᠠᠢᠪᠠ᠂ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠨᠢ ᠡᠨᠡ ᠬᠦ᠌ ᠪᠠᠭ᠎ᠠ ᠬᠤᠳᠠ᠎ᠶ᠋ᠢ ᠨᠢᠭᠡ ᠯᠡ ᠰᠥᠨᠢ᠎ᠶ᠋ᠢᠨ ᠳᠣᠲᠣᠷ᠎ᠠ ᠨᠡᠷ᠎ᠡ ᠮᠠᠨᠳᠤᠭᠤᠯᠵᠤ᠂ ᠮᠥᠰᠥ᠍ ᠴᠠᠰᠤᠨ᠎ᠤ ᠠᠵᠤ ᠦᠢᠯᠡᠰ᠎ᠤᠨ ᠶᠡᠭᠡ ᠬᠦᠭ᠌ᠵᠢᠯᠲᠠ᠎ᠶ᠋ᠢ ᠠᠪᠴᠢᠷᠠᠭ᠍ᠰᠠᠨ ᠪᠠᠢᠨ᠎ᠠ᠃


1127865545_16317142211621n.jpg

1127865545_16317142219931n.jpg


2019 ᠣᠨ᠎ᠤ 5 ᠰᠠᠷ᠎ᠠ᠎ᠳᠤ᠂ ᠴᠥᠩ ᠯᠢ ᠶᠠᠳᠠᠭᠤ ᠬᠦᠴᠢᠷᠳᠡᠯᠲᠡᠢ ᠱᠢᠶᠠᠨ᠎ᠤ ᠡᠩᠨᠡᠭᠡ᠎ᠠᠴᠠ᠎ᠪᠠᠨ ᠭᠠᠷᠴᠤ᠌᠂ ᠶᠠᠳᠠᠭᠤ᠎ᠠᠴᠠ ᠲᠦᠢᠯᠪᠤᠷᠢᠲᠠᠢ ᠠᠩᠭᠢᠵᠢᠷᠠᠪᠠ᠃ ᠴᠦᠩ ᠯᠢ᠎ᠶ᠋ᠢᠨ ᠬᠦᠮᠦᠰ ᠬᠡᠷ᠎ᠤᠨ᠎ᠢᠶᠠᠨ ᠡᠭᠦᠳᠡᠨ᠎ᠳᠠᠬᠢ 《ᠴᠠᠰᠤᠨ ᠠᠶᠠᠭ᠎ᠠ》 ᠎ᠶ᠋ᠢ ᠠᠳᠭᠤᠪᠠ — 2019 ᠣᠨ᠎ᠳᠤ ᠮᠥᠰᠥ᠍ ᠴᠠᠰᠤᠨ᠎ᠤ ᠠᠵᠤ ᠦᠢᠯᠡᠰ ᠪᠠ ᠵᠢᠭᠤᠯᠴᠢᠯᠠᠯ᠎ᠤᠨ ᠦᠢᠯᠡᠴᠢᠯᠡᠭᠡ᠎ᠶ᠋ᠢ ᠱᠢᠭᠤᠳ ᠪᠤᠶᠤ ᠳᠠᠮ᠎ᠢᠶᠠᠷ ᠡᠷᠭᠢᠯᠡᠵᠦ᠍ ᠪᠠᠢᠭ᠎ᠠ ᠬᠥᠮᠦᠨ 3 ᠲᠦᠮᠡ ᠭᠠᠷᠤᠶ ᠪᠣᠯᠪᠠ᠂ ᠡᠭᠦᠨ᠎ᠳᠤ ᠥᠩᠭᠡᠷᠡᠭ᠌ᠰᠡᠨ᠎ᠤ 9000 ᠭᠠᠷᠤᠶ ᠶᠠᠳᠠᠭᠤ ᠬᠦᠴᠢᠷᠳᠡᠯᠲᠡᠶ ᠬᠥᠮᠦᠨ ᠠᠮᠠ ᠪᠠᠭ᠍ᠲᠠᠵᠦ᠍ ᠪᠠᠢᠨ᠎ᠠ᠃

ᠭᠠᠭ᠍ᠴᠠ ᠬᠦ᠌ ᠴᠦᠩ ᠯᠢ ᠪᠢᠰᠢ᠂ ᠡᠨᠡ ᠪᠣᠯ ᠪᠡᠭᠡᠵᠢᠩ ᠲᠢᠶᠠᠨᠵᠢᠨ ᠾᠧᠪᠸᠢ᠎ᠶ᠋ᠢᠨ ᠬᠠᠮᠵᠢᠯᠴᠠᠨ ᠬᠥᠭ᠌ᠵᠢᠬᠦ᠌᠎ᠳᠤ ᠬᠤᠯᠪᠣᠭ᠍ᠳᠠᠬᠤ ᠲᠤᠮᠤ ᠱᠢᠳᠠᠷ᠎ᠠ ᠪᠣᠯᠤᠨ᠎ᠠ᠂ ᠶᠡᠷᠦᠩᠬᠡᠢ ᠱᠦᠵᠢ ᠰᠢ᠎ᠶ᠋ᠢᠨ ᠫᠢᠩ ᠡᠭᠦᠨ᠎ᠤ ᠲᠤᠬᠠᠢ ᠠᠯᠢ ᠡᠷᠲᠡ ᠱᠢᠢᠳᠪᠦᠷᠢᠲᠦ ᠪᠤᠳᠤᠯᠭ᠎ᠠ ᠲᠣᠭ᠍ᠲᠠᠭᠠᠪᠠ᠄ ᠾᠧᠪᠸᠢ ᠮᠤᠵᠢ᠂ ᠴᠢᠭᠤᠯᠤᠯᠳᠤ ᠬᠠᠭᠠᠯᠭ᠎ᠠ ᠬᠤᠳᠠ᠎ᠶ᠋ᠢᠨ᠎ᠬᠢᠨ ᠲᠡᠦᠬᠡ᠎ᠶ᠋ᠢᠨ ᠠᠵᠠ ᠲᠣᠬᠢᠶᠠᠯ᠎ᠢ ᠠᠮᠵᠢᠵᠤ᠂ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠌᠎ᠲᠠᠢ ᠨᠢᠭ᠍ᠲᠠ ᠤᠶᠠᠯᠳᠤᠭᠤᠯᠵᠤ᠂ ᠪᠡᠭᠡᠵᠢᠩ ᠲᠢᠶᠠᠨᠵᠢᠨ ᠾᠧᠪᠸᠢ᠎ᠶ᠋ᠢᠨ ᠬᠠᠮᠵᠢᠯᠴᠠᠨ ᠬᠥᠭ᠌ᠵᠢᠬᠦ᠌᠎ᠶ᠋ᠢ ᠠᠬᠢᠭᠤᠯᠬᠤ᠎ᠲᠠᠢ ᠨᠢᠭ᠍ᠲᠠ ᠤᠶᠠᠯᠳᠤᠭᠤᠯᠵᠤ᠂ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠪᠡᠯᠡᠳᠭᠡᠨ ᠡᠷᠬᠢᠯᠡᠬᠦ᠌᠎ᠪᠠᠷ ᠲᠠᠮᠵᠢᠨ ᠡᠯ᠎ᠡ ᠲᠠᠯ᠎ᠠ᠎ᠶ᠋ᠢᠨ ᠪᠦᠳᠦᠭᠡᠨ ᠪᠠᠢᠭᠤᠯᠤᠯᠲᠠ᠎ᠶ᠋ᠢ ᠲᠠᠢᠴᠢᠯᠠᠵᠤ᠂ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠪᠡᠯᠡᠳᠭᠡᠯ ᠠᠵᠢᠯ ᠪᠣᠯᠤᠨ ᠲᠤᠰ ᠭᠠᠵᠠᠷ᠎ᠤᠨ ᠬᠥᠭ᠌ᠵᠢᠯᠲᠡ᠎ᠶ᠋ᠢᠨ ᠬᠤᠶᠠᠷ ᠬᠤᠪᠢ ᠱᠢᠯᠢᠳᠡᠭ ᠬᠠᠷᠢᠭᠤᠯᠲᠠ᠎ᠶ᠋ᠢᠨ ᠬᠠᠭᠤᠳᠠᠰᠤ᠎ᠶ᠋ᠢ ᠲᠤᠱᠢᠶᠠᠬᠤ᠎ᠪᠠᠷ ᠴᠢᠷᠮᠠᠢᠬᠤ ᠬᠡᠷᠡᠭ᠌ᠲᠡᠢ᠃

2019 ᠣᠨ᠎ᠤ 3 ᠰᠠᠷ᠎ᠠ᠎ᠳᠤ᠂ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ᠂ ᠲᠦᠷᠦ᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ 《2022 ᠣᠨ᠎ᠤ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢᠶᠠᠷ ᠠᠵᠠ ᠲᠣᠬᠢᠶᠠᠯ ᠪᠣᠯᠭᠠᠵᠤ ᠮᠥᠰᠥ᠍ ᠴᠠᠰᠤᠨ᠎ᠤ ᠬᠥᠳᠡᠯᠭᠡᠭᠡᠨ᠎ᠢ ᠶᠡᠭᠡ᠎ᠪᠠᠷ ᠬᠥᠭ᠌ᠵᠢᠭᠦᠯᠬᠦ᠌ ᠲᠤᠬᠠᠢ ᠰᠠᠨᠠᠯ》 ᠎ᠢ ᠳᠠᠷᠤᠮᠠᠯᠯᠠᠨ ᠲᠠᠷᠬᠠᠭᠠᠵᠤ᠂ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠂ ᠡᠪᠦᠯ᠎ᠤᠨ ᠤᠯᠠᠷᠢᠯ᠎ᠤᠨ ᠵᠡᠮᠳᠡᠭ᠌ᠴᠦᠳ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠪᠡᠯᠡᠳᠭᠡᠯ ᠠᠵᠢᠯ᠎ᠳᠤ ᠪᠠᠢᠷᠢᠯᠠᠭᠤᠯᠤᠯᠲᠠ ᠬᠢᠭ᠌ᠰᠡᠨ᠎ᠠᠴᠠ ᠭᠠᠳᠠᠨ᠎ᠠ᠂ ᠪᠠᠰᠠ ᠤᠯᠠᠨ ᠲᠦᠮᠡᠨᠴᠢ ᠴᠢᠨᠠᠷᠲᠠᠢ ᠮᠥᠰᠥ᠍ ᠴᠠᠰᠤᠨ᠎ᠤ ᠬᠥᠳᠡᠯᠭᠡᠭᠡᠨ᠎ᠢ ᠶᠡᠭᠡ᠎ᠪᠠᠷ ᠲᠦᠭᠡᠮᠡᠯᠵᠢᠭᠦᠯᠵᠦ᠍᠂ ᠵᠠᠯᠠᠭᠤᠴᠤᠳ ᠪᠠᠭᠠᠴᠤᠳ᠎ᠤᠨ ᠮᠥᠰᠥ᠍ ᠴᠠᠰᠤᠨ᠎ᠤ ᠬᠥᠳᠡᠯᠭᠡᠭᠡᠨ᠎ᠢ ᠥᠷᠭᠡᠨ᠎ᠢᠶᠠᠷ ᠥᠷᠨᠢᠭᠦᠯᠬᠦ᠌ ᠬᠡᠷᠡᠭ᠌ᠲᠡᠢ ᠭᠡᠵᠦ᠍ ᠱᠠᠭᠠᠷᠳᠠᠪᠠ᠃

ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠡᠷᠬᠢᠯᠡᠬᠦ᠌᠎ᠪᠠᠷ ᠭᠤᠶᠤᠴᠢᠯᠠᠭ᠍ᠰᠠᠨ᠎ᠠᠴᠠ ᠨᠠᠭᠠᠰᠢ᠂ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠢ 《ᠡᠮᠦᠨᠡᠰᠢ ᠦᠷᠨᠢᠭᠦᠯᠵᠦ᠍ ᠪᠠᠷᠠᠭᠤᠨᠰᠢ ᠤᠷᠤᠭ᠍ᠰᠢᠯᠠᠨ ᠵᠡᠭᠦᠨᠰᠢ ᠥᠷᠭᠡᠳᠭᠡᠬᠦ᠌》 ᠠᠯᠬᠤᠴᠠ ᠢᠯᠡᠳᠲᠡ ᠲᠦᠷᠭᠡᠳᠴᠦ᠍᠂ ᠡᠯ᠎ᠡ ᠭᠠᠵᠠᠷ᠎ᠤᠨ ᠮᠥᠰᠥ᠍ ᠴᠠᠰᠤᠨ᠎ᠤ ᠠᠵᠤ ᠦᠢᠯᠡᠰ ᠥᠷᠨᠢᠭᠦᠨ ᠬᠥᠭ᠌ᠵᠢᠵᠦ᠍᠂ 《ᠭᠤᠷᠪᠠᠨ ᠳ᠋ᠦᠩᠱᠢᠭᠤᠷ ᠬᠥᠮᠦᠨ᠎ᠢ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠳᠤ ᠣᠷᠣᠯᠴᠠᠭᠤᠯᠬᠤ》 ᠎ᠨᠢ ᠠᠭᠠᠵᠢᠮ᠎ᠢᠶᠠᠷ ᠪᠣᠳᠠᠲᠤ ᠠᠬᠤᠢ ᠪᠤᠯᠵᠤ ᠪᠡᠶᠡᠯᠡᠭ᠌ᠲᠡᠵᠤ ᠪᠤᠢ᠃ ᠵᠢᠶᠠᠩᠰᠦ ᠮᠤᠵᠢ᠎ᠳᠤ᠂ ᠮᠥᠰᠥ᠍ ᠴᠠᠰᠤᠨ᠎ᠤ ᠠᠵᠢᠯᠯᠠᠭ᠎ᠠ᠎ᠳᠤ ᠣᠷᠣᠯᠴᠠᠭ᠍ᠰᠠᠨ ᠬᠥᠮᠦᠨ ᠤᠳᠠᠭ᠎ᠠ ᠵᠠᠭᠤᠨ ᠲᠦᠮᠡ᠎ᠶ᠋ᠢ ᠳᠠᠪᠠᠵᠤ᠂ 50 ᠱᠢᠬᠠᠮ ᠮᠥᠰᠥ᠍ ᠴᠠᠰᠤᠨ᠎ᠤ ᠲᠠᠯᠠᠪᠤᠷ 《ᠡᠮᠦᠨᠡᠲᠦ ᠣᠷᠣᠨ᠎ᠤ ᠬᠥᠮᠦᠨ》 ᠎ᠤ ᠰᠡᠯᠡᠭᠦᠴᠡᠯ ᠵᠤᠭ᠎ᠠ ᠴᠡᠩᠭᠡᠯ᠎ᠤᠨ ᠱᠢᠨ᠎ᠡ ᠪᠠᠭ᠍ᠠᠷᠬᠠᠯ ᠪᠣᠯᠤᠭ᠍ᠰᠠᠠ ᠪᠠᠢᠨ᠎ᠠ᠃


