9 ᠰᠠᠷ᠎ᠠ᠎ᠶ᠋ᠢᠨ 15 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠦ᠌ ᠤᠯᠤᠰ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠡᠬᠢᠯᠡᠯᠲᠡ᠎ᠶ᠋ᠢᠨ ᠶᠣᠰᠣᠯᠠᠯ ᠱᠠᠨᠰᠢ᠎ᠶ᠋ᠢᠨ ᠰᠢ ᠠᠨ᠎ᠤ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠲᠥᠪ᠎ᠤᠨ ᠪᠡᠶ᠎ᠡ᠎ᠶ᠋ᠢᠨ ᠲᠠᠮᠢᠷ᠎ᠤᠨ ᠲᠠᠯᠠᠪᠠᠶ᠎ᠳᠤ ᠦᠪᠡᠳᠡᠭ᠌ᠰᠢ ᠶᠡᠭᠡ᠎ᠪᠠᠷ ᠶᠠᠪᠤᠭ᠍ᠳᠠᠯ᠎ᠠ᠃ ᠨᠠᠢ᠍ᠮᠠᠳᠤᠭᠠᠷ ᠬᠤᠭᠤᠴᠠᠭᠠᠨ᠎ᠤ ᠪᠥᠬᠦ᠌ ᠤᠯᠤᠰ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠳᠤ ᠣᠷᠣᠯᠴᠠᠭ᠍ᠰᠠᠨ ᠮᠣᠷᠢᠨ ᠮᠡᠷᠭᠡᠵᠢᠯ᠎ᠤᠨ ᠲᠠᠮᠢᠷᠴᠢᠨ ᠯᠢᠦ ᠲᠦᠩ ᠶᠠᠨ ᠮᠠᠨ᠎ᠤ ᠣᠷᠣᠨ᠎ᠤ ᠲᠠᠮᠢᠷᠴᠢᠳ᠎ᠤᠨ ᠪᠦᠯᠬᠦᠮ᠎ᠤᠨ ᠲᠤᠭ᠍ᠴᠢ ᠪᠣᠯᠪᠠ᠃ ᠯᠢᠦ ᠲᠦᠩ ᠶᠠᠨ ᠡᠨᠡ ᠤᠳᠠᠭ᠎ᠠ ᠮᠣᠷᠢᠨ ᠮᠡᠷᠭᠡᠵᠢᠯ᠎ᠤᠨ ᠲᠠᠯᠠᠪᠤᠷ᠎ᠤᠨ ᠰᠠᠭᠠᠳ ᠳᠠᠪᠠᠭ᠍ᠤ ᠤᠷᠤᠯᠳᠤᠭᠠᠨ᠎ᠤ ᠬᠤᠪᠢ ᠬᠥᠮᠦᠨ᠎ᠤ ᠤᠷᠤᠯᠳᠤᠭᠠᠨ ᠪᠠ ᠬᠠᠮᠲᠤ᠎ᠶ᠋ᠢᠨ ᠤᠷᠤᠯᠳᠤᠭᠠᠨ᠎ᠳᠤ ᠣᠷᠣᠯᠴᠠᠨ᠎ᠠ᠃
