ᠤᠯᠠᠭᠠᠨᠴᠠᠪ ᠬᠤᠲᠠ ᠣᠯᠠᠨ ᠬᠡᠯᠪᠡᠷᠢ᠎ᠪᠠᠷ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠦᠮᠦᠵᠢᠯ᠎ᠢ ᠠᠬᠢᠭᠤᠯᠵᠤ ᠪᠠᠢᠨ᠎ᠠ
2021-09-20 12:26:29
ᠵᠣᠬᠢᠶᠠᠭ᠍ᠴᠢ᠄
ᠬᠠᠢ ᠵᠢᠶᠦ᠋ᠨ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠳᠤ᠂ ᠤᠯᠠᠭᠠᠨᠴᠠᠪ ᠬᠤᠳᠠ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ ᠬᠤᠷᠠᠯᠳᠤᠭᠤᠯᠪᠠ᠃ ᠬᠤᠷᠠᠯ᠎ᠠᠴᠠ ᠣᠢᠯᠠᠭᠠᠭ᠍ᠰᠠᠨ᠎ᠢᠶᠠᠷ᠂ ᠲᠣᠰ ᠬᠤᠲᠠ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠤᠨ ᠳᠤᠮᠳᠠ ᠲᠤᠰᠭᠠᠢ ᠮᠡᠷᠭᠡᠵᠢᠯᠲᠡᠨ᠎ᠢ ᠤᠷᠢᠵᠤ ᠤᠬᠠᠭᠤᠯᠤᠨ ᠲᠠᠢᠯᠪᠤᠷᠢᠯᠠᠯᠲᠠ ᠬᠢᠯᠬᠡᠬᠦ᠂ ᠡᠯ᠎ᠡ ᠱᠠᠲᠤᠨ᠎ᠤ ᠤᠳᠤᠷᠢᠳᠤᠯᠭ᠎ᠠ᠎ᠶ᠋ᠢ ᠤᠷᠢᠵᠤ ᠤᠬᠠᠭᠤᠯᠤᠨ ᠲᠠᠢᠯᠪᠤᠷᠢᠯᠠᠯᠲᠠ ᠬᠢᠯᠬᠡᠬᠦ᠂ ᠤᠬᠠᠭᠤᠯᠤᠨ ᠲᠠᠢᠯᠪᠤᠷᠢᠯᠠᠬᠤ ᠪᠦᠯᠬᠦᠮ ᠤᠷᠢᠵᠥ᠍ ᠤᠬᠠᠭᠤᠯᠤᠨ ᠲᠠᠢᠯᠪᠤᠷᠢᠯᠠᠯᠲᠠ ᠬᠢᠯᠬᠡᠬᠦ᠌ ᠵᠡᠷᠭᠡ ᠣᠯᠠᠨ ᠬᠡᠯᠪᠡᠷᠢ᠎ᠪᠠᠷ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠦᠮᠦᠵᠢᠯ᠎ᠢ ᠠᠬᠢᠭᠤᠯᠵᠤ ᠪᠠᠢᠨ᠎ᠠ᠃

ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠥᠷᠨᠢᠭᠦᠯᠦᠭ᠌ᠰᠡᠨ᠎ᠠᠴᠠ ᠨᠠᠭᠠᠰᠢ᠂ ᠲᠤᠰ ᠬᠤᠳᠠ ᠨᠠᠷᠢᠯᠢᠭ ᠲᠥᠯᠥᠪᠵᠢᠭᠦᠯᠬᠦ᠂ ᠪᠦᠬᠦ᠌ ᠲᠠᠯ᠎ᠠ᠎ᠪᠠᠷ ᠳᠠᠢᠴᠢᠯᠠᠬᠤ᠂ ᠲᠣᠭ᠍ᠲᠠᠴᠠ᠎ᠶ᠋ᠢ ᠪᠦᠷᠢᠨᠱᠢᠬᠦᠯᠬᠦ᠂ ᠲᠤᠬᠢᠷᠠᠭᠤᠯᠤᠯᠳᠠ᠎ᠶ᠋ᠢ ᠴᠢᠩᠭᠠᠳᠭᠠᠬᠤ᠂ ᠱᠠᠯᠠᠪᠳᠠᠭᠤᠯᠤᠨ ᠵᠢᠯᠣᠭᠤᠳᠭᠤ᠎ᠶ᠋ᠢ ᠴᠢᠩᠭᠠᠳᠭᠠᠬᠤ ᠵᠡᠷᠭᠡ ᠠᠷᠭ᠎ᠠ ᠪᠠᠷᠢᠯ᠎ᠢᠶᠠᠷ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠪᠣᠳᠠᠲᠠᠢ ᠨᠠᠷᠢᠯᠢᠭ ᠨᠠᠢᠳᠠᠪᠤᠷᠢᠵᠢᠭᠤᠯᠬᠤ᠎ᠶ᠋ᠢ ᠠᠬᠢᠭᠤᠯᠪᠠ; ᠣᠨᠣᠯ ᠰᠤᠷᠤᠯᠴᠠᠬᠤ ᠭᠤᠤᠯ ᠳᠤᠭᠤᠢᠯᠠᠩ ᠵᠢᠱ᠌ᠢᠶ᠎ᠡ ᠦᠵᠡᠭᠦᠯᠦᠨ ᠰᠤᠷᠤᠯᠴᠠᠬᠤ᠂ ᠤᠳᠤᠷᠢᠳᠭᠤ ᠺᠠᠳ᠋ᠷ ᠲᠦᠷᠦᠭᠦᠯᠡᠨ ᠰᠤᠷᠤᠯᠴᠠᠬᠤ᠂ ᠡᠩ᠎ᠤᠨ ᠨᠠᠮ᠎ᠤᠨ ᠭᠡᠱᠢᠭᠦᠳ ᠲᠥᠷᠥᠯ ᠬᠤᠪᠢᠶᠠᠨ ᠰᠤᠷᠤᠯᠴᠠᠬᠤ᠂ ᠬᠤᠪᠢᠰᠭᠠᠯ᠎ᠤᠨ ᠡᠬᠢ ᠪᠠᠶᠠᠯᠢᠭ᠎ᠢᠶᠠᠷ ᠬᠥᠲᠥᠯᠥᠨ ᠲᠠᠭᠠᠭᠤᠯᠤᠨ ᠰᠤᠷᠤᠯᠴᠠᠬᠤ᠂ ᠠᠴᠢᠶᠠᠯᠠᠪᠤᠷᠢ᠎ᠶ᠋ᠢ ᠪᠠᠶᠠᠯᠢᠭ᠍ᠵᠢᠭᠤᠯᠤᠨ ᠥᠷᠭᠡᠳᠭᠡᠨ ᠰᠤᠷᠤᠯᠴᠠᠬᠤ᠂ ᠮᠡᠳᠡᠯᠭᠡ᠎ᠶ᠋ᠢᠨ ᠤᠷᠤᠯᠳᠤᠭᠠᠨ᠎ᠢᠶᠠᠷ ᠪᠠᠬᠢᠵᠢᠭᠦᠯᠦᠨ ᠰᠤᠷᠤᠯᠴᠠᠬᠤ ᠵᠡᠷᠭᠡ ᠣᠯᠠᠨ ᠵᠦᠢᠯ᠎ᠤᠨ ᠰᠤᠷᠤᠯᠴᠠᠬᠤ ᠬᠡᠯᠪᠡᠷᠢ᠎ᠪᠠᠷ ᠨᠠᠮ᠎ᠤᠨ ᠲᠡᠤᠬᠡ᠎ᠶ᠋ᠢᠨ ᠤᠨᠤᠯ᠎ᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠢᠯᠠᠭᠠᠬᠤ᠎ᠶ᠋ᠢ ᠠᠬᠢᠭᠤᠯᠪᠠ; ᠪᠠᠰᠠ ᠲᠠᠯ᠎ᠠ ᠨᠤᠲᠤᠭ᠎ᠤᠨ ᠰᠤᠷᠤᠯᠴᠠᠯᠭ᠎ᠠ᠎ᠶ᠋ᠢᠨ ᠬᠦᠩᠭᠡᠨ ᠮᠣᠷᠢᠲᠤ ᠴᠡᠷᠢᠭ᠎ᠢ ᠤᠷᠢᠵᠤ ᠤᠬᠠᠭᠤᠯᠤᠨ ᠲᠠᠢᠯᠪᠤᠷᠢᠯᠠᠯᠳᠠ ᠬᠢᠯᠬᠡᠬᠦ᠂ ᠤᠯᠠᠨ ᠲᠦᠮᠡᠨ᠎ᠤ ᠲᠤᠮᠳᠠᠬᠢ ᠬᠡᠯᠡᠮᠦᠷᠴᠢ᠎ᠪᠠᠷ ᠤᠬᠠᠭᠤᠯᠤᠨ ᠲᠠᠢᠯᠪᠤᠷᠢᠯᠠᠯᠲᠠ ᠬᠢᠯᠬᠡᠬᠦ᠌ ᠵᠡᠷᠭᠡ ᠠᠮᠢᠳᠤᠯᠢᠭ ᠠᠷᠭ᠎ᠠ ᠬᠡᠯᠪᠡᠷᠢ᠎ᠪᠠᠷ ᠨᠠᠮ᠎ᠤᠨ ᠲᠡᠤᠬᠡ᠎ᠶ᠋ᠢᠨ ᠤᠨᠤᠯ᠎ᠢ ᠬᠦᠮᠦᠰ᠎ᠤᠨ ᠰᠡᠳᠭᠢᠯ᠎ᠳᠤ ᠬᠠᠳᠠᠩᠱᠢᠭᠤᠯᠪᠠ; ᠦᠨᠳᠤᠰᠤᠨ ᠱᠠᠲᠤᠨ᠎ᠳᠤ ᠭᠦᠨᠵᠡᠭᠡᠢᠷᠡᠨ ᠠᠷᠠᠳ᠎ᠤᠨ ᠪᠠᠢᠳᠠᠯ᠎ᠢ ᠤᠢ᠍ᠢᠯᠠᠭᠠᠬᠤ᠂ ᠡᠭᠦᠳᠡ᠎ᠪᠠᠨ ᠨᠡᠭᠡᠭᠡᠵᠦ᠍ ᠰᠠᠨᠠᠯ ᠰᠣᠨᠣᠰᠭᠤ᠂ 《ᠪᠢ ᠲᠠᠨ᠎ᠳᠤ ᠬᠠᠪᠰᠤᠷᠤᠶ᠎ᠠ》 ᠰᠠᠢᠨ ᠲᠤᠷ᠎ᠠ᠎ᠶ᠋ᠢᠨ ᠤᠢ᠍ᠢᠯᠡᠴᠢᠯᠡᠭᠡ᠂ ᠠᠵᠢᠯ᠎ᠤᠨ ᠪᠠᠢᠷᠢ᠎ᠳᠠᠭᠠᠨ ᠰᠠᠭᠤᠷᠢᠯᠠᠨ ᠬᠤᠪᠢ ᠨᠡᠮᠡᠷᠢ ᠦᠵᠡᠭᠦᠯᠬᠦ᠂ ᠴᠡᠭ᠌ᠴᠡᠯᠡᠨ ᠵᠠᠰᠠᠬᠤ ᠲᠤᠰᠭᠠᠶ ᠠᠵᠢᠯᠯᠠᠭ᠎ᠠ ᠥᠷᠨᠢᠭᠦᠯᠬᠦ᠌ ᠵᠡᠷᠭᠡ᠎ᠪᠠᠷ ᠠᠷᠠᠳ ᠤᠯᠠᠨ᠎ᠳᠤ ᠪᠣᠳᠠᠲᠤ ᠶᠠᠪᠤᠳᠠᠯ ᠬᠢᠵᠤ ᠦᠭ᠌ᠬᠦ᠎ᠶ᠋ᠢ ᠠᠬᠢᠭᠤᠯᠵᠠᠢ᠃