1127865545_16317142214221n.jpg

1127865545_16317142215081n.jpg


ᠮᠥᠰᠥ᠍ ᠴᠠᠰᠤᠨ᠎ᠤ ᠬᠥᠳᠡᠯᠭᠡᠭᠡᠨ᠎ᠢ ᠬᠡᠦᠬᠡᠳ ᠦᠶ᠎ᠠ᠎ᠠᠴᠠ ᠡᠬᠢᠯᠡᠠ ᠠᠳᠭᠤᠬᠤ ᠭᠡᠷᠡᠭ᠌ᠲᠡᠢ᠃ ᠰᠠᠶᠢ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠬᠤᠶᠠᠳᠤᠭᠠᠷ ᠣᠨ᠎ᠳᠤ ᠲᠡᠪᠱᠢᠠᠠᠰᠠᠠ ᠪᠡᠭᠡᠵᠢᠩ᠎ᠤᠨ ᠪᠠᠭᠠᠴᠤᠤᠯ ᠭᠤᠸᠠᠠ ᠽᠢ ᠵᠤᠤ ᠨᠢᠭᠡᠨᠲᠡ 8 ᠵᠢᠯ ᠮᠥᠰᠥᠨ ᠪᠥᠮᠪᠦᠭᠡ ᠪᠣᠯᠪᠠᠰᠤᠷᠠᠵᠠᠶ᠂ ᠲᠡᠷᠡ 4 ᠵᠢᠯ᠎ᠤᠨ ᠡᠮᠦᠨ᠎ᠡ ᠶᠡᠷᠦᠩᠬᠡᠶ ᠱᠦᠵᠢ ᠰᠢ᠎ᠶ᠋ᠢᠨ ᠫᠢᠩ᠎ᠲᠠᠢ 《ᠮᠥᠷᠥ᠍ ᠮᠥᠷᠭᠦᠭ᠌ᠰᠡᠨ》 ᠦᠵᠡᠭ᠌ᠳᠡᠯ᠎ᠢᠶᠠᠨ ᠤᠲᠤ ᠪᠤᠯᠲᠠᠯ᠎ᠠ ᠴᠡᠭᠡᠵᠢᠯᠡᠭ᠌ᠰᠡᠭᠡᠷ ᠪᠠᠢᠨ᠎ᠠ᠃ 2020 ᠣᠨ᠎ᠳᠤ ᠲᠡᠷᠡ ᠪᠠᠰᠠ ᠪᠡᠭᠡᠵᠢᠩ ᠬᠤᠳᠠ᠎ᠶ᠋ᠢᠨ ᠵᠠᠯᠠᠭᠤᠴᠤᠳ ᠪᠠᠭᠠᠴᠤᠳ᠎ᠤᠨ ᠮᠥᠰᠥᠨ ᠪᠥᠮᠪᠦᠭᠡ᠎ᠶ᠋ᠢᠨ ᠠᠩᠬᠢ᠎ᠳᠤ ᠰᠣᠩᠭᠤᠭ᠍ᠳᠠᠵᠠᠢ᠂ 《ᠰᠢ᠎ᠶ᠋ᠢᠨ ᠫᠢᠩ ᠡᠪᠦᠭᠡ ᠪᠢᠳᠡᠨ᠎ᠢ ᠮᠥᠰᠥᠨ ᠪᠥᠮᠪᠦᠭᠡ᠎ᠪᠠᠨ ᠰᠠᠢᠲᠤᠷ ᠪᠣᠯᠪᠠᠰᠤᠷᠠᠭᠠᠷᠠᠢ ᠭᠡᠵᠦ᠍ ᠵᠣᠷᠢᠭ᠍ᠵᠢᠭᠤᠯᠪᠠ᠃ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠪᠢ ᠰᠠᠢᠨ ᠲᠤᠷ᠎ᠠ᠎ᠶ᠋ᠢᠨ ᠠᠵᠢᠯᠯᠠᠭ᠍ᠴᠢ ᠪᠤᠯᠵᠦ᠍᠂ ᠤᠯᠠᠨ᠎ᠳᠤ ᠮᠥᠰᠥᠨ ᠪᠥᠮᠪᠦᠭᠡ᠎ᠶ᠋ᠢᠨ ᠬᠥᠳᠡᠯᠭᠡᠭᠡᠨ᠎ᠢ ᠲᠠᠨᠢᠯᠴᠠᠭᠤᠯᠬᠤ ᠰᠠᠨᠠᠭ᠎ᠠ᠎ᠲᠠᠢ》 ᠭᠡᠵᠦ᠍ ᠭᠤᠸᠠᠨ ᠽᠢ ᠵᠤᠤ ᠬᠡᠯᠡᠨ᠎ᠠ᠃

3 ᠳ᠋ᠦᠩᠱᠢᠭᠤᠷ ᠬᠥᠮᠦᠨ᠎ᠤ ᠳᠤᠮᠳᠠ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠳᠤ ᠣᠷᠣᠯᠴᠠᠬᠤ᠎ᠶ᠋ᠢ ᠳᠠᠢᠴᠢᠯᠠᠭ᠍ᠰᠠᠨ ᠠᠤᠭ᠎ᠠ ᠵᠢᠷᠤᠭ ᠲᠦᠰᠦᠪ᠎ᠨᠢ ᠤᠯᠠᠨ ᠤᠯᠤᠰ᠎ᠤᠨ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠤ ᠵᠥᠪᠯᠡᠯ᠎ᠤᠨ ᠲᠡᠷᠢᠭᠦᠯᠡᠭ᠌ᠴᠢ ᠪᠠᠾᠧ᠎ᠶ᠋ᠢ ᠲᠦᠢᠯ᠎ᠢᠶᠠᠷ ᠳᠣᠭ᠍ᠳᠣᠯᠤᠭᠤᠯᠪᠠ᠂ ᠡᠭᠦᠨ᠎ᠢ ᠲᠡᠷᠡ ᠳᠡᠯᠡᠬᠡᠢ᠎ᠶ᠋ᠢᠨ ᠡᠪᠦᠯ᠎ᠤᠨ ᠤᠯᠠᠷᠢᠯ᠎ᠤᠨ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠤ ᠲᠦᠷᠦᠯ ᠵᠦᠢᠯ᠎ᠤᠨ ᠪᠡᠯᠭᠡ ᠳᠡᠮᠳᠡᠭ᠎ᠢᠶᠠᠷ ᠦᠵᠡᠵᠦ᠍ ᠪᠤᠢ᠂ 《ᠡᠨᠡ᠎ᠨᠢ ᠡᠪᠦᠯ᠎ᠤᠨ ᠤᠯᠠᠷᠢᠯ᠎ᠤᠨ ᠪᠡᠶ᠎ᠡ᠎ᠶ᠋ᠢᠨ ᠲᠠᠮᠢᠷ᠎ᠤᠨ ᠲᠦᠷᠦᠯ ᠵᠦᠢᠯ᠎ᠳᠤ ᠶᠠᠭᠤ᠎ᠶ᠋ᠢ ᠬᠠᠷᠠᠭᠤᠯᠵᠤ ᠪᠠᠢᠬᠤ᠎ᠶ᠋ᠢ ᠲᠠ ᠨᠠᠷ ᠲᠥᠰᠦᠭᠡᠯᠡᠨ ᠪᠤᠳᠤᠵᠤ ᠪᠣᠯᠤᠨ᠎ᠠ᠂ ᠡᠨᠡ᠎ᠨᠢ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ ᠴᠢᠨᠠᠭ᠍ᠰᠢᠯᠠᠪᠠᠯ ᠳᠡᠯᠡᠬᠡᠢ᠎ᠶ᠋ᠢᠨ ᠪᠡᠶ᠎ᠡ᠎ᠶ᠋ᠢᠨ ᠲᠠᠮᠢᠷ᠎ᠤᠨ ᠬᠥᠭ᠌ᠵᠢᠯᠲᠡ᠎ᠶ᠋ᠢᠨ ᠠᠭᠤᠤ ᠶᠡᠭᠡ ᠠᠵᠠ ᠲᠣᠬᠢᠶᠠᠯ ᠪᠣᠯᠬᠤ ᠶᠤᠮ》 ᠭᠡᠵᠦ᠍ ᠬᠡᠯᠡᠪᠡ᠃

ᠳᠡᠯᠡᠬᠡᠢ ᠳ᠋ᠠᠬᠢᠨ᠎ᠳᠤ ᠨᠢᠭᠡ ᠬᠤᠭᠤᠴᠠᠭᠠᠨ᠎ᠤ ᠭᠤᠢᠳᠠ ᠰᠠᠢᠬᠠᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠡᠷᠬᠦᠨ᠎ᠠ᠂ ᠡᠨᠡ ᠪᠣᠯ 6 ᠵᠢᠯ᠎ᠤᠨ ᠡᠮᠦᠨ᠎ᠡ ᠪᠡᠭᠡᠵᠢᠩ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠡᠷᠬᠢᠯᠡᠬᠦ᠌᠎ᠪᠠᠷ ᠭᠤᠶᠤᠴᠢᠯᠠᠬᠤ ᠦᠶ᠎ᠡ᠎ᠳᠤ ᠪᠦᠬᠦ᠌ ᠳᠡᠯᠡᠬᠡᠢ᠎ᠳᠤ ᠬᠢᠭ᠌ᠰᠡᠨ ᠲᠥᠪ ᠴᠢᠩᠭ᠎ᠠ ᠠᠮᠠᠯᠠᠯᠲᠠ ᠪᠣᠯᠤᠨ᠎ᠠ᠃

ᠡᠨᠡ ᠬᠦ᠌ ᠠᠮᠠᠯᠠᠯᠲᠠ᠎ᠪᠠᠨ ᠦᠶᠯᠡᠳᠦᠯᠭᠡᠵᠢᠭᠦᠯᠬᠦ᠌᠎ᠶ᠋ᠢᠨ ᠲᠥᠯᠥᠭᠡ᠂ ᠡᠷᠭᠢᠯᠡᠬᠦ᠌᠎ᠪᠠᠷ ᠭᠤᠶᠤᠴᠢᠯᠠᠭᠠᠳ ᠨᠢᠭᠡ ᠰᠠᠷ᠎ᠠ ᠪᠣᠯᠤᠭ᠎ᠠ ᠥᠬᠡᠶ᠎ᠪᠠᠷ ᠶᠡᠷᠦᠩᠬᠡᠶ ᠱᠦᠵᠢ ᠰᠢ᠎ᠶ᠋ᠢᠨ ᠫᠢᠩ ᠪᠣᠬᠢᠷᠲᠤᠯ ᠥᠬᠡᠶ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠢ ᠡᠷᠭᠢᠯᠡᠬᠦ᠂ ᠬᠠᠮᠲᠤ᠎ᠪᠠᠷ ᠡᠳ᠋ᠯᠡᠬᠦ᠌ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠢ ᠡᠷᠭᠢᠯᠡᠬᠦ᠂ ᠨᠡᠭᠡᠭᠡᠯᠲᠡ᠎ᠲᠠᠢ᠎ᠪᠠᠷ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠢ ᠡᠷᠭᠢᠯᠡᠬᠦ᠂ ᠠᠷᠢᠭᠤᠨ ᠴᠢᠬᠡᠴᠢ᠎ᠪᠠᠷ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠢ ᠡᠷᠭᠢᠯᠡᠬᠦ᠌᠎ᠶ᠋ᠢ ᠪᠠᠷᠢᠮᠲᠠᠯᠠᠬᠤ ᠴᠢᠬᠤᠯᠠ ᠵᠢᠭᠠᠪᠤᠷᠢ ᠭᠠᠷᠭᠠᠵᠤ᠂ ᠡᠪᠦᠯ᠎ᠤᠨ ᠤᠯᠠᠷᠢᠯ᠎ᠤᠨ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠢ ᠬᠡᠷᠬᠢᠨ ᠪᠡᠯᠡᠳᠭᠡᠬᠦ᠌ ᠲᠤᠬᠠᠶ ᠶᠡᠷᠦᠩᠬᠡᠶ ᠵᠠᠷᠴᠢᠮ᠎ᠢ ᠲᠣᠭ᠍ᠲᠠᠭᠠᠵᠤ᠂ ᠶᠡᠷᠦᠩᠬᠡᠶ ᠴᠢᠭ᠌ᠯᠡᠯ᠎ᠢ ᠲᠣᠳᠣᠷᠬᠠᠶ ᠵᠢᠭᠠᠭ᠍ᠰᠠᠨ ᠪᠠᠢᠨ᠎ᠠ᠃


1127865545_16317142215531n.jpg

1127865545_16317142216471n.jpg


2021 ᠣᠨ᠎ᠤ 1 ᠰᠠᠷ᠎ᠠ᠎ᠳᠤ᠂ ᠶᠡᠷᠦᠩᠬᠡᠢ ᠱᠦᠵᠢ ᠰᠢ᠎ᠶ᠋ᠢᠨ ᠫᠢᠩ ᠳᠥᠷᠪᠡᠳᠡᠬᠢ ᠤᠳᠠᠭ᠎ᠠ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠂ ᠡᠪᠦᠯ᠎ᠤᠨ ᠤᠯᠠᠷᠢᠯ᠎ᠤᠨ ᠵᠡᠮᠳᠡᠭ᠌ᠴᠦᠳ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠪᠡᠯᠡᠳᠭᠡᠯ ᠠᠵᠢᠯ᠎ᠢ ᠱᠢᠨᠵᠢᠯᠡᠨ ᠪᠠᠢᠴᠠᠭᠠᠪᠠ᠂ ᠲᠡᠷᠡ᠂ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠂ ᠡᠪᠦᠯ᠎ᠤᠨ ᠤᠯᠠᠷᠢᠯ᠎ᠤᠨ ᠵᠡᠮᠳᠡᠭ᠌ᠴᠦᠳ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠰᠠᠢᠲᠤᠷ ᠡᠷᠬᠢᠯᠡᠬᠦ᠌ ᠪᠣᠯ ᠨᠠᠮ ᠪᠣᠯᠤᠨ ᠤᠯᠤᠰ᠎ᠤᠨ ᠶᠡᠭᠡ ᠶᠠᠪᠤᠳᠠᠯ ᠮᠥᠨ᠂ ᠪᠢᠳᠡᠨ᠎ᠤ ᠳᠡᠯᠡᠬᠡᠢ ᠨᠡᠢᠭᠡᠮ᠎ᠳᠤ ᠬᠢᠭ᠌ᠰᠡᠨ ᠲᠥᠪ ᠴᠢᠩᠭ᠎ᠠ ᠠᠮᠠᠯᠠᠯᠲᠠ ᠮᠥᠨ᠂ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠂ ᠡᠪᠦᠯ᠎ᠤᠨ ᠤᠯᠠᠷᠢᠯ᠎ᠤᠨ ᠵᠡᠮᠳᠡᠭ᠌ᠴᠦᠳ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠪᠡᠯᠡᠳᠭᠡᠯ ᠠᠵᠢᠯ᠎ᠢ ᠰᠠᠢᠲᠤᠷ ᠬᠢᠬᠦ᠌᠎ᠨᠢ ᠢᠷᠠᠭᠤ ᠠᠯᠳᠠᠷᠲᠠᠢ ᠪᠥᠭᠡᠳ ᠴᠢᠬᠤᠯᠠ ᠶᠡᠭᠡ ᠠᠴᠢ ᠬᠤᠯᠪᠣᠭ᠍ᠳᠠᠯ᠎ᠲᠠᠢ ᠶᠤᠮ ᠭᠡᠵᠦ᠍ ᠴᠢᠬᠤᠯᠠᠴᠢᠯᠠᠪᠠ᠃

ᠭᠡᠨᠡᠳᠲᠡ ᠡᠭᠦᠰᠦᠭ᠌ᠰᠡᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠤᠨ ᠡᠮᠦᠨ᠎ᠡ᠂ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠪᠡᠯᠡᠳᠭᠡᠯ ᠠᠵᠢᠯ᠎ᠤᠨ ᠠᠯᠪᠠᠨ ᠬᠡᠷ ᠨᠠᠮ᠎ᠤᠨ ᠲᠥᠪ ᠬᠤᠷᠢᠶᠠᠨ᠎ᠤ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠪᠡᠯᠡᠳᠭᠡᠯ ᠠᠵᠢᠯ᠎ᠢ ᠵᠡᠷᠭᠡ᠎ᠪᠠᠷ ᠠᠳᠭᠤᠬᠤ᠎ᠶ᠋ᠢ ᠪᠠᠷᠢᠮᠲᠠᠯᠠᠵᠤ᠂ ᠠᠵᠢᠯ᠎ᠢᠶᠠᠨ ᠲᠠᠰᠤᠯᠳᠠᠭᠤᠯᠤᠭ᠍ᠰᠠᠨ ᠥᠬᠡᠶ᠂ ᠡᠷᠴᠢᠮ᠎ᠢᠶᠠᠨ ᠰᠤᠯᠠᠷᠠᠭᠤᠯᠤᠭ᠍ᠰᠠᠠ ᠥᠬᠡᠶ᠃

