ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ ᠪᠥᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠡᠬᠢᠯᠡᠯᠳᠡ᠎ᠶ᠋ᠢᠨ ᠶᠤᠰᠤᠯᠠᠯ᠎ᠳᠤ ᠤᠷᠤᠯᠴᠠᠵᠠᠢ
2021-09-16 11:15:18
ᠵᠣᠬᠢᠶᠠᠭ᠍ᠴᠢ᠄
ᠨᠠᠷᠠᠨᠳᠤᠩᠭᠠᠯᠠᠭ
ᠣᠩᠱᠢᠭ᠍ᠰᠠᠨ ᠣᠳᠠᠭ᠎ᠠ᠄
★★★☆☆

9 ᠰᠠᠷ᠎ᠠ᠎ᠶ᠋ᠢᠨ 15 ᠎ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠡᠬᠢᠯᠡᠯᠲᠡ᠎ᠶ᠋ᠢᠨ ᠶᠣᠰᠣᠯᠠᠯ ᠱᠠᠨᠰᠢ ᠮᠤᠵᠢ᠎ᠶ᠋ᠢᠨ ᠰᠢ ᠠᠨ᠎ᠤ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠲᠥᠪ᠎ᠤᠨ ᠪᠡᠶ᠎ᠡ᠎ᠶ᠋ᠢᠨ ᠲᠠᠮᠢᠷ᠎ᠤᠨ ᠲᠠᠯᠠᠪᠠᠢ᠎ᠳᠤ ᠦᠪᠡᠳᠡᠭ᠌ᠰᠢ ᠶᠡᠭᠡ᠎ᠪᠠᠷ ᠶᠠᠪᠤᠭ᠍ᠳᠠᠪᠠ᠃ ᠮᠠᠨ᠎ᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠥᠯᠥᠭᠡᠯᠡᠭ᠌ᠴᠢᠳ᠎ᠤᠨ ᠪᠦᠯᠬᠦᠮ ᠡᠬᠢᠯᠡᠯᠳᠡ᠎ᠶ᠋ᠢᠨ ᠶᠤᠰᠤᠯᠠᠯ᠎ᠳᠤ ᠣᠷᠣᠯᠴᠠᠵᠤ᠂ ᠨᠠᠢ᠍ᠮᠠᠳᠠᠬᠢ ᠤᠳᠠᠭ᠎ᠠ ᠪᠥᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠳᠤ ᠣᠷᠣᠯᠴᠠᠵᠤ ᠪᠠᠢᠭ᠎ᠠ ᠮᠣᠷᠢᠨ ᠮᠡᠷᠭᠡᠵᠢᠯ᠎ᠤᠨ ᠲᠠᠮᠢᠷᠴᠢᠨ ᠯᠢᠦ ᠲᠦᠩ ᠶᠠᠨ ᠲᠤᠭ᠍ᠴᠢ ᠪᠣᠯᠪᠠ᠃

ᠣᠢᠯᠠᠭᠠᠭ᠍ᠰᠠᠨ᠎ᠢᠶᠠᠷ᠂ ᠲᠣᠰ ᠬᠤᠭᠤᠴᠠᠭᠠᠨ᠎ᠤ ᠪᠥᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠳᠤ ᠨᠡᠢᠲᠡ 54 ᠶᠡᠭᠡ ᠲᠥᠷᠥᠯ᠂ 595 ᠪᠠᠭ᠎ᠠ ᠲᠥᠷᠥᠯ᠎ᠤᠨ ᠤᠷᠤᠯᠳᠤᠭᠠᠨ ᠲᠤᠬᠢᠷᠠᠭᠤᠯᠪᠠ᠃ ᠡᠭᠦᠨ᠎ᠳᠤ ᠦᠷᠢᠰᠦᠯᠳᠦᠭᠡᠨᠳᠦ ᠤᠷᠤᠯᠳᠤᠭᠠᠨ᠎ᠤ ᠲᠥᠷᠥᠯ ᠵᠦᠢᠯ᠎ᠳᠤ 35 ᠲᠥᠷᠥᠯ᠎ᠤᠨ 410 ᠵᠦᠢᠯ᠎ᠤᠨ ᠤᠷᠤᠯᠳᠤᠭᠠᠨ᠎ᠢ ᠲᠤᠬᠢᠷᠠᠭᠤᠯᠵᠤ᠂ ᠣᠯᠠᠨ ᠲᠦᠮᠡᠨᠴᠢ ᠤᠷᠤᠯᠳᠤᠭᠠᠨ᠎ᠤ ᠲᠥᠷᠥᠯ ᠵᠦᠢᠯ᠎ᠳᠤ 19 ᠲᠥᠷᠥᠯ᠎ᠤᠨ 185 ᠵᠦᠢᠯ᠎ᠤᠨ ᠤᠷᠤᠯᠳᠤᠭᠠᠨ᠎ᠢ ᠪᠠᠭ᠍ᠲᠠᠭᠠᠪᠠ᠃ ᠱᠢᠢᠳᠪᠤᠷᠢᠲᠤ ᠤᠷᠤᠯᠳᠤᠭᠠᠨ᠎ᠤ ᠱᠠᠲᠤᠨ᠎ᠳᠤ ᠨᠡᠢᠲᠡ 37 ᠪᠡᠶ᠎ᠡ᠎ᠶ᠋ᠢᠨ ᠲᠠᠮᠢᠷ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ 12000 ᠭᠠᠷᠤᠶ ᠲᠠᠮᠢᠷᠴᠢᠨ ᠣᠷᠣᠯᠴᠠᠬᠤ ᠪᠤᠯᠤᠨ᠎ᠠ᠃

ᠮᠠᠨ᠎ᠤ ᠣᠷᠣᠨ᠎ᠤ 198 ᠲᠠᠮᠢᠷᠴᠢᠨ ᠦᠷᠢᠰᠦᠯᠳᠦᠭᠡᠨᠳᠦ ᠤᠷᠤᠯᠳᠤᠭᠠᠨ᠎ᠤ ᠲᠥᠷᠥᠯ ᠵᠦᠢᠯ᠎ᠤᠨ ᠱᠢᠢᠳᠪᠤᠷᠢᠲᠤ ᠤᠷᠤᠯᠳᠤᠭᠠᠨ᠎ᠤ ᠬᠢᠷᠢ ᠬᠡᠮ᠎ᠢ ᠣᠯᠵᠤ᠂ 19 ᠲᠥᠷᠥᠯ᠎ᠤᠨ 109 ᠵᠦᠢᠯ᠎ᠤᠨ ᠤᠷᠤᠯᠳᠤᠭᠠᠨ᠎ᠳᠤ ᠣᠷᠣᠯᠴᠠᠬᠤ ᠪᠣᠯᠤᠨ᠎ᠠ᠃ ᠤᠷᠤᠯᠳᠤᠭᠠᠨ᠎ᠳᠤ ᠣᠷᠣᠯᠴᠠᠭ᠍ᠰᠠᠨ ᠲᠥᠷᠥᠯ ᠵᠦᠢᠯ᠎ᠤᠨ ᠲᠤᠭ᠎ᠠ ᠬᠡᠮᠵᠢᠶ᠎ᠡ ᠪᠠ ᠬᠥᠮᠦᠨ᠎ᠤ ᠲᠤᠭ᠎ᠠ ᠱᠢᠨ᠎ᠡ ᠱᠢᠪᠲᠤᠯᠤᠯᠲᠠ᠎ᠲᠠᠢ ᠪᠣᠯᠵᠣ᠂ ᠮᠣᠷᠢᠨ ᠮᠡᠷᠭᠡᠵᠢᠯ᠂ ᠨᠢᠳᠤᠷᠭᠠᠨ ᠲᠡᠮᠡᠴᠡᠭᠡᠨ᠂ ᠠᠯᠬᠤᠭ᠎ᠠ ᠤᠷᠤᠯᠳᠤᠭᠠᠨ᠂ ᠬᠠᠷᠪᠤᠯᠲᠠ᠂ ᠪᠥᠬᠡ ᠪᠠᠷᠢᠯᠳᠤᠬᠤ᠂ ᠮᠠᠷᠠᠽᠤᠨ᠂ ᠨᠡᠷᠡᠭᠦᠢ ᠨᠢᠳᠤᠷᠭ᠎ᠠ ᠵᠡᠷᠭᠡ ᠲᠥᠷᠥᠯ ᠵᠦᠢᠯ᠎ᠳᠤ ᠱᠠᠩᠨᠠᠯ᠎ᠤᠨ ᠮᠧᠳᠠᠯ ᠤᠯᠬᠤ ᠪᠤᠯᠤᠮᠵᠢ ᠶᠡᠭᠡ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠣᠲᠣᠷᠬᠠᠢ ᠦᠭᠡᠢ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号