9 ᠰᠠᠷ᠎ᠠ᠎ᠶ᠋ᠢᠨ 19 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠡᠮᠡᠭ᠌ᠳᠠᠢᠶ᠋ᠢᠨ ᠪᠤᠤᠺᠰ᠎ᠤᠨ ᠤᠷᠤᠯᠳᠤᠭᠠᠨ ᠱᠠᠨᠰᠢ ᠮᠤᠵᠢ᠎ᠶ᠋ᠢᠨ ᠲᠡᠮᠡᠭᠡᠳᠤ ᠬᠤᠲᠠ᠎ᠳᠤ ᠶᠠᠪᠤᠭ᠍ᠳᠠᠪᠠ᠃

ᠲᠤᠰ ᠡᠳᠤᠷ ᠶᠠᠪᠤᠬ᠍ᠳᠠᠬ᠍ᠰᠠᠨ ᠪᠤᠤᠺᠰ᠎ᠤᠨ ᠲᠡᠮᠡᠴᠡᠭᠡᠨ᠎ᠤ ᠡᠮᠡᠭ᠌ᠲᠡᠶ᠎ᠶ᠋ᠢᠨ 75 ᠺᠢᠯᠣᠭ᠌ᠷᠠᠮ᠎ᠤᠨ ᠲᠡᠰ᠎ᠤᠨ ᠱᠢᠢᠳᠪᠤᠷᠢᠳᠦ ᠤᠷᠤᠯᠳᠤᠭᠠᠨ᠎ᠳᠤ ᠮᠠᠨ᠎ᠤ ᠤᠷᠤᠨ᠎ᠤ ᠲᠠᠮᠢᠷᠴᠢᠨ ᠯᠢ ᠴᠢᠶᠠᠨ ᠬᠤᠷᠴᠠ ᠱᠢᠷᠦᠭᠦᠨ ᠥᠷᠢᠰᠥᠯᠳᠦᠭᠡᠨ᠎ᠢᠶᠠᠷ ᠳᠠᠮᠵᠢᠨ ᠬᠠᠷᠠᠮᠥ᠋ᠷᠡᠨ᠎ᠤ ᠲᠠᠮᠢᠷᠴᠢᠨ ᠸᠠᠩ ᠯᠢ ᠨᠠᠶ᠋ᠢ ᠢᠯᠠᠵᠤ᠂ ᠪᠤᠤᠺᠰ᠎ᠤᠨ ᠲᠡᠮᠡᠴᠡᠭᠡᠨ᠎ᠤ ᠡᠮᠡᠭ᠌ᠲᠡᠶ᠎ᠶ᠋ᠢᠨ 75 ᠺᠢᠯᠣᠭ᠌ᠷᠠᠮ᠎ᠤᠨ ᠲᠡᠰ᠎ᠤᠨ ᠮᠠᠩᠯᠠᠶ ᠪᠠᠢᠷᠢᠨ᠎ᠳᠤ ᠲᠤᠳᠤᠷᠠᠵᠥ᠍᠂ ᠠᠯᠲᠠᠨ ᠮᠧᠳᠠᠯ᠎ᠢᠶᠠᠷ ᠡᠩᠭᠡᠷ᠎ᠢᠶᠠᠨ ᠮᠢᠯᠢᠶᠠᠯᠭᠠᠯ᠎ᠠ᠃ ᠡᠨᠡ᠎ᠨᠢ ᠲᠤᠰ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠥᠪᠥᠷ ᠮᠣᠩᠭᠤᠯ᠎ᠤᠨ ᠲᠥᠯᠥᠭᠡᠯᠡᠭ᠌ᠴᠢᠳ᠎ᠤᠨ ᠪᠦᠯᠬᠦᠮ᠎ᠤᠨ ᠦᠷᠢᠰᠦᠯᠳᠦᠭᠡᠨᠳᠦ ᠲᠠᠮᠢᠷ᠎ᠤᠨ ᠤᠷᠤᠯᠳᠤᠭᠠᠨ᠎ᠤ ᠲᠦᠷᠦᠯ᠎ᠤᠨ ᠲᠠᠪᠤᠳᠠᠬᠢ ᠠᠯᠳᠠᠨ ᠮᠧᠳᠠᠯ ᠪᠤᠯᠤᠨ᠎ᠠ᠃


