ᠮᠠᠨ᠎ᠤ ᠤᠷᠤᠨ 《ᠨᠢᠭᠡ ᠰᠦᠯᠵᠢᠶ᠎ᠡ᠎ᠳᠤ ᠪᠦᠬᠦᠨ᠎ᠢ ᠭᠦᠢᠴᠡᠳᠭᠡᠬᠦ᠌》 ᠪᠠ 《ᠨᠢᠭᠡ ᠴᠤᠩᠬᠤᠨ᠎ᠳᠤ ᠭᠥᠯᠢᠶᠡᠨ ᠠᠪᠴᠤ᠌ ᠭᠦᠢᠴᠡᠳᠭᠡᠬᠦ᠌》 ᠵᠠᠭ᠍ᠪᠤᠷ᠎ᠢ ᠡᠷᠴᠢᠮᠲᠠᠢ ᠬᠡᠷᠡᠭ᠌ᠵᠢᠭᠦᠯᠵᠦ᠍ ᠪᠠᠢᠨ᠎ᠠ
2021-09-21 11:05:12
ᠵᠣᠬᠢᠶᠠᠭ᠍ᠴᠢ᠄
ᠼᠠᠢ ᠬᠤᠨᠭ᠌
ᠣᠩᠱᠢᠭ᠍ᠰᠠᠨ ᠣᠳᠠᠭ᠎ᠠ᠄
★★★☆☆

ᠮᠠᠨ᠎ᠤ ᠤᠷᠤᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠵᠦ᠍᠂ ᠢᠨᠵᠧᠨᠧᠷᠢᠩ᠎ᠤᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠤᠨ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠯ᠎ᠢ ᠲᠦᠷᠭᠡᠳᠭᠡᠬᠦ᠌᠎ᠶ᠋ᠢᠨ ᠲᠤᠯᠠᠳᠠ ᠢᠨᠵᠧᠨᠧᠷᠢᠩ᠎ᠤᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠢ ᠬᠢᠨᠠᠨ ᠵᠥᠪᠱᠢᠶᠡᠷᠡᠬᠦ᠌ ᠲᠦᠷᠢᠮ᠎ᠤᠨ ᠥᠭᠡᠷᠡᠴᠢᠯᠡᠯᠲᠡ᠎ᠶ᠋ᠢ ᠢᠳᠡᠪᠬᠢᠲᠡᠶ ᠥᠷᠨᠢᠭᠦᠯᠵᠦ᠍ ᠪᠠᠢᠨ᠎ᠠ᠃ 2021 ᠣᠨ᠎ᠳᠤ ᠮᠠᠨ᠎ᠤ ᠣᠷᠣᠨ ᠣᠯᠠᠨ ᠵᠦᠢᠯ᠎ᠤᠨ ᠲᠥᠷᠥ᠎ᠶ᠋ᠢᠨ ᠪᠣᠳᠣᠯᠭ᠎ᠠ ᠨᠡᠢᠲᠡᠯᠡᠵᠦ᠍ ᠠᠵᠤ ᠠᠬᠤᠢᠯᠠᠯ᠎ᠳᠤ ᠠᠱᠢᠭ᠍ᠲᠠᠶ᠂ ᠠᠷᠠᠳ᠎ᠲᠤ ᠠᠱᠢᠭ᠍ᠲᠠᠶ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠦᠷᠬᠦᠯᠵᠢᠯᠡᠨ ᠲᠡᠭᠦᠯᠳᠡᠷᠵᠢᠭᠦᠯᠦᠨ ᠦᠷᠭᠡᠳᠭᠡᠵᠡᠢ᠃ ᠡᠭᠦᠨ᠎ᠢᠶᠠᠷ ᠳᠠᠮᠵᠢᠨ᠂ ᠠᠵᠤ ᠠᠬᠤᠢᠯᠠᠯ ᠪᠠ ᠣᠯᠠᠨ ᠲᠦᠮᠡᠨ᠎ᠤ ᠬᠠᠨᠤᠮᠵᠢ᠎ᠶ᠋ᠢᠨ ᠬᠡᠮᠵᠢᠶ᠎ᠡ ᠪᠠ ᠬᠦᠷᠲᠡᠮᠵᠢ᠎ᠶ᠋ᠢᠨ ᠲᠥᠷᠥᠭ᠌ᠳᠡᠯ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ ᠢᠯᠡ ᠲᠣᠳᠣ᠂ ᠳᠥᠭᠦᠮ ᠳᠥᠲᠡ᠂ ᠥᠨᠳᠥᠷ ᠪᠦᠲᠦᠮᠵᠢᠲᠦ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠪᠦᠲᠦᠭᠡᠨ ᠪᠠᠢᠭᠤᠯᠵᠤ᠂ ᠪᠥᠬᠦ᠌ ᠣᠷᠣᠨ᠎ᠤ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠬᠦᠴᠦᠨ ᠨᠡᠮᠡᠷᠢᠯᠡᠵᠦ᠍ ᠪᠠᠢᠨ᠎ᠠ᠃

ᠥᠪᠡᠷᠲᠡᠭᠡᠨ ᠵᠠᠰᠠᠬᠤ ᠣᠷᠣᠨ᠎ᠤ ᠢᠨᠵᠧᠨᠧᠷᠢᠩ᠎ᠤᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠢ ᠬᠢᠨᠠᠨ ᠵᠥᠪᠱᠢᠶᠡᠷᠡᠬᠦ᠌ ᠥᠭᠡᠷᠡᠴᠢᠯᠡᠯᠲᠡ᠎ᠪᠠᠷ ᠳᠠᠮᠵᠢᠨ᠂ ᠢᠨᠵᠧᠨᠧᠷᠢᠩ᠎ᠤᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠢ ᠬᠢᠨᠠᠨ ᠵᠥᠪᠱᠢᠶᠡᠷᠡᠬᠦ᠌ ᠱᠢᠰᠲ᠋ᠧᠮ᠎ᠤᠨ 《ᠨᠢᠭᠡ ᠰᠦᠯᠵᠢᠶ᠎ᠡ᠎ᠳᠤ ᠪᠦᠬᠦᠨ᠎ᠢ ᠭᠦᠢᠴᠡᠳᠭᠡᠬᠦ᠌》 ᠪᠠ 《ᠨᠢᠭᠡ ᠴᠤᠩᠬᠤᠨ᠎ᠳᠤ ᠭᠥᠯᠢᠶᠡᠨ ᠠᠪᠴᠤ᠌ ᠭᠦᠢᠴᠡᠳᠭᠡᠬᠦ᠌》 ᠵᠠᠭ᠍ᠪᠤᠷ᠎ᠢ ᠬᠡᠷᠡᠭ᠌ᠵᠢᠭᠦᠯᠵᠤ᠂ ᠠᠵᠤ ᠠᠬᠤᠢᠯᠠᠯ ᠪᠠ ᠤᠯᠠᠨ ᠲᠦᠮᠡᠨ᠎ᠤ ᠳᠠᠬᠢᠨ ᠳᠠᠪᠲᠠᠨ ᠣᠯᠠᠨ ᠰᠠᠯᠠᠭ᠎ᠠ ᠮᠥᠴᠢᠷ᠎ᠲᠤ ᠬᠦᠷᠴᠦ᠍᠂ ᠣᠯᠠᠨ ᠤᠳᠠᠭ᠎ᠠ ᠮᠠᠲ᠋ᠧᠷᠢᠶᠠᠯ ᠲᠤᠱᠢᠶᠠᠬᠤ᠎ᠠᠴᠠ ᠬᠡᠯᠲᠦᠷᠢᠭᠦᠯᠵᠡᠢ᠃ ᠠᠵᠤ ᠠᠬᠤᠢᠯᠠᠯ ᠪᠠ ᠤᠯᠠᠨ ᠲᠦᠮᠡᠨ ᠮᠠᠲ᠋ᠧᠷᠢᠶᠠᠯ᠎ᠢᠶᠠᠨ ᠲᠤᠱᠢᠶᠠᠭ᠍ᠰᠠᠨ᠎ᠤ ᠳᠠᠷᠠᠭ᠎ᠠ 《ᠮᠥᠩᠬᠡ ᠰᠤᠪᠠᠭ APP》 ᠎ᠪᠠᠷ ᠳᠠᠮᠵᠢᠭᠤᠯᠤᠨ ᠬᠢᠨᠠᠨ ᠵᠦᠪᠱᠢᠶᠡᠷᠡᠵᠦ᠍ ᠪᠠᠢᠭ᠎ᠠ ᠠᠬᠢᠴᠠ᠎ᠶ᠋ᠢ ᠪᠠᠰᠠ ᠪᠠᠢᠴᠠᠭᠠᠨ ᠯᠠᠪᠯᠠᠵᠤ ᠪᠣᠯᠤᠨ᠎ᠠ᠃ ᠡᠨᠡ ᠵᠢᠯ᠎ᠤᠨ 8 ᠰᠠᠷ᠎ᠠ᠎ᠶ᠋ᠢᠨ 11 ᠎ᠤ ᠡᠳᠦᠷ ᠪᠣᠯᠲᠠᠯ᠎ᠠ᠂ ᠪᠥᠬᠦ᠌ ᠣᠷᠣᠨ᠎ᠤ ᠡᠯ᠎ᠡ ᠠᠢᠮᠠᠭ ᠬᠤᠲᠠ᠎ᠶ᠋ᠢᠨ ᠢᠨᠵᠧᠨᠧᠷᠢᠩ᠎ᠤᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠢ ᠬᠢᠨᠠᠨ ᠵᠥᠪᠱᠢᠶᠡᠷᠡᠬᠦ᠌ ᠱᠢᠰᠲ᠋ᠧᠮ᠎ᠤᠨ᠎ᠬᠢᠨ ᠴᠥᠮ ᠱᠢᠯᠵᠢᠶ᠎ᠡ᠎ᠶ᠋ᠢ ᠨᠡᠭᠡᠭᠡᠨ ᠠᠱᠢᠭ᠍ᠯᠠᠭ᠍ᠰᠠᠨ ᠪᠥᠭᠡᠳ 《ᠮᠥᠩᠬᠡ ᠰᠤᠪᠠᠭ APP》 ᠎ᠳᠤ ᠵᠠᠯᠭᠠᠨ ᠣᠷᠣᠭᠤᠯᠵᠤ᠂ ᠠᠵᠤ ᠠᠬᠤᠢᠯᠠᠯ ᠪᠠ ᠣᠯᠠᠨ ᠲᠦᠮᠡᠨ᠎ᠤ ᠵᠠᠪᠤᠳᠠᠯ ᠤᠴᠢᠷ ᠭᠦᠢᠴᠡᠳᠭᠡᠬᠦ᠌᠎ᠳᠤ ᠨᠡᠩ ᠶᠡᠭᠡ ᠳᠦᠭᠦᠮ ᠦᠵᠡᠭᠦᠯᠦᠭ᠌ᠰᠡᠨ ᠪᠠᠢᠨ᠎ᠠ᠃

ᠪᠠᠢᠭᠠᠯᠢ᠎ᠶ᠋ᠢᠨ ᠡᠬᠢ ᠪᠠᠶᠠᠯᠢᠭ᠎ᠤᠨ ᠰᠠᠯᠠᠭ᠎ᠠ ᠮᠥᠴᠢᠷ 《ᠣᠯᠠᠨ ᠲᠥᠯᠥᠪᠵᠢᠭᠦᠯᠭᠡ᠎ᠶ᠋ᠢ ᠨᠡᠢᠳᠭᠡᠬᠦ᠌》 ᠵᠢᠴᠢ ᠲᠤᠬᠠᠢᠯᠠᠭ᠍ᠰᠠᠨ ᠠᠵᠢᠯ᠎ᠤᠨ ᠬᠠᠮᠲᠤᠷᠠᠯᠴᠠᠭᠠᠨ᠎ᠤ ᠲᠠᠪᠴᠠᠩ᠎ᠢᠶᠠᠷ ᠳᠠᠮᠵᠢᠭᠤᠯᠤᠨ ᠲᠥᠷᠥᠯ ᠵᠦᠢᠯ᠎ᠤᠨ ᠡᠮᠦᠨᠡᠬᠢ ᠬᠤᠭᠤᠴᠠᠭᠠᠨ᠎ᠤ ᠤᠬᠠᠭᠠᠯᠠᠨ ᠲᠦᠰᠦᠪᠯᠡᠬᠦ᠌ ᠠᠵᠢᠯ᠎ᠢ ᠠᠬᠢᠭᠤᠯᠵᠤ ᠪᠠᠢᠨ᠎ᠠ᠃ ᠡᠭᠦᠨ᠎ᠤ ᠬᠠᠮᠲᠤ᠌᠂ ᠣᠷᠣᠨ ᠪᠦᠰᠡ᠎ᠶ᠋ᠢᠨ ᠦᠨᠡᠯᠡᠨ ᠵᠢᠱ᠌ᠢᠬᠦ᠌ ᠠᠵᠢᠯ᠎ᠢ ᠶᠡᠬᠡᠪᠡᠷ ᠬᠡᠷᠡᠭ᠌ᠵᠢᠭᠦᠯᠦᠨ᠂ ᠨᠢᠭᠡᠨᠲᠡ ᠣᠷᠣᠨ ᠪᠦᠰᠡ᠎ᠶ᠋ᠢᠨ ᠦᠨᠡᠯᠡᠨ ᠵᠢᠱ᠌ᠢᠬᠦ᠌᠎ᠶ᠋ᠢ ᠬᠡᠷᠡᠭ᠌ᠵᠢᠭᠦᠯᠦᠭ᠌ᠰᠡᠨ ᠵᠦᠢᠯᠡᠰ᠎ᠢ ᠡᠯ᠎ᠡ ᠰᠠᠯᠠᠭ᠎ᠠ ᠮᠥᠴᠢᠷ ᠬᠠᠮᠲᠤᠷᠠᠨ ᠬᠢᠨᠠᠨ ᠵᠦᠪᠱᠢᠶᠡᠷᠡᠵᠦ᠍᠂ ᠬᠡᠰᠡᠭ ᠮᠠᠲᠸ᠋ᠷᠢᠶᠠᠯ ᠳᠤᠲᠠᠭᠤ ᠪᠠᠢᠳᠠᠯ᠎ᠳᠤ ᠭᠥᠯᠢᠶᠡᠨ ᠠᠪᠴᠤ᠌ ᠱᠢᠢᠳᠪᠦᠷᠢᠯᠡᠨ᠂ ᠬᠠᠮᠢᠶ᠎ᠠ ᠪᠦᠬᠦᠢ ᠪᠠᠢᠳᠠᠯ᠎ᠢ ᠮᠡᠳᠡᠭ᠌ᠳᠡᠨ ᠭᠠᠷ᠎ᠤᠨ ᠦᠰᠦᠭ ᠵᠢᠷᠤᠭᠤᠯᠬᠤ ᠠᠮᠠᠯᠠᠯᠲᠠ᠎ᠶ᠋ᠢᠨ ᠲᠦᠷᠢᠮ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ ᠲᠥᠷᠥᠯ ᠵᠦᠢᠯ᠎ᠤᠨ ᠬᠢᠨᠠᠨ ᠵᠥᠪᠱᠢᠶᠡᠷᠡᠬᠦ᠌ ᠶᠠᠪᠤᠴᠠ᠎ᠶ᠋ᠢ ᠲᠦᠷᠭᠡᠳᠭᠡᠵᠦ᠍ ᠪᠤᠢ᠃ ᠤᠳᠤᠬᠠᠨ᠎ᠳᠤ᠂ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶ᠋ᠢᠨ ᠲᠥᠷᠥᠯ᠎ᠤᠨ ᠲᠥᠷᠥᠯ ᠵᠦᠢᠯ᠎ᠢ 65 ᠠᠵᠢᠯᠯᠠᠬᠤ ᠡᠳᠦᠷ᠎ᠤᠨ ᠳᠣᠲᠣᠷ᠎ᠠ ᠬᠢᠨᠠᠨ ᠵᠦᠪᠱᠢᠶᠡᠷᠡᠬᠦ᠌᠎ᠶ᠋ᠢ ᠪᠡᠶᠡᠯᠡᠭᠦᠯᠵᠦ᠍᠂ ᠨᠡᠢᠭᠡᠮ᠎ᠤᠨ ᠪᠠᠯᠠ ᠣᠷᠣᠭᠤᠯᠤᠯᠲᠠ᠎ᠶ᠋ᠢᠨ ᠲᠥᠷᠥᠯ᠎ᠤᠨ ᠲᠥᠷᠥᠯ ᠵᠦᠢᠯ᠎ᠢ 50 