ᠣᠳᠣᠬᠠᠨ᠎ᠳᠤ᠂ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ 12 ᠤᠷᠤᠯᠳᠤᠭᠠᠨ᠎ᠤ ᠲᠠᠯᠠᠪᠤᠷ ᠣᠷᠳᠣᠨ ᠨᠢᠭᠡᠨᠲᠡ ᠪᠥᠬᠦ᠌ ᠲᠠᠯ᠎ᠠ᠎ᠪᠠᠷ ᠳᠠᠭᠤᠰᠴᠤ᠌᠂ ᠡᠯ᠎ᠡ ᠤᠷᠤᠯᠳᠤᠭᠠᠨ᠎ᠤ ᠲᠠᠯᠠᠪᠤᠷ ᠣᠷᠳᠣᠨ᠎ᠤ ᠠᠵᠢᠯᠯᠠᠭᠠᠨ᠎ᠤ ᠪᠦᠯᠬᠦᠮ᠎ᠢ ᠨᠢᠭᠡᠨᠲᠡ ᠪᠦᠬᠦᠨ᠎ᠢ ᠵᠣᠬᠢᠶᠠᠨ ᠪᠠᠢᠭᠤᠯᠵᠤ ᠳᠠᠭᠤᠰᠭᠠᠨ᠂ ᠶᠠᠭ ᠲᠠᠯᠠᠪᠤᠷ ᠣᠷᠳᠣᠨ᠎ᠤ ᠠᠵᠢᠯᠯᠠᠭᠠᠨ᠎ᠤ ᠲᠥᠯᠥᠪᠯᠡᠭᠡ ᠪᠠ ᠠᠵᠢᠯᠯᠠᠭᠠᠨ᠎ᠤ ᠲᠥᠯᠥᠪᠯᠡᠭᠡ᠎ᠶ᠋ᠢ ᠭᠦᠨᠵᠡᠭᠡᠢᠷᠡᠭᠦᠯᠵᠦ᠍᠂ ᠰᠣᠷᠢᠯᠲᠠ᠎ᠶ᠋ᠢ ᠴᠢᠩᠭᠠᠳᠭᠠᠨ᠂ ᠪᠣᠳᠠᠲᠤ ᠪᠠᠢᠯᠳᠤᠭᠠᠨ᠎ᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠍ ᠪᠠᠢᠨ᠎ᠠ᠃

ᠣᠯᠢᠮᠫᠢᠺ᠎ᠤᠨ ᠥᠭᠡᠷᠡᠴᠢᠯᠡᠯᠲᠡ᠎ᠶ᠋ᠢᠨ ᠰᠡᠳᠭᠢᠴᠡ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠶ ᠪᠠᠢᠭ᠎ᠠ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠡᠷᠭᠢᠯᠡᠬᠦ᠌ ᠣᠢᠯᠠᠭᠠᠭ᠍ᠳᠠᠬᠤᠨ᠂ ᠤᠯᠤᠰ᠎ᠤᠨ ᠴᠠᠰᠤᠨ ᠲᠡᠷᠭᠡ ᠴᠢᠷᠭ᠎ᠠ᠎ᠶ᠋ᠢᠨ ᠲᠥᠪ ᠪᠠ 《ᠮᠥᠰᠥᠨ ᠲᠣᠷᠭᠠᠨ ᠪᠦᠰᠡ》 ᠵᠡᠷᠭᠡ ᠲᠠᠯᠠᠪᠠᠶ ᠣᠷᠳᠣᠨ᠎ᠤ ᠪᠥᠲᠥᠭᠡᠨ ᠪᠠᠢᠭᠤᠯᠤᠯᠲᠠ᠎ᠳᠤ ᠢᠯᠡᠷᠡᠭᠦᠯᠦᠭ᠌ᠰᠡᠨ ᠲᠡᠷᠢᠭᠦᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠨᠡᠢᠰᠯᠡᠯ᠎ᠤᠨ ᠪᠣᠯᠣᠳ ᠲᠡᠮᠦᠷ᠎ᠤᠨ ᠠᠵᠤ ᠦᠢᠯᠡᠳᠪᠤᠷᠢ᠎ᠶ᠋ᠢᠨ ᠬᠠᠭᠤᠴᠢᠨ ᠲᠣᠭᠤᠷᠢᠭ᠎ᠤᠨ ᠥᠭᠡᠷᠡᠴᠢᠯᠡᠯᠲᠡ ᠪᠠ ᠶᠠᠨᠴᠢᠩ᠎ᠤᠨ ᠤᠷᠤᠯᠳᠤᠭᠠᠨ᠎ᠤ ᠲᠣᠭᠤᠷᠢᠭ᠎ᠢ 《ᠠᠭᠤᠯᠠ᠎ᠲᠠᠢ ᠣᠶ ᠱᠢᠭᠤᠶ᠎ᠲᠠᠢ ᠲᠠᠯᠠᠪᠤᠷ ᠣᠷᠳᠣᠨ》 ᠎ᠢ ᠪᠠᠢᠭᠤᠯᠬᠤ ᠤᠷᠴᠢᠨ ᠲᠤᠭᠤᠷᠢᠨ᠎ᠢ ᠬᠠᠮᠠᠭᠠᠯᠠᠬᠤ ᠲᠦᠰᠦᠯ ᠁

ᠶᠡᠷᠦᠩᠬᠡᠶ ᠱᠦᠵᠢ ᠰᠢ᠎ᠶ᠋ᠢᠨ ᠫᠢᠩ᠎ᠤᠨ ᠬᠠᠯᠠᠮᠵᠢᠯᠠᠯ ᠪᠠ ᠠᠬᠢᠭᠤᠯᠤᠯ ᠳᠤᠤᠷ᠎ᠠ᠂ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠪᠡᠯᠡᠳᠭᠡᠯ ᠠᠵᠢᠯ᠎ᠤᠨ ᠶᠠᠪᠤᠴᠠ ᠪᠣᠯ ᠳᠤᠮᠳᠠᠳᠤ ᠤᠯᠤᠰ ᠠᠮᠠᠯᠠᠯᠲᠠ᠎ᠪᠠᠨ ᠪᠡᠶᠡᠯᠡᠭᠦᠯᠵᠦ᠍᠂ ᠥᠪᠡᠷ᠎ᠢ᠎ᠪᠠᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠲᠦᠷᠭᠡᠨ ᠬᠥᠭ᠌ᠵᠢᠭ᠌ᠰᠡᠨ ᠶᠠᠪᠤᠴᠠ ᠪᠣᠯᠬᠤ ᠪᠥᠭᠡᠳ ᠨᠠᠩ ᠴᠤ᠌ ᠳᠡᠯᠡᠬᠡᠶ ᠳ᠋ᠠᠬᠢᠨ᠎ᠳᠤ ᠳᠤᠮᠳᠠᠳᠤ ᠤᠯᠤᠰ᠎ᠤᠨ ᠲᠥᠰᠦᠯ᠂ ᠳᠤᠮᠳᠠᠳᠤ ᠤᠯᠤᠰ᠎ᠤᠨ ᠣᠶᠤᠨ ᠤᠬᠠᠭᠠᠨ᠂ ᠳᠤᠮᠳᠠᠳᠤ ᠤᠯᠤᠰ᠎ᠤᠨ ᠬᠤᠪᠢ ᠨᠡᠮᠡᠷᠢ ᠦᠵᠡᠭᠦᠯᠬᠦ᠌ ᠶᠠᠪᠤᠴᠠ ᠮᠥᠨ᠃


1127865545_16317142216941n.jpg

1127865545_16317142217831n.jpg

 

ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠤᠨ ᠰᠠᠭᠤᠷᠢ᠎ᠨᠢ ᠤᠯᠠᠨ ᠲᠦᠮᠡᠨ᠎ᠤ ᠪᠡᠶ᠎ᠡ᠎ᠶ᠋ᠢᠨ ᠲᠠᠮᠢᠷ᠎ᠲᠤ ᠪᠤᠢ


ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ ᠱᠠᠨᠰᠢ᠎ᠶ᠋ᠢᠨ ᠰᠢ ᠠᠨ᠎ᠳᠤ ᠡᠬᠢᠯᠡᠬᠦ᠌ ᠪᠤᠯᠤᠨ᠎ᠠ᠃ 《ᠪᠦᠬᠦ᠌ ᠠᠷᠠᠳ᠎ᠤᠨ ᠲᠠᠮᠢᠷ᠎ᠤᠨ ᠴᠤᠭ᠍ᠯᠠᠭᠠᠠ᠂ ᠰᠡᠳᠭᠢᠯ᠎ᠢᠶᠠᠨ ᠨᠢᠭᠡᠳᠭᠡᠵᠦ᠍ ᠠᠵᠢᠯᠯᠠᠭ᠎ᠠ᠎ᠪᠠᠨ ᠨᠢᠭᠡᠳᠭᠡᠨ᠎ᠠ》᠂ ᠡᠨᠡ ᠪᠣᠯ ᠲᠤᠰ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠭᠤᠣᠯ ᠰᠡᠳᠦᠪᠲᠦ ᠤᠷᠢᠶ᠎ᠠ ᠪᠣᠯᠤᠨ᠎ᠠ᠃ ᠣᠳᠣ᠎ᠶ᠋ᠢᠨ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠨᠢ ᠲᠤᠰᠭᠠᠶ ᠲᠠᠮᠢᠷᠴᠢᠨ᠎ᠤ ᠤᠷᠤᠯᠳᠤᠭᠠᠨ᠎ᠤ ᠦᠪᠡᠳᠡᠭ᠌ᠰᠢ ᠴᠤᠭ᠍ᠯᠠᠭᠠᠨ ᠪᠣᠯᠬᠤ᠎ᠪᠠᠷ ᠪᠠᠷᠠᠬᠤ ᠦᠭᠡᠢ᠂ ᠪᠠᠰᠠ ᠴᠤ᠌ ᠣᠯᠠᠨ ᠲᠦᠮᠡᠨ᠎ᠤ ᠳᠤᠷ᠎ᠠ ᠪᠠᠭ᠍ᠠᠲᠠᠶ ᠬᠥᠮᠦᠰ᠎ᠤᠨ ᠥᠪᠡᠷ᠎ᠢ᠎ᠪᠠᠨ ᠢᠯᠡᠷᠡᠭᠦᠯᠬᠦ᠌ ᠶᠡᠭᠡ ᠲᠠᠪᠴᠠᠩ ᠪᠣᠯᠤᠨ᠎ᠠ᠃

ᠬᠤᠪᠢᠰᠭᠠᠯ᠎ᠤᠨ ᠭᠤᠯᠤᠮᠳᠠ ᠶᠠᠨ ᠠᠨ᠎ᠳᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠤ ᠱᠢᠨ᠎ᠡ᠎ᠪᠠᠷ ᠪᠠᠢᠭᠤᠯᠤᠭ᠍ᠰᠠᠨ ᠲᠠᠯᠠᠪᠤᠷ ᠣᠷᠳᠣᠨ᠎ᠤ ᠳᠣᠲᠣᠷᠠᠬᠢ ᠴᠤᠷ᠎ᠤᠨ ᠭᠠᠭ᠍ᠴᠠ 《ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ》 ᠭᠡᠬᠦ᠌ ᠨᠡᠷ᠎ᠠ᠎ᠪᠠᠷ ᠨᠡᠷᠡᠢᠳᠦᠭ᠌ᠳᠡᠭ᠌ᠰᠡᠨ ᠶᠠᠨ ᠠᠨ᠎ᠤ ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠬᠥᠳᠡᠯᠭᠡᠭᠡᠨ᠎ᠤ ᠲᠥᠪ᠎ᠤᠨ ᠭᠠᠳᠠᠨ᠎ᠠ᠂ ᠪᠥᠵᠢᠭ᠌ᠴᠢᠨ ᠦ᠋ ᠶᠠᠨ ᠶᠠᠭ ᠲᠤᠬᠠᠢ᠎ᠶ᠋ᠢᠨ ᠭᠠᠵᠠᠷ᠎ᠤᠨ ᠪᠡᠶ᠎ᠡ ᠴᠢᠭᠢᠷᠠᠭ᠍ᠵᠢᠭᠤᠯᠬᠤ ᠡᠩᠨᠡᠭᠡ᠎ᠶ᠋ᠢ ᠳᠠᠭᠠᠭᠤᠯᠤᠨ ᠱᠠᠨᠰᠢ᠎ᠶ᠋ᠢᠨ ᠬᠤᠢᠲᠤ ᠬᠡᠰᠡᠭ᠎ᠤᠨ ᠪᠡᠶ᠎ᠡ ᠴᠢᠭᠢᠷᠠᠭ᠍ᠵᠢᠭᠤᠯᠬᠤ ᠪᠥᠮᠪᠥᠷ᠂ ᠶᠠᠩᠭᠠᠷ ᠪᠥᠵᠢᠭ᠌ᠯᠡᠪᠡ᠃ 8 ᠰᠠᠷ᠎ᠠ᠎ᠶ᠋ᠢᠨ ᠰᠡᠭᠦᠯᠴᠢ᠎ᠪᠠᠷ ᠲᠡᠭᠦᠰᠦᠭ᠌ᠰᠡᠨ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠤᠯᠠᠨ ᠲᠦᠮᠡᠨ᠎ᠤ ᠤᠷᠤᠯᠳᠤᠭᠠᠨ᠎ᠤ ᠲᠦᠷᠦᠯ ᠵᠦᠢᠯ᠎ᠤᠨ ᠠᠭᠤᠳᠠᠮ ᠲᠠᠯᠠᠪᠠᠢ᠎ᠶ᠋ᠢᠨ ᠪᠥᠵᠢᠭ᠎ᠤᠨ ᠤᠷᠤᠯᠳᠤᠭᠠᠨ᠎ᠳᠤ᠂ ᠲᠡᠭᠦᠨ᠎ᠤ ᠵᠢᠯᠣᠭᠤᠳᠤᠭ᠍ᠰᠠᠨ ᠬᠤᠶᠠᠷ ᠡᠩᠨᠡᠭᠡ ᠲᠤᠰ ᠲᠤᠰ ᠠᠵᠤ ᠠᠬᠤᠢᠯᠠᠯ ᠠᠵᠢᠯ ᠦᠢᠯᠡᠰ᠎ᠤᠨ ᠨᠢᠭᠡᠴᠢ᠎ᠶ᠋ᠢᠨ ᠳᠤᠭᠤᠢᠯᠠᠩ᠎ᠤᠨ ᠨᠢᠭᠡᠳᠦᠭᠡᠷ ᠳᠡᠰ᠎ᠤᠨ ᠱᠠᠩᠨᠠᠯ ᠪᠣᠯᠤᠨ ᠬᠥᠳᠡᠭᠡ ᠲᠣᠰᠭᠤᠨ᠎ᠤ ᠱᠢᠶᠠᠩ ᠪᠠᠯᠭᠠᠰᠤᠨ᠎ᠤ ᠳᠤᠭᠤᠢᠯᠠᠩ᠎ᠤᠨ ᠭᠤᠷᠪᠠᠳᠤᠭᠠᠷ ᠳᠡᠰ᠎ᠤᠨ ᠱᠠᠩᠨᠠᠯ ᠬᠦᠷᠳᠡᠪᠡ᠃


