《ᠲᠠᠩᠰᠤᠭ ᠨᠤᠳᠤᠭ᠎ᠤᠨ ᠬᠠᠤᠯᠢ ᠬᠠᠮᠠᠭᠠᠯᠠᠯᠲᠠ》 ᠬᠤᠤᠰ ᠭᠡᠯᠡᠨ᠎ᠤ ᠬᠠᠤᠯᠢ᠎ᠶ᠋ᠢᠨ ᠤᠬᠠᠭᠤᠯᠭ᠎ᠠ ᠶᠠᠪᠤᠬ᠍ᠳᠠᠪᠠ
2021-09-20 12:28:52
ᠵᠣᠬᠢᠶᠠᠭ᠍ᠴᠢ᠄
ᠪᠠᠳᠠᠷᠠᠴᠡᠴᠡᠭ
ᠣᠩᠱᠢᠭ᠍ᠰᠠᠨ ᠣᠳᠠᠭ᠎ᠠ᠄
★★★☆☆

ᠤᠷᠴᠢᠮᠬᠠᠨ ᠳᠠᠷᠬᠠᠨ ᠮᠤᠤᠮᠢᠩᠭᠠᠨ ᠬᠤᠯᠪᠤᠭᠠᠳᠤ ᠬᠤᠱᠢᠭᠤᠨ᠎ᠤ ᠠᠷᠠᠳ᠎ᠤᠨ ᠪᠠᠢᠴᠠᠭᠠᠬᠤ ᠬᠤᠷᠢᠶ᠎ᠠ᠂ ᠮᠢᠩᠭᠠᠨ ᠪᠠᠯᠭᠠᠰᠤᠨ᠎ᠤ ᠮᠠᠩᠬᠠᠨ ᠤᠪᠤᠭᠠᠨ᠎ᠤ ᠳᠠᠭᠢᠯᠭ᠎ᠠ᠎ᠪᠠᠷ 《ᠲᠠᠩᠰᠤᠭ ᠨᠤᠳᠤᠭ᠎ᠤᠨ ᠬᠠᠤᠯᠢ ᠬᠠᠮᠠᠭᠠᠯᠠᠯᠲᠠ》 ᠬᠤᠤᠰ ᠭᠡᠯᠡᠨ᠎ᠤ ᠬᠠᠤᠯᠢ᠎ᠶ᠋ᠢᠨ ᠤᠬᠠᠭᠤᠯᠭ᠎ᠠ᠎ᠶ᠋ᠢ ᠲᠦᠭᠡᠮᠡᠯᠵᠢᠬᠦᠯᠭᠦ᠌ ᠠᠵᠢᠯᠯᠠᠭᠠᠨ ᠶᠠᠪᠤᠭ᠍ᠳᠠᠭᠤᠯᠪᠠ᠃

ᠳᠤᠰ ᠤᠳᠠᠭ᠎ᠠ᠎ᠶ᠋ᠢᠨ ᠬᠠᠤᠯᠢ ᠲᠦᠭᠡᠮᠡᠯᠵᠢᠭᠦᠯᠭᠦ᠌ ᠠᠵᠢᠯᠯᠠᠭᠠᠨ᠎ᠳᠤ᠂ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠪᠠᠢᠴᠠᠭᠠᠬᠤ ᠬᠤᠷᠢᠶᠠᠨ᠎ᠠᠴᠠ ᠬᠠᠩᠭᠠᠬ᠍ᠰᠠᠨ 《ᠪᠦᠭᠦᠳᠡ ᠨᠠᠢᠷᠠᠮᠳᠠᠬᠤ ᠲᠤᠮᠳᠠᠳᠤ ᠠᠷᠠᠳ ᠤᠯᠤᠰ᠎ᠤᠨ ᠢᠷᠭᠡᠨ᠎ᠤ ᠬᠠᠤᠯᠢ᠎ᠶ᠋ᠢᠨ ᠪᠢᠴᠢᠭ》᠂ 《ᠢᠷᠭᠡᠨ᠎ᠤ ᠬᠠᠤᠯᠢ᠎ᠶ᠋ᠢᠨ ᠪᠢᠴᠢᠭ᠎ᠤᠨ ᠤᠬᠠᠭᠤᠯᠭ᠎ᠠ᠎ᠶ᠋ᠢᠨ ᠭᠠᠷ ᠠᠪᠤᠯᠭ᠎ᠠ》᠂ ᠳᠤᠮᠳᠠᠳᠤ ᠤᠯᠤᠰ᠎ᠤᠨ ᠦᠨᠳᠤᠰᠤᠳᠡᠨ᠎ᠤ ᠭᠡᠯᠡᠨ᠎ᠤ ᠤᠷᠴᠢᠭᠤᠯᠭ᠎ᠠ᠎ᠶ᠋ᠢᠨ ᠳᠤᠪᠴᠢᠶᠠᠨ᠎ᠠᠴᠠ ᠬᠠᠩᠭᠠᠬ᠍ᠰᠠᠨ 《ᠱᠢᠨ᠎ᠠ ᠲᠢᠳᠢᠮᠯᠢᠭ ᠠᠭᠤᠰᠭᠢᠨ ᠦᠷᠪᠢᠰᠤᠯ᠎ᠤᠨ ᠭᠢᠵᠢᠭ᠎ᠤᠨ ᠪᠠᠢᠳᠠᠯ᠎ᠢ ᠡᠰᠡᠷᠭᠦᠴᠡᠨ ᠲᠠᠷᠤᠬ᠍ᠰᠠᠨ ᠳᠤᠮᠳᠠᠳᠤ ᠤᠯᠤᠰ᠎ᠤᠨ ᠠᠵᠢᠯᠯᠠᠭ᠎ᠠ》 ᠵᠡᠷᠭᠡ ᠬᠤᠤᠰ ᠭᠡᠯᠡᠨ᠎ᠤ ᠤᠬᠠᠭᠤᠯᠭ᠎ᠠ᠎ᠶ᠋ᠢᠨ ᠲᠠᠪᠳᠠᠷ᠎ᠢ 200 ᠭᠠᠷᠤᠢ ᠬᠤᠪᠢ ᠲᠠᠷᠬᠠᠭᠠᠵᠤ᠂ ᠦᠷᠭᠡᠨ ᠤᠯᠠᠨ ᠮᠠᠯᠴᠢᠨ ᠲᠦᠮᠠᠨ᠎ᠤ ᠭᠦᠷᠢᠶᠠᠯᠠᠯ᠎ᠢ ᠤᠯᠤᠬ᠍ᠰᠠᠨ ᠪᠠᠢᠨ᠎ᠠ᠃