ᠠᠵᠢᠯᠯᠠᠬᠤ ᠡᠳᠦᠷ᠎ᠤᠨ ᠳᠣᠲᠣᠷ᠎ᠠ ᠬᠢᠨᠠᠨ ᠵᠦᠪᠱᠢᠶᠡᠷᠡᠬᠦ᠌᠎ᠶ᠋ᠢ ᠪᠡᠶᠡᠯᠡᠭᠦᠯᠵᠡᠢ᠃ ᠡᠯ᠎ᠡ ᠠᠢᠮᠠᠭ ᠬᠤᠲᠠ᠎ᠶ᠋ᠢᠨ᠎ᠬᠢᠨ ᠪᠠᠰᠠ ᠢᠳᠡᠪᠬᠢᠲᠡᠶ ᠰᠦᠪᠡᠭ᠌ᠴᠢᠯᠡᠨ᠂ ᠪᠤᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠠᠷᠭ᠎ᠠ ᠬᠡᠮᠵᠢᠶ᠎ᠡ᠎ᠪᠠᠨ ᠱᠢᠨᠡᠴᠢᠯᠡᠵᠦ᠍᠂ ᠬᠢᠨᠠᠨ ᠵᠥᠪᠱᠢᠶᠡᠷᠡᠬᠦ᠌ ᠶᠠᠪᠤᠴᠠ᠎ᠶ᠋ᠢ ᠤᠯᠠᠮ ᠨᠢᠭᠡ ᠠᠯᠬᠤᠮ ᠳᠦᠭᠦᠮᠴᠢᠯᠡᠨ᠂ ᠬᠢᠨᠠᠨ ᠵᠥᠪᠱᠢᠶᠡᠷᠡᠬᠦ᠌ ᠴᠠᠭ᠎ᠢ ᠪᠣᠭᠤᠨᠢᠰᠭᠠᠪᠠ᠃

ᠥᠪᠡᠷᠲᠡᠭᠡᠨ ᠵᠠᠰᠠᠬᠤ ᠣᠷᠣᠨ᠎ᠠᠴᠠ 《ᠨᠠᠷᠢᠨ ᠳᠠᠩᠰᠠ᠎ᠶ᠋ᠢᠨ ᠬᠠᠮᠢᠶᠠᠷᠤᠯᠲᠠ᠎ᠶ᠋ᠢᠨ ᠳᠦᠷᠢᠮ + ᠬᠠᠮᠢᠶ᠎ᠠ ᠪᠦᠬᠦᠢ ᠪᠠᠢᠳᠠᠯ᠎ᠢ ᠮᠡᠳᠡᠭ᠌ᠳᠡᠨ ᠭᠠᠷ᠎ᠤᠨ ᠦᠰᠦᠭ ᠵᠢᠷᠤᠭᠤᠯᠬᠤ ᠠᠮᠠᠯᠠᠯᠲᠠ᠎ᠶ᠋ᠢᠨ ᠲᠦᠷᠢᠮ》 ᠎ᠢ ᠨᠡᠢᠭᠡᠮ᠎ᠤᠨ ᠪᠡᠯᠡ ᠣᠷᠣᠭᠤᠯᠤᠯᠲᠠ᠎ᠶ᠋ᠢᠨ ᠵᠢᠵᠢᠭ ᠬᠡᠯᠪᠡᠷᠢ᠎ᠶ᠋ᠢᠨ ᠲᠦᠭ᠌ᠰᠢᠭᠦᠷᠢ ᠪᠠᠭᠠᠲᠠᠶ ᠲᠥᠷᠥᠯ ᠵᠦᠢᠯ ᠪᠤᠯᠤᠨ ᠬᠤᠲᠠ ᠪᠠᠯᠭᠠᠰᠤ᠎ᠶ᠋ᠢᠨ ᠬᠠᠭᠤᠴᠢᠨ ᠰᠠᠭᠤᠭᠠᠯᠢ ᠲᠣᠭᠤᠷᠢᠭ᠎ᠢ ᠥᠭᠡᠷᠡᠴᠢᠯᠡᠨ ᠱᠢᠨᠡᠳᠭᠡᠬᠦ᠌ ᠲᠥᠷᠥᠯ ᠵᠦᠢᠯ᠎ᠢ ᠬᠢᠨᠠᠨ ᠵᠥᠪᠱᠢᠶᠡᠷᠡᠬᠦ᠌᠎ᠳᠤ ᠪᠦᠳᠦᠭᠡᠯᠴᠢ᠎ᠪᠠᠷ ᠬᠡᠷᠡᠭ᠌ᠯᠡᠵᠤ᠂ ᠬᠢᠨᠠᠨ ᠵᠦᠪᠱᠢᠶᠡᠷᠡᠬᠦ᠌ ᠶᠠᠪᠤᠴᠠ᠎ᠶ᠋ᠢ ᠲᠦᠷᠭᠡᠳᠭᠡᠵᠤ᠂ ᠠᠷᠠᠳ᠎ᠤᠨ ᠠᠮᠢᠳᠤᠷᠠᠯ᠎ᠤᠨ ᠲᠥᠷᠥᠯ ᠵᠦᠢᠯ᠎ᠢ ᠭᠦᠢᠴᠡᠳᠭᠡᠬᠦ᠌᠎ᠳᠤ ᠦᠨᠡᠨᠬᠦ᠌ ᠳᠥᠭᠦᠮ ᠦᠵᠡᠭᠦᠯᠵᠦ᠍ ᠪᠠᠢᠨ᠎ᠠ᠃