1127865545_16317142218701n.jpg

1127865545_16317142218271n.jpg


《ᠬᠤᠪᠢᠰᠭᠠᠯ᠎ᠤᠨ ᠦᠶ᠎ᠡ᠎ᠳᠤ ᠱᠠᠨᠰᠢ᠎ᠶ᠋ᠢᠨ ᠬᠤᠢᠲᠤ ᠬᠡᠰᠡᠭ᠎ᠤᠨ ᠶᠠᠩᠭᠠᠷ ᠪᠥᠵᠢᠭ ᠪᠣᠯᠤᠨ ᠪᠥᠮᠪᠥᠷ ᠪᠥᠵᠢᠭ ᠶᠠᠨ ᠠᠨ᠎ᠠᠴᠠ ᠪᠦᠬᠦ᠌ ᠳᠤᠮᠳᠠᠳᠤ ᠤᠯᠤᠰ᠎ᠲᠤ ᠬᠦᠷᠪᠠ᠂ ᠤᠳᠤ ᠪᠢᠳᠠᠡ᠎ᠤ ᠵᠣᠬᠢᠶᠠᠨ ᠪᠦᠲᠦᠭᠡᠬᠦ᠌᠎ᠳᠤ ᠣᠷᠣᠯᠴᠠᠵᠤ ᠪᠠᠢᠭ᠎ᠠ ᠪᠥᠮᠪᠥᠷ ᠪᠥᠵᠢᠭ᠎ᠨᠢ ᠪᠠᠰᠠ ᠡᠷᠡᠭᠦᠯ ᠴᠢᠬᠢᠷᠠᠭ᠎ᠢ ᠡᠭᠡᠯ ᠠᠷᠠᠳ᠎ᠤᠨ ᠭᠡᠷ᠎ᠤᠨ ᠡᠭᠦᠳᠡᠨ᠎ᠳᠤ ᠬᠦᠷᠭᠡᠵᠠᠢ》 ᠭᠡᠵᠦ᠍ ᠡᠦ ᠶᠠᠨ ᠬᠡᠯᠡᠨ᠎ᠠ᠃

《ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠢ ᠬᠥᠭ᠌ᠵᠢᠭᠦᠯᠵᠦ᠍᠂ ᠠᠷᠠᠳ ᠲᠦᠮᠡᠨ᠎ᠤ ᠪᠡᠶ᠎ᠡ ᠮᠠᠬᠠᠪᠣᠳ᠎ᠢ ᠴᠢᠭᠢᠷᠠᠭ᠍ᠵᠢᠭᠤᠯᠬᠤ》 ᠪᠣᠯ ᠮᠠᠨ᠎ᠤ ᠤᠯᠤᠰ᠎ᠤᠨ ᠪᠡᠶ᠎ᠡ᠎ᠶ᠋ᠢᠨ ᠲᠠᠮᠢᠷ᠎ᠤᠨ ᠠᠵᠢᠯ᠎ᠤᠨ ᠦᠨᠳᠦᠰᠦᠨ ᠴᠢᠭ᠌ᠯᠡᠯᠲᠡ ᠪᠠ ᠡᠭᠦᠷᠭᠡ ᠮᠥᠨ᠃ ᠶᠡᠷᠦᠩᠬᠡᠢ ᠱᠦᠵᠢ ᠰᠢ᠎ᠶ᠋ᠢᠨ ᠫᠢᠩ᠂ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠤᠨ ᠰᠠᠭᠤᠷᠢ᠎ᠨᠢ ᠤᠯᠠᠨ ᠲᠦᠮᠡᠨ᠎ᠤ ᠪᠡᠶ᠎ᠡ᠎ᠶ᠋ᠢᠨ ᠲᠠᠮᠢᠷ᠎ᠲᠤ ᠪᠤᠢ ᠭᠡᠵᠦ᠍ ᠴᠢᠨᠠᠭ᠍ᠰᠢᠲᠠ ᠵᠢᠭᠠᠵᠦ᠍ ᠭᠠᠷᠭᠠᠭ᠍ᠰᠠᠠ ᠪᠠᠢᠨ᠎ᠠ᠃

ᠲᠤᠭ᠎ᠠ ᠲᠣᠮᠰᠢ ᠦᠭᠡᠢ ᠪᠡᠶ᠎ᠡ ᠮᠠᠬᠠᠪᠣᠳ᠎ᠢᠶᠠᠨ ᠴᠢᠭᠢᠷᠠᠭ᠍ᠵᠢᠭᠤᠯᠬᠤ ᠳᠤᠷᠠᠲᠠᠢ ᠳᠤᠮᠳᠠᠳᠤᠴᠤᠳ ᠪᠦᠷ ᠪᠡᠶ᠎ᠠ᠎ᠪᠠᠷ᠎ᠢᠶᠠᠨ ᠬᠤᠪᠢᠷᠠᠯᠲᠠ᠎ᠶ᠋ᠢ ᠮᠡᠲᠡᠷᠡᠵᠦ᠍ ᠪᠤᠢ᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠬᠥᠳᠡᠯᠭᠡᠭᠡᠨ ᠤᠷᠢᠳ ᠡᠮᠦᠨ᠎ᠡ ᠪᠠᠢᠭ᠎ᠠ ᠦᠭᠡᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠭ᠍ᠳᠠᠪᠠ —

2012 ᠣᠨ᠎ᠳᠤ᠂ 《ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠬᠥᠳᠡᠯᠭᠡᠭᠡᠨ᠎ᠢ ᠥᠷᠭᠡᠨ ᠳᠡᠯᠭᠡᠷ ᠥᠷᠨᠢᠭᠦᠯᠬᠦ᠌》 ᠎ᠶ᠋ᠢ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠤᠨ ᠢᠯᠡᠳᠭᠡᠯ᠎ᠳᠤ ᠪᠢᠴᠢᠵᠦ᠍ ᠣᠷᠣᠭᠤᠯᠪᠠ᠃

2014 ᠣᠨ᠎ᠳᠤ᠂ ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠠᠵᠢᠯᠯᠠᠭ᠎ᠠ᠎ᠶ᠋ᠢ ᠵᠢᠩᠬᠢᠨᠢ᠎ᠪᠠᠷ ᠤᠯᠤᠰ᠎ᠤᠨ ᠪᠠᠢᠯᠳᠤᠬᠤ ᠪᠤᠳᠤᠯᠭ᠎ᠠ ᠪᠣᠯᠭᠠᠨ ᠳᠡᠭᠡᠭ᠌ᠰᠢᠯᠡᠭᠦᠯᠪᠡ᠃

2016 ᠣᠨ᠎ᠳᠤ᠂ 《ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠲᠥᠯᠥᠪᠯᠡᠭᠡ (2016 — 2020 ᠤᠨ)》 ᠎ᠶ᠋ᠢ ᠵᠢᠩᠬᠢᠨᠢ᠎ᠪᠠᠷ ᠳᠠᠷᠤᠮᠠᠯᠯᠠᠨ ᠲᠠᠷᠬᠠᠭᠠᠪᠠ᠃

2017 ᠣᠨ᠎ᠳᠤ᠂ ᠤᠯᠠᠨ ᠲᠦᠮᠡᠨ᠎ᠤ ᠤᠷᠤᠯᠳᠤᠭᠠᠨ᠎ᠤ ᠲᠦᠷᠦᠯ ᠵᠦᠢᠯ᠎ᠨᠢ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ ᠳᠡᠭᠡᠷ᠎ᠡ ᠠᠩᠬ᠎ᠠ ᠤᠳᠠᠭ᠎ᠠ ᠢᠯᠡᠷᠡᠪᠡ᠃

ᠲᠤᠰ ᠵᠢᠯ᠎ᠳᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠠᠴᠠ 《ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠠᠵᠢᠯᠯᠠᠭ᠎ᠠ᠎ᠶ᠋ᠢ ᠥᠷᠭᠡᠨ᠎ᠢᠶᠠᠷ ᠥᠷᠨᠢᠭᠦᠯᠵᠦ᠍᠂ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢ ᠲᠦᠷᠬᠡᠨ ᠠᠬᠢᠭᠤᠯᠬᠤ》 ᠬᠠᠷᠠᠯᠲᠠ᠎ᠶ᠋ᠢ ᠲᠣᠳᠣᠷᠬᠠᠢ ᠳᠤᠷᠠᠳᠪᠠ ᠁

2021 ᠣᠨ᠎ᠳᠤ᠂ 《ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠲᠥᠯᠥᠪᠯᠡᠭᠡ (2021 — 2025 ᠤᠨ) ᠎ᠶ᠋ᠢ ᠵᠢᠩᠬᠢᠨᠢ᠎ᠪᠠᠷ ᠳᠠᠷᠤᠮᠠᠯᠯᠠᠨ ᠲᠠᠷᠬᠠᠭᠠᠪᠠ᠃

ᠠᠯᠢ ᠤᠯᠠᠨ ᠴᠢᠬᠤᠯᠠ ᠪᠢᠴᠢᠭ ᠮᠠᠲ᠋ᠧᠷᠢᠶᠠᠯ ᠪᠠ ᠠᠷᠭ᠎ᠠ ᠬᠡᠮᠵᠢᠶ᠎ᠡ ᠤᠳᠠᠭ᠎ᠠ ᠳᠠᠷᠠᠭᠠᠯᠠᠨ ᠨᠡᠢᠲᠡᠯᠡᠭ᠌ᠳᠡᠭ᠌ᠰᠡᠨ᠎ᠨᠢ ᠠᠷᠠᠳ ᠲᠦᠮᠡᠨ᠎ᠢᠶᠠᠷ ᠭᠤᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠲᠤᠰᠭᠠᠭ᠍ᠰᠠᠠ ᠪᠠᠢᠨ᠎ᠠ᠃

ᠡᠲᠡᠭᠡᠷ ᠵᠢᠯ᠎ᠤᠳ᠎ᠲᠤ᠌᠂ ᠣᠯᠠᠨ ᠲᠦᠮᠡᠨ᠎ᠤ ᠪᠡᠶ᠎ᠡ ᠴᠢᠭᠢᠷᠠᠭ᠍ᠵᠢᠭᠤᠯᠬᠤ ᠬᠦᠰᠡᠯ ᠤᠯᠠᠮ᠎ᠠᠴᠠ ᠤᠯᠠᠮ ᠴᠢᠩᠭᠠᠷᠠᠪᠠ᠃ ᠰᠢ ᠠᠨ᠎ᠤ ᠳ᠋ᠢᠶᠤᠤ ᠵᠢᠶᠠ ᠲᠣᠰᠭᠤᠨ᠎ᠳᠤ᠂ ᠭᠠᠪᠢᠷ᠎ᠠ ᠴᠡᠴᠡᠭ᠎ᠤᠨ ᠠᠩᠬᠢᠯᠤᠮ᠎ᠠ ᠦᠨᠦᠷ ᠬᠠᠩᠬᠤᠯᠤᠭ᠍ᠰᠠᠨ ᠬᠦᠷᠢᠶᠡᠨ᠎ᠳᠡᠭᠡᠨ᠂ 1959 ᠣᠨ᠎ᠤ ᠠᠩᠬᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠮᠣᠲ᠋ᠣᠷᠲᠤ ᠣᠩᠭᠤᠴᠠᠨ᠎ᠤ ᠤᠷᠤᠯᠳᠤᠭᠠᠨ᠎ᠳᠤ ᠣᠷᠣᠯᠴᠠᠵᠤ ᠥᠩᠭᠡᠷᠡᠭ᠌ᠰᠡᠨ ᠵᠠᠩ ᡁᠢ ᠵᠦᠩ ᠠᠷᠪᠠᠨ ᠬᠡᠳᠦᠨ ᠨᠠᠰᠤᠲᠠᠨ᠎ᠢ ᠳᠠᠭᠠᠭᠤᠯᠤᠨ ᠪᠡᠶ᠎ᠡ ᠴᠢᠭᠢᠷᠠᠭ᠍ᠵᠢᠭᠤᠯᠬᠤ ᠠᠮᠢᠰᠭᠤᠯ᠎ᠤᠨ ᠲᠠᠮᠢᠷ ᠪᠣᠯᠪᠠᠰᠤᠷᠠᠵᠤ᠂ ᠡᠨᠡ ᠬᠦ᠌ ᠪᠤᠯᠪᠠᠰᠤᠷᠠᠯ᠎ᠢᠶᠠᠨ ᠤᠯᠠᠨ ᠵᠢᠯ᠎ᠤᠨ ᠲᠤᠷᠰᠢ ᠪᠠᠷᠤᠭ ᠯᠠ ᠰᠠᠯᠬᠢ ᠪᠣᠷᠣᠭᠠᠨ᠎ᠳᠤ ᠴᠦ᠍ ᠰᠠᠭᠠᠳᠠᠯ ᠦᠭᠡᠢ ᠬᠢᠭ᠌ᠰᠡᠭᠡᠷ ᠢᠷᠡᠵᠡᠢ᠃ 《ᠪᠢ ᠪᠣᠯ ᠤᠷᠤᠯᠳᠤᠭᠠᠨ᠎ᠤ ᠪᠡᠶ᠎ᠡ᠎ᠶ᠋ᠢᠨ ᠲᠠᠮᠢᠷ ᠪᠣᠯᠪᠠᠰᠤᠷᠠᠳᠠᠭ ᠬᠥᠮᠦᠨ ᠶᠤᠮ᠂ ᠠᠵᠢᠯ᠎ᠠᠴᠠ᠎ᠪᠠᠨ ᠠᠮᠠᠷᠠᠭ᠍ᠰᠠᠨ᠎ᠤ ᠳᠠᠷᠠᠭ᠎ᠠ ᠪᠡᠶ᠎ᠡ ᠴᠢᠭᠢᠷᠠᠭ᠍ᠵᠢᠭᠤᠯᠬᠤ ᠳᠠᠳᠭᠠᠯ᠎ᠢᠶᠠᠨ ᠬᠦᠷᠢᠶᠡᠨ᠎ᠤ᠎ᠪᠠᠨ ᠤᠯᠠᠨ ᠲᠦᠮᠡᠨ᠎ᠳᠤ ᠬᠤᠪᠢᠶᠠᠯᠴᠠᠵᠤ᠂ ᠣᠯᠠᠨ᠎ᠢᠶᠠᠷ᠎ᠢᠶᠠᠨ ᠬᠠᠮᠲᠤ᠎ᠪᠠᠷ ᠡᠷᠡᠭᠦᠯ ᠮᠡᠨᠳᠦ ᠲᠡᠢᠰᠢ ᠤᠷᠤᠭ᠍ᠰᠢᠯᠠᠬᠤ᠎ᠶ᠋ᠢ ᠬᠦᠰᠡᠵᠦ᠍ ᠪᠠᠢᠨ᠎ᠠ》 ᠭᠡᠵᠦ᠍ ᠡᠨᠡ ᠵᠢᠯ 82 ᠨᠠᠰᠤᠲᠠᠢ ᠲᠡᠷᠡ ᠬᠡᠯᠡᠨ᠎ᠠ᠃

2021 ᠳᠤᠮᠳᠠᠳᠤ ᠤᠯᠤᠰ᠎ᠤᠨ ᠣᠯᠠᠨ ᠤᠯᠤᠰ᠎ᠤᠨ ᠪᠡᠶ᠎ᠡ᠎ᠶ᠋ᠢᠨ ᠲᠠᠮᠢᠷ᠎ᠤᠨ ᠬᠡᠷᠡᠭ᠌ᠰᠡᠯ᠎ᠤᠨ ᠦᠵᠡᠰᠭᠦᠯᠡᠩ ᠳᠡᠭᠡᠷ᠎ᠡ᠂ ᠵᠢᠷᠦᠬᠡᠨ ᠴᠣᠬᠢᠯᠭ᠎ᠠ᠎ᠶ᠋ᠢ ᠬᠡᠮᠵᠢᠵᠦ᠍ ᠴᠢᠳᠠᠬᠤ ᠦᠰᠦᠷᠬᠦ᠌ ᠳᠡᠭᠡᠰᠦ᠂ ᠪᠡᠶ᠎ᠡ᠎ᠶ᠋ᠢᠨ ᠲᠠᠮᠢᠷ᠎ᠤᠨ ᠬᠢᠴᠢᠶᠡᠯ ᠰᠤᠷᠤᠯᠴᠠᠵᠦ᠍ ᠪᠤᠯᠳᠠᠭ 《ᠲᠣᠯᠢ》 ᠵᠡᠷᠭᠡ ᠨᠢᠭᠡ ᠪᠦᠯᠦᠭ ᠪᠥᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠳᠡᠭᠡᠳᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠵᠢᠵᠢᠭ ᠵᠦᠢᠯᠡᠰ ᠬᠥᠮᠦᠰ᠎ᠤᠨ ᠠᠩᠬᠠᠷᠤᠯ᠎ᠢ ᠶᠡᠬᠡᠳᠡ ᠲᠠᠲᠠᠪᠠ᠂ ᠳᠤᠮᠳᠠᠳᠤ ᠤᠯᠤᠰ᠎ᠤᠨ ᠪᠡᠶ᠎ᠡ᠎ᠶ᠋ᠢᠨ ᠲᠠᠮᠢᠷ᠎ᠤᠨ ᠬᠡᠷᠡᠭ᠌ᠰᠡᠯ᠎ᠤᠨ ᠦᠢᠯᠡᠰ᠎ᠤᠨ ᠬᠤᠯᠪᠣᠭᠠᠲᠤ ᠬᠤᠷᠠᠯ᠎ᠠᠴᠠ ᠨᠡᠢᠲᠡᠯᠡᠭ᠌ᠰᠡᠨ 《2021 ᠣᠨ᠎ᠤ ᠣᠯᠠᠨ ᠲᠦᠮᠡᠨ᠎ᠤ ᠪᠡᠶ᠎ᠡ ᠴᠢᠭᠢᠷᠠᠭ᠍ᠵᠢᠭᠤᠯᠬᠤ ᠦᠢᠯᠡ ᠠᠵᠢᠯᠯᠠᠭ᠎ᠠ ᠪᠠ ᠬᠡᠷᠡᠭ᠌ᠯᠡᠭᠡᠨ᠎ᠤ ᠰᠤᠳᠤᠯᠭᠠᠨ᠎ᠤ ᠮᠡᠳᠡᠭᠦᠯᠦᠯᠲᠡ》 ᠎ᠳᠤ ᠬᠠᠷᠠᠭᠤᠯᠤᠭ᠍ᠰᠠᠨ᠎ᠢᠶᠠᠷ᠂ ᠣᠯᠠᠨ ᠲᠦᠮᠡᠨ᠎ᠤ ᠪᠡᠶ᠎ᠡ ᠴᠢᠭᠢᠷᠠᠭ᠍ᠵᠢᠭᠤᠯᠬᠤ ᠲᠤᠬᠠᠶ ᠲᠠᠨᠢᠯᠲᠠ ᠠᠯᠬᠤᠮ ᠠᠯᠬᠤᠮ᠎ᠢᠶᠠᠷ ᠭᠦᠨᠵᠡᠭᠡᠢᠷᠡᠵᠦ᠍᠂ 87% ᠎ᠶ᠋ᠢᠨ ᠣᠯᠠᠨ ᠲᠦᠮᠡᠨ᠎ᠤ ᠪᠡᠶ᠎ᠡ ᠴᠢᠭᠢᠷᠠᠭ᠍ᠵᠢᠭᠤᠯᠬᠤ ᠬᠥᠮᠦᠰ ᠤᠳᠠᠭ᠎ᠠ ᠪᠦᠷᠢ 0.5—2 ᠴᠠᠭ ᠪᠣᠯᠪᠠᠰᠤᠷᠠᠳᠠᠭ ᠪᠠᠢᠨ᠎ᠠ᠃

ᠶᠡᠷᠦᠩᠬᠡᠶ ᠱᠦᠵᠢ ᠰᠢ᠎ᠶ᠋ᠢᠨ ᠫᠢᠩ᠎ᠤᠨ ᠬᠠᠯᠠᠮᠵᠢᠯᠠᠯ ᠳᠤᠤᠷ᠎ᠠ᠂ ᠣᠯᠠᠨ ᠲᠦᠮᠡᠨ᠎ᠤ ᠪᠡᠶ᠎ᠠ ᠪᠤᠯᠪᠠᠰᠤᠷᠠᠭᠤᠯᠬᠤ ᠬᠠᠲᠠᠭᠤ ᠲᠣᠨᠤᠭ᠎ᠤᠨ ᠲᠥᠬᠦᠭᠡᠷᠦᠮᠵᠢ ᠪᠠ ᠵᠥᠭᠡᠯᠡᠨ ᠲᠣᠨᠤᠭ᠎ᠤᠨ ᠦᠢᠯᠡᠴᠢᠯᠡᠭᠡᠨ᠎ᠤ ᠬᠢᠷᠢ ᠲᠦᠪᠱᠢᠨ ᠴᠦ᠍ ᠳᠡᠭᠡᠭ᠌ᠰᠢᠯᠡᠵᠦ᠍ ᠪᠠᠢᠨ᠎ᠠ᠃ 2020 ᠣᠨ᠎ᠤ ᠰᠡᠬᠦᠯᠴᠢ ᠪᠣᠯᠲᠠᠯ᠎ᠠ᠂ ᠪᠥᠬᠦ᠌ ᠤᠯᠤᠰ᠎ᠲᠤ ᠨᠡᠢᠲᠡ 371.3 ᠲᠦᠮᠡᠨ ᠪᠡᠶ᠎ᠡ᠎ᠶ᠋ᠢᠨ ᠲᠠᠮᠢᠷ᠎ᠤᠨ ᠲᠠᠯᠠᠪᠠᠶ᠎ᠲᠠᠢ ᠪᠤᠯᠵᠦ᠍᠂ ᠶᠡᠷᠦᠩᠭᠡᠢ ᠲᠠᠯᠠᠪᠠᠶ 31 ᠳ᠋ᠦᠩᠱᠢᠭᠤᠷ ᠲᠡᠭ᠌ᠰᠢ ᠳᠥᠷᠪᠡᠯᠵᠢᠨ ᠮᠧᠲᠷ᠎ᠲᠤ ᠬᠦᠷᠴᠦ᠍᠂ ᠣᠯᠠᠨ ᠲᠦᠮᠡᠨ᠎ᠤ ᠬᠠᠮᠤᠭ᠎ᠠᠴᠠ ᠠᠩᠬᠠᠷᠴᠤ᠌ ᠪᠠᠢᠭ᠎ᠠ 《ᠬᠠᠮᠢᠭ᠎ᠠ ᠣᠴᠢᠵᠤ ᠪᠡᠶ᠎ᠡ ᠴᠢᠭᠢᠷᠠᠭ᠍ᠵᠢᠭᠤᠯᠬᠤ》 ᠬᠦᠴᠢᠷ ᠠᠰᠠᠭᠤᠳᠠᠯ ᠶᠠᠭ ᠱᠢᠢᠳᠪᠦᠷᠢᠯᠡᠭ᠌ᠳᠡᠵᠦ᠍ ᠪᠠᠢᠨ᠎ᠠ᠃


1127865545_16317142219081n.jpg

1127865545_16317142219491n.jpg


ᠱᠠᠩᠬᠠᠶ᠎ᠳᠤ᠂ 659 ᠳᠤᠮᠳᠠᠳᠤ ᠪᠠᠭ᠎ᠠ ᠰᠤᠷᠭᠠᠭᠤᠯᠢ ᠵᠤᠨ᠎ᠤ ᠠᠮᠠᠷᠠᠯᠲᠠ᠎ᠶ᠋ᠢᠨ ᠬᠤᠭᠤᠴᠠᠭᠠᠨ᠎ᠳᠤ ᠭᠤᠷᠪᠠᠳᠠᠬᠢ ᠡᠲᠡᠭᠡᠳ᠎ᠢᠶᠠᠷ ᠠᠵᠢᠯᠯᠠᠭᠤᠯᠬᠤ᠂ ᠵᠡᠭᠡᠯᠢ ᠭᠤᠳᠤᠮᠵᠢ᠎ᠪᠠᠷ ᠲᠦᠷᠦᠭᠦᠯᠡᠭᠦᠯᠦᠨ ᠬᠡᠷᠡᠭ᠌ᠵᠢᠭᠦᠯᠬᠦ᠂ ᠲᠣᠭᠤᠷᠢᠭ᠎ᠤᠨ ᠰᠤᠷᠭᠠᠨ ᠬᠥᠮᠦᠵᠢᠯ᠎ᠤᠨ ᠲᠣᠪᠴᠢᠶ᠎ᠠ ᠪᠣᠯᠤᠨ ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠱᠢᠭᠤᠳ ᠬᠡᠷᠡᠭ᠌ᠵᠢᠭᠦᠯᠬᠦ᠌ ᠵᠡᠷᠭᠡ ᠠᠷᠭ᠎ᠠ ᠬᠡᠯᠪᠡᠷᠢ᠎ᠪᠠᠷ ᠨᠡᠢᠭᠡᠮ ᠲᠣᠭᠤᠷᠢᠭ᠎ᠤᠨ ᠰᠠᠭᠤᠭᠠᠯᠢ ᠠᠷᠠᠳ᠎ᠲᠤ ᠲᠥᠯᠥᠪᠦᠷᠢ ᠦᠭᠡᠶ᠎ᠪᠠᠷ ᠡᠭᠦᠳᠡ᠎ᠪᠠᠨ ᠨᠡᠭᠡᠭᠡᠵᠦ᠍᠂ ᠳᠤᠮᠳᠠᠴᠢ᠎ᠪᠠᠷ ᠡᠭᠦᠳᠡ᠎ᠪᠠᠨ 4— 6 ᠴᠠᠭ ᠨᠡᠭᠡᠭᠡᠪᠡ ᠁

ᠪᠥᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ᠎ᠶ᠋ᠢᠨ ᠠᠭᠤᠯᠤᠭ᠍ᠳᠠᠬᠤᠨ ᠪᠠ ᠬᠡᠪᠴᠢᠶ᠎ᠠ᠎ᠶ᠋ᠢ ᠥᠷᠭᠡᠳᠭᠡᠬᠦ᠌᠎ᠳᠤ᠂ 《ᠬᠠᠲᠠᠭᠤ ᠲᠣᠨᠤᠭ》 ᠎ᠤᠨ ᠬᠠᠩᠭᠠᠯᠭ᠎ᠠ ᠪᠠᠢᠬᠤ᠎ᠪᠠᠷ ᠪᠠᠷᠠᠬᠤ ᠥᠬᠡᠶ᠂ 《ᠵᠥᠭᠡᠯᠡᠨ ᠲᠣᠨᠤᠭ》 ᠎ᠤᠨ ᠦᠢᠯᠡᠴᠢᠯᠡᠭᠡ᠎ᠶ᠋ᠢ ᠴᠦ᠍ ᠳᠠᠭᠠᠵᠤ ᠠᠮᠵᠢᠭᠤᠯᠬᠤ ᠬᠡᠷᠡᠭ᠌ᠲᠡᠶ᠃ ᠡᠳᠦᠭᠡ᠂ ᠵᠠᠰᠠᠭ᠎ᠤᠨ ᠣᠷᠳᠣᠨ᠎ᠠᠴᠠ ᠭᠤᠣᠯᠯᠠᠨ ᠤᠳᠤᠷᠢᠳᠴᠤ᠌᠂ ᠤᠯᠠᠨ ᠰᠠᠯᠠᠭ᠎ᠠ ᠮᠥᠴᠢᠷ ᠬᠠᠮᠵᠢᠯᠴᠠᠵᠤ᠂ ᠪᠦᠬᠦ᠌ ᠨᠡᠢᠭᠡᠮ᠎ᠢᠶᠠᠷ᠎ᠢᠶᠠᠨ ᠣᠷᠣᠯᠴᠠᠵᠤ᠂ ᠪᠦᠬᠦ᠌ ᠠᠷᠠᠳ᠎ᠢᠶᠠᠷ᠎ᠢᠶᠠᠨ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌ 《ᠶᠡᠭᠡ ᠪᠦᠯᠦᠭ᠌ᠵᠢᠯ》 ᠎ᠤᠨ ᠪᠠᠢᠷᠢᠱᠢᠯ ᠨᠢᠭᠡᠨᠲᠡ ᠠᠩᠬ᠎ᠠ ᠠᠯᠬᠤᠮ ᠪᠦᠷᠢᠯᠳᠦᠵᠦ᠍᠂ ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠤᠯᠠᠨ ᠨᠡᠢᠲᠡ᠎ᠶ᠋ᠢᠨ ᠦᠢᠯᠡᠴᠢᠯᠡᠭᠡᠨ᠎ᠤ ᠱᠢᠰᠲ᠋ᠧᠮ᠎ᠤᠨ ᠪᠠᠢᠭᠤᠯᠤᠯᠲᠠ ᠡᠳᠦᠷ᠎ᠠᠴᠠ ᠡᠳᠦᠷ ᠱᠢᠨᠡᠳᠴᠦ᠍᠂ ᠤᠯᠠᠨ ᠲᠦᠮᠡᠨ᠎ᠤ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠤ ᠠᠵᠢᠯᠯᠠᠭ᠎ᠠ ᠲᠠᠰᠤᠷᠠᠯᠳᠡ ᠦᠭᠡᠢ ᠬᠠᠭᠤᠴᠢᠨ᠎ᠢ ᠬᠤᠪᠢᠷᠠᠭᠤᠯᠤᠨ ᠱᠢᠨᠡᠳᠭᠡᠵᠦ᠍ ᠪᠠᠢᠨ᠎ᠠ ᠁