ᠣᠢᠯᠠᠭᠠᠭ᠍ᠰᠠᠨ᠎ᠢᠶᠠᠷ᠂ ᠲᠣᠰ ᠬᠤᠭᠤᠴᠠᠭᠠᠨ᠎ᠤ ᠪᠥᠬᠦ᠌ ᠤᠯᠤᠰ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠳᠤ ᠨᠡᠢᠲᠡ 54 ᠶᠡᠭᠡ ᠲᠥᠷᠥᠯ᠂ 595 ᠪᠠᠭ᠎ᠠ ᠲᠥᠷᠥᠯ ᠲᠤᠬᠢᠷᠠᠭᠤᠯᠵᠤ᠂ ᠡᠭᠦᠨ᠎ᠳᠤ ᠤᠷᠤᠯᠳᠤᠭᠠᠨ᠎ᠤ ᠲᠥᠷᠥᠯ ᠵᠦᠶ᠋ᠯ᠎ᠳᠤ 35 ᠶᠡᠭᠡ ᠲᠥᠷᠥᠯ᠂ 410 ᠪᠠᠭ᠎ᠠ ᠲᠥᠷᠥᠯ᠂ ᠣᠯᠠᠨ ᠲᠦᠮᠡᠨ᠎ᠤ ᠤᠷᠤᠯᠳᠤᠭᠠᠨ᠎ᠤ ᠲᠥᠷᠥᠯ ᠵᠦᠶ᠋ᠯ᠎ᠳᠤ 19 ᠶᠡᠭᠡ ᠲᠥᠷᠥᠯ᠂ 185 ᠪᠠᠭ᠎ᠠ ᠲᠥᠷᠥᠯ ᠲᠤᠬᠢᠷᠠᠭᠤᠯᠵᠡᠢ᠃ ᠱᠢᠶ᠋ᠳᠪᠦᠷᠢᠲᠦ ᠤᠷᠤᠯᠳᠤᠭᠠᠨ᠎ᠳᠤ ᠨᠡᠢᠲᠡ 37 ᠪᠦᠯᠬᠦᠮ᠎ᠤᠨ 12000 ᠭᠠᠷᠤᠶ ᠲᠠᠮᠢᠷᠴᠢᠨ ᠤᠷᠤᠯᠴᠠᠬᠤ ᠪᠤᠯᠤᠨ᠎ᠠ᠃
ᠮᠠᠨ᠎ᠤ ᠤᠷᠤᠨ᠎ᠤ 198 ᠲᠠᠮᠢᠷᠴᠢᠨ ᠱᠢᠶ᠋ᠳᠪᠦᠷᠢᠲᠦ ᠤᠷᠤᠯᠳᠤᠭᠠᠨ᠎ᠤ ᠬᠢᠷᠢ ᠬᠡᠮ᠎ᠢ ᠣᠯᠵᠤ᠂ 19 ᠶᠡᠭᠡ ᠲᠥᠷᠥᠯ᠂ 109 ᠪᠠᠭ᠎ᠠ ᠲᠥᠷᠥᠯ᠎ᠤᠨ ᠤᠷᠤᠯᠳᠤᠭᠠᠨ᠎ᠳᠤ ᠣᠷᠣᠯᠴᠠᠬᠤ ᠪᠣᠯᠤᠨ᠎ᠠ᠃ ᠡᠨᠡ ᠤᠳᠠᠭ᠎ᠠ ᠤᠷᠤᠯᠴᠠᠬᠤ ᠲᠥᠷᠥᠯ ᠵᠦᠶ᠋ᠯ᠎ᠤᠨ ᠲᠤᠭ᠎ᠠ ᠪᠠ ᠬᠥᠮᠦᠨ᠎ᠤ ᠲᠤᠭ᠎ᠠ᠎ᠶ᠋ᠢᠨ ᠳᠠᠯ᠎ᠠ᠎ᠪᠠᠷ ᠱᠢᠨ᠎ᠡ ᠳᠠᠪᠠᠯᠳᠠ᠎ᠲᠠᠢ ᠪᠦᠬᠡᠳ ᠮᠣᠷᠢᠨ ᠮᠡᠷᠭᠡᠵᠢᠯ᠂ ᠨᠢᠳᠤᠷᠭᠠᠨ ᠲᠡᠮᠡᠴᠡᠭᠡᠨ᠂ ᠠᠯᠬᠤᠭ᠎ᠠ ᠤᠷᠤᠯᠳᠤᠭᠠᠨ᠂ ᠬᠠᠷᠪᠤᠯᠲᠠ᠂ ᠪᠥᠬᠡ ᠪᠠᠷᠢᠯᠳᠤᠬᠤ᠂ ᠮᠠᠷᠠᠽᠤᠨ ᠵᠡᠷᠭᠡ ᠤᠷᠤᠯᠳᠤᠭᠠᠨ᠎ᠳᠤ ᠱᠠᠩᠨᠠᠯ᠎ᠤᠨ ᠮᠧᠳᠠᠯ ᠤᠯᠬᠤ ᠪᠣᠯᠤᠮᠵᠢ᠎ᠲᠠᠢ ᠪᠠᠢᠨ᠎ᠠ᠃
ᠢᠷᠡᠯᠳᠡ᠄ ᠦᠪᠤᠷ ᠮᠤᠩᠭᠤᠯ᠎ᠤᠨ ᠡᠳᠤᠷ᠎ᠤᠨ ᠰᠤᠨᠢᠨ᠎ᠤ ᠵᠢᠷᠬᠢᠶ᠎ᠡ᠎ᠶ᠋ᠢᠨ ᠲᠠᠪᠴᠠᠩ