ᠳᠣᠯᠣᠭᠠᠨ ᠬᠥᠮᠦᠨ᠎ᠤ ᠳᠦᠷᠢᠮᠲᠦ ᠠᠷᠤᠷ᠎ᠠ ᠪᠥᠮᠪᠦᠭᠡ᠎ᠶ᠋ᠢᠨ ᠤᠷᠤᠯᠳᠤᠭᠠᠨ᠎ᠳᠤ ᠦᠪᠦᠷ ᠮᠤᠩᠭᠤᠯ᠎ᠤᠨ ᠠᠩᠭᠢ ᠱᠢᠢᠳᠪᠦᠷᠢᠳᠦ ᠤᠷᠤᠯᠳᠤᠭᠠᠨ᠎ᠳᠤ ᠤᠷᠤᠯᠴᠠᠬᠤ ᠡᠷᠭᠡ᠎ᠶ᠋ᠢ ᠤᠯᠵᠠᠢ
2021-09-17 10:24:50
ᠵᠣᠬᠢᠶᠠᠭ᠍ᠴᠢ᠄
ᠨᠠᠷᠠᠨᠳᠤᠩᠭᠠᠯᠠᠭ
ᠣᠩᠱᠢᠭ᠍ᠰᠠᠨ ᠣᠳᠠᠭ᠎ᠠ᠄
★★★☆☆

ᠲᠤᠰ ᠰᠤᠨᠢᠨ᠎ᠤ ᠰᠢ ᠠᠨ᠎ᠤ ᠮᠡᠳᠡᠭᠡ   9 ᠰᠠᠷ᠎ᠠ᠎ᠶ᠋ᠢᠨ 16 ᠎ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠡᠮᠡᠭ᠌ᠲᠡᠶ᠎ᠶ᠋ᠢᠨ ᠳᠣᠯᠣᠭᠠᠨ ᠬᠥᠮᠦᠨ᠎ᠤ ᠳᠦᠷᠢᠮᠲᠦ ᠠᠷᠤᠷ᠎ᠠ ᠪᠥᠮᠪᠦᠭᠡ᠎ᠶ᠋ᠢᠨ ᠤᠷᠤᠯᠳᠤᠭᠠᠨ ᠡᠬᠢᠯᠡᠵᠦ᠍᠂ ᠠᠩᠬ᠎ᠠ ᠤᠳᠠᠭ᠎ᠠ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠠᠷᠤᠷ᠎ᠠ ᠪᠥᠮᠪᠦᠭᠡ᠎ᠶ᠋ᠢᠨ ᠤᠷᠤᠯᠳᠤᠭᠠᠨ᠎ᠳᠤ ᠤᠷᠤᠯᠴᠠᠵᠦ᠍ ᠪᠠ ᠵᠢᠭ᠎ᠠ ᠦᠪᠦᠷ ᠮᠤᠩᠭᠤᠯ᠎ᠤᠨ ᠲᠦᠯᠦᠬᠡᠯᠡᠭ᠌ᠴᠢ᠎ᠶ᠋ᠢᠨ ᠠᠩᠬᠢ ᠰᠧᠴᠤᠸᠠᠨ᠎ᠤ ᠠᠩᠭᠢ᠎ᠶ᠋ᠢ 19᠄ 12 ᠬᠤᠪᠢ᠎ᠪᠠᠷ ᠢᠯᠠᠵᠦ᠍᠂ ᠱᠢᠢᠳᠪᠦᠷᠢᠳᠦ ᠤᠷᠤᠯᠳᠤᠭᠠᠨ᠎ᠳᠤ ᠤᠷᠤᠯᠴᠠᠬᠤ ᠡᠷᠭᠡ᠎ᠶ᠋ᠢ ᠤᠯᠵᠠᠢ᠃

《ᠤᠷᠤᠯᠳᠤᠭᠠᠨ᠎ᠠᠴᠠ ᠡᠮᠦᠨ᠎ᠡ ᠵᠢᠭᠠᠬᠠᠨ ᠦᠵᠡᠯ ᠰᠠᠨᠠᠭᠠᠨ᠎ᠤ ᠳᠠᠷᠤᠯᠲᠠ᠎ᠲᠠᠢ ᠪᠠ ᠵᠢᠭ᠍ᠰᠠᠨ ᠪᠣᠯᠬᠤᠷ ᠠᠩᠬᠠᠨ᠎ᠤ ᠲᠠᠯᠠᠪᠤᠷ ᠤᠷᠤᠯᠳᠤᠭᠠᠨ᠎ᠳᠤ ᠠᠯᠳᠠᠰᠢ ᠭᠠᠷᠤᠭ᠍ᠰᠠᠨ ᠶᠤᠮ᠃ ᠡᠨᠡ ᠤᠳᠠᠭᠠᠨ᠎ᠤ ᠤᠷᠤᠯᠳᠤᠭᠠᠨ᠎ᠳᠤ ᠣᠷᠣᠯᠴᠠᠬᠤ ᠲᠣᠬᠢᠶᠠᠯ᠎ᠢ ᠪᠢᠳᠠ ᠮᠠᠰᠢ ᠨᠠᠨᠳᠢᠩᠨᠠᠵᠦ᠍᠂ 4 ᠵᠢᠯ ᠴᠢᠨᠠᠭ᠍ᠰᠢᠯᠠᠪᠠᠯ 8 ᠵᠢᠯ᠎ᠤᠨ ᠬᠠᠲᠠᠭᠤᠵᠢᠯᠲᠠᠶ ᠪᠡᠯᠡᠳᠭᠡᠯ ᠬᠢᠭ᠌ᠰᠡᠨ ᠶᠤᠮ᠂ ᠱᠢᠢᠳᠪᠦᠷᠢᠳᠦ ᠤᠷᠤᠯᠳᠤᠭᠠᠨ᠎ᠳᠤ ᠳᠠᠮᠢᠷᠴᠢᠳ᠎ᠤᠨ ᠬᠠᠮᠤᠭ᠎ᠤᠨ ᠰᠠ᠊ ᠎ᠶ᠋ᠢᠨ ᠪᠠ ᠵᠢᠳᠠᠯ᠎ᠢ᠎ᠨᠢ ᠪᠠᠳᠠᠷᠠᠭᠤᠯᠵᠤ᠂ ᠱᠢᠯᠢᠳᠡᠭ ᠬᠢᠷᠢ ᠪᠦᠳᠦᠮᠵᠢ ᠤᠯᠬᠤ᠎ᠪᠠᠷ ᠴᠢᠷᠮᠠ ᠵᠢᠨ᠎ᠠ》 ᠭᠡᠵᠦ᠍ ᠲᠠᠰᠭᠠᠯᠵᠢᠭᠤᠯᠤᠭ᠍ᠴᠢ ᠯᠢ ᠳ᠋ᠡ ᠴᠤᠤ ᠰᠡᠳᠭᠢᠯ ᠲᠤᠭ᠍ᠳᠤᠯᠤᠩᠬᠠᠨ ᠶᠠᠷᠢᠨ᠎ᠠ᠃

《ᠤ ᠵᠢᠷ᠎ᠠ᠎ᠶ᠋ᠢᠨ ᠬᠡᠳᠦᠨ ᠵᠢᠯ᠎ᠳᠤ᠂ ᠠᠩᠭᠢ᠎ᠶ᠋ᠢᠨ ᠪᠦᠬᠦ᠌ ᠨᠦᠭᠦᠳ ᠥᠨᠳᠥᠷ ᠬᠦᠴᠦᠯᠡᠴᠡ᠎ᠲᠠᠢ ᠪᠣᠯᠪᠠᠰᠤᠷᠠᠯ ᠬᠢᠬᠦ᠌᠎ᠶ᠋ᠢ ᠪᠠᠷᠢᠮᠲᠠᠯᠠᠭ᠍ᠰᠠᠭᠠᠷ ᠢᠷᠡᠵᠠᠢ᠃ ᠤᠷᠤᠯᠳᠤᠭᠠᠨ᠎ᠳᠤ ᠪᠢᠳᠡ ᠴᠥᠬᠦᠷᠡᠰᠢ ᠦᠭᠡᠢ ᠴᠢᠷᠮᠠᠢᠵᠤ᠂ ᠬᠠᠮᠤᠭ᠎ᠤᠨ ᠡᠴᠦᠰ᠎ᠤᠨ ᠴᠠᠭ ᠮᠥᠴᠡ᠎ᠳᠤ ᠰᠥᠷᠭᠡᠦ ᠡᠷᠭᠢᠯᠲᠡ ᠭᠠᠷᠭᠠᠵᠤ ᠢᠯᠠᠯᠲᠠ ᠣᠯᠤᠭ᠍ᠰᠠᠨ ᠶᠤᠮ᠂ ᠲᠦᠷᠦᠭᠦᠦ ᠬᠤᠶᠠᠷ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠲᠠᠢ ᠬᠠᠷᠢᠴᠠᠭᠤᠯᠪᠠᠯ᠂ ᠲᠤᠰ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠠᠷᠤᠷ᠎ᠠ ᠪᠥᠮᠪᠦᠭᠡ᠎ᠶ᠋ᠢᠨ ᠲᠦᠷᠦᠯ ᠵᠦᠢᠯ᠎ᠢ ᠤᠤᠯ᠎ᠤᠨ ᠡᠷᠡᠭ᠌ᠲᠡᠢ ᠡᠮᠡᠭ᠌ᠲᠡᠢ ᠲᠤᠰ ᠪᠦᠷᠢ 6 ᠡᠩᠨᠡᠭᠡ ᠪᠠᠢᠭ᠍ᠰᠠᠨ᠎ᠠᠴᠠ ᠡᠷᠡᠭ᠌ᠲᠡᠢ ᠡᠮᠡᠭ᠌ᠲᠡᠢ ᠲᠤᠰ ᠪᠦᠷᠢ 8 ᠡᠩᠨᠡᠭᠡ ᠪᠣᠯᠭᠠᠨ ᠨᠡᠮᠡᠭ᠌ᠳᠡᠭᠦᠯᠵᠦ᠍᠂ ᠤᠷᠤᠯᠳᠤᠭᠠᠨ ᠨᠡᠩ ᠬᠤᠷᠴᠠ ᠱᠢᠷᠦᠭᠦᠨ ᠭᠤᠢᠳᠠ ᠰᠠᠢᠬᠠᠨ ᠪᠤᠯᠪᠠ᠃ ᠪᠦᠯᠬᠦᠮᠳᠡᠯ ᠨᠢᠭ᠍ᠲᠠᠷᠠᠯ᠎ᠤᠨ ᠬᠦᠴᠦᠨ ᠪᠠ ᠤᠷᠤᠯᠳᠤᠭᠠᠨ᠎ᠤ ᠲᠠᠯᠠᠪᠠᠢ᠎ᠳᠠᠬᠢ ᠬᠦᠴᠦᠷᠬᠡᠭ᠎ᠠᠴᠠ ᠠᠶᠤᠬᠤ ᠦᠭᠡᠢ ᠡᠷᠡᠯᠬᠡᠭ ᠵᠣᠷᠢᠭ ᠪᠣᠯ ᠪᠢᠳᠡᠨ᠎ᠤ ᠢᠯᠠᠯᠲᠠ ᠣᠯᠬᠤ 〈ᠵᠤᠷ〉 ᠮᠥᠨ᠂ ᠱᠢᠢᠳᠪᠦᠷᠢᠳᠦ ᠤᠷᠤᠯᠳᠤᠭᠠᠨ᠎ᠳᠤ ᠪᠢᠳᠡ ᠱᠠᠨᠳᠦ᠋ᠩ᠎ᠤᠨ ᠠᠩᠭᠢ᠎ᠲᠠᠢ ᠤᠷᠤᠯᠳᠤᠬᠤ ᠪᠤᠯᠤᠨ᠎ᠠ》 ᠭᠡᠵᠦ᠍ ᠦᠪᠦᠷ ᠮᠤᠩᠭᠤᠯ᠎ᠤᠨ ᠠᠷᠤᠷ᠎ᠠ ᠪᠥᠮᠪᠦᠭᠡ᠎ᠶ᠋ᠢᠨ ᠠᠩᠬᠢ᠎ᠶ᠋ᠢᠨ ᠳᠠᠷᠤᠭ᠎ᠠ ᠵᠠᠢ ᠵᠤᠤ ᠱᠢᠤᠸᠠᠢ ᠤᠴᠢᠷᠯᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号