ᠣᠯᠠᠩᠬᠢ ᠪᠠᠢᠳᠠᠯ᠎ᠳᠤ᠂ ᠶᠡᠷᠦᠩᠬᠡᠶ ᠱᠦᠵᠢ ᠰᠢ᠎ᠶ᠋ᠢᠨ ᠫᠢᠩ ᠴᠥᠮ ᠬᠡᠦᠬᠡᠳ᠎ᠤᠨ ᠪᠥᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠣᠨᠴᠠᠭᠠᠶ ᠠᠩᠬᠠᠷᠳᠠᠭ᠃ 2020 ᠣᠨ᠎ᠳᠤ ᠲᠡᠷᠡ ᠱᠠᠨᠰᠢ᠎ᠶ᠋ᠢᠨ ᠠᠨᠺᠠᠩ ᠬᠤᠳᠠ᠎ᠶ᠋ᠢᠨ ᠫᠢᠩᠯᠢ ᠱᠢᠶᠠᠨ᠎ᠤ ᠯᠣᠣ ᠱᠢᠶᠠᠨ ᠪᠠᠯᠭᠠᠰᠤᠨ᠎ᠤ ᠭᠤᠣᠯ ᠪᠠᠭ᠎ᠠ ᠰᠤᠷᠭᠠᠭᠤᠯᠢ᠎ᠳᠤ ᠱᠢᠨᠵᠢᠯᠡᠨ ᠪᠠᠢᠴᠠᠭᠠᠬᠤ᠎ᠳᠠᠭᠠᠨ᠄ 《ᠤᠳᠤ ᠬᠡᠦᠬᠡᠳ᠎ᠤᠳ ᠨᠡᠢᠳᠡᠮ᠎ᠳᠡᠭᠡᠨ ᠨᠢᠳᠦᠨ ᠱᠢᠯ ᠵᠡᠭᠦᠬᠦ᠌ ᠪᠣᠯᠵᠠᠢ᠂ ᠡᠨᠡ᠎ᠨᠢ ᠮᠢᠨᠦ᠍ ᠰᠠᠨᠠᠭᠠᠱᠢᠷᠠᠯ ᠪᠣᠯᠵᠤ ᠪᠤᠢ᠃ ᠪᠠᠰᠠ ᠪᠡᠶ᠎ᠡ᠎ᠶ᠋ᠢᠨ ᠡᠷᠡᠭᠦᠯ ᠮᠡᠨᠳᠦ᠎ᠶ᠋ᠢᠨ ᠬᠡᠮᠵᠢᠶ᠎ᠡ᠎ᠨᠢ ᠲᠠᠮᠢᠷ᠎ᠤᠨ ᠪᠣᠯᠪᠠᠰᠤᠷᠠᠯ ᠪᠠᠭ᠎ᠠ ᠤᠴᠢᠷ᠎ᠠᠴᠠ ᠵᠢᠭᠠᠬᠠᠨ ᠳᠣᠷᠣᠭ᠍ᠰᠢᠯᠠᠯ᠎ᠠ᠃ ᠵᠣᠷᠢᠭ ᠰᠠᠨᠠᠭ᠎ᠠ᠎ᠶ᠋ᠢ᠎ᠨᠢ ᠪᠤᠯᠪᠠᠰᠤᠨ ᠪᠤᠯᠭᠠᠵᠤ᠂ ᠪᠡᠶ᠎ᠡ ᠮᠠᠬᠠᠪᠣᠳ᠎ᠢ᠎ᠨᠢ ᠬᠦᠳᠡᠷᠱᠢᠬᠦᠯᠦᠨ᠎ᠠ᠂ ᠮᠢᠨᠦ᠍ ᠬᠡᠯᠡᠭ᠌ᠰᠡᠨ 〈ᠪᠡᠶ᠎ᠡ ᠮᠠᠬᠠᠪᠣᠳ᠎ᠢ᠎ᠨᠢ ᠬᠦᠳᠡᠷᠱᠢᠬᠦᠯᠦᠨ᠎ᠠ〉 ᠭᠡᠳᠡᠭ ᠪᠣᠯ ᠳᠠᠷᠤᠶ ᠪᠡᠶ᠎ᠡ ᠮᠠᠬᠠᠪᠣᠳ᠎ᠢᠶᠠᠨ ᠴᠢᠭᠢᠷᠠᠭ᠍ᠵᠢᠭᠤᠯᠬᠤ ᠶᠠᠪᠤᠳᠠᠯ ᠪᠣᠯᠤᠨ᠎ᠠ》 ᠭᠡᠪᠡ᠃

ᠡᠨᠡ ᠵᠢᠯ᠎ᠤᠨ 9 ᠰᠠᠷ᠎ᠠ᠎ᠳᠤ ᠱᠢᠨ᠎ᠡ ᠰᠤᠷᠤᠯᠭ᠎ᠠ᠎ᠶ᠋ᠢᠨ ᠬᠤᠭᠤᠴᠠᠭ᠎ᠠ ᠡᠬᠢᠯᠡᠮᠡᠭ᠌ᠴᠡ᠂ ᠪᠡᠭᠡᠵᠢᠩ᠂ ᠱᠠᠩᠬᠠᠶ ᠵᠡᠷᠭᠡ ᠣᠯᠠᠨ ᠭᠠᠵᠠᠷ᠎ᠤᠨ ᠪᠠᠭ᠎ᠠ ᠰᠤᠷᠭᠠᠭᠤᠯᠢ᠎ᠶ᠋ᠢᠨ ᠬᠡᠦᠬᠡᠳ᠎ᠤᠳ᠂ ᠥᠪᠡᠷ᠎ᠤᠨ ᠬᠢᠨᠢ ᠬᠢᠴᠢᠶᠡᠯ᠎ᠤᠨ ᠬᠦᠰᠦᠨᠦᠭ᠌ᠲᠦ᠎ᠳᠠᠬᠢ ᠪᠡᠶ᠎ᠡ᠎ᠶ᠋ᠢᠨ ᠲᠠᠮᠢᠷ᠎ᠤᠨ ᠬᠢᠴᠢᠶᠡᠯ ᠪᠠᠰᠠ ᠨᠡᠮᠡᠭ᠌ᠳᠡᠭ᠌ᠰᠡᠨ᠎ᠢ ᠤᠯᠵᠦ᠍ ᠬᠠᠷᠠᠵᠠᠢ᠂ ᠰᠤᠷᠭᠠᠨ ᠬᠥᠮᠦᠵᠢᠯ᠎ᠤᠨ ᠶᠠᠮᠤᠨ 《ᠬᠤᠶᠠᠷ᠎ᠢ ᠪᠠᠭᠠᠰᠭᠠᠬᠤ》 ᠠᠵᠢᠯ᠎ᠢ ᠬᠦᠴᠦᠯᠡᠨ ᠠᠬᠢᠭᠤᠯᠬᠤ᠎ᠶ᠋ᠢᠨ ᠬᠠᠮᠲᠤ᠌᠂ 《ᠡᠳᠦᠷ ᠪᠦᠷᠢ ᠪᠡᠶ᠎ᠡ᠎ᠶ᠋ᠢᠨ ᠲᠠᠮᠢᠷ᠎ᠤᠨ ᠬᠢᠴᠢᠶᠡᠯ᠎ᠲᠠᠢ ᠪᠠᠢᠬᠤ》 ᠎ᠨᠢ ᠣᠯᠠᠨ ᠭᠠᠵᠠᠷ ᠣᠷᠣᠨ᠎ᠤ ᠵᠢᠭᠠᠨ ᠰᠤᠷᠭᠠᠯᠲᠠ᠎ᠶ᠋ᠢᠨ ᠬᠢᠴᠢᠶᠡᠯ᠎ᠤᠨ ᠪᠠᠷᠢᠮᠵᠢᠶ᠎ᠠ ᠪᠣᠯᠵᠣ᠂ ᠵᠠᠯᠠᠭᠤᠴᠤᠳ ᠪᠠᠭᠠᠴᠤᠳ᠎ᠤᠨ ᠰᠤᠷᠭᠠᠨ ᠬᠥᠮᠦᠵᠢᠯ᠎ᠳᠤ ᠦᠵᠡᠭᠦᠯᠬᠦ᠌ ᠪᠡᠶ᠎ᠡ᠎ᠶ᠋ᠢᠨ ᠲᠠᠮᠢᠷ᠎ᠤᠨ ᠦᠶᠯᠡᠳᠦᠯ ᠪᠠ ᠬᠤᠪᠢ᠎ᠶ᠋ᠢᠨ ᠵᠢᠩ᠎ᠨᠢ ᠴᠥᠮ ᠵᠢᠩᠬᠢᠨᠢ᠎ᠪᠠᠷ ᠳᠡᠭᠡᠭ᠌ᠰᠢᠯᠡᠵᠦ᠍ ᠪᠠᠢᠨ᠎ᠠ᠃

 

ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠢ ᠪᠠᠢᠭᠤᠯᠵᠤ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠦᠨ᠎ᠡ


100 ᠭᠠᠷᠤᠢ ᠵᠢᠯ᠎ᠤᠨ ᠡᠮᠦᠨ᠎ᠡ᠂ ᠠᠯᠳᠠᠷᠲᠤ ᠰᠤᠷᠭᠠᠨ ᠬᠦᠮᠦᠵᠢᠯᠳᠡᠨ ᠵᠠᠩ ᠪᠥᠸᠧ ᠯᠢᠩ᠄ 《ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠡᠷᠬᠢᠯᠡᠬᠦ᠌ ᠡᠳᠦᠷ ᠪᠣᠯ ᠮᠠᠨ᠎ᠤ ᠳᠤᠮᠳᠠᠳᠤ ᠤᠯᠤᠰ᠎ᠤᠨ ᠬᠥᠭ᠌ᠵᠢᠨ ᠮᠠᠨᠳᠤᠬᠤ ᠴᠠᠭ ᠪᠣᠯᠤᠨ᠎ᠠ!》 ᠭᠡᠵᠦ᠍ ᠬᠦᠰᠡᠨ ᠵᠦᠩᠨᠡᠵᠡᠢ᠃

ᠥᠨᠥᠳᠦᠷ᠂ ᠪᠡᠭᠡᠵᠢᠩ ᠪᠦᠬᠦ᠌ ᠳᠡᠯᠡᠬᠡᠢ᠎ᠶ᠋ᠢᠨ ᠠᠩᠬᠠᠳᠠᠭ᠍ᠴᠢ ᠵᠤᠨ᠎ᠤ ᠤᠯᠠᠷᠢᠯ᠎ᠤᠨ᠂ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠡᠷᠬᠢᠯᠡᠬᠦ᠌ ᠬᠤᠣᠰ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠬᠤᠳᠠ ᠪᠣᠯᠬᠤ ᠪᠣᠯᠤᠨ᠎ᠠ; 1984 ᠣᠨ᠎ᠤ ᠯᠤᠰ ᠠᠩᠵᠧᠯᠧᠰ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠠᠴᠠ ᠣᠳᠣ ᠪᠣᠯᠲᠠᠯ᠎ᠠ᠂ ᠮᠠᠨ᠎ᠤ ᠤᠯᠤᠰ᠎ᠤᠨ ᠲᠠᠮᠢᠷᠴᠢᠳ ᠨᠢᠭᠡᠨᠲᠡ 262 ᠣᠯᠢᠮᠫᠢᠺ᠎ᠤᠨ ᠠᠯᠲᠠᠨ ᠮᠧᠳᠠᠯ᠎ᠢ ᠤᠯᠵᠠᠢ; ᠪᠥᠬᠦ᠌ ᠤᠯᠤᠰ᠎ᠤᠨ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠳᠤ ᠪᠠᠢᠩᠭᠤ ᠣᠷᠣᠯᠴᠠᠬᠤ ᠬᠥᠮᠦᠨ᠎ᠤ ᠲᠤᠭ᠎ᠠ᠎ᠶ᠋ᠢᠨ ᠬᠠᠷᠢᠴᠠᠯ 37.2% ᠎ᠲᠤ ᠬᠦᠷᠴᠦ᠍᠂ 2019 ᠣᠨ᠎ᠤ ᠬᠥᠮᠦᠨ ᠳᠤᠮᠳᠠᠴᠢ᠎ᠶ᠋ᠢᠨ ᠵᠢᠱ᠌ᠢᠭ᠌ᠰᠡᠨ ᠨᠠᠰᠤᠨ ᠬᠤᠲᠤᠭ 77.3 ᠨᠠᠰᠤ ᠬᠦᠷᠴᠦ᠍᠂ 《ᠳᠣᠷᠣᠨᠠᠲᠤ ᠠᠽᠢᠶ᠎ᠠ᠎ᠶ᠋ᠢᠨ ᠡᠪᠡᠳᠴᠢᠲᠡᠨ》 ᠎ᠤ ᠮᠠᠯᠠᠭᠠᠶ᠎ᠨᠢ ᠠᠯᠢ ᠡᠷᠲᠡ ᠶᠢᠰᠦᠨ ᠲᠩᠷᠢ᠎ᠶ᠋ᠢᠨ ᠴᠠᠭᠠᠨ᠎ᠠ ᠬᠠᠶᠠᠭ᠍ᠳᠠᠭ᠍ᠰᠠᠨ ᠪᠠᠢᠨ᠎ᠠ ᠁

《ᠬᠤᠣᠰ ᠵᠠᠭᠤᠨ ᠵᠢᠯ》 ᠎ᠤᠨ ᠲᠡᠦᠬᠡ᠎ᠶ᠋ᠢᠨ ᠠᠭᠤᠯᠵᠠᠷ ᠳᠡᠭᠡᠷ᠎ᠡ ᠵᠣᠭ᠍ᠰᠣᠵᠤ᠂ ᠪᠡᠶ᠎ᠡ᠎ᠶ᠋ᠢᠨ ᠲᠠᠮᠢᠷ ᠨᠢᠭᠡᠨᠲᠡ ᠴᠣ᠌ ᠱᠢᠨ᠎ᠡ ᠠᠭᠤᠯᠤᠭ᠍ᠳᠠᠬᠤᠨ ᠪᠠ ᠬᠡᠪᠴᠢᠶ᠎ᠠ᠎ᠲᠠᠢ ᠪᠣᠯᠤᠭ᠍ᠰᠠᠨ᠎ᠢ ᠲᠣᠳᠣᠷᠬᠠᠢ ᠣᠯᠵᠤ ᠬᠠᠷᠠᠵᠤ ᠪᠣᠯᠤᠨ᠎ᠠ᠃

2020 ᠣᠨ᠎ᠤ 9 ᠰᠠᠷ᠎ᠠ᠎ᠳᠤ ᠬᠤᠷᠠᠯᠳᠤᠭᠤᠯᠤᠭ᠍ᠰᠠᠨ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ ᠪᠡᠶ᠎ᠡ᠎ᠶ᠋ᠢᠨ ᠲᠠᠮᠢᠷ᠎ᠤᠨ ᠬᠦᠷᠢᠶᠡᠨ᠎ᠤ ᠲᠤᠰᠭᠠᠢ ᠮᠡᠷᠭᠡᠵᠢᠯᠲᠡᠨ ᠪᠠ ᠲᠥᠯᠥᠭᠡᠯᠡᠭ᠌ᠴᠢᠳ᠎ᠤᠨ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ᠎ᠶ᠋ᠢᠨ ᠫᠢᠩ 《ᠲᠦᠷᠪᠡᠨ ᠴᠢᠬᠤᠯᠠ》 ᠎ᠪᠠᠷ ᠱᠢᠨ᠎ᠡ ᠴᠠᠭ ᠦᠶ᠎ᠡ᠎ᠶ᠋ᠢᠨ ᠪᠡᠶ᠎ᠡ᠎ᠶ᠋ᠢᠨ ᠲᠠᠮᠢᠷ᠎ᠤᠨ ᠱᠢᠨ᠎ᠡ ᠠᠭᠤᠯᠤᠭ᠍ᠳᠠᠬᠤᠨ᠎ᠢ ᠬᠤᠷᠢᠶᠠᠩᠭᠤᠢᠯᠠᠪᠠ᠄ ᠪᠡᠶ᠎ᠡ᠎ᠶ᠋ᠢᠨ ᠲᠠᠮᠢᠷ ᠪᠣᠯ ᠠᠷᠠᠳ ᠲᠦᠮᠡᠨ᠎ᠤ ᠡᠷᠡᠭᠦᠯ ᠮᠡᠨᠳᠦ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ ᠴᠢᠬᠤᠯᠠ ᠠᠷᠭ᠎ᠠ ᠵᠠᠮ ᠮᠥᠨ᠂ ᠠᠷᠠᠳ ᠤᠯᠠᠨ᠎ᠤ ᠰᠠᠢᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠬᠠᠩᠭᠠᠬᠤ᠂ ᠬᠥᠮᠦᠨ᠎ᠤ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠴᠢᠬᠤᠯᠠ ᠠᠷᠭ᠎ᠠ ᠪᠠᠷᠢᠯ ᠮᠥᠨ᠂ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢ ᠠᠬᠢᠭᠤᠯᠬᠤ ᠴᠢᠬᠤᠯᠠ ᠬᠥᠳᠡᠯᠭᠡᠬᠦ᠌ ᠬᠦᠴᠦᠨ ᠮᠥᠨ᠂ ᠤᠯᠤᠰ᠎ᠤᠨ ᠰᠣᠶᠣᠯ᠎ᠤᠨ ᠵᠥᠭᠡᠯᠡᠨ ᠪᠣᠳᠠᠲᠤ ᠬᠦᠴᠦᠨ᠎ᠢ ᠢᠯᠡᠷᠡᠭᠦᠯᠬᠦ᠌ ᠴᠢᠬᠤᠯᠠ ᠲᠠᠪᠴᠠᠩ ᠮᠥᠨ᠃


