ᠲᠤᠰ ᠰᠤᠨᠢᠨ᠎ᠤ ᠪᠠᠶᠠᠨᠨᠠᠭᠤᠷ᠎ᠤᠨ ᠮᠡᠳᠡᠭᠡ 9 ᠰᠠᠷ᠎ᠠ᠎ᠶ᠋ᠢᠨ 16 ᠤ ᠡᠳᠦᠷ᠂ ᠪᠠᠶᠠᠨᠨᠠᠭᠤᠷ᠎ᠤᠨ ᠶᠤᠸᠠᠨ ᠵᠢᠩ ᠡᠨᠧᠷᠭᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠠᠩᠬᠠᠳᠠᠭ᠍ᠴᠢ ᠰᠠᠯᠬᠢᠨ ᠬᠦᠴᠦᠨ᠎ᠤ ᠮᠠᠱᠢᠨ ᠠᠱᠢᠠᠠᠯᠠᠯᠳᠠᠳᠤ ᠣᠷᠣᠪᠠ᠃
ᠣᠢᠯᠠᠭᠠᠭ᠍ᠰᠠᠨ᠎ᠢᠶᠠᠷ᠂ ᠶᠤᠸᠠᠨ ᠵᠢᠩ ᠡᠨᠧᠷᠭᠢ᠎ᠶ᠋ᠢᠨ ᠪᠠᠶᠠᠨᠨᠠᠭᠤᠷ᠎ᠤᠨ ᠰᠠᠯᠬᠢᠨ ᠬᠦᠴᠦᠨ᠎ᠤ ᠤᠶᠤᠨᠲᠤ ᠮᠠᠱᠢᠨ ᠲᠣᠨᠣᠭ᠍ᠯᠠᠯ ᠦᠶ᠋ᠯᠡᠳᠬᠦ᠌ ᠲᠥᠷᠥᠯ ᠵᠦᠶ᠋ᠯ᠎ᠢ 2020 ᠣᠨ᠎ᠤ 8 ᠰᠠᠷ᠎ᠠ᠎ᠶ᠋ᠢᠨ 18 ᠤ ᠡᠳᠦᠷ᠎ᠠᠴᠠ ᠡᠬᠢᠯᠡᠨ ᠪᠥᠲᠥᠭᠡᠨ ᠪᠠᠢᠭᠤᠯᠪᠠ᠃ ᠲᠥᠷᠥᠯ ᠵᠦᠶ᠋ᠯ᠎ᠤᠨ ᠡᠵᠡᠯᠡᠬᠦ᠌ ᠲᠠᠯᠠᠪᠠᠶ᠎ᠨᠢ 52 ᠮᠥ᠍ ᠪᠠᠢᠵᠤ᠂ ᠪᠦᠬᠦᠨ᠎ᠢ ᠪᠠᠢᠭᠤᠯᠵᠤ ᠳᠠᠭᠤᠰᠤᠭ᠍ᠰᠠᠨ᠎ᠤ ᠳᠠᠷᠠᠭ᠎ᠠ᠂ ᠵᠢᠯ᠎ᠤᠨ 500 ᠢᠵᠢ 3 ᠰᠠᠶ᠎ᠡ ᠸᠠᠲ — 6 ᠰᠠᠶ᠎ᠡ ᠸᠠᠲ ᠤᠶᠤᠨᠲᠤ ᠰᠠᠯᠬᠢᠨ ᠬᠦᠴᠦᠨ᠎ᠤ ᠮᠠᠱᠢᠨ᠎ᠢ ᠦᠶ᠋ᠯᠡᠳᠪᠦᠷᠢᠯᠡᠬᠦ᠌ ᠴᠢᠳᠠᠪᠤᠷᠢ᠎ᠶ᠋ᠢ ᠪᠡᠶᠡᠯᠡᠭᠦᠯᠵᠦ᠍᠂ ᠱᠠᠨᠰᠢ᠂ ᠭᠠᠨᠰᠦ᠂ ᠨᠢᠩᠱᠢᠶᠠ ᠵᠢᠴᠢ ᠥᠪᠥᠷ ᠮᠣᠩᠭᠤᠯ᠎ᠤᠨ ᠪᠠᠷᠠᠭᠤᠨ ᠣᠷᠣᠨ᠎ᠢ ᠭᠤᠤᠯᠳᠠᠯᠭ᠎ᠠ᠎ᠲᠠᠢ ᠨᠥᠯᠥᠭᠡᠯᠡᠬᠦ᠌ ᠪᠣᠯᠤᠨ᠎ᠠ᠃
ᠪᠠᠶᠠᠨᠨᠠᠭᠤᠷ᠎ᠤᠨ ᠶᠤᠸᠠᠨ ᠵᠢᠩ ᠡᠨᠧᠷᠭᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠠᠩᠬᠠᠳᠠᠭ᠍ᠴᠢ ᠰᠠᠯᠬᠢᠨ ᠬᠦᠴᠦᠨ᠎ᠤ ᠮᠠᠱᠢᠨ ᠦᠢᠯᠡᠳᠪᠦᠷᠢᠯᠡᠯ᠎ᠤᠨ ᠱᠤᠭᠤᠮ᠎ᠠᠴᠠ ᠭᠠᠷᠴᠤ᠌ ᠠᠱᠢᠠᠠᠯᠠᠯᠳᠠᠳᠤ ᠤᠷᠤᠭ᠍ᠰᠠᠨ ᠶᠠᠪᠤᠳᠠᠯ᠎ᠨᠢ ᠲᠤᠰ ᠲᠦᠷᠦᠯ ᠵᠦᠢᠯ ᠨᠢᠭᠡᠨᠲᠡ ᠰᠠᠯᠬᠢᠨ ᠬᠦᠴᠦᠨ᠎ᠤ ᠮᠠᠱᠢᠨ᠎ᠢ ᠦᠢᠯᠡᠳᠬᠦ᠌ ᠪᠠ ᠤᠭ᠍ᠰᠠᠷᠠᠨ ᠦᠢᠯᠡᠳᠪᠦᠷᠢᠯᠡᠬᠦ᠌ ᠴᠢᠳᠠᠪᠤᠷᠢ᠎ᠲᠠᠢ ᠪᠣᠯᠤᠭ᠍ᠰᠠᠨ᠎ᠢ ᠬᠠᠷᠠᠭᠤᠯᠵᠤ ᠪᠠᠢᠨ᠎ᠠ᠃ ᠡᠨᠡ ᠪᠣᠯ ᠪᠠᠶᠠᠨᠨᠠᠭᠤᠷ᠎ᠤᠨ ᠠᠵᠤ ᠠᠬᠤᠶ ᠮᠡᠷᠭᠡᠵᠢᠯ᠎ᠤᠨ ᠨᠡᠭᠡᠭᠡᠯᠲᠡ᠎ᠶ᠋ᠢᠨ ᠲᠣᠭᠤᠷᠢᠭ᠎ᠤᠨ ᠱᠢᠨ᠎ᠡ ᠬᠡᠯᠪᠡᠷᠢ᠎ᠶ᠋ᠢᠨ ᠠᠵᠤ ᠦᠶ᠋ᠯᠡᠳᠪᠦᠷᠢᠵᠢᠯᠲᠡ᠎ᠶ᠋ᠢᠨ ᠠᠬᠢᠴᠠ᠎ᠶ᠋ᠢ ᠲᠦᠷᠭᠡᠳᠭᠡᠵᠦ᠍᠂ ᠰᠠᠯᠬᠢᠨ ᠬᠦᠴᠦᠨ᠎ᠤ ᠮᠠᠱᠢᠨ᠎ᠤ ᠲᠣᠨᠣᠭ᠍ᠯᠠᠯ ᠦᠶ᠋ᠯᠡᠳᠬᠦ᠌ ᠦᠶ᠋ᠯᠡᠰ᠎ᠢ ᠶᠡᠭᠡ᠎ᠪᠠᠷ ᠬᠥᠭ᠌ᠵᠢᠭᠦᠯᠦᠭ᠌ᠰᠡᠨ ᠴᠢᠬᠤᠯᠠ ᠦᠷ᠎ᠡ ᠪᠦᠲᠦᠭᠡᠯ ᠪᠣᠯᠤᠨ᠎ᠠ᠂ ᠪᠠᠶᠠᠨᠨᠠᠭᠤᠷ ᠬᠤᠲᠠ ᠵᠢᠴᠢ ᠪᠠᠶᠠᠨᠨᠠᠭᠤᠷ᠎ᠤᠨ ᠠᠵᠤ ᠠᠬᠤᠶ ᠮᠡᠷᠭᠡᠵᠢᠯ᠎ᠤᠨ ᠨᠡᠭᠡᠭᠡᠯᠲᠡ᠎ᠶ᠋ᠢᠨ ᠲᠣᠭᠤᠷᠢᠭ᠎ᠤᠨ ᠤᠶᠤᠨᠲᠤ ᠰᠠᠯᠬᠢᠨ ᠬᠦᠴᠦᠨ᠎ᠤ ᠴᠠᠬᠢᠯᠭᠠᠨ᠎ᠤ ᠲᠣᠨᠣᠭ᠍ᠯᠠᠯ ᠦᠶ᠋ᠯᠡᠳᠬᠦ᠌ ᠦᠶ᠋ᠯᠡᠰ᠎ᠤᠨ ᠬᠥᠭ᠌ᠵᠢᠯᠲᠡ᠎ᠳᠤ ᠱᠢᠨ᠎ᠡ ᠰᠣᠷᠭᠤᠭ ᠴᠢᠰᠤ ᠪᠠ ᠬᠦᠴᠦᠷᠬᠡᠭ ᠶᠡᠭᠡ ᠬᠥᠳᠡᠯᠭᠡᠬᠦ᠌ ᠬᠦᠴᠦᠨ ᠨᠡᠮᠡᠷᠢᠯᠡᠵᠦ᠍᠂ ᠪᠠᠶᠠᠨᠨᠠᠭᠤᠷ᠎ᠤᠨ ᠠᠵᠤ ᠠᠬᠤᠶ ᠮᠡᠷᠭᠡᠵᠢᠯ᠎ᠤᠨ ᠨᠡᠭᠡᠭᠡᠯᠲᠡ᠎ᠶ᠋ᠢᠨ ᠲᠣᠭᠤᠷᠢᠭ᠎ᠤᠨ 《ᠳᠥᠷᠪᠡᠨ ᠬᠦᠷᠢᠶᠡᠯᠡᠩ ᠨᠢᠭᠡ ᠦᠶ᠋ᠯᠡᠰ》 ᠤᠨ ᠲᠣᠨᠣᠭ᠍ᠯᠠᠯ ᠦᠶ᠋ᠯᠡᠳᠬᠦ᠌ ᠬᠦᠷᠢᠶᠡᠯᠡᠩ ᠲᠣᠭᠤᠷᠢᠭ᠎ᠢ ᠡᠷᠳᠡ ᠲᠦᠯᠦᠪᠱᠢᠭᠦᠯᠬᠦ᠌ᠳᠤ ᠪᠠᠲᠤ ᠪᠠᠬᠢ ᠰᠠᠭᠤᠷᠢ᠎ᠶ᠋ᠢ ᠲᠠᠯᠪᠢᠵᠤ ᠥᠭ᠌ᠬᠦ ᠪᠣᠯᠤᠨ᠎ᠠ᠃
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号