ᠡᠷᠡᠭ᠌ᠲᠡᠶ᠎ᠶ᠋ᠢᠨ 20 ᠺᠢᠯᠣᠮᠧᠲᠷ᠎ᠤᠨ ᠠᠯᠬᠤᠭ᠎ᠠ ᠤᠷᠤᠯᠳᠤᠭᠠᠨ᠎ᠤ ᠱᠢᠢᠳᠪᠦᠷᠢᠲᠦ ᠤᠷᠤᠯᠳᠤᠭᠠᠨ ᠶᠠᠪᠤᠬ᠍ᠳᠠᠪᠠ
2021-09-21 11:21:00
ᠵᠣᠬᠢᠶᠠᠭ᠍ᠴᠢ᠄
ᠨᠠᠷᠠᠨᠳᠤᠩᠭᠠᠯᠠᠭ
ᠣᠩᠱᠢᠭ᠍ᠰᠠᠨ ᠣᠳᠠᠭ᠎ᠠ᠄
★★★☆☆

9 ᠰᠠᠷ᠎ᠠ᠎ᠶ᠋ᠢᠨ 20 ᠎ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠡᠷᠡᠭ᠌ᠲᠡᠶ᠎ᠶ᠋ᠢᠨ 20 ᠺᠢᠯᠣᠮᠧᠲᠷ᠎ᠤᠨ ᠠᠯᠬᠤᠭ᠎ᠠ ᠤᠷᠤᠯᠳᠤᠭᠠᠨ᠎ᠤ ᠱᠢᠢᠳᠪᠦᠷᠢᠲᠦ ᠤᠷᠤᠯᠳᠤᠭᠠᠨ ᠶᠠᠪᠤᠬ᠍ᠳᠠᠪᠠ᠃

ᠥᠪᠥᠷ ᠮᠣᠩᠭᠤᠯ᠎ᠤᠨ ᠭᠤᠤ ᠸᠧᠨ ᠺᠦᠶ᠂ ᠪᠠᠢᠭᠠᠯᠢ᠂ ᠯᠢ ᠶᠤᠸᠠᠨ ᠵᠡᠷᠭᠡ 3 ᠲᠠᠮᠢᠷᠴᠢᠨ ᠣᠷᠣᠯᠴᠠᠵᠠᠶ᠃ 《ᠪᠢ ᠠᠩᠬ᠎ᠠ ᠤᠳᠠᠭ᠎ᠠ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠳᠤ ᠤᠷᠤᠯᠴᠠᠵᠦ᠍ ᠪᠠᠢᠭ᠎ᠠ ᠪᠤᠯᠬᠤᠷ ᠵᠢᠭᠠᠬᠠᠨ ᠪᠠᠴᠢᠮᠳᠠᠵᠦ᠍ ᠰᠠᠨᠳᠤᠷᠤᠬ᠍ᠰᠠᠨ ᠪᠠᠢᠨ᠎ᠠ᠂ ᠬᠡᠳᠦ᠋ᠢᠪᠡᠷ ᠬᠠᠮᠤᠭ᠎ᠤᠨ ᠡᠴᠦᠰ᠎ᠲᠤ 1 ᠴᠠᠭ 33 ᠮᠢᠨᠦ᠋ᠲ 08 ᠰᠧᠺᠦ᠋ᠨ᠋ᠳ᠋᠎ᠤᠨ ᠬᠢᠷᠢ ᠪᠦᠲᠦᠮᠵᠢ᠎ᠪᠠᠷ 20 ᠳ᠋ᠤᠭᠠᠷ ᠨᠡᠷᠡᠰ᠎ᠲᠤ ᠵᠢᠭ᠍ᠰᠠᠭᠠᠭ᠍ᠳᠠᠭ᠍ᠰᠠᠨ ᠪᠤᠯᠪᠠᠴᠦ᠍᠂ ᠬᠤᠢᠱᠢᠳᠠ ᠱᠢᠰᠲ᠋ᠧᠮ᠎ᠲᠠᠢ ᠱᠢᠨᠵᠢᠯᠡᠬᠦ᠌ ᠤᠬᠠᠭᠠᠨᠴᠢ᠎ᠪᠠᠷ ᠪᠣᠯᠪᠠᠰᠤᠷᠠᠪᠡᠯ᠂ ᠥᠪᠡᠷ᠎ᠤᠨ ᠬᠢᠷᠢ ᠲᠦᠪᠱᠢᠨ᠎ᠢᠶᠠᠨ ᠳᠡᠭᠡᠭ᠌ᠰᠢᠯᠡᠭᠦᠯᠵᠦ᠍ ᠴᠢᠳᠠᠨ᠎ᠠ ᠭᠡᠳᠡᠭ᠎ᠲᠤ ᠢᠳᠡᠭᠡᠯ᠎ᠲᠠᠢ ᠪᠠᠢᠨ᠎ᠠ》 ᠭᠡᠵᠦ᠍ 1999 ᠣᠨ᠎ᠳᠤ ᠲᠦᠷᠦᠭ᠌ᠰᠡᠨ ᠯᠢ ᠶᠤᠸᠠᠨ ᠶᠠᠷᠢᠨ᠎ᠠ᠃

