ᠮᠠᠨ᠎ᠤ ᠤᠷᠤᠨ ᠭᠠᠵᠠᠷ ᠳᠤᠤᠷᠠᠬᠢ ᠤᠰᠤ᠎ᠶ᠋ᠢ ᠬᠡᠲᠦᠷᠡᠲᠡᠯ᠎ᠡ ᠲᠠᠲᠠᠭ᠍ᠰᠠᠨ ᠣᠷᠣᠨ᠎ᠤ ᠤᠰᠤ ᠳᠠᠳᠠᠬᠤ ᠬᠡᠮᠵᠢᠶ᠎ᠡ᠎ᠶ᠋ᠢ 5.9 ᠳ᠋ᠦᠩᠱᠢᠭᠤᠷ ᠪᠤᠰᠤᠭ᠎ᠠ ᠳᠦᠷᠪᠡᠯᠵᠢᠨ ᠮᠧᠲᠷ ᠪᠠᠭᠠᠰᠭᠠᠪᠠ
2021-09-21 11:58:43
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ᠎ᠠᠴᠠ ᠣᠢᠯᠠᠭᠠᠭ᠍ᠰᠠᠨ᠎ᠢᠶᠠᠷ᠂ ᠤᠰᠤᠨ᠎ᠤ ᠠᠮᠢ ᠠᠬᠤᠶ᠎ᠶ᠋ᠢᠨ ᠲᠡᠩᠴᠡᠭᠦᠷᠢ᠎ᠶ᠋ᠢ ᠪᠠᠳᠤᠯᠠᠬᠤ᠎ᠶ᠋ᠢᠨ ᠲᠥᠯᠥᠭᠡ᠂ ᠣᠢᠷ᠎ᠠ᠎ᠶ᠋ᠢᠨ ᠵᠢᠯ᠎ᠳᠤ᠂ ᠮᠠᠨ᠎ᠤ ᠤᠷᠤᠨ ᠭᠠᠵᠠᠷ ᠳᠤᠤᠷᠠᠬᠢ ᠤᠰᠤ᠎ᠶ᠋ᠢ ᠬᠡᠲᠦᠷᠡᠲᠡᠯ᠎ᠡ ᠲᠠᠲᠠᠭ᠍ᠰᠠᠨ ᠣᠷᠣᠨ᠎ᠢ ᠵᠠᠰᠠᠬᠤ ᠡᠷᠴᠢᠮ᠎ᠢᠶᠠᠨ ᠴᠢᠩᠭᠠᠷᠠᠭᠤᠯᠵᠤ᠂ ᠭᠠᠵᠠᠷ ᠳᠤᠤᠷᠠᠬᠢ ᠤᠰᠤ᠎ᠶ᠋ᠢ ᠬᠡᠲᠦᠷᠡᠲᠡᠯ᠎ᠡ ᠲᠠᠲᠠᠭ᠍ᠰᠠᠨ 33 ᠣᠷᠣᠨ᠎ᠤ ᠤᠰᠤ ᠲᠠᠲᠠᠬᠤ ᠬᠡᠮᠵᠢᠶ᠎ᠡ᠎ᠶ᠋ᠢ ᠨᠡᠢᠲᠡ 5.9 ᠳ᠋ᠦᠩᠱᠢᠭᠤᠷ ᠪᠣᠰᠤᠭ᠎ᠠ ᠳᠥᠷᠪᠡᠯᠵᠢᠨ ᠮᠧᠲᠷ ᠪᠠᠭᠠᠰᠭᠠᠪᠠ᠃

ᠣᠲᠣ ᠪᠣᠯᠲᠠᠯ᠎ᠠ᠂ ᠮᠠᠨ᠎ᠤ ᠤᠷᠤᠨ ᠭᠠᠵᠠᠷ ᠳᠤᠤᠷᠠᠬᠢ ᠤᠰᠤ᠎ᠶ᠋ᠢ ᠬᠡᠲᠦᠷᠡᠲᠡᠯ᠎ᠡ ᠲᠠᠲᠠᠭ᠍ᠰᠠᠨ 33 ᠣᠷᠣᠨ ᠤᠰᠤᠨ᠎ᠤ ᠡᠬᠢ ᠰᠤᠷᠪᠤᠯᠵᠢ᠎ᠶ᠋ᠢ ᠰᠣᠯᠢᠬᠤ᠂ ᠥᠪᠡᠰᠦᠪᠡᠨ ᠪᠡᠯᠡᠳᠭᠡᠭ᠌ᠰᠡᠨ ᠬᠤᠳᠳᠤᠭ᠎ᠢ ᠪᠢᠲᠡᠭᠦᠮᠵᠢᠯᠡᠬᠦ᠂ ᠤᠰᠤ ᠠᠷᠪᠢᠯᠠᠬᠤ ᠥᠭᠡᠷᠡᠴᠢᠯᠡᠯᠲᠡ᠎ᠶ᠋ᠢ ᠠᠬᠢᠭᠤᠯᠬᠤ ᠵᠡᠷᠭᠡ ᠶᠡᠷᠦᠩᠬᠡᠢᠯᠡᠨ ᠵᠠᠰᠠᠬᠤ ᠠᠷᠭ᠎ᠠ ᠬᠡᠯᠪᠡᠷᠢ᠎ᠶ᠋ᠢ ᠠᠪᠴᠤ᠌᠂ ᠭᠠᠵᠠᠷ ᠳᠤᠤᠷᠠᠬᠢ ᠤᠰᠤ᠎ᠶ᠋ᠢ ᠬᠡᠲᠦᠷᠡᠲᠡᠯ᠎ᠡ ᠲᠠᠲᠠᠭ᠍ᠰᠠᠨ 30 ᠣᠷᠣᠨ᠎ᠤ ᠤᠰᠤ ᠲᠠᠲᠠᠬᠤ ᠪᠠ ᠤᠰᠤ ᠨᠥᠬᠦᠪᠥᠷᠢᠯᠡᠬᠦ᠌᠎ᠶ᠋ᠢ ᠲᠡᠩᠴᠡᠭᠦᠷᠢᠲᠡᠶ ᠪᠣᠯᠭᠠᠪᠠ; ᠨᠥᠭᠦᠭᠡ 3 ᠲᠣᠮᠣ ᠬᠡᠯᠪᠡᠷᠢ᠎ᠶ᠋ᠢᠨ ᠭᠠᠵᠠᠷ ᠳᠤᠤᠷᠠᠬᠢ ᠤᠰᠤ᠎ᠶ᠋ᠢ ᠬᠡᠲᠦᠷᠡᠲᠡᠯ᠎ᠡ ᠲᠠᠲᠠᠭ᠍ᠰᠠᠨ ᠣᠷᠣᠨ᠎ᠤ ᠤᠰᠤ ᠬᠡᠲᠦᠷᠡᠲᠡᠯ᠎ᠠ ᠲᠠᠲᠠᠬᠤ ᠪᠠᠢᠳᠠᠯ᠎ᠢ 60% ᠎ᠪᠠᠷ ᠪᠠᠭᠠᠰᠭᠠᠬᠤ ᠬᠠᠷᠠᠯᠲᠠ᠎ᠶ᠋ᠢ ᠪᠡᠶᠡᠯᠡᠭᠦᠯᠵᠦ᠍᠂ 2025 ᠣᠨ᠎ᠠᠴᠠ ᠡᠮᠦᠨ᠎ᠡ ᠤᠰᠤ ᠲᠠᠲᠠᠬᠤ ᠪᠠ ᠤᠰᠤ ᠨᠥᠬᠦᠪᠥᠷᠢᠯᠡᠬᠦ᠌᠎ᠶ᠋ᠢ ᠲᠡᠩᠴᠡᠭᠦᠷᠢᠲᠡᠶ ᠪᠣᠯᠭᠠᠬᠤ᠎ᠪᠠᠷ ᠴᠢᠷᠮᠠᠢᠵᠤ ᠪᠤᠢ᠃

ᠮᠠᠨ᠎ᠤ ᠤᠷᠤᠨ ᠣᠲᠣ ᠨᠢᠭᠡᠨᠲᠡ ᠭᠠᠵᠠᠷ ᠳᠤᠤᠷᠠᠬᠢ ᠤᠰᠤᠨ᠎ᠤ ᠪᠠᠢᠳᠠᠯ᠎ᠢ ᠵᠠᠷᠯᠠᠬᠤ ᠲᠦᠷᠢᠮ᠎ᠢ ᠪᠠᠢᠭᠤᠯᠵᠤ᠂ ᠭᠠᠵᠠᠷ ᠳᠤᠤᠷᠠᠬᠢ ᠤᠰᠤ᠎ᠶ᠋ᠢ ᠬᠡᠲᠦᠷᠡᠲᠡᠯ᠎ᠠ ᠲᠠᠲᠠᠭ᠍ᠰᠠᠨ ᠣᠷᠣᠨ ᠵᠡᠷᠭᠡ ᠭᠤᠤᠯᠳᠠᠯᠭ᠎ᠠ᠎ᠲᠠᠢ ᠣᠷᠣᠨ ᠪᠦᠰᠡ᠎ᠳᠤ ᠬᠥᠳᠡᠯᠦᠩᠭᠦᠶ ᠬᠠᠮᠢᠶᠠᠷᠤᠯᠲᠠ ᠬᠢᠵᠦ᠍᠂ 4 ᠤᠯᠠᠷᠢᠯ ᠳᠠᠷᠠᠭᠠᠯᠠᠨ ᠤᠰᠤᠨ ᠲᠦᠪᠱᠢᠨ ᠪᠠᠭᠤᠷᠠᠭ᠍ᠰᠠᠨ ᠬᠡᠲᠦᠷᠡᠲᠡᠯ᠎ᠠ ᠤᠰᠤ ᠲᠠᠲᠠᠬ᠍ᠰᠠᠨ ᠣᠷᠣᠨ᠎ᠢ ᠰᠡᠷᠡᠮᠵᠢᠯᠡᠭᠦᠯᠵᠦ᠍ ᠪᠤᠢ᠃ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭᠠᠷᠯᠠᠯ᠎ᠢ ᠴᠢᠩᠭᠠᠳᠭᠠᠵᠤ᠂ ᠣᠷᠣᠨ ᠪᠦᠰᠡ ᠪᠠ ᠤᠰᠤᠨ᠎ᠤ ᠭᠠᠵᠠᠷ ᠱᠢᠨᠵᠢᠯᠡᠭᠡᠨ᠎ᠤ ᠨᠢᠭᠡᠴᠢ ᠶᠣᠰᠣᠭᠠᠷ ᠭᠠᠵᠠᠷ ᠳᠤᠤᠷᠠᠬᠢ ᠤᠰᠤ᠎ᠶ᠋ᠢ ᠬᠡᠷᠡᠭ᠌ᠯᠡᠬᠦ᠌ ᠶᠡᠷᠦᠩᠬᠡᠶ ᠬᠡᠮᠵᠢᠶ᠎ᠡ ᠪᠠ ᠤᠰᠤᠨ᠎ᠤ ᠲᠦᠪᠱᠢᠨ᠎ᠢ ᠬᠠᠮᠢᠶᠠᠷᠤᠨ ᠡᠵᠡᠮᠳᠡᠬᠦ᠌ ᠭᠦᠢᠴᠡᠳᠭᠡᠯ ᠲᠤᠭ᠎ᠠ᠎ᠶ᠋ᠢ ᠵᠣᠬᠢᠰᠲᠠᠶ ᠲᠣᠭ᠍ᠲᠠᠭᠠᠵᠤ᠂ ᠡᠯ᠎ᠡ ᠠᠢᠮᠠᠭ ᠬᠤᠲᠠ᠎ᠶ᠋ᠢᠨ ᠤᠰᠤᠨ᠎ᠤ ᠡᠬᠢ ᠪᠠᠶᠠᠯᠢᠭ᠎ᠢ ᠨᠡᠭᠡᠭᠡᠨ ᠠᠱᠢᠬ᠍ᠯᠠᠬᠤ ᠬᠢᠵᠠᠭᠠᠷ ᠱᠤᠭᠤᠮ᠎ᠢ ᠲᠣᠳᠣᠷᠬᠠᠢᠯᠠᠪᠠ᠃ ᠬᠠᠲᠤᠨ ᠭᠤᠣᠯ᠎ᠤᠨ ᠰᠠᠪᠠ ᠭᠠᠵᠠᠷ᠎ᠤᠨ ᠭᠠᠵᠠᠷ ᠳᠡᠭᠡᠷᠡᠬᠢ ᠤᠰᠤᠨ᠎ᠤ ᠬᠡᠮᠵᠢᠶ᠎ᠡ᠎ᠨᠢ ᠬᠡᠲᠦᠷᠡᠭ᠌ᠰᠡᠨ ᠠᠢᠮᠠᠭ ᠬᠤᠲᠠ ᠪᠣᠯᠤᠨ ᠭᠠᠵᠠᠷ ᠳᠣᠣᠷᠠᠬᠢ ᠤᠰᠤᠨ᠎ᠤ ᠬᠡᠮᠵᠢᠶ᠎ᠡ᠎ᠨᠢ ᠬᠡᠲᠦᠷᠡᠭ᠌ᠰᠡᠨ ᠬᠤᠱᠢᠭᠤ ᠱᠢᠶᠠᠨ᠎ᠳᠤ ᠤᠰᠤ ᠲᠠᠲᠠᠬᠤ ᠵᠥᠪᠱᠢᠶᠡᠷᠡᠯ ᠤᠯᠭᠤᠬᠤ᠎ᠶ᠋ᠢ ᠬᠢᠨᠠᠨ ᠵᠥᠪᠱᠢᠶᠡᠷᠡᠬᠦ᠌᠎ᠶ᠋ᠢ ᠬᠢᠵᠠᠭᠠᠷᠯᠠᠬᠤ ᠳᠦᠷᠢᠮ᠎ᠢ ᠬᠡᠷᠡᠭ᠌ᠵᠢᠭᠦᠯᠵᠦ᠍᠂ ᠲᠣᠭ᠍ᠲᠠᠭᠠᠯ᠎ᠠᠴᠠ ᠵᠥᠷᠢᠴᠡᠨ ᠤᠰᠤ ᠲᠠᠲᠠᠵᠤ ᠬᠡᠷᠡᠭ᠌ᠯᠡᠬᠦ᠌ ᠦᠢᠯᠡ ᠠᠵᠢᠯᠯᠠᠭ᠎ᠠ᠎ᠶ᠋ᠢ ᠴᠢᠩᠭ᠎ᠠ ᠪᠠᠢᠴᠠᠭᠠᠨ ᠱᠢᠢᠳᠪᠦᠷᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号