ᠲᠠᠮᠢᠷᠴᠢᠨ ᠯᠢ ᠴᠢᠶᠠᠨ 32 ᠳ᠋ᠤᠭᠠᠷ ᠬᠤᠭᠤᠴᠠᠭᠠᠨ᠎ᠤ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠳᠡᠭᠡᠷ᠎ᠡ ᠮᠥᠩᠭᠦᠨ ᠮᠧᠳᠠᠯ ᠬᠦᠷᠳᠡᠵᠦ᠍᠂ ᠮᠠᠨ᠎ᠤ ᠣᠷᠣᠨ᠎ᠤ ᠲᠠᠮᠢᠷᠴᠢᠳ᠎ᠤᠨ ᠬᠢᠯᠢ᠎ᠶ᠋ᠢᠨ ᠭᠠᠳᠠᠨ᠎ᠠ ᠪᠤᠯᠤᠭ᠍ᠰᠠᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠤᠷᠤᠯᠴᠠᠭ᠍ᠰᠠᠨ ᠬᠠᠮᠤᠭ᠎ᠤᠨ ᠰᠠᠢᠨ ᠬᠢᠷᠢ ᠪᠦᠲᠦᠮᠵᠢ᠎ᠶ᠋ᠢ ᠡᠭᠦᠳᠦᠭ᠌ᠰᠡᠨ ᠶᠤᠮ᠃ ᠯᠢ ᠴᠢᠶᠠᠨ ᠲᠤᠰ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠳᠤ ᠮᠡᠷᠭᠡᠵᠢᠯ᠎ᠤᠨ ᠲᠠᠯ᠎ᠠ᠎ᠪᠠᠷ ᠲᠤᠩ ᠪᠣᠯᠪᠠᠰᠤᠷᠠᠩᠭᠤᠶ᠂ ᠰᠡᠳᠭᠢᠴᠡ᠎ᠶ᠋ᠢᠨ ᠲᠠᠯ᠎ᠠ᠎ᠪᠠᠷ ᠯᠠᠪᠳᠠᠭᠤᠨ ᠲᠤᠭ᠍ᠲᠠᠭᠤᠨ ᠪᠠᠢᠵᠦ᠍᠂ ᠤᠷᠤᠯᠳᠤᠭᠠᠨ᠎ᠤ ᠶᠠᠪᠤᠴᠠ᠎ᠳᠤ ᠤᠷᠢᠳ ᠬᠤᠵᠢᠳ ᠨᠢᠩᠱᠢᠶᠠ᠂ ᠬᠤᠪᠸᠢ᠂ ᠾᠧᠨᠠᠨ᠂ ᠬᠠᠷᠠᠮᠥ᠋ᠷᠡᠨ᠎ᠤ ᠲᠠᠮᠢᠷᠴᠢᠨ᠎ᠢ ᠢᠯᠡᠬ᠍ᠰᠠᠨ ᠪᠠᠢᠨ᠎ᠠ᠃ ᠯᠢ ᠴᠢᠶᠠᠨ ᠤᠷᠤᠯᠳᠤᠭᠠᠨ᠎ᠤ ᠳᠠᠷᠠᠭ᠎ᠠ ᠰᠤᠷᠪᠤᠯᠵᠢᠯᠠᠭ᠎ᠠ ᠬᠦᠯᠢᠶᠡᠬᠦ᠌᠎ᠳᠡᠭᠡᠨ᠄ 