ᠮᠠᠨ᠎ᠤ ᠤᠷᠤᠨ ᠢᠨᠵᠧᠨᠧᠷᠢᠩ᠎ᠤᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠢ ᠬᠢᠨᠠᠨ ᠵᠥᠪᠱᠢᠶᠡᠷᠡᠬᠦ᠌ ᠳᠦᠷᠢᠮ᠎ᠤᠨ ᠦᠭᠡᠷᠡᠴᠢᠯᠡᠯᠲᠡ᠎ᠶ᠋ᠢᠨ ᠶᠠᠪᠤᠴᠠ᠎ᠳᠤ ᠳᠡᠭᠡᠷ᠎ᠡ ᠳᠤᠷᠠᠳᠤᠭ᠍ᠰᠠᠨ ᠭᠡᠳᠦᠨ ᠠᠷᠭ᠎ᠠ ᠠᠪᠴᠠᠯ᠎ᠠᠴᠠ ᠭᠠᠳᠠᠨ᠎ᠠ ᠪᠠᠰᠠ ᠵᠢᠱ᠌ᠢᠶᠡᠴᠢ ᠭᠠᠵᠠᠷ ᠤᠷᠤᠨ᠎ᠲᠠᠢ ᠬᠠᠷᠢᠴᠠᠭᠤᠯᠤᠨ᠂ ᠵᠢᠱ᠌ᠢᠶᠡᠴᠢ ᠭᠠᠵᠠᠷ ᠤᠷᠤᠨ᠎ᠠᠴᠠ ᠰᠤᠷᠤᠯᠴᠠᠵᠤ᠂ ᠢᠨᠵᠧᠨᠧᠷᠢᠩ᠎ᠤᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠢ ᠬᠢᠨᠠᠨ ᠵᠥᠪᠱᠢᠶᠡᠷᠡᠬᠦ᠌ ᠳᠦᠷᠢᠮ᠎ᠤᠨ ᠦᠭᠡᠷᠡᠴᠢᠯᠡᠯᠲᠡ᠎ᠶ᠋ᠢᠨ ᠠᠵᠢᠯ᠎ᠢ ᠲᠠᠰᠤᠷᠠᠯᠲᠠ ᠦᠭᠡᠢ ᠭᠦᠨᠵᠡᠭᠡᠢᠷᠡᠭᠦᠯᠦᠨ᠂ ᠡᠷᠬᠡ ᠲᠡᠭ᠌ᠰᠢ ᠦᠷ᠎ᠡ ᠪᠦᠲᠦᠮᠵᠢᠲᠡᠢ ᠠᠷᠭ᠎ᠠ ᠪᠠᠷᠢᠯ᠎ᠢ ᠬᠠᠮᠲᠤᠳᠭᠠᠵᠤ᠂ ᠠᠷᠠᠳ᠎ᠲᠤ ᠳᠦᠭᠦᠮ ᠦᠵᠡᠭᠦᠯᠦᠨ ᠠᠵᠤ ᠠᠬᠤᠢ᠍ᠢᠯᠠᠯ᠎ᠳᠤ ᠠᠱᠢᠭ ᠬᠦᠷᠲᠡᠭᠡᠬᠦ᠌ ᠬᠠᠷᠠᠯᠲᠠ᠎ᠶ᠋ᠢ ᠨᠡᠩ ᠰᠠᠢᠨ ᠪᠡᠶᠡᠯᠡᠭᠦᠯᠦᠨ᠂ ᠨᠡᠩ ᠦᠨᠳᠦᠷ ᠪᠦᠲᠦᠮᠵᠢᠲᠤ ᠬᠤᠳᠠᠯᠳᠤᠭ᠎ᠠ ᠡᠷᠬᠢᠯᠡᠬᠦ᠌ ᠤᠷᠴᠢᠨ ᠨᠦᠬᠦᠴᠡᠯ᠎ᠢ ᠪᠦᠲᠦᠭᠡᠨ ᠪᠠᠢᠭᠤᠯᠬᠤ᠎ᠪᠠᠷ ᠬᠦᠴᠦᠯᠡᠨ ᠴᠢᠷᠮᠠᠢᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号