2021 ᠣᠨ᠎ᠤ 《ᠳᠤᠮᠳᠠᠳᠤ ᠤᠯᠤᠰ᠎ᠤᠨ ᠲᠠᠷᠢᠶᠠᠴᠢᠳ᠎ᠤᠨ ᠡᠯᠪᠡᠭ ᠬᠤᠷᠢᠶᠠᠯᠲᠠ᠎ᠶ᠋ᠢᠨ ᠨᠠ ᠵᠢᠷ》 ᠎ᠤᠨ ᠥᠪᠥᠷ ᠮᠣᠩᠭᠤᠯ᠎ᠤᠨ ᠭᠤᠣᠯ ᠬᠤᠷᠠᠯ᠎ᠤᠨ ᠲᠠᠯᠠᠪᠠᠢ᠎ᠶ᠋ᠢᠨ ᠠᠵᠢᠯᠯᠠᠭ᠎ᠠ ᠵᠠᠯᠠᠢᠳ ᠬᠤᠱᠢᠭᠤᠨ᠎ᠳᠤ ᠶᠠᠪᠤᠭ᠍ᠳᠠᠪᠠ
2021-09-19 11:38:51
ᠵᠣᠬᠢᠶᠠᠭ᠍ᠴᠢ᠄
ᠬᠤᠷᠴᠠ ᠭᠤᠤ ᠮᠢᠨ ᠨᠠ
ᠣᠩᠱᠢᠭ᠍ᠰᠠᠨ ᠣᠳᠠᠭ᠎ᠠ᠄
★★★☆☆

ᠯᠢ ᠪᠢᠩ ᠷᠦᠩ ᠡᠯᠪᠡᠭ ᠬᠤᠷᠢᠶᠠᠯᠲᠠ᠎ᠶ᠋ᠢᠨ ᠨᠠᠢᠷ ᠡᠬᠢᠯᠡᠭ᠌ᠰᠡᠨ᠎ᠢ ᠵᠠᠷᠯᠠᠪᠠ


ᠲᠤᠰ ᠰᠣᠨᠢᠨ᠎ᠤ ᠬᠢᠩᠭᠠᠨ᠎ᠤ ᠮᠡᠳᠡᠭᠡ 9 ᠰᠠᠷ᠎ᠠ᠎ᠶ᠋ᠢᠨ 16 ᠎ᠤ ᠡᠳᠦᠷ᠂ 2021 ᠣᠨ᠎ᠤ 《ᠳᠤᠮᠳᠠᠳᠤ ᠤᠯᠤᠰ᠎ᠤᠨ ᠲᠠᠷᠢᠶᠠᠴᠢᠳ᠎ᠤᠨ ᠡᠯᠪᠡᠭ ᠬᠤᠷᠢᠶᠠᠯᠲᠠ᠎ᠶ᠋ᠢᠨ ᠨᠠ ᠵᠢᠷ》 ᠎ᠤᠨ ᠥᠪᠥᠷ ᠮᠣᠩᠭᠤᠯ᠎ᠤᠨ ᠭᠤᠣᠯ ᠬᠤᠷᠠᠯ᠎ᠤᠨ ᠲᠠᠯᠠᠪᠠᠢ᠎ᠶ᠋ᠢᠨ ᠠᠵᠢᠯᠯᠠᠭ᠎ᠠ ᠬᠢᠩᠭᠠᠨ ᠠᠢᠮᠠᠭ᠎ᠤᠨ ᠵᠠᠯᠠᠢᠳ ᠬᠤᠱᠢᠭᠤᠨ᠎ᠳᠤ ᠶᠠᠪᠤᠭ᠍ᠳᠠᠪᠠ᠃ ᠨᠠ ᠵᠢᠷ᠎ᠤᠨ ᠭᠤᠣᠯ ᠡᠵᠡᠨᠳᠡᠨ ᠪᠣᠯᠤᠭ᠍ᠰᠠᠨ ᠥᠷᠭᠡᠨ ᠤᠯᠠᠨ ᠲᠠᠷᠢᠶᠠᠴᠢᠨ ᠠᠳᠡ ᠴᠤᠭ᠍ᠯᠠᠷᠠᠵᠤ᠂ ᠡᠯᠪᠡᠭ ᠬᠤᠷᠢᠶᠠᠯᠲᠠ᠎ᠪᠠᠨ ᠬᠠᠮᠲᠤ᠎ᠪᠠᠷ ᠪᠡᠯᠭᠡᠯᠡᠵᠦ᠍᠂ ᠡᠯᠪᠡᠭ ᠬᠤᠷᠢᠶᠠᠯᠲᠠ᠎ᠶ᠋ᠢᠨ ᠪᠠᠶᠠᠷ ᠪᠠᠶᠠᠰᠤᠯ᠎ᠢᠶᠠᠨ ᠬᠠᠮᠲᠤ᠎ᠪᠠᠷ ᠡᠳ᠋ᠯᠡᠪᠡ᠃

ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭ᠌ᠴᠢ ᠯᠢ ᠪᠢᠩ ᠷᠦᠩ ᠠᠵᠢᠯᠯᠠᠭ᠎ᠠ᠎ᠳᠤ ᠣᠷᠣᠯᠴᠠᠭ᠍ᠰᠠᠨ ᠪᠥᠭᠡᠳ ᠴᠤᠭ᠍ᠯᠠᠭᠠᠨ ᠡᠬᠢᠯᠡᠭ᠌ᠰᠡᠨ᠎ᠢ ᠵᠠᠷᠯᠠᠪᠠ᠃

ᠡᠬᠢᠯᠡᠯᠲᠡ᠎ᠶ᠋ᠢᠨ ᠶᠣᠰᠣᠯᠠᠯ᠎ᠤᠨ ᠠᠬᠤᠢ ᠲᠠᠯᠠᠪᠠᠢ᠎ᠳᠤ᠂ ᠲᠠᠷᠢᠶᠠᠴᠢᠨ ᠨᠠᠢᠵᠠ ᠨᠠᠷ ᠣᠷᠭᠢᠯᠤᠮ᠎ᠠ ᠬᠠᠯᠠᠭᠤᠨ ᠰᠡᠳᠭᠢᠯᠭᠡ᠎ᠲᠠᠢ᠎ᠪᠠᠷ ᠪᠥᠵᠢᠭ ᠪᠥᠵᠢᠭ᠌ᠯᠡᠵᠦ᠍᠂ ᠬᠡᠩᠭᠡᠷᠭᠡ ᠴᠠᠩ ᠳᠡᠯᠡᠳᠴᠦ᠍᠂ ᠲᠦᠷᠪᠡᠨ ᠤᠲᠠᠰᠤᠲᠤ ᠬᠤᠭᠤᠷ ᠴᠢᠪᠬᠠᠳᠠᠵᠤ᠂ ᠵᠠᠯᠭᠠᠭ᠎ᠠ ᠵᠠᠯᠭᠠᠭ᠎ᠠ᠎ᠪᠠᠷ ᠥᠪᠡᠷ᠎ᠢᠶᠠᠨ ᠨᠠᠢᠷᠠᠭᠤᠯᠵᠤ ᠲᠣᠭ᠍ᠯᠠᠭ᠍ᠰᠠᠨ ᠲᠣᠭ᠍ᠯᠠᠯᠲᠠ᠎ᠪᠠᠨ ᠭᠠᠷᠭᠠᠪᠠ᠃ ᠦᠯᠵᠡ ᠵᠢᠲᠦ ᠤᠤᠨᠪᠠᠯᠠ ᠲᠡᠭᠦᠬᠦ᠌ ᠤᠷᠤᠯᠳᠤᠭᠠᠨ᠂ ᠬᠠᠭᠤᠷᠠᠶ ᠲᠤᠲᠤᠷᠭ᠎ᠠ ᠬᠠᠳᠤᠬᠤ ᠤᠷᠤᠯᠳᠤᠭᠠᠨ᠂ ᠲᠤᠲᠤᠷᠭ᠎ᠠ ᠮᠥᠯᠢᠬᠦ᠌ ᠤᠷᠤᠯᠳᠤᠭᠠᠨ᠂ ᠮᠣᠭᠠᠶ ᠵᠢᠭᠠᠰᠤ ᠪᠠᠷᠢᠬᠤ ᠤᠷᠤᠯᠳᠤᠭᠠᠨ ᠵᠡᠷᠭᠡ ᠲᠠᠷᠢᠶᠠᠴᠢᠳ᠎ᠤᠨ ᠰᠣᠨᠢᠷᠬᠠᠯᠲᠠᠶ ᠤᠷᠤᠯᠳᠤᠭᠠᠨ᠎ᠨᠢ ᠱᠢᠨ᠎ᠡ ᠴᠠᠭ ᠦᠶ᠎ᠡ᠎ᠶ᠋ᠢᠨ ᠱᠢᠨ᠎ᠡ ᠲᠠᠷᠢᠶᠠᠴᠢᠳ᠎ᠤᠨ ᠱᠢᠨ᠎ᠡ ᠳᠦᠷᠢ ᠲᠥᠷᠬᠦ᠌᠎ᠶ᠋ᠢ ᠢᠯᠡᠷᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠬᠤᠶᠠᠳᠤᠭᠠᠷ ᠪᠦᠯᠦᠭ ᠲᠠᠷᠢᠶᠠᠯᠠᠩ ᠮᠠᠯ ᠠᠵᠤ ᠠᠬᠤᠶ᠎ᠶ᠋ᠢᠨ ᠠᠵᠤ ᠦᠢᠯᠡᠰᠵᠢᠭ᠌ᠰᠡᠨ ᠵᠢᠱ᠌ᠢᠶ᠎ᠡ ᠦᠵᠡᠭᠦᠯᠬᠦ᠌ ᠬᠤᠯᠪᠣᠭᠠᠲᠤ ᠴᠣᠭ᠍ᠴᠠ᠎ᠶ᠋ᠢᠨ ᠲᠥᠯᠥᠭᠡᠯᠡᠭ᠌ᠴᠢ᠂ ᠬᠢᠩᠭᠠᠨ ᠠᠢᠮᠠᠭ᠎ᠤᠨ ᠱᠢᠯᠢᠳᠡᠭ ᠮᠠᠯᠴᠢᠨ ᠲᠠᠷᠢᠶᠠᠴᠢᠳ᠎ᠤᠨ ᠬᠤᠷᠱᠢᠶ᠎ᠠ᠎ᠶ᠋ᠢᠨ ᠲᠥᠯᠥᠭᠡᠯᠡᠭ᠌ᠴᠢ᠂ ᠠᠷᠪᠠᠨ ᠱᠢᠯᠢᠳᠡᠭ ᠲᠠᠷᠢᠮᠠᠯ᠎ᠤᠨ ᠦᠶ᠋ᠯᠡᠰ᠎ᠤᠨ ᠲᠣᠮᠣ ᠡᠷᠦᠬᠡ᠂ ᠠᠷᠪᠠᠨ ᠱᠢᠯᠢᠳᠡᠭ ᠲᠡᠵᠢᠭᠡᠨ ᠦᠷᠡᠵᠢᠭᠦᠯᠬᠦ᠌ ᠦᠶ᠋ᠯᠡᠰ᠎ᠤᠨ ᠲᠣᠮᠣ ᠡᠷᠦᠬᠡ ᠴᠦ᠍ ᠱᠠᠩᠨᠠᠯ ᠣᠯᠭᠤᠬᠤ ᠲᠠᠪᠴᠠᠩ᠎ᠳᠤ ᠭᠠᠷᠴᠤ᠌᠂ ᠢᠷᠠᠭᠤ ᠠᠯᠳᠠᠷ ᠭᠥᠷᠳᠡᠪᠡ᠃

ᠲᠤᠰ ᠤᠳᠠᠭᠠᠨ᠎ᠤ ᠲᠠᠷᠢᠶᠠᠴᠢᠳ᠎ᠤᠨ ᠡᠯᠪᠡᠭ ᠬᠤᠷᠢᠶᠠᠯᠲᠠ᠎ᠶ᠋ᠢᠨ ᠪᠠᠶᠠᠷ᠎ᠢ ᠰᠠᠢᠲᠤᠷ ᠡᠷᠬᠢᠯᠡᠵᠦ᠍᠂ ᠪᠠᠶᠠᠷ ᠳᠤᠷᠠᠰᠭᠠᠯ᠎ᠤᠨ ᠠᠭᠤᠯᠭ᠎ᠠ᠎ᠶ᠋ᠢ ᠨᠡᠩ ᠪᠠᠶᠠᠯᠢᠭ᠍ᠵᠢᠭᠤᠯᠵᠤ᠂ ᠲᠠᠷᠢᠶᠠᠴᠢᠳ᠎ᠤᠨ ᠣᠷᠣᠯᠴᠠᠯᠭ᠎ᠠ᠎ᠶ᠋ᠢ ᠨᠡᠩ ᠥᠷᠭᠡᠨ ᠳᠡᠯᠭᠡᠷ ᠪᠣᠯᠭᠠᠬᠤ᠎ᠶ᠋ᠢᠨ ᠲᠥᠯᠥᠭᠡ᠂ ᠭᠤᠣᠯ ᠬᠤᠷᠠᠯ᠎ᠤᠨ ᠲᠠᠯᠠᠪᠠᠢ᠎ᠳᠤ ᠪᠠᠰᠠ ᠲᠠᠷᠢᠶᠠᠯᠠᠩ᠎ᠤᠨ ᠣᠨᠴᠠ ᠪᠦᠲᠦᠭᠡᠭ᠌ᠳᠡᠬᠦᠨ᠎ᠤ ᠳᠡᠯᠭᠡᠨ ᠪᠣᠷᠣᠯᠠᠭᠤᠯᠬᠤ ᠪᠦᠲᠦᠭᠡᠭ᠌ᠳᠡᠬᠦᠨ᠎ᠢ ᠬᠢᠨᠠᠨ ᠱᠢᠯᠭᠠᠬᠤ᠂ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌᠎ᠶ᠋ᠢ ᠬᠥᠳᠡᠭᠡ ᠪᠠᠭᠤᠯᠭᠠᠬᠤ ᠪᠠ ᠬᠠᠤᠯᠢᠵᠢᠯ᠎ᠤᠨ ᠤᠬᠠᠭᠤᠯᠭ᠎ᠠ ᠵᠡᠷᠭᠡ ᠠᠵᠢᠯᠯᠠᠭ᠎ᠠ ᠥᠷᠨᠢᠭᠦᠯᠵᠡᠢ᠃ ᠡᠭᠦᠨ᠎ᠠᠴᠠ ᠭᠠᠳᠠᠨ᠎ᠠ᠂ ᠵᠠᠯᠠᠢᠳ ᠬᠤᠱᠢᠭᠤᠨ᠎ᠤ ᠬᠤᠯᠪᠣᠭ᠎ᠠ ᠪᠠᠯᠭᠠᠰᠤᠨ᠎ᠤ 《ᠲᠤᠤ ᠮᠧᠩ ᠱᠢᠩ ᠺᠦᠩ》 ᠮᠣᠳᠣᠨ ᠪᠠᠢᠱᠢᠩ ᠠᠷᠠᠳ᠎ᠤᠨ ᠰᠠᠭᠤᠴᠠ᠂ 《ᠵᠢᠶᠠ ᠲᠤᠤ ᠯᠢ》 ᠠᠷᠠᠳ᠎ᠤᠨ ᠰᠠᠭᠤᠴᠠ᠂ ᠤᠯᠤᠰ᠎ᠤᠨ ᠤᠳᠤ ᠦᠶ᠎ᠡ᠎ᠶ᠋ᠢᠨ ᠠᠵᠤ ᠦᠢᠯᠡᠰ᠎ᠤᠨ ᠬᠦᠷᠢᠶᠡᠯᠡᠩ᠂ ᠶᠦᠩ ᠱᠢᠩ ᠬᠥᠳᠡᠭᠡ ᠲᠣᠰᠭᠤᠨ᠎ᠤ ᠲᠠᠷᠢᠶᠠᠯᠠᠬᠤ ᠰᠣᠶᠣᠯ᠎ᠤᠨ ᠬᠦᠷᠢᠶᠡᠯᠡᠩ᠎ᠳᠤ ᠴᠥᠮ ᠬᠤᠪᠢᠶᠠᠷᠢ ᠬᠤᠷᠠᠯ᠎ᠤᠨ ᠲᠠᠯᠠᠪᠠᠢ ᠭᠠᠷᠭᠠᠵᠤ᠂ ᠲᠠᠷᠢᠶᠠᠴᠢᠳ᠎ᠤᠨ ᠦᠵᠡᠵᠦ᠍ ᠰᠣᠨᠢᠷᠬᠠᠬᠤ ᠳᠤᠷᠠᠲᠠᠢ ᠠᠯᠢ ᠤᠯᠠᠨ ᠠᠵᠢᠯᠯᠠᠭ᠎ᠠ ᠥᠷᠨᠢᠭᠦᠯᠵᠦ᠍᠂ ᠥᠨᠢ ᠤᠳᠠᠭᠠᠨ ᠪᠥᠭᠡᠳ ᠭᠦᠨ ᠵᠤᠵᠠᠭᠠᠨ ᠲᠠᠷᠢᠶᠠᠯᠠᠬᠤ ᠰᠣᠶᠣᠯ᠎ᠢ ᠪᠠᠳᠠᠷᠠᠭᠤᠯᠵᠤ᠂ ᠬᠥᠳᠡᠭᠡ ᠲᠣᠰᠭᠤᠨ᠎ᠤ ᠥᠭᠡᠷᠡᠴᠢᠯᠡᠯᠲᠡ ᠬᠥᠭ᠌ᠵᠢᠯᠲᠡ᠎ᠶ᠋ᠢᠨ ᠯᠤᠲᠤ ᠶᠡᠭᠡ ᠠᠮᠵᠢᠯᠲᠠ᠎ᠶ᠋ᠢ ᠢᠯᠡᠷᠡᠭᠦᠯᠦᠭ᠌ᠰᠡᠨ ᠪᠠ ᠵᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号