ᠤᠤᠯ᠎ᠤᠨ ᠥᠪᠥᠷ ᠮᠣᠩᠭᠤᠯ᠎ᠤᠨ ᠠᠯᠬᠤᠭ᠎ᠠ ᠤᠷᠤᠯᠳᠤᠭᠠᠨ᠎ᠤ ᠠᠩᠭᠢ᠎ᠶ᠋ᠢᠨ ᠮᠠᠩᠯᠠᠢ ᠰᠤᠷᠭᠠᠭ᠍ᠴᠢ ᠪᠤᠯᠬᠤ ᠶᠠᠩ ᠸᠧᠨ ᠺᠧ ᠲᠤᠰᠭᠠᠢᠯᠠᠨ ᠪᠡᠭᠡᠵᠢᠩ᠎ᠠᠴᠠ ᠰᠢ ᠠᠨ᠎ᠳᠤ ᠬᠦᠷᠴᠦ᠍᠂ ᠲᠤᠬᠠᠶ᠎ᠶ᠋ᠢᠨ ᠲᠠᠯᠠᠪᠠᠢ᠎ᠳᠤ ᠥᠪᠥᠷ ᠮᠣᠩᠭᠤᠯ᠎ᠤᠨ ᠠᠯᠬᠤᠭ᠎ᠠ ᠤᠷᠤᠯᠳᠤᠭᠠᠨ᠎ᠤ ᠲᠠᠮᠢᠷᠴᠢᠳ᠎ᠤᠨ ᠤᠷᠤᠯᠳᠤᠭᠠᠨ᠎ᠢ ᠠᠩᠬᠠᠷᠤᠨ ᠦᠵᠡᠪᠡ᠃ 《ᠥᠨᠥᠳᠦᠷ᠎ᠤᠨ ᠤᠷᠤᠯᠳᠤᠭᠠᠨ᠎ᠳᠤ ᠮᠠᠨ᠎ᠤ ᠳᠠᠮᠢᠷᠴᠢᠳ ᠬᠠᠮᠤᠭ᠎ᠤᠨ ᠰᠠᠢᠨ ᠬᠢᠷᠢ ᠲᠦᠪᠱᠢᠨ᠎ᠢᠶᠠᠨ ᠢᠯᠡᠷᠡᠭᠦᠯᠵᠦ᠍ ᠴᠢᠳᠠᠭ᠍ᠰᠠᠨ ᠦᠭᠡᠢ᠃ ᠭᠡᠪᠡᠴᠦ᠍ ᠣᠳᠣᠬᠠᠨ᠎ᠳᠤ ᠲᠡᠳᠡᠨ᠎ᠤ ᠤᠯᠤᠰ᠎ᠤᠨ ᠳᠣᠲᠣᠭᠠᠳᠤ᠎ᠶ᠋ᠢᠨ ᠱᠢᠯᠢᠳᠡᠭ ᠠᠯᠬᠤᠭ᠎ᠠ ᠤᠷᠤᠯᠳᠤᠭᠠᠨ᠎ᠤ ᠲᠠᠮᠢᠷᠴᠢᠨ᠎ᠯᠤᠭ᠎ᠠ᠎ᠶ᠋ᠢᠨ ᠵᠥᠷᠢᠶ᠎ᠡ᠎ᠶ᠋ᠢ ᠣᠯᠵᠤ ᠬᠠᠷᠠᠨ᠎ᠠ᠃ ᠤᠷᠤᠯᠳᠤᠭᠠᠨ ᠳᠠᠭᠤᠰᠤᠭ᠍ᠰᠠᠨ᠎ᠤ ᠳᠠᠷᠠᠭ᠎ᠠ᠂ ᠲᠡᠳᠡᠨ᠎ᠳᠤ ᠬᠤᠵᠢᠮ᠎ᠤᠨ ᠪᠣᠯᠪᠠᠰᠤᠷᠠᠯ᠎ᠳᠤ ᠵᠣᠬᠢᠬᠤ ᠰᠠᠨᠠᠭᠤᠯᠭ᠎ᠠ ᠳᠤᠷᠠᠳᠤᠨ᠎ᠠ》 ᠭᠡᠵᠦ᠍ ᠶᠠᠩ ᠸᠧᠨ ᠺᠧ ᠶᠠᠷᠢᠵᠦ᠍ ᠪᠠᠢᠯ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号