ᠲᠤᠰ ᠬᠤᠲᠠ ᠪᠠᠰᠠ ᠶᠡᠷᠦᠩᠬᠡᠶ ᠱᠦᠵᠢ ᠰᠢ᠎ᠶ᠋ᠢᠨ ᠫᠢᠩ᠎ᠤᠨ 《7 · 1》 ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠬᠤ ᠵᠢᠴᠢ ᠦᠨᠳᠦᠰᠦᠨ ᠱᠠᠲᠤᠨ᠎ᠤ ᠤᠬᠠᠭᠤᠯᠤᠨ ᠲᠠᠢᠯᠪᠤᠷᠢᠯᠠᠭ᠍ᠴᠢ᠎ᠶ᠋ᠢᠨ ᠰᠦᠯᠵᠢᠶᠡᠨ ᠳᠡᠭᠡᠷᠡᠬᠢ ᠪᠤᠯᠪᠠᠰᠤᠷᠠᠯ ᠡᠷᠬᠢᠯᠡᠬᠦ᠂ ᠬᠤᠲᠠ᠎ᠶ᠋ᠢᠨ ᠱᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠢ᠎ᠳᠤ ᠭᠦᠨᠵᠡᠭᠡᠢᠷᠡᠨ ᠤᠬᠠᠭᠤᠯᠤᠨ ᠲᠠᠢᠯᠪᠤᠷᠢᠯᠠᠯᠳᠠ ᠬᠢᠬᠦ᠂ ᠡᠯ᠎ᠡ ᠬᠤᠱᠢᠭᠤ ᠱᠢᠶᠠᠨ ᠬᠤᠲᠠ ᠲᠣᠭᠤᠷᠢᠭ ᠰᠤᠷᠤᠯᠴᠠᠯᠭ᠎ᠠ᠎ᠶ᠋ᠢᠨ ᠬᠥᠩᠭᠡᠨ ᠮᠣᠷᠢᠲᠤ ᠴᠡᠷᠢᠭ᠎ᠤᠨ ᠤᠬᠠᠭᠤᠯᠤᠨ ᠲᠠᠢᠯᠪᠤᠷᠢᠯᠠᠬᠤ ᠰᠠᠯᠪᠤᠷᠢ ᠠᠩᠭᠢ᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠤᠢ᠍ᠢᠯᠡᠳᠦᠯᠭᠡ᠎ᠶ᠋ᠢᠨ ᠤᠨᠤᠯ ᠤᠬᠠᠭᠤᠯᠤᠨ ᠲᠠᠢᠯᠪᠤᠷᠢᠯᠠᠬᠤ ᠰᠠᠢᠨ ᠳᠤᠷ᠎ᠠ᠎ᠶ᠋ᠢᠨ ᠤᠢ᠍ᠢᠯᠡᠴᠢᠯᠡᠭᠡᠨ᠎ᠤ ᠠᠩᠭᠢ᠎ᠶ᠋ᠢ ᠵᠣᠬᠢᠶᠠᠨ ᠪᠠᠢᠭᠤᠯᠤᠨ ᠦᠨᠳᠤᠰᠤᠨ ᠱᠠᠳᠤᠨ᠎ᠳᠤ ᠬᠦᠨᠵᠡᠭᠡᠢᠷᠡᠨ ᠤᠯᠠᠨ ᠲᠠᠯᠠᠪᠠᠢ ᠤᠬᠠᠭᠤᠯᠤᠨ ᠲᠠᠢᠯᠪᠤᠷᠢᠯᠠᠯᠲᠠ ᠬᠢᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号