《ᠲᠣᠣᠺᠢᠣ᠋᠎ᠠᠴᠠ ᠬᠠᠷᠢᠵᠤ ᠢᠷᠡᠭ᠌ᠰᠡᠨ᠎ᠤ ᠳᠠᠷᠠᠭ᠎ᠠ 21 ᠡᠳᠦᠷ ᠲᠤᠰᠠᠭᠠᠷᠯᠠᠭ᠍ᠳᠠᠬ᠍ᠰᠠᠨᠠᠴᠠ ᠪᠣᠯᠪᠠᠰᠤᠷᠠᠯ᠎ᠢᠶᠠᠨ ᠶᠡᠷᠦ᠎ᠨᠢ ᠲᠡᠢᠮᠦ᠍ ᠱᠢᠰᠲ᠋ᠧᠮ᠎ᠲᠠᠢ ᠬᠢᠵᠦ᠍ ᠴᠢᠳᠠᠭ᠎ᠠ ᠦᠭᠡᠢ᠂ ᠥᠪᠥᠷ ᠮᠣᠩᠭᠤᠯ᠎ᠤᠨ ᠠᠩᠭᠢ᠎ᠳᠠᠭᠠᠨ ᠪᠤᠴᠠᠭ᠍ᠰᠠᠨ᠎ᠤ ᠳᠠᠷᠠᠭ᠎ᠠ᠂ ᠴᠠᠬ᠎ᠢ ᠠᠮᠵᠢᠨ ᠪᠤᠯᠪᠠᠰᠤᠷᠠᠭ᠍ᠰᠠᠨ ᠪᠤᠯᠪᠠᠴᠦ᠍ ᠬᠥᠴᠥ᠍ ᠲᠠᠮᠢᠷ ᠮᠠᠨᠢ ᠪᠠᠰᠠ ᠪᠦᠷᠢᠮᠦᠰᠦᠨ ᠰᠡᠷᠭᠦᠵᠦ᠍ ᠳᠡᠢᠯᠦᠭᠡᠳᠦᠶ ᠱᠢᠭ᠂ ᠡᠢᠨ ᠬᠦ᠌ ᠰᠤᠷᠢᠭ᠎ᠠ ᠪᠤᠯᠪᠠᠰᠤᠷᠠᠯ᠎ᠤᠨ ᠪᠠᠢᠳᠠᠯ᠎ᠢᠶᠠᠨ ᠪᠦᠬᠦ᠌ ᠬᠦᠴᠦ᠎ᠪᠠᠷ᠎ᠢᠶᠠᠨ ᠡᠷᠴᠢᠮᠳᠠᠢ ᠲᠣᠬᠢᠷᠠᠭᠤᠯᠤᠭ᠍ᠰᠠᠭᠠᠷ ᠢᠷᠡᠵᠡᠢ᠂ ᠤᠨᠴᠠᠭᠠᠢᠯᠠᠨ ᠰᠡᠳᠭᠢᠴᠡ᠎ᠶ᠋ᠢᠨ ᠲᠠᠯ᠎ᠠ᠎ᠪᠠᠷ᠂ ᠰᠡᠳᠭᠢᠯ ᠰᠠᠨᠠᠭ᠎ᠠ᠎ᠪᠠᠨ ᠠᠭᠤᠵᠢᠭᠤ ᠲᠠᠯᠪᠢᠭᠤ ᠪᠠᠢᠯᠭᠠᠬᠤ᠎ᠶ᠋ᠢ ᠬᠢᠴᠢᠶᠡᠪᠡ᠂ ᠲᠤᠰ ᠤᠳᠠᠭᠠᠨ᠎ᠤ ᠥᠪᠡᠷ᠎ᠤᠨ ᠬᠢᠷᠢ ᠪᠦᠲᠦᠮᠵᠢ᠎ᠳᠡᠭᠡᠨ ᠮᠠᠰᠢ ᠬᠠᠨᠤᠮᠵᠢᠲᠠᠶ ᠪᠠᠢᠨ᠎ᠠ》 ᠭᠡᠵᠦ᠍ ᠶᠠᠷᠢᠵᠥ᠍ ᠪᠢᠯᠡ᠃
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635372
ᠢᠮᠧᠯ᠄tn@mgyxw.net 蒙ICP备10000005号