ᠯᠢ ᠭᠦᠸᠧ ᠬᠤᠸᠠ ᠫᠢᠩᠫᠠᠩ ᠪᠥᠮᠪᠦᠭᠡ᠎ᠶ᠋ᠢᠨ ᠤᠷᠤᠯᠳᠤᠭᠠᠨ᠎ᠳᠤ ᠮᠦᠡᠭ᠌ᠭᠦᠨ ᠮᠧᠳᠠᠯ ᠭᠠᠷᠳᠠᠯ᠎ᠠ
2021-09-21 11:20:46
ᠵᠣᠬᠢᠶᠠᠭ᠍ᠴᠢ᠄
ᠨᠠᠷᠠᠨᠳᠤᠩᠭᠠᠯᠠᠭ
ᠣᠩᠱᠢᠭ᠍ᠰᠠᠨ ᠣᠳᠠᠭ᠎ᠠ᠄
★★★☆☆

ᠲᠤᠰ ᠰᠤᠨᠢᠨ᠎ᠤ ᠰᠢ ᠠᠨ᠎ᠤ ᠮᠡᠳᠡᠭᠡ  9 ᠰᠠᠷ᠎ᠠ᠎ᠶ᠋ᠢᠨ 18 ᠎ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠫᠢᠩᠫᠠᠩ ᠪᠥᠮᠪᠦᠭᠡ᠎ᠶ᠋ᠢᠨ ᠣᠯᠠᠨ ᠲᠦᠮᠡᠨᠴᠢ ᠳᠤᠭᠤᠢᠯᠠᠩ᠎ᠤᠨ ᠲᠠᠩ᠎ᠢᠶᠠᠷ ᠴᠣᠬᠢᠬᠤ ᠱᠢᠶ᠋ᠳᠪᠦᠷᠢᠲᠦ ᠤᠷᠤᠯᠳᠤᠭᠠᠨ ᠱᠠᠨᠰᠢ ᠮᠤᠵᠢ᠎ᠶ᠋ᠢᠨ ᠪᠦᠦ ᠵᠢᠶ ᠬᠤᠲᠠ᠎ᠶ᠋ᠢᠨ ᠪᠡᠶ᠎ᠡ᠎ᠶ᠋ᠢᠨ ᠲᠠᠮᠢᠷ᠎ᠤᠨ ᠣᠷᠳᠣᠨ᠎ᠳᠤ ᠶᠠᠪᠤᠭ᠍ᠳᠠᠵᠤ᠂ ᠥᠪᠥᠷ ᠮᠣᠩᠭᠤᠯ᠎ᠤᠨ ᠲᠠᠮᠢᠷᠴᠢᠨ ᠯᠢ ᠭᠦᠸᠧ ᠬᠤᠸᠠ ᠡᠮᠡᠭ᠌ᠲᠡᠶ᠎ᠶ᠋ᠢᠨ 70 ᠨᠠᠰᠤᠨ᠎ᠠᠴᠠ ᠳᠡᠭᠡᠭ᠌ᠰᠢᠬᠢ ᠳᠤᠭᠤᠢᠯᠠᠩ᠎ᠳᠤ ᠲᠡᠳ᠋ᠯᠡᠵᠦ᠍᠂ ᠮᠦᠡᠭ᠌ᠭᠦᠨ ᠮᠧᠳᠠᠯ ᠭᠠᠷᠳᠠᠯ᠎ᠠ᠃

ᠡᠨᠡ ᠵᠢᠯ 72 ᠨᠠᠰᠤᠲᠠᠶ ᠯᠢ ᠭᠦᠸᠧ ᠬᠤᠸᠠ ᠪᠤᠭᠤᠲᠤ ᠬᠤᠲᠠ᠎ᠪᠠᠷ ᠨᠤᠲᠤᠭ᠍ᠲᠠᠢ᠃ ᠲᠡᠷᠡ᠎ᠪᠠᠷ ᠪᠤᠭᠤᠲᠤ ᠬᠤᠲᠠ᠎ᠶ᠋ᠢ ᠲᠥᠯᠥᠭᠡᠯᠡᠨ ᠣᠯᠠᠨ ᠲᠦᠮᠡᠨᠴᠢ ᠤᠷᠤᠯᠳᠤᠭᠠᠨ᠎ᠤ ᠵᠦᠢᠯ ᠪᠠ ᠳᠤᠮᠳᠠᠳᠤ ᠤᠯᠤᠰ᠎ᠤᠨ ᠫᠢᠩᠫᠠᠩ ᠪᠥᠮᠪᠦᠭᠡ᠎ᠶ᠋ᠢᠨ ᠨᠡᠢᠭᠡᠮᠯᠢᠭ᠎ᠠᠴᠠ ᠡᠷᠬᠢᠯᠡᠭ᠌ᠰᠡᠨ ᠬᠤᠯᠪᠣᠭᠠᠲᠤ ᠤᠷᠤᠯᠳᠤᠭᠠᠨ᠎ᠳᠤ ᠣᠯᠠᠨ ᠤᠳᠠᠭ᠎ᠠ ᠣᠷᠣᠯᠴᠠᠵᠤ᠂ ᠨᠡᠯᠢᠶᠡᠳ ᠪᠠᠶᠠᠯᠢᠭ ᠤᠷᠤᠯᠳᠤᠭᠠᠨ᠎ᠤ ᠲᠤᠷᠱᠢᠯᠭ᠎ᠠ᠎ᠶ᠋ᠢ ᠬᠤᠷᠠᠮᠳᠤᠭᠤᠯᠵᠠᠶ᠃ ᠤᠷᠤᠯᠳᠤᠭᠠᠨ᠎ᠤ ᠳᠠᠷᠠᠭ᠎ᠠ᠂ ᠯᠢ ᠭᠦᠸᠧ ᠬᠤᠸᠠ ᠰᠤᠷᠪᠤᠯᠵᠢᠯᠠᠭ᠎ᠠ ᠬᠦᠯᠢᠶᠡᠬᠦ᠌᠎ᠳᠡᠭᠡᠨ᠄ 《ᠪᠢ ᠲᠤᠩ ᠰᠡᠳᠭᠢᠯ ᠲᠦᠭᠦᠷᠡᠩ ᠪᠠ ᠵᠢᠨ᠎ᠠ᠂ ᠬᠡᠳᠦ᠋ᠢᠪᠡᠷ ᠮᠥᠩᠭᠦᠨ ᠮᠧᠳᠠᠯ ᠪᠣᠯᠪᠠᠴᠤ᠌ ᠨᠠᠳᠠ᠎ᠳᠤ ᠠᠪᠴᠤ᠌ ᠬᠡᠯᠡᠪᠡᠯ ᠮᠠᠰᠢ ᠡᠷᠬᠢᠮ ᠨᠠᠨᠳᠢᠨ ᠱᠢᠦ᠃ ᠫᠢᠩᠫᠠᠩ ᠪᠥᠮᠪᠦᠭᠡ ᠪᠣᠯ ᠳᠤᠮᠳᠠᠳᠤ ᠤᠯᠤᠰ᠎ᠤᠨ ᠤᠯᠤᠰ᠎ᠤᠨ ᠪᠥᠮᠪᠦᠭᠡ ᠮᠥᠨ᠂ ᠳᠡᠯᠭᠡᠷᠡᠭᠦᠯᠦᠨ ᠲᠦᠭᠡᠮᠡᠯᠵᠢᠭᠦᠯᠬᠦ᠌ ᠠᠵᠢᠯ᠎ᠢᠶᠠᠨ ᠡᠷᠬᠡᠪᠰᠢ ᠰᠠᠢᠲᠤᠷ ᠬᠢᠵᠦ᠍᠂ ᠫᠢᠩᠫᠠᠩ ᠪᠥᠮᠪᠦᠭᠡ᠎ᠶ᠋ᠢᠨ ᠬᠥᠳᠡᠯᠭᠡᠭᠡᠨ᠎ᠢ ᠨᠠᠩ ᠢᠳᠡᠪᠬᠢᠲᠡᠶ ᠥᠷᠨᠢᠭᠦᠯᠬᠦ᠌ ᠭᠡᠷᠡᠭ᠌ᠲᠠᠢ᠂ ᠬᠤᠢᠱᠢᠳᠠ ᠪᠢ ᠦᠷᠭᠦᠯᠵᠢᠯᠡᠨ ᠴᠢᠷᠮᠠᠢᠵᠤ᠂ ᠳᠡᠷᠭᠡᠳᠡᠬᠢ ᠤᠯᠠᠨ ᠲᠦᠮᠡᠨ ᠢᠯᠠᠩᠭᠤᠶ᠎ᠠ ᠨᠠᠰᠤᠲᠠᠢᠴᠤᠳ᠎ᠢ ᠲᠠ ᠵᠢᠴᠢᠯᠠᠨ ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠠᠵᠢᠯᠯᠠᠭ᠎ᠠ᠎ᠳᠤ ᠣᠷᠣᠯᠴᠠᠭᠤᠯᠤᠨ᠎ᠠ》 ᠭᠡᠵᠦ᠍ ᠪᠠᠶᠠᠷᠳᠠ ᠵᠢᠬᠠᠨ ᠶᠠᠷᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号