ᠤᠢᠯᠠᠭᠠᠬ᠍ᠰᠠᠨ᠎ᠢᠶᠠᠷ᠂ ᠳᠤᠰ ᠤᠳᠠᠭ᠎ᠠ᠎ᠶ᠋ᠢᠨ ᠤᠬᠠᠭᠤᠯᠭ᠎ᠠ᠎ᠶ᠋ᠢᠨ ᠠᠵᠢᠯᠯᠠᠭ᠎ᠠ᠎ᠨᠢ 《ᠬᠠᠤᠯᠢ ᠭᠡᠷᠡᠭ᠌ᠵᠢᠭᠦᠯᠦᠭ᠌ᠴᠢ᠎ᠨᠢ ᠬᠠᠤᠯᠢ ᠲᠦᠭᠡᠮᠡᠯᠵᠢᠭᠦᠯᠭᠦ᠌》 ᠬᠠᠷᠢᠭᠤᠴᠠᠯᠭ᠎ᠠ᠎ᠶ᠋ᠢᠨ ᠲᠦᠷᠢᠮ᠎ᠢ ᠨᠠᠢᠳᠠᠪᠤᠷᠢᠵᠢᠭᠤᠯᠵᠤ᠂ ᠠᠷᠠᠳ᠎ᠤᠨ ᠲᠦᠯᠦᠭᠡ ᠪᠤᠳᠠᠳᠠᠢ ᠠᠵᠢᠯ ᠭᠢᠭᠦ᠎ᠶ᠋ᠢ ᠪᠠᠶᠡᠯᠡᠭᠦᠯᠦᠭ᠌ᠰᠡᠨ ᠪᠠᠢᠨ᠎ᠠ᠃

ᠤᠬᠠᠭᠤᠯᠭ᠎ᠠ᠎ᠶ᠋ᠢᠨ ᠮᠠᠲ᠋ᠧᠷᠢᠶᠠᠯ᠎ᠢ ᠭᠠᠷᠳᠠᠬ᠍ᠰᠠᠨ ᠮᠠᠯᠴᠢᠳ᠄ 《ᠮᠤᠩᠭᠤᠯ ᠭᠡᠯᠡ᠎ᠪᠠᠷ ᠭᠡᠪᠯᠡᠭ᠌ᠰᠡᠨ 〈ᠢᠷᠭᠡᠨ᠎ᠤ ᠬᠠᠤᠯᠢ᠎ᠶ᠋ᠢᠨ ᠪᠢᠴᠢᠭ〉 ᠎ᠢ ᠤᠯᠵᠤ ᠤᠩᠱᠢᠬᠤ ᠰᠠᠨ ᠭᠡᠵᠤ ᠠᠯᠢ ᠡᠷᠳᠡ᠎ᠠᠴᠠ ᠭᠦᠰᠡᠵᠤ ᠪᠠᠢᠬ᠍ᠰᠠᠨ᠂ ᠡᠨᠡ ᠤᠳᠠᠭ᠎ᠠ ᠬᠠᠷᠢᠨ ᠬᠠᠤᠯᠢ᠎ᠶ᠋ᠢᠨ ᠳᠤᠬᠠᠢ ᠳᠠᠨᠢᠯᠳᠠ᠎ᠪᠠᠨ ᠲᠡᠭᠡᠭ᠌ᠰᠢᠯᠡᠭᠦᠯᠭᠦ᠌ ᠮᠠᠲ᠋ᠧᠷᠢᠶᠠᠯ᠎ᠲᠠᠢ ᠪᠤᠯᠤᠯ᠎ᠠ》 ᠭᠡᠮᠡᠨ ᠪᠠᠶᠠᠷᠳᠠᠢ ᠶᠠᠷᠢᠵᠤ ᠪᠠᠢᠯ᠎ᠠ᠃ 

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号