1127865545_16317142216471n.jpg

1127865545_16317142219491n.jpg

 

ᠪᠥᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ᠎ᠠᠴᠠ ᠡᠷᠡᠭᠦᠯ ᠡᠩᠬᠡ ᠳᠤᠮᠳᠠᠳᠤ ᠤᠯᠤᠰ ᠬᠦᠷᠲᠡᠯ᠎ᠡ᠂ ᠬᠤᠶᠠᠷ ᠲᠤᠮᠤ ᠤᠯᠤᠰ᠎ᠤᠨ ᠪᠠᠢᠯᠳᠤᠬᠤ ᠪᠣᠳᠣᠯᠭ᠎ᠠ᠎ᠨᠢ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠤᠨ ᠰᠠᠭᠤᠷᠢ᠎ᠶ᠋ᠢ ᠪᠠᠬᠢᠵᠢᠭᠦᠯᠪᠡ᠃ 2014 ᠣᠨ᠎ᠤ 《ᠪᠡᠶ᠎ᠡ᠎ᠶ᠋ᠢᠨ ᠲᠠᠮᠢᠷ᠎ᠤᠨ ᠠᠵᠤ ᠦᠢᠯᠡᠰ᠎ᠢ ᠲᠦᠷᠭᠡᠳᠭᠡᠨ ᠬᠥᠭ᠌ᠵᠢᠭᠦᠯᠵᠦ᠍ ᠪᠡᠶ᠎ᠡ᠎ᠶ᠋ᠢᠨ ᠲᠠᠮᠢᠷ᠎ᠤᠨ ᠬᠡᠷᠡᠭ᠌ᠯᠡᠭᠡ᠎ᠶ᠋ᠢ ᠠᠬᠢᠭᠤᠯᠬᠤ ᠲᠤᠬᠠᠶ ᠰᠠᠨᠠᠯ᠎ᠤᠳ》 ᠎ᠲᠤ ᠪᠥᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ᠎ᠶ᠋ᠢ ᠤᠯᠤᠰ᠎ᠤᠨ ᠪᠠᠢᠯᠳᠤᠬᠤ ᠪᠣᠳᠣᠯᠭ᠎ᠠ ᠪᠣᠯᠭᠠᠨ ᠳᠡᠭᠡᠭ᠌ᠰᠢᠯᠡᠭᠦᠯᠦᠭ᠌ᠰᠡᠨ᠎ᠠᠴᠠ 2016 ᠣᠨ᠎ᠤ 《〈ᠡᠷᠡᠭᠦᠯ ᠡᠩᠬᠡ ᠳᠤᠮᠳᠠᠳᠤ ᠤᠯᠤᠰ 2030〉 ᠲᠥᠯᠥᠪᠵᠢᠭᠦᠯᠭᠡ᠎ᠶ᠋ᠢᠨ ᠬᠥᠲᠥᠯᠪᠦᠷᠢ》 ᠎ᠳᠤ ᠡᠷᠡᠭᠦᠯ ᠡᠩᠬᠡ ᠳᠤᠮᠳᠠᠳᠤ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ ᠪᠣᠯ ᠳᠤᠮᠳᠠᠳᠤ᠎ᠶ᠋ᠢᠨ ᠦᠨᠳᠦᠰᠦᠲᠡᠨ᠎ᠤ ᠡᠷᠡᠭᠦᠯ ᠮᠡᠨᠳᠦ᠎ᠶ᠋ᠢᠨ ᠬᠡᠪ ᠴᠢᠨᠠᠷ᠎ᠢ ᠪᠥᠬᠦ᠌ ᠲᠠᠯ᠎ᠠ᠎ᠪᠠᠷ ᠳᠡᠭᠡᠭ᠌ᠰᠢᠯᠡᠭᠦᠯᠬᠦ᠂ ᠠᠷᠠᠳ ᠲᠦᠮᠡᠨ᠎ᠤ ᠡᠷᠡᠭᠦᠯ ᠮᠡᠨᠳᠦ ᠬᠢᠭᠡᠳ ᠠᠵᠤ ᠠᠬᠤᠶ ᠨᠡᠢᠭᠡᠮ᠎ᠤᠨ ᠵᠣᠬᠢᠴᠠᠩᠭᠤᠶ ᠬᠥᠭ᠌ᠵᠢᠯᠲᠡ᠎ᠶ᠋ᠢ ᠪᠡᠶᠡᠯᠡᠭᠦᠯᠬᠦ᠌ ᠤᠯᠤᠰ᠎ᠤᠨ ᠪᠠᠢᠯᠳᠤᠬᠤ ᠪᠣᠳᠣᠯᠭ᠎ᠠ ᠮᠥᠨ ᠭᠡᠵᠦ᠍ ᠵᠢᠭᠠᠵᠦ᠍ ᠭᠠᠷᠭᠠᠪᠠ᠃ ᠶᠡᠷᠦᠩᠬᠡᠢ ᠱᠦᠵᠢ ᠰᠢ᠎ᠶ᠋ᠢᠨ ᠫᠢᠩ ᠥᠨᠳᠥᠷ᠎ᠲᠤ ᠵᠣᠭ᠍ᠰᠣᠨ ᠠᠯᠤᠰ᠎ᠢ ᠪᠠᠷᠠᠯᠠᠵᠤ᠂ ᠬᠤᠶᠠᠷ ᠲᠤᠮᠤ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠬᠤᠭᠤᠷᠣᠨᠳᠣᠬᠢ ᠲᠣᠳᠣᠷᠬᠠᠢ ᠯᠣᠭᠢᠭ ᠪᠠ ᠪᠡᠶᠡᠯᠡᠭᠦᠯᠬᠦ᠌ ᠠᠷᠭ᠎ᠠ ᠵᠠᠮ᠎ᠢ ᠣᠨᠣᠪᠴᠢᠲᠠᠢ ᠵᠢᠷᠤᠭ᠍ᠯᠠᠯ᠎ᠠ᠃

ᠡᠷᠡᠭᠦᠯ ᠮᠡᠨᠳᠦ ᠪᠣᠯ 《1》᠂ ᠬᠤᠢᠨᠠᠬᠢ 《0》 ᠬᠡᠳᠦᠶ ᠠᠷᠪᠢᠨ ᠪᠣᠯᠬᠤ ᠳᠤᠳᠤᠮ ᠠᠷᠠᠳ ᠣᠯᠠᠨ᠎ᠤ ᠵᠢᠷᠭᠠᠯᠳᠦ ᠲᠥᠷᠥᠭ᠌ᠳᠡᠯ ᠲᠡᠳᠦᠶ ᠴᠢᠩᠭ᠎ᠠ ᠪᠣᠯᠤᠨ᠎ᠠ᠃ ᠤᠯᠤᠰ᠎ᠤᠨ ᠪᠡᠶ᠎ᠡ᠎ᠶ᠋ᠢᠨ ᠲᠠᠮᠢᠷ᠎ᠤᠨ ᠶᠡᠷᠦᠩᠬᠡᠶ ᠲᠣᠪᠴᠢᠶ᠎ᠠ᠎ᠶ᠋ᠢᠨ ᠪᠡᠶ᠎ᠡ᠎ᠶ᠋ᠢᠨ ᠲᠠᠮᠢᠷ᠎ᠤᠨ ᠠᠨᠠᠭᠠᠬᠤ ᠤᠬᠠᠭᠠᠨ ᠰᠤᠳᠤᠯᠬᠤ ᠭᠠᠵᠠᠷ᠎ᠤᠨ ᠳᠠᠷᠤᠭ᠎ᠠ ᠱᠢᠶᠧ ᠮᠢᠨ ᠬᠤᠤ᠂ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠨᠢ ᠠᠷᠠᠳ ᠲᠦᠮᠡᠨ᠎ᠤ ᠪᠡᠶ᠎ᠡ ᠮᠠᠬᠠᠪᠣᠳ᠎ᠤᠨ ᠬᠡᠪ ᠴᠢᠨᠠᠷ ᠪᠠ ᠡᠷᠡᠭᠦᠯ ᠮᠡᠨᠳᠦ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠬᠦ᠂ ᠬᠥᠮᠦᠨ᠎ᠤ ᠪᠥᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠵᠡᠷᠭᠡ ᠲᠠᠯ᠎ᠠ᠎ᠪᠠᠷ ᠣᠷᠣᠯᠠᠭᠤᠯᠵᠤ ᠪᠣᠯᠤᠰᠢ ᠥᠬᠡᠶ ᠦᠢᠯᠡᠳᠦᠯ᠎ᠲᠠᠢ ᠶᠤᠮ ᠭᠡᠵᠦ᠍ ᠢᠯᠡᠳᠭᠡᠪᠡ᠃


MAIN202109152301000048371391401_png.jpg

MAIN202109152301000050649882045_png.jpg


ᠬᠡᠷᠡᠭ᠌ᠴᠡᠭᠡ᠎ᠪᠠᠷ ᠬᠠᠩᠭᠠᠯᠭ᠎ᠠ᠎ᠶ᠋ᠢ ᠬᠥᠲᠥᠯᠥᠨ ᠳᠠᠭᠠᠭᠤᠯᠵᠤ᠂ ᠬᠠᠩᠭᠠᠯᠭ᠎ᠠ᠎ᠪᠠᠷ ᠬᠡᠷᠡᠭ᠌ᠴᠡᠭᠡ᠎ᠶ᠋ᠢ ᠪᠤᠢ ᠪᠤᠯᠭᠠᠨ᠎ᠠ᠃ ᠲᠠᠰᠤᠷᠠᠯᠲᠠ ᠥᠬᠡᠶ ᠥᠷᠨᠢᠵᠦ᠍ ᠪᠠᠢᠭ᠎ᠠ ᠪᠡᠶ᠎ᠡ ᠴᠢᠭᠢᠷᠠᠭ᠍ᠵᠢᠭᠤᠯᠬᠤ ᠤᠷᠴᠢᠨ ᠪᠠᠢᠳᠠᠯ ᠴᠤ᠌ ᠪᠡᠶ᠎ᠡ᠎ᠶ᠋ᠢᠨ ᠲᠠᠮᠢᠷ᠎ᠤᠨ ᠠᠵᠤ ᠦᠢᠯᠡᠰ᠎ᠤᠨ ᠥᠷᠨᠢᠩᠭᠦᠶ ᠬᠥᠭ᠌ᠵᠢᠯᠲᠡ᠎ᠶ᠋ᠢ ᠠᠬᠢᠭᠤᠯᠵᠤ ᠪᠠᠢᠨ᠎ᠠ᠂ 2015 ᠣᠨ᠎ᠠᠴᠠ 2018 ᠤᠨ ᠪᠣᠯᠲᠠᠯ᠎ᠠ᠂ ᠪᠥᠬᠦ᠌ ᠤᠯᠤᠰ᠎ᠤᠨ ᠪᠡᠶ᠎ᠡ᠎ᠶ᠋ᠢᠨ ᠲᠠᠮᠢᠷ᠎ᠤᠨ ᠠᠵᠤ ᠦᠢᠯᠡᠰ᠎ᠤᠨ ᠶᠡᠷᠦᠩᠬᠡᠶ ᠬᠡᠪᠴᠢᠶ᠎ᠡ ᠵᠢᠯ ᠳᠤᠮᠳᠠᠴᠢ᠎ᠪᠠᠷ 15.9% ᠎ᠪᠠᠷ ᠨᠡᠮᠡᠭ᠌ᠳᠡᠵᠦ᠍᠂ ᠠᠵᠤ ᠦᠢᠯᠡᠰ᠎ᠤᠨ ᠨᠡᠮᠡᠭ᠌ᠳᠡᠯ ᠥᠷᠲᠡᠭ ᠵᠢᠯ ᠳᠤᠮᠳᠠᠴᠢ᠎ᠪᠠᠷ 22.4% ᠎ᠪᠠᠷ ᠨᠡᠮᠡᠭ᠌ᠳᠡᠵᠦ᠍᠂ 2019 ᠣᠨ᠎ᠳᠤ ᠪᠥᠬᠦ᠌ ᠤᠯᠤᠰ᠎ᠤᠨ ᠪᠡᠶ᠎ᠡ᠎ᠶ᠋ᠢᠨ ᠲᠠᠮᠢᠷ᠎ᠤᠨ ᠠᠵᠤ ᠦᠢᠯᠡᠰ᠎ᠤᠨ ᠶᠡᠷᠦᠩᠬᠡᠶ ᠬᠡᠪᠴᠢᠶ᠎ᠡ (ᠶᠡᠷᠦᠩᠬᠡᠶ ᠭᠠᠷᠭᠠᠯᠲᠠ) 29483 ᠳ᠋ᠦᠩᠱᠢᠭᠤᠷ ᠲᠥᠭᠦᠷᠢᠭ᠂ ᠨᠡᠮᠡᠭ᠌ᠳᠡᠯ ᠥᠷᠲᠡᠭ 11248 ᠳ᠋ᠦᠩᠱᠢᠭᠤᠷ ᠲᠥᠭᠦᠷᠢᠭ ᠪᠠᠢᠵᠤ᠂ GDP ᠎ᠶ᠋ᠢᠨ ᠡᠵᠡᠯᠡᠬᠦ᠌ ᠬᠠᠷᠢᠴᠠᠯ 1% ᠎ᠶ᠋ᠢ ᠳᠠᠪᠠᠪᠠ᠃

ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠬᠡᠳᠦ᠋ᠢᠪᠡᠷ ᠤᠢ᠍ᠢᠷ᠎ᠠ᠎ᠶ᠋ᠢᠨ ᠵᠢᠯ᠎ᠳᠤ ᠲᠦᠷᠭᠡᠨ ᠬᠥᠭ᠌ᠵᠢᠵᠦ᠍ ᠪᠠᠢᠭ᠎ᠠ ᠪᠡᠶ᠎ᠡ᠎ᠶ᠋ᠢᠨ ᠲᠠᠮᠢᠷ᠎ᠤᠨ ᠠᠵᠤ ᠦᠢᠯᠡᠰ᠎ᠲᠤ ᠪᠠᠷᠠᠭᠠᠨ ᠰᠡᠭᠦᠳᠡᠷ ᠨᠦᠮᠦᠷᠦᠬᠦᠯᠦᠭ᠌ᠰᠡᠨ ᠪᠣᠯᠪᠠᠴᠤ᠌ ᠨᠡᠢᠭᠡᠮ᠎ᠤᠨ ᠬᠥᠭ᠌ᠵᠢᠯᠲᠡ᠎ᠶ᠋ᠢᠨ ᠳᠣᠲᠣᠭᠠᠳᠤ ᠬᠥᠳᠡᠯᠭᠡᠬᠦ᠌ ᠬᠦᠴᠦᠨ᠎ᠤ ᠬᠡᠷᠡᠭ᠌ᠴᠡᠭᠡ ᠬᠤᠷᠢᠬ᠍ᠯᠠᠬ᠍ᠳᠠᠰᠢ ᠦᠭᠡᠢ ᠡᠷᠴᠢᠮᠳᠠᠢ ᠪᠠᠢᠨ᠎ᠠ᠃ 《ᠠᠷᠪᠠᠨ ᠭᠤᠷᠪᠠᠳᠤᠭᠠᠷ ᠲᠠᠪᠤᠨ ᠵᠢᠯ》 ᠎ᠠᠴᠠ ᠨᠠᠭᠠᠰᠢ ᠂ ᠭᠠᠭ᠍ᠴᠠ ᠬᠦ᠌ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠠᠴᠠ ᠨᠡᠢᠲᠡᠯᠡᠭ᠌ᠰᠡᠨ ᠪᠡᠶ᠎ᠡ᠎ᠶ᠋ᠢᠨ ᠲᠠᠮᠢᠷ᠎ᠤᠨ ᠠᠵᠤ ᠦᠢᠯᠡᠰ᠎ᠤᠨ ᠲᠥᠷᠥ᠎ᠶ᠋ᠢᠨ ᠪᠣᠳᠣᠯᠭ᠎ᠠ 3 ᠵᠦᠢᠯ ᠪᠠᠢᠵᠤ᠂ ᠪᠤᠰᠤᠳ ᠬᠠᠮᠢᠶ᠎ᠠ ᠪᠥᠬᠦᠶ ᠠᠵᠤ ᠦᠢᠯᠡᠰ᠎ᠤᠨ ᠲᠥᠯᠥᠪᠵᠢᠭᠦᠯᠭᠡ ᠪᠠ ᠪᠡᠶ᠎ᠡ᠎ᠶ᠋ᠢᠨ ᠲᠠᠮᠢᠷ᠎ᠤᠨ ᠠᠵᠤ ᠦᠢᠯᠡᠰ᠎ᠲᠤ ᠬᠤᠯᠪᠣᠭ᠍ᠳᠠᠬᠤ ᠲᠥᠷᠥ᠎ᠶ᠋ᠢᠨ ᠪᠣᠳᠣᠯᠭ᠎ᠠ᠎ᠶ᠋ᠢᠨ ᠪᠢᠴᠢᠭ ᠮᠠᠲ᠋ᠧᠷᠢᠶᠠᠯ ᠴᠤ᠌ ᠬᠤᠷ᠎ᠠ᠎ᠶ᠋ᠢᠨ ᠳᠠᠷᠠᠭᠠᠬᠢ ᠬᠤᠯᠤᠰᠤᠨ ᠰᠣᠶᠤᠭ᠎ᠠ ᠮᠡᠲᠦ ᠪᠠᠢᠵᠦ᠍᠂ ᠥᠨᠥᠳᠦᠷ᠎ᠤᠨ ᠪᠡᠶ᠎ᠡ᠎ᠶ᠋ᠢᠨ ᠲᠠᠮᠢᠷ᠎ᠤᠨ ᠠᠵᠤ ᠦᠢᠯᠡᠰ ᠶᠠᠭ ᠬᠥᠪᠴᠢ᠎ᠶ᠋ᠢᠨ ᠳᠡᠭᠡᠷᠡᠬᠢ ᠰᠤᠮᠤ ᠱᠢᠭ᠋ 2035 ᠤᠨ ᠪᠣᠯᠬᠤ᠎ᠳᠤ ᠤᠯᠤᠰ ᠠᠷᠠᠳ᠎ᠤᠨ ᠠᠵᠤ ᠠᠬᠤᠶ᠎ᠶ᠋ᠢᠨ ᠲᠤᠯᠭᠠᠭᠤᠷᠢᠯᠠᠬᠤ ᠴᠢᠨᠠᠷᠲᠠᠶ ᠠᠵᠤ ᠦᠢᠯᠡᠰ ᠪᠣᠯᠭᠠᠬᠤ᠎ᠪᠠᠷ ᠴᠢᠷᠮᠠᠢᠵᠤ ᠪᠤᠢ᠃

《ᠪᠡᠶ᠎ᠡ᠎ᠶ᠋ᠢᠨ ᠲᠠᠮᠢᠷ᠎ᠤᠨ ᠲᠤᠮᠤ ᠤᠯᠤᠰ》 ᠎ᠠᠴᠠ 《ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ》 ᠪᠤᠯᠳᠠᠯ᠎ᠠ ᠬᠡᠳᠦ᠋ᠢᠪᠡᠷ ᠨᠢᠭᠡ ᠯᠡ ᠦᠰᠦᠭ᠎ᠤᠨ ᠵᠦᠷᠢᠶ᠎ᠡ᠎ᠲᠠᠢ ᠪᠣᠯᠪᠠᠴᠤ᠌ ᠡᠨᠡ᠎ᠨᠢ ᠬᠠᠷᠢᠨ ᠤᠯᠤᠰ᠎ᠤᠨ ᠶᠡᠷᠦᠩᠬᠡᠢ ᠬᠦᠴᠦᠨ᠎ᠤ ᠳᠡᠭᠡᠭ᠌ᠰᠢᠯᠡᠯᠲᠡ ᠪᠠ ᠨᠡᠢᠭᠡᠮ᠎ᠤᠨ ᠪᠣᠯᠪᠠᠰᠤᠨ᠎ᠤ ᠬᠡᠮᠵᠢᠶᠡᠨ᠎ᠤ ᠲᠠᠪᠱᠢᠯᠳᠠ᠎ᠶ᠋ᠢᠨ ᠴᠢᠬᠤᠯᠠ ᠢᠯᠡᠷᠡᠯ ᠪᠣᠯᠬᠤ ᠶᠤᠮ᠃ ᠶᠡᠷᠦᠩᠬᠡᠶ ᠱᠦᠵᠢ ᠰᠢ᠎ᠶ᠋ᠢᠨ ᠫᠢᠩ ᠪᠡᠶ᠎ᠡ᠎ᠶ᠋ᠢᠨ ᠲᠠᠮᠢᠷ ᠪᠣᠯ ᠨᠡᠢᠭᠡᠮ᠎ᠤᠨ ᠬᠥᠭ᠌ᠵᠢᠯᠲᠡ ᠪᠠ ᠬᠥᠮᠦᠨ ᠲᠥᠷᠥᠯᠬᠢᠲᠡᠨ᠎ᠤ ᠳᠠᠪᠱᠢᠯᠲᠠ᠎ᠶ᠋ᠢᠨ ᠴᠢᠬᠤᠯᠠ ᠪᠡᠯᠭᠡ ᠲᠡᠮᠳᠡᠭ ᠮᠥᠨ᠂ ᠤᠯᠤᠰ᠎ᠤᠨ ᠶᠡᠷᠦᠩᠬᠡᠶ ᠬᠦᠴᠦᠨ ᠪᠠ ᠤᠯᠤᠰ᠎ᠤᠨ ᠵᠥᠭᠡᠯᠡᠨ ᠪᠣᠳᠠᠲᠤ ᠬᠦᠴᠦᠨ᠎ᠤ ᠴᠢᠬᠤᠯᠠ ᠢᠯᠡᠷᠡᠯ ᠮᠥᠨ ᠭᠡᠵᠦ᠍ ᠴᠢᠬᠤᠯᠠᠴᠢᠯᠠᠪᠠ᠃


MAIN202109152301000100904270410_png.jpg

MAIN202109152301000106654515853_png.jpg


ᠵᠥᠭᠡᠯᠡᠨ ᠪᠣᠳᠠᠲᠤ ᠬᠦᠴᠦᠨ᠎ᠨᠢ ᠳᠡᠬᠦᠯᠳᠡᠷ ᠪᠠᠢᠭ᠎ᠠ ᠡᠷᠴᠢ ᠵᠤᠷᠢᠭ᠎ᠠᠴᠠ ᠢᠷᠠᠯᠳᠠᠢ᠃ ᠪᠡᠭᠡᠵᠢᠩ᠎ᠤᠨ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠳᠤ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠪᠠᠷᠢᠮᠵᠢᠶ᠎ᠠ᠎ᠶ᠋ᠢ ᠰᠤᠷᠤᠯᠴᠠᠬᠤ᠎ᠠᠴᠠ ᠠᠪᠤᠭᠠᠳ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠨᠢ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠬᠡᠪ ᠳᠠᠭᠤᠷᠢᠶᠠᠯ ᠪᠣᠯᠤᠬ᠍ᠰᠠᠨ ᠬᠦᠷᠲᠡᠯ᠎ᠡ᠂ ᠳᠤᠮᠳᠠᠳᠤ ᠤᠯᠤᠰ᠎ᠤᠨ ᠪᠡᠶ᠎ᠡ᠎ᠶ᠋ᠢᠨ ᠲᠠᠮᠢᠷ᠎ᠤᠨ ᠬᠥᠮᠦᠰ ᠳᠤᠮᠳᠠᠳᠤ ᠤᠯᠤᠰ᠎ᠤᠨ ᠲᠥᠰᠦᠯ᠎ᠢ ᠲᠤᠱᠢᠶᠠᠪᠠ; ᠵᠢᠶᠠᠩᠰᠦ ᠮᠤᠵᠢ᠎ᠶ᠋ᠢᠨ ᠥᠰᠢ᠎ᠳᠤ ᠪᠠᠢᠭᠤᠯᠤᠭ᠍ᠳᠠᠭ᠍ᠰᠠᠨ ᠰᠤᠯᠤᠩᠭᠤᠰ ᠨᠢᠳᠤᠷᠭᠠᠨ ᠡᠷᠳᠡᠮ᠎ᠤᠨ ᠪᠦᠬᠦᠳᠡ᠎ᠶ᠋ᠢ ᠤᠯᠬᠤ ᠤᠷᠤᠯᠳᠤᠭᠠᠨ᠎ᠨᠢ ᠳᠡᠯᠡᠬᠡᠶ᠎ᠶ᠋ᠢᠨ ᠰᠤᠯᠤᠩᠭᠤᠰ ᠨᠢᠳᠤᠷᠭᠠᠨ ᠡᠷᠳᠡᠮ᠎ᠤᠨ ᠬᠥᠳᠡᠯᠭᠡᠭᠡᠨ᠎ᠤ ᠳᠦᠷᠢᠮ᠎ᠤᠨ ᠥᠭᠡᠷᠡᠴᠢᠯᠡᠯᠲᠡ᠎ᠶ᠋ᠢ ᠱᠢᠭᠤᠳ ᠳᠠᠢᠴᠢᠯᠠᠵᠤ᠂ ᠳᠤᠮᠳᠠᠳᠤ ᠤᠯᠤᠰ᠎ᠤᠨ 《IP》 ᠎ᠨᠢ ᠴᠣ᠌ ᠱᠢᠨ᠎ᠡ ᠳᠤᠮᠳᠠᠳᠤ ᠤᠯᠤᠰ᠎ᠤᠨ ᠦᠯᠢᠭᠡᠷ᠎ᠢ ᠬᠦᠦᠷᠨᠢᠯ᠎ᠠ ᠁

ᠪᠡᠶ᠎ᠡ᠎ᠶ᠋ᠢᠨ ᠲᠠᠮᠢᠷ ᠬᠦᠴᠦᠷᠬᠡᠭ ᠪᠣᠯ ᠳᠤᠮᠳᠠᠳᠤ ᠤᠯᠤᠰ ᠬᠦᠴᠦᠷᠬᠡᠭ᠌ᠵᠢᠨ᠎ᠡ᠂ ᠪᠡᠶ᠎ᠡ᠎ᠶ᠋ᠢᠨ ᠲᠠᠮᠢᠷ᠎ᠨᠢ ᠤᠯᠤᠰ᠎ᠤᠨ ᠬᠦᠴᠦᠷᠬᠡᠭ᠌ᠵᠢᠯ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠬᠦᠰᠡᠯ ᠵᠡᠭᠦᠳᠦ᠎ᠶ᠋ᠢ ᠠᠴᠢᠶᠠᠯᠠᠵᠤ ᠪᠠᠢᠳᠠᠭ᠃ ᠶᠡᠷᠦᠩᠬᠡᠢ ᠱᠦᠵᠢ ᠰᠢ᠎ᠶ᠋ᠢᠨ ᠫᠢᠩ᠄ 《ᠪᠡᠶ᠎ᠡ᠎ᠶ᠋ᠢᠨ ᠲᠠᠮᠢᠷ ᠪᠣᠯ ᠠᠷᠠᠳ ᠲᠦᠮᠡᠨ᠎ᠤ ᠡᠷᠡᠭᠦᠯ ᠮᠡᠨᠳᠦ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ ᠴᠢᠬᠤᠯᠠ ᠠᠷᠭ᠎ᠠ ᠪᠠᠷᠢᠯ ᠮᠥᠨ᠂ ᠪᠠᠰᠠ ᠴᠤ᠌ ᠳᠤᠮᠳᠠᠳᠤ᠎ᠶ᠋ᠢᠨ ᠵᠡᠭᠦᠳᠦ᠎ᠶ᠋ᠢ ᠲᠡᠷᠭᠡᠯᠱᠢᠭᠦᠯᠬᠦ᠌ ᠴᠢᠬᠤᠯᠠ ᠠᠭᠤᠯᠭ᠎ᠠ ᠮᠥᠨ᠂ ᠡᠨᠡ᠎ᠨᠢ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠳᠤ ᠰᠡᠳᠭᠢᠯ᠎ᠢᠶᠠᠨ ᠨᠢᠭᠡᠳᠭᠡᠨ ᠬᠦᠴᠦ᠎ᠪᠠᠨ ᠬᠠᠮᠲᠤᠳᠭᠠᠬᠤ ᠬᠦᠴᠦᠷᠬᠡᠭ ᠶᠡᠭᠡ ᠤᠶᠤᠨ ᠰᠠᠨᠠᠭᠠᠨ᠎ᠤ ᠬᠦᠴᠦᠨ ᠴᠢᠳᠠᠯ᠎ᠢ ᠬᠠᠩᠭᠠᠵᠤ ᠴᠢᠳᠠᠨ᠎ᠠ》 ᠭᠡᠵᠦ᠍ ᠴᠢᠬᠤᠯᠠᠴᠢᠯᠠᠪᠠ᠃

ᠨᠢᠭᠡᠳᠦᠭᠡᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠦᠭ᠌ᠰᠡᠨ ᠰᠠᠭᠤᠷᠢᠨ ᠳᠡᠭᠡᠷ᠎ᠡ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠬᠤ ᠦᠶ᠎ᠡ᠎ᠳᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠲᠡᠢᠰᠢ ᠤᠷᠤᠭ᠍ᠰᠢᠯᠠᠬᠤ ᠵᠠᠩᠭᠢᠯᠠᠭ᠎ᠠ᠎ᠶ᠋ᠢᠨ ᠲᠡᠦᠬᠡᠨ ᠴᠠᠭ ᠦᠶ᠎ᠡ᠎ᠳᠤ᠂ ᠪᠡᠶ᠎ᠡ᠎ᠶ᠋ᠢᠨ ᠲᠠᠮᠢᠷ᠎ᠨᠢ ᠤᠯᠤᠰ᠎ᠤᠨ ᠬᠦᠴᠦᠷᠬᠡᠭ᠌ᠵᠢᠯ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠬᠦᠰᠡᠯ ᠵᠡᠭᠦᠳᠦ᠎ᠶ᠋ᠢ ᠠᠴᠢᠶᠠᠯᠠᠵᠤ᠂ ᠳᠤᠮᠳᠠᠳᠤ᠎ᠶ᠋ᠢᠨ ᠦᠨᠳᠦᠰᠦᠲᠡᠨ ᠨᠡᠩ ᠠᠤᠭ᠎ᠠ ᠰᠦᠷᠯᠢᠭ ᠲᠦᠷᠢ ᠲᠥᠷᠬᠦ᠌᠎ᠪᠠᠷ ᠳᠡᠯᠡᠬᠡᠢ᠎ᠶ᠋ᠢᠨ ᠳᠣᠷᠣᠨᠠᠳᠠᠬᠢᠨ᠎ᠳᠤ ᠰᠡᠬᠦ᠋ᠢᠨ ᠰᠦᠨᠳᠡᠷᠯᠡᠵᠦ᠍ ᠪᠠᠢᠨ᠎ᠠ᠃

  (ᠱᠢᠨᠬᠤᠸᠠ ᠬᠤᠷᠢᠶᠠᠨ᠎ᠤ ᠰᠢ ᠠᠨ᠎ᠤ 9 ᠰᠠᠷ᠎ᠠ᠎ᠶ᠋ᠢᠨ 14 ᠎ᠤ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号